内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ 6 ᠨᠢᠭᠡᠴᠢ ︽2021 - 2022 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠵᠠᠯᠠᠭᠤᠴᠤᠳ ᠤᠨ ᠪᠣᠯᠪᠠᠰᠤᠨ ᠨᠡᠷᠡᠮᠵᠢᠲᠦ︾ ᠢᠷᠠᠭᠤ ᠠᠯᠳᠠᠷ ᠤᠨ ᠴᠣᠯᠠ ᠭᠥᠷᠳᠡᠪᠡ
        ᠨᠡᠶᠢᠲᠡᠯᠡᠭᠰᠡᠨ ᠴᠠᠭ᠄
        2023/1/11
             ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠪᠣᠯᠪᠠᠰᠤᠨ ᠨᠡᠷᠡᠮᠵᠢᠲᠦ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠣᠬᠢᠶᠠᠨ ᠪᠠᠶᠢᠭᠤᠯᠬᠤ ᠺᠣᠮᠢᠰ ᠠᠴᠠ ︽2021 - 2022 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠵᠠᠯᠠᠭᠤᠴᠤᠳ ᠤᠨ ᠪᠣᠯᠪᠠᠰᠤᠨ ᠨᠡᠷᠡᠮᠵᠢᠲᠦ ᠶᠢ ᠨᠡᠷᠡᠶᠢᠳᠬᠦ ᠲᠤᠬᠠᠢ ᠲᠣᠭᠲᠠᠭᠠᠯ︾ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ 154 ᠵᠠᠯᠠᠭᠤᠴᠤᠳ ᠤᠨ ᠬᠠᠮᠲᠤ ᠶᠢ 2021 - 2022 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠵᠠᠯᠠᠭᠤᠴᠤᠳ ᠤᠨ ᠪᠣᠯᠪᠠᠰᠤᠨ ᠨᠡᠷᠡᠮᠵᠢᠲᠦ ᠪᠠᠷ ᠨᠡᠷᠡᠶᠢᠳᠪᠡ᠃ ᠥᠪᠥᠷ ᠮᠣᠩᠭᠤᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠦᠯᠦᠭᠯᠡᠯ ᠤᠨ ᠣᠷᠳᠣᠰ ᠤᠨ ᠬᠤᠪᠢᠶᠠᠷᠢ ᠺᠣᠮᠫᠠᠨᠢ ᠶᠢᠨ ᠠᠯᠲᠠᠨᠰᠢᠷᠡᠭᠡ ᠪᠠᠯᠭᠠᠰᠤᠨ ᠤ ᠰᠦᠢᠳᠬᠡᠯ ᠬᠤᠷᠢᠶᠠᠬᠤ ᠭᠠᠵᠠᠷ᠂ ᠬᠥᠬᠡᠬᠤᠲᠠ  ᠶᠢᠨ ᠬᠤᠪᠢᠶᠠᠷᠢ ᠺᠣᠮᠫᠠᠨᠢ ᠶᠢᠨ ᠬᠥᠬᠡᠬᠤᠲᠠ ᠳᠠᠬᠢ ᠰᠦᠢᠳᠬᠡᠯ ᠬᠤᠷᠢᠶᠠᠬᠤ ᠭᠠᠵᠠᠷ᠂ ᠥᠪᠥᠷ ᠮᠣᠩᠭᠤᠯ ᠤᠨ ᠯᠦ ᠴᠢᠶᠣᠤ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠥᠷᠪᠡᠳᠦᠭᠡᠷ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠬᠦᠭᠵᠢᠭᠦᠯᠦᠯᠲᠡ ᠶᠢᠨ ᠺᠣᠮᠫᠠᠨᠢ ᠶᠢᠨ ᠪᠠᠶᠠᠨᠨᠠᠭᠤᠷ ᠲᠠᠬᠢ ᠬᠤᠪᠢᠶᠠᠷᠢ ᠺᠣᠮᠫᠠᠨᠢ ᠶᠢᠨ ᠯᠠᠩ ᠱᠠᠨ ᠨᠡᠪᠲᠡᠷᠡᠬᠦ ᠰᠦᠢᠳᠬᠡᠯ ᠬᠤᠷᠢᠶᠠᠬᠤ ᠭᠠᠵᠠᠷ᠂ ᠠᠯᠠᠱᠠ ᠳᠠᠬᠢ ᠬᠤᠪᠢᠶᠠᠷᠢ ᠺᠣᠮᠫᠠᠨᠢ ᠶᠢᠨ ᠡᠵᠡᠨ᠎ᠡ ᠬᠤᠰᠢᠭᠤᠨ ᠤ ᠰᠦᠢᠳᠬᠡᠯ ᠬᠤᠷᠢᠶᠠᠬᠤ ᠭᠠᠵᠠᠷ᠂ ᠪᠠᠶᠠᠨᠨᠠᠭᠤᠷ ᠬᠤᠲᠠ ᠶᠢᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠲᠥᠪ ᠤᠨ ᠰᠦᠢᠳᠬᠡᠯ ᠬᠤᠷᠢᠶᠠᠬᠤ ᠵᠠᠰᠠᠮᠠᠯ ᠵᠠᠮ ᠤᠨ ᠦᠢᠯᠡᠴᠢᠯᠡᠭᠡᠨ ᠤ ᠲᠥᠪ ᠵᠡᠷᠭᠡ 6 ᠨᠢᠭᠡᠴᠢ ᠲᠣᠰ ᠢᠷᠠᠭᠤ ᠠᠯᠳᠠᠷ ᠢ ᠭᠥᠷᠳᠡᠪᠡ᠃      ᠰᠢᠨ᠎ᠡ ᠴᠠᠭ ᠦᠶ᠎ᠡ᠂ ᠰᠢᠨ᠎ᠡ ᠡᠬᠢᠯᠡᠯᠲᠡ᠂ ᠰᠢᠨ᠎ᠡ ᠵᠢᠳᠬᠦᠯ ᠴᠢᠷᠮᠠᠶᠢᠯᠭ᠎ᠠ᠂ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠡᠪᠯᠡᠯ ᠤᠨ ᠭᠡᠰᠢᠭᠦᠨ ᠵᠠᠯᠠᠭᠤᠴᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ︽ᠤᠯᠤᠰ ᠢᠶᠠᠨ ᠬᠠᠶᠢᠷᠠᠯᠠᠬᠤ᠂ ᠲᠠᠪᠰᠢᠯᠳᠠ ᠲᠠᠢ᠂ ᠠᠷᠠᠳᠴᠢᠯᠠᠯ ᠲᠠᠢ᠂ ᠰᠢᠨᠵᠢᠯᠡᠬᠦ ᠤᠬᠠᠭᠠᠨᠴᠢ︾ ᠭᠡᠬᠦ ᠲᠠᠪᠤᠨ ᠰᠠᠷ᠎ᠠ ᠶᠢᠨ ᠲᠦᠷᠪᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ  ᠳᠤ ᠢᠳᠡᠪᠬᠢᠲᠡᠢ ᠣᠷᠣᠯᠴᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ  ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠶᠠᠨ ᠵᠠᠮ ᠳᠤ ᠵᠠᠮ ᠬᠠᠷᠢᠯᠴᠠᠭᠠᠨ ᠤ ᠵᠠᠯᠠᠭᠤᠴᠤᠳ ᠤᠨ ᠵᠠᠯᠠᠭᠤ ᠨᠠᠰᠤᠨ ᠤ ᠮᠠᠭᠲᠠᠭᠠᠯ ᠳᠠᠭᠤᠤ ᠶᠢ ᠬᠠᠩᠭᠢᠨᠠᠭᠤᠯᠬᠤ ᠬᠡᠷᠡᠭᠲᠡᠢ᠃ ︵ᠲᠢᠩᠬᠢᠮ ᠤᠨ ᠡᠪᠯᠡᠯ ᠤᠨ ᠬᠤᠷᠢᠶ᠎ᠠ︶
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号