内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠬᠦᠷᠢᠶᠡᠨ ᠳᠤ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠠᠵᠢᠯ ᠢ ᠳᠡᠯᠭᠡᠷᠡᠭᠦᠯᠬᠦ ᠶᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠲᠠᠶᠢᠯᠤᠮᠵᠢ
        ᠨᠡᠶᠢᠲᠡᠯᠡᠭᠰᠡᠨ ᠴᠠᠭ᠄
        2022/8/10
            ——ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠷᠠᠳ ᠲᠤ ᠠᠰᠢᠭ ᠬᠦᠷᠲᠡᠭᠡᠵᠦ  ᠪᠡᠯᠡ ᠣᠷᠣᠭᠤᠯᠤᠯᠲᠠ ᠶᠢ ᠥᠷᠭᠡᠳᠬᠡᠵᠦ ᠣᠷᠣᠯᠭ᠎ᠠ ᠶᠢ ᠨᠡᠮᠡᠭᠳᠡᠭᠦᠯᠦᠨ᠎ᠡ      ᠣᠶᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ︽ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠬᠦᠷᠢᠶᠡᠨ ᠳᠤ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠠᠵᠢᠯ ᠢ ᠳᠡᠯᠭᠡᠷᠡᠭᠦᠯᠬᠦ ᠶᠢ ᠰᠠᠶᠢᠲᠤᠷ ᠬᠢᠬᠦ ᠲᠤᠬᠠᠶ ᠮᠡᠳᠡᠭᠳᠡᠯ︾ ︵︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠬᠦᠷᠢᠶᠡᠨ ᠳᠤ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠠᠵᠢᠯ ᠢ ᠳᠡᠯᠭᠡᠷᠡᠭᠦᠯᠵᠦ᠂ ᠣᠯᠠᠨ ᠲᠦᠮᠡᠨ ᠤ ᠲᠤᠬᠠᠶ ᠶᠢᠨ ᠭᠠᠵᠠᠷ ᠣᠶᠢᠷ᠎ᠠ ᠬᠠᠪᠢ ᠳᠤ ᠪᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠪᠠᠶᠢᠷᠢᠯᠠᠭᠤᠯᠪᠠ᠃ ᠡᠳᠦᠭᠡ ᠬᠠᠮᠢᠶ᠎ᠠ ᠪᠥᠬᠦᠶ ᠠᠭᠤᠯᠭ᠎ᠠ  ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠠ᠄     ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠵᠦ  ᠴᠢᠬᠤᠯᠠ ᠠᠴᠢᠶᠠᠯᠠᠪᠤᠷᠢ ᠶᠢᠨ ᠦᠢᠯᠡᠳᠦᠯ ᠢ ᠪᠠᠳᠠᠷᠠᠭᠤᠯᠤᠨ᠎ᠠ      ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠪᠣᠯ ᠣᠯᠠᠨ ᠲᠦᠮᠡᠨ ᠤ ᠣᠶᠢᠷ᠎ᠠ ᠬᠠᠪᠢ ᠳᠤ ᠪᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ᠂ ᠬᠥᠳᠡᠯᠮᠦᠷᠢ ᠶᠢᠨ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠨᠢᠭᠡᠨ ᠴᠢᠬᠤᠯᠠ ᠲᠥᠷᠥ ᠶᠢᠨ ᠪᠣᠳᠣᠯᠭ᠎ᠠ ᠪᠣᠯᠤᠨ᠎ᠠ᠂ ᠣᠯᠠᠨ ᠲᠦᠮᠡᠨ ᠢᠯᠠᠩᠭᠤᠶ᠎ᠠ ᠲᠠᠷᠢᠶᠠᠴᠢᠨ ᠬᠦᠴᠦ ᠶᠠᠪᠤᠭᠰᠠᠳ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠵᠡᠷᠭᠡ ᠳᠤ ᠬᠡᠪᠴᠢᠶ᠎ᠡ ᠲᠠᠢ ᠪᠠᠷ ᠠᠵᠢᠯ ᠬᠢᠬᠦ ᠠᠵᠢᠯ ᠤᠨ ᠪᠠᠶᠢᠷᠢ ᠬᠠᠩᠭᠠᠵᠤ ᠳᠡᠶᠢᠯᠬᠦ ᠪᠥᠭᠡᠳ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠷᠠᠳ ᠣᠯᠠᠨ ᠤ ᠬᠥᠳᠡᠯᠮᠦᠷᠢ ᠪᠠᠷ ᠢᠶᠠᠨ ᠣᠷᠣᠯᠭ᠎ᠠ ᠪᠠᠨ ᠨᠡᠮᠡᠭᠳᠡᠭᠦᠯᠦᠨ ᠵᠣᠯ ᠵᠢᠷᠭᠠᠯᠲᠤ ᠠᠮᠢᠳᠤᠷᠠᠯ ᠢᠶᠠᠨ ᠡᠭᠦᠳᠦᠨ ᠪᠠᠶᠢᠭᠤᠯᠬᠤ ᠶᠢ ᠳᠡᠮᠵᠢᠬᠦ ᠴᠢᠬᠤᠯᠠ ᠠᠷᠭ᠎ᠠ ᠮᠠᠶ᠋ᠢᠭ ᠪᠣᠯᠤᠨ᠎ᠠ᠃      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠨᠢ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠣᠢ᠃ ᠲᠦᠷᠦᠭᠦᠬᠡᠨ᠂ ᠲᠥᠷᠥ ᠶᠢᠨ ᠶᠠᠪᠤᠳᠠᠯ  ᠤᠨ ᠬᠤᠷᠢᠶᠠᠨ ᠤ ᠠᠯᠪᠠᠨ ᠲᠢᠩᠬᠢᠮ ᠠᠴᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠶᠯ ᠳᠤ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠵᠤ ᠲᠤᠬᠠᠶ ᠶᠢᠨ ᠭᠠᠵᠠᠷ ᠤᠨ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠠᠵᠢᠯ  ᠤᠨ ᠲᠥᠰᠦᠯ︾ ᠢ ᠳᠠᠮᠵᠢᠭᠤᠯᠤᠨ ᠲᠠᠷᠬᠠᠭᠠᠵᠤ᠂ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠪᠠᠯᠠ ᠣᠷᠣᠭᠤᠯᠤᠯᠲᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠶᠢᠨ ᠦᠶᠯᠡᠳᠦᠯ ᠢ ᠭᠦᠶᠴᠡᠳ ᠪᠠᠳᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃      ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠬᠦᠷᠢᠶᠡᠨ ᠳᠠᠬᠢ ᠪᠠᠯᠠ ᠣᠷᠣᠭᠤᠯᠤᠯᠲᠠ ᠶᠢᠨ ᠬᠡᠪᠴᠢᠶ᠎ᠡ ᠶᠡᠭᠡ᠂ ᠠᠰᠢᠭ ᠭᠥᠷᠳᠡᠬᠦ ᠬᠡᠪᠴᠢᠶ᠎ᠡ ᠥᠷᠭᠡᠨ᠂ ᠳᠠᠶᠢᠴᠢᠯᠠᠬᠤ ᠴᠢᠳᠠᠪᠤᠷᠢ ᠴᠢᠩᠭ᠎ᠠ᠂ ᠲᠤᠬᠠᠶ ᠶᠢᠨ ᠭᠠᠵᠠᠷ ᠤᠨ ᠣᠯᠠᠨ ᠲᠦᠮᠡᠨ ᠢ ᠣᠷᠤᠭᠤᠯᠤᠨ ᠠᠪᠴᠤ ᠠᠵᠢᠯ ᠣᠯᠭᠤᠬᠤ ᠳᠠᠯᠳᠠ ᠬᠦᠴᠦᠨ ᠢᠶᠠᠷ ᠶᠡᠭᠡ ᠪᠠᠶᠢᠵᠤ᠂ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠬᠦ ᠴᠢᠬᠤᠯᠠ ᠠᠴᠢᠶᠠᠯᠠᠪᠤᠷᠢ ᠶᠢᠨ ᠨᠢᠭᠡ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ︽ᠮᠡᠳᠡᠭᠳᠡᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠨᠡ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠬᠦᠷᠢᠶᠡᠨ ᠳᠤ ᠬᠦᠳᠡᠯᠮᠦᠷᠢᠯᠡᠬᠦ ᠪᠠᠷ ᠲᠡᠳᠬᠦᠮᠵᠢ  ᠶᠢ ᠣᠷᠣᠯᠠᠭᠤᠯᠬᠤ ᠠᠵᠢᠯ ᠢ ᠳᠡᠯᠭᠡᠷᠡᠭᠦᠯᠬᠦ᠂ ᠣᠯᠠᠨ ᠲᠦᠮᠡᠨ ᠲᠤᠬᠠᠶ ᠶᠢᠨ ᠭᠠᠵᠠᠷ ᠣᠶᠢᠷ᠎ᠠ ᠬᠠᠪᠢ ᠳᠤ ᠪᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃     ᠬᠡᠷᠡᠭᠵᠢᠭᠦᠯᠬᠦ ᠬᠡᠪᠴᠢᠶ᠎ᠡ ᠶᠢ ᠲᠣᠳᠣᠷᠬᠠᠶᠢᠯᠠᠵᠤ  ᠲᠤᠬᠠᠶ ᠶᠢᠨ ᠭᠠᠵᠠᠷ ᠤᠨ ᠣᠯᠠᠨ ᠲᠦᠮᠡᠨ ᠢ ᠣᠷᠤᠭᠤᠯᠤᠨ ᠠᠪᠴᠤ ᠪᠦᠲᠦᠭᠡᠨ ᠪᠠᠶᠢᠭᠤᠯᠤᠯᠲᠠ ᠳᠤ ᠣᠷᠤᠯᠴᠠᠭᠤᠯᠤᠨ᠎ᠠ      ︽ᠮᠡᠳᠡᠭᠳᠡᠯ︾ ᠢ ᠦᠨᠳᠦᠰᠦᠯᠡᠪᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠬᠦᠷᠢᠶᠡᠨ ᠳᠤ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠬᠦ ᠬᠡᠪᠴᠢᠶ᠎ᠡ ᠳᠤ ᠭᠤᠤᠯᠳᠠᠭᠤ ᠬᠤᠶᠠᠷ ᠲᠠᠯ᠎ᠠ ᠶᠢ ᠪᠠᠭᠲᠠᠭᠠᠨ᠎ᠠ᠃ ᠨᠢᠭᠡ ᠲᠠᠯ᠎ᠠ ᠪᠠᠷ ᠳᠡᠭᠡᠳᠦ ᠬᠤᠷᠳᠤ ᠶᠢᠨ ᠵᠠᠰᠠᠮᠠᠯ ᠵᠠᠮ᠂ ᠡᠩ ᠤᠨ ᠤᠯᠤᠰ ᠮᠤᠵᠢ ᠶᠢᠨ ᠭᠤᠣᠯ ᠱᠤᠭᠤᠮ᠂ ᠵᠠᠬ᠎ᠠ ᠬᠦᠪᠡᠭᠡ ᠶᠢᠨ ᠵᠠᠰᠠᠮᠠᠯ ᠵᠠᠮ᠂ ᠭᠠᠷᠠᠮ ᠤᠨ ᠠᠶᠠᠯᠠᠯ ᠤᠨ ᠲᠥᠬᠦᠭᠡᠷᠦᠮᠵᠢ᠂ ᠨᠢᠰᠬᠡᠯ ᠤᠨ ᠪᠠᠭᠤᠳᠠᠯ᠂ ᠵᠠᠰᠠᠮᠠᠯ ᠵᠠᠮ ᠤᠨ ᠠᠶᠠᠨᠴᠢᠳ ᠪᠠ ᠪᠠᠷᠠᠭ᠎ᠠ ᠲᠡᠭᠡᠭᠡᠪᠦᠷᠢᠯᠡᠬᠦ ᠥᠷᠲᠡᠭᠡ ᠵᠡᠷᠭᠡ ᠶᠢ ᠪᠠᠭᠲᠠᠭᠠᠭᠰᠠᠨ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ ᠵᠦᠶᠯ ᠪᠣᠯᠤᠨ᠎ᠠ᠂ ᠡᠨᠡ ᠲᠦᠷᠦᠯ ᠤᠨ ᠲᠥᠷᠥᠯ ᠵᠦᠢᠯ ᠤᠨ ᠲᠤᠬᠠᠶ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠥᠪᠰᠢᠨ ᠶᠢ ᠦᠨᠡᠨ ᠬᠦ ᠪᠠᠲᠤᠯᠠᠬᠤ ᠪᠠ ᠠᠬᠢᠴᠠ ᠶᠢᠨ ᠱᠠᠭᠠᠷᠳᠠᠯᠭ᠎ᠠ ᠳᠤ ᠨᠡᠶᠢᠴᠡᠬᠦ ᠤᠷᠢᠲᠠᠯ ᠳᠣᠣᠷ᠎ᠠ᠂ ᠭᠤᠤᠯ ᠴᠣᠭᠴᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠵᠢᠴᠢ ᠳᠠᠭᠠᠯᠲᠠ ᠲᠦᠷ ᠴᠠᠭ ᠤᠨ ᠪᠠᠷᠢᠯᠭ᠎ᠠ᠂ ᠪᠠᠷᠢᠯᠭ᠎ᠠ  ᠶᠢᠨ ᠭᠠᠵᠠᠷ ᠤᠨ ᠦᠢᠯᠡᠴᠢᠯᠡᠭᠡᠨ ᠤ ᠪᠠᠲᠤᠯᠠᠭ᠎ᠠ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠵᠡᠷᠭᠡ ᠲᠠᠯ᠎ᠠ ᠶᠢᠨ ᠠᠵᠢᠯᠴᠢᠨ ᠬᠡᠷᠡᠭᠯᠡᠬᠦ ᠳᠠᠯᠳᠠ ᠬᠦᠴᠦᠨ ᠢ ᠭᠦᠶᠴᠡᠳ ᠠᠭᠤᠳᠠᠯᠬᠤ ᠬᠡᠷᠡᠭᠲᠡᠶ᠂ ᠪᠦᠲᠦᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠬᠦᠷᠢᠶᠡᠨ ᠳᠠᠬᠢ ᠬᠥᠳᠡᠯᠮᠦᠷᠢ ᠶᠢᠨ ᠭᠡᠷ᠎ᠡ ᠶᠢᠨ ᠳᠦᠷᠢᠮᠲᠦ ᠠᠵᠢᠯᠴᠢᠨ ᠬᠡᠷᠡᠭᠯᠡᠬᠦ ᠪᠠ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠬᠥᠳᠡᠯᠮᠦᠷᠢ ᠬᠦᠴᠦ ᠬᠡᠷᠡᠭᠯᠡᠬᠦ ᠶᠢᠨ ᠬᠤᠭᠤᠷᠣᠨᠳᠣᠬᠢ ᠬᠠᠷᠢᠴᠠᠭ᠎ᠠ ᠶᠢ ᠰᠠᠶᠢᠲᠤᠷ ᠲᠡᠩᠴᠡᠭᠦᠷᠢᠰᠢᠭᠦᠯᠬᠦ ᠬᠡᠷᠡᠭᠲᠡᠶ᠂ ᠠᠯᠢ ᠴᠢᠳᠠᠬᠤ ᠪᠠᠷ ᠬᠦᠳᠡᠯᠮᠦᠷᠢᠯᠡᠬᠦ  ᠪᠠᠷ ᠲᠡᠳᠬᠦᠮᠵᠢ ᠶᠢ ᠣᠷᠣᠯᠠᠭᠤᠯᠬᠤ ᠬᠡᠯᠪᠡᠷᠢ ᠪᠠᠷ ᠳᠠᠮᠵᠢᠭᠤᠯᠤᠨ ᠲᠤᠬᠠᠢ ᠶᠢᠨ ᠭᠠᠵᠠᠷ ᠤᠨ ᠤᠯᠠᠨ ᠲᠦᠮᠡᠨ ᠢ ᠣᠷᠤᠭᠤᠯᠤᠨ ᠠᠪᠴᠤ ᠢᠨᠵᠧᠨᠧᠷᠢᠩ ᠤᠨ ᠪᠠᠶᠢᠭᠤᠯᠤᠯᠲᠠ ᠳᠤ ᠢᠯᠡᠭᠦᠬᠡᠨ ᠣᠷᠣᠯᠴᠠᠭᠤᠯᠬᠤ ᠬᠡᠷᠡᠭᠲᠡᠢ᠃      ᠨᠥᠭᠦᠭᠡ ᠲᠠᠯ᠎ᠠ ᠪᠠᠷ ᠪᠠᠶᠢᠭᠠᠯᠢ ᠲᠣᠰᠬᠤᠨ ᠳᠤᠭᠤᠶᠢᠯᠠᠩ ᠤᠨ ᠵᠠᠰᠠᠮᠠᠯ ᠵᠠᠮ᠂ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤ ᠶᠢ ᠬᠠᠮᠠᠭᠠᠯᠠᠬᠤ ᠢᠨᠵᠧᠨᠧᠷᠢᠩ᠂ ᠠᠶᠤᠯᠲᠠᠶ ᠬᠥᠭᠦᠷᠭᠡ ᠶᠢ ᠥᠭᠡᠷᠡᠴᠢᠯᠡᠬᠦ᠂ ᠬᠥᠳᠡᠭᠡ ᠲᠣᠰᠬᠤᠨ ᠤ ᠲᠡᠷᠭᠡ ᠬᠦᠯᠢᠶᠡᠬᠦ ᠳᠥᠭᠦᠮ ᠴᠠᠴᠠᠷ ᠵᠢᠴᠢ ᠬᠥᠳᠡᠭᠡ ᠲᠣᠰᠬᠤᠨ ᠤ ᠭᠠᠲᠤᠯᠭ᠎ᠠ᠂ ᠣᠯᠤᠮ ᠤᠨ ᠵᠠᠮ᠂ ᠤᠯᠤᠮ ᠤᠨ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠴᠤ ᠬᠠᠮᠠᠭᠠᠯᠠᠬᠤ ᠵᠡᠷᠭᠡ ᠲᠥᠷᠥᠯ ᠵᠦᠢᠯ ᠢ ᠪᠠᠭᠲᠠᠭᠠᠭᠰᠠᠨ ᠬᠥᠳᠡᠭᠡ ᠲᠣᠰᠬᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠪᠣᠯᠤᠨ᠎ᠠ᠂ ᠡᠨᠡ ᠲᠦᠷᠦᠯ ᠤᠨ ᠲᠥᠷᠥᠯ ᠵᠦᠢᠯ ᠤᠨ ᠲᠤᠬᠠᠢ᠂ ᠪᠡᠯᠡ ᠣᠷᠣᠭᠤᠯᠬᠤ ᠬᠡᠪᠴᠢᠶ᠎ᠡ ᠨᠢ ᠪᠠᠭ᠎ᠠ᠂ ᠮᠡᠷᠭᠡᠵᠢᠯ ᠤᠨ ᠪᠠᠷᠢᠮᠵᠢᠶ᠎ᠠ ᠨᠢ ᠳᠣᠣᠷ᠎ᠠ᠂ ᠡᠮᠦᠨᠡᠬᠢ ᠬᠤᠭᠤᠴᠠᠭᠠᠨ ᠤ ᠠᠵᠢᠯ ᠨᠢ ᠳᠥᠭᠦᠮ᠂ ᠠᠵᠢᠯ ᠬᠢᠬᠦ ᠮᠡᠷᠭᠡᠵᠢᠯ ᠤᠨ ᠴᠢᠳᠠᠪᠤᠷᠢ ᠶᠢᠨ ᠱᠠᠭᠠᠷᠳᠠᠯᠭ᠎ᠠ ᠨᠢ ᠥᠨᠳᠥᠷ ᠪᠤᠰᠤ ᠠᠵᠢᠯᠯᠠᠬᠤ ᠲᠥᠷᠥᠯ ᠵᠦᠢᠯ ᠪᠣᠯᠤᠨ ᠠᠵᠢᠯᠯᠠᠬᠤ ᠭᠤᠭᠴᠤᠭ᠎ᠠ ᠶᠢ ᠰᠣᠩᠭᠤᠵᠤ᠂ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠢᠳᠡᠪᠬᠢᠲᠡᠶ  ᠪᠠᠷ ᠳᠡᠯᠭᠡᠷᠡᠭᠦᠯᠬᠦ ᠬᠡᠷᠡᠭᠲᠡᠶ᠃     ᠲᠥᠷᠥᠯ ᠵᠦᠶᠯ ᠤᠨ ᠨᠠᠷᠢᠨ ᠳᠠᠩᠰᠠ ᠶᠢ ᠡᠮᠬᠢᠯᠡᠵᠦ   ᠪᠥᠬᠦ ᠶᠠᠪᠤᠴᠠ ᠶᠢ ᠦᠶᠡᠯᠡᠨ ᠳᠡᠯᠭᠡᠷᠡᠭᠦᠯᠦᠨ᠎ᠡ      ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ︽ᠮᠡᠳᠡᠭᠳᠡᠯ︾ ᠳᠤ᠂ ᠡᠯ᠎ᠡ ᠭᠠᠵᠠᠷ ᠤᠨ ᠬᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠰᠬᠠᠶ ᠲᠥᠯᠥᠪᠵᠢᠭᠦᠯᠭᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠ ᠠᠵᠢᠯᠴᠢᠨ ᠬᠡᠷᠡᠭᠯᠡᠬᠦ ᠭᠤᠭᠴᠤᠭ᠎ᠠ  ᠶᠢᠨ ᠵᠢᠯᠣᠭᠤᠳᠬᠤ ᠭᠠᠷᠴᠠᠭ ᠢ ᠰᠤᠳᠤᠯᠤᠨ ᠲᠣᠭᠲᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠬᠦᠷᠢᠶᠡᠨ ᠳᠤ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠶᠯ ᠤᠨ ᠨᠠᠷᠢᠨ ᠳᠠᠩᠰᠠ ᠶᠢ ᠣᠨ ᠬᠤᠪᠢᠶᠠᠨ ᠡᠮᠬᠢᠯᠡᠨ ᠪᠦᠷᠢᠯᠳᠦᠭᠦᠯᠬᠦ  ᠶᠢᠨ ᠬᠠᠮᠲᠤ ᠬᠥᠳᠡᠯᠦᠩᠭᠦᠶ ᠪᠠᠶᠢᠳᠠᠯ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃      ᠡᠭᠦᠨ ᠤ ᠬᠠᠮᠲᠤ᠂ ︽ᠮᠡᠳᠡᠭᠳᠡᠯ︾ ᠳᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠶᠠᠪᠤᠴᠠ ᠳᠤ ᠬᠡᠷᠬᠢᠨ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠦᠶᠡᠯᠡᠨ ᠳᠡᠯᠭᠡᠷᠡᠭᠦᠯᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠡᠮᠦᠨᠡᠬᠢ ᠬᠤᠭᠤᠴᠠᠭᠠᠨ ᠤ ᠠᠵᠢᠯ ᠤᠨ ᠱᠠᠲᠤᠨ ᠳᠤ᠂ ᠡᠯ᠎ᠡ ᠭᠠᠵᠠᠷ ᠤᠨ  ᠬᠢᠨ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠣᠯᠤᠨ ᠵᠢᠱᠢᠭᠰᠡᠨ ᠦᠷ᠎ᠡ ᠪᠦᠲᠦᠮᠵᠢ ᠶᠢ ᠰᠤᠳᠤᠯᠤᠨ ᠥᠷᠨᠢᠭᠦᠯᠵᠦ᠂ ᠠᠵᠢᠯᠴᠢᠨ ᠬᠡᠷᠡᠭᠯᠡᠬᠦ ᠭᠤᠭᠴᠤᠭ᠎ᠠ ᠪᠣᠯᠤᠨ ᠠᠵᠢᠯ ᠤᠨ ᠪᠠᠶᠢᠷᠢ ᠶᠢᠨ ᠲᠤᠭ᠎ᠠ ᠬᠡᠮᠵᠢᠶ᠎ᠡ ᠶᠢ ᠵᠦᠢ ᠵᠣᠬᠢᠰᠲᠠᠶ ᠲᠣᠳᠣᠷᠬᠠᠶᠢᠯᠠᠬᠤ ᠬᠡᠷᠡᠭᠲᠡᠶ︔ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠱᠠᠲᠤᠨ ᠳᠤ᠂ ᠡᠯ᠎ᠡ ᠲᠠᠯ᠎ᠠ ᠶᠢᠨ ᠬᠢᠨ ᠤ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠠᠵᠢᠯ ᠬᠢᠵᠦ ᠪᠠᠶᠢᠭ᠎ᠠ ᠬᠥᠮᠦᠰ ᠤᠨ ᠶᠠᠰᠤ ᠴᠢᠨᠠᠷ ᠤᠨ ᠠᠮᠤᠷ ᠲᠦᠪᠰᠢᠨ ᠤ ᠪᠣᠯᠪᠠᠰᠤᠷᠠᠭᠤᠯᠤᠯ᠂ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠪᠠ ᠡᠷᠬᠡ ᠠᠰᠢᠭ ᠤᠨ ᠪᠠᠲᠤᠯᠠᠭ᠎ᠠ ᠵᠡᠷᠭᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ︔ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠦᠨᠡᠯᠡᠯᠲᠡ ᠬᠢᠬᠦ ᠬᠡᠷᠡᠭᠲᠡᠶ︔ ᠬᠠᠮᠢᠶᠠᠷᠴᠤ ᠬᠠᠮᠠᠭᠠᠯᠠᠨ ᠡᠵᠡᠩᠨᠡᠬᠦ ᠱᠠᠲᠤᠨ ᠳᠤ᠂ ᠨᠥᠬᠦᠴᠡᠯ ᠳᠤ ᠨᠡᠶᠢᠴᠡᠬᠦ ᠲᠤᠬᠠᠶ  ᠶᠢᠨ ᠭᠠᠵᠠᠷ ᠤᠨ ᠣᠯᠠᠨ ᠲᠦᠮᠡᠨ ᠢ ᠢᠳᠡᠪᠬᠢᠲᠡᠶ ᠪᠠᠷ ᠣᠷᠣᠭᠤᠯᠤᠨ ᠠᠪᠴᠤ ᠬᠠᠮᠢᠶᠠᠷᠴᠤ ᠬᠠᠮᠠᠭᠠᠯᠠᠬᠤ ᠳᠤ ᠣᠷᠣᠯᠴᠠᠭᠤᠯᠬᠤ ᠬᠡᠷᠡᠭᠲᠡᠶ᠃      ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠶᠯ ᠤᠨ ᠮᠡᠷᠭᠡᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠡᠯ᠎ᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠭᠤᠤᠯ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠣᠯᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠶᠯ ᠤᠨ ᠢᠯᠵᠠᠷᠠᠯ ᠤᠨ ᠠᠰᠠᠭᠤᠳᠠᠯ ᠪᠣᠯᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠠᠰᠠᠭᠤᠳᠠᠯ ᠢ ᠤᠷᠢᠳᠴᠢᠯᠠᠨ ᠰᠡᠷᠭᠡᠶᠢᠯᠡᠬᠦ ᠪᠠ ᠬᠤᠷᠢᠭᠯᠠᠵᠤ᠂ ᠰᠠᠶᠢᠨ ᠶᠠᠪᠤᠳᠠᠯ ᠢ ᠰᠠᠶᠢᠲᠤᠷ ᠬᠢᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠴᠢᠳᠠᠪᠤᠷᠢ ᠶᠢᠨ ᠪᠣᠯᠪᠠᠰᠤᠷᠠᠭᠤᠯᠤᠯ ᠢ ᠰᠠᠶᠢᠲᠤᠷ ᠬᠢᠵᠦ  ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ      ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠳᠤ ᠣᠷᠣᠯᠴᠠᠬᠤ ᠡᠲᠡᠭᠡᠳ ᠤᠨ ᠲᠠᠯ᠎ᠠ ᠪᠠᠷ᠂ ︽ ᠮᠡᠳᠡᠭᠳᠡᠯ︾ ᠳᠤ ᠵᠢᠭᠠᠵᠤ ᠭᠠᠷᠭᠠᠭᠰᠠᠨ ᠨᠢ᠂ ᠬᠠᠮᠢᠶ᠎ᠠ ᠪᠥᠬᠦᠶ ᠲᠥᠷᠥᠯ ᠵᠦᠶᠯ ᠳᠤ ᠲᠤᠬᠠᠶ ᠶᠢᠨ ᠭᠠᠵᠠᠷ ᠤᠨ ᠣᠯᠠᠨ ᠲᠦᠮᠡᠨ ᠢ ᠢᠳᠡᠪᠬᠢᠲᠡᠶ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠪᠥᠲᠥᠭᠡᠨ ᠪᠠᠶᠢᠭᠤᠯᠤᠯᠲᠠ ᠳᠤ ᠣᠷᠤᠯᠴᠠᠭᠤᠯᠵᠤ᠂ ᠬᠥᠳᠡᠯᠮᠦᠷᠢ ᠦᠶᠯᠡᠴᠢᠯᠡᠭᠡᠨ ᠤ ᠺᠣᠮᠫᠠᠨᠢ᠂ ᠬᠥᠳᠡᠯᠮᠦᠷᠢ ᠦᠶᠯᠡᠴᠢᠯᠡᠭᠡᠨ ᠤ ᠬᠤᠷᠰᠢᠶ᠎ᠠ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠵᠡᠷᠭᠡ ᠪᠠᠷ ᠳᠠᠮᠵᠢᠭᠤᠯᠤᠨ᠂ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠤ ᠬᠥᠳᠡᠯᠮᠦᠷᠢ ᠬᠦᠴᠦᠨ᠂ ᠬᠤᠲᠠ ᠪᠠᠯᠭᠠᠰᠤᠨ ᠤ ᠣᠷᠣᠯᠭ᠎ᠠ ᠳᠣᠣᠷ᠎ᠠ ᠬᠥᠮᠦᠨ ᠠᠮᠠ ᠪᠣᠯᠤᠨ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠶᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠠᠵᠢᠯ ᠬᠥᠳᠡᠯᠮᠦᠷᠢ ᠬᠢᠯᠭᠡᠵᠦ᠂ ᠨᠤᠲᠤᠭ ᠲᠤ ᠪᠠᠨ ᠪᠤᠴᠠᠭᠰᠠᠨ ᠲᠠᠷᠢᠶᠠᠴᠢᠨ ᠬᠦᠴᠦ ᠶᠠᠪᠤᠭᠰᠠᠳ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ ᠢ ᠤᠷᠢᠳ ᠢᠶᠠᠷ ᠡᠯᠰᠡᠵᠦ ᠠᠪᠤᠨ᠎ᠠ᠃      ︽ᠮᠡᠳᠡᠭᠳᠡᠯ︾ ᠳᠤ ᠲᠣᠳᠤᠷᠬᠠᠶᠢᠯᠠᠭᠰᠠᠨ ᠨᠢ᠂ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠢᠶᠠᠷ ᠬᠡᠷᠡᠭᠵᠢᠭᠦᠯᠬᠦ ᠲᠥᠷᠥᠯ ᠵᠦᠶᠯ ᠳᠤ ᠬᠥᠳᠡᠯᠮᠦᠷᠢ ᠦᠶᠯᠡᠴᠢᠯᠡᠭᠡᠨ ᠤ ᠬᠥᠯᠥᠰᠥ ᠣᠯᠭᠤᠮᠵᠢ ᠶᠢᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂ ᠬᠥᠳᠡᠯᠮᠦᠷᠢ ᠦᠶᠯᠡᠴᠢᠯᠡᠭᠡᠨ ᠤ ᠬᠥᠯᠥᠰᠥ ᠣᠯᠭᠤᠮᠵᠢ ᠣᠯᠭᠤᠬᠤ ᠬᠡᠪᠴᠢᠶ᠎ᠡ ᠶᠢ ᠠᠯᠢ ᠴᠢᠳᠠᠬᠤ ᠪᠠᠷ ᠨᠡᠮᠡᠭᠳᠡᠭᠦᠯᠬᠦ ᠶᠢᠨ ᠬᠠᠮᠲᠤ ᠴᠠᠭ ᠲᠤᠬᠠᠶ ᠳᠤ ᠨᠢ ᠲᠤᠭ᠎ᠠ ᠶᠣᠰᠣᠭᠠᠷ ᠨᠢ ᠣᠯᠭᠤᠵᠤ ᠂ ᠨᠢᠭᠡᠳᠦᠯᠲᠡᠶ ᠪᠥᠭᠡᠳ ᠵᠢᠷᠤᠮᠵᠢᠭᠰᠠᠨ ᠠᠵᠢᠯᠴᠢᠨ ᠬᠡᠷᠡᠭᠯᠡᠬᠦ ᠨᠡᠷᠡᠰ ᠤᠨ ᠳᠡᠪᠲᠡᠷ ᠪᠠ ᠬᠥᠳᠡᠯᠮᠦᠷᠢ ᠦᠶᠯᠡᠴᠢᠯᠡᠭᠡᠨ  ᠤ ᠬᠥᠯᠥᠰᠥ ᠣᠯᠭᠤᠮᠵᠢ ᠣᠯᠭᠤᠬᠤ ᠡᠬᠡ ᠲᠠᠩᠰᠠ ᠶᠢ ᠪᠠᠶᠢᠭᠤᠯᠵᠤ᠂ ᠰᠢᠶᠠᠨ ᠤ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠦᠷᠭᠡᠵᠦ ᠳᠠᠩᠰᠠᠯᠠᠭᠤᠯᠬᠤ ᠶᠢᠨ ᠬᠠᠮᠲᠤ᠂ ᠬᠥᠳᠡᠯᠮᠦᠷᠢ ᠦᠶᠯᠡᠴᠢᠯᠡᠭᠡᠨ ᠤ ᠬᠥᠯᠥᠰᠥ ᠣᠯᠭᠤᠮᠵᠢ ᠣᠯᠭᠤᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠥᠳᠡᠯᠮᠦᠷᠢ ᠦᠶᠯᠡᠴᠢᠯᠡᠭᠡᠨ ᠤ ᠬᠥᠯᠥᠰᠥ ᠣᠯᠭᠤᠮᠵᠢ ᠣᠯᠭᠤᠬᠤ ᠶᠠᠪᠤᠴᠠ ᠳᠤ ᠥᠷᠢᠲᠦᠵᠦ ᠰᠠᠭᠤᠳᠬᠠᠬᠤ᠂ ᠬᠤᠳᠠᠯ ᠬᠡᠯᠡᠵᠦ ᠬᠠᠭᠤᠷᠮᠠᠭ ᠵᠣᠬᠢᠶᠠᠬᠤ ᠵᠡᠷᠭᠡ ᠦᠶᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃      ᠬᠥᠳᠡᠯᠮᠦᠷᠢᠴᠢᠳ ᠤᠨ ᠠᠵᠢᠯ ᠤᠯᠬᠤ ᠴᠢᠳᠠᠪᠤᠷᠢ ᠶᠢ ᠳᠡᠭᠡᠭᠰᠢᠯᠡᠭᠦᠯᠬᠦ ᠨᠢ᠂ ᠬᠦᠳᠡᠯᠮᠦᠷᠢᠯᠡᠬᠦ ᠪᠠᠷ ᠲᠡᠳᠬᠦᠮᠵᠢ  ᠶᠢ ᠣᠷᠣᠯᠠᠭᠤᠯᠬᠤ ︽ᠶᠠᠰᠤ ᠴᠢᠨᠠᠷ︾ ᠲᠠᠢ ᠬᠤᠯᠪᠣᠭᠳᠠᠵᠤ ᠪᠠᠶᠢᠳᠠᠭ᠃ ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠣᠷᠤᠯᠴᠠᠬᠤ ᠣᠯᠠᠨ ᠲᠦᠮᠡᠨ ᠤ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ︽ᠪᠣᠯᠪᠠᠰᠤᠷᠠᠭᠤᠯᠬᠤ + ᠠᠵᠢᠯ ᠤᠨ ᠪᠠᠶᠢᠷᠢ ᠳᠤ ᠭᠠᠷᠬᠤ︾ ᠵᠡᠷᠭᠡ ᠠᠷᠭ᠎ᠠ ᠬᠡᠯᠪᠡᠷᠢ ᠶᠢ ᠠᠪᠴᠤ᠂ ᠪᠣᠳᠠᠲᠠᠶ ᠪᠣᠯᠪᠠᠰᠤᠷᠠᠭᠤᠯᠬᠤ ᠪᠠ ᠬᠦᠳᠡᠯᠮᠦᠷᠢ ᠪᠠᠷ ᠪᠣᠯᠪᠠᠰᠤᠷᠠᠭᠤᠯᠤᠯ ᠢ ᠣᠷᠣᠯᠠᠭᠤᠯᠬᠤ ᠶᠢ ᠥᠷᠨᠢᠭᠦᠯᠦᠨ᠂ ᠶᠠᠰᠤ ᠴᠢᠨᠠᠷ ᠤᠨ ᠠᠮᠤᠷ ᠲᠦᠪᠰᠢᠨ ᠳᠤ ᠬᠤᠯᠪᠣᠭᠳᠠᠬᠤ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠬᠥᠮᠦᠰ ᠤᠨ ᠠᠵᠢᠯ ᠤᠨ ᠪᠠᠶᠢᠷᠢ  ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠪᠠ ᠮᠡᠷᠭᠡᠵᠢᠯ ᠤᠨ ᠪᠠᠶᠢᠳᠠᠯ ᠢ ᠦᠨᠡᠨ ᠮᠥᠨ ᠢᠶᠠᠷ ᠨᠢ ᠲᠤᠰᠢᠶᠠᠬᠤ  ᠶᠢ ᠭᠤᠤᠯᠳᠠᠯᠭ᠎ᠠ ᠲᠠᠢ ᠴᠢᠩᠭᠠᠳᠬᠠᠵᠤ᠂ ᠣᠷᠤᠯᠴᠠᠬᠤ ᠣᠯᠠᠨ ᠲᠦᠮᠡᠨ ᠢ ᠬᠠᠪᠰᠤᠷᠤᠨ ᠪᠣᠳᠠᠲᠠᠶ ᠠᠵᠢᠯᠯᠠᠬᠤ ᠴᠢᠳᠠᠪᠤᠷᠢ ᠶᠢ ᠡᠵᠡᠮᠰᠢᠭᠦᠯᠵᠦ᠂ ᠣᠯᠠᠨ ᠲᠦᠮᠡᠨ ᠤ ᠴᠢᠳᠠᠪᠤᠷᠢ ᠬᠦᠷᠦᠯᠴᠡᠬᠦ ᠥᠬᠡᠶ ᠠᠴᠠ ᠪᠣᠯᠵᠣ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠠᠶᠢᠲᠤᠷ ᠰᠢᠶᠳᠪᠦᠷᠢᠯᠡᠬᠦ ᠬᠡᠷᠡᠭᠲᠡᠶ᠃ ︽ᠬᠦᠴᠦᠨ ᠤ ᠠᠵᠢᠯᠴᠢᠨ︾ ᠢ ︽ᠮᠡᠷᠭᠡᠵᠢᠯ ᠤᠨ ᠠᠵᠢᠯᠴᠢᠨ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ︽ᠡᠳᠦᠷ ᠤᠨ ᠬᠦᠴᠦ︾ ᠶᠢ ︽  ᠤᠷᠲᠤ ᠬᠤᠭᠤᠴᠠᠭᠠᠨ ᠤ ᠬᠦᠴᠦ︾ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃     ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ  ᠣᠯᠠᠨ ᠰᠠᠯᠠᠭ᠎ᠠ ᠮᠥᠴᠢᠷ ᠤᠨ ᠬᠠᠮᠵᠢᠯᠴᠠᠬᠤ ᠬᠠᠮᠲᠤᠷᠠᠯ ᠬᠦᠴᠦᠨ ᠢ ᠪᠦᠷᠢᠯᠳᠦᠭᠦᠯᠦᠨ᠎ᠡ      ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠬᠦᠷᠢᠶᠡᠨ ᠳᠤ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠶᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ  ᠶᠢᠨ ᠲᠥᠯᠥᠭᠡ᠂ ︽ᠮᠡᠳᠡᠭᠳᠡᠯ︾ ᠳᠤ ᠵᠢᠠᠭᠠᠵᠤ ᠭᠠᠷᠭᠠᠭᠰᠠᠨ ᠨᠢ᠂ ᠡᠯ᠎ᠡ ᠭᠠᠵᠠᠷ ᠤᠨ ᠬᠢᠨ ᠠᠵᠢᠯ ᠤᠨ ᠲᠣᠭᠲᠠᠴᠠ  ᠪᠠᠨ ᠪᠦᠷᠢᠨᠰᠢᠭᠦᠯᠵᠦ᠂ ᠡᠯ᠎ᠡ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠬᠥᠳᠡᠭᠡ ᠠᠵᠤ ᠠᠬᠤᠶ ᠬᠥᠳᠡᠭᠡ ᠲᠣᠰᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ  ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠶ ᠣᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠬᠦᠷᠢᠶᠡᠨ ᠳᠤ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ  ᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ᠃      ᠡᠭᠦᠨ ᠤ ᠬᠠᠮᠲᠤ᠂ ᠡᠯ᠎ᠡ ᠭᠠᠵᠠᠷ ᠤᠨ ᠬᠢᠨ ᠳᠡᠮᠵᠢᠬᠦ ᠲᠥᠷᠥ ᠶᠢᠨ ᠪᠣᠳᠣᠯᠭ᠎ᠠ ᠪᠠᠨ ᠲᠡᠭᠦᠯᠳᠡᠷᠵᠢᠭᠦᠯᠵᠦ᠂ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠢ ᠠᠪᠴᠤ ᠬᠡᠷᠡᠭᠵᠢᠭᠦᠯᠦᠭᠰᠡᠨ ᠬᠥᠳᠡᠭᠡ ᠲᠣᠰᠬᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠳᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠤᠯᠢ ᠪᠣᠯᠤᠨ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠳᠥᠭᠦᠮ ᠬᠢᠨᠠᠨ ᠵᠥᠪᠰᠢᠶᠡᠷᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠳᠠᠭᠠᠭᠠᠴᠢᠯᠠᠯᠲᠠ ᠵᠠᠷᠯᠠᠬᠤ ᠦᠭᠡᠶ ᠪᠠᠶᠢᠵᠤ ᠪᠣᠯᠤᠨ᠎ᠠ᠃      ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ᠂ ᠡᠯ᠎ᠡ ᠭᠠᠵᠠᠷ ᠤᠨ ᠬᠢᠨ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ ᠢᠳᠡᠪᠬᠢᠯᠡᠨ ᠣᠯᠵᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠬᠦᠷᠢᠶᠡᠨ ᠳᠤ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠶᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠪᠠᠯᠠ ᠲᠣᠬᠢᠷᠠᠭᠤᠯᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠠᠯᠠ ᠮᠥᠩᠭᠦ ︵ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠡᠭᠦᠷᠭᠡ ᠶᠢᠨ ᠴᠢᠭᠯᠡᠯ︶ ᠶᠢ ᠵᠣᠯᠭᠠᠭᠤᠯᠵᠤ ᠪᠠᠶᠢᠭᠠᠳ ᠨᠥᠬᠦᠴᠡᠯ ᠳᠤ ᠨᠡᠶᠢᠴᠡᠬᠦ ᠬᠥᠳᠡᠭᠡ ᠲᠣᠰᠬᠤᠨ ᠤ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠳᠡᠮᠵᠢᠬᠦ ᠬᠡᠷᠡᠭᠲᠡᠶ᠃      ᠳᠡᠯᠭᠡᠷᠡᠭᠦᠯᠬᠦ ᠶᠠᠪᠤᠴᠠ ᠳᠤ᠂ ᠡᠯ᠎ᠡ ᠭᠠᠵᠠᠷ ᠣᠷᠣᠨ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠬᠦᠷᠢᠶᠡᠨ ᠳᠤ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠦᠭᠰᠡᠨ ᠲᠤᠷᠰᠢᠯᠭ᠎ᠠ ᠠᠷᠭ᠎ᠠ ᠬᠢᠳᠡᠯ ᠢ ᠰᠠᠶᠢᠲᠤᠷ ᠳ᠋ᠦᠩᠨᠡᠵᠦ᠂ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠤᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠤᠨ ᠳᠡᠯᠭᠡᠷᠡᠭᠦᠯᠬᠦ ᠶᠢ ᠰᠠᠶᠢᠲᠤᠷ ᠬᠢᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠪᠠ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ  ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠬᠦᠷᠢᠶᠡᠨ ᠳᠤ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠠᠵᠢᠯ ᠢ ᠰᠠᠶᠢᠲᠤᠷ ᠬᠢᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ  ᠤᠨ ᠮᠡᠳᠡᠭᠳᠡᠯ
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号