内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ  ᠶᠢᠨ ᠠᠷᠭ᠎ᠠ︾ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠳᠣᠲᠣᠭᠠᠳᠤ ᠶᠢ ᠬᠠᠮᠠᠭᠠᠯᠠᠬᠤ ᠶᠠᠮᠤᠨ  ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠲᠣᠭᠲᠠᠭᠠᠯ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ  ᠶᠢᠨ ᠶᠠᠮᠤᠨ  ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠣᠲᠣᠭᠠᠳᠤ ᠶᠢ ᠬᠠᠮᠠᠭᠠᠯᠠᠬᠤ ᠶᠠᠮᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ  ᠶᠢᠨ ᠶᠠᠮᠤᠨ ᠤ ᠵᠠᠷᠯᠢᠭ 2022 ᠣᠨ ᠤ 10 ᠳ᠋ᠤᠭᠠᠷ ᠲᠣᠭᠠᠲᠤ︶
        ᠨᠡᠶᠢᠲᠡᠯᠡᠭᠰᠡᠨ ᠴᠠᠭ᠄
        2022/5/6
             ︽ᠵᠠᠮ ᠬᠠᠷᠢᠯᠴᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠳᠣᠲᠣᠭᠠᠳᠤ ᠶᠢ ᠬᠠᠮᠠᠭᠠᠯᠠᠬᠤ ᠶᠠᠮᠤᠨ  ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠲᠣᠭᠲᠠᠭᠠᠯ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠣᠲᠣᠭᠠᠳᠤ ᠶᠢ ᠬᠠᠮᠠᠭᠠᠯᠠᠬᠤ ᠶᠠᠮᠤᠨ  ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠵᠠᠷᠯᠢᠭ 2022 ᠣᠨ ᠤ 10 ᠳ᠋ᠤᠭᠠᠷ ᠲᠣᠭᠠᠲᠤ︶      ︽︿ᠵᠠᠮ ᠬᠠᠷᠢᠯᠴᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ 2021 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 23 ᠳ᠋ᠤᠭᠠᠷ ᠤᠳᠠᠭᠠᠨ ᠤ ᠶᠠᠮᠤᠨ ᠤ ᠶᠠᠪᠤᠳᠠᠯ ᠤᠨ ᠬᠤᠷᠠᠯ ᠢᠶᠠᠷ ᠪᠠᠲᠤᠯᠠᠭᠰᠠᠨ ᠪᠥᠭᠡᠳ ᠳᠣᠲᠣᠭᠠᠳᠤ ᠶᠢ ᠬᠠᠮᠠᠭᠠᠯᠠᠬᠤ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠢᠶᠠᠷ ᠵᠥᠪᠰᠢᠶᠡᠷᠡᠭᠦᠯᠦᠭᠡᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                          ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠠᠶᠢᠳ  ᠯᠢ ᠰᠢᠶᠤᠤ ᠫᠧᠩ                          ᠳᠣᠲᠣᠭᠠᠳᠤ ᠶᠢ ᠬᠠᠮᠠᠭᠠᠯᠠᠬᠤ ᠶᠠᠮᠤᠨ ᠤ ᠰᠠᠶᠢᠳ  ᠵᠣᠣ ᠺᠧ ᡁᠢ                          ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠰᠠᠶᠢᠳ  ᠬᠤᠸᠠᠩ ᠮᠢᠩ                          2022 ᠣᠨ ᠤ 2 ᠳ᠋ᠤᠭᠠᠷ ᠰᠠᠷ᠎ᠠ ᠶᠢᠨ 14 ᠤ ᠡᠳᠦᠷ      ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠳᠣᠲᠣᠭᠠᠳᠤ ᠶᠢ ᠬᠠᠮᠠᠭᠠᠯᠠᠬᠤ ᠶᠠᠮᠤᠨ  ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ︽ᠵᠠᠮ ᠬᠠᠷᠢᠯᠴᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ      ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ︽ᠵᠠᠮ ᠬᠠᠷᠢᠯᠴᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠳᠣᠲᠣᠭᠠᠳᠤ ᠶᠢ ᠬᠠᠮᠠᠭᠠᠯᠠᠬᠤ ᠶᠠᠮᠤᠨ  ᠤᠯᠤᠰ ᠤᠨ ᠠᠶᠤᠯᠭᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠵᠠᠷᠯᠢᠭ 2016 ᠣᠨ ᠤ 55 ᠳ᠋ᠤᠭᠠᠷ ᠲᠣᠭᠠᠲᠤ︶ ᠳᠤ ᠳᠣᠤᠷᠠᠬᠢ ᠮᠡᠲᠦ ᠵᠠᠰᠠᠪᠤᠷᠢ ᠣᠷᠣᠭᠤᠯᠬᠤ ᠪᠠᠷ ᠲᠣᠭᠲᠠᠭᠠᠪᠠ᠄      ᠨᠢᠭᠡ᠂ ᠵᠢᠷᠭᠤᠳᠤᠭᠠᠷ ᠵᠦᠢᠯ ᠤᠨ ᠨᠢᠭᠡᠳᠦᠭᠡᠷ ᠵᠤᠷᠪᠤᠰ ᠲᠠᠬᠢ ︽JT/T 796︾ ᠭᠡᠳᠡᠭ ᠢ ︽GB/T 35658︾ ᠭᠡᠵᠦ ᠵᠠᠰᠠᠪᠠ᠃      ᠬᠤᠶᠠᠷ᠂ ᠵᠢᠷᠭᠤᠳᠤᠭᠠᠷ ᠵᠦᠶᠯ᠂ ᠳᠣᠯᠣᠳᠤᠭᠠᠷ ᠵᠦᠶᠯ ᠳᠠᠬᠢ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ ᠲᠣᠭᠲᠠᠭᠠᠬᠤ ᠰᠢᠰᠲ᠋ᠧᠮ ᠤᠨ ᠦᠵᠦᠭᠦᠷ ᠤᠨ ᠮᠡᠳᠡᠭᠡᠯᠡᠯ ᠤᠨ ᠵᠥᠪᠯᠡᠯᠴᠡᠭᠡᠷ ᠬᠢᠭᠡᠳ ᠲᠤᠭ᠎ᠠ ᠪᠠᠷᠢᠮᠲᠠ ᠶᠢᠨ ᠵᠠᠭᠪᠤᠷ︾ ᠢ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ ᠲᠣᠭᠲᠠᠭᠠᠬᠤ ᠰᠢᠰᠲ᠋ᠧᠮ ᠤᠨ ᠦᠵᠦᠭᠦᠷ ᠤᠨ ᠬᠤᠯᠪᠣᠭᠠᠨ ᠤ ᠵᠥᠪᠯᠡᠯᠴᠡᠭᠡᠷ ᠬᠢᠭᠡᠳ ᠲᠤᠭ᠎ᠠ ᠪᠠᠷᠢᠮᠲᠠ ᠶᠢᠨ ᠵᠠᠭᠪᠤᠷ︾ ᠭᠡᠵᠦ ᠵᠠᠰᠠᠪᠤᠷᠢ ᠣᠷᠤᠭᠤᠯᠪᠠ᠃      ᠭᠤᠷᠪᠠ᠂ ᠨᠠᠢᠮᠠᠳᠤᠭᠠᠷ ᠵᠦᠢᠯ ᠢ ᠬᠠᠰᠤᠪᠠ᠃      ᠳᠥᠷᠪᠡ᠂ ᠠᠷᠪᠠᠳᠤᠭᠠᠷ ᠵᠦᠶᠯ ᠢ ᠶᠢᠰᠦᠳᠦᠭᠡᠷ ᠵᠦᠶᠯ ᠪᠣᠯᠭᠠᠵᠤ᠄ ︽ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠰᠢᠨ᠎ᠡ ᠪᠠᠷ ᠪᠠᠶᠢᠭᠤᠯᠬᠤ ᠪᠤᠶᠤ ᠬᠢᠨᠠᠨ ᠡᠵᠡᠮᠳᠡᠬᠦ ᠲᠠᠪᠴᠠᠩ ᠢᠶᠠᠨ ᠬᠤᠪᠢᠷᠠᠭᠤᠯᠬᠤ ᠳᠤ᠂ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ ᠤᠤᠯ ᠤᠨ ︿ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ  ᠤᠨ ᠦᠨᠡᠮᠯᠡᠯ﹀ ᠣᠯᠭᠤᠭᠰᠠᠨ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠳᠠᠩᠰᠠᠯᠠᠭᠤᠯᠬᠤ ᠬᠡᠷᠡᠭᠲᠡᠶ᠃︾ ᠭᠡᠵᠦ ᠵᠠᠰᠠᠪᠤᠷᠢ ᠣᠷᠤᠭᠤᠯᠪᠠ᠃      ᠲᠠᠪᠤ᠂ ᠠᠷᠪᠠᠨ ᠨᠢᠭᠡᠳᠦᠭᠡᠷ ᠵᠦᠢᠯ ᠢ ᠠᠷᠪᠠᠳᠤᠭᠠᠷ ᠵᠦᠢᠯ ᠪᠣᠯᠭᠠᠵᠤ᠂ ᠳᠥᠷᠪᠡᠳᠦᠭᠡᠷ ᠵᠤᠷᠪᠤᠰ ᠢ ᠬᠠᠰᠤᠪᠠ᠃      ᠵᠢᠷᠭᠤᠭ᠎ᠠ᠂ ᠠᠷᠪᠠ ᠶᠢᠰᠦᠳᠦᠭᠡᠷ ᠵᠦᠶᠯ ᠢ ᠠᠷᠪᠠᠨ ᠨᠠᠶᠮᠠᠳᠤᠭᠠᠷ ᠵᠦᠶᠯ ᠪᠣᠯᠭᠠᠵᠤ᠂ ᠲᠡᠭᠦᠨ ᠤ ᠳᠣᠲᠣᠷᠠᠬᠢ ︽ᠰᠢᠰᠲ᠋ᠧᠮ ᠤᠨ ᠲᠤᠭ᠎ᠠ ᠪᠠᠷᠢᠮᠲᠠ ᠶᠢ ᠴᠠᠭ ᠢᠮᠠᠭᠲᠠ ᠪᠤᠶᠤ ᠲᠣᠭᠲᠠᠮᠠᠯ ᠬᠤᠭᠤᠴᠠᠭ᠎ᠠ ᠲᠠᠢ ᠪᠠᠷ ᠭᠠᠷᠭᠠᠨ ᠠᠪᠬᠤ︾ ᠭᠡᠳᠡᠭ ᠢ ︽ᠰᠢᠰᠲ᠋ᠧᠮ ᠳᠠᠬᠢ ᠪᠦᠬᠦ ᠤᠯᠤᠰ ᠤᠨ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠳᠡᠯᠦᠩᠭᠦᠢ ᠪᠠᠶᠢᠳᠠᠯ ᠢ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠴᠠᠭ ᠢᠮᠠᠭᠲᠠ ᠪᠤᠶᠤ ᠲᠣᠭᠲᠠᠮᠠᠯ ᠬᠤᠭᠤᠴᠠᠭ᠎ᠠ ᠲᠠᠢ ᠪᠠᠷ ᠭᠠᠷᠭᠠᠨ ᠠᠪᠬᠤ︾ ᠭᠡᠵᠦ ᠵᠠᠰᠠᠪᠤᠷᠢ ᠣᠷᠤᠭᠤᠯᠪᠠ᠃      ᠳᠣᠯᠤᠭ᠎ᠠ᠂ ᠬᠤᠷᠢᠨ ᠳᠥᠷᠪᠡᠳᠦᠭᠡᠷ ᠵᠦᠶᠯ ᠢ ᠬᠤᠷᠢᠨ ᠭᠤᠷᠪᠠᠳᠤᠭᠠᠷ ᠵᠦᠶᠯ ᠪᠣᠯᠭᠠᠵᠤ᠂ ᠲᠡᠭᠦᠨ ᠤ ᠳᠣᠲᠣᠷᠠᠬᠢ ︽ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ  ᠶᠢᠨ ᠬᠠᠮᠢᠶ᠎ᠠ ᠪᠦᠬᠦᠢ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ︾ ᠭᠡᠳᠡᠭ ᠢ ︽ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ︾ ᠭᠡᠵᠦ ᠵᠠᠰᠠᠪᠤᠷᠢ ᠣᠷᠣᠭᠤᠯᠪᠠ᠃      ᠨᠠᠢᠮᠠ᠂ ᠭᠤᠴᠢᠨ ᠵᠢᠷᠭᠤᠳᠤᠭᠠᠷ ᠵᠦᠢᠯ ᠢ ᠭᠤᠴᠢᠨ ᠲᠠᠪᠤᠳᠤᠭᠠᠷ ᠵᠦᠢᠯ ᠪᠣᠯᠭᠠᠵᠤ᠂ ᠲᠡᠭᠦᠨ ᠤ ᠳᠣᠲᠣᠷᠠᠬᠢ ︽3000 ᠲᠥᠭᠦᠷᠢᠭ ᠠᠴᠠ ᠳᠡᠭᠡᠭᠰᠢ 8000 ᠲᠥᠭᠦᠷᠢᠭ ᠠᠴᠠ ᠳᠣᠷᠣᠭᠰᠢ︾ ᠭᠡᠳᠡᠭ ᠢ ︽1000 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠤᠭᠰᠢ︾ ᠭᠡᠵᠦ ᠵᠠᠰᠠᠵᠤ᠂ ᠭᠤᠷᠪᠠᠳᠤᠭᠠᠷ ᠵᠤᠷᠪᠤᠰ  ᠲᠠᠬᠢ ︽ᠲᠣᠭᠲᠠᠭᠠᠯ ᠶᠣᠰᠣᠭᠠᠷ ᠲᠤᠰᠬᠠᠢ ᠬᠢᠨᠠᠨ ᠡᠵᠡᠮᠳᠡᠬᠦ ᠠᠵᠢᠯᠳᠠᠨ ᠲᠤᠬᠢᠷᠠᠭᠤᠯᠤᠬᠰᠠᠨ ᠦᠭᠡᠢ︾ ᠭᠡᠳᠡᠭ ᠢ ︽ᠲᠣᠭᠲᠠᠭᠠᠯ ᠶᠣᠰᠣᠭᠠᠷ ᠲᠤᠰᠬᠠᠢ ᠬᠢᠨᠠᠨ ᠡᠵᠡᠮᠳᠡᠬᠦ ᠠᠵᠢᠯᠳᠠᠨ ᠲᠤᠬᠢᠷᠠᠭᠤᠯᠤᠬᠰᠠᠨ ᠦᠭᠡᠢ᠂ ᠡᠰᠡᠬᠦᠯ᠎ᠡ ᠬᠢᠨᠠᠨ ᠡᠵᠡᠮᠳᠡᠬᠦ ᠠᠵᠢᠯᠳᠠᠨ ᠬᠢᠨᠠᠨ ᠡᠵᠡᠮᠳᠡᠬᠦ ᠲᠤᠰᠢᠶᠠᠯ ᠬᠠᠷᠢᠭᠤᠴᠠᠯᠭ᠎ᠠ ᠪᠠᠨ ᠪᠦᠲᠦᠮᠵᠢᠲᠡᠢ ᠭᠦᠢᠴᠡᠳᠬᠡᠭᠰᠡᠨ ᠦᠭᠡᠢ︾ ᠭᠡᠵᠦ ᠵᠠᠰᠠᠪᠤᠷᠢ ᠣᠷᠣᠭᠤᠯᠪᠠ᠃      ᠶᠢᠰᠦ᠂ ᠭᠤᠴᠢᠨ ᠳᠣᠯᠣᠳᠤᠭᠠᠷ ᠵᠦᠶᠯ ᠢ ᠭᠤᠴᠢᠨ ᠵᠢᠷᠭᠤᠳᠤᠭᠠᠷ ᠵᠦᠶᠯ ᠪᠣᠯᠭᠠᠵᠤ᠄ ︽ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠵᠠᠮ ᠲᠡᠭᠡᠭᠡᠪᠦᠷᠢ ᠶᠢᠨ ᠡᠵᠡᠩᠨᠡᠭᠴᠢ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠢ ᠬᠡᠷᠡᠭᠯᠡᠵᠦ ᠪᠠᠶᠢᠭᠠᠳ ᠰᠦᠯᠵᠢᠶᠡᠨ ᠳᠡᠭᠡᠷ᠎ᠡ ᠪᠠᠶᠢᠵᠤ ᠳᠡᠶᠢᠯᠬᠦ ᠦᠭᠡᠢ ᠲᠡᠭᠡᠭᠡᠪᠦᠷᠢ ᠶᠢᠨ ᠲᠡᠷᠭᠡ ᠬᠥᠰᠬᠡ ᠨᠢ ᠡᠵᠡᠩᠨᠡᠯᠲᠡ ᠶᠢᠨ ᠠᠵᠢᠯᠯᠠᠭ᠎ᠠ ᠬᠢᠪᠡᠯ᠂ ᠰᠢᠶᠠᠨ ᠤ ᠱᠠᠲᠤᠨ ᠠᠴᠠ ᠳᠡᠭᠡᠭᠰᠢᠬᠢ ᠵᠠᠮ ᠲᠡᠭᠡᠭᠡᠪᠦᠷᠢ  ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠡᠭᠦᠨ ᠢ ᠰᠤᠷᠭᠠᠨ ᠬᠥᠮᠦᠵᠢᠭᠦᠯᠬᠦ ᠶᠢᠨ ᠬᠠᠮᠲᠤ ᠵᠠᠷᠯᠢᠭᠳᠠᠨ ᠵᠠᠯᠠᠷᠠᠭᠤᠯᠵᠤ᠂ ᠵᠠᠯᠠᠷᠠᠭᠤᠯᠬᠤ ᠦᠭᠡᠶ ᠪᠤᠶᠤ ᠵᠠᠯᠠᠷᠠᠭᠤᠯᠤᠭᠰᠠᠨ ᠤ ᠳᠠᠷᠠᠭ᠎ᠠ ᠠᠳᠠᠯᠢ ᠲᠥᠷᠥᠯ ᠤᠨ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠳᠠᠬᠢᠨ ᠭᠠᠷᠤᠭᠰᠠᠨ ᠪᠣᠯ᠂ 200 ᠲᠥᠭᠦᠷᠢᠭ ᠠᠴᠠ ᠳᠡᠭᠡᠭᠰᠢ 800 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︾ ᠭᠡᠵᠦ ᠵᠠᠰᠠᠪᠤᠷᠢ ᠣᠷᠣᠭᠤᠯᠪᠠ᠃      ᠠᠷᠪᠠ᠂ ᠭᠤᠴᠢᠨ ᠨᠠᠶᠮᠠᠳᠤᠭᠠᠷ ᠵᠦᠶᠯ ᠢ ᠭᠤᠴᠢᠨ ᠳᠣᠯᠣᠳᠤᠭᠠᠷ ᠵᠦᠶᠯ ᠪᠣᠯᠭᠠᠵᠤ᠄ ︽ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠪᠤᠶᠤ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ  ᠪᠠᠶᠢᠳᠠᠯ ᠤᠨ ᠬᠢᠨᠠᠨ ᠡᠵᠡᠮᠳᠡᠬᠦ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ ᠪᠠᠶᠢᠭ᠎ᠠ ᠨᠢᠭᠡᠴᠢ ᠨᠢ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠭᠰᠡᠨ᠂ ᠬᠠᠰᠤᠭᠰᠠᠨ ᠪᠣᠯ᠂ ᠰᠢᠶᠠᠨ ᠤ ᠱᠠᠲᠤᠨ ᠠᠴᠠ ᠳᠡᠭᠡᠭᠰᠢᠬᠢ ᠵᠠᠮ ᠲᠡᠭᠡᠭᠡᠪᠦᠷᠢ  ᠶᠢᠨ ᠬᠠᠮᠢᠶᠠᠷᠤᠯᠲᠠ ᠶᠢᠨ ᠪᠠᠶᠢᠭᠤᠯᠤᠮᠵᠢ ᠵᠠᠷᠯᠢᠭᠳᠠᠨ ᠵᠠᠯᠠᠷᠠᠭᠤᠯᠵᠤ᠂ 500 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃︾ ᠭᠡᠵᠦ ᠵᠠᠰᠠᠪᠤᠷᠢ ᠣᠷᠤᠭᠤᠯᠪᠠ᠃      ᠠᠷᠪᠠᠨ ᠨᠢᠭᠡ᠂ ︽ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ︾ ᠢ ︽ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ︾ ᠭᠡᠵᠦ ᠨᠢᠭᠡᠳᠦᠯᠲᠡᠢ ᠵᠠᠰᠠᠪᠠ᠃      ᠵᠦᠢᠯ ᠵᠤᠷᠪᠤᠰ ᠤᠨ ᠳ᠋ᠤᠭᠠᠷᠯᠠᠯ ᠪᠠ ᠣᠨᠴᠠ ᠵᠠᠷᠢᠮ ᠤᠢᠰᠦᠭ ᠪᠢᠴᠢᠭ ᠲᠤ ᠵᠣᠬᠢᠴᠠᠩᠭᠤᠢ ᠲᠤᠬᠢᠷᠡᠭᠤᠯᠦᠯᠳᠠ ᠬᠢᠪᠡ᠃      ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠤ ᠲᠤᠰ ᠲᠣᠭᠲᠠᠭᠠᠯ ᠢ ᠦᠨᠳᠦᠰᠦᠯᠡᠨ ᠵᠣᠬᠢᠴᠠᠩᠭᠤᠶ ᠵᠠᠰᠠᠪᠤᠷᠢ ᠣᠷᠣᠭᠤᠯᠵᠤ᠂ ᠳᠠᠬᠢᠵᠤ ᠨᠡᠶᠢᠲᠡᠯᠡᠪᠡ᠃      ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ      ︵2014 ᠣᠨ ᠤ 1 ᠳ᠋ᠦ᠋ᠭᠡᠷ ᠰᠠᠷ᠎ᠠ ᠶᠢᠨ 28 ᠤ ᠡᠳᠦᠷ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠳᠣᠲᠣᠭᠠᠳᠤ ᠶᠢ ᠬᠠᠮᠠᠭᠠᠯᠠᠬᠤ ᠶᠠᠮᠤᠨ  ᠤᠯᠤᠰ ᠤᠨ ᠠᠶᠤᠯᠭᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠨᠡᠶᠢᠲᠡᠯᠡᠪᠡ  2016 ᠣᠨ ᠤ 4 ᠳ᠋ᠦ᠋ᠭᠡᠷ ᠰᠠᠷ᠎ᠠ ᠶᠢᠨ 20 ᠤ ᠡᠳᠦᠷ ᠤᠨ ︽︿ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠳᠣᠲᠣᠭᠠᠳᠤ ᠶᠢ ᠬᠠᠮᠠᠭᠠᠯᠠᠬᠤ ᠶᠠᠮᠤᠨ  ᠤᠯᠤᠰ ᠤᠨ ᠠᠶᠤᠯᠭᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠲᠣᠭᠲᠠᠭᠠᠯ︾ ᠢ ᠦᠨᠳᠦᠰᠦᠯᠡᠨ ᠠᠩᠬ᠎ᠠ ᠤᠳᠠᠭ᠎ᠠ ᠵᠠᠰᠠᠪᠤᠷᠢ ᠣᠷᠣᠭᠤᠯᠪᠠ  2022 ᠣᠨ ᠤ 2 ᠳ᠋ᠤᠭᠠᠷ ᠰᠠᠷ᠎ᠠ ᠶᠢᠨ 14 ᠤ ᠡᠳᠦᠷ ᠤᠨ ︽︿ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ  ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠳᠣᠲᠣᠭᠠᠳᠤ ᠶᠢ ᠬᠠᠮᠠᠭᠠᠯᠠᠬᠤ ᠶᠠᠮᠤᠨ  ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠲᠣᠭᠲᠠᠭᠠᠯ︾ ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠤᠷᠢ ᠣᠷᠣᠭᠤᠯᠪᠠ︶      ᠨᠢᠭᠡᠳᠦᠭᠡᠷ ᠪᠦᠯᠦᠭ  ᠶᠡᠷᠦᠩᠬᠡᠢ ᠳᠦᠷᠢᠮ      ᠨᠢᠭᠡᠳᠦᠭᠡᠷ ᠵᠦᠢᠯ  ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ᠪᠠ ᠪᠠᠭᠠᠰᠬᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠵᠠᠮ ᠲᠡᠭᠡᠭᠡᠪᠦᠷᠢ ᠶᠢᠨ ᠲᠡᠷᠭᠡ ᠬᠥᠰᠬᠡ ᠠᠶᠠᠯᠠᠬᠤ ᠶᠢ ᠲᠡᠮᠳᠡᠭᠯᠡᠬᠦ ᠴᠢᠳᠠᠮᠵᠢ ᠲᠠᠢ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ︵ᠳᠣᠷᠣᠭᠰᠢ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠭᠡᠵᠦ ᠲᠣᠪᠴᠢᠯᠠᠨ᠎ᠠ︶ ᠵᠢᠴᠢ ᠬᠠᠮᠢᠶ᠎ᠠ ᠪᠦᠬᠦᠢ ᠠᠮᠤᠷ ᠲᠥᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯᠯᠠᠭ᠎ᠠ ᠳᠤ ᠲᠤᠰ ᠠᠷᠭ᠎ᠠ ᠲᠣᠬᠢᠷᠠᠨ᠎ᠠ᠃      ᠭᠤᠷᠪᠠᠳᠤᠭᠠᠷ ᠵᠦᠢᠯ  ᠲᠤᠰ ᠠᠷᠭ᠎ᠠ ᠳᠤ ᠬᠡᠯᠡᠵᠦ ᠪᠠᠶᠢᠭ᠎ᠠ ᠵᠠᠮ ᠲᠡᠭᠡᠭᠡᠪᠦᠷᠢ ᠶᠢᠨ ᠲᠡᠷᠭᠡ ᠬᠥᠰᠬᠡ ᠭᠡᠳᠡᠭ  ᠲᠤ᠂ ᠵᠠᠰᠠᠮᠠᠯ ᠵᠠᠮ ᠤᠨ ᠲᠡᠭᠡᠭᠡᠪᠦᠷᠢ ᠶᠢᠨ ᠡᠵᠡᠩᠨᠡᠯᠲᠡ ᠳᠤ ᠬᠡᠷᠡᠭᠯᠡᠬᠦ ᠠᠶᠠᠨᠴᠢᠳ ᠲᠡᠭᠡᠭᠡᠪᠦᠷᠢᠯᠡᠬᠦ ᠮᠠᠰᠢᠨ ᠲᠡᠷᠭᠡ᠂ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠂ ᠰᠠᠯᠤᠩᠬᠢ ᠴᠢᠷᠦᠭᠦᠯ ᠲᠡᠷᠭᠡ ᠬᠢᠭᠡᠳ ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ︵ᠶᠡᠷᠦᠩᠬᠡᠶ ᠮᠠᠰ ᠨᠢ 12 ᠲᠣᠨ ᠵᠢᠴᠢ ᠲᠡᠭᠦᠨ ᠠᠴᠠ ᠳᠡᠭᠡᠭᠰᠢᠬᠢ ᠡᠩ  ᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ︶ ᠪᠠᠭᠲᠠᠨ᠎ᠠ᠃      ᠳᠥᠷᠪᠡᠳᠦᠭᠡᠷ ᠵᠦᠢᠯ  ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠳᠤ ᠠᠵᠤ ᠠᠬᠤᠶᠢᠯᠠᠯ ᠬᠢᠨᠠᠨ ᠡᠵᠡᠮᠳᠡᠬᠦ᠂ ᠵᠠᠰᠠᠭ ᠤᠨ ᠣᠷᠳᠣᠨ ᠬᠢᠨᠠᠨ ᠬᠠᠮᠢᠶᠠᠷᠬᠤ᠂ ᠲᠣᠣᠷᠵᠢᠭᠤᠯᠵᠤ ᠬᠤᠯᠪᠣᠭᠠᠯᠠᠨ ᠡᠵᠡᠮᠳᠡᠬᠦ ᠵᠠᠷᠴᠢᠮ ᠢ ᠵᠢᠷᠤᠮᠯᠠᠬᠤ ᠬᠡᠷᠡᠭᠲᠡᠶ᠃      ᠲᠠᠪᠤᠳᠤᠭᠠᠷ ᠵᠦᠢᠯ  ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ᠂ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠳᠡᠯᠦᠩᠭᠦᠢ ᠪᠠᠶᠢᠳᠠᠯ ᠢ ᠬᠢᠨᠠᠨ ᠡᠵᠡᠮᠳᠡᠬᠦ ᠠᠵᠢᠯ ᠳᠤ ᠬᠠᠮᠲᠤᠷᠠᠨ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ᠃      ᠬᠤᠶᠠᠳᠤᠭᠠᠷ ᠪᠦᠯᠦᠭ  ᠰᠢᠰᠲ᠋ᠧᠮ ᠤᠨ ᠪᠠᠶᠢᠭᠤᠯᠤᠯᠲᠠ      ᠵᠢᠷᠭᠤᠳᠤᠭᠠᠷ ᠵᠦᠶᠯ  ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ ᠲᠣᠭᠲᠠᠭᠠᠬᠤ ᠰᠢᠰᠲ᠋ᠧᠮ ᠤᠨ ᠲᠠᠪᠴᠠᠩ ᠨᠢ ᠳᠣᠤᠷᠠᠬᠢ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄      ︵ᠨᠢᠭᠡ︶ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ ᠲᠣᠭᠲᠠᠭᠠᠬᠤ ᠰᠢᠰᠲ᠋ᠧᠮ ᠤᠨ ᠲᠠᠪᠴᠠᠩ ᠤᠨ ᠮᠡᠷᠭᠡᠵᠢᠯ ᠤᠨ ᠱᠠᠭᠠᠷᠳᠠᠯᠭ᠎ᠠ︾ ︵GB/T 35658︶︔      ︵ᠬᠤᠶᠠᠷ︶ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ ᠲᠣᠭᠲᠠᠭᠠᠬᠤ ᠰᠢᠰᠲ᠋ᠧᠮ ᠤᠨ ᠦᠵᠦᠭᠦᠷ ᠤᠨ ᠬᠤᠯᠪᠣᠭᠠᠨ ᠤ ᠵᠥᠪᠯᠡᠯᠴᠡᠭᠡᠷ ᠬᠢᠭᠡᠳ ᠲᠤᠭ᠎ᠠ ᠪᠠᠷᠢᠮᠲᠠ ᠶᠢᠨ ᠵᠠᠭᠪᠤᠷ︾ ︵JT/T 808︶︔      ︵ᠭᠤᠷᠪᠠ︶ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ ᠲᠣᠭᠲᠠᠭᠠᠬᠤ ᠰᠢᠰᠲ᠋ᠧᠮ ᠤᠨ ᠲᠠᠪᠴᠠᠩ ᠤᠨ ᠲᠤᠭ᠎ᠠ ᠪᠠᠷᠢᠮᠲᠠ ᠶᠢᠨ ᠰᠣᠯᠢᠯᠴᠠᠭ᠎ᠠ︾ ︵JT/T 809︶᠃      ᠳᠣᠯᠣᠳᠤᠭᠠᠷ ᠵᠦᠶᠯ  ᠵᠠᠮ ᠲᠡᠭᠡᠭᠡᠪᠦᠷᠢ ᠶᠢᠨ ᠲᠡᠷᠭᠡ ᠬᠥᠰᠬᠡ ᠳᠡᠭᠡᠷ᠎ᠡ ᠤᠭᠰᠠᠷᠠᠭᠰᠠᠨ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠨᠢ ᠳᠣᠤᠷᠠᠬᠢ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄      ︵ᠨᠢᠭᠡ︶ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ ᠲᠣᠭᠲᠠᠭᠠᠬᠤ  ᠰᠢᠰᠲ᠋ᠧᠮ ᠤᠨ ᠲᠡᠷᠭᠡᠨ ᠳᠡᠭᠡᠷᠡᠬᠢ ᠦᠵᠦᠭᠦᠷ ᠤᠨ ᠮᠡᠷᠭᠡᠵᠢᠯ ᠤᠨ ᠱᠠᠭᠠᠷᠳᠠᠯᠭ᠎ᠠ︾ ︵JT/T 794︶︔      ︵ᠬᠤᠶᠠᠷ︶ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ ᠲᠣᠭᠲᠠᠭᠠᠬᠤ ᠰᠢᠰᠲ᠋ᠧᠮ ᠤᠨ ᠦᠵᠦᠭᠦᠷ ᠤᠨ ᠬᠤᠯᠪᠣᠭᠠᠨ ᠤ ᠵᠥᠪᠯᠡᠯᠴᠡᠭᠡᠷ ᠬᠢᠭᠡᠳ ᠲᠤᠭ᠎ᠠ ᠪᠠᠷᠢᠮᠲᠠ ᠶᠢᠨ ᠵᠠᠭᠪᠤᠷ︾ ︵JT/T 808︶︔      ︵ᠭᠤᠷᠪᠠ︶ ︽ᠮᠠᠰᠢᠨ ᠲᠡᠷᠭᠡᠨ ᠤ ᠠᠶᠠᠯᠠᠯ ᠤᠨ ᠠᠮᠤᠷ ᠲᠥᠪᠰᠢᠨ ᠤ ᠮᠡᠷᠭᠡᠵᠢᠯ ᠤᠨ ᠨᠥᠬᠦᠴᠡᠯ︾ ︵GB 7258︶︔      ︵ᠳᠦᠷᠪᠡ︶ ︽ᠮᠠᠰᠢᠨ ᠲᠡᠷᠭᠡᠨ ᠤ ᠠᠶᠠᠯᠠᠯ ᠤᠨ ᠲᠡᠮᠳᠡᠭᠯᠡᠭᠦᠷ︾ ︵GB/T 19056︶᠃      ᠨᠠᠶᠮᠠᠳᠤᠭᠠᠷ ᠵᠦᠶᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠵᠠᠮ ᠤᠨ ᠠᠶᠤᠯᠲᠠᠢ ᠪᠠᠷᠠᠭ᠎ᠠ ᠶᠢᠨ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ 50 ᠰᠠᠤᠷᠢ ᠵᠢᠴᠢ ᠲᠡᠭᠦᠨ ᠠᠴᠠ ᠳᠡᠭᠡᠭᠰᠢᠬᠢ ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠤᠶᠤ ᠴᠢᠷᠦᠭᠦᠯ ᠮᠠᠰᠢᠨ ᠲᠡᠷᠭᠡ ᠲᠠᠢ ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠪᠠᠷᠢᠮᠵᠢᠶ᠎ᠠ ᠶᠣᠰᠣᠭᠠᠷ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠳᠡᠯᠦᠩᠭᠦᠢ ᠪᠠᠶᠢᠳᠠᠯ ᠤᠨ ᠬᠢᠨᠠᠨ ᠡᠵᠡᠮᠳᠡᠬᠦ ᠲᠠᠪᠴᠠᠩ ᠢ ᠪᠦᠲᠦᠭᠡᠨ ᠪᠠᠶᠢᠭᠤᠯᠬᠤ ᠪᠤᠶᠤ ᠨᠥᠬᠦᠴᠡᠯ ᠳᠤ ᠨᠡᠶᠢᠴᠡᠬᠦ ᠨᠡᠶᠢᠭᠡᠮᠴᠢᠯᠡᠭᠰᠡᠨ ᠳᠠᠭᠠᠭᠤᠯᠢ ᠣᠳᠣᠨ ᠤ ᠣᠷᠣᠨ ᠲᠣᠭᠲᠠᠭᠠᠬᠤ ᠰᠢᠰᠲ᠋ᠧᠮ ᠤᠨ ᠬᠢᠨᠠᠨ ᠡᠵᠡᠮᠳᠡᠬᠦ ᠲᠠᠪᠴᠠᠩ ︵ᠳᠣᠷᠣᠭᠰᠢ ᠬᠢᠨᠠᠨ ᠡᠵᠡᠮᠳᠡᠬᠦ ᠲᠠᠪᠴᠠᠩ ᠭᠡᠵᠦ ᠶᠡᠷᠦᠩᠬᠡᠶᠢᠯᠡᠨ ᠨᠡᠷᠡᠯᠡᠨ᠎ᠡ︶ ᠢ ᠬᠡᠷᠡᠭᠯᠡᠵᠦ᠂ ᠬᠠᠷᠢᠶ᠎ᠠ ᠪᠦᠬᠦᠢ ᠵᠠᠮ ᠲᠡᠭᠡᠭᠡᠪᠦᠷᠢ ᠶᠢᠨ ᠲᠡᠷᠭᠡ ᠬᠥᠰᠬᠡ ᠪᠣᠯᠤᠨ ᠵᠢᠯᠣᠭᠤᠴᠢ ᠶᠢᠨ ᠠᠵᠢᠯᠯᠠᠭᠠᠨ ᠤ ᠶᠠᠪᠤᠴᠠ ᠶᠢ ᠴᠠᠭ ᠲᠤᠬᠠᠶ ᠳᠤ ᠨᠢ ᠬᠢᠨᠠᠨ ᠡᠵᠡᠮᠳᠡᠬᠦ ᠪᠠ ᠬᠠᠮᠢᠶᠠᠷᠬᠤ ᠬᠡᠷᠡᠭᠲᠡᠶ᠃      ᠶᠢᠰᠦᠳᠦᠭᠡᠷ ᠵᠦᠶᠯ  ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠬᠢᠨᠠᠨ ᠡᠵᠡᠮᠳᠡᠬᠦ ᠲᠠᠪᠴᠠᠩ ᠢ ᠰᠢᠨ᠎ᠡ ᠪᠠᠷ ᠪᠠᠶᠢᠭᠤᠯᠬᠤ ᠪᠤᠶᠤ ᠬᠤᠪᠢᠷᠠᠭᠠᠬᠤ ᠳᠤ᠂ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ ᠤᠤᠯ ᠤᠨ ︽ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠣᠯᠭᠤᠭᠰᠠᠨ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠳᠠᠩᠰᠠᠯᠠᠭᠤᠯᠬᠤ ᠬᠡᠷᠡᠭᠲᠡᠶ᠃      ᠠᠷᠪᠠᠳᠤᠭᠠᠷ ᠵᠦᠶᠯ  ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠨ ᠡᠵᠡᠮᠳᠡᠬᠦ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠳᠤ᠂ ᠮᠤᠵᠢ ᠶᠢᠨ ᠱᠠᠲᠤᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠳᠠᠩᠰᠠᠯᠠᠭᠤᠯᠬᠤ ᠶᠢᠨ ᠬᠠᠮᠲᠤ᠂ ᠳᠣᠤᠷᠠᠬᠢ ᠮᠠᠲ᠋ᠧᠷᠢᠶᠠᠯ ᠢ ᠬᠠᠩᠭᠠᠬᠤ ᠬᠡᠷᠡᠭᠲᠡᠶ᠄      ︵ᠨᠢᠭᠡ︶ ᠡᠵᠡᠩᠨᠡᠯᠲᠡ ᠶᠢᠨ ᠦᠨᠡᠮᠯᠡᠯ︔      ︵ᠬᠤᠶᠠᠷ︶ ᠦᠢᠯᠡᠴᠢᠯᠡᠭᠡᠨ ᠤ ᠬᠡᠯᠪᠡᠷᠢᠵᠢᠭᠰᠡᠨ ᠵᠦᠢᠯ ᠵᠤᠷᠪᠤᠰ᠂ ᠦᠢᠯᠡᠴᠢᠯᠡᠭᠡᠨ ᠤ ᠠᠮᠠᠯᠠᠯᠲᠠ︔      ︵ᠭᠤᠷᠪᠠ︶ ᠦᠢᠯᠡᠴᠢᠯᠡᠭᠡᠨ ᠤ ᠴᠢᠳᠠᠪᠤᠷᠢ ᠪᠠᠨ ᠭᠦᠢᠴᠡᠳᠬᠡᠭᠰᠡᠨ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ᠃      ᠠᠷᠪᠠᠨ ᠨᠢᠭᠡᠳᠦᠭᠡᠷ ᠵᠦᠢᠯ  ᠵᠢᠭᠤᠯᠴᠢᠯᠠᠯ ᠤᠨ ᠠᠶᠠᠨᠴᠢᠳ ᠤᠨ ᠲᠡᠷᠭᠡ᠂ ᠲᠡᠷᠭᠡ ᠳᠠᠭᠠᠭᠠᠴᠢᠯᠠᠭᠰᠠᠨ ᠠᠶᠠᠨᠴᠢᠳ ᠤᠨ ᠲᠡᠷᠭᠡ᠂ ᠭᠤᠷᠪᠠᠳᠤᠭᠠᠷ ᠲᠥᠷᠥᠯ ᠠᠴᠠ ᠳᠡᠭᠡᠭᠰᠢᠬᠢ ᠡᠭᠡᠯᠵᠢ ᠶᠢᠨ ᠱᠤᠭᠤᠮ ᠤᠨ ᠠᠶᠠᠨᠴᠢᠳ ᠤᠨ ᠲᠡᠷᠭᠡ ᠪᠣᠯᠤᠨ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠦᠢᠯᠡᠳᠪᠦᠷᠢ ᠠᠴᠠ ᠭᠠᠷᠭᠠᠬᠤ ᠠᠴᠠ ᠡᠮᠦᠨ᠎ᠡ ᠪᠠᠷᠢᠮᠵᠢᠶ᠎ᠠ ᠳᠤ ᠨᠡᠶᠢᠴᠡᠬᠦ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠤᠭᠰᠠᠷᠠᠬᠤ ᠬᠡᠷᠡᠭᠲᠡᠶ᠃ ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠣᠯᠤᠨ ᠰᠠᠯᠤᠩᠬᠢ ᠴᠢᠷᠦᠭᠦᠯ ᠲᠡᠷᠭᠡ ᠶᠢ ᠦᠢᠯᠡᠳᠪᠦᠷᠢ ᠠᠴᠠ ᠭᠠᠷᠭᠠᠬᠤ ᠠᠴᠠ ᠡᠮᠦᠨ᠎ᠡ ᠪᠠᠷᠢᠮᠵᠢᠶ᠎ᠠ ᠳᠤ ᠨᠡᠶᠢᠴᠡᠬᠦ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠤᠭᠰᠠᠷᠠᠬᠤ ᠶᠢᠨ ᠬᠠᠮᠲᠤ᠂ ᠪᠦᠬᠦ ᠤᠯᠤᠰ ᠤᠨ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠯᠠᠨ ᠨᠡᠶᠢᠲᠡ ᠶᠢᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ  ᠤ ᠲᠠᠪᠴᠠᠩ ᠳᠤ ᠵᠠᠯᠭᠠᠵᠤ ᠣᠷᠤᠭᠤᠯᠬᠤ ᠬᠡᠷᠡᠭᠲᠡᠢ ︵ᠳᠣᠷᠣᠭᠰᠢ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ  ᠶᠢᠨ ᠣᠯᠠᠨ ᠨᠡᠶᠢᠲᠡ ᠶᠢᠨ ᠲᠠᠪᠴᠠᠩ ᠭᠡᠵᠦ ᠲᠣᠪᠴᠢᠯᠠᠨ᠎ᠠ︶᠃      ᠲᠡᠷᠭᠡ ᠬᠥᠰᠬᠡ ᠦᠢᠯᠡᠳᠬᠦ ᠠᠵᠤ ᠠᠬᠤᠶᠢᠯᠠᠯ ᠨᠢ ᠵᠠᠮ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠢᠮᠵᠢᠶ᠎ᠠ  ᠳᠤ ᠨᠡᠶᠢᠴᠡᠬᠦ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠤᠭᠰᠠᠷᠠᠭᠰᠠᠨ ᠤ ᠳᠠᠷᠠᠭ᠎ᠠ᠂ ᠲᠡᠷᠭᠡ ᠬᠥᠰᠬᠡ ᠳᠤ ᠪᠠᠨ ᠬᠠᠮᠢᠶ᠎ᠠ ᠪᠦᠬᠦᠢ ᠤᠭᠰᠠᠷᠠᠬᠤ ᠭᠡᠷᠡᠴᠢ ᠮᠠᠲ᠋ᠧᠷᠢᠶᠠᠯ ᠢᠶᠠᠨ ᠳᠠᠭᠠᠯᠳᠤᠭᠤᠯᠬᠤ ᠬᠡᠷᠡᠭᠲᠡᠶ᠃      ᠠᠷᠪᠠᠨ ᠬᠤᠶᠠᠳᠤᠭᠠᠷ ᠵᠦᠢᠯ  ᠵᠠᠮ ᠲᠡᠭᠡᠭᠡᠪᠦᠷᠢ ᠶᠢᠨ ᠡᠵᠡᠩᠨᠡᠭᠴᠢ ᠨᠢ ᠪᠠᠷᠢᠮᠵᠢᠶ᠎ᠠ ᠳᠤ ᠨᠡᠶᠢᠴᠡᠭᠰᠡᠨ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠤᠭᠰᠠᠷᠠᠭᠰᠠᠨ ᠲᠡᠷᠭᠡ ᠬᠦᠰᠬᠡ ᠶᠢ ᠰᠣᠩᠭᠤᠨ ᠬᠤᠳᠠᠯᠳᠤᠨ ᠠᠪᠬᠤ ᠶᠢᠨ ᠬᠠᠮᠲᠤ ᠱᠠᠭᠠᠷᠳᠠᠯᠭ᠎ᠠ ᠳᠤ ᠨᠡᠶᠢᠴᠡᠭᠰᠡᠨ ᠬᠢᠨᠠᠨ ᠡᠵᠡᠮᠳᠡᠬᠦ ᠲᠠᠪᠴᠠᠩ ᠵᠠᠯᠭᠠᠵᠤ ᠣᠷᠣᠭᠤᠯᠬᠤ ᠬᠡᠷᠡᠭᠲᠡᠶ᠃      ᠠᠷᠪᠠᠨ ᠭᠤᠷᠪᠠᠳᠤᠭᠠᠷ ᠵᠦᠢᠯ  ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠬᠢᠨᠠᠨ ᠡᠵᠡᠮᠳᠡᠬᠦ ᠲᠠᠪᠴᠠᠩ ᠤᠨ ᠳᠣᠲᠣᠷ᠎ᠠ ᠪᠠᠨ ᠬᠠᠷᠢᠶ᠎ᠠ ᠪᠦᠬᠦᠢ ᠵᠠᠮ ᠲᠡᠭᠡᠭᠡᠪᠦᠷᠢ ᠶᠢᠨ ᠲᠡᠷᠭᠡ ᠬᠥᠰᠬᠡ ᠪᠣᠯᠤᠨ ᠵᠢᠯᠣᠭᠤᠴᠢ ᠶᠢᠨ ᠰᠠᠭᠤᠷᠢ ᠮᠠᠲ᠋ᠧᠷᠢᠶᠠᠯ ᠵᠡᠷᠭᠡ ᠮᠡᠳᠡᠭᠡ ᠵᠠᠩᠭᠢ ᠶᠢ ᠪᠦᠷᠢᠨ ᠭᠦᠢᠴᠡᠳ᠂ ᠣᠨᠣᠪᠴᠢᠲᠠᠶ ᠰᠢᠩᠭᠡᠭᠡᠨ ᠣᠷᠣᠭᠤᠯᠬᠤ ᠶᠢᠨ ᠬᠠᠮᠲᠤ ᠴᠠᠭ ᠲᠤᠬᠠᠶ ᠳᠤ ᠨᠢ ᠰᠢᠨᠡᠳᠬᠡᠬᠦ ᠬᠡᠷᠡᠭᠲᠡᠶ᠃      ᠠᠷᠪᠠᠨ ᠳᠥᠷᠪᠡᠳᠦᠭᠡᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ ᠵᠠᠮ ᠢᠶᠠᠷ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠤᠨ ᠬᠢᠨᠠᠨ ᠡᠵᠡᠮᠳᠡᠬᠦ ᠲᠠᠪᠴᠠᠩ ᠢ ᠪᠦᠬᠦ ᠤᠯᠤᠰ  ᠤᠨ ᠭᠤᠣᠯᠳᠠᠯᠭ᠎ᠠ ᠲᠠᠢ ᠡᠵᠡᠩᠨᠡᠯᠲᠡ ᠶᠢᠨ ᠲᠡᠷᠭᠡ ᠬᠥᠰᠬᠡ ᠶᠢᠨ ᠲᠣᠣᠷᠵᠢᠭᠤᠯᠵᠤ ᠬᠤᠯᠪᠣᠭᠠᠯᠠᠨ ᠡᠵᠡᠮᠳᠡᠬᠦ ᠰᠢᠰᠲ᠋ᠧᠮ ︵ᠳᠣᠷᠣᠭᠰᠢ ᠲᠣᠣᠷᠵᠢᠭᠤᠯᠵᠤ ᠬᠤᠯᠪᠣᠭᠠᠯᠠᠨ ᠡᠵᠡᠮᠳᠡᠬᠦ ᠰᠢᠰᠲ᠋ᠧᠮ ᠭᠡᠵᠦ ᠲᠣᠪᠴᠢᠯᠠᠨ᠎ᠠ︶ ᠳᠤ ᠵᠠᠯᠭᠠᠵᠤ ᠣᠷᠣᠭᠤᠯᠬᠤ ᠶᠢᠨ ᠬᠠᠮᠲᠤ᠂ ᠱᠠᠭᠠᠷᠳᠠᠯᠭ᠎ᠠ ᠶᠣᠰᠣᠭᠠᠷ ᠲᠡᠷᠭᠡ ᠬᠥᠰᠬᠡ ᠠᠶᠠᠯᠠᠬᠤ ᠬᠦᠳᠡᠯᠦᠩᠭᠦᠢ ᠪᠠᠶᠢᠳᠠᠯ ᠤᠨ ᠮᠡᠳᠡᠭᠡ ᠵᠠᠩᠭᠢ ᠪᠣᠯᠤᠨ ᠠᠵᠤ ᠠᠬᠤᠶᠢᠯᠠᠯ᠂ ᠵᠢᠯᠣᠭᠤᠴᠢ᠂ ᠲᠡᠷᠭᠡ ᠬᠥᠰᠬᠡ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠱᠠᠲᠤ ᠳᠠᠷᠠᠭᠠᠯᠠᠨ ᠪᠦᠬᠦ ᠤᠯᠤᠰ ᠤᠨ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠳᠡᠯᠦᠩᠭᠦᠢ ᠪᠠᠶᠢᠳᠠᠯ ᠤᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠰᠣᠯᠢᠯᠴᠠᠭᠠᠨ ᠤ ᠲᠠᠪᠴᠠᠩ ᠳᠤ ᠳᠠᠮᠵᠢᠭᠤᠯᠬᠤ ᠬᠡᠷᠡᠭᠲᠡᠶ᠃      ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠤᠨ ᠬᠢᠨᠠᠨ ᠡᠵᠡᠮᠳᠡᠬᠦ ᠲᠠᠪᠴᠠᠩ ᠢ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ ᠯᠤᠭ᠎ᠠ ᠵᠣᠯᠭᠠᠭᠤᠯᠵᠤ᠂ ᠱᠠᠭᠠᠷᠳᠠᠯᠭ᠎ᠠ ᠶᠣᠰᠣᠭᠠᠷ ᠠᠵᠤ ᠠᠬᠤᠶᠢᠯᠠᠯ᠂ ᠵᠢᠯᠣᠭᠤᠴᠢ᠂ ᠲᠡᠷᠭᠡ ᠬᠥᠰᠬᠡ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ ᠳᠤ ᠳᠠᠮᠵᠢᠭᠤᠯᠬᠤ ᠶᠢᠨ ᠬᠠᠮᠲᠤ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ ᠳᠤ ᠳᠠᠮᠵᠢᠭᠤᠯᠬᠤ ᠶᠢᠨ ᠬᠠᠮᠲᠤ᠂ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ ᠠᠴᠠ ᠳᠠᠮᠵᠢᠭᠤᠯᠤᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠠᠶᠠᠯᠠᠬᠤ ᠬᠦᠳᠡᠯᠦᠩᠭᠦᠢ ᠪᠠᠶᠢᠳᠠᠯ ᠤᠨ ᠮᠡᠳᠡᠭᠡ ᠵᠠᠩᠭᠢ ᠶᠢ ᠬᠦᠯᠢᠶᠡᠨ ᠠᠪᠬᠤ ᠬᠡᠷᠡᠭᠲᠡᠶ᠃      ᠠᠷᠪᠠᠨ ᠲᠠᠪᠤᠳᠤᠭᠠᠷ ᠵᠦᠢᠯ  ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠡᠭᠡᠭᠡᠪᠦᠷᠢ ᠡᠵᠡᠩᠨᠡᠬᠦ ᠭᠠᠷᠳᠠᠮ ᠭᠦᠢᠴᠡᠳᠬᠡᠬᠦ ᠳᠤ ᠪᠠᠨ᠂ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠤᠭᠰᠠᠷᠠᠭᠰᠠᠨ ᠬᠢᠭᠡᠳ ᠰᠢᠰᠲ᠋ᠧᠮ ᠤᠨ ᠲᠠᠪᠴᠠᠩ ᠵᠠᠯᠭᠠᠵᠤ ᠣᠷᠤᠭᠤᠯᠤᠭᠰᠠᠨ ᠪᠠᠶᠢᠳᠠᠯ ᠶᠢ ᠬᠢᠨᠠᠨ ᠬᠠᠷᠭᠤᠭᠤᠯᠬᠤ ᠬᠡᠷᠡᠭᠲᠡᠶ᠃      ᠠᠷᠪᠠᠨ ᠵᠢᠷᠭᠤᠳᠤᠭᠠᠷ ᠵᠦᠢᠯ  ᠰᠢᠨ᠎ᠡ ᠪᠠᠷ ᠦᠢᠯᠡᠳᠪᠦᠷᠢ ᠠᠴᠠ ᠭᠠᠷᠤᠭᠰᠠᠨ ᠲᠡᠷᠭᠡ ᠬᠥᠰᠬᠡ ᠶᠢᠨ ᠨᠢᠭᠡᠨᠲᠡ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠤᠭᠰᠠᠷᠠᠭᠰᠠᠨ ᠶᠢ ᠶᠠᠮᠠᠷᠪᠠ ᠨᠢᠭᠡᠴᠢ ᠪᠠ ᠬᠤᠪᠢ ᠬᠥᠮᠦᠨ ᠨᠢ ᠳᠤᠷ᠎ᠠ ᠪᠠᠷ ᠢᠶᠠᠨ ᠵᠠᠳᠠᠯᠵᠤ ᠪᠣᠯᠬᠤ ᠦᠭᠡᠶ᠃ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠨᠢ ᠲᠣᠣᠷᠵᠢᠭᠤᠯᠵᠤ ᠬᠤᠯᠪᠣᠭᠠᠯᠠᠨ ᠡᠵᠡᠮᠳᠡᠬᠦ ᠰᠢᠰᠲ᠋ᠧᠮ ᠤᠨ ᠬᠢᠨᠠᠨ ᠡᠵᠡᠮᠳᠡᠬᠦ ᠲᠠᠪᠴᠠᠩ ᠳᠤ ᠵᠠᠯᠭᠠᠵᠤ ᠣᠷᠣᠭᠤᠯᠬᠤ ᠦᠶ᠎ᠡ ᠳᠤ ᠬᠤᠯᠪᠣᠭᠳᠠᠯ ᠪᠦᠬᠦᠢ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ ᠵᠣᠬᠢᠴᠠᠩᠭᠤᠶ ᠪᠠᠶᠢᠷᠢᠯᠠᠭᠤᠯᠬᠤ ᠶᠢ ᠭᠠᠷᠭᠠᠪᠠᠯ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠲᠡᠷᠭᠡᠨ ᠳᠡᠭᠡᠷᠡᠬᠢ ᠦᠵᠦᠭᠦᠷ ᠤᠨ ᠬᠢᠨᠠᠨ ᠡᠵᠡᠮᠳᠡᠬᠦ ᠲᠥᠪ ᠤᠨ ᠣᠷᠣᠨ ᠤ ᠨᠡᠷ᠎ᠡ ᠶᠢᠨ ᠪᠠᠶᠢᠷᠢᠯᠠᠭᠤᠯᠤᠯᠲᠠ ᠶᠢ ᠬᠤᠪᠢᠷᠠᠭᠤᠯᠵᠤ ᠪᠣᠯᠬᠤ ᠦᠭᠡᠶ᠃      ᠠᠷᠪᠠᠨ ᠳᠣᠯᠣᠳᠤᠭᠠᠷ ᠵᠦᠢᠯ  ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠ ᠬᠠᠮᠠᠭᠠᠯᠠᠬᠤ ᠶᠢ ᠬᠠᠷᠢᠭᠤᠴᠠᠵᠤ᠂ ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠤᠨ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠣᠨ ᠤ ᠲᠥᠰᠦᠪ ᠲᠤ ᠪᠠᠨ ᠣᠷᠣᠭᠤᠯᠬᠤ ᠪᠠᠷ ᠴᠢᠷᠮᠠᠶᠢᠬᠤ ᠬᠡᠷᠡᠭᠲᠡᠶ᠃ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠱᠠᠲᠤ ᠳᠠᠷᠠᠭᠠᠯᠠᠨ ᠬᠢᠨᠠᠨ ᠰᠢᠯᠭᠠᠬᠤ ᠪᠠ ᠨᠡᠶᠢᠲᠡᠯᠡᠬᠦ ᠳᠦᠷᠢᠮ ᠪᠠᠶᠢᠭᠤᠯᠵᠤ᠂ ᠲᠣᠣᠷᠵᠢᠭᠤᠯᠵᠤ ᠬᠤᠯᠪᠣᠭᠠᠯᠠᠨ ᠡᠵᠡᠮᠳᠡᠬᠦ ᠰᠢᠰᠲ᠋ᠧᠮ ᠤᠨ ᠤᠷᠲᠤ ᠬᠤᠭᠤᠴᠠᠭ᠎ᠠ ᠪᠠᠷ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃      ᠠᠷᠪᠠᠨ ᠨᠠᠶᠮᠠᠳᠤᠭᠠᠷ ᠵᠦᠢᠯ  ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠭᠤᠷᠣᠨᠳᠣ ᠪᠠᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃      ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠡᠷᠡᠭᠴᠡᠭᠡ ᠪᠠᠨ ᠦᠨᠳᠦᠰᠦᠯᠡᠨ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠳᠡᠯᠦᠩᠭᠦᠢ ᠪᠠᠶᠢᠳᠠᠯ ᠤᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ᠂ ᠰᠢᠰᠲ᠋ᠧᠮ ᠳᠠᠬᠢ ᠪᠦᠬᠦ ᠤᠯᠤᠰ ᠤᠨ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠳᠡᠯᠦᠩᠭᠦᠢ ᠪᠠᠶᠢᠳᠠᠯ ᠤᠨ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠴᠠᠭ ᠢᠮᠠᠭᠲᠠ ᠪᠤᠶᠤ ᠲᠣᠭᠲᠠᠮᠠᠯ ᠬᠤᠭᠤᠴᠠᠭ᠎ᠠ ᠲᠠᠢ ᠪᠠᠷ ᠭᠠᠷᠭᠠᠨ ᠠᠪᠴᠤ ᠪᠣᠯᠤᠨ᠎ᠠ᠃      ᠠᠷᠪᠠ ᠶᠢᠰᠦᠳᠦᠭᠡᠷ ᠵᠦᠢᠯ  ᠶᠠᠮᠠᠷᠪᠠ ᠨᠢᠭᠡᠴᠢ᠂ ᠬᠤᠪᠢ ᠬᠥᠮᠦᠨ ᠨᠢ ᠳᠠᠭᠠᠭᠤᠯᠢ ᠣᠳᠣᠨ ᠤ ᠣᠷᠣᠨ ᠲᠣᠭᠲᠠᠭᠠᠬᠤ ᠰᠢᠰᠲ᠋ᠧᠮ ᠤᠨ ᠲᠠᠪᠴᠠᠩ ᠤᠨ ᠲᠡᠦᠬᠡᠨ ᠪᠠ ᠲᠤᠬᠠᠶ ᠶᠢᠨ ᠴᠠᠭ ᠤᠨ ᠬᠦᠳᠡᠯᠦᠩᠭᠦᠢ ᠪᠠᠶᠢᠳᠠᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠵᠠᠳᠠᠷᠠᠭᠤᠯᠵᠤ᠂ ᠬᠠᠰᠤᠵᠤ᠂ ᠥᠭᠡᠷᠡᠴᠢᠯᠡᠵᠦ ᠪᠣᠯᠬᠤ ᠦᠭᠡᠶ᠃      ᠭᠤᠷᠪᠠᠳᠤᠭᠠᠷ ᠪᠦᠯᠦᠭ  ᠲᠡᠷᠭᠡ ᠬᠥᠰᠬᠡ ᠶᠢ ᠬᠢᠨᠠᠨ ᠡᠵᠡᠮᠳᠡᠬᠦ      ᠬᠤᠷᠢᠳᠤᠭᠠᠷ ᠵᠦᠢᠯ  ᠵᠠᠮ ᠲᠡᠭᠡᠭᠡᠪᠦᠷᠢ ᠶᠢᠨ ᠠᠵᠤ ᠠᠬᠤᠶᠢᠯᠠᠯ ᠪᠣᠯ ᠵᠠᠮ ᠲᠡᠭᠡᠭᠡᠪᠦᠷᠢ ᠶᠢᠨ ᠲᠡᠷᠭᠡ ᠬᠥᠰᠬᠡ  ᠶᠢᠨ ᠬᠥᠳᠡᠯᠦᠩᠭᠦᠶ ᠪᠠᠶᠢᠳᠠᠯ ᠤᠨ ᠬᠢᠨᠠᠨ ᠡᠵᠡᠮᠳᠡᠬᠦ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠨ᠎ᠠ᠃      ᠬᠤᠷᠢᠨ ᠨᠢᠭᠡᠳᠦᠭᠡᠷ ᠵᠦᠢᠯ  ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠵᠠᠮ ᠢᠶᠠᠷ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠪᠣᠯᠤᠨ 50 ᠰᠠᠤᠷᠢ ᠵᠢᠴᠢ ᠲᠡᠭᠦᠨ ᠠᠴᠠ ᠳᠡᠭᠡᠭᠰᠢᠬᠢ ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠤᠶᠤ ᠴᠢᠷᠦᠭᠦᠯ ᠲᠡᠷᠭᠡ ᠲᠠᠢ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠨᠢ ᠲᠤᠰᠬᠠᠶ ᠲᠤᠰᠢᠶᠠᠯ ᠤᠨ ᠬᠢᠨᠠᠨ ᠡᠵᠡᠮᠳᠡᠬᠦ ᠠᠵᠢᠯᠲᠠᠨ ᠲᠣᠬᠢᠷᠠᠭᠤᠯᠬᠤ ᠬᠡᠷᠡᠭᠲᠡᠶ ᠃ ᠲᠤᠰᠬᠠᠶ ᠲᠤᠰᠢᠶᠠᠯ ᠤᠨ ᠬᠢᠨᠠᠨ ᠡᠵᠡᠮᠳᠡᠬᠦ ᠠᠵᠢᠯᠲᠠᠨ ᠢ ᠲᠣᠬᠢᠷᠠᠭᠤᠯᠬᠤ ᠳᠤ ᠵᠠᠷᠴᠢᠮ ᠳᠡᠭᠡᠷ᠎ᠡ ᠪᠠᠨ ᠬᠢᠨᠠᠨ ᠡᠵᠡᠮᠳᠡᠬᠦ ᠲᠠᠪᠴᠠᠩ ᠤᠨ 100 ᠲᠡᠷᠭᠡ ᠵᠠᠯᠭᠠᠵᠤ ᠣᠷᠣᠭᠤᠯᠬᠤ ᠪᠦᠷᠢ 1 ᠬᠥᠮᠦᠨ ᠲᠣᠬᠢᠷᠠᠭᠤᠯᠬᠤ ᠪᠠᠷᠢᠮᠵᠢᠶ᠎ᠠ ᠪᠠᠷ ᠲᠠᠭᠠᠷᠠᠭᠤᠯᠵᠤ᠂ ᠠᠳᠠᠭ ᠲᠤ ᠪᠠᠨ 2 ᠬᠥᠮᠦᠨ ᠪᠠᠶᠢᠯᠭᠠᠬᠤ ᠬᠡᠷᠡᠭᠲᠡᠢ᠃      ᠬᠢᠨᠠᠨ ᠡᠵᠡᠮᠳᠡᠬᠦ ᠠᠵᠢᠯᠲᠠᠨ ᠨᠢ ᠤᠯᠤᠰ ᠤᠨ ᠬᠠᠮᠢᠶ᠎ᠠ ᠪᠦᠬᠦᠢ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢ ᠡᠵᠡᠮᠰᠢᠵᠦ᠂ ᠲᠡᠭᠡᠭᠡᠪᠦᠷᠢ ᠶᠢᠨ ᠠᠵᠤ ᠠᠬᠤᠶᠢᠯᠠᠯ ᠤᠨ ᠪᠣᠯᠪᠠᠰᠤᠷᠠᠭᠤᠯᠤᠯ᠂ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠠᠵᠢᠯ ᠤᠨ ᠪᠠᠶᠢᠷᠢ ᠳᠤ ᠭᠠᠷᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ  ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠤᠯᠠᠨ ᠨᠡᠶᠢᠳᠡ ᠶᠢᠨ ᠲᠠᠪᠴᠠᠩ ᠨᠢ ᠬᠤᠪᠢ ᠶᠢᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠪᠣᠯᠤᠨ ᠪᠠᠭ᠎ᠠ ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ︵50 ᠰᠠᠤᠷᠢ ᠠᠴᠠ ᠳᠣᠷᠣᠭᠰᠢᠬᠢ ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠤᠶᠤ  ᠴᠢᠷᠦᠭᠦᠯ ᠲᠡᠷᠭᠡ ᠲᠠᠢ︶ ᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠥᠳᠡᠯᠦᠩᠭᠦᠢ ᠪᠠᠶᠢᠳᠠᠯ ᠤᠨ ᠬᠢᠨᠠᠨ ᠡᠵᠡᠮᠳᠡᠬᠦ ᠶᠢ ᠬᠠᠷᠢᠭᠤᠴᠠᠬᠤ ᠬᠡᠷᠡᠭᠲᠡᠢ᠃ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ ᠳᠤ ᠬᠤᠷᠳᠤᠴᠠ ᠠᠴᠠ ᠬᠡᠲᠦᠷᠡᠭᠦᠯᠦᠨ ᠶᠠᠪᠤᠭᠤᠯᠬᠤ ᠶᠢ ᠬᠢᠨᠠᠨ ᠡᠵᠡᠮᠳᠡᠬᠦ ᠪᠠ ᠶᠠᠳᠠᠷᠠᠭᠤ ᠪᠠᠷ ᠲᠡᠷᠭᠡ ᠵᠢᠯᠣᠭᠤᠳᠬᠤ ᠶᠢᠨ ᠬᠢᠵᠠᠭᠠᠷ ᠬᠡᠮᠵᠢᠭᠳᠡᠯ ᠢ ᠲᠣᠬᠢᠷᠠᠭᠤᠯᠵᠤ᠂ ᠵᠢᠯᠣᠭᠤᠴᠢ ᠳᠤ ᠬᠤᠷᠳᠤᠴᠠ ᠬᠡᠲᠦᠷᠡᠭᠰᠡᠨ᠂ ᠶᠠᠳᠠᠷᠠᠭᠤ ᠪᠠᠷ ᠲᠡᠷᠭᠡ ᠵᠢᠯᠣᠭᠤᠳᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠠᠯᠠᠷᠠᠭᠤᠯᠬᠤ ᠶᠢ ᠠᠦ᠋ᠲ᠋ᠣ᠋ ᠪᠠᠷ ᠰᠠᠨᠠᠭᠤᠯᠬᠤ ᠬᠡᠷᠡᠭᠲᠡᠶ᠃      ᠬᠤᠷᠢᠨ ᠭᠤᠷᠪᠠᠳᠤᠭᠠᠷ ᠵᠦᠢᠯ  ᠵᠠᠮ ᠲᠡᠭᠡᠭᠡᠪᠦᠷᠢ ᠶᠢᠨ ᠠᠵᠤ ᠠᠬᠤᠶᠢᠯᠠᠯ ᠬᠥᠳᠡᠯᠦᠩᠭᠦᠢ ᠪᠠᠶᠢᠳᠠᠯ ᠤᠨ ᠬᠢᠨᠠᠨ ᠡᠵᠡᠮᠳᠡᠬᠦ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠵᠤ᠂ ᠬᠥᠳᠡᠯᠦᠩᠭᠦᠢ ᠪᠠᠶᠢᠳᠠᠯ ᠢ ᠬᠢᠨᠠᠨ ᠡᠵᠡᠮᠳᠡᠬᠦ ᠠᠵᠢᠯ ᠢ ᠵᠢᠷᠤᠮᠵᠢᠭᠤᠯᠬᠤ ᠬᠡᠷᠡᠭᠲᠡᠢ᠄      ︵ᠨᠢᠭᠡ︶ ᠰᠢᠰᠲ᠋ᠧᠮ ᠤᠨ ᠲᠠᠪᠴᠠᠩ ᠤᠨ ᠪᠠᠶᠢᠭᠤᠯᠤᠯᠲᠠ᠂ ᠬᠠᠮᠠᠭᠠᠯᠠᠯᠲᠠ ᠵᠢᠴᠢ ᠬᠠᠮᠢᠶᠠᠷᠤᠯᠲᠠ ᠶᠢᠨ ᠲᠦᠷᠢᠮ︔      ︵ᠬᠤᠶᠠᠷ︶ ᠲᠡᠷᠭᠡᠨ ᠳᠡᠭᠡᠷᠡᠬᠢ ᠦᠵᠦᠭᠦᠷ ᠤᠨ ᠤᠭᠰᠠᠷᠠᠬᠤ᠂ ᠬᠡᠷᠡᠭᠯᠡᠬᠦ ᠵᠢᠴᠢ ᠬᠠᠮᠠᠭᠠᠯᠠᠬᠤ ᠳᠦᠷᠢᠮ︔      ︵ᠭᠤᠷᠪᠠ︶ ᠬᠢᠨᠠᠨ ᠡᠵᠡᠮᠳᠡᠬᠦ ᠠᠵᠢᠯᠲᠠᠨ ᠤ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠵᠢᠴᠢ ᠬᠠᠮᠢᠶᠠᠷᠤᠯᠲᠠ ᠶᠢᠨ ᠳᠦᠷᠢᠮ︔      ︵ᠳᠦᠷᠪᠡ︶ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠥᠳᠡᠯᠦᠩᠭᠦᠶ ᠪᠠᠶᠢᠳᠠᠯ ᠤᠨ ᠮᠡᠳᠡᠭᠡ ᠵᠠᠩᠭᠢ ᠶᠢ ᠰᠢᠶᠳᠪᠦᠷᠢᠯᠡᠬᠦ ᠪᠠ ᠪᠦᠷᠢᠳᠬᠡᠨ ᠵᠠᠳᠠᠯᠬᠤ ᠳᠦᠷᠢᠮ︔       ︵ᠲᠠᠪᠤ︶ ᠪᠣᠰᠤᠳ ᠲᠣᠭᠲᠠᠭᠠᠬᠤ ᠴᠢᠬᠤᠯᠠᠲᠠᠢ ᠳᠦᠷᠢᠮ᠃      ᠬᠤᠷᠢᠨ ᠳᠥᠷᠪᠡᠳᠦᠭᠡᠷ ᠵᠦᠢᠯ  ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠲᠣᠭᠲᠠᠭᠠᠯ ᠵᠢᠴᠢ ᠲᠡᠷᠭᠡ ᠬᠥᠰᠬᠡ ᠶᠢᠨ ᠶᠠᠪᠤᠬᠤ ᠵᠠᠮ ᠤᠨ ᠪᠣᠳᠠᠲᠤ ᠪᠠᠶᠢᠳᠠᠯ ᠢ ᠦᠨᠳᠦᠰᠦᠯᠡᠨ᠂ ᠲᠣᠭᠲᠠᠭᠠᠯ ᠶᠣᠰᠣᠭᠠᠷ ᠬᠤᠷᠳᠤᠴᠠ ᠠᠴᠠ ᠬᠡᠲᠦᠷᠡᠭᠦᠯᠦᠨ ᠶᠠᠪᠤᠭᠤᠯᠬᠤ ᠶᠢ ᠬᠢᠨᠠᠨ ᠡᠵᠡᠮᠳᠡᠬᠦ ᠪᠠ ᠶᠠᠳᠠᠷᠠᠭᠤ ᠪᠠᠷ ᠲᠡᠷᠭᠡ ᠵᠢᠯᠣᠭᠤᠳᠬᠤ ᠶᠢᠨ ᠬᠢᠵᠠᠭᠠᠷ ᠬᠡᠮᠵᠢᠭᠳᠡᠯ ᠢ ᠲᠣᠬᠢᠷᠠᠭᠤᠯᠬᠤ ᠵᠢᠴᠢ ᠡᠵᠡᠩᠨᠡᠯᠲᠡ ᠶᠢᠨ ᠵᠠᠮ ᠱᠤᠭᠤᠮ᠂ ᠣᠷᠣᠨ ᠪᠦᠰᠡ ᠵᠢᠴᠢ ᠰᠥᠨᠢ ᠪᠠᠷ ᠶᠠᠪᠤᠭᠤᠯᠬᠤ ᠴᠠᠭ ᠵᠡᠷᠭᠡ ᠶᠢ ᠬᠢᠨᠠᠨ ᠲᠣᠭᠲᠠᠭᠠᠵᠤ᠂ ᠬᠠᠷᠢᠶ᠎ᠠ ᠪᠦᠬᠦᠢ ᠲᠡᠷᠭᠡ ᠬᠥᠰᠬᠡ ᠶᠢᠨ ᠠᠵᠢᠯᠯᠠᠬᠤ ᠬᠤᠭᠤᠴᠠᠭᠠᠨ ᠳᠤ ᠲᠡᠷᠭᠡ ᠬᠥᠰᠬᠡ ᠪᠣᠯᠤᠨ ᠵᠢᠯᠣᠭᠤᠴᠢ ᠶᠢ ᠴᠠᠭ ᠲᠤᠬᠠᠶ ᠳᠤ ᠨᠢ ᠬᠢᠨᠠᠨ ᠡᠵᠡᠮᠳᠡᠬᠦ ᠪᠠ ᠬᠠᠮᠢᠶᠠᠷᠬᠤ ᠬᠡᠷᠡᠭᠲᠡᠶ᠃       ᠬᠤᠷᠳᠤᠴᠠ ᠠᠴᠠ ᠬᠡᠲᠦᠷᠡᠭᠦᠯᠦᠨ ᠶᠠᠪᠤᠭᠤᠯᠬᠤ ᠪᠠ ᠶᠠᠳᠠᠷᠠᠭᠤ ᠪᠠᠷ ᠲᠡᠷᠭᠡ ᠵᠢᠯᠣᠭᠤᠳᠬᠤ ᠶᠢᠨ ᠬᠢᠵᠠᠭᠠᠷ ᠬᠡᠮᠵᠢᠭᠳᠡᠯ ᠢ ᠲᠣᠬᠢᠷᠠᠭᠤᠯᠬᠤ ᠳᠤ᠂ ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠶᠢᠨ 24 ᠴᠠᠭ ᠤᠨ ᠳᠣᠲᠣᠷ᠎ᠠ ᠲᠡᠷᠭᠡ ᠵᠢᠯᠣᠭᠤᠳᠤᠭᠰᠠᠨ ᠨᠡᠶᠢᠲᠡ ᠴᠠᠭ ᠢ ᠵᠠᠷᠴᠢᠮ ᠳᠡᠭᠡᠷ᠎ᠡ ᠪᠠᠨ 8 ᠴᠠᠭ ᠠᠴᠠ ᠬᠡᠲᠦᠷᠡᠭᠦᠯᠵᠦ ᠪᠣᠯᠬᠤ ᠦᠭᠡᠶ᠂ ᠡᠳᠦᠷ ᠨᠢ ᠵᠠᠯᠭᠠᠭᠠᠪᠠᠷ ᠲᠡᠷᠭᠡ ᠵᠢᠯᠣᠭᠤᠳᠬᠤ ᠶᠢ 4 ᠴᠠᠭ ᠠᠴᠠ ᠬᠡᠲᠦᠷᠡᠭᠦᠯᠵᠦ ᠪᠣᠯᠬᠤ ᠦᠭᠡᠶ᠂ ᠰᠥᠨᠢ ᠨᠢ ᠵᠠᠯᠭᠠᠭᠠᠪᠠᠷ ᠲᠡᠷᠭᠡ ᠵᠢᠯᠣᠭᠤᠳᠬᠤ ᠶᠢ 2 ᠴᠠᠭ ᠠᠴᠠ ᠬᠡᠲᠦᠷᠡᠭᠦᠯᠵᠦ ᠪᠣᠯᠬᠤ ᠦᠭᠡᠶ᠂ ᠤᠳᠠᠭ᠎ᠠ ᠪᠦᠷᠢ ᠲᠡᠷᠭᠡ ᠵᠣᠭᠰᠣᠭᠠᠵᠤ ᠠᠮᠠᠷᠠᠬᠤ ᠴᠠᠭ ᠢ 20 ᠮᠢᠨᠦ᠋ᠲ ᠠᠴᠠ ᠳᠤᠲᠠᠭᠤ ᠪᠠᠶᠢᠯᠭᠠᠵᠤ ᠪᠣᠯᠬᠤ ᠦᠭᠡᠶ᠂ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠰᠥᠨᠢ ᠪᠠᠷ ᠶᠠᠪᠤᠭᠤᠯᠬᠤ ᠬᠤᠷᠳᠤᠴᠠ ᠶᠢ ᠡᠳᠦᠷ ᠤᠨ ᠬᠤᠷᠳᠤᠴᠠ ᠶᠢᠨ 80% ᠠᠴᠠ ᠬᠡᠲᠦᠷᠡᠭᠦᠯᠵᠦ ᠪᠣᠯᠬᠤ ᠦᠭᠡᠶ ᠭᠡᠰᠡᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃      ᠬᠤᠷᠢᠨ ᠲᠠᠪᠤᠳᠤᠭᠠᠷ ᠵᠦᠶᠯ  ᠬᠢᠨᠠᠨ ᠡᠵᠡᠮᠳᠡᠬᠦ ᠠᠵᠢᠯᠲᠠᠳ ᠲᠡᠷᠭᠡ ᠬᠥᠰᠬᠡ ᠶᠢᠨ ᠶᠠᠪᠤᠵᠤ ᠪᠠᠶᠢᠭ᠎ᠠ ᠬᠦᠳᠡᠯᠦᠩᠭᠦᠢ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠵᠠᠳᠠᠯᠤᠨ ᠰᠢᠶᠳᠪᠦᠷᠢᠯᠡᠵᠦ᠂ ᠬᠤᠷᠳᠤᠴᠠ ᠠᠴᠠ ᠬᠡᠲᠦᠷᠡᠭᠦᠯᠦᠨ ᠶᠠᠪᠤᠭᠤᠯᠤᠭᠰᠠᠨ᠂ ᠶᠠᠳᠠᠷᠠᠭᠤ ᠪᠠᠷ ᠲᠡᠷᠭᠡ ᠵᠢᠯᠣᠭᠤᠳᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠨᠢ ᠵᠠᠯᠠᠷᠠᠭᠤᠯᠬᠤ ᠪᠠᠷ ᠵᠢᠯᠣᠭᠤᠴᠢ ᠳᠤ ᠴᠠᠭ ᠲᠤᠬᠠᠶ ᠳᠤ ᠨᠢ ᠰᠠᠨᠠᠭᠤᠯᠬᠤ  ᠶᠢᠨ ᠬᠠᠮᠲᠤ᠂ ᠬᠥᠳᠡᠯᠦᠩᠭᠦᠶ ᠪᠠᠶᠢᠳᠠᠯ ᠢ ᠬᠢᠨᠠᠨ ᠡᠵᠡᠮᠳᠡᠬᠦ ᠡᠬᠡ ᠲᠠᠩᠰᠠ ᠳᠤ ᠲᠡᠮᠳᠡᠭᠯᠡᠨ ᠬᠠᠳᠠᠭᠠᠯᠠᠬᠤ ᠬᠡᠷᠡᠭᠲᠡᠶ︔ ᠰᠠᠨᠠᠭᠤᠯᠤᠭᠰᠠᠨ ᠪᠠᠶᠢᠲᠠᠯ᠎ᠠ ᠮᠥᠨ ᠯᠡ ᠦᠷᠭᠦᠯᠵᠢᠯᠡᠨ ᠬᠠᠤᠯᠢ ᠶᠢ ᠵᠥᠷᠢᠴᠡᠨ ᠲᠡᠷᠭᠡ ᠵᠢᠯᠣᠭᠤᠳᠤᠭᠰᠠᠨ ᠵᠢᠯᠣᠭᠤᠴᠢ  ᠶᠢ᠂ ᠠᠵᠤ ᠠᠬᠤᠶᠢᠯᠠᠯ ᠤᠨ ᠠᠮᠤᠷ ᠲᠥᠪᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠴᠠᠭ ᠲᠤᠬᠠᠢ ᠳᠤ ᠨᠢ ᠮᠡᠳᠡᠭᠦᠯᠵᠦ᠂ ᠠᠮᠤᠷ ᠲᠥᠪᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠡᠷᠡ ᠳᠠᠷᠤᠢ ᠳᠤ ᠨᠢ ᠠᠷᠭ᠎ᠠ ᠬᠡᠮᠵᠢᠶ᠎ᠡ ᠠᠪᠴᠤ ᠬᠤᠷᠢᠭᠯᠠᠨ ᠵᠣᠭᠰᠣᠭᠠᠬᠤ ᠬᠡᠷᠡᠭᠲᠡᠢ︔ ᠬᠤᠷᠢᠭᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠦᠭᠡᠶ ᠪᠠᠶᠢᠵᠤ ᠮᠥᠨ ᠬᠦ ᠦᠷᠭᠦᠯᠵᠢᠯᠡᠨ ᠬᠠᠤᠯᠢ ᠠᠴᠠ ᠵᠥᠷᠢᠴᠡᠨ ᠲᠡᠷᠭᠡ ᠵᠢᠯᠣᠭᠤᠳᠤᠭᠰᠠᠨ ᠪᠣᠯ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠦᠯᠬᠦ ᠶᠢᠨ ᠬᠠᠮᠲᠤ᠂ ᠬᠡᠷᠡᠭ ᠤᠨ ᠳᠠᠷᠠᠭ᠎ᠠ ᠵᠢᠯᠣᠭᠤᠴᠢ ᠤᠷᠢᠬᠤ ᠪᠠᠨ ᠵᠣᠭᠰᠣᠭᠠᠬᠤ ᠬᠡᠷᠡᠭᠲᠡᠶ᠃      ᠬᠥᠳᠡᠯᠦᠩᠭᠦᠶ ᠪᠠᠶᠢᠳᠠᠯ ᠢ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠠᠳᠠᠭ ᠲᠤ ᠪᠠᠨ 6 ᠰᠠᠷ᠎ᠠ ᠬᠠᠳᠠᠭᠠᠯᠠᠵᠤ᠂ ᠬᠠᠤᠯᠢ ᠠᠴᠠ ᠵᠥᠷᠢᠴᠡᠨ ᠲᠡᠷᠭᠡ ᠵᠢᠯᠣᠭᠤᠳᠤᠭᠰᠠᠨ ᠮᠡᠳᠡᠭᠡ ᠵᠠᠩᠭᠢ ᠵᠢᠴᠢ ᠰᠢᠶᠳᠪᠦᠷᠢᠯᠡᠭᠰᠡᠨ ᠪᠠᠶᠢᠳᠠᠯ ᠢ ᠠᠳᠠᠭ ᠲᠤ ᠪᠠᠨ 3 ᠵᠢᠯ ᠬᠠᠳᠠᠭᠠᠯᠠᠬᠤ ᠬᠡᠷᠡᠭᠲᠡᠶ᠃ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ ᠣᠷᠣᠰᠢᠵᠤ ᠪᠠᠶᠢᠭ᠎ᠠ   ᠵᠢᠯᠤᠭᠤᠴᠢ ᠶᠢ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠬᠡᠷᠡᠭ ᠤᠨ ᠳᠠᠷᠠᠭ᠎ᠠ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃      ᠬᠤᠷᠢᠨ ᠵᠢᠷᠭᠤᠳᠤᠭᠠᠷ ᠵᠦᠢᠯ  ᠵᠠᠮ ᠲᠡᠭᠡᠭᠡᠪᠦᠷᠢ ᠶᠢᠨ ᠡᠵᠡᠩᠨᠡᠭᠴᠢ ᠨᠢ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠶᠢᠨ ᠬᠡᠪ ᠤᠨ ᠶᠣᠰᠣᠭᠠᠷ ᠬᠡᠷᠡᠭᠯᠡᠭᠳᠡᠬᠦ ᠶᠢ ᠦᠨᠡᠨ ᠬᠦ ᠪᠠᠲᠤᠯᠠᠵᠤ᠂ ᠲᠡᠷᠭᠡ ᠬᠥᠰᠬᠡ ᠶᠢᠨ ᠠᠶᠠᠯᠠᠬᠤ ᠨᠢ ᠲᠤᠬᠠᠢ ᠶᠢᠨ ᠴᠠᠭ ᠲᠤ ᠰᠦᠯᠵᠢᠶᠡᠨ ᠳᠡᠭᠡᠷ᠎ᠡ ᠪᠠᠶᠢᠬᠤ ᠶᠢ ᠪᠠᠲᠤᠯᠠᠬᠤ ᠬᠡᠷᠡᠭᠲᠡᠶ᠃      ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠰᠠᠭᠠᠳ ᠭᠠᠷᠤᠭᠰᠠᠨ ᠠᠴᠠ ᠪᠣᠯᠵᠤ ᠰᠦᠯᠵᠢᠶᠡᠨ ᠳᠡᠭᠡᠷ᠎ᠡ ᠪᠠᠶᠢᠵᠤ ᠳᠡᠶᠢᠯᠬᠦ ᠦᠭᠡᠢ ᠲᠡᠭᠡᠭᠡᠪᠦᠷᠢ ᠶᠢᠨ ᠲᠡᠷᠭᠡ ᠬᠥᠰᠬᠡ ᠶᠢ᠂ ᠵᠠᠮ ᠲᠡᠭᠡᠭᠡᠪᠦᠷᠢ ᠶᠢᠨ ᠡᠵᠡᠩᠨᠡᠭᠴᠢ ᠪᠣᠰᠤᠳ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠠᠵᠢᠯᠯᠠᠭ᠎ᠠ ᠬᠢᠯᠭᠡᠬᠦ ᠪᠠᠷ ᠲᠣᠬᠢᠷᠠᠭᠤᠯᠵᠤ ᠪᠣᠯᠬᠤ ᠦᠭᠡᠶ᠃      ᠬᠤᠷᠢᠨ ᠳᠣᠯᠣᠳᠤᠭᠠᠷ ᠵᠦᠢᠯ  ᠶᠠᠮᠠᠷᠪᠠ ᠨᠢᠭᠡᠴᠢ ᠪᠠ ᠬᠤᠪᠢ ᠬᠥᠮᠦᠨ ᠨᠢ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠶᠢ ᠡᠪᠳᠡᠬᠦ ᠵᠢᠴᠢ ᠮᠠᠭᠤ ᠰᠠᠨᠠᠭ᠎ᠠ ᠪᠠᠷ ᠵᠣᠷᠢᠭᠤᠳᠠ ᠬᠠᠷᠠᠰᠢᠯᠠᠬᠤ᠂ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠶᠢᠨ ᠳᠣᠬᠢᠶ᠎ᠠ ᠶᠢ ᠬᠠᠯᠬᠠᠯᠠᠵᠤ ᠪᠣᠯᠬᠤ ᠦᠭᠡᠢ ᠂ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠶᠢᠨ ᠲᠤᠭ᠎ᠠ ᠪᠠᠷᠢᠮᠲᠠ ᠶᠢ ᠥᠭᠡᠷᠡᠲᠦᠭᠦᠯᠵᠦ ᠪᠣᠯᠬᠤ ᠦᠭᠡᠶ᠃      ᠬᠤᠷᠢᠨ ᠨᠠᠶᠮᠠᠳᠤᠭᠠᠷ ᠵᠦᠢᠯ  ᠳᠠᠭᠠᠭᠤᠯᠢ ᠣᠳᠣᠨ ᠤ ᠣᠷᠣᠨ ᠲᠣᠭᠲᠠᠭᠠᠬᠤ ᠰᠢᠰᠲ᠋ᠧᠮ ᠤᠨ ᠲᠠᠪᠴᠠᠩ ᠨᠢ ᠦᠷᠭᠦᠯᠵᠢᠯᠡᠭᠰᠡᠨ᠂ ᠨᠠᠶᠢᠳᠠᠪᠤᠷᠢᠲᠠᠶ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠲᠡᠷᠭᠡ ᠬᠥᠰᠬᠡ ᠶᠢᠨ ᠬᠦᠳᠡᠯᠦᠩᠭᠦᠢ ᠪᠠᠶᠢᠳᠠᠯ ᠢ ᠬᠢᠨᠠᠨ ᠡᠵᠡᠮᠳᠡᠬᠦ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ ᠪᠠᠶᠢᠬᠤ ᠶᠢ ᠪᠠᠲᠤᠯᠠᠵᠤ᠂ ᠬᠢᠨᠠᠨ ᠡᠵᠡᠮᠳᠡᠬᠦ ᠦᠢᠯᠡᠴᠢᠯᠡᠭᠡ ᠬᠠᠩᠭᠠᠬᠤ ᠰᠢᠰᠲ᠋ᠧᠮ ᠤᠨ ᠲᠠᠪᠴᠠᠩ ᠤᠨ ᠠᠮᠤᠷ ᠲᠥᠪᠰᠢᠨ᠂ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠳᠥᠷᠪᠡᠳᠦᠭᠡᠷ ᠪᠦᠯᠦᠭ  ᠬᠢᠨᠠᠯᠲᠠ ᠲᠠᠯᠪᠢᠵᠤ ᠪᠠᠶᠢᠴᠠᠭᠠᠬᠤ      ᠬᠤᠷᠢ ᠶᠢᠰᠦᠳᠦᠭᠡᠷ ᠵᠦᠢᠯ  ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠢᠨᠠᠨ ᠡᠵᠡᠮᠳᠡᠬᠦ ᠲᠠᠪᠴᠠᠩ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠬᠥᠳᠡᠯᠦᠩᠭᠦᠶ ᠪᠠᠶᠢᠳᠠᠯ ᠢ ᠬᠢᠨᠠᠨ ᠡᠵᠡᠮᠳᠡᠬᠦ ᠠᠵᠢᠯ ᠤᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠨ ᠬᠢᠨᠠᠨ ᠰᠢᠯᠭᠠᠬᠤ ᠶᠢᠨ ᠬᠠᠮᠲᠤ᠂ ᠲᠡᠭᠦᠨ ᠢ ᠠᠵᠤ ᠠᠬᠤᠶᠢᠯᠠᠯ ᠤᠨ ᠶᠠᠰᠤ ᠴᠢᠨᠠᠷ ᠤᠨ ᠢᠲᠡᠭᠡᠯ ᠬᠦᠨᠳᠦ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠲᠡᠭᠡᠭᠡᠪᠦᠷᠢ ᠶᠢᠨ ᠠᠵᠤ ᠠᠬᠤᠶᠢᠯᠠᠯ ᠤᠨ ᠡᠭᠡᠯᠵᠢ ᠶᠢᠨ ᠱᠤᠭᠤᠮ  ᠤᠨ ᠳᠠᠭᠠᠭᠠᠴᠢᠯᠠᠯᠲᠠ ᠵᠠᠷᠯᠠᠬᠤ ᠪᠠ ᠣᠨ ᠤ ᠬᠢᠨᠠᠨ ᠰᠢᠯᠭᠠᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃      ᠭᠤᠴᠢᠳᠤᠭᠠᠷ ᠵᠦᠢᠯ  ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ  ᠶᠢᠨ ᠰᠠᠯᠠᠭ᠎ᠠ ᠮᠥᠴᠢᠷ ᠨᠢ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠳᠡᠯᠦᠩᠭᠦᠢ ᠪᠠᠶᠢᠳᠠᠯ ᠢ ᠬᠢᠨᠠᠨ ᠡᠵᠡᠮᠳᠡᠬᠦ ᠰᠢᠰᠲ᠋ᠧᠮ ᠤᠨ ᠲᠡᠮᠳᠡᠭᠯᠡᠭᠰᠡᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ ᠶᠢ ᠬᠠᠤᠯᠢ ᠬᠡᠷᠡᠭᠵᠢᠭᠦᠯᠬᠦ ᠦᠨᠳᠦᠰᠦᠯᠡᠯ ᠪᠣᠯᠭᠠᠵᠤ᠂ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠵᠦ ᠪᠣᠯᠤᠨ᠎ᠠ᠃      ᠭᠤᠴᠢᠨ ᠨᠢᠭᠡᠳᠦᠭᠡᠷ ᠵᠦᠢᠯ  ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠳᠡᠯ ᠢ ᠪᠠᠶᠢᠴᠠᠭᠠᠬᠤ ᠠᠵᠢᠯ ᠢ ᠬᠢᠨᠠᠮᠠᠭᠠᠶ ᠥᠷᠨᠢᠭᠦᠯᠵᠦ᠂ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠬᠠᠷᠢᠭᠤᠴᠠᠯᠭᠠᠲᠤ ᠨᠢᠭᠡᠴᠢ ᠪᠣᠯᠤᠨ ᠠᠵᠢᠯᠲᠠᠨ ᠢ ᠴᠢᠩᠭ᠎ᠠ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃      ᠭᠤᠴᠢᠨ ᠬᠤᠶᠠᠳᠤᠭᠠᠷ ᠵᠦᠢᠯ  ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠨ ᠨᠢ ᠪᠠᠶᠢᠴᠠᠭᠠᠭᠳᠠᠬᠤ ᠨᠢᠭᠡᠴᠢ ᠪᠣᠯᠤᠨ ᠬᠤᠪᠢ ᠬᠥᠮᠦᠨ ᠠᠴᠠ ᠪᠠᠶᠢᠳᠠᠯ ᠢ ᠣᠶᠢᠯᠠᠭᠠᠵᠤ᠂ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠪᠠᠭᠤᠯᠭᠠᠨ ᠠᠪᠴᠤ ᠪᠣᠯᠤᠨ᠎ᠠ᠃ ᠬᠢᠨᠠᠯᠲᠠ ᠲᠠᠯᠪᠢᠵᠤ ᠪᠠᠶᠢᠴᠠᠭᠠᠭᠳᠠᠵᠤ ᠪᠠᠶᠢᠭ᠎ᠠ ᠨᠢᠭᠡᠴᠢ ᠪᠣᠯᠤᠨ ᠬᠤᠪᠢ ᠬᠥᠮᠦᠨ ᠬᠢᠨᠠᠯᠲᠠ ᠲᠠᠯᠪᠢᠵᠤ ᠪᠠᠶᠢᠴᠠᠭᠠᠬᠤ ᠳᠤ ᠢᠳᠡᠪᠬᠢᠲᠡᠶ ᠬᠠᠮᠵᠢᠯᠴᠠᠨ᠂ ᠬᠤᠯᠪᠣᠭᠳᠠᠯ ᠪᠦᠬᠦᠢ ᠮᠠᠲ᠋ᠧᠷᠢᠶᠠᠯ ᠢ ᠦᠨᠡᠨ ᠪᠣᠳᠠᠲᠠᠶ ᠪᠠᠷ ᠬᠠᠩᠭᠠᠬᠤ ᠪᠠ ᠪᠠᠶᠢᠳᠠᠯ ᠢᠶᠠᠨ ᠲᠣᠳᠣᠷᠬᠠᠶᠢᠯᠠᠬᠤ ᠬᠡᠷᠡᠭᠲᠡᠶ      ᠵᠠᠮ ᠲᠡᠭᠡᠭᠡᠪᠦᠷᠢ ᠶᠢᠨ ᠲᠡᠷᠭᠡ ᠬᠥᠰᠬᠡ ᠵᠠᠮ ᠬᠠᠷᠢᠯᠴᠠᠭᠠᠨ ᠤ ᠠᠳᠡᠯ ᠭᠠᠷᠪᠠᠯ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠪᠤᠶᠤ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ ᠤᠨ ᠬᠠᠷᠢᠭᠤᠴᠠᠬᠤ ᠨᠢᠭᠡᠴᠢ ᠨᠢ ᠠᠳᠡᠯ ᠤᠨ ᠮᠡᠳᠡᠭᠡ ᠵᠠᠩᠭᠢ ᠶᠢ ᠬᠦᠯᠢᠶᠡᠨ ᠠᠪᠤᠭᠰᠠᠨ ᠤ ᠳᠠᠷᠠᠭ᠎ᠠ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠢ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠳᠠᠷᠤᠶ ᠲᠦᠷᠭᠡᠨ ᠪᠢᠲᠡᠭᠦᠮᠵᠢᠯᠡᠨ ᠬᠠᠳᠠᠭᠠᠯᠠᠵᠤ᠂ ᠠᠳᠡᠯ ᠤᠨ ᠪᠠᠶᠢᠴᠠᠭᠠᠯᠲᠠ ᠳᠤ ᠬᠠᠮᠵᠢᠯᠴᠠᠨ᠂ ᠬᠡᠷᠡᠭ ᠭᠠᠷᠭᠠᠭᠰᠠᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠢ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠦᠨᠡᠨ ᠪᠣᠳᠠᠲᠠᠶ ᠪᠠᠷ ᠬᠠᠩᠭᠠᠬᠤ ᠬᠡᠷᠡᠭᠲᠡᠶ︔ ᠬᠡᠷᠡᠭ ᠭᠠᠷᠭᠠᠭᠰᠠᠨ ᠲᠡᠷᠭᠡ ᠬᠥᠰᠬᠡ  ᠳᠤ ᠲᠡᠷᠭᠡᠨ ᠳᠡᠭᠡᠷᠡᠬᠢ ᠬᠠᠷᠠᠭᠠᠨ ᠳᠠᠪᠲᠠᠮᠵᠢ ᠶᠢᠨ ᠲᠣᠨᠤᠭ ᠲᠥᠬᠦᠭᠡᠷᠦᠮᠵᠢ ᠤᠭᠰᠠᠷᠠᠭᠰᠠᠨ ᠪᠣᠯ᠂ ᠪᠠᠰᠠ ᠬᠠᠷᠠᠭᠠᠨ ᠳᠠᠪᠲᠠᠮᠵᠢ ᠶᠢᠨ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠶ᠃      ᠭᠤᠴᠢᠨ ᠭᠤᠷᠪᠠᠳᠤᠭᠠᠷ ᠵᠦᠢᠯ  ᠡᠯ᠎ᠡ ᠭᠠᠵᠠᠷ ᠤᠨ ᠬᠢᠨ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠶᠢ ᠠᠰᠢᠭᠯᠠᠨ᠂ ᠲᠡᠭᠡᠭᠡᠪᠦᠷᠢ ᠡᠵᠡᠩᠨᠡᠵᠦ ᠪᠠᠶᠢᠭ᠎ᠠ ᠵᠢᠯᠣᠭᠤᠴᠢ ᠶᠢᠨ ᠠᠮᠤᠷ ᠲᠥᠪᠰᠢᠨ ᠢᠶᠠᠷ ᠶᠠᠪᠤᠭᠤᠯᠬᠤ ᠵᠠᠮ ᠤᠨ ᠤᠷᠲᠤ ᠶᠢ ᠪᠦᠷᠢᠳᠬᠡᠨ ᠵᠠᠳᠠᠯᠵᠤ᠂ ᠠᠮᠤᠷ ᠲᠥᠪᠰᠢᠨ ᠢᠶᠠᠷ ᠲᠡᠷᠭᠡ ᠵᠢᠯᠤᠭᠤᠳᠬᠤ ᠵᠢᠯᠣᠭᠤᠴᠢ ᠶᠢᠨ ᠤᠷᠤᠯᠳᠤᠭᠠᠨ ᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠬᠤ ᠬᠡᠷᠡᠭᠲᠡᠶ᠃      ᠲᠠᠪᠤᠳᠤᠭᠠᠷ ᠪᠦᠯᠦᠭ  ᠬᠠᠤᠯᠢ ᠴᠠᠭᠠᠵᠠ ᠶᠢᠨ ᠬᠠᠷᠢᠭᠤᠴᠠᠯᠭ᠎ᠠ      ᠭᠤᠴᠢᠨ ᠳᠥᠷᠪᠡᠳᠦᠭᠡᠷ ᠵᠦᠢᠯ  ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠱᠠᠭᠠᠷᠳᠠᠯᠭ᠎ᠠ ᠶᠣᠰᠣᠭᠠᠷ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠤᠭᠰᠠᠷᠠᠭᠰᠠᠨ ᠦᠭᠡᠶ ᠪᠤᠶᠤ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠤᠭᠰᠠᠷᠠᠭᠰᠠᠨ ᠪᠣᠯᠪᠠᠴᠤ ᠲᠣᠣᠷᠵᠢᠭᠤᠯᠵᠤ ᠬᠤᠯᠪᠣᠭᠠᠯᠠᠨ ᠡᠵᠡᠮᠳᠡᠬᠦ ᠰᠢᠰᠲ᠋ᠧᠮ ︵ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠠ ᠰᠠᠯᠤᠩᠭᠢ ᠴᠢᠷᠦᠭᠦᠯ ᠲᠡᠷᠭᠡ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ︶ ᠳᠤ ᠬᠡᠪ ᠤᠨ ᠶᠣᠰᠣᠭᠠᠷ ᠢᠯᠡᠷᠡᠵᠦ ᠳᠡᠶᠢᠯᠦᠭᠰᠡᠨ ᠦᠭᠡᠶ ᠲᠡᠷᠭᠡ ᠬᠥᠰᠬᠡ ᠳᠤ᠂ ︽ᠵᠠᠮ ᠲᠡᠭᠡᠭᠡᠪᠦᠷᠢ ᠶᠢᠨ ᠦᠨᠡᠮᠯᠡᠯ︾ ᠣᠯᠭᠤᠬᠤ ᠪᠤᠶᠤ ᠬᠢᠨᠠᠨ ᠰᠢᠯᠭᠠᠬᠤ ᠦᠭᠡᠶ ᠪᠠᠶᠢᠬᠤ ᠬᠡᠷᠡᠭᠲᠡᠶ᠃      ᠭᠤᠴᠢᠨ ᠲᠠᠪᠤᠳᠤᠭᠠᠷ ᠵᠦᠶᠯ  ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ᠃ ᠵᠠᠯᠠᠷᠠᠭᠤᠯᠬᠤ ᠦᠭᠡᠢ ᠪᠠᠶᠢᠪᠠᠯ᠂ 1000 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠶᠳᠬᠡᠨ᠎ᠡ᠄      ︵ᠨᠢᠭᠡ︶ ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠪᠠᠷᠢᠮᠵᠢᠶ᠎ᠠ ᠳᠤ ᠨᠡᠶᠢᠴᠡᠬᠦ ᠬᠢᠨᠠᠨ ᠡᠵᠡᠮᠳᠡᠬᠦ ᠲᠠᠪᠴᠠᠩ ᠢ ᠬᠡᠷᠡᠭᠯᠡᠭᠰᠡᠨ ᠦᠭᠡᠶ᠂ ᠬᠢᠨᠠᠨ ᠡᠵᠡᠮᠳᠡᠬᠦ ᠲᠠᠪᠴᠠᠩ ᠨᠢ ᠲᠣᠣᠷᠵᠢᠭᠤᠯᠵᠤ ᠬᠤᠯᠪᠣᠭᠠᠯᠠᠨ ᠡᠵᠡᠮᠳᠡᠬᠦ ᠰᠢᠰᠲ᠋ᠧᠮ ᠳᠤ ᠵᠠᠯᠭᠠᠵᠤ ᠣᠷᠣᠭᠤᠯᠤᠭᠰᠠᠨ ᠦᠭᠡᠶ᠂ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠳᠡᠯᠦᠩᠭᠦᠢ ᠪᠠᠶᠢᠳᠠᠯ ᠤᠨ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠳᠡᠭᠡᠭᠰᠢ ᠳᠠᠮᠵᠢᠭᠤᠯᠤᠭᠰᠠᠨ ᠦᠭᠡᠶ︔      ︵ᠬᠤᠶᠠᠷ︶ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠥᠳᠡᠯᠦᠩᠭᠦᠶ ᠪᠠᠶᠢᠳᠠᠯ ᠤᠨ ᠮᠡᠳᠡᠭᠡ ᠵᠠᠩᠭᠢ  ᠶᠢ ᠰᠢᠶᠳᠪᠦᠷᠢᠯᠡᠬᠦ ᠲᠦᠷᠢᠮ ᠢ ᠪᠠᠶᠢᠭᠤᠯᠤᠭᠰᠠᠨ ᠥᠬᠡᠶ ᠪᠤᠶᠤ ᠪᠦᠲᠦᠮᠵᠢᠲᠡᠶ ᠬᠡᠷᠡᠭᠵᠢᠭᠦᠯᠦᠭᠰᠡᠨ ᠥᠬᠡᠶ ᠪᠠᠶᠢᠵᠤ᠂ ᠵᠢᠯᠣᠭᠤᠴᠢ ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠢ ᠰᠢᠶᠳᠪᠦᠷᠢᠯᠡᠬᠦ ᠨᠣᠷᠮ᠎ᠠ ᠨᠢ 90% ᠠᠴᠠ ᠳᠣᠤᠷ᠎ᠠ ᠪᠠᠶᠢᠬᠤ︔      ︵ᠭᠤᠷᠪᠠ︶ ᠲᠣᠭᠲᠠᠭᠠᠯ ᠶᠣᠰᠣᠭᠠᠷ ᠲᠤᠰᠬᠠᠶ ᠲᠤᠰᠢᠶᠠᠯ ᠤᠨ ᠬᠢᠨᠠᠨ ᠡᠵᠡᠮᠳᠡᠬᠦ ᠠᠵᠢᠯᠲᠠᠨ ᠳᠣᠭᠢᠷᠠᠭᠤᠯᠤᠭᠰᠠᠨ ᠥᠬᠡᠶ ᠪᠤᠶᠤ ᠬᠢᠨᠠᠨ ᠡᠵᠡᠮᠳᠡᠬᠦ ᠠᠵᠢᠯᠲᠠᠨ ᠬᠢᠨᠠᠨ ᠡᠵᠡᠮᠳᠡᠬᠦ ᠲᠤᠰᠢᠶᠠᠯ ᠬᠠᠷᠢᠭᠤᠴᠠᠯᠭ᠎ᠠ ᠪᠠᠨ ᠪᠦᠲᠦᠮᠵᠢᠲᠡᠶ ᠭᠦᠶᠴᠡᠳᠬᠡᠭᠰᠡᠨ ᠥᠬᠡᠶ᠃      ᠭᠤᠴᠢᠨ ᠵᠢᠷᠭᠤᠳᠤᠭᠠᠷ ᠵᠦᠶᠯ  ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠵᠠᠮ ᠲᠡᠭᠡᠭᠡᠪᠦᠷᠢ ᠶᠢᠨ ᠡᠵᠡᠩᠨᠡᠭᠴᠢ ᠨᠢ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠶᠢ ᠬᠡᠷᠡᠭᠯᠡᠵᠦ ᠪᠠᠶᠢᠭᠠᠳ ᠰᠦᠯᠵᠢᠶᠡᠨ ᠳᠡᠭᠡᠷ᠎ᠡ ᠪᠠᠶᠢᠵᠤ ᠳᠡᠶᠢᠯᠬᠦ ᠦᠭᠡᠢ ᠲᠡᠭᠡᠭᠡᠪᠦᠷᠢ ᠶᠢᠨ ᠲᠡᠷᠭᠡ ᠬᠥᠰᠬᠡ ᠨᠢ ᠡᠵᠡᠩᠨᠡᠯᠲᠡ ᠶᠢᠨ ᠠᠵᠢᠯᠯᠠᠭ᠎ᠠ ᠬᠢᠪᠡᠯ᠂ ᠰᠢᠶᠠᠨ ᠤ ᠱᠠᠲᠤᠨ ᠠᠴᠠ ᠳᠡᠭᠡᠭᠰᠢᠬᠢ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠡᠭᠦᠨ ᠢ ᠰᠤᠷᠭᠠᠨ ᠬᠥᠮᠦᠵᠢᠭᠦᠯᠬᠦ ᠶᠢᠨ ᠬᠠᠮᠲᠤ ᠵᠠᠷᠯᠢᠭᠳᠠᠨ ᠵᠠᠯᠠᠷᠠᠭᠤᠯᠵᠤ᠂ ᠵᠠᠯᠠᠷᠠᠭᠤᠯᠬᠤ ᠦᠭᠡᠶ ᠪᠤᠶᠤ ᠵᠠᠯᠠᠷᠠᠭᠤᠯᠤᠭᠰᠠᠨ ᠤ ᠳᠠᠷᠠᠭ᠎ᠠ ᠠᠳᠠᠯᠢ ᠲᠥᠷᠥᠯ ᠤᠨ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠳᠠᠬᠢᠨ ᠭᠠᠷᠤᠭᠰᠠᠨ ᠪᠣᠯ᠂ 200 ᠲᠥᠭᠦᠷᠢᠭ ᠠᠴᠠ ᠳᠡᠭᠡᠭᠰᠢ 800 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠬᠡᠷᠡᠭᠲᠡᠶ᠃      ᠭᠤᠴᠢᠨ ᠳᠣᠯᠣᠳᠤᠭᠠᠷ ᠵᠦᠶᠯ  ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠪᠤᠶᠤ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠢ ᠬᠢᠨᠠᠨ ᠡᠵᠡᠮᠳᠡᠬᠦ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠭᠰᠠᠨ ᠨᠢᠭᠡᠴᠢ ᠨᠢ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠢ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠭᠰᠡᠨ᠂ ᠬᠠᠰᠤᠭᠰᠠᠨ ᠪᠣᠯ᠂ ᠰᠢᠶᠠᠨ  ᠤ ᠱᠠᠲᠤᠨ ᠠᠴᠠ ᠳᠡᠭᠡᠭᠰᠢᠬᠢ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠵᠤ᠂ 500 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠬᠡᠷᠡᠭᠲᠡᠶ᠃      ᠭᠤᠴᠢᠨ ᠨᠠᠶᠮᠠᠳᠤᠭᠠᠷ ᠵᠦᠢᠯ  ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠵᠠᠮ ᠬᠠᠷᠢᠯᠴᠠᠭᠠᠨ ᠤ ᠠᠳᠡᠯ ᠭᠠᠷᠤᠭᠰᠠᠨ ᠪᠣᠯ᠂ ᠭᠤᠴᠢᠨ ᠲᠠᠪᠤᠳᠤᠭᠠᠷ ᠵᠦᠢᠯ᠂ ᠭᠤᠴᠢᠨ ᠵᠢᠷᠭᠤᠳᠤᠭᠠᠷ ᠵᠦᠢᠯ᠂ ᠭᠤᠴᠢᠨ ᠳᠣᠯᠣᠳᠤᠭᠠᠷ ᠵᠦᠢᠯ ᠤᠨ ᠪᠠᠶᠢᠳᠠᠯ ᠤᠨ ᠨᠢᠭᠡ ᠨᠢ ᠪᠠᠶᠢᠪᠠᠯ᠂ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠴᠢ ᠶᠢᠰᠦᠳᠦᠭᠡᠷ ᠵᠦᠢᠯ  ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠨᠢ ᠲᠤᠰ ᠠᠷᠭ᠎ᠠ ᠶᠢ ᠬᠡᠷᠡᠭᠵᠢᠭᠦᠯᠬᠦ ᠶᠠᠪᠤᠴᠠ  ᠳᠤ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠪᠣᠯ᠂ ᠵᠠᠰᠠᠭ ᠵᠠᠬᠢᠷᠭᠠᠨ ᠤ ᠰᠢᠢᠳᠬᠡᠯ ᠣᠯᠭᠤᠨ᠎ᠠ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠵᠢᠷᠭᠤᠳᠤᠭᠠᠷ ᠪᠦᠯᠦᠭ  ᠳᠠᠭᠠᠯᠳᠤᠭᠤᠯᠤᠭᠰᠠᠨ ᠲᠦᠷᠢᠮ      ᠳᠥᠴᠢᠳᠦᠭᠡᠷ ᠵᠦᠢᠯ  ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠲᠡᠭᠡᠭᠡᠪᠦᠷᠢ ᠶᠢᠨ ᠵᠠᠬ᠎ᠠ ᠳᠡᠯᠭᠡᠭᠦᠷ ᠲᠤ ᠤᠷᠤᠭᠰᠠᠨ ᠬᠦᠨᠳᠦ ᠬᠡᠯᠪᠡᠷᠢ ᠶᠢᠨ ᠪᠠᠷᠠᠭᠠᠨ ᠤ ᠮᠠᠰᠢᠨ ᠲᠡᠷᠭᠡ ᠪᠣᠯᠤᠨ ᠰᠠᠯᠤᠩᠭᠢ ᠴᠢᠷᠦᠭᠦᠯ ᠲᠡᠷᠭᠡ  ᠳᠤ᠂ 2015 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠶᠢ ᠪᠦᠬᠦᠨ ᠢ ᠤᠭᠰᠠᠷᠠᠵᠤ ᠬᠡᠷᠡᠭᠯᠡᠬᠦ ᠶᠢᠨ ᠬᠠᠮᠲᠤ᠂ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ ᠳᠤ ᠵᠠᠯᠭᠠᠵᠤ ᠣᠷᠣᠭᠤᠯᠬᠤ ᠬᠡᠷᠡᠭᠲᠡᠶ᠃      ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ ᠲᠤᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃      ᠳᠥᠴᠢᠨ ᠨᠢᠭᠡᠳᠦᠭᠡᠷ ᠵᠦᠶᠯ  ᠲᠣᠰ ᠠᠷᠭ᠎ᠠ ᠶᠢ 2014 ᠣᠨ ᠤ 7 ᠳ᠋ᠤᠭᠠᠷ ᠰᠠᠷ᠎ᠠ ᠶᠢᠨ 1 ᠤ ᠡᠳᠦᠷ  ᠠᠴᠠ ᠡᠬᠢᠯᠡᠵᠦ ᠬᠡᠷᠡᠭᠵᠢᠭᠦᠯᠦᠨ᠎ᠡ᠃      ᠬᠠᠮᠢᠶ᠎ᠠ ᠪᠥᠬᠦᠶ ᠪᠢᠴᠢᠭᠯᠡᠯ᠄ ︽︿ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠳᠣᠲᠣᠭᠠᠳᠤ ᠶᠢ ᠬᠠᠮᠠᠭᠠᠯᠠᠬᠤ ᠶᠠᠮᠤᠨ  ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠲᠣᠭᠲᠠᠭᠠᠯ︾ ᠤᠨ ᠲᠠᠶᠢᠯᠤᠮᠵᠢ
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号