内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ 2023 ᠣᠨ ᠤ ᠶᠠᠮᠤᠨ ᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠵᠢᠴᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠶ ᠦᠶᠯᠡᠳᠪᠦᠷᠢᠯᠡᠯ ᠤᠨ ᠸᠢᠳᠢᠣ᠋ ᠬᠤᠷᠠᠯ ᠬᠤᠷᠠᠯᠳᠤᠭᠤᠯᠪᠠ
        ᠨᠡᠶᠢᠲᠡᠯᠡᠭᠰᠡᠨ ᠴᠠᠭ᠄
        2023/1/6
             ᠯᠢ ᠰᠢᠶᠤᠤ ᠫᠧᠩ 2023 ᠣᠨ ᠤ ᠶᠠᠮᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠩᠬᠠᠳᠤᠭᠠᠷ ᠪᠦᠬᠦᠳᠡ ᠬᠤᠷᠠᠯ ᠵᠢᠴᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠢ ᠦᠢᠯᠡᠳᠪᠦᠷᠢᠯᠡᠯ ᠤᠨ ᠸᠢᠳᠢᠣ᠋ ᠬᠤᠷᠠᠯ ᠳᠡᠭᠡᠷ᠎ᠡ ᠴᠢᠬᠤᠯᠠᠴᠢᠯᠠᠭᠰᠠᠨ ᠨᠢ      ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ      ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠢ ᠦᠶᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ      1 ᠳ᠋ᠦ᠋ᠭᠡᠷ ᠰᠠᠷ᠎ᠠ ᠶᠢᠨ 3 ᠤ ᠡᠳᠦᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ 2023 ᠣᠨ ᠤ ᠶᠠᠮᠤᠨ  ᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠩᠬᠠᠳᠤᠭᠠᠷ ᠪᠥᠬᠦᠳᠡ ᠬᠤᠷᠠᠯ ᠵᠢᠴᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠶ ᠦᠶᠯᠡᠳᠪᠦᠷᠢᠯᠡᠯ ᠤᠨ ᠸᠢᠳᠢᠣ᠋ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ  ᠤᠨ ᠠᠶᠤᠯᠭᠦᠶ ᠦᠶᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2022 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠶ ᠦᠶᠯᠡᠳᠪᠦᠷᠢᠯᠡᠯ ᠤᠨ ᠠᠵᠢᠯ ᠢ ᠳ᠋ᠦᠩᠨᠡᠵᠦ᠂ 2023 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠶ ᠦᠶᠯᠡᠳᠪᠦᠷᠢᠯᠡᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ᠃ ᠶᠠᠮᠤᠨ ᠤ ᠰᠠᠶᠢᠳ᠂ ᠶᠠᠮᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠯᠢ ᠰᠢᠶᠤᠤ ᠫᠧᠩ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠡᠷᠭᠡᠶᠢᠯᠡᠬᠦ ᠪᠠᠷ ᠭᠤᠣᠯ ᠪᠣᠯᠭᠠᠵᠤ᠂ ᠰᠢᠰᠲ᠋ᠧᠮ ᠤᠨ ᠦᠵᠡᠯᠲᠡ ᠪᠠ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠦᠯᠦᠪᠵᠢᠭᠦᠯᠦᠨ᠂ ᠠᠶᠤᠯᠭᠦᠢ ᠦᠶᠯᠡᠳᠪᠦᠷᠢᠯᠡᠯ ᠤᠨ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠡᠯ᠎ᠡ ᠱᠠᠲᠤᠨ ᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠴᠢᠩᠭᠠᠳᠬᠠᠵᠤ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠶᠢ ᠭᠦᠨᠵᠡᠭᠡᠶᠢᠷᠡᠭᠦᠯᠦᠨ᠂ ᠠᠮᠤᠷ ᠲᠦᠪᠰᠢᠨ ᠤ ᠰᠠᠭᠤᠷᠢ ᠶᠢ ᠪᠠᠲᠤᠳᠬᠠᠵᠤ᠂ ᠭᠤᠤᠯᠳᠠᠯᠭ᠎ᠠ  ᠲᠠᠢ ᠬᠦᠷᠢᠶ᠎ᠡ ᠴᠠᠷᠠᠭ᠎ᠠ ᠪᠠ ᠳᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠣᠨᠣᠪᠴᠢᠲᠠᠶ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠢ ᠦᠢᠯᠡᠳᠪᠦᠷᠢᠯᠡᠯ ᠢ ᠬᠡᠷᠡᠭ ᠤᠨ ᠡᠮᠦᠨᠡᠬᠢ ᠤᠷᠢᠳᠴᠢᠯᠠᠨ ᠰᠡᠷᠭᠡᠶᠢᠯᠡᠬᠦ ᠲᠡᠶᠢᠰᠢ ᠬᠡᠯᠪᠡᠷᠢ  ᠪᠠᠨ ᠬᠤᠪᠢᠷᠠᠭᠤᠯᠬᠤ ᠶᠢ ᠠᠬᠢᠭᠤᠯᠤᠨ᠂ ᠬᠦᠨᠳᠦ ᠶᠡᠭᠡ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠪᠥᠬᠦ ᠵᠢᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃
             ᠯᠢ ᠰᠢᠶᠣᠤ ᠫᠧᠩ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠦᠪᠵᠢᠭᠦᠯᠵᠦ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ︽ᠬᠤᠶᠠᠷ ᠢ ᠳᠡᠭᠡᠳᠦᠯᠡᠬᠦ︾ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠠᠳᠡᠯ ᠤᠨ ᠢᠯᠡᠷᠡᠭᠦᠯᠦᠭᠰᠡᠨ ᠠᠰᠠᠭᠤᠳᠠᠯ ᠢ ᠤᠯᠠᠮ ᠨᠢᠭᠡ ᠠᠯᠬᠤᠮ ᠴᠡᠭᠴᠡᠯᠡᠨ ᠥᠭᠡᠷᠡᠴᠢᠯᠡᠵᠦ᠂ ᠭᠤᠣᠯᠳᠠᠯᠭ᠎ᠠ ᠲᠠᠢ ᠬᠦᠷᠢᠶᠡᠨ  ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠠᠶᠢᠪᠠ᠃ ᠭᠡᠪᠡᠴᠦ ᠣᠳᠣᠬᠠᠨ ᠤ ᠲᠤᠯᠭᠠᠷᠠᠵᠤ ᠪᠠᠶᠢᠭ᠎ᠠ ᠪᠠᠶᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠵᠤ᠂ ᠡᠨᠡ ᠵᠢᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠮᠠᠰᠢ ᠤᠯᠠᠨ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠢ᠃      ᠯᠢ ᠰᠢᠶᠣᠤ ᠫᠧᠩ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠪᠠ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠠᠶᠤᠯᠭᠦᠶ ᠦᠶᠯᠡᠳᠪᠦᠷᠢᠯᠡᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠨ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ᠂ ᠨᠢᠭᠡᠳᠦᠯᠲᠡᠶ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠦᠷᠭᠦᠯᠵᠢᠯᠡᠨ ᠪᠠᠲᠤᠯᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠰᠡᠷᠭᠡᠶᠢᠯᠡᠬᠦ ᠪᠠᠷ ᠭᠤᠣᠯ ᠪᠣᠯᠭᠠᠬᠤ ᠠᠵᠢᠯ ᠤᠨ ᠴᠢᠭᠯᠡᠯᠲᠡ ᠶᠢ ᠡᠷᠡᠰ ᠨᠠᠶᠢᠳᠠᠪᠤᠷᠢᠵᠢᠭᠤᠯᠤᠨ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠮᠤᠷ ᠲᠥᠪᠰᠢᠨ ᠢ ᠬᠥᠭᠵᠢᠭᠦᠯᠬᠦ ᠠᠵᠢᠯ ᠤᠨ ᠴᠢᠭᠯᠡᠯ ᠢ ᠪᠠᠲᠤ ᠡᠵᠡᠮᠳᠡᠵᠦ᠂ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠶ᠃
             ᠯᠢ ᠰᠢᠶᠤᠤ ᠫᠧᠩ ᠴᠢᠬᠤᠯᠠᠴᠢᠯᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠬᠤ ᠶᠢ ᠪᠦᠬᠦ ᠬᠦᠴᠦᠨ  ᠢᠶᠠᠷ ᠪᠠᠲᠤᠯᠠᠬᠤ ᠬᠡᠷᠡᠭᠲᠡᠢ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠬᠠᠮᠰᠠᠷ  ᠠᠴᠠ ᠪᠠᠨ ᠠᠮᠤᠷ ᠲᠦᠪᠰᠢᠨ ᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠪᠦᠬᠦ ᠶᠠᠪᠤᠴᠠ ᠡᠯ᠎ᠡ ᠲᠠᠯ᠎ᠠ  ᠳᠤ ᠲᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠬᠤᠶᠠᠷ  ᠲᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠪᠣᠭᠤᠮᠲᠠ ᠶᠢ ᠤᠷᠤᠭᠰᠢ ᠰᠢᠯᠵᠢᠭᠦᠯᠬᠦ ᠶᠢ ᠪᠠᠷᠢᠮᠲᠠᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠴᠢᠩᠭ᠎ᠠ ᠬᠠᠮᠢᠶᠠᠷᠤᠨ ᠡᠵᠡᠮᠳᠡᠵᠦ᠂ ᠪᠠᠶᠢᠳᠠᠯ ᠤᠨ ᠵᠠᠳᠠᠯᠤᠯᠲᠠ ᠮᠠᠭᠠᠳᠯᠠᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠢ ᠬᠡᠷᠡᠭ ᠤᠨ ᠡᠮᠦᠨᠡᠬᠢ ᠤᠷᠢᠳᠴᠢᠯᠠᠨ ᠰᠡᠷᠭᠡᠶᠢᠯᠡᠬᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠭᠦᠨᠵᠡᠭᠡᠢ ᠰᠤᠷᠭᠠᠮᠵᠢ ᠠᠪᠴᠤ᠂ ᠳᠤᠲᠠᠭᠤᠳᠠᠯ ᠢᠶᠠᠨ ᠨᠥᠬᠦᠪᠥᠷᠢᠯᠡᠨ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ︽ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠵᠠᠰᠠᠬᠤ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠲᠦᠷᠪᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ︽ᠠᠷᠬᠠᠭ ᠭᠡᠮ︾ ᠢ ᠡᠵᠡᠮᠳᠡᠵᠦ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠲᠠᠪᠤ ᠳᠤ᠂ ᠲᠤᠯᠭᠠᠭᠤᠷᠢᠯᠠᠬᠤ ᠪᠠᠲᠤᠯᠠᠭ᠎ᠠ ᠶᠢ ᠴᠢᠩᠭᠠᠳᠬᠠᠵᠤ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠲᠥᠬᠦᠭᠡᠷᠦᠮᠵᠢ ᠶᠢᠨ ᠪᠠᠭᠠᠵᠢ ᠶᠢᠨ ᠮᠥᠨ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠵᠦ᠂ ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠮᠤᠷ ᠲᠥᠪᠰᠢᠨ ᠢ ᠬᠥᠭᠵᠢᠭᠦᠯᠬᠦ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠵᠢᠷᠭᠤᠭ᠎ᠠ ᠳᠤ᠂ ᠤᠷᠢᠳᠴᠢᠯᠠᠨ ᠪᠠᠶᠢᠷᠢᠯᠠᠭᠤᠯᠵᠤ᠂ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠲᠡᠭᠡᠭᠡᠪᠦᠷᠢ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃      ᠶᠠᠮᠤᠨ ᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠴᠠ 2022 ᠣᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ 2023 ᠣᠨ ᠤ ᠠᠶᠤᠯᠭᠦᠶ ᠦᠶᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠬᠠᠷᠢᠭᠤ ᠮᠡᠳᠡᠭᠦᠯᠵᠦ᠂ ᠵᠢᠶᠠᠩᠰᠦ ᠮᠤᠵᠢ  ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠪᠸᠢ ᠮᠤᠵᠢ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠯᠢᠶᠣᠤᠨᠢᠩ ᠤᠨ ᠲᠡᠯᠡᠶ ᠶᠢᠨ ᠶᠠᠪᠤᠳᠠᠯ ᠤᠨ ᠲᠣᠪᠴᠢᠶ᠎ᠠ ᠰᠠᠨᠠᠯ ᠢᠶᠠᠨ ᠰᠣᠯᠢᠯᠴᠠᠬᠤ ᠶᠡᠷᠢᠶ᠎ᠡ ᠲᠠᠯᠪᠢᠪᠠ᠃      ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠽᠸᠤ ᠲᠢᠶᠠᠨ ᠵᠢᠩ᠂ ᠳᠡᠳ᠋ ᠰᠠᠶᠢᠳ ᠳ᠋ᠠᠶ ᠳ᠋ᠦᠩ ᠴᠠᠩ᠂ ᠰᠢᠤᠢ ᠴᠧᠩ ᠭᠤᠸᠠᠩ ᠬᠤᠷᠠᠯ ᠳᠤ ᠣᠷᠣᠯᠴᠠᠵᠤ᠂ ᠳᠡᠳ᠋ ᠰᠠᠶᠢᠳ ᠹᠦ᠋ ᠰᠢᠤᠢ ᠶᠢᠨ ᠬᠤᠷᠠᠯ ᠢ ᠡᠷᠭᠢᠯᠡᠪᠡ᠃ ᠶᠠᠮᠤᠨ ᠤ ᠶᠡᠷᠦᠩᠬᠡᠶ ᠢᠨᠵᠧᠨᠧᠷ ᠂ ᠶᠠᠮᠤᠨ ᠤ ᠳᠣᠲᠣᠭᠠᠳᠤ ᠶᠢᠨ ᠬᠠᠮᠢᠶ᠎ᠠ ᠪᠦᠬᠦᠢ ᠵᠤᠷᠭᠠᠨ ᠲᠣᠪᠴᠢᠶᠠᠨ ᠤ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ ᠡᠯ᠎ᠡ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠶᠠᠮᠤᠨ ᠳᠤ ᠬᠠᠷᠢᠶᠠᠯᠠᠭᠳᠠᠬᠤ ᠬᠤᠯᠪᠣᠭᠳᠠᠯ ᠪᠥᠬᠦᠶ ᠨᠢᠭᠡᠴᠢ᠂ ᠳᠤᠮᠳᠠᠳᠤ ᠤᠯᠤᠰ ᠤᠨ ᠳᠠᠯᠠᠶᠢᠴᠢᠨ ᠤ ᠪᠥᠲᠥᠭᠡᠨ ᠪᠠᠶᠢᠭᠤᠯᠤᠯᠲᠠ ᠶᠢᠨ ᠠᠵᠢᠯᠴᠢᠨ ᠤ ᠡᠪᠯᠡᠯ ᠵᠢᠴᠢ ᠬᠡᠰᠡᠭ ᠠᠵᠢᠯ ᠲᠥᠷᠥᠯ ᠤᠨ ᠲᠥᠪ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃      ᠵᠣᠬᠢᠶᠠᠭᠴᠢ᠄ ᠵᠤᠤ ᠫᠧᠩ ᠹᠸᠢ᠂ ᠰᠦᠨ ᠮᠧᠩ ᠶᠣᠣ
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号