内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠥᠬᠦ ᠣᠷᠣᠨ 9440 ᠲᠦᠮᠡᠨ ᠲᠥᠭᠦᠷᠢᠭ ᠨᠡᠪᠲᠡᠷᠡᠬᠦ ᠰᠦᠢᠳᠬᠡᠯ ᠢ ᠬᠡᠯᠲᠦᠷᠡᠭᠦᠯᠪᠡ
        ᠨᠡᠶᠢᠲᠡᠯᠡᠭᠰᠡᠨ ᠴᠠᠭ᠄
        2023/2/1
                    ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ 2023 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ ᠤᠨ 0 ᠴᠠᠭ ᠠᠴᠠ 2023 ᠣᠨ ᠤ 1 ᠳ᠋ᠦ᠋ᠭᠡᠷ ᠰᠠᠷ᠎ᠠ ᠶᠢᠨ 27 ᠤ ᠡᠳᠦᠷ ᠤᠨ 24 ᠴᠠᠭ ᠪᠣᠯᠲᠠᠯ᠎ᠠ᠂ ᠪᠥᠬᠦ ᠣᠷᠣᠨ ᠤ ᠰᠦᠢᠳᠬᠡᠯ ᠬᠤᠷᠢᠶᠠᠬᠤ ᠵᠠᠰᠠᠮᠠᠯ ᠵᠠᠮ 366 ᠲᠦᠮᠡᠨ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠠᠴᠠ ᠨᠡᠪᠲᠡᠷᠡᠬᠦ ᠰᠦᠢᠳᠭᠡᠯ ᠢ ᠦᠯᠦ ᠬᠤᠷᠢᠶᠠᠵᠤ᠂  9440 ᠲᠦᠮᠡᠨ ᠲᠥᠭᠦᠷᠢᠭ ᠤᠨ ᠨᠡᠪᠲᠡᠷᠡᠬᠦ ᠰᠦᠢᠳᠬᠡᠯ ᠢ ᠬᠡᠯᠲᠦᠷᠡᠭᠦᠯᠪᠡ᠃ ᠡᠭᠦᠨ ᠳᠤ ᠳᠡᠭᠡᠳᠦ ᠬᠤᠷᠳᠤ ᠶᠢᠨ ᠵᠠᠰᠠᠮᠠᠯ ᠵᠠᠮ 207 ᠲᠦᠮᠡᠨ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠠᠴᠠ ᠨᠡᠪᠲᠡᠷᠡᠬᠦ ᠰᠦᠢᠳᠬᠡᠯ ᠦᠯᠦ ᠬᠤᠷᠢᠶᠠᠵᠤ᠂ 7047 ᠲᠦᠮᠡᠨ ᠲᠥᠭᠦᠷᠢᠭ ᠤᠨ ᠨᠡᠪᠲᠡᠷᠡᠬᠦ ᠰᠦᠢᠳᠬᠡᠯ ᠢ ᠬᠡᠯᠲᠦᠷᠡᠭᠦᠯᠪᠡ︔ ᠡᠩ ᠤᠨ ᠵᠠᠰᠠᠮᠠᠯ ᠵᠠᠮ 159 ᠲᠦᠮᠡᠨ ᠵᠢᠵᠢᠭ ᠠᠶᠠᠨᠴᠢᠳ ᠤᠨ ᠮᠠᠰᠢᠨ ᠠᠴᠠ ᠨᠡᠪᠲᠡᠷᠡᠬᠦ ᠰᠦᠢᠳᠭᠡᠯ ᠦᠯᠦ ᠬᠤᠷᠢᠶᠠᠵᠤ᠂  2393 ᠲᠦᠮᠡᠨ ᠲᠥᠭᠦᠷᠢᠭ ᠤᠨ ᠨᠡᠪᠲᠡᠷᠡᠬᠦ ᠰᠦᠢᠳᠬᠡᠯ ᠢ ᠬᠡᠯᠲᠦᠷᠡᠭᠦᠯᠪᠡ᠃      ᠡᠨᠡ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠶᠢᠨ ᠬᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠠᠷᠠᠳ ᠣᠯᠠᠨ ᠤ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠪᠠᠷ ᠶᠠᠪᠤᠵᠤ ᠰᠠᠭᠤᠬᠤ ᠶᠢ ᠪᠥᠬᠦ ᠬᠦᠴᠦᠨ ᠢᠶᠠᠷ ᠢᠶᠠᠨ   ᠪᠠᠲᠤᠯᠠᠪᠠ᠃ ᠨᠢᠭᠡ ᠳᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠰᠦᠢᠳᠬᠡᠯ ᠬᠤᠷᠢᠶᠠᠬᠤ ᠥᠷᠲᠡᠭᠡ ᠵᠢᠴᠢ ᠠᠷᠠᠴᠢᠯᠠᠨ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠠᠳᠡᠯ ᠤᠨ ᠠᠪᠤᠷᠠᠨ ᠲᠤᠰᠠᠯᠠᠬᠤ᠂ ᠵᠠᠮ ᠬᠠᠷᠢᠯᠴᠠᠭᠠᠨ ᠤ ᠲᠦᠭᠵᠢᠷᠡᠯ ᠢ ᠵᠠᠯᠠᠵᠤ ᠵᠢᠯᠤᠭᠤᠳᠬᠤ ᠵᠡᠷᠭᠡ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠶᠠᠪᠤᠵᠤ ᠰᠠᠭᠤᠬᠤ ᠶᠢᠨ ᠠᠮᠤᠷ ᠲᠦᠪᠰᠢᠨ ᠢ ᠦᠨᠡᠨ ᠬᠦ  ᠪᠠᠲᠤᠯᠠᠪᠠ᠃ ᠬᠤᠶᠠᠷ ᠲᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ︾ ᠶᠣᠰᠣᠭᠠᠷ᠂ ᠵᠢᠵᠢᠭᠦᠷᠯᠡᠨ ᠰᠠᠬᠢᠬᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠨᠡᠳᠲᠡ ᠶᠢᠨ ᠬᠡᠷᠡᠭ ᠢ ᠴᠠᠭ ᠲᠤᠬᠠᠢ ᠳᠤ ᠨᠢ ᠲᠣᠬᠢᠲᠠᠢ ᠰᠢᠢᠳᠪᠦᠷᠢᠯᠡᠬᠦ᠂ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠤᠨ ᠳᠣᠷᠤᠭᠰᠢ ᠪᠠᠭᠤᠯᠭᠠᠬᠤ ᠠᠷᠭ᠎ᠠ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠪᠠ᠃ ᠭᠤᠷᠪᠠ ᠳᠤ᠂ ︽12122︾ ᠦᠢᠯᠡᠴᠢᠯᠡᠭᠡᠨ ᠤ ᠬᠠᠯᠠᠭᠤᠨ ᠤᠲᠠᠰᠤ ᠪᠠ ᠸᠢᠴᠠᠲ ᠤᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ 24 ᠴᠠᠭ ᠢᠶᠠᠷ ᠰᠦᠯᠵᠢᠶᠡᠨ ᠳᠡᠭᠡᠷ᠎ᠡ ᠦᠢᠯᠡᠴᠢᠯᠡᠵᠦ᠂ ᠣᠯᠠᠨ ᠲᠦᠮᠡᠨ ᠳᠤ ᠵᠠᠮ ᠤᠨ ᠪᠠᠶᠢᠳᠠᠯ ᠤᠨ ᠯᠠᠪᠯᠠᠭ᠎ᠠ ᠵᠡᠷᠭᠡ ᠳᠥᠭᠦᠮ ᠳᠥᠲᠡ ᠦᠢᠯᠡᠴᠢᠯᠡᠭᠡ ᠶᠢ ᠴᠠᠭ ᠲᠤᠬᠠᠢ ᠳᠤ ᠨᠢ ᠬᠠᠩᠭᠠᠪᠠ᠃  ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ︶
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号