内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠶᠢᠨ ᠠᠷᠪᠠᠨ ᠬᠤᠶᠠᠳᠤᠭᠠᠷ ᠰᠠᠯᠪᠤᠷᠢ ᠠᠩᠭᠢ ᠶᠢᠨ ᠨᠢᠭᠡᠳᠦᠭᠡᠷ ᠶᠡᠭᠡ ᠠᠩᠭᠢ ᠨᠢ ᠲᠣᠮᠣ ᠵᠦᠶᠯ ᠤᠨ ᠲᠡᠭᠡᠭᠡᠪᠦᠷᠢ ᠶᠢᠨ ᠵᠥᠪᠰᠢᠶᠡᠷᠡᠯ ᠤᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠪᠡ
        ᠨᠡᠶᠢᠲᠡᠯᠡᠭᠰᠡᠨ ᠴᠠᠭ᠄
        2023/2/7
             ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠶᠢᠨ ᠠᠷᠪᠠᠨ ᠬᠤᠶᠠᠳᠤᠭᠠᠷ ᠰᠠᠯᠪᠤᠷᠢ ᠠᠩᠭᠢ ᠶᠢᠨ ᠨᠢᠭᠡᠳᠦᠭᠡᠷ ᠶᠡᠭᠡ ᠠᠩᠭᠢ ᠨᠢ ᠲᠣᠮᠣ ᠵᠦᠶᠯ ᠤᠨ ᠲᠡᠭᠡᠭᠡᠪᠦᠷᠢ ᠶᠢᠨ ᠵᠥᠪᠰᠢᠶᠡᠷᠡᠯ ᠤᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠪᠠᠷᠠᠭᠠᠨ ᠤ ᠲᠡᠷᠭᠡ ᠶᠢᠨ ᠬᠡᠮᠵᠢᠶ᠎ᠡ ᠠᠴᠠ ᠬᠡᠲᠦᠷᠡᠭᠦᠯᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠠᠴᠠ ᠪᠣᠯᠤᠭᠰᠠᠨ ᠵᠠᠮ ᠬᠠᠷᠢᠯᠴᠠᠭᠠᠨ ᠤ ᠠᠳᠡᠯ ᠢ ᠪᠦᠲᠦᠮᠵᠢᠲᠡᠶ ᠤᠷᠢᠳᠴᠢᠯᠠᠨ ᠰᠡᠷᠭᠡᠶᠢᠯᠡᠪᠡ᠃
             ᠠᠵᠢᠯᠯᠠᠭ᠎ᠠ ᠳᠤᠮᠳᠠ᠂ ᠲᠣᠰ ᠶᠡᠭᠡ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠳ ︽ᠬᠡᠮᠵᠢᠶ᠎ᠡ ᠠᠴᠠ ᠬᠡᠲᠦᠷᠡᠭᠦᠯᠦᠭᠰᠡᠨ ᠲᠡᠷᠭᠡ ᠬᠥᠰᠬᠡ ᠶᠢᠨ ᠵᠠᠰᠠᠮᠠᠯ ᠵᠠᠮ ᠢᠶᠠᠷ ᠶᠠᠪᠤᠬᠤ ᠬᠠᠮᠢᠶᠠᠷᠤᠯᠲᠠ ᠶᠢᠨ ᠲᠣᠭᠲᠠᠭᠠᠯ︾ ᠢ ᠴᠢᠩᠭ᠎ᠠ ᠵᠢᠷᠤᠮᠯᠠᠨ᠂ ᠬᠠᠮᠤᠭ ᠤᠨ ᠲᠡᠷᠢᠭᠦᠨ ᠳᠤ ᠲᠣᠮᠣ ᠵᠦᠢᠯ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠡᠬᠢᠯᠡᠵᠦ ᠲᠡᠭᠡᠭᠡᠪᠦᠷᠢᠯᠡᠬᠦ ᠭᠠᠵᠠᠷ ᠲᠤ᠂ ᠰᠦᠯᠵᠢᠶᠡᠨ ᠳᠡᠭᠡᠷ᠎ᠡ ᠭᠤᠶᠤᠴᠢᠯᠠᠬᠤ ᠮᠠᠲ᠋ᠧᠷᠢᠶᠠᠯ ᠢ ᠦᠨᠳᠦᠰᠦᠯᠡᠨ᠂ ᠲᠡᠭᠡᠭᠡᠪᠦᠷᠢ  ᠶᠢᠨ ᠡᠳ᠋ ᠪᠣᠳᠠᠰ᠂ ᠲᠡᠭᠡᠭᠡᠪᠦᠷᠢ ᠶᠢᠨ ᠲᠡᠷᠭᠡ ᠬᠥᠰᠬᠡ᠂ ᠶᠠᠪᠤᠬᠤ ᠵᠠᠮ ᠱᠤᠭᠤᠮ ᠵᠡᠷᠭᠡ ᠪᠠᠶᠢᠳᠠᠯ ᠳᠤ ᠲᠤᠬᠠᠶ ᠶᠢᠨ ᠲᠠᠯᠠᠪᠠᠶ ᠳᠤ ᠨᠢ ᠬᠠᠶᠢᠨ ᠪᠠᠶᠢᠴᠠᠭᠠᠯᠲᠠ ᠬᠢᠵᠦ᠂ ᠬᠠᠶᠢᠨ ᠪᠠᠶᠢᠴᠠᠭᠠᠯᠲᠠ ᠶᠢᠨ ᠪᠠᠷᠠᠭᠠᠨ ᠤ ᠲᠡᠷᠭᠡ ᠶᠢᠨ ᠪᠠᠶᠢᠳᠠᠯ ᠨᠢ ᠭᠤᠶᠤᠴᠢᠯᠠᠬᠤ ᠮᠠᠲ᠋ᠧᠷᠢᠶᠠᠯ ᠲᠠᠢ ᠨᠢᠭᠡᠳᠦᠯᠲᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ᠂ ᠲᠤᠬᠠᠶ ᠶᠢᠨ ᠲᠠᠯᠠᠪᠠᠶ ᠳᠤ ᠰᠡᠭᠦᠳᠡᠷᠯᠡᠬᠦ᠂ ᠬᠠᠷᠠᠭᠠᠨ ᠳᠠᠪᠲᠠᠮᠵᠢ ᠪᠠᠷ ᠭᠡᠷᠡᠴᠢ ᠠᠪᠬᠤ ᠲᠡᠮᠳᠡᠭᠯᠡᠯ ᠢ ᠰᠠᠶᠢᠲᠤᠷ ᠬᠢᠵᠦ᠂ ᠲᠣᠮᠣ ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ ᠢ ᠬᠢᠨᠠᠨ ᠵᠥᠪᠰᠢᠶᠡᠷᠡᠬᠦ ︽ᠨᠢᠭᠡᠳᠦᠭᠡᠷ ᠪᠣᠭᠤᠮᠲᠠ︾ ᠶᠢ ᠦᠨᠡᠨ ᠬᠦ ᠰᠠᠶᠢᠲᠤᠷ ᠠᠳᠬᠤᠪᠠ᠃      ᠲᠣᠰ ᠶᠡᠭᠡ ᠠᠩᠭᠢ ᠨᠢ ᠲᠣᠮᠣ ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ ᠢ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠳᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠲᠣᠮᠣ ᠵᠦᠢᠯ ᠤᠨ ᠲᠡᠭᠡᠭᠡᠪᠦᠷᠢ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠤᠬᠠᠶ᠂ ᠲᠤᠬᠠᠶ ᠶᠢᠨ ᠲᠠᠯᠠᠪᠠᠶ ᠳᠤ ᠲᠠᠶᠢᠯᠤᠮᠵᠢ ᠬᠢᠵᠦ᠂ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠶᠢ ᠬᠥᠲᠥᠯᠦᠨ ᠵᠢᠯᠣᠭᠤᠳᠴᠤ ᠪᠠᠶᠢᠭᠠᠳ ᠵᠢᠷᠤᠮᠵᠢᠭᠰᠠᠨ ᠲᠡᠭᠡᠭᠡᠪᠦᠷᠢ ᠬᠢᠯᠭᠡᠪᠡ᠃ ᠡᠭᠦᠨ ᠤ ᠬᠠᠮᠲᠤ ᠠᠰᠠᠭᠤᠯᠲᠠ ᠶᠢᠨ ᠬᠠᠭᠤᠳᠠᠰᠤ  ᠪᠠᠷ ᠪᠠᠶᠢᠴᠠᠭᠠᠬᠤ ᠬᠡᠯᠪᠡᠷᠢ ᠪᠠᠷ ᠳᠠᠮᠵᠢᠭᠤᠯᠤᠨ᠂ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠠᠴᠠ ᠲᠣᠮᠤ ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠣᠯᠠᠨ ᠲᠦᠮᠡᠨ ᠳᠤ ᠦᠶᠯᠡᠴᠢᠯᠡᠬᠦ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠦᠶᠯᠡᠴᠢᠯᠡᠭᠡᠨ ᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ
             ᠲᠠᠷᠠᠭᠠᠴᠢ ᠶᠢᠨ ᠠᠯᠬᠤᠮ ᠳᠤ᠂ ᠲᠣᠰ ᠶᠡᠭᠡ ᠠᠩᠭᠢ ᠨᠢ ᠦᠶᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠦᠶᠯᠡᠴᠢᠯᠡᠭᠡᠨ ᠤ ᠲᠣᠭᠲᠠᠴᠠ ᠪᠠᠨ ᠪᠦᠷᠢᠨᠰᠢᠭᠦᠯᠵᠦ᠂ ᠦᠶᠯᠡᠴᠢᠯᠡᠭᠡᠨ ᠤ ᠴᠢᠳᠠᠪᠤᠷᠢ  ᠪᠠᠨ ᠳᠡᠭᠡᠭᠰᠢᠯᠡᠭᠦᠯᠵᠦ᠂ ᠦᠶᠯᠡᠴᠢᠯᠡᠭᠡᠨ ᠤ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠲᠣᠮᠣ ᠵᠦᠶᠯ ᠤᠨ ᠲᠡᠭᠡᠭᠡᠪᠦᠷᠢ ᠶᠢᠨ ᠵᠥᠪᠰᠢᠶᠡᠷᠡᠯ ᠤᠨ ᠦᠶᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠦᠶᠯᠡᠴᠢᠯᠡᠭᠡᠨ ᠤ ᠣᠷᠴᠢᠨ ᠨᠥᠬᠦᠴᠡᠯ ᠢ ᠦᠨᠡᠨ ᠬᠦ ᠰᠢᠯᠢᠳᠡᠭᠵᠢᠭᠦᠯᠬᠦ ᠪᠣᠯᠤᠨ᠎ᠠ᠃
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号