内蒙古自治区农牧厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠭᠠᠭ᠋ᠠᠢ ᠲᠠᠷᠭᠤᠯᠠᠭᠤᠯᠬᠤ ᠳᠥᠷᠪᠡᠨ ᠠᠷᠭ᠎ᠠ
        ᠨᠡᠶᠢᠲᠡᠯᠡᠭᠰᠡᠨ ᠴᠠᠭ᠄
        2022/11/8
              ᠲᠡᠵᠢᠭᠡᠨ ᠦᠷᠡᠵᠢᠭᠦᠯᠬᠦ ᠶᠠᠪᠤᠴᠠ ᠳᠤ ᠲᠡᠵᠢᠭᠡᠨ ᠠᠷᠠᠴᠢᠯᠠᠬᠤ ᠠᠵᠢᠯ ᠢ ᠰᠠᠶᠢᠲᠤᠷ ᠬᠢᠪᠡᠯ ᠰᠠᠶ᠋ᠢ ᠭᠠᠭ᠋ᠠᠢ ᠶᠢ ᠨᠡᠯᠢᠶᠡᠳ ᠲᠦᠷᠭᠡᠨ ᠲᠠᠷᠭᠤᠯᠠᠭᠤᠯᠵᠤ ᠴᠢᠳᠠᠨ᠎ᠠ ᠃ ᠳᠣᠣᠷ᠎ᠠ ᠭᠠᠭ᠋ᠠᠢ ᠲᠠᠷᠭᠤᠯᠠᠭᠤᠯᠬᠤ ᠳᠥᠷᠪᠡᠨ  ᠠᠷᠭ᠎ᠠ ᠶᠢ ᠲᠠᠨᠢᠯᠴᠠᠭᠤᠯᠤᠶ᠎ᠠ ᠄      ᠪᠦᠬᠦ ᠰᠦᠷᠦᠭ ᠲᠤ ᠬᠤᠷᠣᠬᠠᠢ ᠬᠥᠭᠡᠭᠡᠨ᠎ᠡ᠃ ᠨᠠᠮᠤᠷ ᠤᠨ ᠤᠯᠠᠷᠢᠯ ᠳᠤ ᠭᠠᠭ᠋ᠠᠢ ᠶᠢᠨ ᠰᠦᠷᠦᠭ ᠪᠠ ᠭᠠᠭ᠋ᠠᠢ ᠶᠢᠨ ᠰᠠᠷᠠᠪᠴᠢ ᠶᠢᠨ ᠠᠷᠢᠭᠤᠨ ᠴᠡᠪᠡᠷ ᠢ ᠰᠠᠶᠢᠲᠤᠷ ᠬᠢᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠪᠠᠭᠠᠰᠤ ᠰᠢᠭᠡᠰᠦ ᠶᠢ  ᠨᠢ ᠪᠠᠶᠢᠴᠠᠭᠠᠬᠤ ᠪᠠ ᠰᠢᠮᠡᠭᠦᠷ ᠬᠤᠷᠣᠬᠠᠢ ᠶᠢᠨ ᠬᠠᠯᠳᠠᠪᠤᠷᠢᠯᠠᠯ ᠤᠨ ᠪᠠᠶᠢᠳᠠᠯ ᠢ ᠵᠠᠳᠠᠯᠤᠨ ᠪᠠᠶᠢᠴᠠᠭᠠᠬᠤ ᠬᠡᠷᠡᠭᠲᠡᠢ᠃ ᠣᠳᠣᠬᠠᠨ ᠳᠤ ᠠᠸᠧᠢ ᠪᠠᠺᠲ᠋ᠧᠷᠢ ᠶᠢᠨ ᠡᠳ᠋ ︵阿维菌素︶ ᠪᠣᠯ ᠰᠢᠮᠡᠭᠦᠷ ᠬᠤᠷᠣᠬᠠᠢ ᠶᠢ ᠠᠯᠠᠬᠤ ᠭᠤᠣᠯ ᠡᠮ ᠪᠣᠯᠣᠨ᠎ᠠ ᠂ ᠮᠡᠭᠡᠵᠢ ᠶᠢ ᠲᠤᠷᠤᠶᠢᠯᠠᠬᠤ  ᠠᠴᠠ  ᠨᠢ ᠡᠮᠦᠨ᠎ᠡ 14 ~ 21 ᠡᠳᠦᠷ ᠲᠤ ᠨᠢᠭᠡ ᠤᠳᠠᠭ᠎ᠠ ᠬᠤᠷᠣᠬᠠᠢ ᠬᠥᠭᠡᠭᠡᠵᠦ ᠂ ᠬᠡᠭᠡᠯᠲᠦᠭᠦᠯᠬᠦ ᠠᠴᠠ ᠡᠮᠦᠨ᠎ᠡ 14 ᠡᠳᠦᠷ ᠲᠤ ᠨᠢᠭᠡ ᠤᠳᠠᠭ᠎ᠠ ᠬᠤᠷᠤᠬᠠᠢ ᠬᠦᠭᠡᠭᠡᠨ᠎ᠡ᠂ ᠠᠵᠢᠷᠭᠠᠨ ᠭᠠᠭ᠋ᠠᠢ ᠶᠢ ᠬᠠᠪᠤᠷ ᠨᠠᠮᠤᠷ ᠲᠤᠰ ᠪᠦᠷᠢ ᠨᠢᠭᠡ ᠤᠳᠠᠭ᠎ᠠ ᠬᠦᠬᠡᠭᠡᠨ᠎ᠡ᠃      ᠨᠠᠷᠢᠯᠢᠭ ᠪᠣᠷᠳᠤᠭ᠎ᠠ ᠂ ᠪᠦᠳᠦᠭᠦᠯᠢᠭ ᠪᠣᠷᠳᠤᠭ᠎ᠠ ᠂ ᠬᠥᠬᠡ ᠪᠣᠷᠳᠣᠭᠠᠨ ᠤ ᠵᠦᠢᠯ ᠢ ᠵᠣᠬᠢᠰᠲᠠᠢ ᠪᠠᠷ ᠲᠣᠬᠢᠷᠠᠭᠤᠯᠤᠨ᠎ᠠ ᠃ ᠨᠠᠷᠢᠯᠢᠭ ᠪᠣᠷᠳᠤᠭ᠎ᠠ ᠂ ᠪᠦᠳᠦᠭᠦᠯᠢᠭ ᠪᠣᠷᠳᠤᠭ᠎ᠠ ᠶᠢ ᠬᠡᠮᠬᠡᠴᠢᠵᠦ ᠭᠠᠭ᠋ᠠᠢ ᠶᠢᠨ ᠰᠢᠩᠭᠡᠭᠡᠬᠦ ᠳᠤ ᠠᠰᠢᠭᠲᠠᠢ ᠪᠣᠯᠭᠠᠬᠤ ᠬᠡᠷᠡᠭᠲᠡᠢ ᠃ ᠲᠦᠭᠦᠬᠡᠢ ᠮᠠᠲ᠋ᠧᠷᠢᠶᠠᠯ ᠢ ᠨᠣᠶᠢᠲᠠᠨ ᠢᠶᠠᠷ ᠢᠳᠡᠭᠦᠯᠦᠭᠰᠡᠨ ᠴᠦ ᠲᠡᠷᠡ ᠂ ᠬᠤᠯᠢᠮᠠᠭ ᠲᠡᠵᠢᠭᠡᠯ ᠪᠣᠷᠳᠤᠭ᠎ᠠ ᠂ ᠡᠰᠡᠭᠦᠯ᠎ᠡ ᠨᠠᠶᠢᠷᠠᠭᠤᠯᠤᠭᠰᠠᠨ ᠲᠡᠵᠢᠭᠡᠯ ᠪᠤᠷᠳᠤᠭ᠎ᠠ ᠴᠤ ᠲᠡᠷᠡ ᠪᠦᠷ ᠤᠰᠤ ᠶᠢ  ᠨᠢ ᠬᠡᠲᠦᠷᠬᠡᠢ ᠠᠷᠪᠢᠨ ᠪᠠᠶᠢᠯᠭᠠᠵᠤ ᠪᠣᠯᠬᠤ ᠦᠭᠡᠢ ᠃ ᠲᠣᠷᠣᠢ ᠳᠤ 0.1% ᠶᠢᠨ ᠳᠡᠭᠡᠳᠦ ᠮᠠᠩᠭᠠᠨ ᠬᠦᠴᠢᠯ ᠤᠨ ᠺᠠᠯᠢ ᠶᠢᠨ ᠠᠭᠤᠰᠤᠮᠠᠯ ᠢ ᠣᠯᠭᠤᠵᠣ᠂ ᠲᠣᠷᠣᠢ ᠶᠢᠨ ᠴᠠᠭᠠᠨ ᠴᠢᠴᠠᠭ᠎ᠠ ᠠᠯᠳᠠᠬᠤ ᠠᠴᠠ ᠰᠡᠷᠭᠡᠶᠢᠯᠡᠵᠦ ᠪᠣᠯᠣᠨ᠎ᠠ᠃ ᠨᠣᠭᠤᠭᠠᠨ ᠪᠣᠷᠳᠣᠭᠠᠨ ᠳᠤ ᠡᠷᠬᠡᠪᠰᠢ 40% ᠶᠢᠨ ᠨᠠᠷᠢᠯᠢᠭ ᠪᠣᠷᠳᠣᠭᠠᠨ ᠤ ᠨᠠᠶᠢᠷᠠᠯᠭ᠎ᠠ ᠬᠢᠬᠦ ᠬᠡᠷᠡᠭᠲᠡᠢ ᠂ ᠪᠠᠰᠠ ᠲᠡᠵᠢᠭᠡᠯ ᠪᠣᠷᠳᠣᠭᠠᠨ ᠳᠤ 10% ᠶᠢᠨ ᠰᠢᠯᠦᠬᠡᠢ ᠠᠮᠤ ᠶᠢᠨ ᠠᠭ᠎ᠠ ᠬᠢᠵᠦ ᠪᠣᠯᠣᠨ᠎ᠠ ᠃      ᠠᠮᠲᠠᠲᠤ ᠲᠥᠮᠥᠰᠥ ᠶᠢ ᠯᠤᠤᠪᠠᠩ ᠲᠠᠢ ᠬᠠᠮᠲᠤ ᠬᠡᠷᠡᠭᠯᠡᠨ᠎ᠡ᠃ ᠠᠮᠲᠠᠲᠤ ᠲᠥᠮᠥᠰᠥ ᠪᠣᠯ ᠥᠨᠳᠥᠷ ᠡᠨᠧᠷᠭᠢᠲᠦ ᠲᠡᠵᠢᠭᠡᠯ ᠪᠣᠷᠳᠤᠭ᠎ᠠ ᠳᠤ ᠪᠠᠭᠲᠠᠨ᠎ᠠ ᠂ ᠭᠡᠪᠡᠴᠦ ᠰᠢᠮ᠎ᠡ ᠲᠡᠵᠢᠭᠡᠯ ᠨᠢ ᠳᠠᠩ ᠴᠤᠯᠭᠤᠢ ᠂ ᠠᠮᠲᠠᠲᠤ ᠲᠥᠮᠥᠰᠥ ᠶᠢ ᠡᠷᠳᠡᠨᠢ ᠰᠢᠰᠢ ᠂ ᠪᠤᠷᠴᠠᠭ ᠤᠨ ᠪᠣᠣᠪᠤ ᠂ ᠪᠤᠭᠤᠳᠠᠢ ᠶᠢᠨ ᠬᠡᠪᠡᠭ ᠂ ᠠᠭᠠᠭ ᠂ ᠵᠢᠭᠠᠰᠤᠨ ᠲᠠᠯᠬ᠎ᠠ ᠂ ᠶᠠᠰᠤᠨ ᠲᠠᠯᠬ᠎ᠠ ᠵᠡᠷᠭᠡ ᠲᠠᠢ ᠬᠠᠪᠰᠤᠷᠭᠠᠨ ᠬᠡᠷᠡᠭᠯᠡᠪᠡᠯ ᠰᠠᠶ᠋ᠢ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠤᠨ ᠲᠡᠩᠴᠡᠭᠦᠷᠢ ᠶᠢ ᠪᠠᠲᠤᠯᠠᠵᠤ ᠴᠢᠳᠠᠨ᠎ᠠ ᠃ ᠡᠭᠦᠨ ᠠᠴᠠ ᠭᠠᠳᠠᠨ᠎ᠠ ᠂ ᠠᠮᠲᠠᠲᠤ ᠲᠥᠮᠥᠰᠥ ᠶᠢᠨ ᠪᠦᠬᠦᠶᠢᠯᠡ ᠲᠡᠵᠢᠭᠡᠯ ᠪᠣᠷᠳᠣᠭᠠᠨ ᠤ ᠳᠣᠲᠣᠷ᠎ᠠ ᠡᠵᠡᠯᠡᠬᠦ ᠬᠤᠪᠢ ᠶᠢᠨ ᠵᠢᠩ ᠨᠢ 50% ᠠᠴᠠ ᠬᠡᠲᠦᠷᠡᠵᠦ ᠪᠣᠯᠬᠤ ᠦᠭᠡᠢ ᠂ ᠲᠣᠷᠣᠢ ᠶᠢᠨ ᠪᠤᠷᠳᠤᠭᠠᠨ ᠳᠤ ᠶᠡᠷᠦᠩᠬᠡᠢ ᠳᠤ ᠪᠠᠨ 30% ᠠᠴᠠ ᠬᠡᠲᠦᠷᠡᠵᠦ ᠪᠣᠯᠬᠤ ᠦᠭᠡᠢ ᠃ ᠬᠠᠮᠤᠭ ᠤᠨ ᠰᠠᠶᠢᠨ ᠨᠢ ᠠᠮᠲᠠᠲᠤ ᠲᠥᠮᠥᠰᠥ ᠬᠢᠭᠡᠳ ᠰᠢᠩᠭᠡᠭᠡᠯᠲᠡ ᠶᠢ ᠠᠬᠢᠭᠤᠯᠬᠤ ᠯᠤᠤᠪᠠᠩ ᠢ 2 ᠄ 1 ᠪᠠᠷ ᠬᠡᠷᠴᠢᠵᠦ ᠂ ᠴᠢᠨᠠᠵᠤ ᠨᠤᠯᠳᠠᠷᠠᠭᠤᠯᠤᠭᠰᠠᠨ ᠤ ᠳᠠᠷᠠᠭ᠎ᠠ ᠬᠦᠷᠦᠭᠡᠭᠡᠳ ᠵᠣᠬᠢᠬᠤ ᠬᠡᠮᠵᠢᠶᠡᠨ ᠤ ᠬᠠᠭᠤᠷᠠᠢ ᠢᠰᠬᠡᠭᠦᠷ ᠲᠠᠢ ᠬᠤᠯᠢᠵᠤ ᠲᠡᠵᠢᠭᠡᠨ᠎ᠡ ᠃ᠪᠣᠷᠳᠤᠭ᠎ᠠ ᠨᠥᠭᠡᠴᠡᠯᠡᠬᠦ ᠃ ᠯᠣᠬᠠᠱᠧᠩ ᠤᠨ ᠴᠢᠬᠢ᠂ ᠪᠤᠷᠴᠠᠭ ᠤᠨ ᠡᠰᠢ᠂ ᠲᠦᠮᠦᠰᠦ ᠶᠢᠨ ᠲᠦᠷᠦᠯ ᠤᠨ ᠲᠦᠮᠦᠰᠦᠯᠢᠭ ᠡᠰᠢ᠂ ᠪᠤᠷᠴᠠᠭ ᠤᠨ ᠬᠤᠩᠭᠤᠷᠴᠤᠭ ᠤᠨ ᠡᠰᠢ ᠵᠡᠷᠭᠡ ᠶᠢ ᠬᠠᠳᠠᠭᠠᠵᠤ ᠬᠡᠮᠬᠡᠯᠡᠭᠰᠡᠨ ᠤ ᠳᠠᠷᠠᠭ᠎ᠠ ᠨᠥᠭᠡᠴᠡᠯᠡᠵᠦ ᠭᠠᠭ᠋ᠠᠢ ᠲᠡᠵᠢᠭᠡᠨ᠎ᠡ᠃ ᠬᠥᠬᠡ ᠡᠪᠡᠰᠦ᠂ ᠬᠥᠬᠡ ᠨᠣᠭᠤᠭ᠎ᠠ ᠶᠢ ᠢᠰᠬᠡᠬᠦ ᠪᠤᠶᠤ ᠳᠡᠪᠲᠦᠭᠡᠵᠦ ᠪᠠᠶᠢᠭᠠᠳ ᠳᠠᠷᠤᠭᠰᠠᠨ ᠨᠣᠭᠤᠭ᠎ᠠ ᠪᠣᠯᠭᠠᠨ ᠲᠡᠵᠢᠭᠡᠵᠦ ᠪᠣᠯᠣᠨ᠎ᠠ᠃ ᠪᠣᠳᠠᠲᠠᠢ ᠠᠷᠭ᠎ᠠ ᠨᠢ ᠄ ᠡᠪᠡᠰᠦ ᠂ ᠨᠣᠭᠤᠭ᠎ᠠ ᠂ ᠭᠤᠸᠠ ᠂ ᠮᠣᠳᠣᠨ ᠨᠠᠪᠴᠢ ᠵᠡᠷᠭᠡ ᠶᠢ ᠤᠬᠢᠶᠠᠨ ᠴᠡᠪᠡᠷᠯᠡᠵᠦ ᠣᠬᠤᠷ ᠬᠡᠷᠴᠢᠭᠡᠳ ᠭᠠᠩ ᠳᠤ ᠰᠠᠪᠠᠯᠠᠵᠤ ᠂ ᠳᠠᠪᠬᠤᠷᠭ᠎ᠠ ᠳᠠᠷᠠᠭᠠᠯᠠᠨ ᠳᠠᠷᠤᠰᠢᠭᠤᠯᠤᠭᠰᠠᠨ ᠤ ᠳᠠᠷᠠᠭ᠎ᠠ ᠂ ᠨᠠᠢᠮᠠᠨ ᠬᠤᠪᠢ ᠶᠢ ᠳᠦᠭᠦᠷᠲᠡᠯ᠎ᠡ ᠰᠠᠪᠠᠯᠠᠬᠤ ᠶᠢᠨ ᠬᠠᠮᠲᠤ ᠡᠪᠡᠰᠦᠨ ᠬᠥᠰᠢᠭᠡ ᠪᠠᠷ ᠪᠦᠲᠡᠭᠡᠵᠦ ᠲᠠᠯᠪᠢᠨ᠎ᠠ ᠂ ᠴᠢᠯᠠᠭᠤ ᠪᠠᠷ ᠳᠠᠷᠤᠨ᠎ᠠ ᠂ ᠤᠰᠤ ᠨᠡᠮᠡᠵᠦ ᠪᠣᠯᠬᠤ ᠦᠭᠡᠢ ᠃ ᠬᠡᠳᠦᠨ ᠡᠳᠦᠷ ᠤᠨ ᠳᠠᠷᠠᠭ᠎ᠠ ᠪᠣᠷᠳᠤᠭ᠎ᠠ  ᠨᠢ ᠳᠣᠷᠣᠭᠰᠢ ᠰᠠᠭᠤᠭᠰᠠᠨ ᠤ ᠳᠠᠷᠠᠭ᠎ᠠ ᠳᠠᠬᠢᠨ ᠤᠰᠤ ᠳᠦᠭᠦᠷᠭᠡᠵᠦ ᠂ ᠠᠭᠠᠷ ᠠᠴᠠ  ᠲᠤᠰᠠᠭᠠᠷᠯᠠᠨ᠎ᠠ ᠂ ᠨᠢᠭᠡ ᠡᠳᠦᠷ ᠢᠰᠬᠡᠭᠰᠡᠨ ᠤ ᠳᠠᠷᠠᠭ᠎ᠠ ᠳᠠᠷᠤᠢ ᠭᠠᠷᠭᠠᠨ ᠠᠪᠴᠤ ᠭᠠᠭ᠋ᠠᠢ ᠲᠡᠵᠢᠭᠡᠵᠦ ᠪᠣᠯᠣᠨ᠎ᠠ᠃ ︵ᠰᠢᠶᠣᠣ ᠵᠢᠩ︶
         
        ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
         
         
        ᠬᠠᠮᠢᠶ᠎ᠠ ᠪᠥᠬᠦᠢ ᠰᠤᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号