内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ
        ᠨᠡᠶᠢᠲᠡᠯᠡᠭᠰᠡᠨ ᠴᠠᠭ᠄
        2023/1/17
             ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ      ᠨᠢᠭᠡ᠂ ᠪᠢᠴᠢᠭ ᠮᠠᠲ᠋ᠧᠷᠢᠶᠠᠯ ᠢ ᠲᠣᠭᠲᠠᠭᠠᠭᠰᠠᠨ ᠠᠬᠤᠢ ᠪᠠᠶᠢᠳᠠᠯ᠂ ᠴᠢᠬᠤᠯᠠ ᠴᠢᠨᠠᠷ ᠵᠢᠴᠢ ᠪᠣᠯᠣᠮᠵᠢᠲᠤ ᠴᠢᠨᠠᠷ      ᠣᠳᠣ ᠬᠡᠷᠡᠭᠵᠢᠭᠦᠯᠵᠦ ᠪᠠᠶᠢᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢ 2009 ᠣᠨ ᠳᠤ ᠨᠡᠶᠢᠲᠡᠯᠡᠵᠦ᠂ ᠡᠨᠡ ᠬᠦ ᠬᠤᠭᠤᠴᠠᠭᠠᠨ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠵᠢᠴᠢ ᠠᠵᠢᠯ ᠶᠠᠪᠤᠳᠠᠯ ᠤᠨ ᠡᠷᠬᠡ ᠶᠢᠨ ᠬᠤᠪᠢᠶᠠᠷᠢᠯᠠᠯ ᠳᠤ ᠮᠠᠰᠢ ᠶᠡᠭᠡ ᠬᠤᠪᠢᠷᠠᠯᠲᠠ ᠭᠠᠷᠴᠤ᠂ ᠬᠡᠳᠦᠶᠢᠪᠡᠷ ᠣᠶᠢᠷ᠎ᠠ ᠶᠢᠨ ᠵᠢᠯ ᠳᠤ ᠵᠠᠰᠠᠭ ᠵᠠᠬᠢᠷᠭᠠᠨ ᠤ ᠡᠷᠬᠡ ᠶᠢᠨ ᠲᠣᠬᠢᠷᠠᠭᠤᠯᠤᠯᠲᠠ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠬᠠᠮᠢᠶᠠᠷᠤᠯᠲᠠ ᠶᠢᠨ ᠠᠷᠭ᠎ᠠ︾ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠬᠦ ᠵᠡᠷᠭᠡ ᠲᠤᠰᠬᠠᠢ ᠵᠦᠢᠯ ᠤᠨ ᠠᠷᠭ᠎ᠠ ᠪᠠᠷ ᠳᠠᠮᠵᠢᠭᠤᠯᠤᠨ ᠬᠡᠰᠡᠭ ᠲᠠᠯ᠎ᠠ ᠪᠠᠷ ᠲᠡᠭᠦᠯᠳᠡᠷᠵᠢᠭᠦᠯᠦᠭᠰᠡᠨ ᠪᠣᠯᠪᠠᠴᠤ᠂ ᠭᠡᠪᠡᠴᠦ ᠶᠡᠷᠦᠩᠬᠡᠢ ᠳᠤ ᠪᠠᠨ ᠮᠥᠨ ᠬᠦ ᠪᠥᠬᠦ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠣᠳᠣᠬᠢ ᠪᠠᠶᠢᠳᠠᠯ ᠯᠤᠭ᠎ᠠ ᠵᠣᠬᠢᠴᠠᠬᠤ ᠦᠭᠡᠢ ᠪᠠᠶᠢᠳᠠᠯ ᠨᠡᠯᠢᠶᠡᠳ ᠣᠯᠠᠨ ᠪᠠᠶᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠠᠵᠢᠯ ᠲᠥᠷᠥᠯ ᠤᠨ ᠵᠠᠰᠠᠯᠲᠠ ᠶᠢᠨ ᠬᠢᠷᠢ ᠲᠦᠪᠰᠢᠨ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠲᠣᠰ ᠤᠳᠠᠭ᠎ᠠ ᠵᠠᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠪᠠ ᠬᠢᠨᠠᠯᠲᠠ ᠬᠠᠮᠢᠶᠠᠷᠤᠯᠲᠠ ᠶᠢᠨ ᠦᠶᠯᠡ ᠠᠵᠢᠯᠯᠠᠭ᠎ᠠ ᠶᠢ ᠵᠢᠷᠤᠮᠵᠢᠭᠤᠯᠬᠤ ᠶᠡᠷᠦᠩᠬᠡᠢ ᠰᠡᠳᠬᠢᠮᠵᠢ ᠶᠣᠰᠣᠭᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠪᠠᠷ ᠯᠠᠪᠯᠠᠯᠲᠠ ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠪᠣᠯᠭᠠᠨ ᠵᠠᠰᠠᠪᠠ᠃      ᠬᠤᠶᠠᠷ᠂ ᠲᠣᠭᠲᠠᠭᠠᠭᠰᠠᠨ ᠦᠨᠳᠦᠰᠦᠯᠡᠯ      ︵ᠨᠢᠭᠡ︶ ᠬᠠᠤᠯᠢ ᠴᠠᠭᠠᠵᠠ ᠬᠠᠤᠯᠢ ᠲᠣᠭᠲᠠᠭᠠᠯ      ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠤᠯᠢ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠢ ᠬᠠᠮᠠᠭᠠᠯᠠᠬᠤ ᠬᠠᠤᠯᠢ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠦᠷᠢᠮ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠬᠠᠮᠢᠶᠠᠷᠤᠯᠲᠠ ᠶᠢᠨ ᠳᠦᠷᠢᠮ᠂ ᠰᠦᠢᠳᠬᠡᠯ ᠬᠤᠷᠢᠶᠠᠬᠤ ᠵᠠᠰᠠᠮᠠᠯ ᠵᠠᠮ ᠤᠨ ᠬᠠᠮᠢᠶᠠᠷᠤᠯᠲᠠ ᠶᠢᠨ ᠳᠦᠷᠢᠮ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ ᠶᠢ ᠬᠡᠷᠡᠭᠵᠢᠭᠦᠯᠬᠦ ᠳᠦ᠋ᠷᠢᠮ      ︵ᠬᠤᠶᠠᠷ︶ ᠰᠠᠯᠠᠭ᠎ᠠ ᠮᠥᠴᠢᠷ ᠤᠨ ᠳᠦᠷᠢᠮ ᠲᠣᠭᠲᠠᠭᠠᠯ      ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ᠂ ᠵᠠᠰᠠᠮᠠᠯ ᠵᠠᠮ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠬᠠᠮᠢᠶᠠᠷᠤᠯᠲᠠ ᠶᠢᠨ ᠠᠷᠭ᠎ᠠ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ᠂ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ      ︵ᠭᠤᠷᠪᠠ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ      ᠵᠠᠰᠠᠮᠠᠯ ᠵᠠᠮ ᠤᠨ ᠪᠠᠷᠢᠯᠭ᠎ᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠠᠷᠭ᠎ᠠ ︵ᠵᠠᠮ ᠵᠠᠰᠠᠮᠠᠯ ᠵᠠᠮ ᠲᠠᠷᠬᠠᠭᠠᠭᠰᠠᠨ〔2007〕358 ᠳ᠋ᠤᠭᠠᠷ ᠲᠣᠭᠠᠲᠤ︶᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ ︵ᠵᠠᠮ ᠵᠠᠰᠠᠮᠠᠯ ᠵᠠᠮ ᠲᠠᠷᠬᠠᠭᠠᠭᠰᠠᠨ 〔2009〕 731 ᠳ᠋ᠦ᠋ᠭᠡᠷ ᠲᠣᠭᠠᠲᠤ︶᠂ ︽ᠣᠲᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2017﹈ 82 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠭᠤᠯᠤᠯ ᠲᠣᠭᠲᠠᠴᠠ ᠶᠢ ᠰᠢᠯᠤᠭᠤᠳᠬᠠᠬᠤ ᠵᠢᠷᠭᠤᠭᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ〔2022〕29 ᠳ᠋ᠦ᠋ᠭᠡᠷ ᠲᠣᠭᠠᠲᠤ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠲᠤᠬᠠᠢ ᠵᠢᠯᠤᠭᠤᠳᠬᠤ ᠰᠠᠨᠠᠯ ︵ᠵᠠᠮ ᠠᠯᠪᠠᠨ ᠵᠠᠰᠠᠮᠠᠯ ᠵᠠᠮ ﹇2016﹈ 93 ᠳ᠋ᠤᠭᠠᠷ ᠲᠣᠭᠠᠲᠤ︶᠂ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ BIM ᠮᠡᠷᠭᠡᠵᠢᠯ ᠤᠨ ᠬᠡᠷᠡᠭᠯᠡᠯᠲᠡ ᠶᠢ ᠲᠦᠯᠬᠢᠨ ᠠᠬᠢᠭᠤᠯᠬᠤ ᠲᠤᠬᠠᠢ ᠵᠢᠯᠤᠭᠤᠳᠬᠤ ᠰᠠᠨᠠᠯ ᠵᠠᠮ ᠠᠯᠪᠠᠨ ᠵᠠᠰᠠᠮᠠᠯ ᠵᠠᠮ〔2017〕 205 ᠳ᠋ᠤᠭᠠᠷ ᠲᠣᠭᠠᠲᠤ᠂ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠠᠨᠠᠯ ᠤᠳ ︵ᠵᠠᠮ ᠵᠠᠰᠠᠮᠠᠯ ᠵᠠᠮ ᠲᠠᠷᠬᠠᠭᠠᠭᠰᠠᠨ 〔2011〕438 ᠳ᠋ᠤᠭᠠᠷ ᠲᠣᠭᠠᠲᠤ︶᠂ ᠡᠩ ᠤᠨ ᠵᠠᠰᠠᠮᠠᠯ ᠵᠠᠮ ᠤᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠪᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠢᠯᠤᠭᠤᠳᠬᠤ ᠰᠠᠨᠠᠯ ︵ᠵᠠᠮ ᠵᠠᠰᠠᠮᠠᠯ ᠵᠠᠮ ᠲᠠᠷᠬᠠᠭᠠᠭᠰᠠᠨ ﹇2022﹈ 71 ᠳ᠋ᠦ᠋ᠭᠡᠷ ᠲᠣᠭᠠᠲᠤ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠢ ᠰᠠᠨᠠᠯ ︵ᠵᠠᠮ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ﹇2022﹈ 7 ᠳ᠋ᠤᠭᠠᠷ ᠲᠣᠭᠠᠲᠤ︶      ᠭᠤᠷᠪᠠ᠂ ᠠᠷᠭ᠎ᠠ ᠶᠢᠨ ᠭᠤᠣᠯ ᠠᠭᠤᠯᠭ᠎ᠠ      ︽ᠠᠷᠭ᠎ᠠ︾ ᠨᠢ ᠨᠡᠶᠢᠲᠡ ᠲᠤᠯᠤᠭᠠᠨ ᠪᠦᠯᠦᠭ᠂ ᠭᠤᠴᠢᠨ ᠲᠤᠯᠤᠭᠠᠨ ᠵᠦᠢᠯ ᠲᠠᠢ᠂ ᠭᠤᠣᠯ ᠠᠭᠤᠯᠭ᠎ᠠ ᠨᠢ ᠳᠣᠣᠷᠠᠬᠢ ᠮᠡᠲᠦ᠄      ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ ᠤᠨ ᠬᠡᠰᠡᠭ ᠪᠣᠯᠤᠨ᠎ᠠ᠂ ᠭᠤᠣᠯᠳᠠᠭᠤ ᠠᠷᠭ᠎ᠠ ᠶᠢᠨ ᠬᠡᠷᠡᠭᠯᠡᠬᠦ ᠬᠡᠪᠴᠢᠶ᠎ᠡ᠂ ᠲᠥᠷᠥᠯ ᠵᠦᠢᠯ ᠤᠨ ᠲᠥᠷᠥᠯ ᠠᠩᠭᠢᠯᠠᠯ ᠤᠨ ᠲᠣᠮᠢᠶᠠᠯᠠᠯ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠵᠠᠷᠴᠢᠮ ᠢ ᠲᠣᠭᠲᠠᠭᠠᠵᠠᠢ᠃ ᠲᠣᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠤᠯᠤᠰ ᠮᠤᠵᠢ ᠶᠢᠨ ᠵᠠᠮ ᠤᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠵᠢᠴᠢ ᠲᠤᠰᠠᠭᠠᠷ ᠵᠠᠰᠠᠮᠠᠯ ᠵᠠᠮ ᠤᠨ ᠣᠨᠴᠠ ᠶᠡᠭᠡ ᠬᠥᠭᠦᠷᠭᠡ᠂ ᠣᠨᠴᠠ ᠣᠷᠳᠣ ᠨᠦᠬᠡᠨ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠬᠡᠷᠡᠭᠯᠡᠵᠦ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠲᠡᠭᠦᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ᠃      ᠬᠤᠶᠠᠳᠤᠭᠠᠷ ᠪᠦᠯᠦᠭ ᠨᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢᠴᠢ ᠡᠷᠬᠡ ᠶᠢᠨ ᠬᠡᠪᠴᠢᠶ᠎ᠡ ᠪᠣᠯᠤᠨ᠎ᠠ᠂ ᠭᠤᠣᠯᠳᠠᠭᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠣᠯᠣᠨ ᠵᠠᠰᠠᠮᠠᠯ ᠵᠠᠮ ᠤᠨ ᠲᠥᠷᠥᠯ ᠵᠦᠢᠯ ᠤᠨ ᠬᠢᠨᠠᠨ ᠬᠠᠮᠢᠶᠠᠷᠬᠤ ᠡᠷᠬᠡ ᠶᠢᠨ ᠬᠡᠪᠴᠢᠶ᠎ᠡ ᠶᠢ ᠲᠣᠳᠣᠷᠬᠠᠶᠢᠯᠠᠪᠠ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠵᠠᠰᠠᠮᠠᠯ ᠵᠠᠮ ᠳᠠᠬᠢ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠵᠢᠴᠢ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠬᠡᠰᠡᠭ ᠴᠢᠬᠤᠯᠠ ᠶᠡᠭᠡ ᠲᠥᠷᠥᠯ ᠵᠦᠢᠯ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠠᠴᠠ ᠪᠡᠯᠡ ᠣᠷᠣᠭᠤᠯᠬᠤ ᠬᠡᠷᠡᠭᠲᠡᠢ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠵᠠᠮ ᠬᠠᠷᠢᠯᠴᠠᠭᠠᠨ ᠤ ᠠᠵᠤ ᠠᠬᠤᠶᠢᠯᠠᠯ ᠤᠨ ᠬᠡᠷᠡᠭᠵᠢᠭᠦᠯᠦᠭᠰᠡᠨ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠭᠲᠠᠨ᠎ᠠ᠂ ᠡᠭᠦᠨ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠭᠤᠣᠯᠳᠠᠯᠭ᠎ᠠ ᠲᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠭᠡᠵᠦ ᠶᠡᠷᠦᠩᠬᠡᠶᠢᠯᠡᠨ ᠨᠡᠷᠡᠯᠡᠵᠦ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠪᠣᠳᠠᠲᠠᠢ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ︔ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ᠂ ᠡᠩ ᠤᠨ ᠤᠯᠤᠰ ᠮᠤᠵᠢ ᠶᠢᠨ ᠵᠠᠮ ᠤᠨ ᠵᠠᠰᠠᠮᠠᠯ ᠵᠠᠮ ᠢ ᠡᠯ᠎ᠡ ᠠᠶᠢᠮᠠᠭ ᠬᠤᠲᠠ ᠠᠴᠠ ᠬᠠᠷᠢᠭᠤᠴᠠᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠪᠣᠳᠠᠲᠠᠢ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠡᠵᠡᠩᠨᠡᠯᠲᠡ ᠶᠢᠨ ᠴᠢᠨᠠᠷᠲᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠷᠥᠯ ᠵᠦᠢᠯ ᠤᠨ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃      ᠭᠤᠷᠪᠠᠳᠤᠭᠠᠷ ᠪᠦᠯᠦᠭ ᠨᠢ ᠪᠦᠲᠦᠭᠡᠨ ᠪᠠᠶᠢᠭᠤᠯᠤᠯᠲᠠ ᠶᠢᠨ ᠵᠢᠷᠤᠮ ᠤᠨ ᠬᠢᠨᠠᠯᠲᠠ ᠬᠠᠮᠢᠶᠠᠷᠤᠯᠲᠠ ᠪᠣᠯᠤᠨ᠎ᠠ᠂  ᠪᠦᠲᠦᠭᠡᠨ ᠪᠠᠶᠢᠭᠤᠯᠤᠯᠲᠠ ᠶᠢᠨ ᠵᠢᠷᠤᠮ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ ᠵᠢᠴᠢ ᠵᠢᠷᠤᠭ ᠲᠥᠯᠥᠪᠯᠡᠭᠡ ᠶᠢ ᠬᠤᠪᠢᠷᠠᠭᠤᠯᠬᠤ ᠶᠢ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ ᠢ ᠲᠣᠳᠣᠷᠬᠠᠶᠢᠯᠠᠵᠤ᠂ ᠬᠤᠶᠠᠳᠤᠭᠠᠷ ᠪᠦᠯᠦᠭ ᠲᠤ ᠲᠣᠳᠣᠷᠬᠠᠢ ᠲᠣᠭᠲᠠᠭᠠᠭᠰᠠᠨ ᠪᠣᠳᠠᠲᠠᠢ ᠬᠢᠨᠠᠯᠲᠠ ᠬᠠᠮᠢᠶᠠᠷᠤᠯᠲᠠ ᠶᠢᠨ ᠱᠠᠲᠤ ᠳᠠᠪᠬᠤᠷᠭ᠎ᠠ ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠠᠵᠢᠯ ᠲᠤᠰᠢᠶᠠᠭᠰᠠᠨ ᠢ ᠰᠢᠯᠭᠠᠨ ᠠᠪᠬᠤ ᠵᠢᠴᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠡᠷᠬᠡ ᠶᠢᠨ ᠬᠢᠵᠠᠭᠠᠷ ᠪᠠ ᠠᠵᠢᠯ ᠤᠨ ᠱᠠᠭᠠᠷᠳᠠᠯᠭ᠎ᠠ ᠶᠢ ᠦᠨᠳᠦᠰᠦᠯᠡᠬᠦ ᠬᠡᠷᠡᠭᠲᠡᠢ᠃      ᠳᠥᠷᠪᠡᠳᠦᠭᠡᠷ ᠪᠦᠯᠦᠭ ᠨᠢ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ᠎ᠠ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠭᠦᠨ ᠳᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠨᠢᠭᠡᠳᠦᠯᠲᠡᠢ ᠲᠣᠭᠲᠠᠭᠠᠯ ᠶᠣᠰᠣᠭᠠᠷ᠂ ᠪᠤᠰᠤᠳ ᠵᠡᠷᠭᠡ ᠳᠡᠰ ᠤᠨ ᠵᠠᠰᠠᠮᠠᠯ ᠵᠠᠮ ᠤᠨ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠷᠢ ᠬᠡᠮ ᠢ ᠲᠣᠳᠣᠷᠬᠠᠶᠢᠯᠠᠪᠠ᠃ ᠵᠢᠴᠢ ᠳᠠᠭᠠᠭᠠᠴᠢᠯᠠᠯᠲᠠ ᠵᠠᠷᠯᠠᠬᠤ᠂ ᠬᠥᠯᠥᠰᠦᠨ ᠠᠵᠢᠯᠴᠢᠨ ᠤ ᠴᠠᠯᠢᠩ ᠤᠨ ᠬᠠᠮᠢᠶᠠᠷᠤᠯᠲᠠ᠂ ᠢᠲᠡᠭᠡᠮᠵᠢ ᠶᠢᠨ ᠦᠨᠡᠯᠡᠯᠲᠡ᠂ ᠬᠢᠨᠠᠯᠲᠠ ᠪᠠᠶᠢᠴᠠᠭᠠᠯᠲᠠ ᠵᠡᠷᠭᠡ ᠳᠤ ᠲᠣᠭᠲᠠᠭᠠᠯ ᠭᠠᠷᠭᠠᠵᠠᠢ᠃      ᠲᠠᠪᠤᠳᠤᠭᠠᠷ ᠪᠦᠯᠦᠭ ᠨᠢ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠣᠯᠤᠨ᠎ᠠ᠂ ᠬᠤᠶᠠᠳᠤᠭᠠᠷ ᠪᠦᠯᠦᠭ ᠲᠤ ᠲᠣᠳᠣᠷᠬᠠᠢ ᠲᠣᠭᠲᠠᠭᠠᠭᠰᠠᠨ ᠪᠣᠳᠠᠲᠠᠢ ᠬᠢᠨᠠᠯᠲᠠ ᠬᠠᠮᠢᠶᠠᠷᠤᠯᠲᠠ ᠶᠢᠨ ᠱᠠᠲᠤ ᠳᠠᠪᠬᠤᠷᠭ᠎ᠠ ᠶᠢ ᠦᠨᠳᠦᠰᠦᠯᠡᠨ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠵᠢᠴᠢ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ᠂ ᠠᠵᠢᠯ ᠡᠷᠭᠢᠯᠡᠬᠦ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠲᠣᠭᠲᠠᠭᠠᠯ ᠭᠠᠷᠭᠠᠪᠠ᠃      ᠵᠢᠷᠭᠤᠳᠤᠭᠠᠷ ᠪᠦᠯᠦᠭ ᠨᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠣᠯᠤᠨ᠎ᠠ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠭᠤᠯᠭ᠎ᠠ᠂ ᠪᠠᠶᠢᠭᠤᠯᠤᠭᠰᠠᠨ ᠦᠨ᠎ᠡ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠵᠢᠴᠢ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠲᠣᠭᠲᠠᠭᠠᠯ ᠢ ᠲᠣᠳᠣᠷᠬᠠᠶᠢᠯᠠᠭᠰᠠᠨ ᠤ ᠬᠠᠮᠲᠤ᠂ ᠪᠠᠷᠢᠯᠭ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢ ᠡᠭᠡᠭᠦᠯᠦᠨ ᠪᠤᠴᠠᠭᠠᠬᠤ ᠲᠠᠯ᠎ᠠ ᠪᠠᠷ ᠪᠣᠳᠠᠲᠠᠢ ᠱᠠᠭᠠᠷᠳᠠᠯᠭ᠎ᠠ ᠭᠠᠷᠭᠠᠪᠠ᠃      ᠳᠣᠯᠣᠳᠤᠭᠠᠷ ᠪᠦᠯᠦᠭ ᠨᠢ ᠳᠠᠭᠠᠯᠳᠤᠭᠤᠯᠤᠯ ᠳᠦᠷᠢᠮ ᠪᠣᠯᠤᠨ᠎ᠠ᠂ ᠠᠷᠭ᠎ᠠ ᠶᠢᠨ ᠬᠦᠴᠦᠨ ᠲᠠᠢ ᠬᠤᠭᠤᠴᠠᠭ᠎ᠠ  ᠨᠢ ᠲᠠᠪᠤᠨ ᠵᠢᠯ ᠪᠣᠯᠬᠤ ᠪᠠᠷ ᠲᠣᠭᠲᠠᠭᠠᠵᠠᠢ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠮ ᠲᠠᠷᠬᠠᠭᠠᠭᠰᠠᠨ〔2009〕571 ᠳ᠋ᠦ᠋ᠭᠡᠷ ᠲᠣᠭᠠᠲᠤ︶ ᠶᠢ ᠡᠭᠦᠨ ᠤ ᠬᠠᠮᠲᠤ ᠬᠦᠴᠦᠨ ᠦᠭᠡᠢ ᠪᠣᠯᠭᠠᠪᠠ᠃
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号