内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        2021 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠦᠯᠦᠯᠲᠡ
        ᠨᠡᠶᠢᠲᠡᠯᠡᠭᠰᠡᠨ ᠴᠠᠭ᠄
        2022/4/28
             2021 ᠣᠨ ᠳᠤ᠂ ᠮᠠᠨ ᠤ ᠲᠢᠩᠬᠢᠮ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠤᠨ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠤᠨ ᠠᠩᠬᠠᠳᠤᠭᠠᠷ᠂ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021-2025 ᠣᠨ︶︾ ᠪᠣᠯᠤᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃ ᠡᠳᠦᠭᠡ ᠮᠠᠨ ᠤ ᠲᠢᠩᠬᠢᠮ ᠤᠨ 2021 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠳᠤᠤᠷᠠᠬᠢ ᠮᠡᠲᠦ ᠮᠡᠳᠡᠭᠦᠯᠦᠶ᠎ᠡ᠄      ᠨᠢᠭᠡ᠂ ᠬᠠᠤᠯᠢ ᠪᠠᠷ ᠵᠠᠰᠠᠬᠤ ᠪᠠᠶᠢᠭᠤᠯᠤᠯᠲᠠ ᠳᠠᠬᠢ ᠨᠠᠮ ᠤᠨ ᠭᠤᠣᠯᠯᠠᠬᠤ ᠤᠳᠤᠷᠢᠳᠬᠤ ᠦᠢᠯᠡᠳᠦᠯ ᠢ ᠴᠢᠩᠭᠠᠳᠬᠠᠪᠠ        ︵ᠨᠢᠭᠡ︶ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠲᠥᠪ ᠬᠤᠷᠢᠶᠠᠨ ᠤ ᠬᠠᠤᠯᠢ ᠶᠣᠰᠣᠭᠠᠷ ᠤᠯᠤᠰ ᠢᠶᠠᠨ ᠵᠠᠰᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠪᠠ᠃ ᠮᠠᠨ ᠤ ᠲᠢᠩᠬᠢᠮ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢ ᠴᠠᠭ ᠲᠤᠬᠠᠶ ᠳᠤ ᠨᠢ ᠲᠣᠬᠢᠷᠠᠭᠤᠯᠵᠤ᠂ ᠣᠨᠣᠯ ᠰᠤᠷᠤᠯᠴᠠᠬᠤ ᠭᠤᠤᠯ ᠳᠤᠭᠤᠶᠢᠯᠠᠩ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠲᠤᠰᠬᠠᠶ ᠰᠡᠳᠦᠪᠲᠦ ᠰᠤᠷᠤᠯᠴᠠᠯᠭ᠎ᠠ ᠬᠢᠪᠠ᠃ ᠤᠷᠢᠳ ᠬᠤᠵᠢᠳ ᠲᠢᠩᠬᠢᠮ ᠤᠨ ᠰᠢᠭᠤᠳ ᠬᠠᠷᠢᠶ᠎ᠠ ᠰᠢᠰᠲ᠋ᠧᠮ ᠤᠨ ᠭᠠᠵᠠᠷ ᠤᠨ ᠲᠠᠰ ᠤᠨ ᠺᠠᠳ᠋ᠷ ᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠪᠣᠯᠪᠠᠰᠤᠷᠠᠯ ᠤᠨ ᠠᠩᠭᠢ ᠪᠠ ᠪᠥᠬᠦ ᠰᠢᠰᠲ᠋ᠧᠮ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠸᠢᠳᠢᠣ᠋ ᠪᠣᠯᠪᠠᠰᠤᠷᠠᠯ ᠤᠨ ᠠᠩᠭᠢ ᠡᠷᠭᠢᠯᠡᠪᠡ᠃ ︽ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ 2021 ᠣᠨ ᠤ ᠬᠠᠤᠯᠢ ᠪᠠᠷ ᠵᠠᠰᠠᠬᠤ ᠠᠵᠢᠯ ᠤᠨ ᠭᠤᠤᠯᠳᠠᠯᠭ᠎ᠠ︾᠂ ︽ᠲᠢᠩᠬᠢᠮ ᠤᠨ 2021 ᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ︾᠂ ︽2021 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠭᠤᠤᠯᠳᠠᠯᠭ᠎ᠠ︾᠂ ︽ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭᠠᠨ ᠤ ᠲᠥᠰᠦᠯ︾ ᠵᠢᠴᠢ ᠬᠠᠮᠢᠶ᠎ᠠ ᠪᠥᠬᠦᠶ ᠡᠬᠡ ᠲᠠᠩᠰᠠ ᠶᠢ ᠲᠣᠭᠲᠠᠭᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠰᠠᠷ᠎ᠠ ᠪᠠᠷ ᠲᠣᠬᠢᠷᠠᠭᠤᠯᠵᠤ᠂ ᠰᠠᠷ᠎ᠠ ᠪᠠᠷ ᠵᠠᠷᠯᠠᠨ  ᠮᠡᠳᠡᠭᠳᠡᠪᠡ᠃      ︵ᠬᠤᠶᠠᠷ︶ ︽ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠤᠬᠠᠢ ᠲᠣᠭᠲᠠᠭᠠᠯ︾ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ᠃ ᠲᠢᠩᠬᠢᠮ ᠤᠨ ᠭᠤᠣᠯ ᠬᠠᠷᠢᠭᠤᠴᠠᠯᠭᠠᠲᠠᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠢ ᠴᠥᠮ ᠬᠢᠨᠠᠮᠠᠭᠠᠢ ᠰᠤᠳᠤᠯᠤᠨ ᠪᠣᠳᠠᠲᠠᠢ ᠱᠠᠭᠠᠷᠳᠠᠯᠭ᠎ᠠ ᠳᠤᠷᠠᠳᠬᠤ ᠶᠢᠨ ᠬᠠᠮᠲᠤ ᠪᠡᠶ᠎ᠡ ᠪᠠᠷ ᠢᠶᠠᠨ ᠰᠢᠪᠠᠳᠠᠨ ᠰᠢᠢᠳᠪᠦᠷᠢᠯᠡᠭᠦᠯᠪᠡ᠃ ᠲᠢᠩᠬᠢᠮ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠪᠠᠶᠢᠭᠤᠯᠤᠯᠲᠠ ᠶᠢ ᠲᠥᠯᠬᠢᠨ ᠠᠬᠢᠭᠤᠯᠬᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠳᠤᠭᠤᠶᠢᠯᠠᠩ ᠳᠤ ᠴᠠᠭ ᠲᠤᠬᠠᠢ ᠳᠤ ᠨᠢ ᠲᠣᠬᠢᠷᠠᠭᠤᠯᠣᠯᠳᠠ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ 2 ᠤᠳᠠᠭ᠎ᠠ᠂ ᠤᠳᠤᠷᠢᠳᠬᠤ ᠳᠤᠭᠤᠶᠢᠯᠠᠩ ᠤᠨ ᠬᠤᠷᠠᠯ ᠢ 2 ᠤᠳᠠᠭ᠎ᠠ ᠬᠤᠷᠠᠯᠳᠤᠭᠤᠯᠵᠤ᠂ ᠬᠠᠤᠯᠢ ᠪᠠᠷ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠴᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠰᠠᠭᠤᠳᠠᠯ ᠢ ᠰᠤᠳᠤᠯᠪᠠ᠃ ︽ᠲᠢᠩᠬᠢᠮ ᠤᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ  ᠭᠦᠢᠴᠡᠳᠭᠡᠬᠦ ᠲᠣᠭᠲᠠᠭᠠᠯ ᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︽ᠲᠢᠩᠬᠢᠮ ᠤᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠲᠤᠬᠠᠶ ᠵᠢᠯᠣᠭᠤᠳᠤᠮᠵᠢ ᠶᠢᠨ ᠨᠠᠷᠢᠨ ᠬᠠᠭᠤᠳᠠᠰᠤ︾ ︽ᠲᠢᠩᠬᠢᠮ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠲᠦᠷᠢᠮ︾ ᠵᠡᠷᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠲᠤᠰᠢᠶᠠᠯ ᠤᠨ ᠮᠡᠳᠡᠭᠦᠯᠦᠯᠲᠡ ᠶᠢᠨ ᠴᠢᠬᠤᠯᠠ ᠠᠭᠤᠯᠭ᠎ᠠ ᠪᠣᠯᠭᠠᠪᠠ᠃      ᠬᠤᠶᠠᠷ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠦᠷᠭᠡᠳᠬᠡᠨ ᠪᠠᠶᠢᠭᠤᠯᠪᠠ      ︵ᠨᠢᠭᠡ︶ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠶᠡᠭᠡ ᠪᠠᠷ ᠰᠢᠯᠢᠳᠡᠭᠵᠢᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠳᠥᠷᠪᠡᠨ ᠭᠦᠢᠴᠡᠳᠭᠡᠬᠦ︾ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ︽ᠳᠥᠷᠪᠡᠨ ᠬᠠᠰᠤᠯᠲᠠ︾ ᠶᠢ ᠭᠦᠨᠵᠡᠭᠡᠶ ᠠᠬᠢᠭᠤᠯᠵᠤ᠂ ᠨᠢᠭᠡ ᠪᠦᠯᠦᠭ ᠵᠠᠰᠠᠭ ᠵᠠᠬᠢᠷᠭᠠᠨ ᠤ ᠡᠷᠬᠡ ᠶᠢ ᠬᠦᠴᠦᠨ ᠥᠬᠡᠶ ᠪᠣᠯᠭᠠᠭᠰᠠᠨ ᠪᠠ ᠳᠣᠷᠣᠭᠰᠢ ᠪᠠᠭᠤᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠶ ᠪᠥᠬᠦᠶ ᠵᠦᠢᠯᠡᠰ ᠢ ᠴᠥᠮ ᠶᠡᠭᠡ ᠲᠢᠩᠬᠢᠮ ᠳᠤ ᠣᠷᠣᠭᠤᠯᠤᠨ ᠭᠦᠢᠴᠡᠳᠭᠡᠵᠦ᠂ ᠭᠦᠢᠴᠡᠳᠭᠡᠬᠦ ᠴᠠᠭ ᠤᠨ ᠬᠢᠵᠠᠭᠠᠷ ᠢ ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠤᠨ ᠰᠠᠭᠤᠷᠢᠨ ᠳᠡᠭᠡᠷ᠎ᠡ 20% ᠠᠴᠠ ᠳᠡᠭᠡᠭᠰᠢ ᠪᠠᠭᠠᠰᠬᠠᠬᠤ ᠶᠢᠨ ᠬᠠᠮᠲᠤ᠂ ᠡᠯᠧᠺᠲᠷᠣᠨ ᠭᠡᠷᠡᠴᠢ ᠦᠨᠡᠮᠯᠡᠯ ᠤᠨ ᠳ᠋ᠠᠶᠢᠲ᠋ᠠ ᠶᠢ ᠬᠠᠮᠲᠤ ᠪᠠᠷ ᠭᠥᠷᠳᠡᠬᠦ ᠪᠠᠷ ᠳᠠᠮᠵᠢᠭᠤᠯᠤᠨ ᠭᠡᠷᠡᠴᠢ ᠦᠨᠡᠮᠯᠡᠯ ᠤᠨ ᠲᠥᠷᠥᠯ ᠤᠨ ᠠᠵᠢᠯ ᠶᠠᠪᠤᠳᠠᠯ ᠭᠦᠢᠴᠡᠳᠭᠡᠬᠦ ᠮᠠᠲ᠋ᠧᠷᠢᠶᠠᠯ ᠢ ᠲᠤᠰᠢᠶᠠᠬᠤ ᠥᠬᠡᠶ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 45 ᠵᠦᠢᠯ ᠤᠨ ᠵᠦᠢᠯᠡᠰ ᠢ ᠪᠥᠬᠦ ᠶᠠᠪᠤᠴᠠ ᠳᠤ ᠰᠦᠯᠵᠢᠶ᠎ᠡ ᠪᠠᠷ ᠭᠦᠢᠴᠡᠳᠭᠡᠬᠦ ᠶᠢ ᠪᠡᠶᠡᠯᠡᠭᠦᠯᠪᠡ᠃ ︽ᠪᠢ ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠬᠢᠷᠢ ᠬᠡᠮ ᠤᠨ ᠦᠨᠡᠮᠯᠡᠯ ᠭᠦᠢᠴᠡᠳᠭᠡᠬᠦ︾ ᠪᠠ ︽ᠪᠢ ᠪᠠᠷᠠᠭ᠎ᠠ ᠲᠡᠭᠡᠭᠡᠪᠦᠷᠢᠯᠡᠬᠦ ᠶᠢ ᠡᠵᠡᠩᠨᠡᠬᠦ︾ ᠵᠡᠷᠭᠡ ᠵᠦᠢᠯᠡᠰ ᠢ ᠣᠯᠠᠨ ᠲᠦᠮᠡᠨ ᠳᠤ ᠦᠢᠯᠡᠴᠢᠯᠡᠬᠦ ︽ᠨᠢᠭᠡ ᠶᠠᠪᠤᠳᠠᠯ︾ ᠪᠣᠯᠭᠠᠨ ᠬᠤᠪᠢᠷᠠᠭᠤᠯᠵᠤ᠂ ᠲᠣᠮᠣ ᠵᠦᠢᠯᠡᠰ ᠢ ᠲᠡᠭᠡᠭᠡᠪᠦᠷᠢᠯᠡᠬᠦ ᠪᠠ ᠵᠠᠮ ᠲᠡᠭᠡᠭᠡᠪᠦᠷᠢ ᠶᠢᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠶᠢ ᠪᠡᠶᠡᠯᠡᠭᠦᠯᠪᠡ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ ᠳᠤ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠶᠢᠨ ︽ᠬᠤᠶᠠᠷ ᠬᠢᠨᠠᠬᠤ ᠶᠢ ᠨᠢᠭᠡᠳᠬᠡᠬᠦ︾ ᠶᠢ ᠪᠡᠶᠡᠯᠡᠭᠦᠯᠪᠡ᠃ ︽ᠢᠲᠡᠭᠡᠮᠵᠢᠲᠦ ᠵᠠᠮ ᠬᠠᠷᠢᠯᠴᠠᠭᠠᠨ ᠤ ᠮᠤᠵᠢ︾ ᠶᠢ ᠡᠭᠦᠳᠦᠨ ᠪᠠᠶᠢᠭᠤᠯᠬᠤ ᠶᠢ ᠭᠦᠨᠵᠡᠭᠡᠶ ᠠᠬᠢᠭᠤᠯᠵᠤ᠂ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠶᠡᠭᠡ ᠪᠠᠷ ᠬᠡᠷᠡᠭᠵᠢᠭᠦᠯᠬᠦ ᠶᠢᠨ ᠬᠠᠮᠲᠤ᠂ ᠵᠠᠰᠠᠭ ᠤᠨ ᠶᠠᠪᠤᠳᠠᠯ ᠤᠨ ᠭᠡᠷ᠎ᠡ ᠪᠠᠨ ᠭᠦᠢᠴᠡᠳᠭᠡᠬᠦ ᠪᠠ ᠠᠮᠠᠯᠠᠯᠲᠠ ᠪᠠᠨ ᠭᠦᠢᠴᠡᠳᠭᠡᠬᠦ ᠦᠢᠯᠡᠴᠢᠯᠡᠭᠡ ᠶᠢ ᠣᠨ ᠤ ᠰᠢᠯᠭᠠᠨ ᠬᠢᠨᠠᠬᠤ ᠭᠦᠢᠴᠡᠳᠭᠡᠯ ᠲᠤᠭ᠎ᠠ ᠳᠤ ᠣᠷᠤᠭᠤᠯᠪᠠ᠃      ︵ᠬᠤᠶᠠᠷ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢᠨ ᠲᠤᠰᠬᠠᠶ ᠴᠡᠭᠴᠡᠯᠡᠨ ᠵᠠᠰᠠᠯᠲᠠ ᠶᠢ ᠦᠷᠨᠢᠭᠦᠯᠪᠡ ᠃ ᠪᠥᠬᠦ ᠰᠢᠰᠲ᠋ᠧᠮ ᠳᠤ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠭᠦᠯᠬᠦ᠂ ᠡᠰᠡ ᠦᠢᠯᠡᠳᠬᠦᠢ ᠂ ᠳᠤᠷ᠎ᠠ ᠪᠠᠷ ᠦᠢᠯᠡᠳᠬᠦᠢ ᠵᠡᠷᠭᠡ ᠶᠢ ᠬᠤᠷᠢᠭᠯᠠᠬᠤ ᠪᠠᠷ ᠭᠤᠤᠯᠳᠠᠯᠭ᠎ᠠ ᠪᠣᠯᠭᠠᠭᠰᠠᠨ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠵᠦ᠂ ᠪᠤᠰᠤᠳ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ ᠲᠢᠩᠬᠢᠮ ᠤᠨ ᠤᠳᠤᠷᠢᠳᠤᠯᠭ᠎ᠠ ᠪᠥᠬᠦ ᠰᠢᠰᠲ᠋ᠧᠮ ᠢ ᠬᠠᠮᠤᠷᠤᠭᠰᠠᠨ ᠰᠢᠮᠳᠠᠭᠤᠯᠤᠨ ᠪᠠᠶᠢᠴᠠᠭᠠᠯᠲᠠ ᠶᠢ ᠥᠷᠨᠢᠭᠦᠯᠪᠡ᠃ ᠪᠥᠬᠦ ᠰᠢᠰᠲ᠋ᠧᠮ ᠢᠶᠠᠷ ᠢᠶᠠᠨ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠭᠦᠯᠬᠦ᠂ ᠡᠰᠡ ᠦᠢᠯᠡᠳᠬᠦᠢ᠂ ᠳᠤᠷ᠎ᠠ ᠪᠠᠷ ᠦᠢᠯᠡᠳᠬᠦᠢ ᠳᠤ ᠬᠤᠯᠪᠣᠭᠳᠠᠭᠰᠠᠨ ᠨᠡᠶᠢᠲᠡ 185 ᠠᠰᠠᠭᠤᠳᠠᠯ ᠢ ᠤᠶᠢᠯᠠᠭᠠᠨ ᠵᠢᠭᠰᠠᠭᠠᠬᠤ ᠪᠤᠶᠤ ᠳᠡᠭᠡᠭᠰᠢ ᠮᠡᠳᠡᠭᠦᠯᠵᠦ᠂ ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ ᠨᠠᠷᠢᠨ ᠬᠠᠭᠤᠳᠠᠰᠤ ᠳᠤ ᠣᠷᠣᠭᠤᠯᠤᠭᠰᠠᠨ 59 ᠠᠰᠠᠭᠤᠳᠠᠯ ᠢ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠳᠤ ᠭᠤᠶᠤᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠪᠠᠷ ᠯᠠᠪᠯᠠᠯᠲᠠ ᠪᠣᠯᠭᠠᠬᠤ ᠵᠦᠭᠯᠡᠭᠦᠷ︾ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ 12328 ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡ ᠳᠤ ᠬᠢᠨᠠᠯᠲᠠ ᠲᠠᠯᠪᠢᠬᠤ ᠤᠲᠠᠰᠤ ᠶᠢᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠷ ᠭᠤᠤᠯ ᠪᠣᠯᠭᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠰᠢᠮᠳᠠᠭᠤᠯᠤᠨ ᠭᠦᠢᠴᠡᠳᠭᠡᠬᠦ ᠲᠣᠭᠲᠠᠴᠠ ᠶᠢ ᠪᠠᠶᠢᠭᠤᠯᠪᠠ᠃      ︵ᠭᠤᠷᠪᠠ︶ ᠲᠥᠪ ᠭᠤᠣᠯᠴᠢ ᠡᠷᠬᠡ ᠲᠡᠭᠰᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠠᠶᠢᠭᠤᠯᠪᠠ᠃ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠤᠬᠠᠶ ᠲᠢᠩᠬᠢᠮ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠳᠥᠯᠭᠢᠨ ᠠᠬᠢᠭᠤᠯᠪᠠ᠃ ︽ᠰᠢᠦᠳᠠᠨ ᠤ ᠡᠩ ᠤᠨ ᠦᠢᠯᠡᠴᠢᠯᠡᠭᠡᠨ ᠤ ᠲᠤᠰᠬᠠᠢ ᠬᠡᠷᠡᠭᠯᠡᠬᠦ ᠲᠡᠷᠭᠡ ᠬᠥᠰᠬᠡ ᠶᠢᠨ ᠨᠡᠪᠲᠡᠷᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠳᠤ ᠲᠤᠬᠢᠷᠠᠭᠤᠯᠤᠯᠳᠠ ᠬᠢᠬᠦ ᠲᠤᠬᠠᠢ ᠲᠢᠩᠬᠢᠮ ᠤᠨ ᠮᠡᠳᠡᠭᠳᠡᠯ︾ ᠵᠡᠷᠭᠡ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠢᠯᠭᠠᠷᠠᠭᠤᠯᠬᠤ ᠠᠵᠢᠯ ᠥᠷᠨᠢᠭᠦᠯᠵᠦ᠂ 1 ᠬᠤᠪᠢ ᠶᠢ ᠬᠦᠴᠦᠨ ᠦᠭᠡᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠮᠢᠶᠠᠷᠤᠯᠲᠠ ᠲᠠᠢ ᠬᠤᠯᠪᠤᠭᠳᠠᠬᠤ ᠵᠡᠷᠭᠡ ᠲᠠᠯ᠎ᠠ ᠶᠢᠨ 42 ᠬᠤᠪᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠡᠶᠢᠲᠡᠯᠡᠵᠤ ᠬᠦᠴᠦᠨ ᠦᠭᠡᠢ ᠪᠣᠯᠭᠠᠪᠠ᠃ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠪᠠ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠨᠡᠶᠢᠲᠡ 39 ᠬᠤᠪᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠰᠠᠨᠠᠯ ᠪᠠ 13 ᠬᠤᠪᠢ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠰᠠᠨᠠᠯ ᠢ ᠭᠠᠷᠭᠠᠪᠠ᠃      ᠭᠤᠷᠪᠠ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠰᠢᠨᠵᠢᠯᠡᠬᠦ ᠤᠬᠠᠭᠠᠨᠴᠢᠯᠠᠬᠤ ᠠᠷᠠᠳᠴᠢᠯᠠᠬᠤ ᠬᠠᠤᠯᠢᠵᠢᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠪᠠ      ︵ᠨᠢᠭᠡ︶ ᠡᠷᠬᠡ ᠶᠢᠨ ᠬᠢᠵᠠᠭᠠᠷᠯᠠᠯ ᠢ ᠴᠢᠩᠭᠠᠳᠬᠠᠪᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠢᠩᠬᠢᠮ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠵᠢᠯᠣᠭᠤᠳᠤᠮᠵᠢ︾ ᠶᠢ ᠨᠠᠶᠢᠷᠠᠭᠤᠯᠤᠨ ᠵᠣᠬᠢᠶᠠᠵᠤ᠂ ︽ᠲᠢᠩᠬᠢᠮ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠠᠰ ᠳᠠᠷᠠᠭᠠᠯᠠᠯ ᠤᠨ ᠵᠢᠯᠣᠭᠤᠳᠤᠮᠵᠢ︾ ︽ᠵᠠᠰᠠᠭ ᠠᠵᠤ ᠠᠬᠤᠶᠢᠯᠠᠯ ᠯᠤᠭ᠎ᠠ ᠨᠡᠪᠲᠡᠷᠡᠯᠴᠡᠬᠦ ᠪᠠ ᠪᠠᠶᠢᠩᠭᠤ ᠬᠠᠷᠢᠯᠴᠠᠬᠤ ᠶᠢ ᠴᠢᠩᠭᠠᠳᠬᠠᠵᠤ ᠠᠵᠤ ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠠᠪᠤᠴᠠ ᠳᠤ ᠠᠵᠢᠯ ᠲᠥᠷᠥᠯ ᠤᠨ ᠠᠵᠤ ᠠᠬᠤᠶᠢᠯᠠᠯ ᠪᠠ ᠨᠡᠶᠢᠭᠡᠮᠯᠢᠭ ᠤᠨ ᠰᠠᠨᠠᠯ ᠢ ᠭᠦᠢᠴᠡᠳ ᠰᠣᠨᠣᠰᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠢᠴᠢᠭ ᠮᠠᠲ᠋ᠧᠷᠢᠶᠠᠯ ᠤᠨ ᠶᠠᠰᠤ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠠᠤᠯᠢ ᠴᠠᠭᠠᠵᠠ ᠶᠢᠨ ᠵᠥᠪᠯᠡᠭᠴᠢ ᠶᠢ ᠵᠢᠯ ᠲᠤᠷᠰᠢ ᠤᠷᠢᠨ ᠬᠡᠷᠡᠭᠯᠡᠬᠦ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠯᠪᠠᠨ ᠲᠤᠰᠢᠶᠠᠯᠲᠤ ᠬᠠᠤᠯᠢᠴᠢ ᠶᠢᠨ ᠡᠩᠨᠡᠭᠡ ᠶᠢ ᠪᠠᠶᠢᠭᠤᠯᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ᠲᠢᠩᠬᠢᠮ ᠤᠨ ᠶᠠᠪᠤᠳᠠᠯ ᠤᠨ ᠬᠤᠷᠠᠯ ᠵᠡᠷᠭᠡ ᠬᠠᠮᠢᠶ᠎ᠠ ᠪᠦᠬᠦᠢ ᠬᠤᠷᠠᠯ ᠳᠤ ᠰᠤᠯᠠ ᠣᠷᠣᠯᠴᠠᠬᠤ ᠶᠢ ᠲᠣᠳᠣᠷᠬᠠᠢ ᠱᠠᠭᠠᠷᠳᠠᠪᠠ᠃      ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠪᠡ᠃ ︽ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠳᠦᠷᠢᠮ︾ ᠤᠨ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ ᠥᠷᠨᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠳᠦᠷᠢᠮ︾ ︽ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠳᠦᠷᠢᠮ︾ ︽ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠳᠦᠷᠢᠮ ︾ ︽ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠷᠭ᠎ᠠ︾ ᠳᠤ ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠮᠡᠳᠡᠭᠦᠯᠦᠨ ᠬᠦᠷᠭᠡᠵᠦ᠂ ᠵᠦᠢ ᠵᠣᠬᠢᠰ ᠦᠭᠡᠶ ᠵᠣᠭᠤᠰ ᠢᠶᠠᠷ ᠲᠣᠷᠭᠠᠬᠤ ᠲᠣᠭᠲᠠᠭᠠᠯ ᠢ ᠢᠯᠭᠠᠷᠠᠭᠤᠯᠬᠤ ᠶᠢ ᠦᠷᠨᠢᠭᠦᠯᠪᠡ᠃      ︵ᠭᠤᠷᠪᠠ︶ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠮᠠᠨ ᠤ ᠲᠢᠩᠬᠢᠮ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠲᠣᠬᠢᠷᠠᠭᠤᠯᠤᠯᠲᠠ ᠬᠢᠵᠦ᠂ ᠲᠣᠰ ᠤᠳᠠᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠯᠡᠯ ᠢ ᠳᠣᠭᠢᠷᠠᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠵᠠᠳᠠᠯᠤᠭᠰᠠᠨ ᠪᠥᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠲᠣᠭᠲᠠᠭᠠᠪᠠ᠃ ᠨᠡᠶᠢᠲᠡ 35 ᠵᠦᠢᠯ ᠢ ᠰᠢᠨ᠎ᠡ ᠪᠠᠷ ᠨᠡᠮᠡᠭᠳᠡᠭᠦᠯᠵᠦ᠂ 26 ᠵᠦᠢᠯ ᠢ ᠨᠡᠶᠢᠯᠡᠭᠦᠯᠦᠨ᠂ 3 ᠵᠦᠢᠯ ᠢ ᠨᠢ ᠬᠦᠴᠦᠨ ᠦᠭᠡᠶ ᠪᠣᠯᠭᠠᠵᠤ᠂ 1 ᠵᠦᠢᠯ ᠢ ᠳᠣᠷᠣᠭᠰᠢ ᠪᠠᠭᠤᠯᠭᠠᠨ᠂ ᠬᠠᠤᠯᠢ ᠬᠡᠷᠡᠭᠵᠢᠭᠦᠯᠬᠦ ᠭᠤᠣᠯᠳᠠᠯᠭ᠎ᠠ ᠪᠠᠨ 6 ᠵᠦᠢᠯ ᠢ ᠳᠣᠷᠣᠭᠰᠢ ᠰᠢᠯᠵᠢᠭᠦᠯᠪᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ ᠨᠡᠶᠢᠲᠡ 118 ᠵᠦᠢᠯ ᠢ ᠦᠯᠡᠳᠡᠭᠡᠵᠦ᠂ ᠡᠭᠦᠨ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠥᠷᠥᠯ 14 ᠵᠦᠢᠯ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠥᠷᠥᠯ 71 ᠵᠦᠢᠯ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠲᠥᠷᠥᠯ 4 ᠵᠦᠢᠯ᠂ ᠵᠠᠰᠠᠭ ᠵᠠᠬᠢᠷᠭᠠᠨ ᠤ ᠨᠤᠲᠠᠯᠠᠯᠲᠠ ᠶᠢᠨ ᠲᠥᠷᠥᠯ 11 ᠵᠦᠢᠯ᠂ ᠵᠠᠰᠠᠭ ᠵᠠᠬᠢᠷᠭᠠᠨ ᠤ ᠲᠠᠲᠠᠪᠤᠷᠢᠯᠠᠬᠤ ᠲᠥᠷᠥᠯ 1 ᠵᠦᠢᠯ᠂ ᠵᠠᠰᠠᠭ ᠵᠠᠬᠢᠷᠭᠠᠨ ᠤ ᠬᠢᠨᠠᠯᠲᠠ ᠲᠠᠯᠪᠢᠵᠤ ᠪᠠᠶᠢᠴᠠᠭᠠᠬᠤ ᠲᠥᠷᠥᠯ 8 ᠵᠦᠢᠯ᠂ ᠵᠠᠰᠠᠭ ᠵᠠᠬᠢᠷᠭᠠᠨ ᠤ ᠳᠠᠩᠰᠠᠯᠠᠭᠤᠯᠬᠤ ᠲᠥᠷᠥᠯ 5 ᠵᠦᠢᠯ᠂ ᠪᠤᠰᠤᠳ ᠵᠠᠰᠠᠭ ᠵᠠᠬᠢᠷᠭᠠᠨ ᠤ ᠡᠷᠬᠡ ᠶᠢᠨ ᠲᠥᠷᠥᠯ 4 ᠵᠦᠢᠯ ᠪᠣᠶ᠃      ᠳᠥᠷᠪᠡ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠪᠠ        ︵ᠨᠢᠭᠡ︶ ᠬᠠᠤᠯᠢ ᠬᠡᠷᠡᠭᠵᠢᠭᠦᠯᠬᠦ ᠠᠵᠢᠯᠲᠠᠳ ᠤᠨ ᠬᠡᠪ ᠴᠢᠨᠠᠷ ᠪᠣᠯᠤᠨ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠶᠢ ︽2021 ᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ᠲᠥᠯᠥᠪᠯᠡᠭᠡ︾ ᠪᠣᠯᠤᠨ ᠲᠢᠩᠬᠢᠮ ᠤᠨ ᠰᠢᠭᠤᠳ ᠬᠠᠷᠢᠶ᠎ᠠ ᠰᠢᠰᠲ᠋ᠧᠮ ᠤᠨ ᠤᠳᠤᠷᠢᠳᠬᠤ ᠺᠠᠳ᠋ᠷ ᠵᠢᠴᠢ ᠬᠠᠤᠯᠢ ᠬᠡᠷᠡᠭᠵᠢᠭᠦᠯᠬᠦ ᠠᠵᠢᠯᠲᠠᠨ ᠢ ᠪᠣᠯᠪᠠᠰᠤᠷᠠᠭᠤᠯᠬᠤ ᠭᠤᠤᠯ ᠠᠭᠤᠯᠭ᠎ᠠ ᠳᠤ ᠣᠷᠤᠭᠤᠯᠪᠠ᠃ ᠪᠥᠬᠦ ᠰᠢᠰᠲ᠋ᠧᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢᠵᠢᠭᠤᠯᠤᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠪᠣᠯᠪᠠᠰᠤᠷᠠᠯ ᠤᠨ ᠠᠩᠭᠢ ᠶᠢ ᠡᠷᠭᠢᠯᠡᠪᠡ᠃ ᠪᠥᠬᠦ ᠰᠢᠰᠲ᠋ᠧᠮ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠬᠦ ᠪᠠ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠬᠤᠶᠠᠷ ᠤᠨ ᠭᠤᠷᠪᠠᠨ ᠵᠢᠯ ᠤᠨ ᠠᠵᠢᠯᠯᠠᠭ᠎ᠠ ᠶᠢ ᠪᠠᠶᠢᠷᠢᠯᠠᠭᠤᠯᠵᠤ᠂ ︽ᠤᠯᠤᠰ ᠲᠥᠷᠥ ᠶᠢ ᠡᠷᠬᠢᠮᠯᠡᠬᠦ᠂ ᠣᠪᠤᠷ ᠰᠤᠷᠲᠠᠯ ᠢ ᠰᠢᠯᠢᠳᠡᠭᠵᠢᠭᠦᠯᠬᠦ ᠂ ᠦᠢᠯᠡᠴᠢᠯᠡᠭᠡ ᠶᠢ ᠴᠢᠩᠭᠠᠳᠬᠠᠬᠤ︾ ᠲᠤᠰᠬᠠᠶ ᠰᠡᠳᠦᠪᠲᠦ ᠬᠥᠮᠦᠵᠢᠯ ᠪᠠ ᠬᠠᠤᠯᠢ ᠬᠡᠷᠡᠭᠵᠢᠭᠦᠯᠬᠦ ᠠᠵᠢᠯᠲᠠᠨ ᠢ ᠡᠭᠡᠯᠵᠢᠯᠡᠨ ᠪᠣᠯᠪᠠᠰᠤᠷᠠᠭᠤᠯᠬᠤ ᠠᠵᠢᠯ ᠢ ᠱᠠᠲᠤ ᠬᠤᠪᠢᠶᠠᠨ ᠥᠷᠨᠢᠭᠦᠯᠪᠡ᠃ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠂ ᠬᠡᠷᠡᠭ ᠢᠶᠠᠷ ᠰᠡᠷᠡᠮᠵᠢᠯᠡᠭᠦᠯᠬᠦ ᠠᠵᠢᠯ ᠪᠠ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠬᠦ ᠶᠢᠨ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠲᠢᠩᠬᠢᠮ ᠤᠨ ᠰᠢᠭᠤᠳ ᠬᠠᠷᠢᠶ᠎ᠠ ᠬᠠᠤᠯᠢ ᠬᠡᠷᠡᠭᠵᠢᠭᠦᠯᠬᠦ ᠨᠢᠭᠡᠴᠢ ᠶᠢᠨ ︽ᠶᠡᠭᠡ ᠮᠥᠷᠦ᠋ᠢᠴᠡᠭᠡᠨ︾ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠶᠡᠭᠡ ᠪᠣᠯᠪᠠᠰᠤᠷᠠᠭᠤᠯᠬᠤ ᠶᠡᠭᠡ ᠮᠥᠷᠦ᠋ᠢᠴᠡᠭᠡᠨ ᠤ ᠴᠤᠪᠤᠷᠠᠯ ᠪᠠ ᠪᠠᠷᠢᠮᠵᠢᠶ᠎ᠠ ᠶᠢ ᠲᠣᠭᠲᠠᠭᠠᠪᠠ᠃      ︵ᠬᠤᠶᠠᠷ︶ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠠᠷᠯᠠᠯ ᠵᠡᠷᠭᠡ ᠭᠤᠷᠪᠠᠨ ᠵᠦᠢᠯ ᠤᠨ ᠲᠦᠷᠢᠮ ᠢ ᠨᠠᠷᠢᠯᠢᠬᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠡᠷᠬᠡ ︵ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ︶ ᠶᠢᠨ ᠵᠦᠢᠯᠡᠰ ᠤᠨ ᠵᠢᠯᠣᠭᠤᠳᠬᠤ ᠭᠠᠷᠴᠠᠭ︾ ᠢ ᠰᠤᠳᠤᠯᠤᠨ ᠲᠤᠭᠤᠷᠪᠢᠵᠤ᠂ ︽ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ᠂ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ᠂ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ᠂ ᠠᠷᠠᠳ ᠲᠤ ᠲᠥᠬᠦᠮ ᠦᠵᠡᠭᠦᠯᠬᠦ ᠳᠤ ᠦᠢᠯᠡᠴᠢᠯᠡᠬᠦ ᠵᠡᠷᠭᠡ ᠠᠷᠭ᠎ᠠ ᠪᠠᠷᠢᠯ ᠶᠢ ᠲᠣᠳᠣᠷᠬᠠᠶᠢᠯᠠᠪᠠ᠃ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠶᠢ ᠵᠠᠰᠠᠬᠤ ᠬᠠᠮᠲᠤᠷᠠᠭᠰᠠᠨ ᠬᠠᠤᠯᠢ ᠬᠡᠷᠡᠭᠵᠢᠭᠦᠯᠬᠦ ᠪᠠ ᠲᠤᠬᠠᠶ ᠶᠢᠨ ᠲᠠᠯᠠᠪᠠᠢ ᠶᠢᠨ ᠪᠤᠰᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠪᠠᠷᠠᠭᠠᠨ ᠤ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠬᠠᠮᠵᠢᠯᠴᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠤᠯᠤᠭᠰᠠᠨ ᠲᠠᠪᠴᠠᠩ ᠯᠤᠭ᠎ᠠ ᠵᠣᠯᠭᠠᠭᠤᠯᠬᠤ ᠶᠢ ᠪᠡᠶᠡᠯᠡᠭᠦᠯᠵᠦ᠂ ᠵᠠᠮ ᠲᠡᠭᠡᠭᠡᠪᠦᠷᠢ ᠶᠢᠨ ᠬᠢᠷᠢ ᠬᠡᠮ ᠤᠨ ᠬᠠᠮᠢᠶᠠᠷᠤᠯᠲᠠ ᠬᠢᠭᠡᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠵᠣᠯᠭᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠰᠢᠰᠲ᠋ᠧᠮ ᠤᠨ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠬᠠᠤᠯᠢ ᠬᠡᠷᠡᠭᠵᠢᠭᠦᠯᠬᠦ ᠲᠠᠪᠴᠠᠩ ᠤᠨ ᠪᠠᠶᠢᠭᠤᠯᠤᠯᠲᠠ ᠶᠢ ᠡᠬᠢᠯᠡᠭᠦᠯᠪᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠭᠲᠠᠭᠠᠮᠵᠢᠲᠠᠶ ᠪᠥᠭᠡᠳ ᠪᠣᠯᠭᠤᠮᠵᠢᠲᠠᠶ ᠬᠢᠨᠠᠨ ᠬᠠᠮᠢᠶᠠᠷᠬᠤ ᠶᠢ ᠪᠠᠷᠢᠮᠲᠠᠯᠠᠵᠤ᠂ ᠣᠯᠠᠨ ᠭᠠᠵᠠᠷ ᠤᠨ ᠬᠢᠨ ᠰᠦᠯᠵᠢᠶ᠎ᠡ ᠪᠠᠷ ᠲᠡᠷᠭᠡ ᠪᠣᠯᠵᠣᠬᠤ ᠶᠢ ᠡᠨᠡ ᠵᠢᠯ ᠵᠢᠷᠤᠮᠵᠢᠭᠤᠯᠤᠭᠰᠠᠨ ᠰᠠᠭᠤᠷᠢᠨ ᠳᠡᠭᠡᠷᠡᠬᠢ ᠰᠢᠪᠲᠤᠯᠤᠯᠲᠠ ᠲᠠᠢ ᠬᠥᠭᠵᠢᠯᠲᠡ ᠶᠢ ᠪᠡᠶᠡᠯᠡᠭᠦᠯᠪᠡ᠃      ︵ᠭᠤᠷᠪᠠ︶ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ︽ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠲᠤᠬᠠᠶ ᠲᠢᠩᠬᠢᠮ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠢᠨᠠᠬᠤ ᠬᠠᠮᠢᠶᠠᠷᠬᠤ ᠶᠢ ᠵᠣᠯᠭᠠᠯᠳᠤᠭᠤᠯᠬᠤ ᠶᠢ ᠴᠢᠩᠭᠠᠳᠬᠠᠬᠤ᠂ ᠬᠠᠤᠯᠢ ᠬᠡᠷᠡᠭᠵᠢᠭᠦᠯᠬᠦ ᠶᠠᠪᠤᠴᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠬᠡᠷᠡᠭ ᠤᠨ ᠡᠮᠦᠨᠡᠬᠢ᠂ ᠬᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ ᠡᠯ᠎ᠡ ᠬᠦᠷᠢᠶᠡᠨ ᠤ ᠲᠤᠰᠢᠶᠠᠯ ᠬᠠᠷᠢᠭᠤᠴᠠᠯᠭ᠎ᠠ ᠶᠢ ᠪᠦᠲᠦᠮᠵᠢᠲᠡᠶ ᠵᠠᠭᠠᠭᠯᠠᠨ ᠲᠣᠭᠲᠠᠭᠠᠪᠠ᠃ ︽ᠬᠤᠶᠠᠷ ᠢ ᠲᠠᠰᠢᠷᠠᠮ ᠳᠠᠭᠠᠤ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ︽ᠨᠢᠭᠡ ᠬᠠᠭᠤᠳᠠᠰᠤ ᠬᠤᠶᠠᠷ ᠬᠥᠮᠥᠷᠭᠡ︾ ᠶᠢ ᠬᠥᠳᠡᠯᠦᠩᠭᠦᠶ ᠪᠠᠷ ᠳᠣᠭᠢᠷᠠᠭᠤᠯᠵᠤ᠂ ᠲᠢᠩᠬᠢᠮ ᠤᠨ ᠲᠣᠰ ᠱᠠᠲᠤᠨ ᠤ 2021 ᠣᠨ ᠤ ︽ᠬᠤᠶᠠᠷ ᠢ ᠲᠠᠰᠢᠷᠠᠮ ᠳᠠᠭᠠᠤ ᠬᠢᠬᠦ︾ ᠬᠢᠨᠠᠯᠲᠠ ᠬᠠᠮᠢᠶᠠᠷᠤᠯᠲᠠ ᠶᠢᠨ ᠲᠥᠯᠥᠪᠯᠡᠭᠡ ᠶᠢᠨ ᠡᠭᠦᠷᠭᠡ ᠶᠢ ᠪᠡᠶᠡᠯᠡᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠪᠠᠶᠢᠴᠠᠭᠠᠯᠲᠠ ᠶᠢ ᠦᠷᠨᠢᠭᠦᠯᠦᠭᠰᠡᠨ ᠪᠦᠭᠡᠳ  ᠲᠢᠩᠬᠢᠮ ᠤᠨ ᠫᠤᠷᠲ᠋ᠧᠯ ᠰᠦᠯᠵᠢᠶ᠎ᠡ ᠳᠤ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠳ᠋ᠦᠩ ᠢᠶᠠᠨ ᠵᠠᠷᠯᠠᠨ ᠨᠡᠶᠢᠲᠡᠯᠡᠪᠡ      ︵ᠳᠥᠷᠪᠡ︶ ᠭᠤᠤᠯᠳᠠᠯᠭ᠎ᠠ ᠲᠠᠢ ᠬᠦᠷᠢᠶᠡᠨ ᠤ ᠲᠤᠰᠬᠠᠶ ᠴᠡᠭᠴᠡᠯᠡᠨ ᠵᠠᠰᠠᠯᠲᠠ ᠶᠢ ᠴᠢᠩᠭ᠎ᠠ ᠠᠩᠬᠠᠷᠪᠠ᠃ ᠮᠠᠨ ᠤ ᠲᠢᠩᠬᠢᠮ ᠨᠢ 2021 ᠣᠨ ᠤ 5 ᠳ᠋ᠤᠭᠠᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ ᠪᠥᠬᠦ ᠰᠢᠰᠲ᠋ᠧᠮ ᠳᠤ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠣᠲᠣᠭᠠᠳᠤ ᠬᠢᠵᠠᠭᠠᠷᠯᠠᠯ ᠪᠠ ᠭᠠᠳᠠᠭᠠᠳᠤ ᠬᠢᠨᠠᠯᠲᠠ ᠶᠢᠨ ᠲᠠᠯ᠎ᠠ ᠪᠠᠷ ᠰᠢᠨ᠎ᠡ ᠠᠷᠭ᠎ᠠ ᠵᠠᠮ ᠢ ᠰᠤᠳᠤᠯᠪᠠ᠃ ︽ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ︾᠂ ︽ᠠᠷᠬᠠᠭ ᠬᠡᠮ ᠢ ᠴᠡᠭᠴᠡᠯᠡᠨ ᠵᠠᠰᠠᠬᠤ ᠨᠠᠷᠢᠨ ᠬᠠᠭᠤᠳᠠᠰᠤ︾᠂ ︽ᠴᠡᠭᠴᠡᠯᠡᠨ ᠵᠠᠰᠠᠬᠤ ᠠᠵᠢᠯ ᠤᠨ ᠡᠬᠡ ᠲᠠᠩᠰᠠ︾ ᠶᠢ ᠨᠠᠶᠢᠷᠠᠭᠤᠯᠤᠨ ᠵᠣᠬᠢᠶᠠᠵᠤ᠂ ᠰᠠᠷ᠎ᠠ ᠪᠦᠷᠢ ᠬᠤᠶᠠᠷ ᠤᠳᠠᠭ᠎ᠠ ᠲᠣᠬᠢᠷᠠᠭᠤᠯᠤᠯᠲᠠ ᠬᠢᠵᠦ᠂ ᠲᠢᠩᠬᠢᠮ ᠤᠨ ᠭᠤᠤᠯ ᠤᠳᠤᠷᠢᠳᠤᠯᠭ᠎ᠠ ᠪᠠ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠤᠷᠢᠳ ᠬᠤᠵᠢᠳ ᠦᠨᠳᠦᠰᠦᠨ ᠱᠠᠲᠤᠨ ᠳᠤ ᠬᠦᠷᠴᠦ ᠳᠠᠯᠳᠠᠭᠤᠷ ᠰᠤᠷᠪᠤᠯᠵᠢᠯᠠᠨ ᠰᠢᠮᠳᠠᠭᠤᠯᠤᠨ ᠵᠢᠯᠣᠭᠤᠳᠴᠤ᠂ ᠲᠤᠰᠬᠠᠶ ᠬᠥᠮᠦᠨ ᠲᠣᠭᠲᠠᠭᠠᠵᠤ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠵᠠᠰᠠᠪᠠ᠃ ︽ᠡᠷᠭᠢᠵᠦ ᠬᠠᠷᠠᠬᠤ︾ ᠠᠵᠢᠯ ᠤᠨ ᠳᠤᠭᠤᠶᠢᠯᠠᠩ 125 ᠶᠢ ᠪᠦᠷᠢᠯᠳᠦᠭᠦᠯᠵᠦ᠂ ᠡᠯ᠎ᠡ ᠬᠦᠷᠢᠶᠡᠨ ᠳᠠᠬᠢ ᠵᠦᠶ ᠵᠣᠬᠢᠰ ᠥᠬᠡᠶ ᠲᠣᠭᠲᠠᠭᠠᠯ ᠢ ᠱᠠᠯᠠᠪᠳᠠᠨ ᠢᠯᠭᠠᠷᠠᠭᠤᠯᠤᠨ ᠳᠢᠭᠯᠡᠬᠦ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ ᠶᠢ ᠴᠢᠩᠭ᠎ᠠ ᠴᠠᠭᠠᠵᠠᠯᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠥᠨᠳᠥᠷ ᠳᠠᠪᠲᠠᠮᠵᠢ ᠲᠠᠢ᠂ ᠥᠨᠳᠥᠷ ᠲᠤᠭ᠎ᠠ ᠬᠡᠮᠵᠢᠶ᠎ᠡ ᠲᠠᠢ᠂ ᠥᠨᠳᠥᠷ ᠵᠠᠭᠠᠯᠳᠤᠯᠭ᠎ᠠ ᠲᠠᠢ᠂ ᠥᠨᠳᠥᠷ ᠶᠠᠷᠢᠶ᠎ᠠ ᠬᠡᠯᠡᠯᠴᠡᠭᠡᠨ ᠤ ᠪᠠᠶᠢᠳᠠᠯ ᠲᠠᠢ ᠵᠦᠢᠯᠡᠰ ᠢ ᠲᠥᠪᠯᠡᠷᠡᠭᠦᠯᠦᠨ᠂ ᠭᠦᠨᠵᠡᠭᠡᠶ ᠤᠶᠢᠯᠠᠭᠠᠨ ᠪᠠᠶᠢᠴᠠᠭᠠᠵᠤ ᠵᠠᠯᠠᠷᠠᠭᠤᠯᠤᠨ᠂ ᠠᠵᠢᠯᠯᠠᠵᠤ ᠪᠠᠶᠢᠭ᠎ᠠ ᠬᠥᠮᠦᠰ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ᠃ ︽ᠡᠷᠬᠢᠨ ᠬᠠᠷᠠᠬᠤ︾ ᠳᠤ ᠢᠯᠡᠷᠡᠭᠦᠯᠦᠭᠰᠡᠨ ᠴᠡᠭᠴᠡᠯᠡᠨ ᠰᠠᠶᠢᠵᠢᠷᠠᠭᠤᠯᠤᠭᠠᠳ ᠪᠠᠷᠢᠮᠵᠢᠶ᠎ᠠ ᠳᠤ ᠭᠦᠷᠦᠭᠰᠡᠨ ᠥᠬᠡᠶ ᠠᠰᠠᠭᠤᠳᠠᠯ ᠢ ᠣᠲᠣ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠪᠠ᠃       ᠲᠠᠪᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠡᠬᠢᠯᠡᠭᠦᠯᠪᠡ      ︽ᠲᠢᠩᠬᠢᠮ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠡᠷᠡᠭᠵᠢᠭᠦᠯᠬᠦ ᠰᠠᠨᠠᠯ ︵2021-2025︶︾ ᠪᠠ ︽ᠲᠢᠩᠬᠢᠮ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠶᠢ ᠲᠣᠭᠲᠠᠭᠠᠭᠰᠠᠨ ᠪᠥᠭᠡᠳ ︽︿ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ﹀ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠤᠬᠠᠶ ᠲᠢᠩᠬᠢᠮ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ ᠵᠡᠷᠭᠡ ᠶᠢ ᠭᠤᠤᠯᠳᠠᠯᠭ᠎ᠠ ᠲᠠᠢ ᠰᠤᠷᠤᠯᠴᠠᠨ ᠤᠬᠠᠭᠤᠯᠬᠤ ᠠᠭᠤᠯᠭ᠎ᠠ ᠳᠤ ᠣᠷᠣᠭᠤᠯᠵᠤ᠂ ᠭᠠᠵᠠᠷ ᠤᠨ ᠲᠠᠰ ᠤᠨ ᠺᠠᠳ᠋ᠷ ᠤᠨ ᠪᠣᠯᠪᠠᠰᠤᠷᠠᠯ ᠤᠨ ᠠᠩᠭᠢ᠂ ᠵᠠᠯᠠᠭᠤ ᠺᠠᠳ᠋ᠷ ᠤᠨ ᠪᠣᠯᠪᠠᠰᠤᠷᠠᠯ ᠤᠨ ᠠᠩᠭᠢ᠂ ᠬᠠᠤᠯᠢ ᠪᠠᠷ ᠵᠠᠰᠠᠬᠤ ᠭᠤᠤᠯᠯᠠᠭᠴᠢ ᠶᠢᠨ ᠪᠣᠯᠪᠠᠰᠤᠷᠠᠯ ᠤᠨ ᠠᠩᠭᠢ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠥᠪᠥᠷ ᠮᠣᠩᠭᠤᠯ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠯᠲᠠ ᠶᠢᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠭᠰᠠᠨ ᠪᠥᠭᠡᠳ ︽ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ︾ ᠪᠣᠯᠤᠨ ︽ᠢᠷᠭᠡᠨ ᠤ ᠬᠠᠤᠯᠢ ᠶᠢᠨ ᠪᠢᠴᠢᠭ︾ ᠤᠨ ᠲᠤᠰᠬᠠᠶ ᠰᠡᠳᠦᠪᠲᠦ ᠲᠠᠶᠢᠯᠤᠮᠵᠢ ᠶᠢ ᠦᠷᠨᠢᠭᠦᠯᠪᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ︽12.4 ︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠪᠠ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ᠂ ᠵᠠᠮ ᠤᠨ ᠶᠠᠪᠤᠳᠠᠯ ᠤᠨ ᠤᠬᠠᠭᠤᠯᠭ᠎ᠠ ᠶᠢᠨ ᠰᠠᠷ᠎ᠠ᠂ ︽4.15︾ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ᠂ ᠦᠨᠡᠨᠴᠢ ᠢᠲᠡᠭᠡᠮᠵᠢᠲᠡᠢ ᠪᠠᠷ ᠬᠤᠳᠠᠯᠳᠤᠭ᠎ᠠ ᠶᠢ ᠬᠥᠭᠵᠢᠭᠦᠯᠬᠦ ᠤᠬᠠᠭᠤᠯᠭ᠎ᠠ ᠶᠢᠨ ᠰᠠᠷ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠵᠦᠢᠯ ᠤᠨ ᠬᠡᠯᠪᠡᠷᠢ ᠪᠠᠷ ᠬᠠᠤᠯᠢ ᠪᠠᠷ ᠵᠠᠰᠠᠬᠤ ᠤᠬᠠᠭᠤᠯᠭ᠎ᠠ ᠶᠢ ᠦᠷᠨᠢᠭᠦᠯᠪᠡ᠃      ᠵᠢᠷᠭᠤᠭ᠎ᠠ᠂ ᠣᠷᠣᠰᠢᠵᠤ ᠪᠠᠶᠢᠬᠤ ᠬᠦᠷᠦᠯᠴᠡᠬᠦ ᠥᠬᠡᠶ ᠲᠠᠯ᠎ᠠ ᠵᠢᠴᠢ ᠲᠠᠷᠠᠭᠠᠴᠢ ᠶᠢᠨ ᠠᠯᠬᠤᠮ ᠤᠨ ᠲᠣᠬᠢᠷᠠᠭᠤᠯᠤᠯᠲᠠ      ᠮᠠᠨ ᠤ ᠲᠢᠩᠬᠢᠮ ᠨᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠯᠲᠠ  ᠶᠢᠨ ᠲᠠᠯ᠎ᠠ ᠪᠠᠷ ᠬᠡᠳᠦ᠋ᠢᠪᠡᠷ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ᠂ ᠬᠠᠤᠯᠢ ᠪᠠᠷ ᠵᠠᠰᠠᠬᠤ ᠳᠤᠮᠳᠠᠳᠤ ᠤᠯᠤᠰ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠡᠯ᠎ᠡ ᠵᠦᠢᠯ ᠤᠨ ᠱᠠᠭᠠᠷᠳᠠᠯᠭ᠎ᠠ ᠲᠠᠢ ᠵᠦᠢᠯ ᠳᠠᠷᠠᠭᠠᠯᠠᠨ ᠬᠠᠷᠢᠴᠠᠭᠤᠯᠵᠤ᠂ ᠬᠥᠭᠵᠢᠭᠰᠡᠨ ᠭᠠᠵᠠᠷ ᠣᠷᠣᠨ ᠤ ᠠᠵᠢᠯ ᠤᠨ ᠪᠠᠷᠢᠮᠵᠢᠶ᠎ᠠ ᠪᠠᠷ ᠪᠠᠷᠢᠮᠵᠢᠶᠠᠯᠠᠨ ᠵᠢᠭᠰᠠᠭᠠᠨ ᠪᠠᠶᠢᠴᠠᠭᠠᠵᠤ ᠡᠮᠬᠢᠯᠡᠭᠰᠡᠨ ᠤ ᠳᠠᠷᠠᠭ᠎ᠠ᠂ ᠣᠳᠣᠬᠠᠨ ᠳᠤ ᠮᠠᠨ ᠤ ᠲᠢᠩᠬᠢᠮ ᠳᠤ ᠮᠥᠨ ᠬᠦ ᠠᠰᠠᠭᠤᠳᠠᠯ ᠪᠠ ᠵᠥᠷᠢᠶ᠎ᠡ ᠣᠷᠣᠰᠢᠵᠤ ᠪᠠᠶᠢᠨ᠎ᠠ᠂ ᠵᠢᠱᠢᠶᠡᠯᠡᠪᠡᠯ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠰᠬᠠᠶ ᠮᠡᠷᠭᠡᠵᠢᠯᠲᠡᠨ ᠨᠤᠲᠠᠯᠠᠬᠤ ᠪᠠ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠶᠢ ᠮᠥᠨ ᠬᠦ ᠪᠦᠷᠢᠨ ᠪᠥᠷᠬᠦᠭᠦᠯᠬᠦ ᠶᠢ ᠪᠡᠶᠡᠯᠡᠭᠦᠯᠦᠭᠡᠳᠦᠶ ᠪᠠᠶᠢᠨ᠎ᠠ︔ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠨᠡᠶᠢᠳᠡᠮ ᠤᠨ ᠳᠤᠲᠠᠭᠤᠳᠠᠯ ᠨᠡᠯᠢᠶᠡᠳ ᠶᠡᠭᠡ ᠪᠠᠶᠢᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠡᠷᠡᠭᠯᠡᠬᠦ ᠡᠷᠴᠢᠮ ᠢ ᠪᠠᠰᠠ ᠴᠢᠩᠭᠠᠷᠠᠭᠤᠯᠬᠤ ᠴᠢᠬᠤᠯᠠᠲᠠᠢ ᠪᠠᠶᠢᠨ᠎ᠠ︔ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠠᠵᠢᠯᠲᠠᠨ ᠤ ᠨᠠᠰᠤ ᠨᠢ ᠨᠡᠶᠢᠳᠡᠮ ᠳᠤ ᠪᠠᠨ ᠶᠡᠭᠡ ᠰᠢᠭ ᠪᠠᠶᠢᠵᠤ᠂ ᠬᠡᠰᠡᠭ ᠨᠢᠭᠡᠴᠢ ᠨᠢ ᠲᠤᠰᠠᠯᠠᠬᠤ ᠬᠠᠤᠯᠢ ᠬᠡᠷᠡᠭᠵᠢᠭᠦᠯᠬᠦ ᠠᠵᠢᠯᠲᠠᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠳᠤ ᠮᠦᠨ ᠬᠦ ᠳᠤᠲᠠᠮᠠᠭ ᠪᠠᠶᠢᠵᠤ᠂ ᠠᠵᠢᠯᠲᠠᠨ ᠤ ᠮᠡᠳᠡᠯᠭᠡ ᠶᠢᠨ ᠨᠥᠭᠡᠴᠡ ᠪᠠ ᠬᠠᠤᠯᠢ ᠬᠡᠷᠡᠭᠵᠢᠭᠦᠯᠬᠦ ᠱᠠᠭᠠᠷᠳᠠᠯᠭ᠎ᠠ ᠨᠢ ᠵᠣᠬᠢᠴᠠᠯᠳᠤᠬᠤ ᠥᠬᠡᠶ᠂ ᠬᠠᠤᠯᠢ ᠬᠡᠷᠡᠭᠵᠢᠭᠦᠯᠬᠦ ᠠᠵᠢᠯᠲᠠᠨ ᠤ ᠤᠯᠤᠰ ᠲᠥᠷᠥ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠮᠥᠨ ᠬᠦ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠬᠠᠤᠯᠢ ᠴᠠᠭᠠᠵᠠ ᠶᠢᠨ ᠮᠡᠳᠡᠯᠭᠡ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠬᠡᠯᠪᠡᠷᠢ ᠨᠢ ᠨᠡᠯᠢᠶᠡᠳ ᠲᠠᠩ ᠴᠤᠯᠭᠤᠶ᠂ ᠤᠬᠠᠭᠤᠯᠤᠨ ᠲᠣᠭᠤᠰᠢᠯᠠᠭᠤᠯᠬᠤ ᠨᠢ ᠪᠠᠰᠠ ᠲᠡᠶᠢᠮᠦ ᠭᠦᠨᠵᠡᠭᠡᠶ ᠪᠤᠰᠤ ᠪᠠᠶᠢᠬᠤ ᠵᠡᠷᠭᠡ ᠪᠣᠯᠤᠨ᠎ᠠ᠃      ᠲᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠦᠷᠭᠦᠯᠵᠢᠯᠡᠨ ᠠᠵᠢᠯ ᠤᠨ ᠳᠤᠲᠠᠭᠤᠳᠠᠯ ᠪᠠᠭᠤᠷᠠᠶ ᠲᠠᠯ᠎ᠠ ᠪᠠ ᠣᠯᠠᠨ ᠲᠦᠮᠡᠨ ᠤ ᠪᠠᠴᠢᠮ ᠬᠦᠴᠢᠷᠳᠡᠯ ᠵᠣᠪᠠᠨᠢᠯ ᠡᠷᠡᠮᠡᠯᠵᠡᠯ ᠢ ᠴᠢᠩᠭ᠎ᠠ ᠠᠩᠬᠠᠷᠴᠤ᠂ ᠬᠠᠤᠯᠢ ᠪᠠᠷ ᠵᠠᠰᠠᠬᠤ ᠵᠢᠯᠣᠭᠤᠳᠤᠮᠵᠢ ᠶᠢ ᠴᠢᠩᠭᠠᠳᠬᠠᠵᠤ᠂ ᠤᠳᠤᠷᠢᠳᠬᠤ ᠺᠠᠳ᠋ᠷ ᠤᠨ ᠡᠨᠡ ᠬᠦ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ᠂ ᠬᠡᠪ ᠤᠨ ᠪᠠᠶᠢᠳᠠᠯ ᠳᠡᠭᠡᠷ᠎ᠡ ᠬᠦᠴᠦᠯᠡᠵᠦ᠂ ᠥᠩᠭᠡᠨ ᠲᠠᠯ᠎ᠠ ᠶᠢ ᠵᠠᠰᠠᠬᠤ ᠪᠠ ᠦᠨᠳᠦᠰᠦ ᠰᠤᠷᠪᠤᠯᠵᠢ ᠶᠢ ᠵᠠᠰᠠᠬᠤ ᠶᠢ ᠵᠡᠷᠭᠡ ᠪᠠᠷ ᠬᠠᠷᠠᠭᠠᠯᠵᠠᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠡᠷᠡᠭ ᠤᠨ ᠡᠮᠦᠨᠡᠬᠢ᠂ ᠬᠡᠷᠡᠭ ᠤᠨ ᠲᠤᠮᠳᠠᠬᠢ᠂ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠣᠷᠭᠠᠨᠢᠭ ᠢᠶᠠᠷ ᠵᠣᠯᠭᠠᠭᠤᠯᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ︽ᠨᠢᠭᠡ ᠬᠥᠯᠭᠡ ᠰᠢᠲᠠᠷ᠎ᠠ︾ ᠶᠢ ᠪᠡᠶᠡᠯᠡᠭᠦᠯᠵᠦ᠂ ᠬᠠᠤᠯᠢ ᠪᠠᠷ ᠵᠠᠰᠠᠬᠤ ᠪᠠᠶᠢᠭᠤᠯᠤᠯᠲᠠ  ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠶᠢ ᠬᠠᠩᠭᠠᠨ᠎ᠠ᠃  
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号