内蒙古自治区农牧厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠦᠯᠦᠭᠯᠡᠯ ᠤᠨ ᠬᠤᠳᠠᠯᠳᠤᠨ ᠠᠪᠬᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦ᠋ᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠤᠬᠠᠢ ᠮᠡᠳᠡᠭᠳᠡᠯ
        ᠨᠡᠶᠢᠲᠡᠯᠡᠭᠰᠡᠨ ᠴᠠᠭ᠄
        2022/12/10
        ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ᠄      ᠪᠦᠯᠦᠭᠯᠡᠯ ᠤᠨ ᠬᠤᠳᠠᠯᠳᠤᠨ ᠠᠪᠬᠤ᠂ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠳᠤ ᠬᠡᠷᠡᠭᠯᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ ᠂ ᠢᠳᠡᠭᠡᠨ ᠳᠤ ᠬᠡᠷᠡᠭᠯᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠲᠠᠷᠢᠶᠠᠨ ᠭᠠᠵᠠᠷ   ᠠᠴᠠ ᠬᠤᠭᠤᠯᠠᠨ ᠰᠢᠷᠡᠭᠡ ᠬᠦᠷᠲᠡᠯᠡᠬᠢ︾ ᠪᠥᠬᠦ ᠶᠠᠪᠤᠴᠠ ᠶᠢᠨ ᠶᠠᠰᠤ ᠴᠢᠨᠠᠷ ᠢ ᠮᠥᠷᠳᠡᠵᠦ ᠪᠣᠯᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢᠨ ᠲᠤᠰᠠᠳᠠ᠂ ︽2022 ᠣᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠭᠤᠣᠯᠳᠠᠯᠭ᠎ᠠ︾ ︵ᠢᠳᠡᠭᠡᠨ ᠤ ᠠᠮᠤᠷ ᠲᠦᠪᠰᠢᠨ ᠤ ᠵᠥᠪᠯᠡᠯ ﹇2022﹈ 4 ᠳ᠋ᠦ᠋ᠭᠡᠷ ᠲᠣᠭᠠᠲᠤ︶ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠪᠦᠯᠦᠭᠯᠡᠯ ᠤᠨ ᠬᠤᠳᠠᠯᠳᠤᠨ ᠠᠪᠬᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠲᠤ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠬᠡᠷᠡᠭᠵᠢᠭᠦᠯᠬᠦ ᠪᠠᠷ ᠲᠦᠯᠦᠪᠯᠡᠵᠦ ᠪᠣᠢ ᠃ ᠡᠳᠦᠭᠡ ᠬᠤᠯᠪᠣᠭᠳᠠᠯ ᠪᠦᠬᠦᠢ ᠶᠠᠪᠤᠳᠠᠯ ᠢ ᠳᠣᠣᠷᠠᠬᠢ ᠮᠡᠲᠦ ᠮᠡᠳᠡᠭᠳᠡᠪᠡ᠃      ᠨᠢᠭᠡ᠂ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠢ ᠦᠯᠡᠳᠡᠭᠡᠨ ᠬᠠᠳᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ ᠃ ᠡᠯ᠎ᠡ ᠭᠠᠵᠠᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠢᠳᠡᠭᠡᠨ ᠪᠠ ᠢᠳᠡᠭᠡᠨ ᠳᠤ ᠬᠡᠷᠡᠭᠯᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠬᠠᠢ ︽ᠳᠥᠷᠪᠡᠨ ᠬᠠᠮᠤᠭ ᠤᠨ ᠴᠢᠩᠭ᠎ᠠ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠢ ᠦᠯᠡᠳᠡᠭᠡᠨ ᠬᠠᠳᠠᠭᠠᠯᠠᠬᠤ ᠪᠠ ᠪᠠᠶᠢᠴᠠᠭᠠᠨ ᠰᠢᠯᠭᠠᠬᠤ ᠳᠦᠷᠢᠮ ᠢᠶᠠᠷ ᠨᠠᠷᠢᠨ ᠣᠨᠣᠪᠴᠢᠲᠠᠶ ᠮᠥᠷᠳᠡᠬᠦ᠂ ᠪᠦᠯᠦᠭᠯᠡᠯ ᠤᠨ ᠬᠤᠳᠠᠯᠳᠤᠨ ᠠᠪᠬᠤ᠂ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠪᠠ ᠢᠳᠡᠭᠡᠨ ᠳᠤ ᠬᠡᠷᠡᠭᠯᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠭᠠᠷᠳᠠᠴᠠ ᠪᠣᠯᠭᠠᠵᠤ᠂ ᠪᠥᠬᠦ ᠬᠦᠴᠦᠨ ᠢᠶᠠᠷ ᠢᠶᠠᠨ ᠠᠬᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠭᠤᠣᠯ ᠴᠣᠭᠴᠠ ᠠᠴᠠ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠭᠠᠷᠭᠠᠵᠦ ᠂ ᠬᠡᠷᠡᠭᠯᠡᠭᠴᠢᠳ ᠤᠨ ᠪᠠᠶᠢᠴᠠᠭᠠᠨ ᠰᠢᠯᠭᠠᠵᠤ ᠦᠯᠡᠳᠡᠭᠡᠨ ᠬᠠᠳᠠᠭᠠᠯᠠᠬᠤ ᠰᠠᠶᠢᠨ ᠰᠠᠶᠢᠬᠠᠨ ᠪᠠᠶᠢᠷᠢᠰᠢᠯ ᠢ ᠪᠣᠶ ᠪᠣᠯᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠭᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠪᠣᠳᠠᠲᠠᠶᠢᠵᠢᠭᠤᠯᠤᠨ ᠴᠢᠩᠭᠠᠳᠬᠠᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃      ᠬᠤᠶᠠᠷ᠂ ᠪᠦᠯᠦᠭᠯᠡᠯ ᠤᠨ ᠬᠤᠳᠠᠯᠳᠤᠨ ᠠᠪᠬᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠢ ᠪᠠᠶᠢᠴᠠᠭᠠᠨ ᠰᠢᠯᠭᠠᠬᠤ ᠪᠠ ᠦᠯᠡᠳᠡᠭᠡᠨ ᠬᠠᠳᠠᠭᠠᠯᠠᠬᠤ ᠶᠢ ᠠᠬᠢᠭᠤᠯᠬᠤ ᠬᠡᠷᠡᠭᠲᠡᠢ ᠃ ᠡᠯ᠎ᠡ ᠭᠠᠵᠠᠷ ᠤᠨ ᠬᠢᠨ ᠪᠦᠯᠦᠭᠯᠡᠯ ᠤᠨ ᠬᠤᠳᠠᠯᠳᠤᠨ ᠠᠪᠬᠤ᠂ ᠰᠤᠷᠭᠠᠭᠤᠯᠢ ᠶᠢᠨ ᠬᠤᠭᠤᠯᠠᠨ ᠭᠡᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠬᠠᠮᠢᠶᠠᠷᠤᠯᠲᠠ ᠶᠢ ᠴᠢᠩᠭᠠᠷᠠᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭ᠎ᠠ ᠣᠷᠣᠭᠤᠯᠬᠤ ᠡᠬᠡ ᠲᠠᠩᠰᠠ ᠶᠢᠨ ᠳᠠᠩᠰᠠᠯᠠᠯᠲᠠ ︵ᠬᠠᠳᠠᠭᠠᠯᠠᠬᠤ ᠬᠤᠭᠤᠴᠠᠭ᠎ᠠ ᠨᠢ 2 ᠵᠢᠯ︶ ᠶᠢ ᠰᠠᠶᠢᠲᠤᠷ ᠬᠢᠵᠦ᠂ ᠢᠳᠡᠭᠡᠨ ᠳᠤ ᠬᠡᠷᠡᠭᠯᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠣᠷᠣᠭᠤᠯᠵᠤ ᠬᠤᠳᠠᠯᠳᠤᠨ ᠠᠪᠬᠤ ᠳᠤ ᠪᠠᠨ ︽ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ︾ ᠢ ᠬᠢᠷᠢ ᠲᠡᠩᠴᠡᠭᠰᠡᠨ ᠭᠡᠷᠡᠴᠢ ᠶᠢᠨ ᠨᠢᠭᠡ ᠵᠦᠢᠯ ᠪᠣᠯᠭᠠᠨ ᠪᠠᠶᠢᠴᠠᠭᠠᠨ ᠰᠢᠯᠭᠠᠬᠤ ᠪᠠ ᠦᠯᠡᠳᠡᠭᠡᠨ ᠬᠠᠳᠠᠭᠠᠯᠠᠵᠤ᠂ ᠢᠷᠡᠯᠲᠡ ᠶᠢ ᠨᠢ ᠲᠣᠳᠣᠷᠬᠠᠢ ᠪᠣᠯᠭᠠᠵᠤ᠂ ᠪᠦᠯᠦᠭᠯᠡᠯ ᠤᠨ ᠬᠤᠳᠠᠯᠳᠤᠨ ᠠᠪᠬᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠢᠳᠡᠭᠡᠨ ᠳᠤ ᠬᠡᠷᠡᠭᠯᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠨᠢᠭᠡᠳᠦᠭᠡᠷ ᠪᠣᠭᠤᠮᠲᠠ ᠶᠢ ᠰᠠᠶᠢᠲᠤᠷ ᠡᠵᠡᠮᠳᠡᠬᠦ ᠬᠡᠷᠡᠭᠲᠡᠢ᠃      ᠭᠤᠷᠪᠠ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠ ᠵᠢᠯᠤᠭᠤᠳᠬᠤ ᠦᠢᠯᠡᠴᠢᠯᠡᠭᠡ ᠶᠢ ᠴᠢᠩᠭᠠᠷᠠᠭᠤᠯᠬᠤ ᠬᠡᠷᠡᠭᠲᠡᠢ ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ   ᠨᠢ ᠲᠤᠬᠠᠢ ᠶᠢᠨ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠤᠷᠢᠶᠠᠩᠭᠤᠶᠢᠯᠠᠬᠤ ᠶᠢ ᠬᠠᠷᠢᠭᠤᠴᠠᠵᠤ᠂︽ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠨᠠᠶᠢᠳᠠᠪᠤᠷᠢᠵᠢᠭᠤᠯᠬᠤ ᠲᠣᠬᠢᠷᠠᠭᠤᠯᠤᠯᠲᠠ ᠶᠢᠨ ᠬᠦᠰᠦᠨᠦᠭᠲᠦ︾ ︵ᠳᠠᠭᠠᠯᠳᠤᠭᠤᠯᠤᠯ︶ ᠶᠢ ᠤᠯᠠᠷᠢᠯ ᠪᠦᠷᠢ ᠶᠢᠨ ᠰᠡᠭᠦᠯᠴᠢ ᠶᠢᠨ ᠨᠢᠭᠡ ᠰᠠᠷ᠎ᠠ ᠶᠢᠨ 20 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠮᠡᠳᠡᠭᠦᠯᠦᠨ ᠬᠦᠷᠭᠡᠵᠦ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠲᠣᠰ ᠲᠣᠰ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠯᠣᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠦᠷᠭᠡᠨ᠎ᠡ ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠨᠢ ᠰᠤᠷᠭᠠᠨ ᠬᠥᠮᠦᠵᠢᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠲᠤᠬᠠᠢ ᠶᠢᠨ ᠭᠠᠵᠠᠷ ᠲᠤ ᠨᠢ ᠪᠠᠶᠢᠴᠠᠭᠠᠨ ᠵᠢᠯᠤᠭᠤᠳᠬᠤ ᠶᠢ ᠴᠠᠭ ᠲᠤ ᠨᠢ ᠲᠣᠬᠢᠷᠠᠭᠤᠯᠤᠨ ᠥᠷᠨᠢᠭᠦᠯᠵᠦ᠂ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠪᠣᠯᠪᠠᠰᠤᠷᠠᠭᠤᠯᠤᠨ᠂ ᠠᠰᠠᠭᠤᠳᠠᠯ ᠤᠨ ᠬᠦᠴᠢᠷᠳᠡᠯ ᠢ ᠣᠶᠢᠯᠠᠭᠠᠨ᠂ ᠰᠢᠢᠳᠪᠦᠷᠢᠯᠡᠬᠦ ᠠᠷᠭ᠎ᠠ ᠬᠡᠮᠵᠢᠶ᠎ᠡ ᠲᠣᠭᠲᠠᠭᠠᠵᠤ᠂ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠪᠠ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠪᠦᠲᠦᠮᠵᠢᠲᠡᠶ ᠵᠣᠯᠭᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠃      ᠳᠠᠭᠠᠯᠳᠤᠭᠤᠯᠤᠯ᠄ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠨᠠᠶᠢᠳᠠᠪᠤᠷᠢᠵᠢᠭᠤᠯᠬᠤ ᠲᠣᠬᠢᠷᠠᠭᠤᠯᠤᠯᠲᠠ ᠶᠢᠨ ᠬᠦᠰᠦᠨᠦᠭᠲᠦ      ᠬᠠᠷᠢᠯᠴᠠᠬᠤ ᠬᠥᠮᠥᠨ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠯᠢᠦ ᠵᠢᠶᠠ ᠴᠢᠩ 15849137069      ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠯᠢᠦ ᠴᠧᠩ 0471 - 4507152      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠢᠦᠢ ᠬᠤᠤ ᠴᠢᠶᠠᠩ 13947189758                               ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                              ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                              ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                               ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                              ᠰᠤᠷᠭᠠᠨ ᠬᠥᠮᠦᠵᠢᠯ ᠤᠨ ᠲᠢᠩᠬᠢᠮ                                            2022 ᠣᠨ ᠤ 12 ᠰᠠᠷ᠎ᠠ ᠶᠢᠨ 8 ᠤ ᠡᠳᠦᠷ      ᠳᠠᠭᠠᠯᠳᠤᠭᠤᠯᠤᠯ᠄ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠨᠠᠶᠢᠳᠠᠪᠤᠷᠢᠵᠢᠭᠤᠯᠬᠤ ᠲᠣᠬᠢᠷᠠᠭᠤᠯᠤᠯᠲᠠ ᠶᠢᠨ ᠬᠦᠰᠦᠨᠦᠭᠲᠦ

             

         

         
        ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
         
         
        ᠬᠠᠮᠢᠶ᠎ᠠ ᠪᠥᠬᠦᠢ ᠰᠤᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号