内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠵᠠᠰᠠᠮᠠᠯ ᠵᠠᠮ ᠤᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠭᠡᠮ ᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠵᠠᠷᠯᠠᠯ
        ᠨᠡᠶᠢᠲᠡᠯᠡᠭᠰᠡᠨ ᠴᠠᠭ᠄
        2022/12/27
             ︽ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠣᠶᠢᠷ᠎ᠠ ᠶᠢᠨ ᠬᠤᠭᠤᠴᠠᠭᠠᠨ ᠳᠤ ᠮᠠᠨ ᠤ ᠲᠢᠩᠬᠢᠮ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠵᠠᠰᠠᠮᠠᠯ ᠵᠠᠮ ᠤᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠭᠤᠶᠤᠴᠢᠯᠠᠬᠤ ᠪᠠᠷ ᠮᠡᠳᠡᠭᠦᠯᠦᠭᠰᠡᠨ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠵᠦ᠂ ᠡᠳᠦᠭᠡ ᠠᠵᠤ ᠠᠬᠤᠶᠢᠯᠠᠯ ᠤᠨ ᠮᠡᠳᠡᠭᠦᠯᠦᠭᠰᠡᠨ ᠮᠡᠳᠡᠭᠡ ᠵᠠᠩᠭᠢ ᠪᠠ ᠲᠤᠰᠬᠠᠢ ᠮᠡᠷᠭᠡᠵᠢᠯᠲᠡᠳ ᠤᠨ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠠᠵᠤ ᠠᠬᠤᠶᠢᠯᠠᠯ ᠤᠨ ᠮᠡᠳᠡᠭᠦᠯᠦᠭᠰᠡᠨ ᠮᠡᠳᠡᠭᠡ ᠵᠠᠩᠭᠢ ᠶᠢ ᠪᠥᠬᠦ ᠤᠯᠤᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ︽ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠮᠡᠳᠡᠭᠦᠯᠦᠯᠲᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ︾ ᠬᠡᠰᠡᠭ ᠠᠴᠠ https://glxy.mot.gov.cn/publicity/index.do︶ ᠪᠠᠶᠢᠴᠠᠭᠠᠨ ᠦᠵᠡᠵᠦ ᠪᠣᠯᠣᠨ᠎ᠠ᠃ ᠵᠠᠷᠯᠠᠨ ᠨᠡᠶᠢᠲᠡᠯᠡᠬᠦ ᠴᠠᠭ ᠨᠢ 2022 ᠣᠨ ᠤ 12 ᠳ᠋ᠤᠭᠠᠷ ᠰᠠᠷ᠎ᠠ ᠶᠢᠨ 27 ᠤ ᠡᠳᠦᠷ ᠠᠴᠠ 2023 ᠣᠨ ᠤ 1 ᠳ᠋ᠦ᠋ᠭᠡᠷ ᠰᠠᠷ᠎ᠠ ᠶᠢᠨ 3 ᠤ ᠡᠳᠦᠷ ᠪᠣᠯᠲᠠᠯ᠎ᠠ ᠪᠣᠯᠣᠨ᠎ᠠ᠃      ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠥᠨ ᠴᠥᠮ ᠪᠢᠴᠢᠭ ᠤᠨ ᠬᠡᠯᠪᠡᠷᠢ ᠪᠠᠷ ᠠᠵᠤ ᠠᠬᠤᠶᠢᠯᠠᠯ ᠤᠨ ᠮᠡᠳᠡᠭᠦᠯᠦᠭᠰᠡᠨ ᠮᠡᠳᠡᠭᠡ ᠵᠠᠩᠭᠢ ᠳᠠᠬᠢ ᠬᠤᠳᠠᠯ ᠬᠠᠭᠤᠷᠮᠠᠭ ᠠᠭᠤᠯᠭ᠎ᠠ ᠶᠢ ᠮᠠᠨ ᠤ ᠲᠢᠩᠬᠢᠮ ᠳᠤ ᠢᠯᠡᠴᠢᠯᠡᠨ ᠮᠡᠳᠡᠭᠦᠯᠵᠦ ᠪᠣᠯᠣᠨ᠎ᠠ᠂ ᠬᠤᠭᠤᠴᠠᠭ᠎ᠠ ᠥᠩᠭᠡᠷᠡᠪᠡᠯ ᠭᠥᠯᠢᠶᠡᠨ ᠠᠪᠴᠤ ᠰᠢᠢᠳᠪᠦᠷᠢᠯᠡᠬᠦ ᠦᠭᠡᠢ ︵ᠰᠢᠤᠳᠠᠨ ᠢᠶᠠᠷ ᠶᠠᠪᠤᠭᠤᠯᠬᠤ ᠮᠠᠲ᠋ᠧᠷᠢᠶᠠᠯ ᠢ ᠰᠢᠤᠳᠠᠨ ᠤ ᠲᠠᠮᠠᠭ᠎ᠠ ᠳᠠᠷᠤᠭᠰᠠᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶᠃ ᠬᠠᠷᠭᠤᠭᠤᠯᠤᠨ ᠪᠠᠶᠢᠴᠠᠭᠠᠬᠤ ᠳᠤ ᠲᠥᠬᠦᠮ ᠪᠣᠯᠭᠠᠬᠤ ᠶᠢᠨ ᠲᠤᠰᠠᠳᠠ᠂ ᠢᠯᠡᠴᠢᠯᠡᠨ ᠮᠡᠳᠡᠭᠦᠯᠦᠭᠰᠡᠨ ᠮᠠᠲ᠋ᠧᠷᠢᠶᠠᠯ ᠤᠨ ᠠᠭᠤᠯᠭ᠎ᠠ ᠨᠢ ᠪᠣᠳᠠᠲᠠᠢ ᠪᠠᠶᠢᠵᠤ᠂ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠳ᠋ᠤᠭᠠᠷ ᠢ ᠲᠣᠳᠣᠷᠬᠠᠶᠢᠯᠠᠨ ᠲᠡᠮᠳᠡᠭᠯᠡᠵᠦ᠂ ᠨᠢᠭᠡᠴᠢ ᠢᠯᠡᠴᠢᠯᠡᠨ ᠮᠡᠳᠡᠭᠦᠯᠬᠦ ᠳᠤ ᠪᠠᠨ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠢᠯᠡᠴᠢᠯᠡᠨ ᠮᠡᠳᠡᠭᠦᠯᠬᠦ ᠳᠤ ᠪᠠᠨ ᠦᠨᠡᠨ ᠪᠣᠳᠠᠲᠠᠢ ᠣᠪᠣᠭ ᠨᠡᠷ᠎ᠡ ᠪᠠᠨ ᠪᠢᠴᠢᠬᠦ ᠬᠡᠷᠡᠭᠲᠡᠢ᠃ ᠪᠠᠶᠢᠴᠠᠭᠠᠨ ᠲᠣᠳᠣᠯᠠᠭᠰᠠᠨ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠠᠵᠤ ᠠᠬᠤᠶᠢᠯᠠᠯ ᠢ ᠮᠠᠨ ᠤ ᠲᠢᠩᠬᠢᠮ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃      ᠮᠡᠳᠡᠭᠦᠯᠦᠭᠰᠡᠨ ᠠᠵᠤ ᠠᠬᠤᠶᠢᠯᠠᠯ ᠬᠡᠷᠪᠡ ᠲᠤᠰᠬᠠᠢ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ ᠳᠤ ᠣᠨᠳᠣᠣ ᠰᠠᠨᠠᠯ ᠲᠠᠢ ᠪᠠᠶᠢᠪᠠᠯ᠂ 2023 ᠣᠨ ᠤ 1 ᠳ᠋ᠦ᠋ᠭᠡᠷ ᠰᠠᠷ᠎ᠠ ᠶᠢᠨ 3 ᠤ ᠡᠳᠦᠷ ᠠᠴᠠ ᠡᠮᠦᠨ᠎ᠡ᠂ ᠪᠥᠬᠦ ᠤᠯᠤᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠵᠤ᠂ ︽ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠵᠥᠪᠰᠢᠶᠡᠷᠡᠯ︾ ᠤᠨ ᠰᠦᠯᠵᠢᠶᠡᠨ ᠳᠡᠭᠡᠷ᠎ᠡ ᠭᠦᠢᠴᠡᠳᠬᠡᠬᠦ ᠬᠡᠰᠡᠭ ᠢᠶᠠᠷ ᠳᠠᠮᠵᠢᠭᠤᠯᠤᠨ ᠲᠣᠭᠠᠴᠢᠯᠲᠠ ᠶᠢᠨ ᠭᠤᠶᠤᠴᠢᠯᠠᠯ ᠢᠶᠠᠨ ᠲᠤᠰᠢᠶᠠᠵᠤ᠂ ᠬᠤᠭᠤᠴᠠᠭ᠎ᠠ ᠥᠩᠭᠡᠷᠡᠪᠡᠯ ᠭᠥᠯᠢᠶᠡᠨ ᠠᠪᠴᠤ ᠰᠢᠢᠳᠪᠦᠷᠢᠯᠡᠬᠦ ᠦᠭᠡᠢ᠃      ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠨᠣᠮᠧᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ︔  ᠰᠢᠤᠳᠠᠨ ᠳ᠋ᠤᠭᠠᠷ᠄ 010020︔ ᠬᠠᠷᠢᠯᠴᠠᠬᠤ ᠤᠲᠠᠰᠤ᠄ 0471-6969040︔ ᠢᠮᠧᠯ᠄ nmgjtjsc@126.com      ᠳᠠᠭᠠᠯᠳᠤᠭᠤᠯᠤᠯ᠄ ᠵᠠᠰᠠᠮᠠᠯ ᠵᠠᠮ ᠤᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠲᠤᠰᠬᠠᠢ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ                    ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                    2022 ᠣᠨ ᠤ 12 ᠳ᠋ᠤᠭᠠᠷ ᠰᠠᠷ᠎ᠠ ᠶᠢᠨ 27 ᠤ ᠡᠳᠦᠷ
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号