内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠤᠭᠤᠲᠤ ᠬᠤᠳᠠ᠂ ᠠᠯᠠᠱᠠ ᠠᠶᠢᠮᠠᠭ ᠪᠣᠯᠣᠨ ᠥᠪᠥᠷ ᠮᠣᠩᠭᠤᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠰᠡᠭ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯᠲᠠᠨ ᠤ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠪᠠᠶᠢᠴᠠᠭᠠᠭᠰᠠᠨ ᠪᠠᠶᠢᠳᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ
        ᠨᠡᠶᠢᠲᠡᠯᠡᠭᠰᠡᠨ ᠴᠠᠭ᠄
        2022/8/22
             ᠪᠤᠭᠤᠲᠤ ᠬᠤᠳᠠ᠂ ᠠᠯᠠᠱᠠ ᠠᠶᠢᠮᠠᠭ ᠪᠣᠯᠣᠨ ᠥᠪᠥᠷ ᠮᠣᠩᠭᠤᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠰᠡᠭ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯᠲᠠᠨ ᠤ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠪᠠᠶᠢᠴᠠᠭᠠᠭᠰᠠᠨ ᠪᠠᠶᠢᠳᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ            ᠦᠪᠦᠷ ᠵᠠᠮ ᠲᠠᠷᠬᠠᠭᠠᠭᠰᠠᠨ〔2022〕535 ᠳ᠋ᠤᠭᠠᠷ ᠲᠣᠭᠠᠲᠤ      ᠮᠠᠨ ᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯᠯᠠᠭᠰᠠᠳ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠲᠠᠬᠢ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠢᠷᠢ ᠬᠡᠮ ᠢ ᠰᠢᠯᠵᠢᠭᠦᠯᠦᠨ ᠵᠢᠭᠡᠯᠡᠭᠦᠯᠬᠦ᠂ ᠬᠤᠳᠠᠯ ᠬᠠᠭᠤᠷᠮᠠᠭ ᠢᠶᠠᠷ ᠳᠠᠭᠠᠭᠠᠴᠢᠯᠠᠯᠲᠠ ᠣᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠴᠦ᠂ ᠨᠢᠭᠡᠳᠦᠯᠲᠡᠶ ᠨᠡᠭᠡᠭᠡᠯᠲᠡ ᠲᠠᠢ᠂ ᠥᠷᠢᠰᠥᠯᠳᠦᠭᠡᠨ ᠨᠢ ᠡᠮᠬᠢ ᠵᠢᠷᠤᠮ ᠲᠠᠢ ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠶᠢᠨ ᠲᠤᠰᠠᠳᠠ᠂ ᠮᠠᠨ ᠤ ᠲᠢᠩᠬᠢᠮ ᠵᠢᠯ ᠤᠨ ᠡᠬᠢᠨ ᠳᠤ ︽2022 ᠣᠨ ᠤ ᠪᠦᠬᠦ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯᠲᠠᠨ ᠤ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠪᠠᠶᠢᠴᠠᠭᠠᠬᠤ ᠲᠣᠭᠲᠠᠴᠠ︾ ᠶᠢ ᠲᠣᠭᠲᠠᠭᠠᠪᠠ᠃ ︽ᠲᠥᠯᠥᠪᠯᠡᠭᠡ ᠪᠠᠭᠤᠯᠭᠠᠬᠤ ᠦᠭᠡᠶ᠂ ᠤᠷᠢᠳᠴᠢᠯᠠᠨ ᠰᠠᠨᠠᠭᠤᠯᠬᠤ ᠦᠭᠡᠶ᠂ ᠱᠠᠯᠠᠪᠳᠠᠨ ᠪᠠᠶᠢᠴᠠᠭᠠᠬᠤ︾ ᠠᠵᠢᠯ ᠤᠨ ᠲᠣᠭᠲᠠᠴᠠ ᠪᠣᠯᠤᠨ ᠲᠣᠬᠢᠷᠠᠭᠤᠯᠤᠯᠲᠠ ᠶᠣᠰᠣᠭᠠᠷ᠂ ᠪᠦᠬᠦ ᠣᠷᠣᠨ ᠤ 52 ᠣᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠶᠢᠴᠠᠭᠠᠯᠲᠠ ᠬᠢᠬᠦ ᠪᠠᠷ ᠲᠥᠯᠥᠪᠯᠡᠵᠦ ᠪᠤᠶ᠃ ᠲᠣᠰ ᠤᠳᠠᠭ᠎ᠠ ᠲᠢᠩᠬᠢᠮ ᠬᠠᠮᠢᠶ᠎ᠠ ᠪᠥᠬᠦᠶ ᠠᠵᠢᠯᠲᠠᠨ ᠢ ᠵᠣᠬᠢᠶᠠᠨ ᠪᠠᠶᠢᠭᠤᠯᠵᠤ ᠲᠤᠰ ᠲᠤᠰ 7 ᠳ᠋ᠤᠭᠠᠷ ᠰᠠᠷ᠎ᠠ ᠶᠢᠨ 19  ᠤ ᠡᠳᠦᠷ᠂ 7 ᠳ᠋ᠤᠭᠠᠷ ᠰᠠᠷ᠎ᠠ ᠶᠢᠨ 20  ᠤ ᠡᠳᠦᠷ᠂ 7 ᠳ᠋ᠤᠭᠠᠷ ᠰᠠᠷ᠎ᠠ ᠶᠢᠨ 27 ᠤ ᠡᠳᠦᠷ 110 ᠤᠯᠤᠰ ᠤᠨ ᠵᠠᠮ ᠤᠨ ᠪᠤᠭᠤᠲᠤ ᠶᠢᠨ ᠬᠤᠶᠢᠨ᠎ᠠ ᠬᠤᠳᠠ ᠲᠣᠭᠤᠷᠢᠬᠤ ᠬᠡᠰᠡᠭ᠂ 335 ᠤᠯᠤᠰ ᠤᠨ ᠵᠠᠮ ᠤᠨ ᠪᠠᠶᠠᠨ᠋ᠣ᠋ᠪᠣᠭ᠎ᠠ ᠠᠴᠠ ᠮᠢᠩᠭᠠᠨ ᠪᠠᠯᠭᠠᠰᠤ ︵ᠭᠦᠨ ᠬᠤᠳᠳᠤᠭ︶ ᠬᠦᠷᠬᠦ ᠬᠡᠰᠡᠭ᠂ ᠡᠷᠢᠶᠡᠨ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠷᠢᠶᠡᠨ ᠬᠤᠳᠠ ᠠᠴᠠ ᠰᠠᠶᠢᠬᠠᠨᠲᠠᠯ᠎ᠠ ᠬᠦᠷᠬᠦ ᠬᠡᠰᠡᠭ᠂ 213 ᠤᠯᠤᠰ ᠤᠨ ᠵᠠᠮ ᠤᠨ ᠳᠠᠯᠠᠶᠢᠬᠦᠪ ᠠᠴᠠ ᠳ᠋ᠦᠩᠹᠧᠩ ᠰᠠᠨᠰᠠᠷ ᠤᠨ ᠠᠶᠠᠯᠠᠯ ᠤᠨ ᠬᠤᠳᠠ ᠶᠢᠨ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠤᠣᠯ ᠪᠣᠯᠬᠤ ᠬᠥᠮᠥᠰ ᠤᠨ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠰᠦᠯᠵᠢᠶᠡᠨ ᠳᠡᠭᠡᠷ᠎ᠡ ᠰᠤᠭᠤᠴᠢᠨ ᠪᠠᠶᠢᠴᠠᠭᠠᠪᠠ᠃ ᠪᠠᠶᠢᠴᠠᠭᠠᠭᠰᠠᠨ ᠪᠠᠶᠢᠳᠠᠯ  ᠨᠢ ᠳᠣᠣᠷᠠᠬᠢ ᠮᠡᠲᠦ᠄      ᠨᠢᠭᠡ᠂ ᠦᠨᠳᠦᠰᠦᠨ ᠪᠠᠶᠢᠳᠠᠯ      ᠪᠠᠶᠢᠴᠠᠭᠠᠯᠲᠠ ᠨᠢ ᠸᠢᠴᠠᠲ ᠤᠨ ᠬᠠᠷᠠᠭᠠᠨ ᠳᠠᠪᠲᠠᠮᠵᠢ ᠵᠢᠴᠢ ᠨᠡᠪᠲᠡᠷᠡᠬᠦ ᠲᠣᠮᠣ ᠳ᠋ᠠᠶᠢᠲ᠋ᠠ ᠶᠢᠨ ᠠᠶᠠᠯᠠᠯ ᠤᠨ ᠺᠣᠳ᠋ ᠢ ᠰᠤᠭᠤᠯᠬᠤ ᠬᠡᠯᠪᠡᠷᠢ ᠪᠠᠷ ᠶᠠᠪᠤᠭᠳᠠᠵᠤ᠂ ᠲᠣᠬᠠᠢ ᠶᠢᠨ ᠲᠠᠯᠠᠪᠠᠶ ᠳᠤ ᠪᠠᠶᠢᠭ᠎ᠠ ᠬᠥᠮᠦᠰ ᠤᠨ ᠸᠢᠴᠠᠲ ᠤᠨ ᠬᠠᠷᠠᠭᠠᠨ ᠳᠠᠪᠲᠠᠮᠵᠢ  ᠪᠠᠷ ᠳᠠᠮᠵᠢᠭᠤᠯᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ ᠬᠠᠷᠭᠤᠭᠤᠯᠵᠤ᠂ ᠲᠤᠬᠠᠶ ᠶᠢᠨ ᠲᠠᠯᠠᠪᠠᠶ ᠳᠤ  ᠪᠠᠶᠢᠬᠤ ᠥᠬᠡᠶ ᠠᠵᠢᠯᠲᠠᠨ ᠤ ᠨᠡᠪᠲᠡᠷᠡᠬᠦ ᠲᠣᠮᠣ ᠳ᠋ᠠᠶᠢᠲ᠋ᠠ ᠶᠢᠨ ᠠᠶᠠᠯᠠᠯ ᠤᠨ ᠺᠣᠳ᠋ ᠢᠶᠠᠷ ᠳᠠᠮᠵᠢᠭᠤᠯᠤᠨ ᠣᠶᠢᠷ᠎ᠠ ᠶᠢᠨ 14 ᠡᠳᠦᠷ ᠤᠨ ᠠᠶᠠᠯᠠᠯ ᠤᠨ ᠵᠠᠮ ᠮᠥᠷ ᠢ ᠪᠠᠶᠢᠴᠠᠭᠠᠨ ᠦᠵᠡᠬᠦ ᠬᠤᠶᠠᠷ ᠵᠦᠢᠯ ᠤᠨ ᠠᠷᠭ᠎ᠠ ᠬᠡᠯᠪᠡᠷᠢ ᠪᠠᠷ ᠠᠵᠢᠯᠲᠠᠨ ᠤ ᠭᠡᠷ᠎ᠡ ᠪᠠᠨ ᠭᠦᠢᠴᠡᠳᠭᠡᠭᠰᠡᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠪᠡ᠃      ︵ᠨᠢᠭᠡ︶ 110 ᠤᠯᠤᠰ ᠤᠨ ᠵᠠᠮ ᠤᠨ ᠪᠤᠭᠤᠲᠤ ᠶᠢᠨ ᠬᠤᠶᠢᠨ᠎ᠠ ᠬᠤᠳᠠ ᠲᠣᠭᠤᠷᠢᠬᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ      ᠪᠠᠶᠢᠭᠤᠯᠬᠤ ᠳᠤ ᠣᠷᠣᠯᠴᠠᠭᠰᠠᠨ 6 ᠨᠢᠭᠡᠴᠢ ᠨᠡᠶᠢᠲᠡ 12 ᠬᠥᠮᠥᠨ ᠢ ᠪᠠᠶᠢᠴᠠᠭᠠᠪᠠ᠄ ᠵᠢᠷᠤᠭ ᠲᠥᠯᠥᠪᠯᠡᠭᠡ ᠶᠢᠨ ᠨᠢᠭᠡᠴᠢ ᠱᠠᠩᠬᠠᠢ ᠬᠤᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠶᠡᠷᠦᠩᠬᠡᠢ ᠬᠦᠷᠢᠶᠡᠯᠡᠩ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠶᠢᠨ ᠵᠢᠷᠤᠭ ᠲᠥᠯᠥᠪᠯᠡᠭᠡ ᠶᠢᠨ ᠲᠥᠯᠥᠭᠡᠯᠡᠭᠴᠢ 1 ᠬᠥᠮᠥᠨ᠃ ᠪᠠᠷᠢᠯᠭ᠎ᠠ ᠶᠢᠨ ᠨᠢᠭᠡᠳᠦᠭᠡᠷ ᠲᠠᠭᠠᠭᠠᠴᠢᠯᠠᠯᠲᠠ ᠶᠢᠨ ᠪᠤᠭᠤᠲᠤ ᠬᠤᠲᠠ ᠶᠢᠨ ᠵᠠᠰᠠᠮᠠᠯ ᠵᠠᠮ ᠤᠨ ᠪᠠᠷᠢᠯᠭ᠎ᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠶᠡᠷᠦᠩᠬᠡᠢ ᠬᠠᠷᠢᠭᠤᠴᠠᠯᠭᠠᠲᠠᠨ᠂ ᠲᠥᠷᠥᠯ ᠵᠦᠢᠯ ᠤᠨ ᠳᠠᠭᠠᠭᠠᠮᠠᠯ᠂ ᠲᠥᠷᠥᠯ ᠵᠦᠢᠯ ᠤᠨ ᠶᠡᠷᠦᠩᠬᠡᠢ ᠢᠨᠵᠧᠨᠧᠷ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠣᠰᠪᠣᠷᠢ 1 ᠬᠥᠮᠥᠨ᠃ ᠪᠠᠷᠢᠯᠭ᠎ᠠ ᠶᠢᠨ ᠬᠤᠶᠠᠳᠤᠭᠠᠷ ᠲᠠᠭᠠᠭᠠᠴᠢᠯᠠᠯᠲᠠ ᠶᠢᠨ ᠳᠤᠮᠳᠠᠲᠤ ᠤᠯᠤᠰ ᠤᠨ ᠵᠠᠮ ᠬᠠᠷᠢᠯᠴᠠᠭᠠᠨ ᠤ ᠬᠤᠶᠠᠳᠤᠭᠠᠷ ᠠᠶᠠᠯᠠᠯ ᠤᠨ ᠶᠠᠪᠤᠳᠠᠯ ᠤᠨ ᠪᠠᠷᠢᠯᠭ᠎ᠠ ᠶᠢᠨ ᠲᠣᠪᠴᠢᠶ᠎ᠠ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠶᠡᠷᠦᠩᠬᠡᠢ ᠬᠠᠷᠢᠭᠤᠴᠠᠯᠭᠠᠲᠠᠨ᠂ ᠲᠥᠷᠥᠯ ᠵᠦᠢᠯ ᠤᠨ ᠳᠠᠭᠠᠭᠠᠮᠠᠯ᠂ ᠲᠥᠷᠥᠯ ᠵᠦᠢᠯ ᠤᠨ ᠶᠡᠷᠦᠩᠬᠡᠢ ᠢᠨᠵᠧᠨᠧᠷ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠣᠰ ᠲᠣᠰ 1 ᠬᠥᠮᠥᠨ᠃ ᠬᠢᠨᠠᠨ ᠬᠠᠮᠢᠶᠠᠷᠬᠤ ᠨᠢᠭᠡᠳᠦᠭᠡᠷ ᠰᠠᠭᠤᠭ᠎ᠠ ᠭᠠᠵᠠᠷ ᠤᠨ ᠪᠤᠭᠤᠲᠤ ᠬᠤᠲᠠ  ᠶᠢᠨ ᠯᠦ ᠲᠦᠩ ᠵᠠᠰᠠᠮᠠᠯ ᠵᠠᠮ ᠤᠨ ᠢᠨᠵᠧᠨᠧᠷᠢᠩ ᠤᠨ ᠬᠢᠨᠠᠨ ᠬᠠᠮᠢᠶᠠᠷᠴᠤ ᠵᠦᠪᠯᠡᠯᠭᠡ ᠦᠭᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠠᠭᠤᠭ᠎ᠠ ᠭᠠᠵᠠᠷ ᠤᠨ ᠬᠢᠨᠠᠨ ᠬᠠᠮᠢᠶᠠᠷᠬᠤ ᠢᠨᠵᠧᠨᠧᠷ 1 ᠬᠥᠮᠥᠨ᠂ ᠬᠤᠶᠠᠳᠤᠭᠠᠷ ᠰᠠᠭᠤᠭ᠎ᠠ ᠭᠠᠵᠠᠷ ᠤᠨ ᠾᠧᠪᠧᠢ ᠶᠢᠨ ᠬᠤᠸᠠ ᠳ᠋ᠠ ᠵᠠᠰᠠᠮᠠᠯ ᠵᠠᠮ ᠤᠨ ᠢᠨᠵᠧᠨᠧᠷᠢᠩ ᠤᠨ ᠵᠦᠪᠯᠡᠯᠭᠡ ᠦᠭᠴᠦ ᠬᠢᠨᠠᠨ ᠬᠠᠮᠢᠶᠠᠷᠬᠤ ᠬᠢᠵᠠᠭᠠᠷᠲᠤ ᠺᠣᠮᠫᠠᠨᠢ ᠶᠢᠨ ᠰᠠᠭᠤᠭ᠎ᠠ ᠭᠠᠵᠠᠷ ᠤᠨ ᠬᠢᠨᠠᠨ ᠬᠠᠮᠢᠶᠠᠷᠬᠤ ᠢᠨᠵᠧᠨᠧᠷ 1 ᠬᠥᠮᠥᠨ᠂ ᠶᠡᠷᠦᠩᠬᠡᠢ ᠬᠢᠨᠠᠭᠴᠢ ᠶᠢᠨ ᠠᠯᠪᠠᠨ ᠭᠡᠷ ᠤᠨ ᠪᠠᠷᠢᠯᠭ᠎ᠠ ᠶᠢᠨ ᠭᠠᠵᠠᠷ ᠤᠨ ᠲᠤᠷᠰᠢᠯᠲᠠ ᠶᠢᠨ ᠲᠠᠰᠤᠭ ᠤᠨ ᠪᠤᠭᠤᠲᠤ ᠬᠤᠲᠠ ᠶᠢᠨ ᠴᠧᠩ ᠬᠤᠸ ᠵᠠᠰᠠᠮᠠᠯ ᠵᠠᠮ ᠤᠨ ᠢᠨᠵᠧᠨᠧᠷᠢᠩ ᠤᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠲᠥᠪ ᠤᠨ ᠲᠤᠷᠰᠢᠯᠲᠠ ᠶᠢᠨ ᠲᠠᠰᠤᠭ ᠤᠨ ᠡᠷᠬᠢᠯᠡᠭᠴᠢ 1 ᠬᠥᠮᠥᠨ᠃      ︵ᠬᠤᠶᠠᠷ︶ 335 ᠤᠯᠤᠰ ᠤᠨ ᠵᠠᠮ ᠤᠨ ᠪᠠᠶᠠᠨ᠋ᠣ᠋ᠪᠣᠭ᠎ᠠ ᠠᠴᠠ ᠮᠢᠩᠭᠠᠨ ᠪᠠᠯᠭᠠᠰᠤ ︵ᠭᠦᠨ ᠬᠤᠳᠳᠤᠭ︶ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ       ᠪᠠᠶᠢᠭᠤᠯᠬᠤ ᠳᠤ ᠣᠷᠣᠯᠴᠠᠭᠰᠠᠨ 3 ᠨᠢᠭᠡᠴᠢ ᠨᠡᠶᠢᠲᠡ 5 ᠬᠥᠮᠥᠨ ᠢ ᠰᠤᠭᠤᠴᠢᠨ ᠪᠠᠶᠢᠴᠠᠭᠠᠪᠠ᠄ ᠵᠢᠷᠤᠭ ᠲᠥᠯᠥᠪᠯᠡᠭᠡ ᠶᠢᠨ ᠨᠢᠭᠡᠴᠢ ᠶᠢᠨ ᠪᠤᠭᠤᠲᠤ ᠬᠤᠲᠠ ᠶᠢᠨ ᠵᠠᠰᠠᠮᠠᠯ ᠵᠠᠮ ᠤᠨ ᠲᠥᠯᠦᠪᠵᠢᠭᠦᠯᠭᠡ ᠶᠢᠨ ᠬᠠᠶᠢᠨ ᠬᠡᠮᠵᠢᠵᠦ ᠵᠢᠷᠤᠵᠤ ᠲᠥᠯᠥᠪᠯᠡᠬᠦ ᠬᠢᠵᠠᠭᠠᠷᠲᠤ ᠺᠣᠮᠫᠠᠨᠢ ᠶᠢᠨ ᠵᠢᠷᠤᠭ ᠲᠥᠯᠥᠪᠯᠡᠭᠡ ᠶᠢᠨ ᠲᠥᠯᠥᠭᠡᠯᠡᠭᠴᠢ 1 ᠬᠥᠮᠥᠨ᠃ ᠪᠠᠷᠢᠯᠭ᠎ᠠ ᠶᠢᠨ ᠨᠢᠭᠡᠴᠢ ᠶᠢᠨ ᠪᠤᠭᠤᠲᠤ ᠬᠤᠲᠠ ᠶᠢᠨ ᠵᠠᠰᠠᠮᠠᠯ ᠵᠠᠮ ᠤᠨ ᠪᠠᠷᠢᠯᠭ᠎ᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠳᠠᠭᠠᠭᠠᠮᠠᠯ᠂ ᠲᠥᠷᠥᠯ ᠵᠦᠢᠯ ᠤᠨ ᠶᠡᠷᠦᠩᠬᠡᠢ ᠢᠨᠵᠧᠨᠧᠷ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠣᠰᠪᠣᠷᠢ 1 ᠬᠥᠮᠥᠨ᠃ ᠬᠢᠨᠠᠨ ᠬᠠᠮᠢᠶᠠᠷᠬᠤ ᠨᠢᠭᠡᠴᠢ ᠶᠢᠨ ᠪᠤᠭᠤᠲᠤ ᠶᠢᠨ ᠵᠠᠮ ᠬᠠᠷᠢᠯᠴᠠᠭᠠᠨ ᠤ ᠪᠡᠯᠡ ᠣᠷᠤᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠬᠢᠨᠠᠨ ᠬᠠᠮᠢᠶᠠᠷᠬᠤ ᠢᠨᠵᠧᠨᠧᠷ 1 ᠬᠥᠮᠥᠨ᠃      ︵ᠭᠤᠷᠪᠠ︶ ᠡᠷᠢᠶᠡᠨ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠷᠢᠶᠡᠨ ᠬᠤᠳᠠ ᠠᠴᠠ ᠰᠠᠶᠢᠬᠠᠨᠲᠠᠯ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ      ᠪᠠᠶᠢᠭᠤᠯᠬᠤ ᠳᠤ ᠣᠷᠣᠯᠴᠠᠭᠰᠠᠨ 9 ᠨᠢᠭᠡᠴᠢ ᠨᠡᠶᠢᠲᠡ 14 ᠬᠥᠮᠥᠨ ᠢ ᠰᠤᠭᠤᠴᠢᠨ ᠪᠠᠶᠢᠴᠠᠭᠠᠪᠠ᠄ ᠵᠢᠷᠤᠭ ᠲᠥᠯᠥᠪᠯᠡᠭᠡ ᠶᠢᠨ ᠨᠢᠭᠡᠴᠢ ᠶᠢᠨ ᠳᠤᠮᠲᠠᠲᠤ ᠤᠯᠤᠰ ᠤᠨ ᠵᠠᠮ ᠬᠠᠷᠢᠯᠴᠠᠭᠠᠨ ᠤ ᠵᠠᠰᠠᠮᠠᠯ ᠵᠠᠮ ᠤᠨ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠵᠢᠷᠤᠭ ᠲᠥᠯᠥᠪᠯᠡᠭᠡ ᠶᠢᠨ ᠲᠥᠯᠥᠭᠡᠯᠡᠭᠴᠢ᠂ ᠪᠡᠭᠡᠵᠢᠩ ᠤᠨ ᠵᠢᠶᠣᠣ ᠺᠧ ᠵᠠᠰᠠᠮᠠᠯ ᠵᠠᠮ ᠤᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠵᠢᠷᠤᠭ ᠲᠥᠯᠥᠪᠯᠡᠭᠡ ᠶᠢᠨ ᠲᠥᠯᠥᠭᠡᠯᠡᠭᠴᠢ ᠲᠣᠰᠪᠣᠷᠢ 1 ᠬᠥᠮᠥᠨ᠃ ᠪᠠᠷᠢᠯᠭ᠎ᠠ ᠶᠢᠨ ᠠᠵᠢᠯ ᠤᠨ ᠶᠡᠷᠦᠩᠬᠡᠢ ᠳᠠᠭᠠᠭᠠᠴᠢᠯᠠᠯᠲᠠ ᠶᠢᠨ ᠨᠢᠭᠡᠴᠢ ᠶᠢᠨ ᠥᠪᠥᠷ ᠮᠣᠩᠭᠤᠯ ᠤᠨ ᠵᠠᠮ ᠬᠥᠭᠦᠷᠭᠡ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ/ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠨᠢᠭᠡᠳᠦᠭᠡᠷ ᠵᠠᠰᠠᠮᠠᠯ ᠵᠠᠮ ᠤᠨ ᠪᠠᠷᠢᠯᠭ᠎ᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ︵ᠬᠤᠯᠪᠣᠭᠠᠲᠤ ᠴᠣᠭᠴᠠ︶ ᠶᠢᠨ ᠲᠥᠷᠥᠯ ᠵᠦᠢᠯ ᠤᠨ ᠶᠡᠷᠦᠩᠬᠡᠢ ᠬᠠᠷᠢᠭᠤᠴᠠᠯᠭᠠᠲᠠᠨ᠂ ᠲᠥᠷᠥᠯ ᠵᠦᠢᠯ ᠤᠨ ᠳᠠᠭᠠᠭᠠᠮᠠᠯ᠂ ᠲᠥᠷᠥᠯ ᠵᠦᠢᠯ ᠤᠨ ᠶᠡᠷᠦᠩᠬᠡᠢ ᠢᠨᠵᠧᠨᠧᠷ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠣᠰᠪᠣᠷᠢ 1 ᠬᠥᠮᠥᠨ᠃ ᠶᠡᠷᠦᠩᠬᠡᠢ ᠬᠢᠨᠠᠭᠴᠢ ᠶᠢᠨ ᠠᠯᠪᠠᠨ ᠭᠡᠷ ᠤᠨ ᠰᠢᠯᠢ ᠶᠢᠨ ᠭᠤᠣᠯ ᠠᠶᠢᠮᠠᠭ ᠤᠨ ᠰᠢᠶᠧ ᠯᠢ ᠵᠠᠮ ᠬᠠᠷᠢᠯᠴᠠᠭᠠᠨ ᠤ ᠬᠢᠨᠠᠨ ᠬᠠᠮᠢᠶᠠᠷᠬᠤ ᠬᠢᠵᠠᠭᠠᠷᠲᠤ ᠺᠣᠮᠫᠠᠨᠢ/ᠵᠢᠶᠠᠩᠰᠢ ᠶᠢᠨ ᠲᠦᠩ ᠬᠤᠶ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︵ᠬᠤᠯᠪᠣᠭᠠᠲᠤ ᠴᠣᠭᠴᠠ︶ ᠶᠢᠨ ᠶᠡᠷᠦᠩᠬᠡᠢ ᠬᠢᠨᠠᠨ ᠬᠠᠮᠢᠶᠠᠷᠬᠤ ᠢᠨᠵᠧᠨᠧᠷ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠣᠰᠪᠣᠷᠢ 1 ᠬᠥᠮᠥᠨ᠂ ᠨᠢᠭᠡᠳᠦᠭᠡᠷ ᠰᠠᠭᠤᠭ᠎ᠠ ᠭᠠᠵᠠᠷ ᠤᠨ ᠾᠧᠪᠧᠢ ᠶᠢᠨ ᠲᠦᠩ ᠳ᠋ᠡ ᠢᠨᠵᠧᠨᠧᠷᠢᠩ ᠤᠨ ᠬᠢᠨᠠᠨ ᠬᠠᠮᠢᠶᠠᠷᠴᠤ ᠵᠦᠪᠯᠡᠯᠭᠡ ᠦᠭᠬᠦ ᠬᠢᠵᠠᠭᠠᠷᠲᠤ ᠺᠣᠮᠫᠠᠨᠢ ᠶᠢᠨ ᠰᠠᠭᠤᠭ᠎ᠠ ᠭᠠᠵᠠᠷ ᠤᠨ ᠬᠢᠨᠠᠨ ᠬᠠᠮᠢᠶᠠᠷᠬᠤ ᠢᠨᠵᠧᠨᠧᠷ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠣᠰᠪᠣᠷᠢ 1 ᠬᠥᠮᠥᠨ᠂ ᠬᠤᠶᠠᠳᠤᠭᠠᠷ ᠰᠠᠭᠤᠭ᠎ᠠ ᠭᠠᠵᠠᠷ ᠤᠨ ᠠᠨᠾᠦ᠋ᠢ ᠮᠤᠵᠢ ᠶᠢᠨ ᠵᠥᠩ ᠰᠢᠩ ᠢᠨᠵᠧᠨᠧᠷᠢᠩ ᠤᠨ ᠬᠢᠨᠠᠨ ᠬᠠᠮᠢᠶᠠᠷᠬᠤ ᠬᠢᠵᠠᠭᠠᠷᠲᠤ ᠺᠣᠮᠫᠠᠨᠢ ᠶᠢᠨ ᠰᠠᠭᠤᠭ᠎ᠠ ᠭᠠᠵᠠᠷ ᠤᠨ ᠬᠢᠨᠠᠨ ᠬᠠᠮᠢᠶᠠᠷᠬᠤ ᠢᠨᠵᠧᠨᠧᠷ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠣᠰᠪᠣᠷᠢ 1 ᠬᠥᠮᠥᠨ᠂ ᠭᠤᠷᠪᠠᠳᠤᠭᠠᠷ ᠰᠠᠭᠤᠭ᠎ᠠ ᠭᠠᠵᠠᠷ ᠤᠨ ᠾᠧᠪᠧᠢ  ᠶᠢᠨ ᠵᠠᠮ ᠬᠦᠭᠦᠷᠭᠡ ᠶᠢᠨ ᠮᠡᠷᠭᠡᠵᠢᠯ ᠤᠨ ᠨᠡᠭᠡᠭᠡᠨ ᠬᠦᠭᠵᠢᠭᠦᠯᠬᠦ ᠬᠢᠵᠠᠭᠠᠷᠲᠤ ᠺᠣᠮᠫᠠᠨᠢ ᠶᠢᠨ ᠰᠠᠭᠤᠭ᠎ᠠ ᠭᠠᠵᠠᠷ ᠤᠨ ᠬᠢᠨᠠᠨ ᠬᠠᠮᠢᠶᠠᠷᠬᠤ ᠢᠨᠵᠧᠨᠧᠷ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠣᠰᠪᠣᠷᠢ 1 ᠬᠥᠮᠥᠨ᠃      ︵ᠳᠥᠷᠪᠡ︶ 213 ᠤᠯᠤᠰ ᠤᠨ ᠵᠠᠮ ᠤᠨ ᠳᠠᠯᠠᠶᠢᠬᠦᠪ ᠠᠴᠠ ᠳ᠋ᠦᠩᠹᠧᠩ ᠰᠠᠨᠰᠠᠷ ᠤᠨ ᠠᠶᠠᠯᠠᠯ ᠤᠨ ᠬᠤᠳᠠ ᠶᠢᠨ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ     ᠪᠠᠶᠢᠭᠤᠯᠬᠤ ᠳᠤ ᠣᠷᠣᠯᠴᠠᠭᠰᠠᠨ 8 ᠨᠢᠭᠡᠴᠢ ᠨᠡᠶᠢᠲᠡ 17 ᠬᠥᠮᠥᠨ ᠢ ᠰᠤᠭᠤᠴᠢᠨ ᠪᠠᠶᠢᠴᠠᠭᠠᠪᠠ᠄ ᠵᠢᠷᠤᠭ ᠲᠥᠯᠥᠪᠯᠡᠭᠡ ᠶᠢᠨ ᠨᠢᠭᠡᠴᠢ ᠶᠢᠨ ᠬᠤᠸᠠ ᠵᠢᠶᠧ ᠢᠨᠵᠧᠨᠧᠷᠢᠩ ᠤᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ ᠵᠢᠷᠤᠭ ᠲᠥᠯᠥᠪᠯᠡᠭᠡ ᠶᠢᠨ ᠲᠥᠯᠥᠭᠡᠯᠡᠭᠴᠢ 1 ᠬᠥᠮᠥᠨ᠃ ᠪᠠᠷᠢᠯᠭ᠎ᠠ ᠶᠢᠨ ᠠᠵᠢᠯ ᠤᠨ A1 ᠭᠡᠷ᠎ᠡ ᠶᠢᠨ ᠬᠡᠰᠡᠭ ᠤᠨ ᠯᠦᠩ ᠵᠢᠶᠠᠨ ᠵᠠᠮ ᠬᠥᠭᠦᠷᠭᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠳᠠᠭᠠᠭᠠᠮᠠᠯ 1 ᠬᠥᠮᠥᠨ᠂ ᠲᠥᠷᠥᠯ ᠵᠦᠢᠯ ᠤᠨ ᠳᠡᠳ᠋ ᠳᠠᠭᠠᠭᠠᠮᠠᠯ 2 ᠬᠥᠮᠥᠨ᠂ ᠲᠥᠷᠥᠯ ᠵᠦᠢᠯ ᠤᠨ ᠶᠡᠷᠦᠩᠬᠡᠢ ᠢᠨᠵᠧᠨᠧᠷ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠣᠰᠪᠣᠷᠢ 1 ᠬᠥᠮᠥᠨ᠃ ᠪᠠᠷᠢᠯᠭ᠎ᠠ ᠶᠢᠨ ᠠᠵᠢᠯ ᠤᠨ A2 ᠭᠡᠷ᠎ᠡ ᠶᠢᠨ ᠬᠡᠰᠡᠭ ᠤᠨ ᠵᠠᠮ ᠬᠥᠭᠦᠷᠭᠡ ᠶᠢᠨ ᠬᠠᠷᠠᠮᠥ᠋ᠷᠡᠨ ᠮᠤᠵᠢ ᠶᠢᠨ ᠯᠦᠩ ᠵᠢᠶᠠᠨ ᠵᠠᠮ ᠬᠥᠭᠦᠷᠭᠡ ᠶᠢᠨ ᠳᠥᠷᠪᠡᠳᠦᠭᠡᠷ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠳᠠᠭᠠᠭᠠᠮᠠᠯ 1 ᠬᠥᠮᠥᠨ᠂ ᠲᠥᠷᠥᠯ ᠵᠦᠢᠯ ᠤᠨ ᠳᠡᠳ᠋ ᠳᠠᠭᠠᠭᠠᠮᠠᠯ 2 ᠬᠥᠮᠥᠨ᠂ ᠮᠡᠷᠭᠡᠵᠢᠯ ᠤᠨ ᠬᠠᠷᠢᠭᠤᠴᠠᠯᠭᠠᠲᠠᠨ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠣᠰᠪᠣᠷᠢ 1 ᠬᠥᠮᠥᠨ᠃ ᠶᠡᠷᠦᠩᠬᠡᠢ ᠬᠢᠨᠠᠭᠴᠢ ᠶᠢᠨ ᠠᠯᠪᠠᠨ ᠭᠡᠷ ᠤᠨ ᠨᠢᠩᠰᠢᠶᠠ ᠶᠢᠨ ᠬᠤᠸᠠ ᠵᠢᠢ ᠵᠠᠰᠠᠮᠠᠯ ᠵᠠᠮ ᠤᠨ ᠢᠨᠵᠧᠨᠧᠷᠢᠩ ᠤᠨ ᠬᠢᠨᠠᠨ ᠬᠠᠮᠢᠶᠠᠷᠴᠤ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ ᠶᠡᠷᠦᠩᠬᠡᠢ ᠢᠨᠵᠧᠨᠧᠷ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠣᠰᠪᠤᠷᠢ 1 ᠬᠥᠮᠥᠨ᠂ ᠨᠢᠭᠡᠳᠦᠭᠡᠷ ᠰᠠᠭᠤᠭ᠎ᠠ ᠭᠠᠵᠠᠷ ᠤᠨ ᠪᠤᠭᠤᠲᠤ ᠬᠤᠲᠠ ᠶᠢᠨ ᠯᠦ ᠲᠦᠩ ᠵᠠᠰᠠᠮᠠᠯ ᠵᠠᠮ ᠤᠨ ᠢᠨᠵᠧᠨᠧᠷᠢᠩ ᠤᠨ ᠬᠢᠨᠠᠨ ᠬᠠᠮᠢᠶᠠᠷᠴᠤ ᠵᠥᠪᠯᠡᠯᠭᠡ ᠥᠭᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠠᠭᠤᠭ᠎ᠠ ᠭᠠᠵᠠᠷ ᠤᠨ ᠬᠢᠨᠠᠨ ᠬᠠᠮᠢᠶᠠᠷᠬᠤ ᠢᠨᠵᠧᠨᠧᠷ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠣᠰᠪᠣᠷᠢ 1 ᠬᠥᠮᠥᠨ᠂ ᠬᠤᠶᠠᠳᠤᠭᠠᠷ ᠰᠠᠭᠤᠭ᠎ᠠ ᠭᠠᠵᠠᠷ ᠤᠨ ᠪᠡᠭᠡᠵᠢᠩ ᠤᠨ ᠲᠠᠢ ᠺᠧ ᠬᠤᠸᠠ ᠴᠧᠩ ᠮᠡᠷᠭᠡᠵᠢᠯ ᠤᠨ ᠮᠡᠳᠡᠭᠡ ᠵᠠᠩᠭᠢ ᠶᠢᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ ᠰᠠᠭᠤᠭ᠎ᠠ ᠭᠠᠵᠠᠷ ᠤᠨ ᠬᠢᠨᠠᠨ ᠬᠠᠮᠢᠶᠠᠷᠬᠤ ᠢᠨᠵᠧᠨᠧᠷ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠣᠰᠪᠣᠷᠢ 1 ᠬᠥᠮᠥᠨ᠂ ᠭᠤᠷᠪᠠᠳᠤᠭᠠᠷ ᠰᠠᠭᠤᠭ᠎ᠠ ᠭᠠᠵᠠᠷ ᠤᠨ ᠭᠢᠷᠢᠨ ᠤ ᠱᠧᠩ ᠪᠥᠸᠧ ᠢᠨᠵᠧᠨᠧᠷᠢᠩ ᠤᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ ᠰᠠᠭᠤᠭ᠎ᠠ ᠭᠠᠵᠠᠷ ᠤᠨ ᠬᠢᠨᠠᠨ ᠬᠠᠮᠢᠶᠠᠷᠬᠤ ᠠᠵᠢᠯᠲᠠᠨ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠣᠰᠪᠤᠷᠢ 1 ᠬᠥᠮᠥᠨ᠂ ᠳᠥᠷᠪᠡᠳᠦᠭᠡᠷ ᠰᠠᠭᠤᠭ᠎ᠠ ᠭᠠᠵᠠᠷ ᠤᠨ ᠾᠧᠪᠧᠢ  ᠶᠢᠨ ᠰᠧ ᠹᠠᠩ ᠵᠠᠰᠠᠮᠠᠯ ᠵᠠᠮ ᠤᠨ ᠢᠨᠵᠧᠨᠧᠷᠢᠩ ᠤᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ ᠰᠠᠭᠤᠭ᠎ᠠ ᠭᠠᠵᠠᠷ  ᠤᠨ ᠬᠢᠨᠠᠨ ᠬᠠᠮᠢᠶᠠᠷᠬᠤ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠣᠰᠪᠤᠷᠢ 1 ᠬᠥᠮᠥᠨ᠃      ᠬᠤᠶᠠᠷ᠂ ᠣᠷᠣᠰᠢᠵᠤ ᠪᠠᠶᠢᠭ᠎ᠠ ᠠᠰᠠᠭᠤᠳᠠᠯ      ︵ᠨᠢᠭᠡ︶ 110 ᠤᠯᠤᠰ ᠤᠨ ᠵᠠᠮ ᠤᠨ ᠪᠤᠭᠤᠲᠤ ᠶᠢᠨ ᠬᠤᠶᠢᠨ᠎ᠠ ᠬᠤᠳᠠ ᠲᠣᠭᠤᠷᠢᠬᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠄ ᠪᠠᠶᠢᠭᠤᠯᠬᠤ ᠳᠤ ᠣᠷᠣᠯᠴᠠᠭᠰᠠᠨ ᠨᠢᠭᠡᠴᠢ ᠶᠢ ᠨᠡᠶᠢᠲᠡ 6 ᠰᠤᠭᠤᠴᠢᠨ ᠪᠠᠶᠢᠴᠠᠭᠠᠵᠤ᠂ 12 ᠭᠤᠤᠯ ᠭᠡᠷ᠎ᠡ ᠭᠦᠢᠴᠡᠳᠭᠡᠬᠦ ᠠᠵᠢᠯᠲᠠᠨ ᠢ ᠬᠠᠷᠭᠤᠭᠤᠯᠤᠨ ᠪᠠᠶᠢᠴᠠᠭᠠᠵᠤ᠂ ᠡᠭᠦᠨ ᠳᠤ 6 ᠬᠥᠮᠥᠨ ᠢ ᠨᠢ ᠬᠤᠪᠢᠷᠠᠭᠤᠯᠪᠠ᠃ ᠪᠠᠶᠢᠴᠠᠭᠠᠯᠲᠠ ᠪᠠᠷ ᠣᠯᠵᠤ ᠮᠡᠳᠡᠭᠰᠡᠨ ᠨᠢ 4 ᠬᠥᠮᠥᠨ ᠠᠵᠢᠯ ᠤᠨ ᠪᠠᠶᠢᠷᠢ ᠳᠤ ᠪᠠᠨ ᠪᠠᠶᠢᠬᠤ ᠦᠭᠡᠢ ︵3 ᠬᠥᠮᠥᠨ ᠴᠢᠯᠦᠭᠡ ᠭᠤᠶᠤᠬᠤ ᠭᠠᠷᠳᠠᠮ ᠢ ᠭᠦᠢᠴᠡᠳᠬᠡᠵᠦ᠂ 1 ᠬᠥᠮᠥᠨ ᠴᠢᠯᠦᠭᠡ ᠭᠤᠶᠤᠬᠤ ᠭᠠᠷᠳᠠᠮ ᠢ ᠭᠦᠢᠴᠡᠳᠬᠡᠭᠰᠡᠨ ᠦᠭᠡᠢ︶ ᠶᠢ ᠣᠯᠵᠤ ᠮᠠᠲᠠᠵᠠᠢ᠃      1. ᠱᠠᠩᠬᠠᠢ ᠬᠤᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠶᠡᠷᠦᠩᠬᠡᠢ ᠬᠦᠷᠢᠶᠡᠯᠡᠩ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠶᠢᠨ ᠵᠢᠷᠤᠭ ᠲᠥᠯᠥᠪᠯᠡᠭᠡ ᠶᠢᠨ ᠲᠥᠯᠥᠭᠡᠯᠡᠭᠴᠢ 1 ᠬᠥᠮᠥᠨ ᠲᠤᠬᠠᠢ ᠶᠢᠨ ᠲᠠᠯᠠᠪᠠᠢ ᠳᠤ ᠪᠠᠶᠢᠬᠤ ᠦᠭᠡᠢ᠂ ᠴᠢᠯᠦᠭᠡ ᠭᠤᠶᠤᠬᠤ ᠭᠠᠷᠳᠠᠮ ᠢ ᠭᠦᠢᠴᠡᠳᠬᠡᠭᠰᠡᠨ ᠦᠭᠡᠢ᠃      2. ᠪᠤᠭᠤᠲᠤ ᠬᠤᠲᠠ ᠶᠢᠨ ᠵᠠᠰᠠᠮᠠᠯ ᠵᠠᠮ ᠤᠨ ᠢᠨᠵᠧᠨᠧᠷᠢᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠶᠡᠷᠦᠩᠬᠡᠢ ᠬᠠᠷᠢᠭᠤᠴᠠᠯᠭᠠᠲᠠᠨ᠂ ᠲᠤᠷᠰᠢᠯᠲᠠ ᠶᠢᠨ ᠲᠠᠰᠤᠭ ᠤᠨ ᠡᠷᠬᠢᠯᠡᠭᠴᠢ 2 ᠬᠥᠮᠥᠨ ᠲᠤᠬᠠᠢ ᠶᠢᠨ ᠲᠠᠯᠠᠪᠠᠢ ᠳᠤ ᠪᠠᠶᠢᠬᠤ ᠦᠭᠡᠢ᠂ ᠴᠢᠯᠦᠭᠡ ᠭᠤᠶᠤᠬᠤ ᠭᠠᠷᠳᠠᠮ ᠢ ᠭᠦᠢᠴᠡᠳᠭᠡᠪᠡ᠃      3. ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠬᠤᠶᠠᠳᠤᠭᠠᠷ ᠠᠶᠠᠯᠠᠯ ᠤᠨ ᠶᠠᠪᠤᠳᠠᠯ ᠤᠨ ᠢᠨᠵᠧᠨᠧᠷᠢᠩ  ᠤᠨ ᠲᠣᠪᠴᠢᠶ᠎ᠠ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠶᠡᠷᠦᠩᠬᠡᠢ ᠢᠨᠵᠧᠨᠧᠷ 1 ᠬᠥᠮᠥᠨ ᠲᠤᠬᠠᠢ ᠶᠢᠨ ᠲᠠᠯᠠᠪᠠᠢ ᠳᠤ ᠪᠠᠶᠢᠬᠤ ᠦᠭᠡᠢ᠂ ᠴᠢᠯᠦᠭᠡ ᠭᠤᠶᠤᠬᠤ ᠭᠠᠷᠳᠠᠮ ᠢ ᠭᠦᠢᠴᠡᠳᠭᠡᠪᠡ᠃      ︵ᠬᠤᠶᠠᠷ︶ 335 ᠤᠯᠤᠰ ᠤᠨ ᠵᠠᠮ ᠤᠨ ᠪᠠᠶᠠᠨ᠋ᠣ᠋ᠪᠣᠭ᠎ᠠ ᠠᠴᠠ ᠮᠢᠩᠭᠠᠨ ᠪᠠᠯᠭᠠᠰᠤ ︵ᠭᠦᠨ ᠬᠤᠳᠳᠤᠭ︶ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠄ ᠪᠠᠶᠢᠭᠤᠯᠬᠤ ᠳᠤ ᠣᠷᠣᠯᠴᠠᠭᠰᠠᠨ ᠨᠢᠭᠡᠴᠢ ᠶᠢ ᠨᠡᠶᠢᠲᠡ 3 ᠰᠤᠭᠤᠴᠢᠨ ᠪᠠᠶᠢᠴᠠᠭᠠᠵᠤ᠂ 5 ᠭᠤᠣᠯ ᠭᠡᠷ᠎ᠡ ᠭᠦᠢᠴᠡᠳᠬᠡᠬᠦ ᠠᠵᠢᠯᠲᠠᠨ ᠢ ᠬᠠᠷᠭᠤᠭᠤᠯᠤᠨ ᠪᠠᠶᠢᠴᠠᠭᠠᠵᠤ᠂ ᠡᠭᠦᠨ ᠳᠤ 1 ᠬᠥᠮᠥᠨ ᠢ ᠨᠢ ᠬᠤᠪᠢᠷᠠᠭᠤᠯᠪᠠ᠃ ᠬᠢᠨᠠᠨ ᠪᠠᠶᠢᠴᠠᠭᠠᠭᠰᠠᠨ ᠠᠵᠢᠯᠲᠠᠨ ᠴᠥᠮ ᠲᠤᠬᠠᠢ ᠶᠢᠨ ᠲᠠᠯᠠᠪᠠᠢ ᠳᠤ ᠭᠡᠷ᠎ᠡ ᠪᠠᠨ ᠭᠦᠢᠴᠡᠳᠬᠡᠵᠡᠢ᠃      ︵ᠭᠤᠷᠪᠠ︶ ᠡᠷᠢᠶᠡᠨ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠷᠢᠶᠡᠨ ᠬᠤᠳᠠ ᠠᠴᠠ ᠰᠠᠶᠢᠬᠠᠨᠲᠠᠯ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠄ ᠪᠠᠶᠢᠭᠤᠯᠬᠤ ᠳᠤ ᠣᠷᠣᠯᠴᠠᠭᠰᠠᠨ ᠨᠢᠭᠡᠴᠢ ᠶᠢ ᠨᠡᠶᠢᠲᠡ 9 ᠰᠤᠭᠤᠴᠢᠨ ᠪᠠᠶᠢᠴᠠᠭᠠᠵᠤ᠂ 14 ᠭᠤᠣᠯ ᠭᠡᠷ᠎ᠡ ᠭᠦᠢᠴᠡᠳᠬᠡᠬᠦ ᠠᠵᠢᠯᠲᠠᠨ ᠢ ᠬᠠᠷᠭᠤᠭᠤᠯᠤᠨ ᠪᠠᠶᠢᠴᠠᠭᠠᠵᠤ᠂ ᠡᠭᠦᠨ ᠳᠤ 5 ᠬᠥᠮᠥᠨ ᠢ ᠨᠢ ᠬᠤᠪᠢᠷᠠᠭᠤᠯᠪᠠ᠃ ᠪᠠᠶᠢᠴᠠᠭᠠᠯᠲᠠ ᠪᠠᠷ ᠣᠯᠵᠤ ᠮᠡᠳᠡᠭᠰᠡᠨ ᠨᠢ 2 ᠬᠥᠮᠥᠨ ᠠᠵᠢᠯ ᠤᠨ ᠪᠠᠶᠢᠷᠢ ᠳᠤ ᠪᠠᠨ ᠪᠠᠶᠢᠬᠤ ᠦᠭᠡᠢ ︵1 ᠬᠥᠮᠥᠨ ᠴᠢᠯᠦᠭᠡ ᠭᠤᠶᠤᠬᠤ ᠭᠠᠷᠳᠠᠮ ᠢ ᠭᠦᠢᠴᠡᠳᠬᠡᠵᠦ᠂ 1 ᠬᠥᠮᠥᠨ ᠴᠢᠯᠦᠭᠡ ᠭᠤᠶᠤᠬᠤ ᠭᠠᠷᠳᠠᠮ ᠢ ᠭᠦᠢᠴᠡᠳᠬᠡᠭᠰᠡᠨ ᠦᠭᠡᠢ︶᠃      1. ᠥᠪᠥᠷ ᠮᠣᠩᠭᠤᠯ ᠤᠨ ᠵᠠᠮ ᠬᠦᠭᠦᠷᠭᠡ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ/ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠨᠢᠭᠡᠳᠦᠭᠡᠷ ᠵᠠᠰᠠᠮᠠᠯ ᠵᠠᠮ ᠤᠨ ᠪᠠᠷᠢᠯᠭ᠎ᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ︵ᠬᠤᠯᠪᠣᠭᠠᠲᠤ ᠴᠣᠭᠴᠠ︶ ᠶᠢᠨ ᠲᠥᠷᠥᠯ ᠵᠦᠢᠯ ᠤᠨ ᠶᠡᠷᠦᠩᠬᠡᠢ ᠬᠠᠷᠢᠭᠤᠴᠠᠯᠭᠠᠲᠠᠨ ᠲᠤᠬᠠᠢ ᠶᠢᠨ ᠲᠠᠯᠠᠪᠠᠢ ᠳᠤ ᠪᠠᠶᠢᠬᠤ ᠦᠭᠡᠢ᠂ ᠴᠢᠯᠦᠭᠡ ᠭᠤᠶᠤᠬᠤ ᠭᠠᠷᠳᠠᠮ ᠢ ᠭᠦᠢᠴᠡᠳᠭᠡᠪᠡ᠃      2. ᠾᠧᠪᠧᠢ ᠶᠢᠨ ᠵᠠᠮ ᠬᠦᠭᠦᠷᠭᠡ ᠶᠢᠨ ᠮᠡᠷᠭᠡᠵᠢᠯ ᠤᠨ ᠨᠡᠭᠡᠭᠡᠨ ᠬᠦᠭᠵᠢᠭᠦᠯᠬᠦ ᠬᠢᠵᠠᠭᠠᠷᠲᠤ ᠺᠣᠮᠫᠠᠨᠢ ᠶᠢᠨ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠤᠬᠠᠢ ᠶᠢᠨ ᠲᠠᠠᠯᠠᠪᠠᠢ ᠳᠤ ᠪᠠᠶᠢᠬᠤ ᠦᠭᠡᠢ᠂ ᠴᠢᠯᠦᠭᠡ ᠭᠤᠶᠤᠬᠤ ᠭᠠᠷᠳᠠᠮ ᠢ ᠭᠦᠢᠴᠡᠳᠬᠡᠭᠰᠡᠨ ᠦᠭᠡᠢ᠃      ︵ᠳᠥᠷᠪᠡ︶  213 ᠤᠯᠤᠰ ᠤᠨ ᠵᠠᠮ ᠤᠨ ᠳᠠᠯᠠᠶᠢᠬᠦᠪ ᠠᠴᠠ ᠳ᠋ᠦᠩᠹᠧᠩ ᠰᠠᠨᠰᠠᠷ ᠤᠨ ᠠᠶᠠᠯᠠᠯ ᠤᠨ ᠬᠤᠲᠠ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠄      ᠪᠠᠶᠢᠭᠤᠯᠬᠤ ᠳᠤ ᠣᠷᠣᠯᠴᠠᠭᠰᠠᠨ ᠨᠢᠭᠡᠴᠢ ᠶᠢ ᠨᠡᠶᠢᠲᠡ 8 ᠰᠤᠭᠤᠴᠢᠨ ᠪᠠᠶᠢᠴᠠᠭᠠᠵᠤ᠂ 12 ᠭᠤᠣᠯ ᠭᠡᠷ᠎ᠡ  ᠭᠦᠢᠴᠡᠳᠭᠡᠬᠦ ᠠᠵᠢᠯᠲᠠᠨ ᠢ ᠬᠠᠷᠭᠤᠭᠤᠯᠤᠨ ᠪᠠᠶᠢᠴᠠᠭᠠᠵᠤ᠂ ᠡᠭᠦᠨ ᠳᠤ 5 ᠬᠥᠮᠥᠨ ᠢ ᠨᠢ ᠬᠤᠪᠢᠷᠠᠭᠤᠯᠪᠠ᠃ ᠪᠠᠶᠢᠴᠠᠭᠠᠯᠲᠠ ᠪᠠᠷ ᠣᠯᠵᠤ ᠮᠡᠳᠡᠭᠰᠡᠨ ᠨᠢ 4 ᠬᠥᠮᠥᠨ ᠠᠵᠢᠯ ᠤᠨ ᠪᠠᠶᠢᠷᠢ ᠳᠤ ᠪᠠᠨ ᠪᠠᠶᠢᠬᠤ ᠦᠭᠡᠢ ︵2 ᠬᠥᠮᠥᠨ ᠴᠢᠯᠦᠭᠡ ᠭᠤᠶᠤᠬᠤ ᠭᠠᠷᠳᠠᠮ ᠢ ᠭᠦᠢᠴᠡᠳᠬᠡᠵᠦ᠂ 2 ᠬᠥᠮᠥᠨ ᠴᠢᠯᠦᠭᠡ ᠭᠤᠶᠤᠬᠤ ᠭᠠᠷᠳᠠᠮ ᠢ ᠭᠦᠢᠴᠡᠳᠬᠡᠭᠰᠡᠨ ᠦᠭᠡᠢ︶᠃      1. ᠨᠢᠩᠰᠢᠶᠠ ᠶᠢᠨ ᠬᠤᠸᠠ ᠵᠢᠢ ᠵᠠᠰᠠᠮᠠᠯ ᠵᠠᠮ ᠤᠨ ᠢᠨᠵᠧᠨᠧᠷᠢᠩ ᠤᠨ ᠬᠢᠨᠠᠨ ᠬᠠᠮᠢᠶᠠᠷᠴᠤ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ ᠶᠡᠷᠦᠩᠬᠡᠢ ᠬᠢᠨᠠᠨ ᠬᠠᠮᠢᠶᠠᠷᠬᠤ ᠢᠨᠵᠧᠨᠧᠷ 1 ᠬᠥᠮᠥᠨ ᠲᠤᠬᠠᠢ   ᠶᠢᠨ ᠲᠠᠯᠠᠪᠠᠶ ᠳᠤ ᠪᠠᠶᠢᠬᠤ ᠦᠭᠡᠢ᠂ ᠴᠢᠯᠦᠭᠡ ᠭᠤᠶᠤᠬᠤ ᠭᠠᠷᠳᠠᠮ ᠢ ᠭᠦᠢᠴᠡᠳᠬᠡᠭᠰᠡᠨ ᠦᠭᠡᠢ᠃      2. ᠪᠡᠭᠡᠵᠢᠩ ᠤᠨ ᠲᠠᠢ ᠺᠧ ᠬᠤᠸᠠ ᠴᠧᠩ ᠮᠡᠷᠭᠡᠵᠢᠯ ᠤᠨ ᠮᠡᠳᠡᠭᠡ ᠵᠠᠩᠭᠢ ᠶᠢᠨ ᠵᠦᠪᠯᠡᠯᠭᠡ ᠦᠭᠬᠦ ᠬᠢᠵᠠᠭᠠᠷᠲᠤ ᠺᠣᠮᠫᠠᠨᠢ ᠶᠢᠨ ᠲᠤᠷᠰᠢᠯᠲᠠ ᠶᠢᠨ ᠲᠠᠰᠤᠭ ᠤᠨ ᠡᠷᠬᠢᠯᠡᠭᠴᠢ 1 ᠬᠥᠮᠥᠨ ᠲᠤᠬᠠᠢ   ᠶᠢᠨ ᠲᠠᠯᠠᠪᠠᠶ ᠳᠤ ᠪᠠᠶᠢᠬᠤ ᠦᠭᠡᠢ᠂ ᠴᠢᠯᠦᠭᠡ ᠭᠤᠶᠤᠬᠤ ᠭᠠᠷᠳᠠᠮ ᠢ ᠭᠦᠢᠴᠡᠳᠭᠡᠪᠡ᠃      3. ᠾᠧᠪᠧᠢ ᠮᠤᠵᠢ ᠶᠢᠨ ᠰᠧ ᠹᠠᠩ ᠵᠠᠰᠠᠮᠠᠯ ᠵᠠᠮ ᠤᠨ ᠢᠨᠵᠧᠨᠧᠷᠢᠩ ᠤᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ ᠰᠠᠭᠤᠭ᠎ᠠ ᠭᠠᠵᠠᠷ ᠤᠨ ᠬᠢᠨᠠᠨ ᠬᠠᠮᠢᠶᠠᠷᠬᠤ ᠢᠨᠵᠧᠨᠧᠷ ᠠᠵᠢᠯ ᠤᠨ ᠪᠠᠶᠢᠷᠢ ᠳᠤ ᠪᠠᠨ ᠪᠠᠶᠢᠬᠤ ᠦᠭᠡᠢ᠂ ᠴᠢᠯᠦᠭᠡ ᠭᠤᠶᠤᠬᠤ ᠭᠠᠷᠳᠠᠮ ᠢ ᠭᠦᠢᠴᠡᠳᠭᠡᠪᠡ᠃ ᠲᠤᠷᠰᠢᠯᠲᠠ ᠶᠢᠨ ᠲᠠᠰᠤᠭ ᠤᠨ ᠡᠷᠬᠢᠯᠡᠭᠴᠢ ᠲᠤᠬᠠᠢ ᠶᠢᠨ ᠲᠠᠯᠠᠪᠠᠢ ᠳᠤ ᠪᠠᠶᠢᠬᠤ ᠦᠭᠡᠢ᠂ ᠴᠢᠯᠦᠭᠡ ᠭᠤᠶᠤᠬᠤ ᠭᠠᠷᠳᠠᠮ ᠢ ᠭᠦᠢᠴᠡᠳᠬᠡᠭᠰᠡᠨ ᠦᠭᠡᠢ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠢᠴᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠦᠯᠦᠭᠯᠡᠯ ᠤᠳ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠵᠢᠴᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠳᠠᠭᠠᠭᠠᠴᠢᠯᠠᠨ ᠪᠠᠶᠢᠭᠤᠯᠬᠤ ᠲᠥᠷᠥᠯ ᠵᠦᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭ᠎ᠠ ᠪᠠᠷᠢᠮᠲᠠᠯᠠᠨ᠂ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠬᠦ ᠢᠯᠡᠷᠡᠭᠦᠯᠬᠦ ᠪᠠ ᠵᠠᠯᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠠ ᠬᠦᠨᠳᠦ ᠨᠣᠴᠢᠲᠠᠢ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠢᠯᠡ ᠪᠣᠯᠭᠠᠬᠤ ᠬᠡᠷᠡᠭᠲᠡᠢ᠃ ᠡᠭᠦᠨ ᠤ ᠬᠠᠮᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠨᠢᠭᠡᠴᠢ ᠳᠤ ᠬᠢᠨᠠᠯᠲᠠ ᠲᠠᠯᠪᠢᠵᠤ ᠪᠠᠶᠢᠭᠠᠳ ᠲᠣᠰ ᠤᠳᠠᠭᠠᠨ ᠤ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ ᠳᠤ ᠨᠢ ᠢᠲᠡᠭᠡᠮᠵᠢ ᠶᠢᠨ ᠬᠠᠮᠢᠶᠠᠷᠤᠯᠲᠠ ᠶᠢᠨ ᠡᠬᠡ ᠲᠠᠩᠰᠠᠨ ᠳᠤ ᠲᠡᠮᠳᠡᠭᠯᠡᠬᠦ ᠶᠢᠨ ᠬᠠᠮᠲᠤ ᠵᠠᠷᠯᠠᠨ ᠨᠡᠶᠢᠳᠡᠯᠡᠵᠦ ᠠᠵᠤ ᠠᠬᠤᠶᠢᠯᠠᠯ ᠳᠤ ᠮᠡᠳᠡᠭᠦᠯᠦᠨ᠎ᠡ᠂ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠰᠢᠢᠳᠭᠡᠨ ᠲᠣᠷᠭᠠᠬᠤ ᠶᠢᠨ ᠬᠠᠮᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ ᠮᠡᠳᠡᠭᠦᠯᠬᠦ ᠬᠡᠷᠡᠭᠲᠡᠢ᠃      ︵ᠬᠤᠶᠠᠷ︶ ᠭᠡᠷ᠎ᠡ ᠭᠦᠢᠴᠡᠳᠬᠡᠬᠦ ᠠᠵᠢᠯᠲᠠᠨ ᠢ ᠬᠤᠪᠢᠷᠠᠭᠤᠯᠬᠤ ᠪᠠ ᠰᠢᠯᠵᠢᠭᠦᠯᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠨᠢᠭᠡᠴᠢ ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠵᠢᠴᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠲᠤᠬᠠᠢ ᠶᠢᠨ ᠲᠠᠯᠠᠪᠠᠢ ᠶᠢᠨ ᠭᠤᠣᠯ ᠪᠣᠯᠬᠤ ᠭᠡᠷ᠎ᠡ ᠭᠦᠢᠴᠡᠳᠭᠡᠭᠴᠢ ᠶᠢ ᠬᠤᠪᠢᠷᠠᠭᠤᠯᠤᠭᠰᠠᠨ ᠰᠢᠯᠲᠠᠭᠠᠨ ᠪᠠ ᠬᠤᠪᠢᠷᠠᠭᠤᠯᠤᠭᠰᠠᠨ ᠤ ᠳᠠᠷᠠᠭᠠᠬᠢ ᠠᠵᠢᠯᠲᠠᠨ ᠤ ᠬᠢᠷᠢ ᠬᠡᠮ ᠢ ᠬᠢᠨᠠᠨ ᠬᠠᠷᠭᠤᠭᠤᠯᠬᠤ ᠪᠠᠨ ᠴᠢᠩᠭᠠᠳᠬᠠᠵᠤ᠂ ᠠᠵᠢᠯᠲᠠᠨ ᠢ ᠬᠤᠪᠢᠷᠡᠭᠤᠯᠬᠤ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠬᠤᠪᠢᠷᠠᠭᠤᠯᠤᠭᠰᠠᠨ ᠤ ᠳᠠᠷᠠᠭᠠᠬᠢ ᠠᠵᠢᠯᠲᠠᠨ ᠤ ᠬᠢᠷᠢ ᠬᠡᠮ ᠪᠠ ᠠᠵᠢᠯ ᠤᠨ ᠠᠮᠵᠢᠯᠲᠠ ᠪᠦᠲᠦᠮᠵᠢ ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠲᠣᠭᠲᠠᠭᠠᠯ   ᠠᠴᠠ ᠳᠣᠣᠷ᠎ᠠ ᠪᠠᠶᠢᠪᠠᠯ᠂ ᠴᠥᠮ ᠬᠤᠪᠢᠷᠠᠭᠤᠯᠵᠤ ᠪᠣᠯᠬᠤ ᠦᠭᠡᠢ᠂ ᠨᠢᠭᠡᠨᠲᠡ ᠬᠤᠪᠢᠷᠠᠭᠤᠯᠤᠭᠰᠠᠨ ᠢ ᠨᠢ ᠳᠠᠭᠢᠵᠤ ᠬᠢᠨᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠭᠤᠣᠯ ᠪᠣᠯᠬᠤ ᠠᠵᠢᠯᠲᠠᠨ ᠳᠠᠭᠠᠭᠠᠴᠢᠯᠠᠯᠲᠠ ᠬᠦᠯᠢᠶᠡᠬᠦ ᠠᠮᠠᠯᠠᠯᠲᠠ ᠶᠢᠨ ᠶᠣᠰᠣᠭᠠᠷ ᠪᠣᠳᠠᠲᠠᠶᠢᠵᠢᠭᠤᠯᠤᠭᠰᠠᠨ ᠦᠭᠡᠢ ᠪᠣᠯ ᠢᠲᠡᠭᠡᠮᠵᠢ ᠶᠢᠨ ᠡᠬᠡ ᠲᠡᠩᠰᠠ ᠶᠢ ᠲᠡᠮᠳᠡᠭᠯᠡᠬᠦ ᠶᠢᠨ ᠬᠠᠮᠲᠤ ᠵᠣᠬᠢᠴᠠᠩᠭᠤᠢ ᠰᠢᠢᠳᠭᠡᠯ ᠲᠣᠷᠭᠠᠭᠤᠯᠢ ᠥᠭᠬᠦ ᠬᠡᠷᠡᠭᠲᠡᠢ᠃ ᠲᠥᠷᠥᠯ ᠵᠦᠢᠯ ᠤᠨ ᠭᠡᠷ᠎ᠡ ᠭᠦᠢᠴᠡᠳᠬᠡᠬᠦ ᠬᠤᠭᠤᠴᠠᠭᠠᠨ ᠳᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠵᠢᠷᠤᠭᠯᠠᠨ ᠲᠥᠯᠥᠪᠯᠡᠬᠦ ᠨᠢᠭᠡᠴᠢ ᠶᠢᠨ ᠲᠤᠬᠠᠢ ᠶᠢᠨ ᠲᠠᠯᠠᠪᠠᠶ ᠶᠢᠨ ᠭᠤᠣᠯ ᠪᠣᠯᠬᠤ ᠭᠡᠷ᠎ᠡ ᠭᠦᠢᠴᠡᠳᠭᠡᠭᠴᠢ ᠲᠤᠬᠠᠢ ᠶᠢᠨ ᠲᠠᠯᠠᠪᠠᠶ ᠳᠤ ᠪᠠᠶᠢᠩᠭᠤ ᠰᠠᠭᠤᠬᠤ ᠬᠡᠷᠡᠭᠲᠡᠢ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠨᠢᠭᠡᠴᠢ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠵᠢᠷᠤᠭᠯᠠᠨ ᠲᠥᠯᠥᠪᠯᠡᠬᠦ ᠨᠢᠭᠡᠴᠢ ᠨᠦᠭᠦᠳ ᠴᠢᠯᠦᠭᠡ ᠭᠤᠶᠤᠴᠢᠯᠠᠨ ᠲᠠᠶᠢᠯᠬᠤ ᠪᠦᠷᠢᠨ ᠲᠡᠭᠦᠯᠳᠡᠷ ᠳᠦᠷᠢᠮ ᠢ ᠪᠠᠶᠢᠭᠤᠯᠵᠤ᠂ ᠠᠵᠢᠯᠲᠠᠨ ᠤ ᠳᠤᠷ᠎ᠠ ᠪᠠᠷ ᠢᠶᠠᠨ ᠰᠢᠯᠵᠢᠬᠦ ᠶᠢ ᠪᠠᠭᠠᠰᠬᠠᠬᠤ ᠬᠡᠷᠡᠭᠲᠡᠢ᠃      ︵ᠭᠤᠷᠪᠠ︶ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠣᠰ ᠤᠳᠠᠭᠠᠨ ᠤ ᠪᠠᠶᠢᠴᠠᠭᠠᠨ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠲᠥᠷᠥᠯ ᠵᠦᠢᠯ ᠤᠨ ᠡᠯ᠎ᠡ ᠠᠵᠢᠯ ᠡᠷᠭᠢᠯᠡᠵᠦ ᠪᠠᠶᠢᠭ᠎ᠠ ᠨᠢᠭᠡᠴᠢ ᠨᠦᠭᠦᠳ ᠡᠭᠦᠨ ᠢᠶᠠᠷ ᠴᠡᠭᠡᠷᠯᠡᠯ ᠪᠣᠯᠭᠠᠵᠤ᠂ ᠲᠣᠰ ᠲᠣᠰ ᠤᠨ ᠨᠢᠭᠡᠴᠢ ᠶᠢᠨ ᠢᠶᠠᠨ ᠪᠤᠰᠤᠳ ᠭᠡᠷ᠎ᠡ ᠭᠦᠢᠴᠡᠳᠬᠡᠬᠦ ᠠᠵᠢᠯᠲᠠᠨ ᠥᠪᠡᠷ ᠤᠨ ᠪᠠᠶᠢᠴᠠᠭᠠᠯᠲᠠ ᠬᠢᠵᠦ᠂ ᠠᠰᠠᠭᠤᠳᠠᠯ ᠤᠨ ᠡᠬᠡ ᠲᠠᠩᠰᠠ ᠪᠠᠶᠢᠭᠤᠯᠤᠨ᠂ ᠲᠣᠰ ᠤᠳᠠᠭᠠᠨ ᠤ ᠭᠡᠷ᠎ᠡ ᠭᠦᠢᠴᠡᠳᠬᠡᠭᠰᠡᠨ ᠪᠠᠶᠢᠳᠠᠯ ᠲᠠᠢ ᠬᠠᠮᠲᠤ ᠳᠤ ᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠠᠵᠢᠯᠲᠠᠨ ᠤ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃                 ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                                     2022 ᠣᠨ ᠤ 8 ᠳ᠋ᠤᠭᠠᠷ ᠰᠠᠷ᠎ᠠ ᠶᠢᠨ 8 ᠤ ᠡᠳᠦᠷ
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号