内蒙古自治区农牧厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠲᠦᠮᠦᠰᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ ᠤᠨ ᠲᠤᠬᠠᠢ ᠲᠣᠪᠴᠢ ᠲᠤᠳᠤᠷᠬᠠᠢ ᠠᠰᠠᠭᠤᠯᠲᠠ ᠬᠠᠷᠢᠭᠤᠯᠲᠠ
        ᠨᠡᠶᠢᠲᠡᠯᠡᠭᠰᠡᠨ ᠴᠠᠭ᠄
        2020/11/20
             ᠠᠰᠠᠭᠤᠯᠲᠠ᠄ ᠲᠤᠭᠤᠷᠪᠢᠭᠰᠠᠨ ᠠᠬᠤᠢ ᠪᠠᠶᠢᠳᠠᠯ ᠨᠢ ᠶᠠᠮᠠᠷ ᠪᠣᠶ︖      ᠬᠠᠷᠢᠭᠤᠯᠲᠠ᠄ ᠲᠥᠮᠥᠰᠥ ᠪᠣᠯ ᠮᠠᠨ ᠤ ᠣᠷᠣᠨ ᠤ ᠳᠥᠷᠪᠡᠳᠦᠭᠡᠷ ᠲᠣᠮᠣ ᠠᠮᠤ ᠪᠤᠳᠠᠭᠠᠨ ᠤ ᠲᠠᠷᠢᠮᠠᠯ ᠪᠣᠯᠤᠨ᠎ᠠ᠂ 2019 ᠣᠨ ᠤ ᠲᠥᠮᠥᠰᠥ ᠲᠠᠷᠢᠭᠰᠠᠨ ᠲᠠᠯᠠᠪᠠᠶ 29.74 ᠲᠦᠮᠡᠨ ᠾᠧᠺᠲ᠋ᠠᠷ ᠲᠤ ᠬᠦᠷᠴᠦ᠂ ᠤᠨᠠᠯᠲᠠ ᠨᠢ 137.77 ᠲᠦᠮᠡᠨ ᠲᠣᠨ ᠳᠤ ᠬᠦᠷᠴᠡᠢ᠂ ᠡᠨᠡ ᠨᠢ ᠮᠠᠨ ᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ᠂ ᠪᠦᠲᠦᠴᠡ ᠶᠢᠨ ᠲᠣᠬᠢᠷᠠᠭᠤᠯᠤᠯᠲᠠ᠂ ᠭᠠᠮᠰᠢᠭ ᠢ ᠡᠰᠡᠷᠭᠦᠴᠡᠵᠦ ᠭᠠᠮᠰᠢᠭ ᠢ ᠪᠠᠭᠠᠰᠬᠠᠬᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ 2019 ᠣᠨ ᠤ 2 ᠰᠠᠷ᠎ᠠ ᠳᠤ᠂ ᠶᠡᠷᠦᠩᠬᠡᠶ ᠰᠠᠶᠢᠳ ᠯᠢ ᠺᠧ ᠴᠢᠶᠠᠩ ᠮᠠᠨ ᠤ ᠣᠷᠣᠨ ᠤ ᠤᠯᠠᠭᠠᠨᠴᠠᠪ ᠬᠤᠲᠠ ᠳᠤ ᠪᠠᠶᠢᠴᠠᠭᠠᠨ ᠰᠤᠳᠤᠯᠵᠤ ᠰᠢᠨᠵᠢᠯᠡᠨ ᠪᠠᠶᠢᠴᠠᠭᠠᠬᠤ ᠳᠤ ᠪᠠᠨ ᠵᠢᠭᠠᠵᠤ ᠭᠠᠷᠭᠠᠭᠰᠠᠨ ᠨᠢ᠄ ︽ᠲᠥᠮᠥᠰᠥ ᠶᠢ ᠭᠤᠤᠯ ᠠᠮᠤ ᠪᠤᠳᠠᠭ᠎ᠠ ᠪᠣᠯᠭᠠᠬᠤ ᠨᠢ ᠠᠯᠤᠰ ᠶᠡᠭᠡ ᠢᠷᠡᠭᠡᠳᠦᠶ ᠲᠠᠢ ᠶᠤᠮ᠂ ᠮᠠᠨ ᠤ ᠤᠯᠤᠰ ᠤᠨ ︿ᠬᠠᠳᠤᠭᠤᠷ ᠤᠨ ᠨᠤᠭᠤᠯᠤᠭ᠎ᠠ﹀ ᠭᠠᠵᠠᠷ ᠣᠷᠣᠨ ᠲᠠᠢ ᠤᠶᠠᠯᠳᠤᠭᠤᠯᠤᠨ ᠡᠷᠳᠡᠨᠢ ᠰᠢᠰᠢ ᠶᠢᠨ ᠲᠠᠯᠠᠪᠠᠢ ᠶᠢ ᠳᠣᠭᠢᠷᠠᠭᠤᠯᠤᠨ ᠬᠠᠰᠤᠵᠤ᠂ ᠲᠠᠷᠢᠶᠠᠴᠢᠳ ᠤᠨ ᠶᠠᠰᠤ ᠴᠢᠨᠠᠷ ᠢᠶᠠᠷ ᠰᠠᠶᠢᠨ᠂ ᠳᠠᠪᠠᠭᠤᠯᠢᠭ ᠲᠠᠯ᠎ᠠ ᠲᠠᠢ ᠲᠥᠮᠥᠰᠥ ᠲᠠᠷᠢᠬᠤ ᠪᠠᠨ ᠥᠷᠭᠡᠳᠬᠡᠬᠦ ᠶᠢ ᠰᠤᠳᠤᠯᠤᠨ ᠳᠠᠮᠵᠢᠵᠤ᠂ ᠲᠤᠮᠤ ᠠᠵᠤ ᠦᠢᠯᠡᠰ ᠪᠣᠯᠭᠠᠨ ᠬᠦᠭᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ︾ ᠭᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠦᠮᠦᠰᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ ᠢᠯᠠᠯᠲᠠ ᠶᠢ ᠲᠡᠮᠡᠴᠡᠨ ᠤᠯᠬᠤ ᠪᠠ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠲᠦᠮᠦᠰᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 35 ᠳ᠋ᠤᠭᠠᠷ ᠲᠣᠭᠠᠲᠤ︶ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃      ᠠᠰᠠᠭᠤᠯᠲᠠ᠄ ︽ᠰᠠᠨᠠᠯ︾ ᠤᠨ ᠶᠡᠷᠦᠩᠬᠡᠶ ᠱᠠᠭᠠᠷᠳᠠᠯᠭ᠎ᠠ ᠨᠢ ᠶᠠᠭᠤ ᠪᠣᠶ︖      ᠬᠠᠷᠢᠭᠤᠯᠲᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠡᠩ ᠲᠡᠷᠢᠭᠦᠨ ᠳᠤ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠠᠵᠤ ᠦᠢᠯᠡᠰ ᠤᠨ ᠪᠠᠶᠢᠷᠢᠰᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠥᠮᠥᠰᠥ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠲᠤᠰᠬᠠᠶᠢᠵᠢᠭᠰᠠᠨ ᠪᠠ ᠬᠡᠪᠴᠢᠶᠡᠵᠢᠭᠰᠡᠨ ᠠᠵᠤ ᠦᠢᠯᠡᠰ ᠤᠨ ᠪᠦᠯᠦᠭᠵᠢᠯ ᠢ ᠪᠤᠢ ᠪᠣᠯᠭᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠨᠡᠮᠡᠭᠳᠡᠭᠦᠯᠵᠦ᠂ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠣᠳᠠᠰ ᠤᠨ ᠲᠤᠨᠤᠭ ᠲᠦᠬᠦᠷᠦᠮᠵᠢ ᠶᠢ ᠰᠠᠶᠢᠵᠢᠷᠠᠭᠤᠯᠵᠤ᠂ ᠲᠥᠮᠥᠰᠥ ᠶᠢᠨ ᠠᠵᠤ ᠦᠢᠯᠡᠰ ᠤᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠮᠧᠬᠠᠨᠢᠭᠵᠢᠭᠰᠠᠨ᠂ ᠨᠡᠷᠡᠲᠦ ᠲᠡᠮᠳᠡᠭᠵᠢᠭᠰᠡᠨ᠂ ᠮᠡᠳᠡᠭᠡ ᠵᠠᠩᠬᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠵᠦ ᠪᠠᠶᠠᠵᠢᠬᠤ ᠶᠢ ᠨᠢ ᠳᠠᠶᠢᠴᠢᠯᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠦᠬᠦ ᠤᠯᠤᠰ ᠲᠤ ᠠᠯᠳᠠᠷᠰᠢᠭᠰᠠᠨ ᠴᠢᠨᠠᠷ ᠰᠠᠶᠢᠲᠠᠢ ᠪᠦᠭᠡᠳ ᠬᠤᠤᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠪᠣᠬᠢᠷᠲᠤᠯ ᠦᠭᠡᠶ ᠰᠣᠷᠭᠤᠭ ᠢᠳᠡᠭᠡᠨ ᠤ ᠲᠥᠮᠥᠰᠥ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠲᠥᠮᠥᠰᠥ ᠶᠢ ᠨᠠᠷᠢᠯᠢᠭ ᠭᠦᠨ   ᠡᠳ᠋ᠰᠢᠯᠡᠭᠦᠯᠦᠨ ᠪᠣᠯᠪᠠᠰᠤᠷᠠᠭᠤᠯᠬᠤ ᠪᠠ ᠪᠦᠲᠦᠭᠡᠭᠳᠡᠬᠦᠨ ᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠳ ᠢ ᠪᠠᠶᠢᠭᠤᠯᠤᠨ᠂ ᠮᠠᠨ ᠤ ᠣᠷᠣᠨ ᠤ ᠲᠥᠮᠥᠰᠥ ᠶᠢᠨ ᠳᠠᠪᠠᠭᠤᠯᠢᠭ ᠭᠠᠷᠤᠯᠲᠠ ᠶᠢᠨ ᠣᠷᠣᠨ ᠤ ᠭᠤᠤᠯᠯᠠᠬᠤ ᠪᠠᠶᠢᠷᠢ ᠰᠠᠭᠤᠷᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃      ᠠᠰᠠᠭᠤᠯᠲᠠ᠄ ︽ᠰᠠᠨᠠᠯ︾ ᠤᠨ ᠠᠵᠢᠯ ᠤᠨ ᠬᠠᠷᠠᠯᠲᠠ︖      ᠬᠠᠷᠢᠭᠤᠯᠲᠠ᠄ 2025 ᠣᠨ ᠪᠣᠯᠬᠤ ᠳᠤ ᠳᠠᠷᠢᠬᠤ ᠲᠠᠯᠠᠪᠠᠶ ᠶᠢ 800 ᠲᠦᠮᠡᠨ ᠮᠥ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ      ᠠᠩᠬ᠎ᠠ ᠡᠳ᠋ᠰᠢᠯᠡᠭᠦᠯᠦᠨ ᠪᠣᠯᠪᠠᠰᠤᠷᠠᠭᠤᠯᠬᠤ ᠪᠠ ᠨᠠᠷᠢᠯᠢᠭ ᠭᠦᠨ ᠪᠣᠯᠪᠠᠰᠤᠷᠠᠭᠤᠯᠵᠤ ᠤᠯᠠᠷᠢᠭᠤᠯᠬᠤ ᠨᠣᠷᠮ᠎ᠠ ᠶᠢ 60% ᠣᠷᠴᠢᠮ ᠳᠤ ᠬᠦᠷᠦᠭᠦᠯᠦᠨ᠎ᠡ      ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠭᠳᠡᠭᠦᠨ ᠤ ᠥᠷᠲᠡᠭ ᠢ 230 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ      ᠬᠤᠤᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠶᠢᠨ ᠲᠦᠭᠡᠮᠡᠯᠵᠢᠭᠦᠯᠬᠦ  ᠨᠣᠷᠮ᠎ᠠ ᠶᠢ 92% ᠲᠤ ᠬᠦᠷᠦᠭᠦᠯᠦᠨ᠎ᠡ      ᠠᠯᠳᠠᠷᠰᠢᠭᠰᠠᠨ ᠲᠥᠮᠥᠰᠥ ᠶᠢᠨ ᠲᠠᠸᠠᠷ᠂ ᠲᠥᠮᠥᠰᠥ ᠶᠢᠨ ᠨᠠᠷᠠᠲᠤ ᠲᠡᠮᠳᠡᠭ ᠢ 5 ᠣᠷᠴᠢᠮ ᠪᠣᠶ ᠪᠣᠯᠭᠠᠨ᠎ᠠ      ᠪᠦᠬᠦ ᠤᠯᠤᠰ ᠲᠤ ᠠᠯᠳᠠᠷᠰᠢᠭᠰᠠᠨ ᠲᠦᠮᠦᠰᠦ ᠦᠢᠯᠡᠳᠪᠦᠷᠢᠯᠡᠬᠦ᠂ ᠰᠢᠨ᠎ᠡ ᠶᠢ ᠡᠭᠦᠳᠬᠦ᠂ ᠭᠦᠢᠯᠭᠡᠭᠡ ᠶᠢᠨ ᠰᠠᠭᠤᠷᠢᠨ ᠭᠠᠵᠠᠷ ᠢ ᠪᠠᠶᠢᠭᠤᠯᠤᠨ᠎ᠠ      ᠠᠰᠠᠭᠤᠯᠲᠠ᠄ ︽ᠰᠠᠨᠠᠯ︾ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ︖      ᠬᠠᠷᠢᠭᠤᠯᠲᠠ᠄ ᠨᠢᠭᠡ ᠳᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ      ᠳᠠᠪᠠᠭᠤᠯᠢᠭ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠥᠮᠥᠰᠥᠨ ᠤ ᠠᠵᠤ ᠦᠢᠯᠡᠰ ᠤᠨ ᠣᠷᠣᠨ ᠪᠦᠰᠡ ᠶᠢᠨ ᠪᠠᠶᠢᠷᠢᠰᠢᠯ ᠢ ᠲᠣᠬᠢᠷᠠᠭᠤᠯᠤᠨ ᠰᠢᠯᠢᠳᠡᠭᠵᠢᠭᠦᠯᠵᠦ᠂ ᠳᠠᠪᠠᠭᠤᠯᠢᠭ ᠣᠷᠣᠨ ᠪᠦᠰᠡ ᠶᠢᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃    ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠬᠦᠯᠵᠦ᠂ ᠦᠷ᠎ᠡ ᠶᠢᠨ ᠲᠦᠮᠦᠰᠦ ᠪᠣᠶᠢᠵᠢᠭᠤᠯᠬᠤ ᠶᠢ ᠴᠢᠩᠭᠠᠳᠬᠠᠵᠤ᠂ ᠰᠢᠨ᠎ᠡ ᠰᠣᠷᠭᠤᠭ ᠢᠳᠡᠭᠡᠨ ᠤ ᠲᠥᠮᠥᠰᠥ ᠶᠢ ᠰᠢᠯᠢᠳᠡᠭᠵᠢᠭᠦᠯᠦᠨ᠂ ᠨᠠᠷᠢᠯᠢᠭ ᠪᠣᠯᠪᠠᠰᠤᠷᠠᠭᠤᠯᠬᠤ ᠲᠤᠰᠬᠠᠢ ᠬᠡᠷᠡᠭᠯᠡᠭᠡᠨ ᠤ ᠲᠥᠮᠥᠰᠥ ᠦᠢᠯᠡᠳᠪᠦᠷᠢᠯᠡᠨ᠎ᠡ᠃      ᠬᠤᠶᠠᠷ ᠲᠤ ᠦᠷ᠎ᠡ ᠶᠢᠨ ᠲᠦᠮᠦᠰᠦ ᠶᠢᠨ ᠠᠵᠤ ᠦᠢᠯᠡᠰ ᠢ ᠬᠦᠴᠦᠷᠬᠡᠭᠵᠢᠭᠦᠯᠦᠨ᠎ᠡ      ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠵᠤ ᠰᠢᠨ᠎ᠡ ᠶᠢ ᠡᠭᠦᠳᠬᠦ ᠶᠢ ᠲᠦᠷᠭᠡᠳᠬᠡᠨ᠎ᠡ᠃ ᠰᠢᠨ᠎ᠡ ᠡᠭᠦᠯᠳᠡᠷ ᠤᠨ ᠬᠤᠯᠪᠤᠭᠠᠯᠠᠨ ᠪᠣᠭᠤᠮᠲᠠ ᠰᠢᠪᠲᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠨ ᠤ ᠤᠷᠤᠨ ᠤ ᠦᠢᠯᠡᠳᠪᠦᠷᠢᠯᠡᠯ ᠤᠨ ᠨᠥᠬᠦᠴᠡᠯ ᠪᠣᠯᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ ᠴᠢᠨᠠᠷ ᠰᠠᠶᠢᠲᠠᠶ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠶᠢ ᠲᠦᠷᠭᠡᠳᠬᠡᠨ᠎ᠡ᠃      ᠦᠷ᠎ᠡ ᠶᠢᠨ ᠲᠥᠮᠥᠰᠥ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠰᠠᠶᠢᠨ ᠡᠭᠦᠯᠳᠡᠷ ᠤᠨ ᠲᠦᠮᠦᠰᠦ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠢ ᠵᠣᠬᠢᠶᠠᠨ ᠪᠠᠶᠢᠭᠤᠯᠤᠨ ᠠᠬᠢᠭᠤᠯᠵᠤ᠂ ᠤᠯᠤᠰ ᠠᠴᠠ ᠨᠠᠩ ᠣᠯᠠᠨ ᠰᠠᠶᠢᠨ ᠡᠭᠦᠯᠳᠡᠷ ᠤᠨ ᠲᠦᠮᠦᠰᠦ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠲᠦᠷᠦᠯ ᠵᠦᠢᠯ ᠢ ᠭᠤᠶᠤᠴᠢᠯᠠᠨ᠂ ᠦᠷ᠎ᠡ ᠶᠢᠨ ᠲᠥᠮᠥᠰᠥ ᠶᠢᠨ ᠰᠠᠭᠤᠷᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ ᠶᠢᠨ ᠣᠷᠣᠬᠤ ᠶᠢ ᠵᠥᠪᠰᠢᠶᠡᠷᠡᠬᠦ ᠳᠦᠷᠢᠮ ᠢ ᠪᠠᠶᠢᠭᠤᠯᠤᠨ᠎ᠠ᠃      ᠦᠷ᠎ᠡ ᠶᠢᠨ ᠲᠦᠮᠦᠰᠦ ᠶᠢᠨ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠨᠢ ᠲᠡᠳᠬᠦᠨ ᠲᠡᠮᠵᠢᠨ᠎ᠡ᠃ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠦᠷ᠎ᠡ ᠶᠢᠨ ᠲᠥᠮᠥᠰᠥ ᠶᠢᠨ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠨᠢ ᠭᠤᠤᠯᠳᠠᠯᠭ᠎ᠠ ᠲᠠᠢ ᠲᠡᠳᠭᠦᠵᠦ᠂ ᠦᠷ᠎ᠡ ᠶᠢᠨ ᠲᠥᠮᠥᠰᠥᠨ ᠤ ᠠᠵᠤ ᠠᠬᠤᠶᠢᠯᠠᠯ ᠤᠨ ᠨᠠᠶᠢᠯᠡᠨ ᠲᠠᠬᠢᠨᠲᠠ ᠵᠣᠬᠢᠶᠠᠨ ᠪᠠᠶᠢᠭᠤᠯᠬᠤ ᠶᠢ ᠨᠢ ᠵᠣᠷᠢᠭᠵᠢᠭᠤᠯᠤᠨ᠂ ᠨᠡᠷ᠎ᠡ ᠠᠯᠳᠠᠷᠲᠠᠢ ᠦᠷ᠎ᠡ ᠶᠢᠨ ᠲᠥᠮᠥᠰᠥ ᠶᠢᠨ ᠠᠵᠤ ᠠᠬᠤᠶᠢᠯᠠᠯ ᠤᠨ ᠨᠡᠷᠡᠲᠦ ᠲᠡᠮᠳᠡᠭ ᠢ ᠪᠤᠶᠢᠵᠢᠭᠤᠯᠵᠤ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠨᠢ ᠳᠡᠭᠡᠭᠰᠢᠯᠡᠭᠦᠯᠦᠨ᠎ᠡ᠃      ᠦᠷ᠎ᠡ ᠶᠢᠨ ᠲᠥᠮᠥᠰᠥ ᠶᠢᠨ ᠶᠠᠰᠤ ᠴᠢᠨᠠᠷ ᠤᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ᠦᠷ᠎ᠡ ᠶᠢᠨ ᠲᠥᠮᠥᠰᠥ ᠶᠢᠨ ᠶᠠᠰᠤ ᠴᠢᠨᠠᠷ ᠢ ᠪᠦᠬᠦ ᠶᠠᠪᠤᠴᠠ ᠳᠤ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠪᠠᠶᠢᠴᠠᠭᠠᠨ ᠰᠢᠯᠭᠠᠬᠤ ᠡᠷᠴᠢᠮ ᠢ ᠴᠢᠩᠭᠠᠯᠠᠵᠤ᠂ ᠪᠠᠶᠢᠴᠠᠭᠠᠨ ᠰᠢᠯᠭᠠᠬᠤ ᠪᠦᠯᠦᠭ ᠤᠳᠠᠭ᠎ᠠ ᠶᠢ ᠨᠡᠮᠡᠭᠳᠡᠭᠦᠯᠦᠨ᠂ ᠦᠷ᠎ᠡ ᠶᠢᠨ ᠲᠥᠮᠥᠰᠥ ᠶᠢᠨ ᠦᠢᠯᠡᠳᠪᠦᠷᠢᠯᠡᠯ ᠤᠨ ᠭᠡᠷᠡᠴᠢᠯᠡᠬᠦ ᠠᠵᠢᠯ ᠢ ᠢᠳᠡᠪᠬᠢᠲᠡᠶ ᠦᠷᠨᠢᠭᠦᠯᠦᠨ᠎ᠡ᠃ ᠦᠷ᠎ᠡ ᠶᠢᠨ ᠲᠥᠮᠥᠰᠥ ᠶᠢᠨ ᠦᠢᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃      ᠭᠤᠷᠪᠠ ᠳᠤ ᠲᠥᠮᠥᠰᠥ ᠶᠢᠨ ᠴᠢᠨᠠᠷ ᠰᠠᠶᠢᠲᠠᠶ ᠪᠦᠭᠡᠳ ᠪᠣᠬᠢᠷᠲᠤᠯ ᠥᠬᠡᠶ ᠦᠢᠯᠡᠳᠪᠦᠷᠢᠯᠡᠯ ᠢ ᠬᠡᠷᠡᠭᠵᠢᠭᠦᠯᠦᠨ᠎ᠡ      ᠪᠤᠷᠳᠤᠭᠤᠷ ᠢ ᠬᠢᠵᠠᠭᠠᠷᠯᠠᠵᠤ ᠦᠷ᠎ᠡ ᠠᠰᠢᠭ ᠢ ᠨᠡᠮᠡᠭᠳᠡᠭᠦᠯᠦᠨ᠎ᠡ᠃ ᠣᠷᠭᠠᠨᠢᠭ ᠪᠤᠷᠳᠤᠭᠤᠷ ᠢᠶᠠᠷ ᠣᠷᠭᠠᠨᠢᠭ ᠪᠤᠰᠤ ᠪᠤᠷᠳᠤᠭᠤᠷ ᠢ ᠣᠷᠣᠯᠠᠭᠤᠯᠬᠤ᠂ ᠪᠣᠷᠳᠣᠭᠤᠷ ᠣᠷᠣᠭᠤᠯᠬᠤ ᠠᠷᠭ᠎ᠠ ᠬᠡᠯᠪᠡᠷᠢ ᠶᠢ ᠰᠠᠶᠢᠵᠢᠷᠠᠭᠤᠯᠬᠤ᠂ ᠪᠣᠷᠳᠣᠭᠤᠷ ᠣᠷᠣᠭᠤᠯᠬᠤ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠬᠤ ᠶᠢ ᠪᠡᠶᠡᠯᠡᠭᠦᠯᠦᠨ᠎ᠡ  ᠃      ᠡᠮ ᠢ ᠬᠢᠵᠠᠭᠠᠷᠯᠠᠵᠤ ᠬᠤᠤᠷᠳᠠᠯ ᠢ ᠪᠠᠭᠠᠰᠬᠠᠨ᠎ᠠ᠃ ᠡᠮ ᠰᠠᠴᠤᠬᠤ ᠪᠠᠭᠠᠵᠢ ᠲᠥᠬᠦᠭᠡᠷᠦᠮᠵᠢ ᠶᠢ ᠰᠠᠶᠢᠵᠢᠷᠠᠭᠤᠯᠵᠤ᠂ ᠨᠢᠭᠡᠳᠦᠯᠲᠡᠶ ᠰᠡᠷᠭᠡᠶᠢᠯᠡᠨ ᠵᠠᠰᠠᠬᠤ ᠪᠠ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠶᠢ ᠳᠡᠯᠭᠡᠷᠡᠭᠦᠯᠦᠨ᠂ ᠮᠧᠬᠠᠨᠢᠭ ᠢᠶᠠᠷ ᠲᠠᠩᠨᠠᠵᠤ ᠡᠪᠡᠰᠦ ᠠᠷᠢᠯᠭᠠᠬᠤ ᠶᠢ ᠨᠡᠮᠡᠭᠳᠡᠭᠦᠯᠵᠦ᠂ ᠥᠨᠳᠥᠷ ᠦᠷ᠎ᠡ ᠠᠰᠢᠭᠲᠤ ᠠᠮᠢᠳᠤ ᠪᠣᠳᠠᠰ ᠤᠨ ᠲᠠᠷᠢᠶᠠᠨ ᠡᠮ ᠢ ᠢᠳᠡᠪᠬᠢᠲᠡᠢ ᠳᠡᠯᠭᠡᠷᠡᠭᠦᠯᠦᠨ᠂ ᠬᠢᠮᠢ ᠶᠢᠨ ᠲᠠᠷᠢᠶᠠᠨ ᠡᠮ ᠤᠨ ᠬᠡᠷᠡᠭᠯᠡᠯᠲᠡ ᠶᠢ ᠪᠠᠭᠠᠰᠬᠠᠨ᠎ᠠ᠃      ᠣᠰᠣᠯᠠᠯᠲᠠ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠲᠠᠷᠢᠶᠠᠯᠠᠩ ᠤᠨ ᠭᠤᠤᠯᠳᠠᠯᠭ᠎ᠠ ᠲᠠᠢ ᠲᠥᠷᠥᠯ ᠵᠦᠢᠯ ᠢᠶᠠᠷ ᠳᠠᠮᠵᠢᠭᠤᠯᠤᠨ᠂ ᠰᠦᠷᠴᠢᠨ ᠤᠰᠤᠯᠠᠬᠤ ᠶᠢ ᠳᠤᠰᠤᠯᠭᠠᠨ ᠤᠰᠤᠯᠠᠬᠤ ᠪᠠᠷ ᠦᠭᠡᠷᠡᠴᠢᠯᠡᠬᠦ ᠶᠢ ᠲᠦᠯᠬᠢᠨ ᠠᠬᠢᠭᠤᠯᠵᠤ᠂ ᠤᠰᠤ ᠪᠠ ᠪᠣᠷᠳᠣᠭᠤᠷ ᠢ ᠥᠨᠳᠥᠷ ᠦᠷ᠎ᠡ ᠠᠰᠢᠭᠲᠠᠢ ᠪᠠᠷ ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠦᠨ᠎ᠡ᠃      ᠪᠦᠷᠬᠦᠭᠦᠯ ᠢ ᠬᠢᠵᠠᠭᠠᠷᠯᠠᠨ ᠪᠣᠬᠢᠷᠲᠤᠯ ᠢ ᠪᠠᠭᠠᠰᠬᠠᠨ᠎ᠠ᠃ ᠤᠯᠤᠰ ᠤᠨ ᠰᠢᠨ᠎ᠡ ᠪᠠᠷᠢᠮᠵᠢᠶᠠᠲᠤ ᠰᠦᠯᠢᠶᠣᠣ ᠪᠦᠷᠬᠦᠭᠦᠯ ᠢ ᠳᠡᠯᠭᠡᠷᠡᠭᠦᠯᠦᠨ ᠬᠡᠷᠡᠭᠯᠡᠵᠦ᠂ ᠠᠮᠢᠳᠤ ᠪᠣᠳᠠᠰ ᠤᠨ ᠵᠠᠳᠠᠷᠠᠯᠲᠤ ᠪᠦᠷᠬᠦᠭᠦᠯ ᠢ ᠬᠡᠷᠡᠭᠯᠡᠬᠦ ᠶᠢ ᠨᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠥᠨᠳᠥᠷ ᠳᠠᠯᠠᠩᠲᠣ ᠪᠦᠷᠬᠦᠭᠦᠯ ᠥᠬᠡᠶ ᠳᠤᠰᠤᠯᠭᠠᠨ ᠤᠰᠤᠯᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠦᠨ᠎ᠡ᠃      ᠡᠭᠡᠯᠵᠢᠯᠡᠨ ᠲᠠᠷᠢᠵᠤ ᠡᠪᠡᠳᠴᠢᠨ ᠢ ᠡᠵᠡᠮᠳᠡᠨ᠎ᠡ᠃ ᠲᠥᠮᠥᠰᠥ ᠶᠢ 4 ᠵᠢᠯ ᠠᠴᠠ ᠳᠡᠭᠡᠭᠰᠢ ᠡᠭᠡᠯᠵᠢᠯᠡᠨ ᠳᠠᠷᠢᠬᠤ ᠶᠢ ᠠᠯᠪᠠᠳᠠᠯᠭ᠎ᠠ ᠪᠠᠷ ᠴᠢᠩᠭ᠎ᠠ ᠬᠡᠷᠡᠭᠵᠢᠭᠦᠯᠦᠨ᠎ᠡ︔ ᠲᠠᠸᠠᠷ ᠤᠨ ᠲᠥᠮᠥᠰᠥ ᠶᠢ 3 ᠵᠢᠯ ᠠᠴᠠ ᠳᠡᠭᠡᠭᠰᠢ ᠡᠭᠡᠯᠵᠢᠯᠡᠨ ᠲᠠᠷᠢᠬᠤ ᠶᠢ ᠬᠥᠲᠥᠯᠥᠨ ᠵᠢᠯᠣᠭᠤᠳᠤᠨ᠎ᠠ᠃      ᠳᠥᠷᠪᠡ ᠳᠤ ᠲᠥᠮᠥᠰᠥ ᠶᠢ ᠪᠣᠯᠪᠠᠰᠤᠷᠠᠭᠤᠯᠵᠤ ᠤᠯᠠᠷᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠭᠠᠷᠤᠯᠲᠠ ᠶᠢᠨ ᠣᠷᠣᠨ ᠳᠤ ᠠᠩᠬ᠎ᠠ ᠡᠳ᠋ᠰᠢᠭᠦᠯᠦᠨ ᠪᠣᠯᠪᠠᠰᠤᠷᠠᠭᠤᠯᠬᠤ ᠶᠢ ᠨᠢ ᠵᠣᠷᠢᠭᠵᠢᠭᠤᠯᠤᠨ᠎ᠠ᠃ ᠠᠵᠤ ᠠᠬᠤᠶᠢᠯᠠᠯ ᠢ ᠢᠳᠡᠪᠬᠢᠲᠡᠢ ᠣᠷᠣᠭᠤᠯᠤᠨ ᠠᠪᠴᠢᠷᠠᠵᠤ ᠠᠩᠬ᠎ᠠ ᠵᠡᠷᠭᠡ ᠶᠢᠨ ᠡᠳ᠋ᠰᠢᠭᠦᠯᠵᠦ ᠪᠣᠯᠪᠠᠰᠤᠷᠠᠭᠤᠯᠬᠤ ᠠᠵᠢᠯ ᠢ ᠦᠷᠨᠢᠭᠦᠯᠵᠦ᠂  ᠦᠢᠯᠡᠳᠪᠦᠷᠢᠯᠡᠭᠰᠡᠨ ᠤ ᠳᠠᠷᠠᠭᠠᠬᠢ ᠲᠠᠸᠠᠷᠴᠢᠯᠠᠨ ᠰᠢᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠴᠡᠪᠡᠷ ᠨᠣᠭᠤᠭ᠎ᠠ ᠶᠢ ᠵᠠᠬ᠎ᠠ ᠳᠡᠯᠭᠡᠭᠦᠷ ᠲᠤ ᠭᠠᠷᠭᠠᠬᠤ ᠶᠢ ᠪᠡᠶᠡᠯᠡᠭᠦᠯᠦᠨ᠎ᠡ᠃ ᠨᠠᠷᠢᠯᠢᠭ ᠭᠦᠨ ᠪᠣᠯᠪᠠᠰᠤᠷᠠᠭᠤᠯᠬᠤ ᠶᠢ ᠲᠡᠳᠭᠦᠨ᠎ᠡ᠃ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ ᠨᠠᠷᠢᠯᠢᠭ ᠭᠦᠨ ᠪᠣᠯᠪᠠᠰᠤᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠭᠤᠤᠯᠳᠠᠯᠭ᠎ᠠ ᠲᠠᠢ ᠳᠠᠮᠵᠢᠵᠤ᠂ ᠥᠨᠳᠥᠷ ᠨᠡᠮᠡᠯᠲᠡ ᠥᠷᠲᠡᠭ ᠲᠠᠢ ᠪᠦᠲᠦᠭᠡᠭᠳᠡᠭᠦᠨ ᠪᠣᠯᠭᠠᠨ ᠪᠣᠯᠪᠠᠰᠤᠷᠠᠭᠤᠯᠬᠤ ᠠᠵᠢᠯ ᠢ ᠥᠷᠨᠢᠭᠦᠯᠦᠨ᠎ᠡ᠃      ᠭᠤᠤᠯ ᠢᠳᠡᠭᠡᠨ ᠤ ᠪᠦᠲᠦᠭᠡᠭᠳᠡᠭᠦᠨ ᠪᠣᠯᠭᠠᠵᠤ ᠨᠡᠭᠡᠭᠡᠨ ᠬᠥᠭᠵᠢᠭᠦᠯᠬᠦ ᠶᠢ ᠳᠠᠮᠵᠢᠨ᠎ᠠ᠃ ᠲᠥᠮᠥᠰᠥ ᠪᠠᠷ ᠭᠤᠤᠯ ᠢᠳᠡᠭᠡᠨ ᠤ ᠪᠦᠲᠦᠭᠡᠭᠳᠡᠭᠦᠨ ᠪᠣᠯᠭᠠᠨ ᠦᠢᠯᠡᠳᠪᠦᠷᠢᠯᠡᠬᠦ ᠠᠵᠤ ᠠᠬᠤᠶᠢᠯᠠᠯ ᠤᠨ ᠭᠤᠤᠯ ᠢᠳᠡᠭᠡᠨ ᠤ ᠪᠦᠲᠦᠭᠡᠭᠳᠡᠬᠦᠨ ᠪᠣᠯᠭᠠᠬᠤ ᠪᠠᠷ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃      ᠲᠠᠪᠤ ᠳᠤ ᠲᠦᠮᠦᠰᠦ ᠶᠢᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ      ᠪᠦᠯᠦᠭᠯᠡᠨ ᠬᠥᠭᠵᠢᠬᠦ ᠶᠢ ᠲᠦᠷᠭᠡᠳᠬᠡᠨ᠎ᠡ᠃ ᠭᠤᠤᠯ ᠭᠠᠷᠤᠯᠲᠠ ᠶᠢᠨ ᠣᠷᠣᠨ ᠤ  ᠲᠦᠮᠦᠰᠦ ᠶᠢᠨ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠶᠢ ᠳᠡᠮᠵᠢᠵᠦ᠂ ᠳᠠᠪᠠᠭᠤᠯᠢᠭ ᠣᠷᠣᠨ ᠳᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠵᠤ᠂ ᠵᠢᠭᠤᠯᠴᠢᠯᠠᠯ ᠤᠨ ᠠᠵᠤ ᠦᠢᠯᠡᠰ ᠢ ᠵᠡᠷᠭᠡᠪᠡᠷ ᠬᠥᠭᠵᠢᠭᠦᠯᠦᠨ᠎ᠡ᠃      ᠮᠠᠰᠢᠨᠴᠢᠯᠠᠯᠲᠠ ᠪᠠᠷ ᠠᠵᠢᠯᠯᠠᠬᠤ ᠢ ᠲᠦᠯᠬᠢᠨ ᠠᠬᠢᠭᠤᠯᠤᠨ᠎ᠠ᠃ ᠦᠢᠯᠡᠳᠪᠦᠷᠢᠯᠡᠯ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠢᠨ ᠲᠣᠮᠣ ᠬᠡᠯᠪᠡᠷᠢ ᠶᠢᠨ  ᠮᠧᠬᠠᠨᠢᠭ ᠵᠢᠴᠢ ᠨᠢᠭᠡ ᠴᠤᠭᠴᠠᠵᠢᠭᠰᠠᠨ ᠬᠤᠷᠢᠶᠠᠬᠤ ᠮᠠᠰᠢᠨ ᠮᠧᠬᠠᠨᠢᠭ ᠬᠤᠳᠠᠯᠳᠤᠨ ᠠᠪᠬᠤ ᠶᠢ ᠨᠢ ᠳᠠᠮᠵᠢᠵᠤ᠂ ᠲᠤᠰᠬᠠᠶᠢᠵᠢᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠳᠠᠮᠵᠢᠵᠤ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠨᠢ ᠥᠷᠭᠡᠳᠬᠡᠨ᠎ᠡ᠃      ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠳᠤᠮᠳᠠᠳᠤ ᠤᠯᠤᠰ ᠤᠨ ᠲᠦᠮᠦᠰᠦ ᠶᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠲᠣᠮᠣ ᠳ᠋ᠠᠶᠢᠲ᠋ᠠ ᠶᠢᠨ ᠲᠠᠪᠴᠠᠩ ᠢ ᠲᠡᠭᠦᠯᠳᠡᠷᠵᠢᠭᠦᠯᠬᠦ ᠶᠢ ᠳᠡᠮᠵᠢᠵᠦ᠂ ᠲᠥᠮᠥᠰᠥᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠮᠡᠳᠡᠭᠡ ᠵᠠᠩᠭᠢᠵᠢᠯᠲᠠ ᠶᠢᠨ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃      ᠨᠠᠷᠠᠲᠤ ᠲᠡᠮᠳᠡᠭ ᠢ ᠡᠭᠦᠳᠦᠨ ᠪᠠᠶᠢᠭᠤᠯᠬᠤ ᠶᠢ ᠴᠢᠩᠭᠠᠳᠬᠠᠨ᠎ᠠ᠃ ᠲᠦᠮᠦᠰᠦ ᠶᠢᠨ ᠭᠤᠣᠯ ᠦᠢᠯᠡᠳᠪᠦᠷᠢᠯᠡᠯ ᠤᠨ ᠣᠷᠣᠨ ᠤ ᠭᠠᠵᠠᠷ ᠵᠦᠶ ᠶᠢᠨ ᠢᠯᠡᠷᠬᠡᠶᠢᠯᠡᠯᠲᠦ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠤᠯᠠᠭᠠᠨᠴᠠᠪ ᠬᠤᠲᠠ ᠶᠢᠨ ᠲᠥᠮᠥᠰᠥ ᠶᠢᠨ ᠤᠯᠤᠰ ᠤᠨ ᠣᠨᠴᠠ ᠰᠢᠯᠢᠳᠡᠭ ᠣᠷᠣᠨ ᠳᠤ ᠵᠢᠷᠤᠮᠵᠢᠭᠰᠠᠨ ᠬᠠᠮᠢᠶᠠᠷᠤᠯᠲᠠ ᠬᠢᠬᠦ ᠶᠢ ᠴᠢᠩᠭᠠᠳᠬᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠂ ︽ᠮᠧᠩ ︵蒙︶ ᠦᠰᠦᠭᠲᠦ︾ ᠪᠦᠲᠦᠭᠡᠭᠳᠡᠭᠦᠨ ᠤ ᠨᠡᠷᠡᠲᠦ ᠲᠡᠮᠳᠡᠭ ᠪᠠ ᠠᠵᠤ ᠠᠬᠤᠶᠢᠯᠠᠯ ᠤᠨ ᠨᠡᠷᠡᠲᠦ ᠲᠡᠮᠳᠡᠭ ᠢ ᠪᠤᠶᠢᠵᠢᠭᠤᠯᠤᠨ᠎ᠠ᠃      ᠣᠯᠠᠨ ᠡᠰᠢᠵᠢᠭᠰᠡᠨ ᠡᠵᠡᠩᠨᠡᠯᠲᠡ ᠪᠣᠷᠣᠯᠠᠭᠤᠯᠭ᠎ᠠ ᠶᠢ ᠠᠬᠢᠭᠤᠯᠤᠨ᠎ᠠ᠃ ᠲᠤᠰᠬᠠᠶ ᠬᠡᠷᠡᠭᠯᠡᠭᠡᠨ ᠤ ᠡᠭᠦᠯᠳᠡᠷ ᠢ ᠥᠪᠡᠷᠮᠢᠴᠡᠵᠢᠭᠦᠯᠦᠨ ᠪᠣᠷᠣᠯᠠᠭᠤᠯᠬᠤ ᠶᠢ ᠳᠡᠯᠭᠡᠷᠡᠭᠦᠯᠦᠨ᠎ᠡ᠃ ᠪᠣᠷᠣᠯᠠᠭᠤᠯᠬᠤ ᠦᠵᠦᠭᠦᠷ ᠢ ᠨᠡᠭᠡᠭᠡᠵᠦ᠂ ᠪᠣᠷᠣᠯᠠᠭᠤᠯᠬᠤ ᠬᠡᠪ ᠵᠠᠭᠪᠤᠷ ᠤᠨ ᠰᠢᠨ᠎ᠡ ᠶᠢ ᠡᠭᠦᠳᠴᠦ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠵᠣᠯᠭᠠᠭᠤᠯᠬᠤ ᠶᠢ ᠠᠬᠢᠭᠤᠯᠤᠨ᠎ᠠ᠃      ᠵᠢᠷᠭᠤᠭ᠎ᠠ ᠳᠤ ᠠᠵᠤ ᠦᠢᠯᠡᠰ ᠤᠨ ᠣᠷᠣᠯᠭ᠎ᠠ ᠶᠢ ᠨᠡᠮᠡᠭᠳᠡᠭᠦᠯᠦᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ      ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠵᠦ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠳᠡᠭᠡᠳᠦ ᠲᠡᠰ ᠤᠨ ᠬᠤᠤᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠶᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠦᠢᠯᠡᠳᠪᠦᠷᠢᠯᠡᠯ ᠢ ᠪᠠᠷᠢᠮᠵᠢᠶᠠᠵᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠰᠢᠨ᠎ᠡ ᠮᠡᠷᠭᠡᠵᠢᠯ᠂ ᠰᠢᠨ᠎ᠡ ᠡᠭᠦᠯᠳᠡᠷ ᠢ ᠢᠳᠡᠪᠬᠢᠲᠡᠶ ᠬᠡᠷᠡᠭᠯᠡᠨ᠎ᠡ᠃      ᠡᠭᠦᠯᠳᠡᠷ ᠢ ᠲᠣᠬᠢᠷᠠᠭᠤᠯᠤᠨ ᠰᠢᠯᠢᠳᠡᠭᠵᠢᠭᠦᠯᠵᠦ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠴᠢᠨᠠᠷ ᠰᠠᠶᠢᠲᠠᠶ ᠰᠣᠷᠭᠤᠭ ᠢᠳᠡᠭᠡᠨ ᠤ ᠲᠥᠮᠥᠰᠥ ᠶᠢᠨ ᠡᠭᠦᠯᠳᠡᠷ ᠢ ᠭᠤᠤᠯᠳᠠᠯᠭ᠎ᠠ ᠲᠠᠢ ᠳᠡᠯᠭᠡᠷᠡᠭᠦᠯᠦᠨ᠎ᠡ︔ ᠳᠡᠭᠡᠳᠦ ᠲᠠᠰ ᠤᠨ ᠡᠷᠡᠭᠦᠯᠵᠢᠭᠦᠯᠬᠦ ᠳᠤ ᠲᠤᠰᠬᠠᠶ  ᠬᠡᠷᠡᠭᠯᠡᠬᠦ ᠡᠭᠦᠯᠳᠡᠷ ᠢ ᠵᠣᠬᠢᠰᠲᠠᠶ ᠳᠡᠯᠭᠡᠷᠡᠭᠦᠯᠦᠨ᠎ᠡ︔ ᠭᠠᠵᠠᠷ ᠣᠷᠣᠨ ᠤ ᠪᠠᠶᠢᠳᠠᠯ ᠳᠤ  ᠨᠢ ᠲᠤᠬᠢᠷᠠᠭᠤᠯᠤᠨ ᠪᠣᠯᠪᠠᠰᠤᠷᠠᠭᠤᠯᠬᠤ ᠳᠤ ᠲᠤᠰᠬᠠᠶ ᠬᠡᠷᠡᠭᠯᠡᠬᠦ ᠴᠢᠨᠠᠷ ᠰᠠᠶᠢᠲᠠᠶ ᠡᠭᠦᠯᠳᠡᠷ ᠢ ᠳᠡᠯᠭᠡᠷᠡᠭᠦᠯᠦᠨ᠎ᠡ᠃      ᠶᠠᠰᠤ ᠴᠢᠨᠠᠷ ᠢ ᠳᠡᠭᠡᠭᠰᠢᠯᠡᠭᠦᠯᠦᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠪᠣᠬᠢᠷᠲᠤᠯ ᠦᠭᠡᠢ ᠪᠦᠭᠡᠳ ᠣᠷᠭᠠᠨᠢᠭ᠂ ᠬᠠᠭᠤᠷᠠᠶ ᠲᠠᠷᠢᠶᠠᠯᠠᠭ᠎ᠠ ᠶᠢᠨ ᠠᠮᠢ ᠠᠬᠤᠢ ᠶᠢᠨ ᠰᠢᠨ᠎ᠡ ᠰᠣᠷᠭᠤᠭ ᠢᠳᠡᠭᠡᠨ ᠤ ᠲᠥᠮᠥᠰᠥ ᠶᠢ ᠶᠡᠬᠡᠪᠡᠷ ᠬᠥᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃      ᠬᠡᠪᠴᠢᠶᠡᠵᠢᠭᠦᠯᠦᠨ ᠲᠠᠷᠢᠬᠤ ᠪᠠᠷ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃ ᠲᠥᠮᠥᠰᠥ ᠡᠵᠡᠩᠨᠡᠬᠦ ᠡᠯ᠎ᠡ ᠲᠥᠷᠥᠯ ᠤᠨ ᠭᠤᠤᠯ ᠴᠣᠭᠴᠠ ᠪᠣᠯᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠲᠦᠷᠭᠡᠳᠬᠡᠨ ᠪᠤᠶᠢᠵᠢᠭᠤᠯᠵᠤ᠂ ᠵᠣᠬᠢᠬᠤ ᠬᠡᠪᠴᠢᠶᠡᠵᠢᠯ ᠲᠠᠢ ᠦᠢᠯᠡᠳᠪᠦᠷᠢᠯᠡᠯ ᠢ ᠬᠥᠭᠵᠢᠭᠦᠯᠦᠨ᠎ᠡ᠃      ᠬᠤᠯᠪᠤᠬᠤ ᠲᠣᠭᠲᠠᠴᠠ ᠶᠢ ᠲᠡᠭᠦᠯᠳᠡᠷᠵᠢᠭᠦᠯᠦᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃ ︽ᠬᠥᠲᠥᠴᠢ ᠠᠵᠤ ᠠᠬᠤᠶᠢᠯᠠᠯ + ᠬᠤᠷᠰᠢᠶ᠎ᠠ + ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠨ ᠡᠷᠦᠬᠡ︾ ᠵᠡᠷᠭᠡ ᠠᠰᠢᠭ ᠲᠤᠰᠠ ᠶᠢ ᠨᠢ ᠬᠤᠯᠪᠣᠬᠤ ᠵᠠᠭᠪᠤᠷ ᠢ ᠳᠡᠯᠭᠡᠷᠡᠭᠦᠯᠵᠦ᠂ ᠣᠯᠠᠨ ᠡᠰᠢᠲᠦ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠤᠨ᠎ᠠ᠃      ᠠᠰᠠᠭᠤᠯᠲᠠ᠄ ᠶᠠᠮᠠᠷ ᠶᠠᠮᠠᠷ ᠳᠡᠮᠵᠢᠬᠦ ᠲᠥᠷᠥ ᠶᠢᠨ ᠪᠣᠳᠣᠯᠭ᠎ᠠ ᠪᠠᠶᠢᠬᠤ ᠪᠣᠶ︖      ᠬᠠᠷᠢᠭᠤᠯᠲᠠ᠄ ᠲᠥᠮᠥᠰᠥ ᠲᠠᠷᠢᠭᠴᠢᠳ ᠤᠨ ᠨᠡᠮᠡᠭᠦᠷᠢ᠃ ᠤᠯᠤᠰ ᠤᠨ ᠲᠥᠷᠥ ᠶᠢᠨ ᠪᠣᠳᠣᠯᠭ᠎ᠠ ᠶᠢᠨ ᠶᠡᠭᠡ ᠪᠣᠷᠣ ᠲᠥᠯᠥᠪ ᠤᠨ ᠳᠣᠣᠷ᠎ᠠ᠂ ᠥᠪᠡᠷᠲᠡᠭᠡᠨ ᠵᠠᠰᠠᠬᠤ ᠣᠷᠣᠨ ᠠᠴᠠ ᠡᠷᠳᠡᠨᠢ ᠰᠢᠰᠢ ᠪᠣᠯᠤᠨ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠨᠡᠮᠡᠭᠦᠷᠢ ᠪᠡᠯᠡ ᠮᠥᠩᠭᠦ ᠠᠴᠠ 5% ᠶᠢ ᠲᠣᠬᠢᠷᠠᠭᠤᠯᠵᠤ᠂ ᠨᠥᠬᠦᠴᠡᠯ ᠢ ᠬᠠᠩᠭᠠᠭᠰᠠᠨ ᠲᠠᠷᠢᠶᠠᠴᠢᠨ ᠡᠷᠦᠬᠡ ᠪᠣᠯᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠳᠤ ᠲᠠᠷᠢᠮᠠᠯ ᠤᠨ ᠨᠡᠮᠡᠭᠦᠷᠢ ᠣᠯᠭᠤᠨ᠎ᠠ᠃      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠮᠡᠭᠦᠷᠢ᠃ ᠮᠠᠨ ᠤ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠣᠯᠤᠨ ᠠᠵᠤ ᠠᠬᠤᠶᠢᠯᠠᠯ ᠤᠨ ᠰᠣᠩᠭᠤᠨ ᠪᠤᠶᠢᠵᠢᠭᠤᠯᠤᠭᠰᠠᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠲᠠᠢ ᠴᠢᠨᠠᠷ ᠰᠠᠶᠢᠲᠠᠶ ᠰᠢᠨ᠎ᠡ ᠡᠭᠦᠯᠳᠡᠷ ᠲᠤ ᠨᠢᠭᠡ ᠯᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ᠃      ᠲᠥᠮᠥᠰᠥ ᠪᠣᠯᠪᠠᠰᠤᠷᠠᠭᠤᠯᠬᠤ ᠵᠠᠬᠢᠶᠠᠯᠠᠭ᠎ᠠ ᠶᠢᠨ ᠨᠡᠮᠡᠭᠦᠷᠢ᠃ ᠪᠠᠷᠢᠮᠵᠢᠶᠠᠵᠢᠭᠤᠯᠤᠨ ᠲᠠᠷᠢᠭᠰᠠᠨ ᠮᠥᠷᠲᠡᠭᠡᠨ ᠬᠦᠴᠦᠨ ᠲᠠᠢ ᠵᠠᠬᠢᠶᠠᠯᠠᠭ᠎ᠠ ᠶᠢᠨ ᠬᠠᠭᠤᠳᠠᠰᠤ ᠪᠦᠷᠢᠯᠳᠦᠭᠦᠯᠦᠭᠰᠡᠨ ᠪᠠᠶᠢᠪᠠᠯ ᠬᠤᠳᠠᠯᠳᠤᠨ ᠠᠪᠬᠤ ᠭᠤᠤᠯ ᠴᠣᠭᠴᠠ ᠳᠤ ᠨᠡᠮᠡᠭᠦᠷᠢ ᠣᠯᠭᠤᠨ᠎ᠠ᠃      ᠠᠰᠠᠭᠤᠯᠲᠠ᠄ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠬᠤ ᠪᠣᠶ︖      ᠬᠠᠷᠢᠭᠤᠯᠲᠠ᠄ ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠰᠠᠯᠠᠭ᠎ᠠ ᠮᠥᠴᠢᠷ ᠤᠨ ᠬᠦᠴᠦᠨ ᠢ ᠨᠢᠭᠡᠳᠦᠯᠲᠡᠶ ᠲᠦᠯᠦᠪᠯᠡᠵᠦ᠂ ᠲᠡᠳᠬᠦᠬᠦ ᠠᠷᠭ᠎ᠠ ᠬᠡᠮᠵᠢᠶ᠎ᠡ ᠨᠡᠶᠢᠲᠡᠯᠡᠨ᠂ ᠭᠤᠤᠯ ᠭᠠᠷᠤᠯᠲᠠ ᠶᠢᠨ ᠣᠷᠣᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠬᠠᠮᠵᠢᠯᠴᠠᠨ ᠢᠵᠢ ᠪᠦᠷᠢᠳᠦᠭᠦᠯᠦᠨ᠂ ᠢᠵᠢ ᠪᠦᠷᠢᠳᠦᠭᠦᠯᠦᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠤᠭᠲᠠᠭᠠᠨ᠎ᠠ᠃      ᠬᠤᠶᠠᠷ ᠲᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠭᠤᠤᠯ ᠭᠠᠷᠤᠯᠲᠠ ᠶᠢᠨ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠪᠡᠯᠡ ᠮᠥᠩᠭᠦ ᠪᠠ ᠲᠥᠷᠥᠯ ᠵᠦᠢᠯ ᠢ ᠨᠢᠭᠡᠳᠦᠯᠲᠡᠶ ᠲᠦᠯᠦᠪᠯᠡᠨ᠂ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠭᠠᠵᠠᠷ ᠣᠷᠣᠨ᠂ ᠵᠠᠩᠭᠢᠯᠠᠭ᠎ᠠ ᠶᠢᠨ ᠭᠤᠭᠴᠤᠭ᠎ᠠ ᠳᠤ ᠴᠢᠭᠯᠡᠭᠦᠯᠦᠨ ᠲᠡᠳᠬᠦᠬᠦ ᠲᠥᠷᠥ ᠶᠢᠨ ᠪᠤᠳᠤᠯᠭ᠎ᠠ ᠶᠢ ᠨᠡᠶᠢᠲᠡᠯᠡᠨ᠎ᠡ᠃      ᠭᠤᠷᠪᠠ ᠳᠤ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠷᠠᠭᠤᠯᠤᠨ᠎ᠠ᠃ ᠲᠦᠮᠦᠰᠦ ᠶᠢᠨ ᠠᠵᠤ ᠦᠢᠯᠡᠰ ᠤᠨ ᠰᠠᠭᠤᠷᠢ ᠮᠥᠩᠭᠦ ᠳᠤ ᠲᠦᠰᠢᠭᠯᠡᠨ᠂ ᠲᠦᠮᠦᠰᠦ ᠶᠢᠨ ᠠᠵᠤ ᠦᠢᠯᠡᠰ ᠤᠨ ᠬᠥᠭᠵᠢᠯᠲᠡ ᠶᠢ ᠬᠦᠴᠦᠲᠡᠢ ᠳᠠᠮᠵᠢᠨ᠎ᠠ᠃ ᠵᠢᠭᠡᠯᠡᠯᠭᠡ ᠪᠤᠶᠤ ᠢᠲᠡᠭᠡᠮᠵᠢ ᠣᠯᠭᠤᠬᠤ ᠬᠡᠮᠵᠢᠶ᠎ᠡ ᠶᠢ ᠵᠣᠬᠢᠴᠠᠭᠤᠯᠤᠨ ᠳᠡᠭᠡᠭᠰᠢᠯᠡᠭᠦᠯᠵᠦ᠂  ᠵᠢᠵᠢᠭ ᠠᠵᠤ ᠠᠬᠤᠶᠢᠯᠠᠯ ᠳᠤ ᠳᠠᠬᠢᠨᠲᠠ ᠵᠢᠭᠡᠯᠡᠯᠭᠡ ᠦᠭᠴᠦ ᠳᠡᠮᠵᠢᠬᠦ ᠵᠡᠷᠭᠡ ᠶᠢ ᠰᠢᠨ᠎ᠡ ᠪᠠᠷ ᠨᠡᠮᠡᠭᠳᠡᠭᠦᠯᠵᠦ ᠵᠢᠵᠢᠭ ᠪᠢᠴᠢᠯ ᠠᠵᠤ ᠠᠬᠤᠶᠢᠯᠠᠯ ᠢ ᠳᠡᠮᠵᠢᠨ᠂ ᠳᠠᠭᠠᠳᠬᠠᠯ ᠤᠨ ᠰᠢᠨ᠎ᠡ ᠨᠡᠷᠡᠳᠭᠦᠨ ᠢ ᠢᠳᠡᠪᠬᠢᠲᠡᠶ ᠰᠦᠪᠡᠭᠴᠢᠯᠡᠵᠦ᠂ ᠬᠤᠭᠤᠴᠠᠭᠠᠲᠤ ᠪᠠᠷᠠᠭ᠎ᠠ ᠶᠢᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠤᠨ᠎ᠠ᠃      ᠳᠥᠷᠪᠡ ᠳᠤ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠦᠢᠯᠡᠳᠪᠦᠷᠢᠯᠡᠬᠦ ᠵᠢᠭᠠᠬᠤ ᠰᠤᠳᠤᠯᠬᠤ ᠣᠯᠠᠨ ᠲᠠᠯ᠎ᠠ ᠶᠢᠨ ᠮᠡᠷᠭᠡᠵᠢᠯ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠠᠵᠤ ᠦᠢᠯᠡᠰ ᠤᠨ ᠬᠥᠭᠵᠢᠯᠲᠡ ᠳᠤ ᠬᠦᠴᠦᠲᠡᠶ ᠮᠡᠷᠭᠡᠵᠢᠯ ᠤᠨ ᠦᠢᠯᠡᠴᠢᠯᠡᠭᠡᠨ ᠤ ᠲᠤᠯᠭᠠᠭᠤᠷᠢᠯᠠᠯ ᠬᠠᠩᠭᠠᠨ᠎ᠠ᠃      ᠲᠠᠪᠤ ᠳᠤ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠵᠤ᠂ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ᠂ ᠬᠠᠷᠢᠭᠤᠴᠠᠯᠭ᠎ᠠ ᠶᠢ ᠨᠠᠷᠢᠯᠢᠬᠵᠢᠭᠤᠯᠵᠤ᠂ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃
         
        ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
         
         
        ᠬᠠᠮᠢᠶ᠎ᠠ ᠪᠥᠬᠦᠢ ᠰᠤᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号