内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        G5511 ᠡᠷᠢᠶᠡᠨ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ ᠠᠷᠤᠨ ᠬᠤᠰᠢᠭᠤ ᠬᠦᠷᠬᠦ ᠬᠤᠯᠪᠤᠭᠠᠨ ᠤ ᠱᠤᠭᠤᠮ ᠤᠨ ᠠᠨ ᠶᠧ ᠠᠴᠠ ᠭᠦᠩᠵᠦ ᠶᠢᠨ ᠳᠠᠯᠠᠩ ᠬᠦᠷᠬᠦ ᠬᠡᠰᠡᠭ᠂ G1817 ᠦᠬᠠᠢ ᠠᠴᠠ ᠢᠷᠭᠠᠢ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠠᠶᠠᠨᠬᠤᠲᠤᠭ ᠠᠴᠠ ᠪᠠᠶᠠᠨᠬᠤᠲᠠ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯᠲᠠᠨ ᠤ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠪᠠᠶᠢᠴᠠᠭᠠᠭᠰᠠᠨ ᠪᠠᠶᠢᠳᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ
        ᠨᠡᠶᠢᠲᠡᠯᠡᠭᠰᠡᠨ ᠴᠠᠭ᠄
        2022/7/12
             G5511 ᠡᠷᠢᠶᠡᠨ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ ᠠᠷᠤᠨ ᠬᠤᠰᠢᠭᠤ ᠬᠦᠷᠬᠦ ᠬᠤᠯᠪᠤᠭᠠᠨ ᠤ ᠱᠤᠭᠤᠮ ᠤᠨ ᠠᠨ ᠶᠧ ᠠᠴᠠ ᠭᠦᠩᠵᠦ ᠶᠢᠨ ᠳᠠᠯᠠᠩ ᠬᠦᠷᠬᠦ ᠬᠡᠰᠡᠭ᠂ G1817 ᠦᠬᠠᠢ ᠠᠴᠠ ᠢᠷᠭᠠᠢ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠠᠶᠠᠨᠬᠤᠲᠤᠭ  ᠠᠴᠠ ᠪᠠᠶᠠᠨᠬᠤᠲᠠ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯᠲᠠᠨ ᠤ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠪᠠᠶᠢᠴᠠᠭᠠᠭᠰᠠᠨ ᠪᠠᠶᠢᠳᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ                   ᠦᠪᠦᠷ ᠵᠠᠮ ᠲᠠᠷᠬᠠᠭᠠᠭᠰᠠᠨ〔2022〕 452 ᠳ᠋ᠤᠭᠠᠷ ᠲᠣᠭᠠᠲᠤ      ᠮᠠᠨ ᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠡᠷᠬᠢᠯᠡᠭᠰᠡᠳ ᠤᠨ ᠬᠢᠨᠠᠯᠲᠠ ᠬᠠᠮᠢᠶᠠᠷᠤᠯᠲᠠ ᠢ ᠰᠠᠶᠢᠳᠤᠷ ᠬᠢᠵᠦ᠂ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠲᠠᠬᠢ ᠠᠵᠢᠯ ᠡᠷᠭᠢᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠴᠢᠩᠭᠠᠳᠬᠠᠨ᠂ ᠬᠢᠷᠢ ᠬᠡᠮ ᠢᠶᠠᠨ ᠰᠢᠯᠵᠢᠭᠦᠯᠦᠨ ᠵᠢᠭᠡᠯᠡᠭᠦᠯᠬᠦ᠂ ᠬᠤᠳᠠᠯ ᠬᠠᠭᠤᠷᠮᠠᠭ ᠢᠶᠠᠷ ᠳᠠᠭᠠᠭᠠᠴᠢᠯᠠᠯᠲᠠ ᠣᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠴᠦ᠂ ᠨᠢᠭᠡᠳᠦᠯᠲᠡᠢ ᠨᠡᠭᠡᠭᠡᠯᠲᠡ ᠲᠠᠢ᠂ ᠥᠷᠢᠰᠦᠯᠳᠦᠭᠡᠨ ᠨᠢ ᠡᠮᠬᠢ ᠵᠢᠷᠤᠮ ᠲᠠᠢ ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠶᠢᠨ ᠲᠤᠰᠠᠲᠠ᠂ ᠮᠠᠨ ᠤ ᠲᠢᠩᠬᠢᠮ ᠠᠴᠠ ᠵᠢᠯ ᠤᠨ ᠡᠬᠢᠨ ᠳᠤ ︽2022 ᠣᠨ ᠤ ᠪᠦᠬᠦ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯᠲᠠᠨ ᠤ ᠭᠡᠷ᠎ᠡ ᠪᠠᠨ ᠭᠦᠢᠴᠡᠳᠬᠡᠭᠰᠡᠨ ᠢ ᠪᠠᠶᠢᠴᠠᠭᠠᠬᠤ ᠲᠣᠭᠲᠠᠴᠠ︾ ᠶᠢ ᠲᠣᠭᠲᠠᠭᠠᠪᠠ᠃ ︽ᠲᠥᠯᠥᠪᠯᠡᠭᠡ ᠪᠠᠭᠤᠯᠭᠠᠬᠤ ᠦᠭᠡᠶ᠂ ᠤᠷᠢᠳᠴᠢᠯᠠᠨ ᠰᠠᠨᠠᠭᠤᠯᠬᠤ ᠦᠭᠡᠶ᠂ ᠭᠡᠨᠡᠳᠡᠭᠦᠯᠦᠨ ᠪᠠᠶᠢᠴᠠᠭᠠᠬᠤ︾ ᠠᠵᠢᠯ ᠤᠨ ᠲᠣᠭᠲᠠᠴᠠ ᠪᠣᠯᠤᠨ ᠲᠣᠬᠢᠷᠠᠭᠤᠯᠤᠯᠲᠠ ᠶᠣᠰᠣᠭᠠᠷ᠂ ᠪᠦᠬᠦ ᠣᠷᠣᠨ ᠤ 52 ᠵᠢᠯ ᠤᠨ ᠦᠷᠭᠦᠯᠵᠢᠯᠡᠨ ᠪᠠᠶᠢᠭᠤᠯᠬᠤ ᠭᠤᠣᠯᠳᠠᠯᠭ᠎ᠠ ᠲᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠶᠢᠴᠠᠭᠠᠯᠲᠠ ᠬᠢᠬᠦ ᠪᠠᠷ ᠲᠥᠯᠥᠪᠯᠡᠵᠦ ᠪᠤᠶ᠃ ᠲᠤᠰ ᠤᠳᠠᠭ᠎ᠠ ᠲᠢᠩᠬᠢᠮ ᠠᠴᠠ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠵᠤ 6 ᠳ᠋ᠤᠭᠠᠷ ᠰᠠᠷ᠎ᠠ ᠶᠢᠨ 21 ᠤ ᠡᠳᠦᠷ᠂ 22 ᠤᠨ ᠡᠳᠦᠷ ᠲᠣᠰ ᠲᠣᠰ G5511ᠡᠷᠢᠶᠡᠨ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ ᠠᠷᠤᠨ ᠬᠤᠰᠢᠭᠤ ᠬᠦᠷᠬᠦ ᠬᠤᠯᠪᠤᠭᠠᠨ ᠤ ᠱᠤᠭᠤᠮ ᠤᠨ ᠠᠨ ᠶᠧ ᠠᠴᠠ ᠭᠦᠩᠵᠦ ᠶᠢᠨ ᠳᠠᠯᠠᠩ ᠬᠦᠷᠬᠦ ᠬᠡᠰᠡᠭ᠂ G1817 ᠦᠬᠠᠢ ᠠᠴᠠ ᠢᠷᠭᠠᠢ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠠᠶᠠᠨᠬᠤᠲᠤᠭ ᠠᠴᠠ ᠪᠠᠶᠠᠨᠬᠤᠲᠠ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠤᠣᠯ ᠪᠣᠯᠬᠤ ᠠᠵᠢᠯᠲᠠᠨ ᠤ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ  ᠰᠦᠯᠵᠢᠶᠡᠨ ᠳᠡᠭᠡᠷ᠎ᠡ ᠰᠤᠭᠤᠴᠢᠨ ᠪᠠᠶᠢᠴᠠᠭᠠᠪᠠ᠂ ᠪᠠᠶᠢᠴᠠᠭᠠᠭᠰᠠᠨ ᠪᠠᠶᠢᠳᠠᠯ ᠨᠢ ᠳᠣᠣᠷᠠᠬᠢ ᠮᠡᠲᠦ᠄     ᠨᠢᠭᠡ᠂ ᠦᠨᠳᠦᠰᠦᠨ ᠪᠠᠶᠢᠳᠠᠯ      ᠪᠠᠶᠢᠴᠠᠭᠠᠯᠲᠠ ᠨᠢ ᠸᠢᠴᠠᠲ ᠤᠨ ᠬᠠᠷᠠᠭᠠᠨ ᠳᠠᠪᠲᠠᠮᠵᠢ ᠵᠢᠴᠢ ᠨᠡᠪᠲᠡᠷᠡᠬᠦ ᠲᠣᠮᠣ ᠳ᠋ᠠᠶᠢᠲ᠋ᠠ ᠶᠢᠨ ᠠᠶᠠᠯᠠᠯ ᠤᠨ ᠺᠣᠳ᠋ ᠢ  ᠲᠠᠲᠠᠬᠤ ᠬᠡᠯᠪᠡᠷᠢ ᠪᠠᠷ ᠶᠠᠪᠤᠭᠳᠠᠵᠤ᠂ ᠲᠣᠬᠠᠢ ᠶᠢᠨ ᠲᠠᠯᠠᠪᠠᠶ ᠳᠤ ᠪᠠᠶᠢᠭ᠎ᠠ ᠠᠵᠢᠯᠲᠠᠨ ᠤ ᠸᠢᠴᠠᠲ ᠤᠨ ᠬᠠᠷᠠᠭᠠᠨ ᠳᠠᠪᠲᠠᠮᠵᠢ ᠪᠠᠷ ᠳᠠᠮᠵᠢᠭᠤᠯᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ ᠬᠠᠷᠭᠤᠭᠤᠯᠵᠤ᠂ ᠲᠤᠬᠠᠶ ᠶᠢᠨ ᠲᠠᠯᠠᠪᠠᠶ ᠳᠤ  ᠪᠠᠶᠢᠬᠤ ᠥᠬᠡᠶ ᠠᠵᠢᠯᠲᠠᠨ ᠤ ᠨᠡᠪᠲᠡᠷᠡᠬᠦ ᠲᠣᠮᠣ ᠳ᠋ᠠᠶᠢᠲ᠋ᠠ ᠶᠢᠨ ᠠᠶᠠᠯᠠᠯ ᠤᠨ ᠺᠣᠳ᠋ ᠢ ᠪᠠᠶᠢᠴᠠᠭᠠᠨ ᠦᠵᠡᠬᠦ ᠪᠠᠷ ᠳᠠᠮᠵᠢᠭᠤᠯᠤᠨ ᠣᠶᠢᠷ᠎ᠠ ᠶᠢᠨ 14 ᠡᠳᠦᠷ ᠤᠨ ᠠᠶᠠᠯᠠᠯ ᠤᠨ ᠵᠠᠮ ᠮᠥᠷ ᠢ ᠪᠠᠶᠢᠴᠠᠭᠠᠨ ᠦᠵᠡᠬᠦ ᠬᠤᠶᠠᠷ ᠵᠦᠢᠯ ᠤᠨ ᠠᠷᠭ᠎ᠠ ᠬᠡᠯᠪᠡᠷᠢ ᠪᠠᠷ ᠠᠵᠢᠯᠲᠠᠨ ᠤ ᠭᠡᠷ᠎ᠡ ᠪᠠᠨ ᠭᠦᠢᠴᠡᠳᠭᠡᠭᠰᠡᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠪᠡ      ︵ᠨᠢᠭᠡ︶ G5511 ᠡᠷᠢᠶᠡᠨ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ ᠠᠷᠤᠨ ᠬᠤᠰᠢᠭᠤ ᠬᠦᠷᠬᠦ ᠬᠤᠯᠪᠤᠭᠠᠨ ᠤ ᠱᠤᠭᠤᠮ ᠤᠨ ᠠᠨ ᠶᠧ ᠠᠴᠠ ᠭᠦᠩᠵᠦ ᠶᠢᠨ ᠳᠠᠯᠠᠩ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ       ᠪᠠᠶᠢᠭᠤᠯᠤᠯᠲᠠ ᠳᠤ ᠣᠷᠣᠯᠴᠠᠭᠰᠠᠨ ᠨᠡᠶᠢᠲᠡ 21 ᠨᠢᠭᠡᠴᠢ ᠶᠢᠨ 27 ᠬᠥᠮᠥᠨ ᠢ ᠪᠠᠶᠢᠴᠠᠭᠠᠪᠠ᠄ ᠬᠤᠸᠠ ᠱᠧ ᠵᠢᠷᠤᠭ ᠲᠥᠯᠥᠪᠯᠡᠭᠡᠨ ᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠤᠨ᠎ᠠ᠃ ᠶᠡᠷᠦᠩᠬᠡᠢ ᠳᠠᠭᠠᠭᠠᠴᠢᠯᠠᠯᠲᠠ ᠶᠢᠨ ᠨᠢᠭᠡᠳᠦᠭᠡᠷ ᠳᠠᠭᠠᠭᠠᠴᠢᠯᠠᠯᠲᠠ ︵ᠬᠤᠯᠪᠣᠭᠠᠲᠤ ᠴᠣᠭᠴᠠ︶ ᠶᠢᠨ ᠬᠤᠨᠠᠨ ᠤ ᠵᠠᠮ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠵᠢᠶᠣᠣ ᠺᠧ ᠵᠠᠮ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ᠂ ᠭᠦᠢᠵᠧᠦ ᠮᠤᠵᠢ ᠶᠢᠨ ᠵᠠᠰᠠᠮᠠᠯ ᠵᠠᠮ ᠤᠨ ᠪᠠᠷᠢᠯᠭ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠤᠨ᠎ᠠ᠃ ᠶᠡᠷᠦᠩᠬᠡᠢ ᠳᠠᠭᠠᠭᠠᠴᠢᠯᠠᠯᠲᠠ ᠶᠢᠨ ᠬᠤᠶᠠᠳᠤᠭᠠᠷ ᠳᠠᠭᠠᠭᠠᠴᠢᠯᠠᠯᠲᠠ ︵ᠬᠤᠯᠪᠣᠭᠠᠲᠤ ᠴᠣᠭᠴᠠ︶ ᠶᠢᠨ ᠥᠪᠥᠷ ᠮᠣᠩᠭᠤᠯ ᠤᠨ ᠵᠠᠮ ᠬᠥᠭᠦᠷᠭᠡ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠵᠠᠮ ᠬᠥᠭᠦᠷᠭᠡ ᠶᠢᠨ ᠪᠠᠷᠢᠯᠭ᠎ᠠ ᠶᠢᠨ ᠤᠭᠰᠠᠷᠠᠭᠤᠯᠬᠤ ᠪᠠᠷᠢᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠤᠯᠤᠨ᠎ᠠ᠃ ᠶᠡᠷᠦᠩᠬᠡᠢ ᠳᠠᠭᠠᠭᠠᠴᠢᠯᠠᠯᠲᠠ ᠶᠢᠨ ᠭᠤᠷᠪᠠᠳᠤᠭᠠᠷ ᠳᠠᠭᠠᠭᠠᠴᠢᠯᠠᠯᠲᠠ ︵ᠬᠤᠯᠪᠣᠭᠠᠲᠤ ᠴᠣᠭᠴᠠ︶ ᠶᠢᠨ ᠵᠦᠩ ᠵᠢᠶᠣᠣ ᠵᠠᠮ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠲᠠᠪᠤᠳᠤᠭᠠᠷ ᠲᠣᠪᠴᠢᠶ᠎ᠠ ᠶᠢᠨ ᠪᠦᠯᠦᠭᠯᠡᠯ ᠤᠨ ᠨᠢᠭᠡᠳᠦᠭᠡᠷ ᠪᠠᠷᠢᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠢ ᠠᠨ ᠤ ᠶᠢᠨ ᠯᠦ ᠵᠠᠮ ᠬᠠᠷᠢᠯᠴᠠᠭᠠᠨ ᠤ ᠪᠠᠷᠢᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ᠎ᠠ᠃ ᠶᠡᠷᠦᠩᠬᠡᠢ ᠳᠠᠭᠠᠭᠠᠴᠢᠯᠠᠯᠲᠠ ᠶᠢᠨ ᠳᠦᠷᠪᠡᠳᠦᠭᠡᠷ ᠳᠠᠭᠠᠭᠠᠴᠢᠯᠠᠯᠲᠠ ︵ᠬᠤᠯᠪᠣᠭᠠᠲᠤ ᠴᠣᠭᠴᠠ︶ ᠶᠢᠨ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠨᠢᠭᠡᠳᠦᠭᠡᠷ ᠵᠠᠰᠠᠮᠠᠯ ᠵᠠᠮ ᠤᠨ ᠪᠠᠷᠢᠯᠭ᠎ᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠾᠧᠪᠧᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠨᠢᠭᠡᠳᠦᠭᠡᠷ ᠵᠠᠰᠠᠮᠠᠯ ᠵᠠᠮ ᠤᠨ ᠪᠠᠷᠢᠯᠭ᠎ᠠ ᠶᠢᠨ ᠵᠠᠮ ᠬᠠᠷᠢᠯᠴᠠᠭᠠᠨ ᠤ ᠪᠠᠷᠢᠯᠭ᠎ᠠ ᠶᠢᠨ ᠬᠢᠵᠠᠭᠠᠷᠲᠤ ᠺᠣᠮᠫᠠᠨᠢ ᠪᠣᠯᠤᠨ᠎ᠠ᠃ ᠶᠡᠷᠦᠩᠬᠡᠢ ᠳᠠᠭᠠᠭᠠᠴᠢᠯᠠᠯᠲᠠ ᠶᠢᠨ ᠲᠠᠪᠤᠳᠤᠭᠠᠷ ᠳᠠᠭᠠᠭᠠᠴᠢᠯᠠᠯᠲᠠ ᠶᠢᠨ ︵ᠬᠤᠯᠪᠣᠭᠠᠲᠤ ᠴᠣᠭᠴᠠ︶ ᠵᠥᠩ ᠶᠧ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠰᠢᠩ ᠲᠠᠢ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠥᠬᠡᠨᠠᠭᠤᠷ ᠤᠨ ᠺᠠᠩ ᠰᠢᠶᠦ᠋ᠨ ᠵᠠᠮ ᠬᠠᠷᠢᠯᠴᠠᠭᠠᠨ ᠤ ᠪᠠᠷᠢᠯᠭ᠎ᠠ ᠶᠢᠨ ᠬᠢᠵᠠᠭᠠᠷᠲᠤ ᠺᠣᠮᠫᠠᠨᠢ ᠪᠣᠯᠤᠨ᠎ᠠ᠃ ᠶᠡᠷᠦᠩᠬᠡᠢ ᠬᠢᠨᠠᠨ ᠬᠠᠮᠢᠶᠠᠷᠬᠤ ᠢᠨᠵᠧᠨᠧᠷ ᠤᠨ ᠠᠯᠪᠠᠨ ᠭᠡᠷ ᠶᠢᠨ ᠥᠪᠥᠷ ᠮᠣᠩᠭᠤᠯ ᠤᠨ ᠵᠠᠰᠠᠮᠠᠯ ᠵᠠᠮ ᠤᠨ ᠪᠠᠷᠢᠯᠭ᠎ᠠ ᠶᠢᠨ ᠵᠦᠪᠯᠡᠯᠭᠡ ᠦᠭᠬᠦ ᠬᠢᠨᠠᠨ ᠬᠠᠮᠢᠶᠠᠷᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠨᠢᠭᠡᠳᠦᠭᠡᠷ ᠰᠠᠭᠤᠭ᠎ᠠ ᠭᠠᠵᠠᠷ ᠤᠨ ᠪᠡᠭᠡᠵᠢᠩ ᠤᠨ ᠵᠢᠶᠣᠣ ᠺᠧ ᠪᠠᠷᠢᠯᠭ᠎ᠠ ᠶᠢᠨ ᠵᠦᠪᠯᠡᠯᠭᠡ ᠦᠭᠬᠦ ᠬᠢᠵᠠᠭᠠᠷᠲᠤ ᠺᠣᠮᠫᠠᠨᠢ᠂ ᠬᠤᠶᠠᠳᠤᠭᠠᠷ ᠰᠠᠭᠤᠭ᠎ᠠ ᠭᠠᠵᠠᠷ ᠤᠨ ᠰᠢ ᠠᠨ ᠤ ᠬᠤᠸᠠ ᠰᠢᠩ ᠪᠠᠷᠢᠯᠭ᠎ᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠭᠤᠷᠪᠠᠳᠤᠭᠠᠷ ᠰᠠᠭᠤᠭ᠎ᠠ ᠭᠠᠵᠠᠷ ᠤᠨ ᠱᠠᠨᠳᠦ᠋ᠩ ᠤᠨ ᠭᠧ ᠷᠦᠢ ᠲᠧ ᠬᠢᠨᠠᠨ ᠬᠠᠮᠢᠶᠠᠷᠬᠤ ᠵᠦᠪᠯᠡᠯᠭᠡ ᠦᠭᠬᠦ ᠬᠢᠵᠠᠭᠠᠷᠲᠤ ᠺᠣᠮᠫᠠᠨᠢ᠂ ᠳᠥᠷᠪᠡᠳᠦᠭᠡᠷ ᠰᠠᠭᠤᠭ᠎ᠠ ᠭᠠᠵᠠᠷ ᠤᠨ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠧᠢ ᠵᠢᠶᠠᠩ ᠪᠠᠷᠢᠯᠭ᠎ᠠ ᠶᠢᠨ ᠵᠦᠪᠯᠡᠯᠭᠡ ᠦᠭᠬᠦ ᠬᠢᠵᠠᠭᠠᠷᠲᠤ ᠺᠣᠮᠫᠠᠨᠢ᠂ ᠲᠠᠪᠤᠳᠤᠭᠠᠷ ᠰᠠᠭᠤᠭ᠎ᠠ ᠭᠠᠵᠠᠷ ᠤᠨ ᠰᠢᠯᠢ ᠶᠢᠨ ᠭᠤᠣᠯ ᠠᠶᠢᠮᠠᠭ ᠤᠨ ᠰᠢᠶᠧ ᠯᠢ ᠵᠠᠮ ᠬᠠᠷᠢᠯᠴᠠᠭᠠᠨ ᠤ ᠬᠢᠨᠠᠨ ᠬᠠᠮᠢᠶᠠᠷᠬᠤ ᠬᠢᠵᠠᠭᠠᠷᠲᠤ ᠺᠣᠮᠫᠠᠨᠢ ᠪᠣᠯᠤᠨ᠎ᠠ᠃     ︵ᠬᠤᠶᠠᠷ︶ G1817 ᠦᠬᠠᠢ ᠠᠴᠠ ᠢᠷᠭᠠᠢ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠠᠶᠠᠨᠬᠤᠲᠤᠭ ᠠᠴᠠ ᠪᠠᠶᠠᠨᠬᠤᠲᠠ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ       ᠪᠠᠶᠢᠭᠤᠯᠤᠯᠲᠠ ᠳᠤ ᠣᠷᠣᠯᠴᠠᠭᠰᠠᠨ ᠨᠡᠶᠢᠳᠡ 8 ᠨᠢᠭᠡᠴᠢ ᠶᠢᠨ 19 ᠬᠥᠮᠥᠨ ᠢ ᠪᠠᠶᠢᠴᠠᠭᠠᠪᠠ᠄ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠨᠢᠭᠡᠳᠦᠭᠡᠷ ᠵᠠᠰᠠᠮᠠᠯ ᠵᠠᠮ ᠤᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠰᠤᠳᠤᠯᠭᠠᠨ ᠤ ᠬᠦᠷᠢᠶᠡᠯᠡᠩ᠂ ᠶᠡᠷᠦᠩᠬᠡᠢ ᠳᠠᠭᠠᠭᠠᠴᠢᠯᠠᠯᠲᠠ ᠶᠢᠨ ᠨᠢᠭᠡᠳᠦᠭᠡᠷ ᠬᠤᠪᠢᠶᠠᠷᠢ ᠬᠡᠯᠲᠡᠰ ᠤᠨ ᠳᠤᠮᠳᠠᠳᠤ ᠤᠯᠤᠰ ᠤᠨ ᠵᠠᠮ ᠬᠠᠷᠢᠯᠴᠠᠭᠠᠨ ᠤ  ᠳᠥᠷᠪᠡᠳᠦᠭᠡᠷ ᠵᠠᠰᠠᠮᠠᠯ ᠵᠠᠮ ᠤᠨ ᠪᠠᠷᠢᠯᠭ᠎ᠠ ᠶᠢᠨ ᠲᠣᠪᠴᠢᠶ᠎ᠠ ᠶᠢᠨ ᠬᠢᠵᠠᠭᠠᠷᠲᠤ ᠺᠣᠮᠫᠠᠨᠢ᠂ ᠶᠡᠷᠦᠩᠬᠡᠢ ᠳᠠᠭᠠᠭᠠᠴᠢᠯᠠᠯᠲᠠ ᠶᠢᠨ ᠬᠤᠶᠠᠳᠤᠭᠠᠷ ᠬᠤᠪᠢᠶᠠᠷᠢ ᠬᠡᠯᠲᠡᠰ ᠤᠨ ᠥᠪᠥᠷ ᠮᠣᠩᠭᠤᠯ ᠤᠨ ᠵᠢᠶᠣᠣ ᠺᠧ ᠵᠠᠮ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ᠂ ᠶᠡᠷᠦᠩᠬᠡᠢ ᠳᠠᠭᠠᠭᠠᠴᠢᠯᠠᠯᠲᠠ ᠶᠢᠨ ᠭᠤᠷᠪᠠᠳᠤᠭᠠᠷ ᠬᠤᠪᠢᠶᠠᠷᠢ ᠬᠡᠯᠲᠡᠰ ᠤᠨ ᠵᠥᠩ ᠶᠧ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠶᠡᠷᠦᠩᠬᠡᠢ ᠬᠢᠨᠠᠨ ᠬᠠᠮᠢᠶᠠᠷᠬᠤ ᠢᠨᠵᠧᠨᠧᠷ ᠤᠨ ᠠᠯᠪᠠᠨ ᠭᠡᠷ ᠤᠨ ᠥᠪᠥᠷ ᠮᠣᠩᠭᠤᠯ ᠤᠨ ᠵᠠᠰᠠᠮᠠᠯ ᠵᠠᠮ ᠤᠨ ᠪᠠᠷᠢᠯᠭ᠎ᠠ ᠶᠢᠨ ᠵᠦᠪᠯᠡᠯᠭᠡ ᠦᠭᠬᠦ ᠬᠢᠨᠠᠨ ᠬᠠᠮᠢᠶᠠᠷᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠨᠢᠭᠡᠳᠦᠭᠡᠷ ᠰᠠᠭᠤᠭ᠎ᠠ ᠭᠠᠵᠠᠷ ᠤᠨ ᠨᠢᠩᠰᠢᠶᠠ ᠶᠢᠨ ᠬᠤᠸᠠ ᠵᠢᠢ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠵᠦᠪᠯᠡᠯᠭᠡ ᠦᠭᠬᠦ ᠬᠢᠵᠠᠭᠠᠷᠲᠤ ᠺᠣᠮᠫᠠᠨᠢ᠂ ᠬᠤᠶᠠᠳᠤᠭᠠᠷ ᠰᠠᠭᠤᠭ᠎ᠠ ᠭᠠᠵᠠᠷ ᠤᠨ ᠥᠪᠥᠷ ᠮᠣᠩᠭᠤᠯ ᠤᠨ ᠬᠤᠸᠠ ᠲᠦᠩ ᠱᠦᠨ ᠵᠠᠰᠠᠮᠠᠯ ᠵᠠᠮ ᠤᠨ ᠬᠢᠨᠠᠨ ᠬᠠᠮᠢᠶᠠᠷᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠭᠤᠷᠪᠠᠳᠤᠭᠠᠷ ᠰᠠᠭᠤᠭ᠎ᠠ ᠭᠠᠵᠠᠷ ᠤᠨ ᠥᠪᠥᠷ ᠮᠣᠩᠭᠤᠯ ᠤᠨ ᠬᠤᠸᠠ ᠰᠢᠶᠦ᠋ᠨ ᠪᠠᠷᠢᠯᠭ᠎ᠠ ᠶᠢᠨ ᠵᠦᠪᠯᠡᠯᠭᠡ ᠦᠭᠬᠦ ᠬᠢᠨᠠᠨ ᠬᠠᠮᠢᠶᠠᠷᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ᠎ᠠ᠃      ᠬᠤᠶᠠᠷ᠂ ᠣᠷᠣᠰᠢᠵᠤ ᠪᠠᠶᠢᠭ᠎ᠠ ᠠᠰᠠᠭᠤᠳᠠᠯ      ︵ᠨᠢᠭᠡ︶ G5511 ᠡᠷᠢᠶᠡᠨ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ ᠠᠷᠤᠨ ᠬᠤᠰᠢᠭᠤ ᠬᠦᠷᠬᠦ ᠬᠤᠯᠪᠤᠭᠠᠨ ᠤ ᠱᠤᠭᠤᠮ ᠤᠨ ᠠᠨ ᠶᠧ ᠠᠴᠠ ᠭᠦᠩᠵᠦ ᠶᠢᠨ ᠳᠠᠯᠠᠩ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠄ ᠭᠤᠤᠯ ᠭᠡᠷ᠎ᠡ ᠪᠠᠨ ᠭᠦᠢᠴᠡᠳᠭᠡᠬᠦ 27 ᠠᠵᠢᠯᠲᠠᠨ ︵9 ᠬᠥᠮᠥᠨ ᠢ ᠬᠤᠪᠢᠷᠠᠭᠤᠯᠤᠭᠰᠠᠨ︶᠂ ᠠᠵᠢᠯ ᠤᠨ ᠪᠠᠶᠢᠷᠢ ᠳᠤ ᠪᠠᠶᠢᠬᠤ ᠦᠭᠡᠢ ᠬᠥᠮᠥᠨ ᠤ ᠲᠤᠭ᠎ᠠ 11 ᠬᠥᠮᠥᠨ ︵6 ᠬᠥᠮᠥᠨ ᠴᠢᠯᠦᠭᠡ ᠭᠤᠶᠤᠬᠤ ᠭᠠᠷᠳᠠᠮ ᠢ ᠭᠦᠢᠴᠡᠳᠬᠡᠵᠦ᠂ 5 ᠬᠥᠮᠥᠨ ᠴᠢᠯᠦᠭᠡ ᠭᠤᠶᠤᠬᠤ ᠭᠠᠷᠳᠠᠮ ᠢ ᠭᠦᠢᠴᠡᠳᠬᠡᠭᠰᠡᠨ ᠦᠭᠡᠢ︶ ᠢ ᠪᠠᠶᠢᠴᠠᠭᠠᠪᠠ᠃      1. ᠶᠡᠷᠦᠩᠬᠡᠢ ᠳᠠᠭᠠᠭᠠᠴᠢᠯᠠᠯᠲᠠ ᠶᠢᠨ ᠬᠤᠶᠠᠳᠤᠭᠠᠷ ᠳᠠᠭᠠᠭᠠᠴᠢᠯᠠᠯᠲᠠ ᠶᠢᠨ ︵ᠥᠪᠥᠷ ᠮᠣᠩᠭᠤᠯ ᠤᠨ ᠵᠠᠮ ᠬᠥᠭᠦᠷᠭᠡ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ/ᠥᠪᠥᠷ ᠮᠣᠩᠭᠤᠯ ᠤᠨ ᠵᠠᠮ ᠬᠥᠭᠦᠷᠭᠡ ᠶᠢᠨ ᠪᠠᠷᠢᠯᠭ᠎ᠠ ᠶᠢᠨ ᠤᠭᠰᠠᠷᠠᠭᠤᠯᠬᠤ ᠪᠠᠷᠢᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ ᠲᠥᠷᠥᠯ ᠵᠦᠢᠯ ᠤᠨ ᠳᠠᠭᠠᠭᠠᠮᠠᠯ᠂ ᠲᠥᠷᠥᠯ ᠵᠦᠢᠯ ᠤᠨ ᠶᠡᠷᠦᠩᠬᠡᠢ ᠢᠨᠵᠧᠨᠧᠷ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ 3 ᠬᠥᠮᠥᠨ ᠴᠥᠮ ᠲᠤᠬᠠᠢ ᠶᠢᠨ ᠲᠠᠯᠠᠪᠠᠢ ᠳᠤ ᠪᠠᠶᠢᠬᠤ ᠦᠭᠡᠢ᠂ ᠬᠠᠮᠢᠶ᠎ᠠ ᠪᠦᠬᠦᠢ ᠴᠢᠯᠦᠭᠡ ᠭᠤᠶᠤᠬᠤ ᠭᠠᠷᠳᠠᠮ ᠢ ᠭᠦᠢᠴᠡᠳᠭᠡᠪᠡ      2. ᠶᠡᠷᠦᠩᠬᠡᠢ ᠳᠠᠭᠠᠭᠠᠴᠢᠯᠠᠯᠲᠠ ᠶᠢᠨ ᠭᠤᠷᠪᠠᠳᠤᠭᠠᠷ ᠳᠠᠭᠠᠭᠠᠴᠢᠯᠠᠯᠲᠠ ᠶᠢᠨ ︵ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠵᠠᠮ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ︵ᠲᠦᠷᠦᠭᠦᠯᠡᠭᠴᠢ︶/ᠳᠤᠮᠳᠠᠳᠤ ᠤᠯᠤᠰ ᠤᠨ ᠲᠡᠮᠦᠷ ᠵᠠᠮ ᠤᠨ ᠲᠠᠪᠤᠳᠤᠭᠠᠷ ᠲᠣᠪᠴᠢᠶ᠎ᠠ ᠶᠢᠨ ᠪᠦᠯᠦᠭᠯᠡᠯ ᠤᠨ ᠨᠢᠭᠡᠳᠦᠭᠡᠷ ᠪᠠᠷᠢᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ/ᠰᠢ ᠠᠨ ᠤ ᠶᠢᠨ ᠯᠦ ᠵᠠᠮ ᠬᠠᠷᠢᠯᠴᠠᠭᠠᠨ ᠤ ᠪᠠᠷᠢᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ ᠲᠥᠷᠥᠯ ᠵᠦᠢᠯ ᠤᠨ ᠳᠠᠭᠠᠭᠠᠮᠠᠯ᠂ ᠲᠥᠷᠥᠯ ᠵᠦᠢᠯ ᠤᠨ ᠶᠡᠷᠦᠩᠬᠡᠢ ᠢᠨᠵᠧᠨᠧᠷ 2 ᠬᠥᠮᠥᠨ ᠲᠤᠬᠠᠢ ᠶᠢᠨ ᠲᠠᠯᠠᠪᠠᠢ ᠳᠤ ᠪᠠᠶᠢᠬᠤ ᠦᠭᠡᠢ᠂ ᠬᠠᠮᠢᠶ᠎ᠠ ᠪᠦᠬᠦᠢ ᠴᠢᠯᠦᠭᠡ ᠭᠤᠶᠤᠬᠤ ᠭᠠᠷᠳᠠᠮ ᠢ ᠭᠦᠢᠴᠡᠳᠭᠡᠪᠡ᠃      3. ᠶᠡᠷᠦᠩᠬᠡᠢ ᠳᠠᠭᠠᠭᠠᠴᠢᠯᠠᠯᠲᠠ ᠶᠢᠨ ᠳᠦᠷᠪᠡᠳᠦᠭᠡᠷ ᠳᠠᠭᠠᠭᠠᠴᠢᠯᠠᠯᠲᠠ ᠶᠢᠨ ︵ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠨᠢᠭᠡᠳᠦᠭᠡᠷ ᠵᠠᠰᠠᠮᠠᠯ ᠵᠠᠮ ᠤᠨ ᠪᠠᠷᠢᠯᠭ᠎ᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ︵ᠲᠦᠷᠦᠭᠦᠯᠡᠭᠴᠢ︶/ᠾᠧᠪᠧᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ/ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠨᠢᠭᠡᠳᠦᠭᠡᠷ ᠵᠠᠰᠠᠮᠠᠯ ᠵᠠᠮ ᠤᠨ ᠪᠠᠷᠢᠯᠭ᠎ᠠ ᠶᠢᠨ ᠲᠣᠪᠴᠢᠶ᠎ᠠ ᠶᠢᠨ ᠵᠠᠮ ᠬᠠᠷᠢᠯᠴᠠᠭᠠᠨ ᠤ ᠪᠠᠷᠢᠯᠭ᠎ᠠ ᠶᠢᠨ ᠬᠢᠵᠠᠭᠠᠷᠲᠤ ᠺᠣᠮᠫᠠᠨᠢ︶ ᠲᠥᠷᠥᠯ ᠵᠦᠢᠯ ᠤᠨ ᠳᠠᠭᠠᠭᠠᠮᠠᠯ 1 ᠬᠥᠮᠥᠨ ᠲᠤᠬᠠᠢ ᠶᠢᠨ  ᠲᠠᠯᠠᠪᠠᠢ ᠳᠤ ᠪᠠᠶᠢᠬᠤ ᠦᠭᠡᠢ᠂ ᠴᠢᠯᠦᠭᠡ ᠭᠤᠶᠤᠬᠤ ᠭᠠᠷᠳᠠᠮ ᠢ ᠭᠦᠢᠴᠡᠳᠬᠡᠭᠰᠡᠨ ᠦᠭᠡᠢ᠃      4. ᠶᠡᠷᠦᠩᠬᠡᠢ ᠳᠠᠭᠠᠭᠠᠴᠢᠯᠠᠯᠲᠠ ᠶᠢᠨ ᠲᠠᠪᠤᠳᠤᠭᠠᠷ ᠳᠠᠭᠠᠭᠠᠴᠢᠯᠠᠯᠲᠠ ᠶᠢᠨ ︵ᠵᠥᠩ ᠶᠧ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ︵ᠲᠦᠷᠦᠭᠦᠯᠡᠭᠴᠢ︶/ᠰᠢᠩ  ᠲᠠᠢ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ/ᠬᠥᠬᠡᠨᠠᠭᠤᠷ ᠤᠨ ᠺᠠᠩ ᠰᠢᠶᠦ᠋ᠨ ᠵᠠᠮ ᠬᠠᠷᠢᠯᠴᠠᠭᠠᠨ ᠤ ᠪᠠᠷᠢᠯᠭ᠎ᠠ ᠶᠢᠨ ᠬᠢᠵᠠᠭᠠᠷᠲᠤ ᠺᠣᠮᠫᠠᠨᠢ︶ ᠲᠥᠷᠥᠯ ᠵᠦᠢᠯ ᠤᠨ ᠳᠠᠭᠠᠭᠠᠮᠠᠯ᠂ ᠲᠥᠷᠥᠯ ᠵᠦᠢᠯ ᠤᠨ ᠶᠡᠷᠦᠩᠬᠡᠢ ᠢᠨᠵᠧᠨᠧᠷ᠂ ᠠᠮᠤᠷ ᠲᠦᠪᠰᠢᠨ ᠤ ᠬᠠᠷᠢᠭᠤᠴᠠᠯᠭᠠᠲᠠᠨ 3 ᠬᠥᠮᠥᠨ ᠴᠥᠮ ᠲᠤᠬᠠᠢ ᠶᠢᠨ ᠲᠠᠯᠠᠪᠠᠢ ᠳᠤ ᠪᠠᠶᠢᠬᠤ ᠦᠭᠡᠢ᠂ ᠴᠢᠯᠦᠭᠡ ᠭᠤᠶᠤᠬᠤ ᠭᠠᠷᠳᠠᠮ ᠢ ᠭᠦᠢᠴᠡᠳᠬᠡᠭᠰᠡᠨ ᠦᠭᠡᠢ᠃      5. ᠶᠡᠷᠦᠩᠬᠡᠢ ᠬᠢᠨᠠᠨ ᠬᠠᠮᠢᠶᠠᠷᠬᠤ ᠢᠨᠵᠧᠨᠧᠷ ᠤᠨ ᠠᠯᠪᠠᠨ ᠭᠡᠷ ︵ᠥᠪᠥᠷ ᠮᠣᠩᠭᠤᠯ ᠤᠨ ᠵᠠᠰᠠᠮᠠᠯ ᠵᠠᠮ ᠤᠨ  ᠪᠠᠷᠢᠯᠭ᠎ᠠ ᠶᠢᠨ ᠵᠦᠪᠯᠡᠯᠭᠡ ᠦᠭᠬᠦ ᠬᠢᠨᠠᠨ ᠬᠠᠮᠢᠶᠠᠷᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ ᠤᠨ ᠶᠡᠷᠦᠩᠬᠡᠢ ᠬᠢᠨᠠᠨ ᠬᠠᠮᠢᠶᠠᠷᠬᠤ ᠢᠨᠵᠧᠨᠧᠷ 1 ᠬᠥᠮᠥᠨ ᠲᠤᠬᠠᠢ ᠶᠢᠨ ᠲᠠᠯᠠᠪᠠᠢ ᠳᠤ ᠪᠠᠶᠢᠬᠤ ᠦᠭᠡᠢ᠂ ᠴᠢᠯᠦᠭᠡ ᠭᠤᠶᠤᠬᠤ ᠭᠠᠷᠳᠠᠮ ᠢ ᠭᠦᠢᠴᠡᠳᠭᠡᠪᠡ᠃      6. ᠭᠤᠷᠪᠠᠳᠤᠭᠠᠷ ᠰᠠᠭᠤᠭ᠎ᠠ ᠭᠠᠵᠠᠷ ︵ᠱᠠᠨᠳᠦ᠋ᠩ ᠤᠨ ᠭᠧ ᠷᠦᠢ ᠲᠧ ᠬᠢᠨᠠᠨ ᠬᠠᠮᠢᠶᠠᠷᠬᠤ ᠵᠦᠪᠯᠡᠯᠭᠡ ᠦᠭᠬᠦ ᠬᠢᠵᠠᠭᠠᠷᠲᠤ ᠺᠣᠮᠫᠠᠨᠢ︶ ᠤᠨ ᠰᠠᠭᠤᠭ᠎ᠠ ᠭᠠᠵᠠᠷ ᠤᠨ ᠬᠢᠨᠠᠨ ᠬᠠᠮᠢᠶᠠᠷᠬᠤ ᠢᠨᠵᠧᠨᠧᠷ 1 ᠬᠥᠮᠥᠨ ᠲᠤᠬᠠᠢ ᠶᠢᠨ ᠲᠠᠯᠠᠪᠠᠢ ᠳᠤ ᠪᠠᠶᠢᠬᠤ ᠦᠭᠡᠢ᠂ ᠴᠢᠯᠦᠭᠡ ᠭᠤᠶᠤᠬᠤ ᠭᠠᠷᠳᠠᠮ ᠢ ᠭᠦᠢᠴᠡᠳᠬᠡᠭᠰᠡᠨ ᠦᠭᠡᠢ᠃      ︵ᠬᠤᠶᠠᠷ︶ G1817 ᠦᠬᠠᠢ ᠠᠴᠠ ᠢᠷᠭᠠᠢ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠠᠶᠠᠨᠬᠤᠲᠤᠭ ᠠᠴᠠ ᠪᠠᠶᠠᠨᠬᠤᠲᠠ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠄ ᠭᠤᠤᠯ ᠭᠡᠷ᠎ᠡ ᠪᠠᠨ ᠭᠦᠢᠴᠡᠳᠭᠡᠬᠦ 19 ᠠᠵᠢᠯᠲᠠᠨ ︵1 ᠬᠥᠮᠥᠨ ᠢ ᠬᠤᠪᠢᠷᠠᠭᠤᠯᠤᠭᠰᠠᠨ︶᠂ 3 ᠬᠥᠮᠥᠨ ᠠᠵᠢᠯ ᠤᠨ ᠪᠠᠶᠢᠷᠢ ᠳᠤ ᠪᠠᠶᠢᠬᠤ ᠦᠭᠡᠢ ︵2 ᠬᠥᠮᠥᠨ ᠴᠢᠯᠦᠭᠡ ᠭᠤᠶᠤᠬᠤ ᠭᠠᠷᠳᠠᠮ ᠢ ᠭᠦᠢᠴᠡᠳᠬᠡᠵᠦ᠂ 1 ᠬᠥᠮᠥᠨ ᠴᠢᠯᠦᠭᠡ ᠭᠤᠶᠤᠬᠤ ᠭᠠᠷᠳᠠᠮ ᠢ ᠭᠦᠢᠴᠡᠳᠬᠡᠭᠰᠡᠨ ᠦᠭᠡᠢ︶ ᠢ ᠪᠠᠶᠢᠴᠠᠭᠠᠪᠠ᠃      1. ᠶᠡᠷᠦᠩᠬᠡᠢ ᠳᠠᠭᠠᠭᠠᠴᠢᠯᠠᠯᠲᠠ ᠶᠢᠨ ᠬᠤᠶᠠᠳᠤᠭᠠᠷ ᠬᠤᠪᠢᠶᠠᠷᠢ ᠬᠡᠯᠲᠡᠰ ᠤᠨ ᠥᠪᠥᠷ ᠮᠣᠩᠭᠤᠯ ᠤᠨ ᠵᠢᠶᠣᠣ ᠺᠧ ᠵᠠᠮ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠳᠠᠭᠠᠭᠠᠮᠠᠯ 1 ᠬᠥᠮᠥᠨ ᠲᠤᠬᠠᠢ ᠶᠢᠨ ᠲᠠᠯᠠᠪᠠᠢ ᠳᠤ ᠪᠠᠶᠢᠬᠤ ᠦᠭᠡᠢ᠂ ᠬᠠᠮᠢᠶ᠎ᠠ ᠪᠦᠬᠦᠢ ᠴᠢᠯᠦᠭᠡ ᠭᠤᠶᠤᠬᠤ ᠭᠠᠷᠳᠠᠮ ᠢ ᠭᠦᠢᠴᠡᠳᠭᠡᠪᠡ᠃      2. ᠶᠡᠷᠦᠩᠬᠡᠢ ᠳᠠᠭᠠᠭᠠᠴᠢᠯᠠᠯᠲᠠ ᠶᠢᠨ ᠭᠤᠷᠪᠠᠳᠤᠭᠠᠷ ᠬᠤᠪᠢᠶᠠᠷᠢ ᠬᠡᠯᠲᠡᠰ ᠤᠨ ᠵᠥᠩ ᠶᠧ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠳᠠᠭᠠᠭᠠᠮᠠᠯ 1 ᠬᠥᠮᠥᠨ ᠲᠤᠬᠠᠢ ᠶᠢᠨ ᠲᠠᠯᠠᠪᠠᠢ ᠳᠤ ᠪᠠᠶᠢᠬᠤ ᠦᠭᠡᠢ᠂ ᠬᠠᠮᠢᠶ᠎ᠠ ᠪᠦᠬᠦᠢ ᠴᠢᠯᠦᠭᠡ ᠭᠤᠶᠤᠬᠤ ᠭᠠᠷᠳᠠᠮ ᠢ ᠭᠦᠢᠴᠡᠳᠭᠡᠪᠡ᠃ ᠲᠤᠷᠰᠢᠯᠲᠠ ᠶᠢᠨ ᠲᠠᠰᠤᠭ ᠤᠨ ᠡᠷᠬᠢᠯᠡᠭᠴᠢ 1 ᠬᠥᠮᠥᠨ ᠲᠤᠬᠠᠢ ᠶᠢᠨ ᠲᠠᠯᠠᠪᠠᠢ ᠳᠤ ᠪᠠᠶᠢᠬᠤ ᠦᠭᠡᠢ᠂ ᠬᠠᠮᠢᠶ᠎ᠠ ᠪᠦᠬᠦᠢ ᠴᠢᠯᠦᠭᠡ ᠭᠤᠶᠤᠬᠤ ᠭᠠᠷᠳᠠᠮ ᠢ ᠭᠦᠢᠴᠡᠳᠬᠡᠭᠰᠡᠨ ᠦᠭᠡᠢ᠃     ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠨ᠎ᠠ᠃ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠬᠦᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠨᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠰᠠᠶᠢᠳᠤᠷ ᠠᠳᠬᠤᠬᠤ ᠬᠡᠷᠡᠭᠲᠡᠢ᠃  ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠵᠢᠴᠢ ᠭᠡᠷ᠎ᠡ ᠶᠢᠨ ᠪᠣᠯᠵᠤᠭ᠎ᠠ ᠶᠢ ᠴᠢᠩᠭ᠎ᠠ ᠵᠢᠷᠤᠮᠯᠠᠨ ᠳᠠᠭᠠᠭᠠᠴᠢᠯᠠᠨ ᠪᠠᠶᠢᠭᠤᠯᠬᠤ ᠲᠥᠷᠥᠯ ᠵᠦᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠦᠷᠨᠢᠭᠦᠯᠵᠦ᠂ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠬᠦ ᠢᠯᠡᠷᠡᠭᠦᠯᠬᠦ ᠪᠠ ᠵᠠᠯᠠᠷᠠᠭᠤᠯᠵᠤ᠂ ᠬᠠᠤᠯᠢ ᠲᠣᠭᠲᠠᠭᠠᠯ   ᠠᠴᠠ ᠵᠥᠷᠢᠴᠡᠭᠰᠡᠨ ᠪᠠ ᠬᠦᠨᠳᠦ ᠨᠣᠴᠢᠲᠠᠢ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠢᠯᠡ ᠪᠣᠯᠭᠠᠬᠤ ᠬᠡᠷᠡᠭᠲᠡᠢ᠃ ᠲᠠᠨ ᠤ ᠺᠣᠮᠫᠠᠨᠢ ᠨᠢ ᠬᠤᠶᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠤᠪᠢᠶᠠᠷᠢ ᠺᠣᠮᠫᠠᠨᠢ ᠳᠤ ᠬᠢᠨᠠᠯᠲᠠ ᠲᠠᠯᠪᠢᠵᠤ᠂ ᠲᠣᠰ ᠤᠳᠠᠭᠠᠨ ᠤ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ ᠳᠤ ᠨᠢ ᠢᠲᠡᠭᠡᠮᠵᠢ ᠶᠢᠨ ᠬᠠᠮᠢᠶᠠᠷᠤᠯᠲᠠ ᠶᠢᠨ ᠡᠬᠡ ᠲᠠᠩᠰᠠᠨ ᠳᠤ ᠲᠡᠮᠳᠡᠭᠯᠡᠬᠦ ᠶᠢᠨ ᠬᠠᠮᠲᠤ ᠵᠠᠷᠯᠠᠨ ᠨᠡᠶᠢᠲᠡᠯᠡᠵᠦ ᠠᠵᠤ ᠠᠬᠤᠶᠢᠯᠠᠯ ᠳᠤ ᠮᠡᠳᠡᠭᠦᠯᠦᠨ᠎ᠡ᠂ ᠭᠡᠷ᠎ᠡ ᠶᠢᠨ ᠪᠣᠯᠵᠤᠭ᠎ᠠ ᠶᠣᠰᠣᠭᠠᠷ ᠰᠢᠢᠳᠭᠡᠬᠦ ᠶᠢᠨ ᠬᠠᠮᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ ᠮᠡᠳᠡᠭᠦᠯᠬᠦ ᠬᠡᠷᠡᠭᠲᠡᠢ᠃      ︵ᠬᠤᠶᠠᠷ︶ ᠭᠡᠷ᠎ᠡ ᠭᠦᠢᠴᠡᠳᠭᠡᠭᠴᠢ ᠶᠢ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠤᠪᠢᠶᠠᠷᠢ ᠺᠣᠮᠫᠠᠨᠢ ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠵᠢᠴᠢ ᠭᠡᠷ᠎ᠡ ᠶᠢᠨ ᠪᠣᠯᠵᠤᠭ᠎ᠠ ᠶᠣᠰᠣᠭᠠᠷ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠠᠵᠢᠯᠲᠠᠨ ᠤ ᠬᠤᠪᠢᠷᠠᠭᠤᠯᠤᠭᠰᠠᠨ ᠰᠢᠯᠲᠠᠭᠠᠨ ᠪᠠ ᠬᠤᠪᠢᠷᠠᠭᠤᠯᠤᠭᠰᠠᠨ ᠤ ᠳᠠᠷᠠᠭᠠᠬᠢ ᠠᠵᠢᠯᠲᠠᠨ ᠤ ᠬᠢᠷᠢ ᠬᠡᠮ ᠢ ᠬᠢᠨᠠᠨ ᠬᠠᠷᠭᠤᠭᠤᠯᠬᠤ ᠪᠠᠨ ᠴᠢᠩᠭᠠᠳᠬᠠᠵᠤ᠂ ᠠᠵᠢᠯᠲᠠᠨ ᠢ ᠬᠤᠪᠢᠷᠠᠭᠤᠯᠬᠤ ᠨᠥᠬᠦᠴᠡᠯ ᠳᠤ ᠨᠡᠶᠢᠴᠡᠬᠦ ᠦᠭᠡᠢ᠂ ᠡᠰᠡᠬᠦᠯ᠎ᠡ ᠬᠤᠪᠢᠷᠠᠭᠤᠯᠤᠭᠰᠠᠨ ᠤ ᠳᠠᠷᠠᠭᠠᠬᠢ ᠠᠵᠢᠯᠲᠠᠨ ᠤ ᠬᠢᠷᠢ ᠬᠡᠮ ᠪᠠ ᠠᠵᠢᠯ ᠤᠨ ᠠᠮᠵᠢᠯᠲᠠ ᠪᠦᠲᠦᠮᠵᠢ ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠲᠣᠭᠲᠠᠭᠠᠯ   ᠠᠴᠠ ᠳᠣᠣᠷ᠎ᠠ ᠪᠠᠶᠢᠪᠠᠯ᠂ ᠴᠥᠮ ᠬᠤᠪᠢᠷᠠᠭᠤᠯᠵᠤ ᠪᠣᠯᠬᠤ ᠦᠭᠡᠢ᠂ ᠨᠢᠭᠡᠨᠲᠡ ᠬᠤᠪᠢᠷᠠᠭᠤᠯᠤᠭᠰᠠᠨ ᠪᠠᠶᠢᠪᠠᠯ ᠳᠠᠭᠢᠵᠤ ᠬᠢᠨᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠭᠤᠣᠯ ᠪᠣᠯᠬᠤ ᠠᠵᠢᠯᠲᠠᠨ ᠳᠠᠭᠠᠭᠠᠴᠢᠯᠠᠯᠲᠠ ᠬᠦᠯᠢᠶᠡᠬᠦ ᠠᠮᠠᠯᠠᠯᠲᠠ ᠶᠢᠨ ᠶᠣᠰᠣᠭᠠᠷ ᠪᠣᠳᠠᠲᠠᠶᠢᠵᠢᠭᠤᠯᠤᠭᠰᠠᠨ ᠤᠶᠢᠭᠡᠢ ᠪᠣᠯ ᠢᠲᠡᠭᠡᠮᠵᠢ ᠶᠢᠨ ᠡᠬᠡ ᠲᠡᠩᠰᠠ ᠶᠢᠨ ᠳᠠᠩᠰᠠᠯᠠᠯ ᠬᠢᠬᠦ ᠶᠢᠨ ᠬᠠᠮᠲᠤ ᠵᠣᠬᠢᠬᠤ ᠰᠢᠢᠳᠭᠡᠯ ᠲᠣᠷᠭᠠᠭᠤᠯᠢ ᠣᠯᠭᠤᠬᠤ ᠬᠡᠷᠡᠭᠲᠡᠢ᠃      ︵ᠭᠤᠷᠪᠠ︶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ᠲᠣᠰ ᠤᠳᠠᠭ᠎ᠠ ᠪᠠᠶᠢᠴᠠᠭᠠᠨ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠲᠥᠷᠥᠯ ᠵᠦᠢᠯ ᠤᠨ ᠡᠯ᠎ᠡ ᠠᠵᠢᠯ ᠡᠷᠬᠢᠯᠡᠵᠦ ᠪᠠᠶᠢᠭ᠎ᠠ ᠨᠢᠭᠡᠴᠢ ᠡᠭᠦᠨ ᠢᠶᠠᠷ ᠴᠡᠭᠡᠷᠯᠡᠯ ᠪᠣᠯᠭᠠᠵᠤ᠂ ᠲᠣᠰ ᠲᠣᠰ ᠨᠢᠭᠡᠴᠢ ᠶᠢᠨ ᠢᠶᠠᠨ ᠪᠤᠰᠤᠳ ᠭᠡᠷ᠎ᠡ ᠭᠦᠢᠴᠡᠳᠭᠡᠭᠴᠢ ᠶᠢ ᠥᠪᠡᠷ ᠢ ᠪᠠᠨ ᠪᠠᠶᠢᠴᠠᠭᠠᠬᠤ ᠶᠢ ᠦᠷᠨᠢᠭᠦᠯᠵᠦ᠂ ᠠᠰᠠᠭᠤᠳᠠᠯ ᠤᠨ ᠡᠬᠡ ᠲᠠᠩᠰᠠ ᠪᠠᠶᠢᠭᠤᠯᠤᠨ᠂ ᠲᠣᠰ ᠤᠳᠠᠭᠠᠨ ᠤ ᠭᠡᠷ᠎ᠡ ᠪᠠᠨ ᠭᠦᠢᠴᠡᠳᠭᠡᠭᠰᠡᠨ ᠢ ᠪᠠᠶᠢᠴᠠᠭᠠᠭᠰᠠᠨ ᠪᠠᠶᠢᠳᠠᠯ ᠲᠠᠢ ᠬᠠᠮᠲᠤ ᠳᠤ ᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠠᠵᠢᠯᠲᠠᠨ ᠤ ᠬᠠᠮᠢᠶᠠᠷᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃            ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                                              2022 ᠣᠨ ᠤ 7 ᠳ᠋ᠤᠭᠠᠷ ᠰᠠᠷ᠎ᠠ ᠶᠢᠨ 6 ᠤ ᠡᠳᠦᠷ
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号