内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠲᠠᠪᠴᠠᠩ ᠤᠨ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠶᠢᠨ ᠡᠵᠡᠩᠨᠡᠯᠲᠡ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
        ᠨᠡᠶᠢᠲᠡᠯᠡᠭᠰᠡᠨ ᠴᠠᠭ᠄
        2022/9/16
             2022 ᠣᠨ ᠤ 7 ᠳ᠋ᠤᠭᠠᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ 6 ᠳ᠋ᠤᠭᠠᠷ ᠤᠳᠠᠭᠠᠨ ᠤ ᠲᠢᠩᠬᠢᠮ ᠤᠨ ᠶᠠᠪᠤᠳᠠᠯ ᠤᠨ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠲᠠᠪᠴᠠᠩ ᠤᠨ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠶᠢᠨ ᠡᠵᠡᠩᠨᠡᠯᠲᠡ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾ ︵ᠳᠣᠷᠣᠭᠰᠢ ︽ᠬᠡᠷᠡᠭᠵᠢᠭᠦᠯᠬᠦ ᠨᠠᠷᠢᠨ ᠲᠦᠷᠢᠮ︾ ᠭᠡᠵᠦ ᠲᠣᠪᠴᠢᠯᠠᠨ᠎ᠠ︶ ᠢ ᠪᠠᠲᠤᠯᠠᠵᠤ᠂ ᠲᠣᠰ ᠡᠳᠦᠷ ᠠᠴᠠ ᠡᠬᠢᠯᠡᠨ ᠬᠡᠷᠡᠭᠵᠢᠭᠦᠯᠬᠦ  ᠪᠠᠷ ᠲᠣᠭᠲᠠᠪᠠ᠃ ᠬᠠᠮᠢᠶ᠎ᠠ ᠪᠥᠬᠦᠶ ᠠᠭᠤᠯᠭ᠎ᠠ ᠶᠢ ᠨᠠᠩ ᠰᠠᠶᠢᠨ ᠣᠶᠢᠯᠠᠭᠠᠵᠤ᠂ ᠲᠣᠭᠤᠰᠢᠯᠠᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠲᠣ ᠳᠣᠤᠷᠠᠬᠢ ᠮᠡᠲᠦ ᠲᠠᠶᠢᠯᠤᠮᠵᠢ ᠬᠢᠶ᠎ᠠ᠄      ᠨᠢᠭᠡ᠂ ᠲᠤᠭᠤᠷᠪᠢᠨ ᠪᠢᠴᠢᠭᠰᠡᠨ ᠠᠬᠤᠢ ᠪᠠᠶᠢᠳᠠᠯ ᠪᠠ ᠭᠤᠣᠯ ᠦᠨᠳᠦᠰᠦᠯᠡᠯ      ︵ᠨᠢᠭᠡ︶ ᠤᠯᠤᠰ ᠤᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠴᠡᠭᠡ ᠠᠴᠠ ᠪᠣᠯᠪᠠ᠃ 2019 ᠣᠨ ᠳᠤ᠂ ︽ᠲᠠᠪᠴᠠᠩ ᠤᠨ ᠠᠵᠤ ᠠᠬᠤᠶ ᠶᠢᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ〔2019〕38 ᠳ᠋ᠤᠭᠠᠷ ᠲᠣᠭᠠᠲᠤ︶ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ᠂ ᠲᠠᠪᠴᠠᠩ ᠤᠨ ᠠᠵᠤ ᠠᠬᠤᠶ ᠶᠢᠨ ᠵᠢᠷᠤᠮᠵᠢᠭᠤᠨ ᠬᠥᠭᠵᠢᠯᠲᠡ ᠳᠤ ᠰᠢᠨ᠎ᠡ ᠱᠠᠭᠠᠷᠳᠠᠯᠭ᠎ᠠ ᠳᠤᠷᠠᠳᠪᠠ᠃ ᠲᠣᠰ ᠵᠢᠯ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ  ᠤᠨ ᠶᠡᠷᠦᠩᠬᠡᠶ ᠲᠣᠪᠴᠢᠶ᠎ᠠ ︽ᠰᠦᠯᠵᠢᠶᠡᠨ ᠤ ᠲᠠᠪᠴᠠᠩ ᠤᠨ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠵᠢᠩᠬᠢᠨᠢ ᠪᠠᠷ ᠨᠡᠶᠢᠲᠡᠯᠡᠭᠰᠡᠨ ᠨᠢ᠂ 2016 ᠣᠨ ᠠᠴᠠ ᠡᠬᠢᠯᠡᠨ ᠲᠤᠷᠰᠢᠯᠲᠠ ᠬᠢᠭᠰᠡᠨ ᠲᠡᠷᠭᠡ ᠥᠬᠡᠶ ᠳᠠᠭᠠᠭᠠᠴᠢᠯᠠᠨ ᠲᠡᠭᠡᠭᠡᠪᠦᠷᠢᠯᠡᠭᠴᠢ ᠵᠢᠩᠬᠢᠨᠢ ᠪᠠᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠳᠠᠰᠢ ᠰᠢᠯᠵᠢᠭᠰᠡᠨ ᠢ ᠬᠠᠷᠠᠭᠤᠯᠵᠤ ᠪᠠᠶᠢᠨ᠎ᠠ᠃ 2021 ᠣᠨ ᠤ ᠡᠴᠦᠰ ᠲᠤ᠂ ᠰᠦᠯᠵᠢᠶ᠎ᠡ  ᠪᠠᠷ ᠪᠠᠷᠠᠭ᠎ᠠ ᠲᠡᠭᠡᠭᠡᠪᠦᠷᠢᠯᠡᠬᠦ ᠵᠠᠬ᠎ᠠ ᠳᠡᠯᠭᠡᠭᠦᠷ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠮᠡᠳᠡᠭᠳᠡᠯ ᠳᠠᠷᠤᠮᠠᠯᠯᠠᠨ ᠲᠠᠷᠬᠠᠭᠠᠵᠤ᠂ ︽ᠰᠦᠯᠵᠢᠶᠡᠨ ᠤ ᠲᠠᠪᠴᠠᠩ ᠤᠨ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠬᠦᠴᠦᠨ ᠲᠠᠢ ᠬᠤᠭᠤᠴᠠᠭ᠎ᠠ ᠶᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠦᠷᠭᠦᠯᠵᠢᠯᠡᠭᠦᠯᠪᠡ᠃      ︵ᠬᠤᠶᠠᠷ︶ ᠪᠥᠬᠦ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠬᠡᠷᠡᠭᠴᠡᠭᠡ ᠠᠴᠠ ᠪᠣᠯᠪᠠ᠃ ᠮᠠᠨ ᠤ ᠣᠷᠣᠨ 2020 ᠣᠨ ᠠᠴᠠ ᠡᠬᠢᠯᠡᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠢᠯ ᠢ ᠥᠷᠨᠢᠭᠦᠯᠦᠭᠰᠡᠨ ᠠᠴᠠ ᠨᠠᠭᠠᠰᠢ᠂ 2022 ᠣᠨ ᠤ ᠡᠴᠦᠰ ᠪᠣᠯᠲᠠᠯ᠎ᠠ᠂ ᠪᠥᠬᠦ ᠣᠷᠣᠨ ᠤ ᠨᠡᠶᠢᠲᠡ 106 ᠠᠵᠤ ᠠᠬᠤᠶᠢᠯᠠᠯ ᠰᠦᠯᠵᠢᠶᠡᠨ ᠳᠡᠭᠡᠷᠡᠬᠢ ᠦᠶᠯᠡᠴᠢᠯᠡᠭᠡᠨ ᠤ ᠴᠢᠳᠠᠪᠤᠷᠢ ᠶᠢ ᠮᠠᠭᠠᠳᠯᠠᠨ ᠲᠣᠭᠲᠠᠭᠠᠬᠤ ᠪᠠᠷ ᠳᠡᠮᠵᠢᠨ᠂ ᠡᠵᠡᠩᠨᠡᠯᠲᠡ ᠶᠢᠨ ᠬᠡᠪᠴᠢᠶ᠎ᠡ ᠨᠢ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠣᠯᠤᠭᠰᠠᠨ ᠪᠠᠶᠢᠨ᠎ᠠ᠃ ᠣᠶᠢᠷ᠎ᠠ ᠶᠢᠨ ᠵᠢᠯ ᠤᠨ ᠲᠤᠷᠰᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠥᠪ ᠣᠨᠣᠪᠴᠢᠲᠠᠶ ᠵᠢᠯᠣᠭᠤᠳᠣᠯᠭ᠎ᠠ ᠳᠣᠤᠷ᠎ᠠ᠂ ᠪᠥᠬᠦ ᠣᠷᠣᠨ ᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠪᠣᠯᠤᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠤᠳ ᠬᠠᠮᠲᠤ ᠪᠠᠷ ᠴᠢᠷᠮᠠᠶᠢᠵᠤ᠂ ᠶᠡᠭᠡ ᠬᠡᠮᠵᠢᠶᠡᠨ ᠤ ᠲᠤᠷᠰᠢᠯᠭ᠎ᠠ ᠬᠤᠷᠠᠮᠳᠤᠭᠤᠯᠤᠭᠰᠠᠨ ᠤ ᠬᠠᠮᠲᠤ᠂ ᠵᠠᠷᠢᠮ ᠵᠥᠷᠢᠴᠡᠯ ᠪᠠ ᠠᠰᠠᠭᠤᠳᠠᠯ ᠢ ᠳᠣᠪᠣᠶᠢᠯᠭᠠᠭᠰᠠᠨ ᠪᠠᠶᠢᠨ᠎ᠠ᠃ ᠮᠠᠨ ᠤ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠬᠠᠮᠢᠶᠠᠷᠤᠯᠲᠠ ᠶᠢᠨ ᠠᠵᠢᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠤᠨ ᠬᠤᠭᠤᠰᠣᠨ ᠢ ᠨᠥᠬᠦᠪᠥᠷᠢᠯᠡᠵᠦ᠂ ᠵᠢᠷᠤᠮᠵᠢᠭᠤᠯᠤᠨ ᠬᠥᠭᠵᠢᠭᠦᠯᠵᠦ᠂ ᠬᠠᠮᠢᠶᠠᠷᠤᠯᠲᠠ ᠪᠠᠨ ᠴᠢᠩᠭᠠᠳᠬᠠᠨ᠂ ᠦᠶᠯᠡᠴᠢᠯᠡᠭᠡ ᠪᠠᠨ ᠳᠡᠭᠡᠭᠰᠢᠯᠡᠭᠦᠯᠬᠦ ᠶᠢᠨ ᠲᠤᠰᠠᠳᠠ᠂ ︽ᠬᠡᠷᠡᠭᠵᠢᠭᠦᠯᠬᠦ ᠨᠠᠷᠢᠨ ᠲᠦᠷᠢᠮ︾ ᠢ ᠤᠷᠤᠭᠰᠢᠲᠠᠶ ᠲᠣᠭᠲᠠᠭᠠᠨ ᠲᠠᠷᠬᠠᠭᠠᠪᠠ᠃      ᠬᠤᠶᠠᠷ᠂ ᠲᠤᠭᠤᠷᠪᠢᠨ ᠪᠢᠴᠢᠭᠰᠡᠨ ᠶᠠᠪᠤᠴᠠ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠲᠦᠷᠢᠮ︾ ᠵᠢᠴᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠂ ︽ᠰᠦᠯᠵᠢᠶᠡᠨ ᠤ ᠲᠠᠪᠴᠠᠩ ᠤᠨ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ 2019 ᠣᠨ ᠤ 12 ᠳ᠋ᠤᠭᠠᠷ ᠰᠠᠷ᠎ᠠ ᠳᠤ ᠰᠠᠨᠠᠯ ᠬᠤᠷᠢᠶᠠᠬᠤ ᠨᠣᠤᠷᠠᠭ ᠢ ᠪᠦᠷᠢᠯᠳᠦᠭᠦᠯᠵᠦ᠂ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠢ᠂ ᠲᠢᠩᠬᠢᠮ ᠤᠨ ᠪᠠᠶᠢᠭᠤᠯᠭ᠎ᠠ ᠶᠢᠨ ᠬᠠᠮᠢᠶ᠎ᠠ ᠪᠥᠬᠦᠶ ᠭᠠᠵᠠᠷ ᠲᠠᠰᠤᠭ ᠠᠴᠠ ᠰᠠᠨᠠᠯ ᠬᠤᠷᠢᠶᠠᠪᠠ᠃ 14 ᠵᠤᠷᠪᠤᠰ ᠵᠠᠰᠠᠪᠤᠷᠢ ᠣᠷᠣᠭᠤᠯᠬᠤ ᠰᠠᠨᠠᠯ ᠢ ᠬᠦᠯᠢᠶᠠᠨ ᠠᠪᠴᠤ᠂ 10 ᠵᠤᠷᠪᠤᠰ ᠢ ᠨᠢ ᠬᠡᠷᠡᠭᠯᠡᠵᠦ᠂ ᠬᠡᠷᠡᠭᠯᠡᠭᠰᠡᠨ ᠦᠭᠡᠢ ᠪᠤᠶᠤ ᠬᠡᠰᠡᠭ ᠰᠠᠨᠠᠯ ᠢ ᠨᠢ ᠬᠡᠷᠡᠭᠯᠡᠭᠰᠡᠨ ᠢ ᠴᠥᠮ ᠬᠠᠷᠢᠭᠤ ᠲᠤᠰᠬᠠᠭᠰᠠᠨ ᠨᠢᠭᠡᠴᠢ ᠲᠠᠢ ᠨᠡᠪᠲᠡᠷᠡᠯᠴᠡᠭᠰᠡᠨ ᠪᠥᠭᠡᠳ ᠰᠠᠨᠠᠯ ᠨᠢᠭᠡᠳᠪᠡ᠃ ᠡᠭᠦᠨ ᠤ ᠬᠠᠮᠲᠤ᠂ ︽ᠬᠡᠷᠡᠭᠵᠢᠭᠦᠯᠬᠦ ᠨᠠᠷᠢᠨ ᠲᠦᠷᠢᠮ︾ ᠳᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠪᠠ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠲᠣᠭᠲᠠᠭᠠᠯ ᠶᠣᠰᠣᠭᠠᠷ ᠪᠡᠶᠡᠯᠡᠭᠦᠯᠪᠡ᠃      ᠭᠤᠷᠪᠠ᠂ ᠭᠤᠣᠯ ᠠᠭᠤᠯᠭ᠎ᠠ      ︽ᠬᠡᠷᠡᠭᠵᠢᠭᠦᠯᠬᠦ ᠨᠠᠷᠢᠨ ᠲᠦᠷᠢᠮ︾ ᠢ ᠶᠡᠷᠦᠩᠬᠡᠶ ᠲᠦᠷᠢᠮ᠂ ᠬᠢᠷᠢ ᠬᠡᠮ ᠤᠨ ᠬᠠᠮᠢᠶᠠᠷᠤᠯᠲᠠ᠂ ᠡᠵᠡᠩᠨᠡᠯᠲᠡ ᠬᠠᠮᠢᠶᠠᠷᠤᠯᠲᠠ᠂ ᠬᠢᠨᠠᠯᠲᠠ ᠪᠠᠶᠢᠴᠠᠭᠠᠯᠲᠠ᠂ ᠳᠠᠭᠠᠯᠳᠤᠭᠤᠯᠤᠭᠰᠠᠨ ᠲᠦᠷᠢᠮ ᠵᠡᠷᠭᠡ ᠲᠠᠪᠤᠨ ᠪᠦᠯᠦᠭ ᠬᠤᠷᠢᠨ ᠲᠠᠪᠤᠨ ᠵᠤᠷᠪᠤᠰ ᠵᠢᠴᠢ ᠰᠦᠯᠵᠢᠶᠡᠨ ᠤ ᠲᠠᠪᠴᠠᠩ ᠤᠨ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠡᠵᠡᠩᠨᠡᠯᠲᠡ ᠶᠢᠨ ᠭᠤᠶᠤᠴᠢᠯᠠᠯ  ᠤᠨ ᠬᠦᠰᠦᠨᠦᠭᠲᠦ᠂  ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠡᠵᠡᠩᠨᠡᠯᠲᠡ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠤᠨ ᠬᠤᠪᠢᠶᠠᠷᠢ ᠺᠣᠮᠫᠠᠨᠢ ᠪᠠᠶᠢᠭᠤᠯᠬᠤ ᠶᠢ ᠳᠡᠩᠰᠡᠯᠡᠨ ᠲᠡᠮᠳᠡᠭᠯᠡᠬᠦ ᠬᠦᠰᠦᠨᠦᠭᠲᠦ᠂ ᠰᠦᠯᠵᠢᠶᠡᠨ ᠳᠡᠭᠡᠷᠡᠬᠢ ᠦᠶᠯᠡᠴᠢᠯᠡᠭᠡᠨ ᠤ ᠴᠢᠳᠠᠪᠤᠷᠢ ᠶᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠵᠡᠷᠭᠡ ᠳᠥᠷᠪᠡᠨ ᠳᠠᠭᠠᠯᠳᠤᠭᠤᠯᠤᠯ ᠬᠤᠪᠢᠶᠠᠨ᠎ᠠ᠂ ᠭᠤᠤᠯ ᠠᠭᠤᠯᠭ᠎ᠠ ᠳᠤ ᠪᠠᠭᠲᠠᠬᠤ ᠨᠢ᠄      1. ᠶᠡᠷᠦᠩᠬᠡᠶ ᠳᠦᠷᠢᠮ᠃ ︽ᠬᠡᠷᠡᠭᠵᠢᠭᠦᠯᠬᠦ ᠨᠠᠷᠢᠨ ᠲᠦᠷᠢᠮ︾ ᠤᠨ ᠬᠠᠤᠯᠢ ᠴᠠᠭᠠᠵᠠ ᠶᠢᠨ ᠦᠨᠳᠦᠰᠦᠯᠡᠯ᠂ ᠵᠣᠷᠢᠯᠭ᠎ᠠ᠂ ᠬᠡᠷᠡᠭᠯᠡᠬᠦ ᠬᠡᠪᠴᠢᠶ᠎ᠡ ᠪᠠ ᠦᠨᠳᠦᠰᠦᠨ ᠱᠠᠭᠠᠷᠳᠠᠯᠭ᠎ᠠ ᠵᠡᠷᠭᠡ ᠶᠢ ᠲᠣᠳᠣᠷᠬᠠᠶᠢᠯᠠᠪᠠ᠃      2. ᠬᠢᠷᠢ ᠬᠡᠮ ᠤᠨ ᠬᠠᠮᠢᠶᠠᠷᠤᠯᠲᠠ᠃ ᠰᠦᠯᠵᠢᠶᠡᠨ ᠳᠡᠭᠡᠷᠡᠬᠢ ᠦᠶᠯᠡᠴᠢᠯᠡᠭᠡᠨ ᠤ ᠴᠢᠳᠠᠪᠤᠷᠢ᠂ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠭᠤᠶᠤᠴᠢᠯᠠᠨ ᠠᠪᠬᠤ᠂ ᠬᠠᠮᠢᠶ᠎ᠠ ᠪᠥᠬᠦᠶ ᠡᠷᠬᠡ ᠶᠢᠨ ᠬᠢᠵᠠᠭᠠᠷ ᠪᠠ ᠴᠤᠪᠤᠷᠠᠯ ᠵᠡᠷᠭᠡ ᠳᠤ ᠪᠣᠳᠠᠲᠠᠶ ᠱᠠᠭᠠᠷᠳᠠᠯᠭ᠎ᠠ ᠲᠠᠯᠪᠢᠪᠠ᠃      3.