内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠪᠣᠬᠢᠷᠲᠤᠯ ᠥᠬᠡᠶ ᠵᠠᠮ ᠬᠠᠷᠢᠯᠴᠠᠭᠠᠨ ᠤ ᠪᠠᠷᠢᠮᠵᠢᠶᠠᠲᠤ ᠰᠢᠰᠲ᠋ᠧᠮ ︵2022 ᠣᠨ︶︾ ᠤᠨ ᠲᠠᠶᠢᠯᠤᠮᠵᠢ
        ᠨᠡᠶᠢᠲᠡᠯᠡᠭᠰᠡᠨ ᠴᠠᠭ᠄
        2022/8/26
             ᠲᠦᠷᠦᠭᠦᠬᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ︽ᠪᠣᠬᠢᠷᠲᠤᠯ ᠥᠬᠡᠶ ᠵᠠᠮ ᠬᠠᠷᠢᠯᠴᠠᠭᠠᠨ  ᠤ ᠪᠠᠷᠢᠮᠵᠢᠶᠠᠲᠤ ᠰᠢᠰᠲ᠋ᠧᠮ ︵2022 ᠣᠨ︶︾  ᠵᠠᠮ ᠠᠯᠪᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ﹇2022﹈ 36 ᠳ᠋ᠤᠭᠠᠷ ᠲᠣᠭᠠᠲᠤ︶ ᠢ ᠨᠡᠶᠢᠲᠡᠯᠡᠪᠡ᠂ ᠣᠲᠣ ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠠ᠄      ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ      ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠠᠮ ᠬᠠᠷᠢᠯᠴᠠᠭ᠎ᠠ ᠶᠢ ᠬᠥᠭᠵᠢᠭᠦᠯᠬᠦ ᠪᠣᠯ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠦᠷᠦᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ᠂ ᠤᠯᠤᠰ ᠤᠨ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠪᠠᠭᠤᠷᠠᠭᠤᠯᠬᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠳᠤ ᠦᠢᠯᠡᠴᠢᠯᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ 2016 ᠣᠨ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ︽ᠪᠣᠬᠢᠷᠲᠤᠯ ᠥᠬᠡᠶ ᠵᠠᠮ ᠬᠠᠷᠢᠯᠴᠠᠭᠠᠨ ᠤ ᠪᠠᠷᠢᠮᠵᠢᠶᠠᠲᠤ ᠰᠢᠰᠲ᠋ᠧᠮ ︵2016 ᠣᠨ︶︾ ᠢ ᠨᠡᠶᠢᠲᠡᠯᠡᠵᠦ᠂ 80 ᠵᠦᠶᠯ ᠤᠨ ᠪᠣᠬᠢᠷᠲᠤᠯ ᠥᠬᠡᠶ ᠵᠠᠮ ᠬᠠᠷᠢᠯᠴᠠᠭᠠᠨ ᠤ ᠪᠠᠷᠢᠮᠵᠢᠶ᠎ᠠ ᠶᠢ ᠲᠣᠭᠲᠠᠭᠠᠬᠤ ᠵᠠᠰᠠᠪᠤᠷᠢ ᠣᠷᠣᠭᠤᠯᠬᠤ ᠠᠵᠢᠯ ᠢ ᠰᠢᠰᠲ᠋ᠧᠮ ᠲᠠᠢ ᠠᠬᠢᠭᠤᠯᠵᠤ᠂ ᠪᠠᠷᠢᠮᠵᠢᠶ᠎ᠠ ᠶᠢᠨ ᠬᠠᠩᠭᠠᠯᠭ᠎ᠠ ᠶᠢ ᠢᠯᠡᠳᠲᠡ ᠴᠢᠩᠭᠠᠷᠠᠭᠤᠯᠪᠠ᠃      ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠨᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠠᠮ ᠬᠠᠷᠢᠯᠴᠠᠭᠠᠨ ᠤ ᠬᠥᠭᠵᠢᠯᠲᠡ ᠳᠤ ᠨᠠᠩ ᠥᠨᠳᠥᠷ ᠱᠠᠭᠠᠷᠳᠠᠯᠭ᠎ᠠ ᠳᠤᠷᠠᠳᠪᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠵᠢᠴᠢ ︽ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ ᠣᠨᠣᠪᠴᠢᠲᠠᠶ ᠪᠠᠷ ᠪᠥᠬᠦ ᠲᠠᠯ᠎ᠠ ᠪᠠᠷ ᠲᠤᠭᠤᠰᠢᠯᠠᠭᠤᠯᠵᠤ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠪᠠᠭᠤᠷᠠᠭᠤᠯᠬᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ  ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︽ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︽ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ  ᠶᠢᠨ ᠬᠥᠲᠥᠯᠪᠦᠷᠢ︾ ︽ᠤᠯᠤᠰ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠤᠷ ᠤᠨ ᠲᠥᠯᠥᠪᠵᠢᠭᠦᠯᠭᠡ ᠶᠢᠨ ᠬᠥᠲᠥᠯᠪᠦᠷᠢ︾ ︽ᠤᠯᠤᠰ ᠤᠨ ᠪᠠᠷᠢᠮᠵᠢᠶᠠᠵᠢᠭᠤᠯᠤᠭᠰᠠᠨ ᠬᠥᠭᠵᠢᠯᠲᠡ ᠶᠢᠨ ᠬᠥᠲᠥᠯᠪᠦᠷᠢ︾ ᠵᠡᠷᠭᠡ ᠪᠢᠴᠢᠭ ᠮᠠᠲ᠋ᠧᠷᠢᠶᠠᠯ ᠤᠨ ᠪᠣᠬᠢᠷᠲᠤᠯ ᠥᠬᠡᠶ ᠬᠥᠭᠵᠢᠯᠲᠡ ᠶᠢᠨ ᠲᠠᠯ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠨ᠎ᠡ ᠪᠠᠶᠢᠳᠠᠯ ᠤᠨ ᠳᠣᠤᠷ᠎ᠠ ᠪᠣᠬᠢᠷᠲᠤᠯ ᠦᠭᠡᠢ ᠵᠠᠮ ᠬᠠᠷᠢᠯᠴᠠᠭᠠᠨ ᠤ ᠪᠠᠷᠢᠮᠵᠢᠶ᠎ᠠ ᠶᠢ ᠲᠣᠭᠲᠠᠭᠠᠬᠤ ᠵᠠᠰᠠᠪᠤᠷᠢ ᠣᠷᠣᠭᠤᠯᠬᠤ ᠡᠭᠦᠷᠭᠡ ᠶᠢ ᠰᠢᠰᠲ᠋ᠧᠮ ᠲᠠᠢ ᠲᠦᠯᠦᠪᠵᠢᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠬᠠᠮᠢᠶ᠎ᠠ ᠪᠦᠬᠦᠢ ᠨᠢᠭᠡᠴᠢ ᠶᠢ ᠵᠣᠬᠢᠶᠠᠨ ᠪᠠᠶᠢᠭᠤᠯᠵᠤ ᠂ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠪᠣᠬᠢᠷᠲᠤᠯ ᠥᠬᠡᠶ ᠪᠠᠷᠢᠮᠵᠢᠶ᠎ᠠ ᠶᠢᠨ ᠬᠥᠭᠵᠢᠯᠲᠡ ᠶᠢᠨ ᠬᠠᠨᠳᠤᠰᠢ  ᠶᠢ ᠭᠦᠨᠵᠡᠭᠡᠶ ᠵᠠᠳᠠᠯᠵᠤ᠂ ᠤᠯᠤᠰ ᠤᠨ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠪᠠᠭᠤᠷᠠᠭᠤᠯᠬᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠠᠢ ᠬᠠᠷᠢᠴᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠵᠡᠷᠭᠡ ᠠᠵᠢᠯ ᠤᠨ ᠱᠠᠭᠠᠷᠳᠠᠯᠭ᠎ᠠ ᠵᠢᠴᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠢᠰᠲ᠋ᠧᠮ ᠳᠠᠬᠢ ᠪᠣᠬᠢᠷᠲᠤᠯ ᠥᠬᠡᠶ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠳᠤ ᠬᠤᠯᠪᠣᠭᠳᠠᠬᠤ ᠭᠤᠤᠯᠳᠠᠯᠭ᠎ᠠ ᠲᠠᠢ ᠡᠭᠦᠷᠭᠡ ᠶᠢᠨ ᠰᠠᠭᠤᠷᠢᠨ ᠳᠡᠭᠡᠷ᠎ᠡ᠂ ᠣᠯᠠᠨ ᠲᠠᠯ᠎ᠠ ᠶᠢᠨ ᠪᠠᠶᠢᠴᠠᠭᠠᠨ ᠰᠤᠳᠤᠯᠵᠤ ᠨᠤᠲᠠᠯᠠᠬᠤ ᠪᠠᠷ ᠳᠠᠮᠵᠢᠨ᠂ ︽ᠪᠣᠬᠢᠷᠲᠤᠯ ᠦᠭᠡᠢ ᠵᠠᠮ ᠬᠠᠷᠢᠯᠴᠠᠭᠠᠨ ᠤ ᠪᠠᠷᠢᠮᠵᠢᠶᠠᠲᠤ ᠰᠢᠰᠲ᠋ᠧᠮ ︵2022 ᠣᠨ︶︾ ᠢ ᠰᠤᠳᠤᠯᠤᠨ ᠨᠠᠶᠢᠷᠠᠭᠤᠯᠤᠨ ᠵᠣᠬᠢᠶᠠᠪᠠ᠃      ᠬᠤᠶᠠᠷ᠂ ᠨᠠᠶᠢᠷᠠᠭᠤᠯᠤᠨ ᠵᠣᠬᠢᠶᠠᠬᠤ ᠵᠠᠷᠴᠢᠮ      ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠬᠠᠷᠠᠯᠲᠠᠲᠤ ᠡᠭᠦᠷᠭᠡ ᠶᠢ ᠪᠥᠬᠦ ᠲᠠᠯ᠎ᠠ ᠪᠠᠷ ᠵᠣᠯᠭᠠᠭᠤᠯᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠵᠣᠬᠢᠴᠠᠭᠰᠠᠨ ᠪᠣᠬᠢᠷᠲᠤᠯ ᠥᠬᠡᠶ ᠵᠠᠮ ᠬᠠᠷᠢᠯᠴᠠᠭᠠᠨ ᠤ ᠪᠠᠷᠢᠮᠵᠢᠶᠠᠲᠤ ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠠᠷᠢᠮᠵᠢᠶ᠎ᠠ ᠲᠠᠢ ᠰᠠᠭᠤᠷᠢ ᠲᠤᠯᠭᠠᠭᠤᠷᠢᠯᠠᠬᠤ ᠦᠶᠯᠡᠳᠦᠯ ᠢ ᠭᠦᠶᠴᠡᠳ ᠪᠠᠳᠠᠷᠠᠭᠤᠯᠤᠨ᠎ᠠ᠃      ᠵᠣᠬᠢᠴᠠᠭᠤᠯᠤᠨ ᠵᠣᠯᠭᠠᠭᠤᠯᠬᠤ ᠶᠢ ᠪᠠᠷᠢᠮᠲᠠᠯᠠᠨ᠎ᠠ᠃ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ  ᠪᠠᠷ ᠬᠠᠮᠲᠤ ᠣᠷᠣᠰᠢᠬᠤ ᠣᠨᠣᠯᠵᠢᠬᠤᠨ ᠢ ᠭᠦᠶᠴᠡᠳ ᠢᠯᠡᠷᠡᠭᠦᠯᠵᠦ᠂ ᠪᠠᠷᠢᠮᠵᠢᠶ᠎ᠠ ᠶᠢᠨ ᠬᠤᠭᠤᠷᠣᠨᠳᠣ ᠪᠠᠨ ᠬᠠᠷᠢᠯᠴᠠᠨ ᠵᠣᠬᠢᠴᠠᠯᠳᠤᠬᠤ ᠪᠠ ᠬᠠᠷᠢᠯᠴᠠᠨ ᠨᠥᠬᠦᠪᠥᠷᠢᠯᠡᠬᠦ ᠶᠢ ᠴᠢᠩᠭᠠᠷᠠᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ  ᠶᠢᠨ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ ᠪᠠ ᠦᠷᠭᠦᠯᠵᠢᠯᠡᠨ ᠬᠥᠭᠵᠢᠭᠦᠯᠬᠦ ᠶᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠥᠬᠡᠶ ᠵᠠᠰᠠᠬᠤ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠭᠤᠤᠯᠳᠠᠯᠭ᠎ᠠ ᠶᠢ ᠳᠣᠪᠣᠶᠢᠯᠭᠠᠬᠤ ᠶᠢ ᠪᠠᠷᠢᠮᠲᠠᠯᠠᠨ᠎ᠠ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ  ᠶᠢᠨ ᠭᠤᠭᠴᠣᠭᠠᠨ ᠳᠤ ᠲᠥᠪᠯᠡᠷᠡᠭᠦᠯᠦᠨ ᠬᠦᠴᠦᠯᠡᠵᠦ᠂ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠪᠠᠭᠤᠷᠠᠭᠤᠯᠬᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢᠨ ᠬᠠᠷᠠᠯᠲᠠ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠭᠤᠤᠯᠳᠠᠯᠭ᠎ᠠ ᠲᠠᠢ ᠪᠠᠷᠢᠮᠵᠢᠶ᠎ᠠ ᠶᠢᠨ ᠬᠠᠩᠭᠠᠯᠭ᠎ᠠ ᠶᠢ ᠭᠦᠨᠵᠡᠭᠡᠶ ᠰᠠᠶᠢᠲᠤᠷ ᠬᠢᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠰᠢᠪᠲᠤᠯᠤᠯᠲᠠ ᠶᠢᠨ ᠴᠢᠨᠠᠷᠲᠠᠶ ᠠᠬᠢᠴᠠ ᠶᠢ ᠪᠡᠶᠡᠯᠡᠭᠦᠯᠦᠨ᠎ᠡ᠃      ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠠᠷᠢᠮᠵᠢᠶ᠎ᠠ ᠪᠣᠯᠭᠠᠨ ᠬᠤᠪᠢᠷᠠᠭᠤᠯᠬᠤ ᠠᠬᠢᠴᠠ ᠶᠢ ᠲᠦᠷᠭᠡᠳᠬᠡᠵᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ᠂ ᠰᠢᠨ᠎ᠡ ᠤᠷᠠᠯᠠᠯ ᠵᠡᠷᠭᠡ ᠲᠠᠯ᠎ᠠ ᠶᠢᠨ ᠪᠠᠷᠢᠮᠵᠢᠶ᠎ᠠ ᠶᠢᠨ ᠪᠦᠲᠦᠮᠵᠢᠲᠡᠶ ᠬᠠᠩᠭᠠᠯᠭ᠎ᠠ ᠶᠢ ᠠᠬᠢᠭᠤᠯᠵᠤ᠂ ᠪᠠᠷᠢᠮᠵᠢᠶᠠᠲᠤ ᠰᠢᠰᠲ᠋ᠧᠮ ᠤᠨ ᠪᠠᠶᠢᠭᠤᠯᠤᠯᠲᠠ ᠶᠢ ᠵᠣᠬᠢᠬᠤ ᠬᠡᠮᠵᠢᠶ᠎ᠡ ᠪᠠᠷ ᠤᠷᠢᠳᠴᠢᠯᠠᠭᠤᠯᠬᠤ ᠶᠢ ᠪᠠᠲᠤᠯᠠᠨ᠎ᠠ᠃      ᠭᠤᠷᠪᠠ᠂ ᠰᠢᠰᠲ᠋ᠧᠮᠵᠢ ᠤᠨ ᠬᠡᠪᠴᠢᠶ᠎ᠡ ᠵᠢᠴᠢ ᠭᠤᠣᠯ ᠠᠭᠤᠯᠭ᠎ᠠ      ︽ᠪᠣᠬᠢᠷᠲᠤᠯ ᠥᠬᠡᠶ ᠵᠠᠮ ᠬᠠᠷᠢᠯᠴᠠᠭᠠᠨ ᠤ ᠪᠠᠷᠢᠮᠵᠢᠶᠠᠲᠤ ᠰᠢᠰᠲ᠋ᠧᠮ ︵2022 ᠣᠨ︶︾ ᠤᠨ ᠬᠦᠷᠢᠶ᠎ᠡ ᠬᠡᠪᠴᠢᠶ᠎ᠡ ᠨᠢ 2016 ᠣᠨ ᠤ ᠬᠡᠪᠯᠡᠯ ᠤᠨ ᠰᠢᠰᠲ᠋ᠧᠮᠵᠢ ᠯᠦᠭᠡ ᠨᠢᠭᠡᠳᠦᠯᠲᠡᠶ ᠪᠠᠶᠢᠵᠤ᠂ ᠭᠤᠤᠯᠳᠠᠭᠤ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠪᠠ ᠵᠠᠰᠠᠮᠠᠯ ᠵᠠᠮ᠂ ᠤᠰᠤᠨ ᠵᠠᠮ ᠤᠨ ᠬᠦᠷᠢᠶ᠎ᠡ ᠴᠠᠷᠠᠭ᠎ᠠ ᠬᠢᠭᠡᠳ ᠪᠣᠬᠢᠷᠲᠤᠯ ᠥᠬᠡᠶ ᠵᠠᠮ ᠬᠠᠷᠢᠯᠴᠠᠭᠠᠨ ᠤ ᠬᠥᠭᠵᠢᠯᠲᠡ ᠳᠤ ᠰᠢᠭᠤᠳ ᠬᠤᠯᠪᠣᠭᠳᠠᠬᠤ ᠮᠡᠷᠭᠡᠵᠢᠯ ᠤᠨ ᠪᠠᠷᠢᠮᠵᠢᠶ᠎ᠠ ᠪᠠ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠪᠠᠭᠲᠠᠭᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠵᠦ᠂ ᠪᠣᠬᠢᠷᠲᠤᠯ ᠥᠬᠡᠶ ᠵᠠᠮ ᠬᠠᠷᠢᠯᠴᠠᠭ᠎ᠠ ᠶᠢᠨ ᠶᠠᠪᠤᠵᠤ ᠰᠠᠭᠤᠬᠤ ᠳᠤ ᠬᠤᠯᠪᠣᠭᠳᠠᠬᠤ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠪᠠ ᠬᠤᠲᠠ ᠶᠢᠨ ᠠᠶᠠᠨᠴᠢᠳ ᠲᠡᠭᠡᠭᠡᠪᠦᠷᠢ ᠶᠢᠨ ᠦᠶᠯᠡᠴᠢᠯᠡᠭᠡᠨ ᠤ ᠪᠠᠷᠢᠮᠵᠢᠶ᠎ᠠ ᠶᠢ ᠠᠬᠢᠭᠤᠯᠵᠤ᠂ ᠵᠠᠷᠴᠢᠮ ᠳᠡᠭᠡᠷ᠎ᠡ ᠪᠠᠨ ᠪᠠᠷᠢᠮᠵᠢᠶᠠᠲᠤ ᠰᠢᠰᠲ᠋ᠧᠮ ᠳᠤ ᠣᠷᠣᠭᠤᠯᠬᠤ ᠥᠬᠡᠶ᠃      ᠪᠠᠷᠢᠮᠵᠢᠶᠠᠲᠤ ᠰᠢᠰᠲ᠋ᠧᠮ ᠳᠤ 5 ᠬᠡᠰᠡᠭ ᠪᠠᠭᠲᠠᠨ᠎ᠠ᠂ ᠲᠤᠬᠠᠶᠢᠯᠠᠪᠠᠯ 100 ᠨᠡᠶᠢᠳᠡᠮ ᠬᠡᠷᠡᠭᠯᠡᠬᠦ ᠰᠠᠭᠤᠷᠢ ᠪᠠᠷᠢᠮᠵᠢᠶ᠎ᠠ᠂ 200 ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠪᠠᠷᠢᠮᠵᠢᠶ᠎ᠠ᠂ 300 ᠪᠣᠬᠢᠷᠲᠤᠯ ᠢ ᠰᠡᠷᠭᠡᠶᠢᠯᠡᠨ ᠵᠠᠰᠠᠬᠤ ᠪᠠᠷᠢᠮᠵᠢᠶ᠎ᠠ᠂ 400 ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ ᠰᠡᠷᠭᠦᠭᠡᠬᠦ ᠪᠠᠷᠢᠮᠵᠢᠶ᠎ᠠ᠂ 500 ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠪᠠᠷᠢᠮᠵᠢᠶ᠎ᠠ ᠪᠣᠯᠤᠨ᠎ᠠ᠃ ᠡᠭᠦᠨ ᠳᠤ ᠂ ᠨᠡᠶᠢᠳᠡᠮ ᠬᠡᠷᠡᠭᠯᠡᠬᠦ ᠰᠠᠭᠤᠷᠢ ᠪᠠᠷᠢᠮᠵᠢᠶ᠎ᠠ ᠳᠤ ᠨᠡᠷ᠎ᠡ ᠲᠣᠮᠢᠶ᠎ᠠ ᠪᠠ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠨᠡᠯᠡᠯᠲᠡ ᠶᠢ ᠪᠠᠭᠲᠠᠭᠠᠨ᠎ᠠ︔ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠪᠠᠷᠢᠮᠵᠢᠶ᠎ᠠ ᠳᠤ ᠰᠢᠨ᠎ᠡ ᠡᠨᠧᠷᠭᠢ ᠶᠢᠨ ᠰᠤᠷᠪᠤᠯᠵᠢ ᠬᠢᠭᠡᠳ ᠴᠡᠪᠡᠷ ᠡᠨᠧᠷᠭᠢ ᠶᠢᠨ ᠰᠤᠷᠪᠤᠯᠵᠢ ᠶᠢᠨ ᠬᠡᠷᠡᠭᠯᠡᠯᠲᠡ᠂ ᠡᠨᠧᠷᠭᠢ ᠶᠢᠨ ᠬᠤᠷᠣᠭᠳᠠᠭᠤᠯᠤᠯ ᠡᠨᠧᠷᠭᠢ ᠶᠢᠨ ᠠᠰᠢᠭᠯᠠᠮᠵᠢ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠢᠵᠠᠭᠠᠷᠯᠠᠬᠤ᠂ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠬᠢᠭᠡᠳ ᠬᠠᠮᠢᠶᠠᠷᠤᠯᠲᠠ ᠵᠢᠴᠢ ᠲᠣᠭᠠᠴᠠᠭ᠎ᠠ ᠬᠢᠬᠦ ᠪᠠ ᠬᠢᠨᠠᠨ ᠬᠡᠮᠵᠢᠬᠦ ᠵᠡᠷᠭᠡ ᠲᠠᠪᠤᠨ ᠲᠠᠯ᠎ᠠ ᠪᠠᠭᠲᠠᠨ᠎ᠠ︔ ᠪᠣᠬᠢᠷᠲᠤᠯ ᠢ ᠰᠡᠷᠭᠡᠶᠢᠯᠡᠨ ᠵᠠᠰᠠᠬᠤ ᠪᠠᠷᠢᠮᠵᠢᠶ᠎ᠠ ᠳᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠪᠠ ᠣᠩᠭᠤᠴᠠ ᠰᠠᠯ  ᠤᠨ ᠪᠣᠬᠢᠷᠲᠤᠯ ᠪᠣᠳᠠᠰ ᠢ ᠶᠡᠷᠦᠩᠬᠡᠶᠢᠯᠡᠨ ᠭᠠᠳᠠᠭᠰᠢᠯᠠᠭᠤᠯᠬᠤ ᠵᠡᠷᠭᠡ ᠲᠠᠪᠤᠨ ᠲᠠᠯ᠎ᠠ ᠪᠠᠭᠲᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ ᠰᠡᠷᠭᠦᠭᠡᠬᠦ ᠪᠠᠷᠢᠮᠵᠢᠶ᠎ᠠ ᠳᠤ ᠣᠷᠴᠢᠨ ᠲᠣᠭᠤᠷᠢᠨ ᠢ ᠬᠠᠮᠠᠭᠠᠯᠠᠬᠤ ᠮᠡᠷᠭᠡᠵᠢᠯ᠂ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ᠂ ᠭᠠᠳᠠᠨ᠎ᠠ ᠠᠴᠠ ᠠᠮᠢᠳᠤ ᠪᠣᠳᠠᠰ ᠣᠷᠣᠵᠤ ᠢᠷᠡᠬᠦ ᠶᠢ ᠰᠡᠷᠭᠡᠶᠢᠯᠡᠬᠦ ᠪᠠ ᠣᠷᠴᠢᠨ ᠲᠣᠭᠤᠷᠢᠨ ᠢ ᠬᠠᠮᠠᠭᠠᠯᠠᠵᠤ ᠰᠡᠷᠭᠦᠭᠡᠬᠦ ᠲᠤᠭ᠎ᠠ ᠪᠦᠷᠢᠳᠬᠡᠯ ᠬᠢᠭᠡᠳ ᠦᠨᠡᠯᠡᠯᠲᠡ ᠵᠡᠷᠭᠡ ᠳᠥᠷᠪᠡᠨ ᠲᠠᠯ᠎ᠠ ᠪᠠᠭᠲᠠᠨ᠎ᠠ︔ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠪᠠᠷᠢᠮᠵᠢᠶ᠎ᠠ ᠳᠤ ᠪᠣᠬᠢᠷ ᠤᠰᠤ ᠶᠢ ᠳᠠᠬᠢᠨ ᠠᠰᠢᠭᠯᠠᠬᠤ ᠪᠠ ᠬᠠᠶᠠᠭᠳᠠᠮᠠᠯ ᠬᠠᠭᠤᠴᠢᠨ ᠪᠣᠳᠠᠰ ᠢ ᠡᠷᠭᠢᠯᠳᠦᠭᠦᠯᠦᠨ ᠠᠰᠢᠭᠯᠠᠬᠤ ᠬᠤᠶᠠᠷ ᠲᠠᠯ᠎ᠠ ᠪᠠᠭᠲᠠᠨ᠎ᠠ᠃      ᠪᠠᠷᠢᠮᠵᠢᠶᠠᠲᠤ ᠰᠢᠰᠲ᠋ᠧᠮ ᠳᠤ ᠨᠡᠶᠢᠲᠡ 242 ᠵᠦᠢᠯ ᠤᠨ ᠪᠣᠬᠢᠷᠳᠤᠯ ᠦᠭᠡᠢ ᠵᠠᠮ ᠬᠠᠷᠢᠯᠴᠠᠭᠠᠨ ᠤ ᠤᠯᠤᠰ ᠤᠨ ᠪᠠᠷᠢᠮᠵᠢᠶ᠎ᠠ ᠪᠠ ᠠᠵᠢᠯ ᠲᠦᠷᠦᠯ ᠤᠨ ᠪᠠᠷᠢᠮᠵᠢᠶ᠎ᠠ ᠶᠢ ᠣᠷᠤᠭᠤᠯᠵᠤ᠂ ᠨᠡᠶᠢᠳᠡᠮ ᠬᠡᠷᠡᠭᠯᠡᠬᠦ ᠰᠠᠭᠤᠷᠢ ᠪᠠᠷᠢᠮᠵᠢᠶ᠎ᠠ 11 ᠵᠦᠶᠯ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠷᠢᠮᠵᠢᠶ᠎ᠠ 101 ᠵᠦᠶᠯ᠂ ᠪᠣᠬᠢᠷᠲᠤᠯ ᠢ ᠰᠡᠷᠭᠡᠶᠢᠯᠡᠨ ᠵᠠᠰᠠᠬᠤ ᠪᠠᠷᠢᠮᠵᠢᠶ᠎ᠠ 78 ᠵᠦᠶᠯ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ ᠰᠡᠷᠭᠦᠭᠡᠬᠦ ᠪᠠᠷᠢᠮᠵᠢᠶ᠎ᠠ 35 ᠵᠦᠶᠯ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠪᠠᠷᠢᠮᠵᠢᠶ᠎ᠠ 17 ᠵᠦᠶᠯ ᠢ ᠪᠠᠭᠲᠠᠭᠠᠪᠠ᠃ ᠡᠭᠦᠨ ᠳᠤ 47 ᠵᠦᠶᠯ ᠤᠨ ᠪᠠᠷᠢᠮᠵᠢᠶ᠎ᠠ ᠲᠣᠭᠲᠠᠭᠠᠬᠤ ᠪᠠᠷ ᠬᠦᠯᠢᠶᠡᠵᠦ᠂ 44 ᠵᠦᠶᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠪᠠᠷ ᠬᠦᠯᠢᠶᠡᠵᠦ ᠪᠣᠶ᠂ ᠠᠵᠢᠯ ᠲᠥᠷᠥᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠠᠷᠭᠤᠭᠤᠯᠤᠨ ᠪᠠᠶᠢᠴᠠᠭᠠᠬᠤ᠂ ᠲᠡᠭ ᠣᠶᠢᠷᠠᠯᠴᠠᠭ᠎ᠠ ᠨᠡᠭᠦᠷᠡᠰᠦᠲᠥ᠋ᠷᠥᠭᠴᠢᠲᠦ ᠵᠠᠮ ᠬᠠᠷᠢᠯᠴᠠᠭᠠᠨ ᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ᠂ ᠬᠤᠲᠠ ᠶᠢᠨ ᠪᠣᠬᠢᠷᠲᠤᠯ ᠥᠬᠡᠶ ᠪᠠᠷᠠᠭ᠎ᠠ ᠲᠡᠭᠡᠭᠡᠪᠦᠷᠢ ᠶᠢ ᠳᠣᠭᠢᠷᠠᠭᠤᠯᠤᠨ ᠬᠦᠷᠭᠡᠬᠦ ᠶᠢ ᠦᠨᠡᠯᠡᠨ ᠵᠢᠱᠢᠬᠦ᠂ ᠤᠰᠤᠲᠥ᠋ᠷᠥᠭᠴᠢ ᠲᠦᠯᠡᠰᠢᠨ ᠴᠠᠬᠢᠯᠭᠠᠨ ᠴᠡᠨᠡᠭ ᠤᠨ ᠨᠡᠶᠢᠲᠡ ᠶᠢᠨ ᠮᠠᠰᠢᠨ ᠲᠡᠷᠭᠡᠨ ᠤ ᠲᠣᠬᠢᠷᠠᠭᠤᠯᠤᠯᠲᠠ᠂ ᠬᠤᠲᠠ ᠶᠢᠨ ᠵᠢᠮᠲᠦ ᠵᠠᠮ ᠬᠠᠷᠢᠯᠴᠠᠭᠠᠨ ᠤ ᠪᠣᠬᠢᠷᠲᠤᠯ ᠥᠬᠡᠶ ᠡᠵᠡᠩᠨᠡᠯᠲᠡ᠂ ᠤᠰᠤᠨ ᠳᠣᠤᠷ᠎ᠠ ᠱᠦᠭᠦᠬᠦ ᠠᠵᠢᠯ ᠤᠨ ᠪᠣᠬᠢᠷᠲᠤᠯ ᠢ ᠰᠡᠷᠭᠡᠶᠢᠯᠡᠬᠦ ᠮᠡᠷᠭᠡᠵᠢᠯ ᠵᠡᠷᠭᠡ ᠭᠤᠤᠯᠳᠠᠯᠭ᠎ᠠ ᠲᠠᠢ ᠪᠠᠷᠢᠮᠵᠢᠶ᠎ᠠ ᠶᠢᠨ ᠬᠡᠷᠡᠭᠴᠡᠭᠡ ᠱᠠᠭᠠᠷᠳᠠᠯᠭ᠎ᠠ ᠪᠠᠭᠲᠠᠨ᠎ᠠ᠃ ᠡᠭᠦᠨ ᠠᠴᠠ ᠭᠠᠳᠠᠨ᠎ᠠ᠂ ᠪᠠᠷᠢᠮᠵᠢᠶᠠᠲᠤ ᠰᠢᠰᠲ᠋ᠧᠮ ᠳᠤ ᠪᠠᠰᠠ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠲᠠᠢ ᠨᠢᠭᠲᠠ ᠬᠤᠯᠪᠣᠭ᠎ᠠ ᠲᠠᠢ ᠤᠯᠤᠰ ᠤᠨ ᠪᠠᠷᠢᠮᠵᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠠᠵᠢᠯ ᠲᠥᠷᠥᠯ ᠤᠨ ᠪᠠᠷᠢᠮᠵᠢᠶ᠎ᠠ 43 ᠵᠦᠶᠯ ᠢ ᠵᠢᠭᠰᠠᠭᠠᠵᠤ᠂ ᠪᠣᠬᠢᠷᠲᠤᠯ ᠥᠬᠡᠶ ᠪᠠᠷᠢᠮᠵᠢᠶ᠎ᠠ  ᠶᠢᠨ ᠬᠠᠮᠵᠢᠯᠴᠠᠨ ᠬᠡᠷᠡᠭᠵᠢᠭᠦᠯᠦᠭᠳᠡᠬᠦ ᠶᠢ ᠠᠬᠢᠭᠤᠯᠪᠠ᠃      ᠪᠣᠬᠢᠷᠲᠤᠯ ᠦᠭᠡᠢ ᠵᠠᠮ ᠬᠠᠷᠢᠯᠴᠠᠭᠠᠨ ᠤ ᠪᠠᠷᠢᠮᠵᠢᠶᠠᠲᠤ ᠰᠢᠰᠲ᠋ᠧᠮ ᠳᠤ ᠵᠠᠰᠠᠪᠤᠷᠢ ᠣᠷᠣᠭᠤᠯᠤᠨ ᠬᠡᠷᠡᠭᠵᠢᠭᠦᠯᠬᠦ  ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠠᠯ᠎ᠠ ᠶᠢᠨ ᠪᠠᠷᠢᠮᠵᠢᠶ᠎ᠠ ᠶᠢᠨ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ᠂ ᠳᠡᠭᠡᠭᠰᠢᠯᠡᠯᠲᠡ ᠶᠢ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠭᠡᠭᠡᠪᠦᠷᠢ ᠶᠢᠨ ᠠᠷᠭ᠎ᠠ ᠬᠡᠯᠪᠡᠷᠢ ᠶᠢ ᠲᠦᠷᠭᠡᠳᠬᠡᠨ ᠪᠦᠷᠢᠯᠳᠦᠭᠦᠯᠵᠦ᠂ ᠵᠠᠮ ᠬᠠᠷᠢᠯᠴᠠᠭ᠎ᠠ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠤᠨ᠎ᠠ᠃      ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ  ᠤᠨ ︽ᠪᠣᠬᠢᠷᠲᠤᠯ ᠥᠬᠡᠶ ᠵᠠᠮ ᠬᠠᠷᠢᠯᠴᠠᠭᠠᠨ ᠤ ᠪᠠᠷᠢᠮᠵᠢᠶᠠᠲᠤ ᠰᠢᠰᠲ᠋ᠧᠮ ︵2022 ᠣᠨ︶︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号