ᠡᠵᠡᠩᠨᠡᠯᠲᠡ ᠬᠠᠮᠢᠶᠠᠷᠤᠯᠲᠠ᠃ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠡᠵᠡᠩᠨᠡᠭᠴᠢ ᠶᠢᠨ ᠲᠠᠪᠴᠠᠩ᠂ ᠡᠵᠡᠩᠨᠡᠬᠦ ᠬᠡᠪᠴᠢᠶ᠎ᠡ᠂ ᠬᠢᠷᠢ ᠬᠡᠮ ᠤᠨ ᠦᠨᠡᠮᠯᠡᠯ᠂ ᠭᠡᠷ᠎ᠡ ᠲᠣᠭᠲᠠᠬᠤ᠂ ᠲᠡᠷᠭᠡᠨ ᠳᠡᠭᠡᠷᠡᠬᠢ ᠳᠠᠭᠠᠭᠤᠯᠢ ᠣᠳᠣᠨ ᠤ ᠣᠷᠣᠨ ᠲᠣᠭᠲᠠᠭᠠᠬᠤ ᠵᠡᠷᠭᠡ ᠳᠤ ᠪᠣᠳᠠᠲᠠᠶ ᠱᠠᠭᠠᠷᠳᠠᠯᠭ᠎ᠠ ᠲᠠᠯᠪᠢᠪᠠ᠃      4. ᠬᠢᠨᠠᠯᠲᠠ ᠪᠠᠶᠢᠴᠠᠭᠠᠯᠲᠠ᠃ ︽ᠰᠦᠯᠵᠢᠶᠡᠨ ᠤ ᠲᠠᠪᠴᠠᠩ ᠤᠨ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠠᠴᠠ ᠵᠥᠷᠢᠴᠡᠭᠰᠡᠨ ᠴᠠᠭᠠᠵᠠᠯᠠᠬᠤ ᠴᠢᠨᠠᠷᠲᠠᠶ ᠵᠦᠶᠯ ᠵᠤᠷᠪᠤᠰ᠂ ᠠᠵᠤ ᠠᠬᠤᠶᠢᠯᠠᠯ  ᠤᠨ ᠶᠠᠰᠤ ᠴᠢᠨᠠᠷ ᠤᠨ ᠢᠲᠡᠭᠡᠯ ᠬᠦᠨᠳᠦ ᠶᠢ ᠬᠢᠨᠠᠨ ᠰᠢᠯᠭᠠᠬᠤ ᠵᠡᠷᠭᠡ ᠳᠤ ᠪᠣᠳᠠᠲᠠᠶ ᠱᠠᠭᠠᠷᠳᠠᠯᠭ᠎ᠠ ᠲᠠᠯᠪᠢᠪᠠ᠃      5. ᠳᠠᠭᠠᠯᠳᠤᠭᠤᠯᠤᠭᠰᠠᠨ ᠲᠦᠷᠢᠮ᠃ ᠲᠣᠰ ︽ᠬᠡᠷᠡᠭᠵᠢᠭᠦᠯᠬᠦ ᠨᠠᠷᠢᠨ ᠲᠦᠷᠢᠮ︾ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠬᠤ ᠵᠢᠴᠢ ᠬᠦᠴᠦᠨ ᠲᠠᠢ ᠬᠤᠭᠤᠴᠠᠭ᠎ᠠ᠂ ᠬᠡᠷᠡᠭᠵᠢᠭᠦᠯᠬᠦ ᠡᠳᠦᠷ ᠬᠤᠭᠤᠴᠠᠭ᠎ᠠ ᠵᠡᠷᠭᠡ ᠶᠢ ᠲᠣᠳᠣᠷᠬᠠᠶᠢᠯᠠᠪᠠ᠃      ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠲᠠᠪᠴᠠᠩ ᠤᠨ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠶᠢᠨ ᠡᠵᠡᠩᠨᠡᠯᠲᠡ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号