ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ | ︽2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ | ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ | ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠬᠠᠷᠢᠭᠤᠴᠠᠯᠭᠠᠲᠠᠨ ︽ᠬᠡᠷᠡᠭᠵᠢᠭᠦᠯᠬᠦ ᠰᠠᠨᠠᠯ︾ ᠤᠨ ᠬᠤᠯᠪᠣᠭᠳᠠᠯ ᠪᠦᠬᠦᠢ | ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠠᠰᠠᠭᠤᠯᠲᠠ᠄ ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠮᠠᠷ ᠪᠣᠶ︖ | ᠬᠠᠷᠢᠭᠤᠯᠲᠠ᠄ ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ ᠳᠤ ᠪᠠᠨ ᠂ ᠡᠯ᠎ᠡ ᠵᠦᠢᠯ ᠤᠨ | ᠲᠦᠭᠰᠢᠭᠦᠷᠢ ᠶᠢᠨ ᠰᠢᠯᠭᠠᠯᠲᠠ ᠶᠢ ᠠᠷᠭᠠᠴᠠᠭᠠᠬᠤ ᠳᠤ ᠡᠷᠬᠡᠪᠰᠢ ᠤᠯᠤᠰ ᠤᠨ ᠪᠠᠶᠢᠯᠳᠤᠬᠤ ᠪᠣᠳᠣᠯᠭ᠎ᠠ ᠶᠢᠨ | ᠬᠡᠷᠡᠭᠴᠡᠭᠡ ᠶᠢ ᠪᠣᠳᠣᠯᠬᠢᠯᠠᠨ᠂ ᠲᠠᠷᠢᠶᠠᠯᠠᠩ ᠤᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ︽ᠲᠠᠷᠢᠶᠠᠯᠠᠩ | ᠬᠥᠳᠡᠭᠡ ᠲᠣᠰᠬᠤᠨ ᠲᠠᠷᠢᠶᠠᠴᠢᠨ ︾ ᠤ ᠠᠵᠢᠯ ᠢ ᠰᠠᠶᠢᠲᠤᠷ ᠬᠢᠵᠦ᠂ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ | ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠦᠨᠡᠨ ᠬᠦ ᠪᠠᠲᠤᠯᠠᠵᠤ᠂ ᠲᠠᠷᠢᠶᠠᠯᠠᠩ ᠬᠥᠳᠡᠭᠡ | ᠲᠣᠰᠬᠤᠨ ᠤ ᠲᠣᠭᠲᠠᠭᠤᠨ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ 2021 ᠣᠨ ᠳᠤ᠂ ᠮᠠᠨ | ᠤ ᠣᠷᠣᠨ ᠶᠡᠷᠦᠩᠬᠡᠢ ᠱᠦᠵᠢ ᠰᠢ ᠶᠢᠨ ᠫᠢᠩ ᠤ ︽ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ | ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠳᠤᠭᠤᠰᠢᠯᠠᠭᠤᠯᠵᠤ᠂ ᠠᠮᠢ ᠠᠬᠤᠢ ᠶᠢ ᠲᠡᠷᠢᠭᠦᠨ ᠳᠤ | ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠦᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠳᠤ ︽ᠠᠷᠪᠠᠨ | ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠵᠦ᠂ ᠮᠠᠯ ᠠᠵᠤ ᠠᠬᠤᠢ ᠶᠢᠨ | ᠦᠢᠯᠡᠳᠪᠦᠷᠢᠯᠡᠯ ᠳᠤ ︽ᠠᠷᠪᠠᠨ ᠳᠣᠯᠣᠭᠠᠨ ᠵᠢᠯ ᠳᠠᠷᠠᠭᠠᠯᠠᠨ ᠲᠣᠭᠲᠠᠭᠤᠨ ᠪᠠᠶᠢᠬᠤ︾ ᠶᠢ ᠪᠡᠶᠡᠯᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠣᠯᠬᠤᠶᠢᠴᠠ ᠣᠷᠣᠯᠭ᠎ᠠ 18337 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.7% ᠪᠠᠷ | ᠨᠡᠮᠡᠭᠳᠡᠪᠡ᠃ ᠨᠡᠮᠡᠭᠳᠡᠯ ᠤᠨ ᠬᠤᠷᠳᠤᠴᠠ ᠨᠢ ᠬᠤᠲᠠ ᠪᠠᠯᠭᠠᠰᠤᠨ ᠤ ᠰᠠᠭᠤᠭᠠᠯᠢ ᠠᠷᠠᠳ ᠠᠴᠠ 3.4 ᠵᠠᠭᠤᠨ ᠤ | ᠨᠢᠭᠡᠴᠢ ᠥᠨᠳᠥᠷ ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠦᠷᠭᠦᠯᠵᠢᠯᠡᠨ ᠰᠠᠶᠢᠵᠢᠷᠠᠵᠤ ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠲᠠᠰᠤᠷᠠᠯᠲᠠ ᠦᠭᠡᠢ | ᠳᠡᠭᠡᠭᠰᠢᠯᠡᠨ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠪᠠᠶᠢᠳᠠᠯ | ᠦᠷᠭᠦᠯᠵᠢᠯᠡᠨ ᠰᠠᠶᠢᠵᠢᠷᠠᠵᠤ ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠶᠢ ᠪᠠᠲᠤᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ | ᠲᠠᠯ᠎ᠠ ᠪᠠᠷ ᠠᠬᠢᠭᠤᠯᠬᠤ ᠶᠢ ᠯᠠᠪᠳᠠᠭᠤᠨ ᠪᠠᠲᠤᠲᠠᠢ ᠠᠯᠬᠤᠵᠤ ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ | ᠲᠦᠯᠦᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ ᠃ | ᠣᠳᠣᠬᠠᠨ ᠳᠤ ᠂ ᠵᠠᠭᠤᠨ ᠵᠢᠯ ᠤᠨ ᠬᠤᠪᠢᠷᠠᠯᠲᠠ ᠪᠠ ᠵᠠᠭᠤᠨ ᠵᠢᠯ ᠤᠨ ᠬᠢᠵᠢᠭ ᠤᠨ ᠪᠠᠶᠢᠳᠠᠯ ᠰᠣᠯᠪᠢᠴᠠᠨ | ᠳᠠᠪᠬᠤᠴᠠᠵᠤ ᠂ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠭᠠᠳᠠᠭᠠᠳᠤ ᠣᠷᠴᠢᠨ ᠨᠥᠬᠦᠴᠡᠯ ᠤᠨ ᠡᠮᠦᠨ᠎ᠡ ᠂ | ᠲᠠᠷᠢᠶᠠᠯᠠᠩ ᠤᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ | ᠠᠵᠢᠯ ᠢ ᠰᠠᠶᠢᠲᠤᠷ ᠬᠢᠵᠦ ᠂ ᠲᠠᠷᠢᠶᠠᠯᠠᠩ ᠤᠨ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ᠂ | ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠂ ᠬᠥᠳᠡᠭᠡ ᠲᠣᠰᠬᠤᠨ ᠤ ᠠᠮᠤᠷ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠬᠤ ᠨᠢ ᠠᠵᠤ ᠠᠬᠤᠢ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ | ᠲᠦᠯᠬᠢᠨ ᠠᠬᠢᠭᠤᠯᠬᠤ ᠳᠤ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ ᠃ ᠡᠨᠡ ᠵᠢᠯ ᠤᠨ 1 ᠰᠠᠷ᠎ᠠ ᠶᠢᠨ 5 | ᠤ ᠡᠳᠦᠷ ᠂ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ︽ 2022 ᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ | ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ︾ ᠢ ᠳᠠᠷᠤᠮᠠᠯᠯᠠᠨ ᠲᠠᠷᠬᠠᠭᠠᠵᠤ ᠂ | ︽ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶᠠᠨ ᠤ | ᠰᠢᠨ᠎ᠡ ᠬᠥᠭᠵᠢᠯᠲᠡ ᠶᠢᠨ ᠱᠠᠲᠤᠨ ᠳᠠᠬᠢ ︽ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠤᠨ | ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ ᠣᠶᠢᠯᠠᠭᠠᠨ ᠡᠵᠡᠮᠰᠢᠵᠦ ᠂ ᠲᠥᠪ ᠤᠨ | ᠠᠵᠤ ᠠᠬᠤᠢ ᠶᠢᠨ ᠠᠵᠢᠯ ᠤᠨ ᠬᠤᠷᠠᠯ ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠢ ᠲᠤᠭᠤᠰᠢᠯᠠᠭᠤᠯᠬᠤ ᠲᠠᠢ ᠤᠶᠠᠯᠳᠤᠭᠤᠯᠵᠤ ᠂ | ᠲᠥᠪ ᠤᠨ ︽ ᠰᠠᠨᠠᠯ ︾ ᠳᠤ ᠳᠤᠷᠠᠳᠤᠭᠰᠠᠨ ᠴᠢᠬᠤᠯᠠ ᠶᠡᠭᠡ ᠡᠭᠦᠷᠭᠡ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ | ᠨᠠᠷᠢᠯᠢᠭᠵᠢᠭᠤᠯᠤᠨ ᠪᠠᠶᠢᠷᠢᠯᠠᠭᠤᠯᠵᠤ ᠂ ︽ ᠬᠡᠷᠡᠭᠵᠢᠭᠦᠯᠬᠦ ᠰᠠᠨᠠᠯ ︾ ᠢ ᠲᠣᠭᠲᠠᠭᠠᠨ ᠨᠡᠶᠢᠲᠡᠯᠡᠪᠡ ᠃ | ᠠᠰᠠᠭᠤᠯᠲᠠ᠄ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ ᠨᠢ ᠶᠠᠭᠤ ᠪᠣᠶ︖ | ᠬᠠᠷᠢᠭᠤᠯᠲᠠ᠄ ︽ᠬᠡᠷᠡᠭᠵᠢᠭᠦᠯᠬᠦ ᠰᠠᠨᠠᠯ︾ ᠳᠤ 37 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠤᠨ | ᠭᠠᠷᠭᠠᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ᠂ ᠲᠠᠷᠢᠶᠠᠨ ᠭᠠᠵᠠᠷ ᠢ | ᠬᠠᠮᠠᠭᠠᠯᠠᠬᠤ ᠪᠠ ᠪᠦᠲᠦᠭᠡᠨ ᠪᠠᠶᠢᠭᠤᠯᠬᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠠᠵᠤ | ᠦᠢᠯᠡᠰᠵᠢᠭᠦᠯᠦᠨ ᠬᠥᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠢ ᠳᠡᠭᠡᠭᠰᠢᠯᠡᠭᠦᠯᠬᠦ᠂ | ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ | ᠵᠢᠷᠭᠤᠭᠠᠨ ᠶᠡᠭᠡ ᠠᠵᠢᠯᠯᠠᠭ᠎ᠠ ᠵᠡᠷᠭᠡ ᠪᠣᠳᠠᠲᠠᠢ ᠠᠷᠭ᠎ᠠ ᠬᠡᠮᠵᠢᠶ᠎ᠡ ᠶᠢ ᠭᠦᠨᠵᠡᠭᠡᠢ ᠬᠡᠷᠡᠭᠵᠢᠭᠦᠯᠬᠦ ᠪᠠᠷ ᠲᠣᠳᠣᠷᠬᠠᠢ | ᠲᠣᠭᠲᠠᠭᠠᠵᠤ᠂ 55 ᠵᠦᠢᠯ ᠤᠨ ᠪᠣᠳᠠᠲᠠᠢ ᠭᠦᠢᠴᠡᠳᠬᠡᠯ ᠲᠤᠭ᠎ᠠ ᠶᠢ ᠵᠢᠭᠰᠠᠭᠠᠵᠠᠢ᠃ | ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ ᠶᠢ ᠬᠤᠷᠢᠶᠠᠩᠭᠤᠶᠢᠯᠠᠪᠠᠯ᠄ ︽ᠬᠤᠶᠠᠷ ᠬᠤᠷᠢᠭ᠎ᠠ | ᠱᠤᠭᠤᠮ︾ ᠢ ᠪᠠᠲᠤ ᠰᠠᠬᠢᠵᠤ᠂ ︽ᠭᠤᠷᠪᠠᠨ ᠵᠦᠢᠯ ᠤᠨ ᠭᠤᠣᠯᠳᠠᠯᠭ᠎ᠠ︾ ᠶᠢ ᠰᠠᠶᠢᠲᠤᠷ ᠠᠳᠬᠤᠵᠤ᠂ ︽ᠳᠥᠷᠪᠡᠨ | ᠵᠦᠢᠯ ᠤᠨ ᠲᠤᠯᠭᠠᠭᠤᠷᠢᠯᠠᠯ︾ ᠢ ᠴᠢᠩᠭᠠᠷᠠᠭᠤᠯᠤᠨ᠂ ︽ᠨᠢᠭᠡ ᠶᠢ ᠴᠢᠩᠭᠠᠳᠬᠠᠬᠤ︾ ᠶᠢ ᠪᠠᠷᠢᠮᠲᠠᠯᠠᠬᠤ ᠪᠤᠯᠤᠨ᠎ᠠ ᠃ | ︽ ᠬᠤᠶᠠᠷ ᠬᠤᠷᠢᠭ᠎ᠠ ᠱᠤᠭᠤᠮ ︾ ᠢ ᠪᠠᠲᠤ ᠰᠠᠬᠢᠬᠤ ᠪᠣᠯ ᠳᠠᠷᠤᠢ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠪᠠ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠬᠤ ᠦᠭᠡᠢ ᠪᠠᠶᠢᠬᠤ ᠬᠤᠶᠠᠷ | ᠬᠤᠷᠢᠭ᠎ᠠ ᠱᠤᠭᠤᠮ ᠢ ᠪᠠᠲᠤ ᠰᠠᠬᠢᠬᠤ ᠶᠠᠪᠤᠳᠠᠯ ᠪᠣᠯᠣᠨ᠎ᠠ ᠃ ᠠᠮᠤ ᠪᠤᠳᠠᠭᠠᠨ ᠤ ᠦᠢᠯᠡᠳᠪᠦᠷᠢᠯᠡᠯ ᠪᠣᠯᠣᠨ ᠴᠢᠬᠤᠯᠠ | ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ ᠂ ᠲᠠᠷᠢᠶᠠᠨ ᠭᠠᠵᠠᠷ ᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠬᠠᠲᠠᠭᠤ ᠠᠷᠭ᠎ᠠ | ᠬᠡᠮᠵᠢᠶ᠎ᠡ ᠶᠢ ᠨᠡᠩ ᠶᠡᠭᠡ ᠡᠷᠴᠢᠮ ᠢᠶᠠᠷ ᠰᠠᠶᠢᠲᠤᠷ ᠨᠠᠶᠢᠳᠠᠪᠤᠷᠢᠵᠢᠭᠤᠯᠤᠨ᠂ ᠠᠮᠤ ᠪᠤᠳᠠᠭ᠎ᠠ ᠲᠠᠷᠢᠬᠤ ᠲᠠᠯᠠᠪᠠᠢ ᠶᠢ | 10290 ᠲᠦᠮᠡᠨ ᠮᠦ ᠳᠤ ᠲᠣᠭᠲᠠᠪᠤᠷᠢᠵᠢᠭᠤᠯᠵᠤ ᠂ ᠤᠨᠠᠯᠲᠠ ᠶᠢ 750 ᠳ᠋ᠦᠩᠰᠢᠭᠤᠷ ᠵᠢᠩ ᠣᠷᠴᠢᠮ ᠳᠤ | ᠲᠣᠭᠲᠠᠪᠤᠷᠢᠵᠢᠭᠤᠯᠬᠤ ᠶᠢ ᠪᠠᠲᠤᠯᠠᠨ᠂ ︽ ᠢᠳᠡᠰᠢᠨ ᠨᠤᠭᠤᠭ᠎ᠠ ︾ ᠶᠢᠨ ᠪᠦᠲᠦᠭᠡᠭᠳᠡᠬᠦᠨ ᠤ ᠬᠠᠩᠭᠠᠯᠭ᠎ᠠ ᠶᠢ | ᠪᠠᠲᠤᠯᠠᠬᠤ ᠬᠡᠷᠡᠭᠲᠡᠢ ︔ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ | ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ ᠂ ᠭᠤᠣᠯᠳᠠᠯᠭ᠎ᠠ ᠲᠠᠢ ᠭᠠᠵᠠᠷ ᠣᠷᠣᠨ ᠢ ᠬᠠᠪᠰᠤᠷᠤᠨ | ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ ᠂ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ | ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠪᠠᠲᠤᠯᠠᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ | ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠤᠨ᠎ᠠ ᠃ ︽ ᠭᠤᠷᠪᠠᠨ ᠭᠤᠣᠯᠳᠠᠯᠭ᠎ᠠ ︾ ᠶᠢ ᠰᠠᠶᠢᠲᠤᠷ | ᠠᠳᠬᠤᠬᠤ ᠪᠣᠯ ᠳᠠᠷᠤᠢ ᠬᠥᠳᠡᠭᠡ ᠲᠣᠰᠬᠤᠨ ᠤ ᠬᠥᠭᠵᠢᠯᠲᠡ ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠂ | ᠬᠥᠳᠡᠭᠡ ᠲᠣᠰᠬᠤᠨ ᠤ ᠵᠠᠰᠠᠯᠲᠠ ᠶᠢᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠡᠮᠬᠢ ᠳᠢᠭᠯᠢᠮ ᠲᠠᠢ | ᠰᠠᠶᠢᠲᠤᠷ ᠬᠢᠬᠦ ᠶᠠᠪᠤᠳᠠᠯ ᠪᠣᠯᠣᠨ᠎ᠠ ᠃ ᠬᠥᠳᠡᠭᠡ ᠲᠣᠰᠬᠤᠨ ᠤ ᠬᠥᠭᠵᠢᠯᠲᠡ ᠶᠢᠨ ᠲᠠᠯ᠎ᠠ ᠪᠠᠷ᠂ ᠥᠪᠥᠷ ᠮᠣᠩᠭᠤᠯ ᠤᠨ | ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠵᠡᠷᠭᠡ | ᠲᠠᠯ᠎ᠠ ᠶᠢᠨ ᠬᠠᠷᠢᠴᠠᠩᠭᠤᠢ ᠳᠠᠪᠠᠭᠤᠯᠢᠭ ᠢ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠮᠠᠯᠴᠢᠨ | ᠲᠠᠷᠢᠶᠠᠴᠢᠨ ᠢ ᠳᠠᠶᠢᠴᠢᠯᠠᠨ ᠲᠤᠬᠠᠢ ᠶᠢᠨ ᠭᠠᠵᠠᠷ ᠪᠤᠶᠤ ᠣᠶᠢᠷ᠎ᠠ ᠬᠠᠪᠢ ᠳᠤ ᠪᠠᠨ ᠠᠵᠢᠯ ᠣᠯᠵᠤ ᠣᠷᠣᠯᠭ᠎ᠠ ᠪᠠᠨ | ᠨᠡᠮᠡᠭᠳᠡᠭᠦᠯᠦᠨ᠎ᠡ︔ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠣᠭᠲᠠᠴᠠ ᠶᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ | ᠠᠮᠢᠳᠤᠷᠠᠯ ᠤᠨ ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ︔ ᠬᠥᠳᠡᠭᠡ ᠲᠣᠰᠬᠤᠨ ᠤ | ᠵᠠᠰᠠᠯᠲᠠ ᠶᠢᠨ ᠲᠠᠯ᠎ᠠ ᠪᠠᠷ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠳᠣᠣᠷᠠᠬᠢ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ | ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠨᠡᠶᠢᠭᠡᠮ ᠤᠨ ᠠᠮᠤᠷ ᠲᠠᠶᠢᠪᠤᠩ ᠲᠣᠭᠲᠠᠭᠤᠨ ᠢ ᠦᠨᠡᠨ ᠬᠦ ᠬᠠᠮᠠᠭᠠᠯᠠᠨ᠎ᠠ ᠃ ︽ᠳᠥᠷᠪᠡᠨ ᠵᠦᠢᠯ ᠤᠨ ᠪᠠᠲᠤᠯᠠᠭ᠎ᠠ︾ | ᠶᠢ ᠴᠢᠩᠭᠠᠳᠬᠠᠬᠤ ᠭᠡᠳᠡᠭ ᠨᠢ ᠳᠠᠷᠤᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠢ | ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠪᠡᠯᠡ ᠮᠥᠩᠭᠦ ᠶᠢᠨ ᠣᠷᠣᠭᠤᠯᠤᠯᠲᠠ᠂ ᠮᠥᠩᠭᠦᠨ ᠭᠦᠢᠯᠭᠡᠭᠡᠨ ᠤ | ᠦᠢᠯᠡᠴᠢᠯᠡᠭᠡ᠂ ᠴᠢᠳᠠᠪᠤᠷᠢᠲᠠᠨ ᠤ ᠡᠩᠨᠡᠭᠡ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠥᠷᠪᠡᠨ ᠲᠠᠯ᠎ᠠ ᠪᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠦᠷᠭᠦᠯᠵᠢᠯᠡᠨ | ᠴᠢᠩᠭᠠᠳᠬᠠᠬᠤ ᠶᠠᠪᠤᠳᠠᠯ ᠪᠣᠯᠣᠨ᠎ᠠ᠃ ︽ ᠨᠢᠭᠡ ᠶᠢ ᠴᠢᠩᠭᠠᠳᠬᠠᠬᠤ ︾ ᠶᠢ ᠪᠠᠷᠢᠮᠲᠠᠯᠠᠬᠤ ᠪᠣᠯ ᠳᠠᠷᠤᠢ ᠨᠠᠮ ᠠᠴᠠ | ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠮᠠᠯᠴᠢᠨ ᠲᠠᠷᠢᠶᠠᠴᠢᠨ ︾ ᠤ ᠠᠵᠢᠯ ᠳᠠᠬᠢ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠠᠪᠤᠳᠠᠯ ᠪᠣᠯᠣᠨ᠎ᠠ ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠨᠠᠨ ᠰᠢᠯᠭᠠᠬᠤ ᠲᠣᠭᠲᠠᠴᠠ ᠶᠢ ᠪᠦᠷᠢᠨᠰᠢᠭᠦᠯᠬᠦ ᠂ ᠨᠠᠮ ᠤᠨ | ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠪᠠᠶᠢᠭᠤᠯᠤᠮᠵᠢ ᠶᠢ ᠪᠠᠶᠢᠭᠤᠯᠤᠨ ᠬᠦᠴᠦᠷᠬᠡᠭᠵᠢᠭᠦᠯᠬᠦ ᠂ ᠴᠡᠭ ᠢ | ᠠᠳᠬᠤᠨ ᠪᠦᠬᠦ ᠲᠠᠯ᠎ᠠ ᠶᠢ ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠥᠷᠨᠢᠭᠦᠯᠬᠦ ᠶᠢ ᠠᠬᠢᠭᠤᠯᠬᠤ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠪᠠ ᠃ | ᠠᠰᠠᠭᠤᠯᠲᠠ᠄ ᠥᠪᠥᠷ ᠮᠣᠩᠭᠤᠯ ᠤᠯᠤᠰ ᠤᠨ ︽ᠠᠮᠤ ᠪᠤᠳᠠᠭᠠᠨ ᠤ ᠬᠥᠮᠥᠷᠭᠡ︾᠂ ︽ ᠰᠦ ᠶᠢᠨ | ᠬᠦᠮᠦᠷᠭᠡ ︾᠂ ︽ᠮᠢᠬᠠᠨ ᠤ ᠬᠥᠮᠥᠷᠭᠡ︾ ᠪᠣᠯᠤᠭᠰᠠᠨ ᠤ ᠬᠤᠪᠢ ᠳᠤ᠂ ᠡᠨᠡ ᠵᠢᠯ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠪᠠ ᠴᠢᠬᠤᠯᠠ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠬᠠᠩᠭᠠᠯᠭ᠎ᠠ ᠶᠢ ᠪᠠᠲᠤᠯᠠᠬᠤ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠣᠶ︖ | ᠬᠠᠷᠢᠭᠤᠯᠲᠠ᠄ ︽ᠬᠡᠷᠡᠭᠵᠢᠭᠦᠯᠬᠦ ᠰᠠᠨᠠᠯ︾ ᠳᠤ ᠭᠤᠣᠯᠳᠠᠭᠤ ᠳᠥᠷᠪᠡᠨ ᠲᠠᠯ᠎ᠠ ᠪᠠᠷ ᠪᠠᠶᠢᠷᠢᠯᠠᠭᠤᠯᠤᠯᠲᠠ | ᠲᠣᠬᠢᠷᠠᠭᠤᠯᠤᠯᠲᠠ ᠬᠢᠪᠡ᠄ ᠨᠢᠭᠡ ᠳᠤ ᠠᠮᠤ ᠪᠤᠳᠠᠭᠠᠨ ᠤ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠨ᠎ᠠ᠃ ᠤᠯᠤᠰ ᠤᠨ 13 ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠨᠢᠭᠡ ᠪᠣᠯᠤᠭᠰᠠᠨ ᠤ | ᠬᠤᠪᠢ ᠳᠤ ᠂ ᠪᠢᠳᠡ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ ᠂ ᠬᠠᠷᠢᠭᠤᠴᠠᠯᠭ᠎ᠠ | ᠡᠭᠦᠷᠭᠡᠯᠡᠬᠦ ᠪᠠᠨ ᠴᠢᠩᠭᠠᠳᠬᠠᠵᠤ ᠂ ᠠᠮᠤ ᠪᠤᠳᠠᠭᠠᠨ ᠤ ᠠᠮᠤᠷ ᠲᠦᠪᠰᠢᠨ ᠤ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ | ᠪᠠᠶᠢᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠮᠤ ᠪᠤᠳᠠᠭᠠᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠯᠲᠠ ᠶᠢ ᠥᠷᠨᠢᠭᠦᠯᠵᠦ ᠂ ᠠᠮᠤ ᠪᠤᠳᠠᠭᠠᠨ ᠤ ᠤᠨᠠᠯᠲᠠ ᠶᠢ | ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠂ ᠠᠮᠤ ᠪᠤᠳᠠᠭ᠎ᠠ ᠲᠠᠷᠢᠬᠤ ᠲᠠᠯᠠᠪᠠᠢ | ᠪᠣᠯᠣᠨ ᠠᠮᠤ ᠪᠤᠳᠠᠭᠠᠨ ᠤ ᠤᠨᠠᠯᠲᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠃ ᠲᠠᠷᠢᠶᠠᠯᠠᠩ ᠤᠨ | ᠪᠦᠲᠦᠴᠡ ᠶᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ ᠂ ᠰᠢᠷ᠎ᠠ ᠪᠤᠷᠴᠠᠭ ᠪᠠ ᠡᠷᠳᠡᠨᠢ ᠰᠢᠰᠢ ᠶᠢᠨ | ᠪᠦᠰᠡᠯᠢᠭ ᠬᠡᠯᠪᠡᠷᠢᠲᠡᠢ ᠰᠣᠯᠢᠪᠴᠠᠯ ᠲᠠᠷᠢᠶᠠᠯᠠᠭ᠎ᠠ ᠶᠢ ᠶᠡᠭᠡ ᠪᠠᠷ ᠬᠥᠭᠵᠢᠭᠦᠯᠵᠦ ᠂ ᠰᠢᠷ᠎ᠠ ᠪᠤᠷᠴᠠᠭ ᠪᠠ ᠲᠣᠰᠣᠯᠢᠭ | ᠲᠠᠷᠢᠮᠠᠯ ᠤᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠲᠠᠷᠢᠶᠠᠯᠠᠩ ᠢ ᠬᠦᠴᠦᠷᠬᠡᠭᠵᠢᠭᠦᠯᠦᠨ | ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ | ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠦᠷᠲᠡᠭ ᠤᠨ ᠳᠠᠭᠠᠳᠬᠠᠯ ᠪᠠ ᠲᠠᠷᠢᠮᠠᠯ ᠤᠨ | ᠣᠷᠣᠯᠭ᠎ᠠ ᠶᠢᠨ ᠳᠠᠭᠠᠳᠬᠠᠯ ᠂ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ ᠢ ᠪᠦᠬᠦᠨ ᠢ ᠬᠠᠮᠤᠷᠬᠤ ᠶᠢ | ᠪᠡᠶᠡᠯᠡᠭᠦᠯᠵᠦ ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠷᠭᠡᠪᠴᠢᠯᠡᠨ ᠬᠥᠭᠵᠢᠭᠦᠯᠵᠦ ᠂ | ᠲᠠᠷᠢᠶᠠᠴᠢᠳ ᠤᠨ ᠠᠮᠤ ᠪᠤᠳᠠᠭ᠎ᠠ ᠳᠠᠷᠢᠭᠰᠠᠨ ᠤ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ | ᠲᠡᠭᠦᠯᠳᠡᠷᠵᠢᠭᠦᠯᠵᠦ ᠂ ᠡᠯ᠎ᠡ ᠭᠠᠵᠠᠷ ᠤᠨ ᠲᠠᠷᠢᠶᠠᠯᠠᠩ ᠢ ᠴᠢᠬᠤᠯᠠᠴᠢᠯᠠᠨ ᠠᠮᠤ ᠪᠤᠳᠠᠭ᠎ᠠ ᠶᠢ ᠠᠳᠬᠤᠬᠤ ᠂ | ᠲᠠᠷᠢᠶᠠᠴᠢᠳ ᠤᠨ ᠲᠠᠷᠢᠶᠠᠨ ᠠᠵᠢᠯ ᠬᠢᠵᠦ ᠠᠮᠤ ᠪᠤᠳᠠᠭ᠎ᠠ ᠲᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ ᠃ | ᠬᠤᠶᠠᠷ ᠲᠤ ︽ ᠬᠤᠯᠢᠰᠢᠨ ᠢᠳᠡᠭᠡ ︾ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠨ᠎ᠠ᠃ ︽ᠢᠳᠡᠰᠢᠨ | ᠨᠣᠭᠤᠭ᠎ᠠ︾ ᠶᠢᠨ ᠠᠶᠢᠮᠠᠭ ᠬᠤᠲᠠ ᠶᠢᠨ ᠳᠠᠷᠤᠭ᠎ᠠ ᠬᠠᠷᠢᠭᠤᠴᠠᠬᠤ ᠳᠦᠷᠢᠮ ᠤᠨ ᠰᠢᠯᠭᠠᠨ ᠬᠢᠨᠠᠬᠤ ᠶᠢ ᠥᠷᠨᠢᠭᠦᠯᠵᠦ᠂ | ᠴᠢᠬᠤᠯᠠ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠵᠦ᠂ ᠰᠦ ᠶᠢᠨ ᠦᠢᠯᠡᠰ ᠤᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠂ ᠪᠥᠬᠦ ᠣᠷᠣᠨ ᠤ ᠰᠦ ᠶᠢᠨ ᠭᠠᠷᠤᠯᠲᠠ ᠶᠢ 720 ᠲᠦᠮᠡᠨ ᠲᠣᠨ ᠠᠴᠠ ᠳᠠᠪᠠᠭᠤᠯᠬᠤ ᠪᠠᠷ | ᠴᠢᠷᠮᠠᠶᠢᠨ᠎ᠠ᠃ ᠠᠯᠠᠰᠢᠨ ᠦᠬᠡᠷ ᠠᠯᠠᠰᠢᠨ ᠬᠤᠨᠢᠨ ᠤ ᠬᠥᠭᠵᠢᠯᠲᠡ ᠶᠢᠨ ᠲᠠᠪᠤᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠵᠦ᠂ ᠭᠠᠭ᠋ᠠᠢ ᠶᠢᠨ ᠦᠢᠯᠡᠳᠪᠦᠷᠢᠯᠡᠯ ᠤᠨ ᠣᠷᠳᠣ ᠬᠤᠭᠤᠴᠠᠭᠠᠨ ᠤ ᠪᠦᠲᠦᠮᠵᠢᠲᠡᠶ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠲᠡᠵᠢᠭᠡᠯ ᠡᠪᠡᠰᠦ ᠪᠣᠷᠳᠣᠭᠠᠨ ᠤ ᠲᠤᠰᠬᠠᠶᠢᠵᠢᠭᠰᠠᠨ | ᠦᠢᠯᠡᠳᠪᠦᠷᠢᠯᠡᠯ ᠢ ᠬᠥᠭᠵᠢᠭᠦᠯᠵᠦ᠂ ᠦᠬᠡᠷ ᠬᠤᠨᠢᠨ ᠮᠢᠬ᠎ᠠ ᠶᠢᠨ 180 ᠲᠦᠮᠡᠨ ᠲᠣᠨ ᠣᠷᠴᠢᠮ ᠳᠤ ᠲᠣᠭᠲᠠᠭᠤᠨ | ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ | ᠲᠦᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠨᠡᠯᠢᠶᠡᠳ ᠴᠢᠩᠭ᠎ᠠ ᠣᠷᠣᠨ | ᠪᠦᠰᠡ ᠶᠢᠨ ᠥᠷᠢᠰᠦᠯᠳᠦᠬᠦ ᠬᠦᠴᠦᠨ ᠲᠠᠢ ᠪᠠ ᠪᠥᠬᠦ ᠤᠯᠤᠰ ᠲᠤ ᠨᠥᠯᠥᠭᠡᠯᠡᠬᠦ ᠬᠦᠴᠦᠨ ᠲᠠᠢ ᠢᠳᠡᠰᠢᠨ | ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠰᠦᠪᠡᠭᠴᠢᠯᠡᠨ ᠪᠠᠶᠢᠭᠤᠯᠤᠨ᠎ᠠ᠃ ᠭᠤᠷᠪᠠ ᠳᠤ ᠲᠠᠷᠢᠶᠠᠨ | ᠭᠠᠵᠠᠷ ᠢ ᠬᠠᠮᠠᠭᠠᠯᠠᠬᠤ ᠵᠠᠭᠤᠮᠠᠭᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠠᠷᠢᠶᠠᠨ ᠭᠠᠵᠠᠷ ᠤᠨ | ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠨ | ᠭᠠᠵᠠᠷ ᠤᠨ ᠬᠠᠮᠠᠭᠠᠯᠠᠯᠲᠠ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠬᠡᠷᠡᠭᠵᠢᠭᠦᠯᠦᠨ᠂ ᠲᠠᠷᠢᠶᠠᠨ | ᠭᠠᠵᠠᠷ ᠤᠨ ᠪᠠᠶᠢᠬᠤ ᠬᠡᠮᠵᠢᠶ᠎ᠡ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠬᠠᠷᠠᠯᠲᠠᠲᠤ ᠡᠭᠦᠷᠭᠡ ᠶᠢ ᠲᠤᠭ᠎ᠠ ᠶᠣᠰᠣᠭᠠᠷ ᠣᠷᠣᠨ ᠪᠠᠶᠢᠷᠢ ᠲᠠᠢ ᠱᠠᠲᠤ ᠳᠠᠷᠠᠭᠠᠯᠠᠨ ᠬᠤᠪᠢᠶᠠᠷᠢᠯᠠᠨ ᠪᠠᠭᠤᠯᠭᠠᠵᠤ᠂ | ᠲᠠᠷᠢᠶᠠᠨ ᠭᠠᠵᠠᠷ ᠤᠨ ᠬᠠᠮᠠᠭᠠᠯᠠᠯᠲᠠ ᠶᠢ ᠬᠠᠲᠠᠭᠤ ᠭᠦᠢᠴᠡᠳᠬᠡᠬᠦ ᠲᠤᠭ᠎ᠠ ᠪᠣᠯᠭᠠᠨ ᠴᠢᠩᠭ᠎ᠠ ᠬᠢᠨᠠᠨ ᠰᠢᠯᠭᠠᠵᠤ᠂ ᠨᠢᠭᠡ | ᠯᠡ ᠫᠢᠶᠣᠣ ᠪᠠᠷ ᠦᠭᠡᠶᠢᠰᠬᠡᠬᠦ᠂ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠦᠨ᠎ᠡ᠃ ᠲᠠᠷᠢᠶᠠᠨ | ᠭᠠᠵᠠᠷ ᠤᠨ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠴᠢᠩᠭᠠᠳᠬᠠᠵᠤ ᠂ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠲᠠᠷᠢᠶᠠᠨ | ᠭᠠᠵᠠᠷ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠱᠠᠲᠤ ᠦᠶ᠎ᠡ ᠶᠢᠨ ᠴᠢᠨᠠᠷᠲᠠᠢ ᠡᠭᠦᠷᠭᠡ ᠶᠢ ᠪᠥᠬᠦ ᠲᠠᠯ᠎ᠠ ᠪᠠᠷ | ᠪᠡᠶᠡᠯᠡᠭᠦᠯᠵᠦ᠂ ᠬᠠᠷ᠎ᠠ ᠬᠥᠷᠥᠰᠥ ᠶᠢ ᠬᠠᠮᠠᠭᠠᠯᠠᠬᠤ ᠪᠠ ᠬᠤᠵᠢᠷᠯᠢᠭ ᠭᠠᠵᠠᠷ ᠢ ᠰᠠᠶᠢᠵᠢᠷᠠᠭᠤᠯᠬᠤ ᠠᠵᠢᠯ ᠢ ᠰᠠᠶᠢᠲᠤᠷ | ᠠᠳᠬᠤᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶᠠᠨ ᠭᠠᠵᠠᠷ ᠪᠣᠯ | ᠳᠠᠷᠤᠢ ᠲᠠᠷᠢᠶᠠᠨ ᠭᠠᠵᠠᠷ ᠮᠥᠨ ᠪᠥᠭᠡᠳ ᠡᠷᠬᠡᠪᠰᠢ ᠰᠢᠯᠢᠳᠡᠭ ᠲᠠᠷᠢᠶᠠᠨ ᠭᠠᠵᠠᠷ ᠪᠠᠶᠢᠬᠤ ᠬᠡᠷᠡᠭᠲᠡᠢ ᠭᠡᠳᠡᠭ ᠢ ᠦᠨᠡᠨ | ᠬᠦ ᠪᠡᠶᠡᠯᠡᠭᠦᠯᠬᠦ ᠬᠡᠷᠡᠭᠲᠡᠢ᠃ ᠳᠥᠷᠪᠡ ᠳᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠤᠳᠤᠮᠰᠢᠯ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠂ | ᠳᠠᠪᠠᠭᠤᠯᠢᠭ ᠣᠨᠴᠠᠯᠢᠭᠲᠤ ᠡᠭᠦᠯᠳᠡᠷ ᠢ ᠪᠣᠶᠢᠵᠢᠭᠤᠯᠬᠤ ᠂ ᠰᠠᠶᠢᠨ ᠡᠭᠦᠯᠳᠡᠷᠵᠢᠭᠦᠯᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ ᠂ ᠪᠣᠶᠢᠵᠢᠭᠤᠯᠤᠨ ᠦᠷᠡᠵᠢᠭᠦᠯᠵᠦ ᠳᠡᠯᠭᠡᠷᠡᠭᠦᠯᠬᠦ ᠶᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠤᠨ᠎ᠠ ᠃ ᠡᠪᠡᠰᠦᠨ ᠤ ᠦᠢᠯᠡᠰ᠂ ᠰᠠᠭᠠᠯᠢ ᠶᠢᠨ ᠦᠨᠢᠶ᠎ᠡ᠂ | ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢᠶᠠᠷ | ᠭᠤᠣᠯᠳᠠᠯᠭ᠎ᠠ ᠪᠣᠯᠭᠠᠨ᠂ ︽ᠵᠠᠷᠯᠠᠨ ᠮᠠᠩᠯᠠᠶᠢᠯᠠᠭᠤᠯᠬᠤ︾ ᠳᠦᠷᠢᠮ ᠢ ᠬᠡᠷᠡᠭᠵᠢᠭᠦᠯᠵᠦ᠂ ᠡᠭᠦᠯᠳᠡᠷ ᠤᠨ ᠦᠢᠯᠡᠰ ᠤᠨ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠦᠨ᠎ᠡ᠃ ᠰᠢᠨ᠎ᠡ ᠨᠢᠭᠡᠨ | ᠡᠭᠡᠯᠵᠢ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠦᠷᠢ ᠥᠭᠬᠦ ᠲᠦᠷᠦ ᠶᠢᠨ | ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ ᠂ ᠲᠠᠷᠢᠶᠠᠯᠠᠩ ᠤᠨ ᠮᠠᠰᠢᠨ ᠪᠠᠭᠠᠵᠢ ᠶᠢ ᠰᠤᠳᠤᠯᠤᠨ | ᠨᠡᠭᠡᠭᠡᠵᠦ ᠳᠡᠯᠭᠡᠷᠡᠭᠦᠯᠦᠨ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ | ᠠᠰᠠᠭᠤᠯᠲᠠ ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠦᠷᠭᠡᠳᠭᠡᠵᠦ ᠂ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ | ᠰᠠᠬᠢᠬᠤ ᠲᠠᠯ᠎ᠠ ᠪᠠᠷ ᠂ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠤᠢ ︖ | ᠬᠠᠷᠢᠭᠤᠯᠲᠠ ᠄ ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢᠨ ᠤᠷᠢᠲᠠᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠬᠦ ᠶᠠᠪᠤᠳᠠᠯ ᠪᠣᠯᠣᠨ᠎ᠠ ᠂ ᠦᠷᠭᠦᠯᠵᠢᠯᠡᠨ ᠴᠢᠩᠭ᠎ᠠ ᠠᠳᠬᠤᠵᠤ ᠰᠠᠶᠢᠲᠤᠷ ᠠᠳᠬᠤᠵᠤ ᠂ | ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠠᠮᠢᠳᠤᠷᠠᠯ ᠢ ᠨᠡᠩ ᠦᠨᠳᠦᠷ ᠳᠡᠭᠲᠡᠷ ᠲᠤ ᠭᠠᠷᠭᠠᠬᠤ ᠬᠡᠷᠡᠭᠲᠡᠢ | ᠭᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠶᠢ | ᠣᠯᠣᠭᠰᠠᠨ ᠤ ᠳᠠᠷᠠᠭ᠎ᠠ ᠂ ᠠᠵᠢᠯ ᠤᠨ ᠲᠣᠭᠲᠠᠴᠠ ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠂ ᠪᠠᠶᠢᠭᠤᠯᠤᠮᠵᠢ | ᠡᠩᠨᠡᠭᠡ ᠵᠡᠷᠭᠡ ᠶᠢ ᠵᠣᠯᠭᠠᠭᠤᠯᠬᠤ ᠠᠵᠢᠯ ᠡᠮᠬᠢ ᠵᠢᠷᠤᠮ ᠲᠠᠢ ᠠᠬᠢᠵᠤ ᠂ ᠮᠠᠨ ᠤ ᠣᠷᠣᠨ ᠤ ᠶᠠᠳᠠᠭᠤ ᠠᠴᠠ | ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠪᠣᠯᠪᠠᠴᠤ ᠬᠡᠰᠡᠭ ᠶᠠᠳᠠᠭᠤ ᠠᠴᠠ | ᠠᠩᠭᠢᠵᠢᠷᠠᠭᠤᠯᠬᠤ ᠭᠠᠵᠠᠷ ᠣᠷᠣᠨ ᠤ ᠬᠥᠭᠵᠢᠯᠲᠡ ᠶᠢᠨ ᠰᠠᠭᠤᠷᠢ ᠮᠦᠨ ᠬᠦ ᠨᠡᠯᠢᠶᠡᠳ ᠪᠠᠭᠤᠷᠠᠢ ᠪᠠᠶᠢᠵᠤ ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠡᠭᠦᠷᠭᠡ ᠮᠦᠨ ᠬᠦ ᠨᠡᠯᠢᠶᠡᠳ ᠬᠦᠨᠳᠦ ᠪᠠᠶᠢᠨ᠎ᠠ ᠃ ᠪᠢᠳᠡ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠬᠡᠪᠴᠢᠶᠡᠵᠢᠭᠰᠡᠨ ᠴᠢᠨᠠᠷᠲᠠᠢ ᠪᠠᠷ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠰᠠᠬᠢᠬᠤ ᠶᠠᠪᠤᠳᠠᠯ ᠢ ᠮᠠᠯᠵᠢᠬᠤ | ᠲᠠᠷᠢᠶᠠᠯᠠᠬᠤ ᠣᠷᠣᠨ ᠤ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠨ ᠴᠢᠩᠭ᠎ᠠ ᠠᠳᠬᠤᠵᠤ ᠪᠣᠳᠠᠲᠠᠢ ᠪᠠᠷ | ᠠᠳᠬᠤᠬᠤ ᠬᠡᠷᠡᠭᠲᠡᠢ᠃ ᠲᠦᠷᠪᠡᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ ᠄ ᠨᠢᠭᠡ ᠳᠤ ᠭᠤᠣᠯ | ᠪᠣᠯᠬᠤ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠦᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠪᠠᠨ | ᠲᠡᠭᠦᠯᠳᠡᠷᠵᠢᠭᠦᠯᠦᠨ᠎ᠡ᠃ ᠵᠢᠭᠰᠠᠭᠠᠨ ᠪᠠᠶᠢᠴᠠᠭᠠᠬᠤ ᠪᠠ ᠭᠤᠶᠤᠴᠢᠯᠠᠨ ᠮᠡᠳᠡᠭᠦᠯᠬᠦ ᠲᠣᠭᠲᠠᠴᠠ ᠶᠢ ᠰᠢᠯᠢᠳᠡᠭᠵᠢᠭᠦᠯᠵᠦ᠂ | ᠳᠠᠬᠢᠨ ᠶᠠᠳᠠᠭᠤᠷᠠᠬᠤ ᠂ ᠶᠠᠳᠠᠭᠤᠷᠠᠬᠤ ᠲᠦᠭᠰᠢᠭᠦᠷᠢ ᠲᠠᠢ ᠪᠠ ᠭᠡᠨᠡᠳᠲᠡ ᠬᠦᠨᠳᠦ ᠨᠣᠴᠢᠲᠠᠢ ᠬᠦᠴᠢᠷᠳᠡᠯ ᠲᠤᠯᠭᠠᠷᠠᠬᠤ | ᠮᠠᠯᠴᠢᠨ ᠲᠠᠷᠢᠶᠠᠴᠢᠨ ᠡᠷᠦᠬᠡ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠨ᠎ᠠ᠃ ᠬᠢᠨᠠᠨ ᠬᠡᠮᠵᠢᠭᠳᠡᠬᠦ | ᠡᠲᠡᠭᠡᠳ ᠤᠨ ᠲᠦᠭᠰᠢᠭᠦᠷᠢ ᠶᠢᠨ ᠲᠦᠷᠦᠯ ᠢᠯᠭᠠᠯ ᠢ ᠦᠨᠳᠦᠰᠦᠯᠡᠨ ᠂ ᠬᠥᠭᠵᠢᠯᠲᠡ ᠶᠢᠨ ᠬᠡᠷᠡᠭᠴᠡᠭᠡ ᠶᠢ ᠤᠨᠢᠨ | ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠲᠠᠬᠢᠨ ᠶᠠᠳᠠᠭᠤᠷᠠᠬᠤ ᠶᠠᠳᠠᠭᠤᠷᠠᠬᠤ ᠲᠦᠭᠰᠢᠭᠦᠷᠢ ᠶᠢ | ᠲᠣᠭᠲᠠᠭᠤᠨ ᠢᠶᠠᠷ ᠠᠷᠢᠯᠭᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ ᠂ ᠬᠠᠪᠰᠤᠷᠤᠨ ᠲᠡᠳᠬᠦᠬᠦ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠂ ᠠᠵᠢᠯ ᠢ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠃ ᠬᠤᠶᠠᠷ ᠲᠤ ᠂ ᠭᠤᠣᠯᠳᠠᠯᠭ᠎ᠠ ᠲᠠᠢ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠵᠦ ᠪᠠᠶᠢᠭᠠᠳ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ | ᠦᠷᠭᠦᠯᠵᠢᠯᠡᠨ ᠲᠤᠭᠲᠠᠭᠤᠨ ᠢᠶᠠᠷ ᠨᠡᠮᠡᠭᠳᠡᠭᠦᠯᠦᠨ᠎ᠡ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠵᠦ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠰᠠᠶᠢᠲᠤᠷ ᠬᠢᠵᠦ᠂ ᠵᠣᠯᠭᠠᠭᠤᠯᠬᠤ ᠪᠡᠯᠡ ᠮᠥᠩᠭᠦ ᠶᠢᠨ ᠠᠵᠤ ᠦᠢᠯᠡᠰ ᠤᠨ ᠬᠥᠭᠵᠢᠯᠲᠡ ᠳᠤ | ᠬᠡᠷᠡᠭᠯᠡᠬᠦ ᠬᠤᠪᠢ ᠶᠢᠨ ᠵᠢᠩ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠦᠢᠯᠡᠰ ᠢᠶᠠᠷ ᠳᠠᠶᠢᠴᠢᠯᠠᠬᠤ ᠪᠠᠷ | ᠳᠡᠮᠵᠢᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠭᠡᠷ ᠪᠦᠯᠢ ᠶᠢᠨ ᠡᠵᠡᠩᠨᠡᠯᠲᠡ ᠶᠢᠨ ᠴᠢᠨᠠᠷᠲᠠᠢ | ᠣᠷᠣᠯᠭ᠎ᠠ ᠶᠢ ᠨᠡᠮᠡᠭᠳᠡᠭᠦᠯᠦᠨ᠎ᠡ᠃ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠢ ᠬᠥᠭᠵᠢᠭᠦᠯᠬᠦ᠂ | ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠴᠢᠩᠭᠠᠳᠬᠠᠬᠤ᠂ ᠬᠠᠪᠰᠤᠷᠤᠨ | ᠲᠡᠳᠬᠦᠬᠦ ᠦᠢᠯᠡᠳᠪᠦᠷᠢ ᠶᠢᠨ ᠲᠠᠰᠤᠭ ᠤᠨ ᠬᠥᠭᠵᠢᠯᠲᠡ ᠶᠢ ᠳᠡᠮᠵᠢᠬᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ | ᠪᠠᠶᠢᠷᠢ ᠶᠢ ᠰᠢᠯᠢᠳᠡᠭᠵᠢᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠬᠤ ᠠᠷᠭ᠎ᠠ ᠵᠠᠮ ᠢ ᠥᠷᠭᠡᠳᠬᠡᠵᠦ᠂ ᠶᠠᠳᠠᠭᠤ ᠠᠴᠠ | ᠠᠩᠭᠢᠵᠢᠷᠠᠭᠰᠠᠨ ᠬᠥᠳᠡᠯᠮᠦᠷᠢ ᠬᠦᠴᠦᠨ ᠤ ᠠᠵᠢᠯ ᠣᠯᠬᠤ ᠬᠡᠪᠴᠢᠶ᠎ᠡ ᠶᠢ ᠲᠤᠭᠲᠠᠪᠤᠷᠢᠵᠢᠭᠤᠯᠬᠤ ᠬᠡᠷᠡᠭᠲᠡᠢ᠃ | ᠭᠤᠷᠪᠠ ᠳᠤ ᠭᠤᠣᠯᠳᠠᠯᠭ᠎ᠠ ᠲᠠᠢ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠦᠨ ᠳᠡᠮᠵᠢᠬᠦ ᠡᠷᠴᠢᠮ ᠢᠶᠠᠨ | ᠴᠢᠩᠭᠠᠷᠠᠭᠤᠯᠤᠨ᠎ᠠ ᠃ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠨᠢᠭᠡ ᠪᠦᠯᠦᠭ ᠳᠤᠲᠠᠭᠤᠳᠠᠯ ᠢ ᠨᠥᠬᠦᠪᠦᠷᠢᠯᠡᠵᠦ ᠬᠥᠭᠵᠢᠯᠲᠡ ᠶᠢ ᠠᠬᠢᠭᠤᠯᠬᠤ ᠲᠥᠷᠥᠯ ᠵᠦᠢᠯ ᠢ | ᠬᠡᠷᠡᠭᠵᠢᠭᠦᠯᠦᠨ᠂ ᠪᠡᠯᠡ ᠮᠥᠩᠭᠦ᠂ ᠴᠢᠳᠠᠪᠤᠷᠢᠲᠠᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠬᠥᠭᠵᠢᠯᠲᠡ ᠶᠢ | ᠬᠢᠨᠠᠨ ᠬᠡᠮᠵᠢᠵᠦ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠰᠢᠨ᠎ᠡ ᠠᠶᠠᠨ ᠵᠠᠮ ᠳᠤ | ᠡᠩᠨᠡᠭᠡ ᠠᠴᠠ ᠪᠠᠨ ᠬᠤᠴᠣᠷᠬᠤ ᠦᠭᠡᠢ ᠪᠠᠶᠢᠬᠤ ᠶᠢ ᠦᠨᠠᠨ ᠬᠦ ᠪᠠᠲᠤᠯᠠᠬᠤ ᠬᠡᠷᠡᠭᠲᠡᠢ᠃ ᠣᠨᠳᠣᠣ ᠭᠠᠵᠠᠷ ᠲᠤ | ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ ᠤ ᠦᠷᠭᠦᠯᠵᠢᠯᠡᠨ ᠲᠡᠳᠬᠦᠬᠦ ᠶᠢ ᠴᠢᠩᠭᠠᠷᠠᠭᠤᠯᠵᠤ᠂ ᠨᠡᠭᠦᠯᠭᠡᠬᠦ | ᠨᠡᠶᠢᠭᠡᠮ ᠲᠣᠭᠤᠷᠢᠭ ᠤᠨ ᠰᠠᠭᠤᠷᠢ ᠲᠦᠭᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠡᠭᠦᠯᠭᠡᠭᠰᠡᠨ ᠣᠯᠠᠨ ᠲᠦᠮᠡᠨ ᠤ ᠯᠠᠪᠳᠠᠭᠤᠨ ᠲᠣᠭᠲᠠᠭᠤᠨ᠂ | ᠠᠭᠤᠰᠤᠯᠴᠠᠵᠤ ᠳᠡᠶᠢᠯᠬᠦ᠂ ᠠᠯᠬᠤᠮ ᠠᠯᠬᠤᠮ ᠢᠶᠠᠷ ᠪᠠᠶᠠᠵᠢᠨ ᠴᠢᠨᠡᠭᠡᠯᠢᠭᠵᠢᠬᠦ ᠶᠢ ᠦᠨᠠᠨ ᠬᠦ ᠪᠠᠲᠤᠯᠠᠬᠤ ᠬᠡᠷᠡᠭᠲᠡᠢ᠃ | ᠳᠥᠷᠪᠡ ᠳᠤ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠲᠦᠯᠬᠢᠨ ᠠᠬᠢᠭᠤᠯᠤᠨ᠎ᠠ ᠃ ᠬᠠᠪᠰᠤᠷᠤᠨ ᠲᠡᠳᠬᠦᠬᠦ ᠭᠤᠣᠯ ᠲᠦᠷᠦ ᠶᠢᠨ ᠪᠣᠳᠣᠯᠭ᠎ᠠ ᠶᠢ | ᠶᠡᠷᠦᠩᠬᠡᠢ ᠳᠤ ᠪᠠᠨ ᠲᠣᠭᠲᠠᠭᠤᠨ ᠪᠠᠶᠢᠯᠭᠠᠵᠤ ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠶᠢᠨ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ | ᠬᠦᠷᠢᠶ᠎ᠡ ᠴᠠᠷᠠᠭ᠎ᠠ ᠶᠢ | ᠥᠷᠭᠡᠳᠬᠡᠨ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ︽ᠲᠦᠮᠡᠨ | ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠵᠡᠷᠭᠡ ᠬᠠᠪᠰᠤᠷᠤᠨ ᠲᠡᠳᠬᠦᠬᠦ | ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠭᠡᠮ ᠢᠶᠠᠷ ᠢᠶᠠᠨ ᠬᠠᠪᠰᠤᠷᠤᠨ ᠲᠡᠳᠬᠦᠬᠦ ᠬᠦᠴᠦᠷᠬᠡᠭ ᠶᠡᠭᠡ | ᠨᠡᠶᠢᠯᠡᠯ ᠬᠦᠴᠦᠨ ᠢ ᠨᠢᠭᠲᠠᠷᠠᠭᠤᠯᠤᠨ᠎ᠠ᠃ | ᠠᠰᠠᠭᠤᠯᠲᠠ ᠄ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠬᠡᠷᠬᠢᠨ ᠠᠬᠢᠭᠤᠯᠬᠤ ᠪᠤᠢ ︖ | ᠶᠠᠮᠠᠷ ᠶᠠᠮᠠᠷ ᠭᠤᠣᠯᠳᠠᠯᠭ᠎ᠠ ᠲᠠᠢ ᠡᠭᠦᠷᠭᠡ ᠪᠠᠶᠢᠬᠤ ᠪᠤᠢ ︖ | ᠬᠠᠷᠢᠭᠤᠯᠲᠠ ᠄ ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ᠠᠵᠤ ᠦᠢᠯᠡᠰ ᠢ | ᠬᠥᠭᠵᠢᠭᠦᠯᠬᠦ ᠪᠣᠯ ᠬᠥᠳᠡᠭᠡ ᠲᠣᠰᠬᠤᠨ ᠤ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ ᠤᠷᠢᠲᠠᠯ ᠮᠥᠨ ᠭᠡᠵᠡᠢ᠃ | ᠭᠠᠭᠴᠠ ᠬᠦ ᠬᠥᠳᠡᠭᠡ ᠲᠣᠰᠬᠤᠨ ᠤ ᠠᠵᠤ ᠦᠢᠯᠡᠰ ᠢ ᠲᠦᠷᠭᠡᠨ ᠬᠥᠭᠵᠢᠭᠦᠯᠪᠡᠯ ᠰᠠᠶ᠋ᠢ ᠮᠠᠯ ᠠᠵᠤ ᠠᠬᠤᠢ | ᠲᠠᠷᠢᠶᠠᠯᠠᠩ ᠤᠨ ᠪᠦᠬᠦ ᠲᠠᠯ᠎ᠠ ᠪᠠᠷ ᠲᠡᠰ ᠳᠡᠪᠰᠢᠬᠦ ᠂ ᠮᠠᠯᠵᠢᠬᠤ ᠲᠠᠷᠢᠶᠠᠯᠠᠬᠤ ᠣᠷᠣᠨ ᠤ ᠪᠦᠬᠦ ᠲᠠᠯ᠎ᠠ ᠪᠠᠷ ᠲᠠᠪᠰᠢᠬᠤ ᠂ | ᠮᠠᠯᠴᠢᠨ ᠲᠠᠷᠢᠶᠠᠴᠢᠨ ᠤ ᠪᠦᠬᠦ ᠲᠠᠯ᠎ᠠ ᠪᠠᠷ ᠬᠥᠭᠵᠢᠬᠦ ᠶᠢ ᠨᠡᠩ ᠰᠠᠶᠢᠲᠤᠷ ᠠᠬᠢᠭᠤᠯᠵᠤ ᠴᠢᠳᠠᠨ᠎ᠠ ᠃ ᠣᠶᠢᠷ᠎ᠠ ᠶᠢᠨ | ᠵᠢᠯ ᠠᠴᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ᠶᠡᠷᠦᠩᠬᠡᠢ | ᠱᠦᠵᠢ ᠰᠢ ᠶᠢᠨ ᠫᠢᠩ ᠶᠢᠨ ᠥᠪᠥᠷ ᠮᠣᠩᠭᠤᠯ ᠳᠤ ᠶᠠᠷᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠮᠢᠩᠭᠠᠨ ᠳ᠋ᠦᠩᠰᠢᠭᠤᠷ ᠤᠨ ᠲᠠᠰ ᠤᠨ ᠰᠦ ᠶᠢᠨ | ᠦᠢᠯᠡᠰ ᠪᠠ ᠡᠷᠳᠡᠨᠢ ᠰᠢᠰᠢ᠂ ᠵᠠᠭᠤᠨ ᠳ᠋ᠦᠩᠰᠢᠭᠤᠷ ᠤᠨ ᠲᠠᠰ ᠤᠨ ᠠᠯᠠᠰᠢᠨ ᠦᠬᠡᠷ᠂ ᠠᠯᠠᠰᠢᠨ ᠬᠤᠨᠢ᠂ | ᠲᠥᠮᠥᠰᠥ᠂ ᠡᠯᠳᠡᠪ ᠠᠮᠤ᠂ ᠪᠤᠭᠤᠳᠠᠢ᠂ ᠨᠡᠷᠡᠨ ᠬᠤᠸᠠᠷ᠂ ᠢᠳᠡᠰᠢᠨ ᠨᠣᠭᠤᠭ᠎ᠠ᠂ ᠢᠮᠠᠭᠠᠨ ᠨᠣᠣᠯᠣᠭᠤᠷ ᠂ ᠰᠢᠷ᠎ᠠ | ᠪᠤᠷᠴᠠᠭ᠂ ᠲᠡᠵᠢᠭᠡᠯ ᠡᠪᠡᠰᠦ ᠵᠡᠷᠭᠡ 12 ᠵᠦᠢᠯ ᠤᠨ ᠦᠢᠯᠡᠳᠪᠦᠷᠢᠯᠡᠬᠦ ᠪᠣᠯᠪᠠᠰᠤᠷᠠᠭᠤᠯᠬᠤ ᠪᠣᠷᠣᠯᠠᠭᠤᠯᠬᠤ ᠶᠢ ᠨᠢᠭᠡ | ᠴᠣᠭᠴᠠᠵᠢᠭᠤᠯᠤᠭᠰᠠᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠠᠩᠬ᠎ᠠ ᠠᠯᠬᠤᠮ ᠪᠠᠶᠢᠭᠤᠯᠵᠤ᠂ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ | ᠰᠠᠶᠢᠲᠠᠢ ᠥᠨᠳᠥᠷ ᠦᠷ᠎ᠡ ᠪᠦᠲᠦᠮᠵᠢᠲᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | ᠲᠠᠷᠠᠭᠠᠴᠢ ᠶᠢᠨ ᠠᠯᠬᠤᠮ ᠳᠤ᠂ ᠭᠤᠷᠪᠠᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ ᠨᠢᠭᠡ ᠳᠤ | ᠠᠵᠤ ᠦᠢᠯᠡᠰᠵᠢᠭᠦᠯᠬᠦ ᠪᠠ ᠨᠠᠷᠠᠲᠤ ᠲᠡᠮᠳᠡᠭᠵᠢᠭᠦᠯᠬᠦ ᠬᠤᠶᠠᠷ ᠵᠠᠩᠭᠢᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰᠵᠢᠭᠦᠯᠦᠨ ᠬᠥᠭᠵᠢᠭᠦᠯᠬᠦ | ᠠᠵᠢᠯᠯᠠᠭ᠎ᠠ ᠶᠢ ᠰᠠᠭᠠᠯᠢ ᠶᠢᠨ ᠦᠢᠯᠡᠰ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ ᠵᠡᠷᠭᠡ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠠᠵᠤ ᠦᠢᠯᠡᠰ ᠤᠨ ᠪᠦᠰᠡ ᠪᠠ ᠠᠵᠤ ᠦᠢᠯᠡᠰ ᠤᠨ | ᠰᠦᠷᠦᠭᠵᠢᠯ ᠢ ᠬᠦᠴᠦᠯᠡᠨ ᠪᠣᠶ ᠪᠣᠯᠭᠠᠵᠤ᠂ ᠰᠦ ᠶᠢᠨ ᠦᠢᠯᠡᠰ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ᠂ | ᠢᠮᠠᠭᠠᠨ ᠨᠣᠣᠯᠣᠭᠤᠷ ᠵᠡᠷᠭᠡ 5 ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠶᠢ ᠪᠦᠲᠦᠭᠡᠨ ᠪᠠᠶᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠪᠣᠯᠪᠠᠰᠤᠷᠠᠭᠤᠯᠤᠨ ᠬᠤᠪᠢᠷᠠᠭᠤᠯᠬᠤ ᠨᠣᠷᠮ᠎ᠠ ᠪᠠ ᠥᠷᠲᠡᠭ ᠨᠡᠮᠡᠭᠳᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ | ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠲᠠᠷᠢᠶᠠᠯᠠᠩ ᠮᠠᠯ | ᠠᠵᠤ ᠠᠬᠤᠢ ᠶᠢᠨ ᠨᠠᠷᠠᠲᠤ ᠲᠥᠷᠥᠯ ᠲᠡᠮᠳᠡᠭ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ︽ ᠮᠧᠩ ︾ | ᠥᠰᠥᠭ ᠤᠨ ᠲᠡᠮᠳᠡᠭ ᠢᠶᠠᠷ ᠬᠥᠲᠥᠯᠥᠨ ᠳᠠᠭᠠᠭᠤᠯᠤᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠨᠠᠷᠠᠲᠤ ᠲᠥᠷᠥᠯ ᠲᠡᠮᠳᠡᠭ ᠢ ᠤᠬᠠᠭᠤᠯᠤᠨ ᠳᠡᠯᠭᠡᠷᠡᠭᠦᠯᠬᠦ ᠡᠷᠴᠢᠮ ᠢ ᠦᠷᠭᠦᠯᠵᠢᠯᠡᠨ | ᠴᠢᠩᠭᠠᠷᠠᠭᠤᠯᠵᠤ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠤᠯᠤᠰ ᠲᠤ | ᠪᠣᠷᠤᠯᠠᠭᠤᠯᠭ᠎ᠠ ᠰᠠᠶᠢᠲᠠᠢ᠂ ᠳᠡᠯᠡᠬᠡᠢ ᠳᠤ ᠬᠠᠨᠳᠤᠬᠤ ᠶᠢ ᠠᠬᠢᠭᠤᠯᠤᠨ᠎ᠠ᠃ ᠬᠤᠶᠠᠷ ᠲᠤ ᠮᠠᠯᠵᠢᠬᠤ ᠲᠠᠷᠢᠶᠠᠯᠠᠬᠤ | ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ | ᠠᠬᠢᠭᠤᠯᠤᠨ᠎ᠠ᠃ ᠰᠢᠶᠠᠨ ᠤ ᠬᠡᠪᠴᠢᠶᠡᠨ ᠳᠠᠬᠢ ᠬᠠᠷᠢᠴᠠᠩᠭᠤᠢ ᠳᠠᠪᠠᠭᠤᠯᠢᠭ ᠢᠶᠠᠷ ᠢᠯᠡᠷᠬᠡᠢ᠂ ᠳᠠᠶᠢᠴᠢᠯᠠᠬᠤ | ᠴᠢᠳᠠᠪᠤᠷᠢ ᠪᠠᠷ ᠴᠢᠩᠭ᠎ᠠ᠂ ᠠᠵᠢᠯ ᠣᠯᠭᠤᠬᠤ ᠪᠠᠭᠲᠠᠭᠠᠮᠵᠢ ᠪᠠᠷ ᠶᠡᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ | ᠪᠣᠯᠪᠠᠰᠤᠷᠠᠭᠤᠯᠬᠤ ᠨᠢ ᠰᠢᠶᠠᠨ ᠰᠢᠶᠠᠩ ᠳᠤ ᠪᠣᠢ᠂ ᠰᠠᠭᠤᠷᠢᠨ ᠭᠠᠵᠠᠷ ᠨᠢ ᠭᠠᠴᠠᠭ᠎ᠠ ᠲᠣᠰᠬᠤᠨ ᠳᠤ ᠪᠣᠢ ᠂ | ᠣᠷᠣᠯᠭ᠎ᠠ ᠨᠡᠮᠡᠭᠳᠡᠬᠦ ᠨᠢ ᠮᠠᠯᠴᠢᠨ ᠲᠠᠷᠢᠶᠠᠴᠢᠨ ᠡᠷᠦᠬᠡ ᠳᠤ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠮᠠᠯᠵᠢᠬᠤ | ᠲᠠᠷᠢᠶᠠᠯᠠᠬᠤ ᠣᠷᠣᠨ ᠤ ᠢᠯᠡᠭᠡᠯᠲᠡ ᠶᠢᠨ ᠲᠣᠣᠷ ᠰᠦᠯᠵᠢᠶ᠎ᠡ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠰᠢᠭᠤᠳ ᠨᠡᠪᠲᠡᠷᠡᠭᠦᠯᠭᠡ ᠪᠠ ᠪᠠᠷᠠᠭ᠎ᠠ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠴᠤ᠂ ᠲᠠᠷᠢᠶᠠᠯᠠᠩ ᠮᠠᠯ | ᠠᠵᠤ ᠠᠬᠤᠢ ᠶᠢᠨ ᠣᠯᠠᠨ ᠵᠦᠢᠯ ᠤᠨ ᠴᠢᠳᠠᠮᠵᠢ ᠶᠢ ᠠᠭᠤᠳᠠᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ | ᠲᠤᠬᠠᠢ ᠶᠢᠨ ᠭᠠᠵᠠᠷ ᠭᠡᠷ ᠣᠶᠢᠷ᠎ᠠ ᠬᠠᠪᠢ ᠳᠤ ᠪᠠᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠨ᠎ᠠ᠃ | ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ | ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠢ | ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠨᠢᠭᠡ ᠪᠦᠯᠦᠭ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠳᠠᠭᠠᠭᠤᠯᠤᠭᠴᠢ ᠶᠢ ᠪᠣᠶᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠡᠮᠬᠢ | ᠵᠢᠷᠤᠮ ᠲᠠᠢ ᠪᠠᠷ ᠰᠢᠯᠵᠢᠵᠦ ᠠᠵᠢᠯ ᠣᠯᠬᠤ ᠶᠢ ᠠᠬᠢᠭᠤᠯᠤᠨ᠎ᠠ᠃ ᠭᠤᠷᠪᠠ ᠳᠤ ᠬᠥᠭᠵᠢᠭᠦᠯᠬᠦ ᠪᠠ ᠬᠠᠮᠠᠭᠠᠯᠠᠬᠤ ᠶᠢᠨ | ᠬᠠᠷᠢᠴᠠᠭ᠎ᠠ ᠶᠢ ᠨᠢᠭᠡᠳᠦᠯᠲᠡᠢ ᠲᠥᠯᠥᠪᠯᠡᠨ᠎ᠡ ᠃ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠶᠡᠷᠦᠩᠬᠡᠶᠢᠯᠡᠨ | ᠵᠠᠰᠠᠬᠤ ᠶᠢ ᠴᠢᠩᠭᠠᠳᠬᠠᠵᠤ᠂ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ | ᠬᠡᠷᠡᠭᠵᠢᠭᠦᠯᠦᠨ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠥᠨᠵᠢᠭᠦᠯᠬᠦ᠂ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ | ᠣᠷᠣᠨ ᠤ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ | ᠠᠰᠠᠭᠤᠯᠲᠠ ᠄ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ | ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠤᠢ ︖ | ᠬᠠᠷᠢᠭᠤᠯᠲᠠ ᠄ ᠰᠢ ᠶᠢᠨ ᠫᠢᠩ ᠶᠡᠷᠦᠩᠬᠡᠢ ᠱᠦᠵᠢ ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠬᠡᠷᠡᠭᠵᠢᠭᠦᠯᠵᠦ ᠂ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠭᠤᠣᠯᠳᠠᠯᠭ᠎ᠠ ᠶᠢ ᠦᠷᠭᠦᠯᠵᠢᠯᠡᠨ ᠬᠥᠳᠡᠭᠡ ᠲᠣᠰᠬᠤᠨ ᠳᠤ ᠲᠠᠯᠪᠢᠵᠤ ᠂ ᠬᠤᠳᠠ ᠬᠥᠳᠡᠭᠡ ᠶᠢᠨ | ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠬᠤ ᠲᠠᠯ᠎ᠠ ᠪᠠᠷ | ᠦᠷᠭᠦᠯᠵᠢᠯᠡᠨ ᠬᠦᠴᠦᠯᠡᠵᠦ ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠂ | ᠰᠠᠭᠤᠷᠢ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠬᠤ | ᠬᠡᠷᠡᠭᠲᠡᠢ ᠭᠡᠵᠦ ᠴᠢᠬᠤᠯᠠᠴᠢᠯᠠᠪᠠ ᠃ ︽ᠬᠡᠷᠡᠭᠵᠢᠭᠦᠯᠬᠦ ᠰᠠᠨᠠᠯ︾ ᠳᠤ᠂ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠳᠤᠷᠠᠳᠤᠪᠠ ᠃ ᠨᠢᠭᠡ ᠳᠤ ᠬᠡᠷᠡᠭᠵᠢᠭᠦᠯᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠨᠢᠭᠡ ᠵᠦᠢᠯ ᠤᠨ | ᠤᠷᠲᠤ ᠬᠤᠭᠤᠴᠠᠭᠠᠨ ᠤ ᠡᠭᠦᠷᠭᠡ ᠪᠠ ᠰᠢᠰᠲ᠋ᠧᠮᠲᠦ ᠢᠨᠵᠧᠨᠧᠷᠢᠩ ᠮᠥᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠮᠠᠯᠴᠢᠨ ᠲᠠᠷᠢᠶᠠᠴᠢᠨ ᠤ ᠲᠥᠯᠥᠭᠡ ᠬᠥᠭᠵᠢᠭᠦᠯᠬᠦ ᠂ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠮᠠᠯᠴᠢᠨ ᠲᠠᠷᠢᠶᠠᠴᠢᠨ ᠤ ᠲᠥᠯᠥᠭᠡ ᠪᠠᠶᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ | ᠳᠣᠣᠷ᠎ᠠ ᠠᠴᠠ ᠳᠡᠭᠡᠭᠰᠢ ᠂ ᠲᠣᠰᠬᠤᠨ ᠤ ᠠᠷᠠᠳ ᠥᠪᠡᠷᠲᠡᠭᠡᠨ ᠵᠠᠰᠠᠬᠤ ᠂ ᠮᠠᠯᠴᠢᠨ ᠲᠠᠷᠢᠶᠠᠴᠢᠨ ᠣᠷᠤᠯᠴᠠᠬᠤ ᠂ | ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ | ᠪᠠᠷᠢᠮᠲᠠᠯᠠᠵᠤ ᠂ ᠠᠶᠢᠯ ᠲᠣᠰᠬᠤᠨ ᠤ ᠪᠦᠬᠦᠯᠢ ᠴᠣᠭᠴᠠ ᠶᠢᠨ ᠣᠷᠴᠢᠨ ᠲᠣᠭᠤᠷᠢᠨ ᠢ ᠠᠯᠬᠤᠮ ᠠᠯᠬᠤᠮ ᠢᠶᠠᠷ | ᠰᠠᠶᠢᠵᠢᠷᠠᠭᠤᠯᠵᠤ ᠂ ᠠᠶᠢᠯ ᠲᠣᠰᠬᠤᠨ ᠤ ᠲᠥᠬᠦᠭᠡᠷᠦᠮᠵᠢ ᠶᠢᠨ ᠲᠦᠪᠰᠢᠨ ᠢ ᠳᠡᠭᠡᠭᠰᠢᠯᠡᠭᠦᠯᠵᠦ ᠂ ᠤᠯᠠᠨ ᠨᠡᠶᠢᠲᠡ ᠶᠢᠨ | ᠦᠢᠯᠡᠴᠢᠯᠡᠭᠡᠨ ᠤ ᠴᠢᠳᠠᠪᠬᠢ ᠶᠢ ᠴᠢᠩᠭᠠᠳᠬᠠᠵᠤ ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ ᠂ ᠪᠣᠳᠠᠲᠠᠢ | ᠶᠠᠪᠤᠳᠠᠯ ᠢ ᠪᠣᠳᠠᠲᠠᠢ ᠬᠢᠨ᠎ᠡ᠃ ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ | ᠦᠷᠭᠦᠯᠵᠢᠯᠡᠨ ᠬᠡᠷᠡᠭᠵᠢᠭᠦᠯᠦᠨ᠎ᠡ᠃ ᠲᠤᠬᠠᠢ ᠶᠢᠨ ᠭᠠᠵᠠᠷ ᠤᠨ ᠪᠣᠳᠠᠲᠠᠢ ᠨᠥᠬᠦᠴᠡᠯ ᠪᠠ ᠮᠠᠯᠴᠢᠨ ᠲᠠᠷᠢᠶᠠᠴᠢᠨ ᠤ | ᠪᠣᠳᠠᠲᠠᠢ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ | ᠵᠣᠷᠯᠣᠩ ᠢ ᠰᠢᠨ᠎ᠡ ᠪᠠᠷ ᠪᠠᠶᠢᠭᠤᠯᠬᠤ ᠥᠭᠡᠷᠡᠴᠢᠯᠡᠯᠲᠡ ᠶᠢ ᠯᠠᠪᠳᠠᠭᠤᠨ ᠢᠶᠠᠷ ᠥᠷᠨᠢᠭᠦᠯᠵᠦ᠂ ︽ᠠᠰᠠᠭᠤᠳᠠᠯ ᠲᠠᠢ | ᠡᠷᠦᠬᠡ ᠶᠢᠨ ᠵᠣᠷᠯᠣᠩ︾ ᠢ ᠴᠡᠭᠴᠡᠯᠡᠨ ᠰᠠᠶᠢᠵᠢᠷᠠᠭᠤᠯᠵᠤ ᠬᠠᠰᠤᠬᠤ ᠶᠢ ᠦᠨᠠᠨ ᠬᠦ ᠰᠠᠶᠢᠲᠤᠷ ᠬᠢᠨ᠎ᠡ ᠃ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ᠂ ᠪᠣᠬᠢᠷ | ᠤᠰᠤ ᠶᠢ ᠵᠠᠰᠠᠬᠤ ᠵᠡᠷᠭᠡ ᠶᠢ ᠦᠷᠭᠦᠯᠵᠢᠯᠡᠨ ᠠᠬᠢᠭᠤᠯᠵᠤ᠂ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠪᠠ ᠬᠥᠳᠡᠭᠡ | ᠲᠣᠰᠬᠤᠨ ᠢ ᠨᠣᠭᠤᠭᠠᠷᠠᠭᠤᠯᠵᠤ ᠭᠤᠶᠣᠵᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠠᠶᠢᠨ ᠰᠠᠶᠢᠬᠠᠨ | ᠠᠮᠢ ᠠᠬᠤᠢ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠣᠶ ᠪᠣᠯᠭᠠᠨ᠎ᠠ ᠃ | ᠭᠤᠷᠪᠠ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠂ ᠰᠠᠭᠤᠷᠢ ᠴᠢᠨᠠᠷᠲᠠᠢ ᠂ ᠦᠨᠳᠦᠰᠦᠨ ᠵᠦᠢᠯ ᠢ ᠪᠠᠲᠤᠯᠠᠬᠤ | ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠦᠪᠯᠡᠷᠡᠭᠦᠯᠦᠨ᠎ᠡ᠃ ᠮᠠᠯᠵᠢᠬᠤ | ᠲᠠᠷᠢᠶᠠᠯᠠᠬᠤ ᠣᠷᠣᠨ ᠤ ᠵᠠᠮ᠂ ᠤᠰᠤ ᠬᠠᠩᠭᠠᠬᠤ᠂ ᠴᠠᠬᠢᠯᠭᠠᠨ ᠬᠡᠷᠡᠭᠯᠡᠬᠦ᠂ ᠲᠣᠣᠷ ᠰᠦᠯᠵᠢᠶ᠎ᠡ᠂ ᠣᠷᠣᠨ | ᠰᠠᠭᠤᠴᠠ ᠶᠢᠨ ᠠᠮᠤᠷ ᠲᠦᠪᠰᠢᠨ᠂ ᠲᠣᠭᠠᠴᠢᠯᠠᠭᠰᠠᠨ ᠬᠥᠳᠡᠭᠡ ᠲᠣᠰᠬᠤᠨ ᠵᠡᠷᠭᠡ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠰᠢᠶᠠᠨ ᠤ ᠬᠡᠪᠴᠢᠶ᠎ᠡ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠷᠠᠭᠤᠯᠤᠨ᠂ ᠮᠠᠯᠴᠢᠨ | ᠲᠠᠷᠢᠶᠠᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠦᠨᠡᠨ ᠬᠦ ᠰᠠᠶᠢᠵᠢᠷᠠᠭᠤᠯᠤᠨ᠎ᠠ᠃ | | ᠠᠰᠠᠭᠤᠯᠲᠠ ᠄ ᠥᠪᠡᠷᠲᠡᠭᠡᠨ ᠵᠠᠰᠠᠬᠤ ᠣᠷᠣᠨ ᠠᠴᠠ ᠬᠥᠳᠡᠭᠡ ᠲᠣᠰᠬᠤᠨ ᠤ ᠵᠠᠰᠠᠯᠲᠠ ᠶᠢᠨ ᠠᠵᠢᠯ ᠢ ᠬᠡᠷᠬᠢᠨ | ᠠᠬᠢᠭᠤᠯᠬᠤ ᠪᠤᠢ ︖ | ᠬᠠᠷᠢᠭᠤᠯᠲᠠ ᠄ ᠬᠥᠳᠡᠭᠡ ᠲᠣᠰᠬᠤᠨ ᠤ ᠵᠠᠰᠠᠯᠲᠠ ᠪᠣᠯ ᠤᠯᠤᠰ ᠤᠨ ᠵᠠᠰᠠᠯᠲᠠ ᠶᠢᠨ ᠰᠠᠭᠤᠷᠢ ᠮᠥᠨ ᠃ | ᠬᠥᠳᠡᠭᠡ ᠲᠣᠰᠬᠤᠨ ᠤ ᠪᠦᠲᠦᠮᠵᠢᠲᠡᠢ ᠵᠠᠰᠠᠯᠲᠠ ᠪᠠᠶᠢᠬᠤ ᠦᠭᠡᠢ ᠪᠣᠯ ᠬᠥᠳᠡᠭᠡ ᠲᠣᠰᠬᠤᠨ ᠤ ᠪᠦᠬᠦ ᠲᠠᠯ᠎ᠠ ᠶᠢᠨ | ᠬᠥᠭᠵᠢᠯ ᠮᠠᠨᠳᠤᠯ ᠪᠠᠶᠢᠵᠤ ᠴᠢᠳᠠᠬᠤ ᠦᠭᠡᠢ ᠶᠤᠮ ᠃ ᠰᠢᠨ᠎ᠡ ᠱᠠᠲᠤ ᠦᠶ᠎ᠡ ᠰᠢᠨ᠎ᠡ ᠠᠶᠠᠨ ᠵᠠᠮ ᠳᠤ ᠂ ᠪᠢᠳᠡᠨ ᠳᠤ | ᠲᠤᠯᠭᠠᠷᠠᠵᠤ ᠪᠠᠶᠢᠭ᠎ᠠ ᠭᠠᠳᠠᠭᠠᠳᠤ ᠣᠷᠴᠢᠨ ᠨᠥᠬᠦᠴᠡᠯ ᠨᠡᠩ ᠡᠭᠡᠳᠡᠷᠡᠭᠡᠨ ᠪᠤᠳᠤᠯᠢᠶᠠᠨᠲᠠᠢ ᠪᠣᠯᠵᠤ ᠂ ᠥᠭᠡᠷᠡᠴᠢᠯᠡᠯᠲᠡ | ᠬᠥᠭᠵᠢᠯᠲᠡ ᠲᠣᠭᠲᠠᠭᠤᠨ ᠤ ᠡᠭᠦᠷᠭᠡ ᠨᠡᠩ ᠬᠠᠲᠠᠭᠤ ᠪᠡᠷᠬᠡ ᠪᠥᠭᠡᠳ ᠨᠦᠰᠡᠷ ᠬᠦᠨᠳᠦ ᠪᠣᠯᠵᠤ ᠂ ᠬᠥᠳᠡᠭᠡ | ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ ᠂ ᠬᠥᠳᠡᠭᠡ ᠲᠣᠰᠬᠤᠨ ᠢ ᠴᠢᠳᠠᠮᠠᠭᠠᠢ ᠪᠠᠷ ᠵᠠᠰᠠᠬᠤ ᠪᠠᠷ | ᠰᠢᠨ᠎ᠡ ᠪᠠᠶᠢᠳᠠᠯ ᠢ ᠨᠡᠭᠡᠭᠡᠬᠦ ᠂ ᠪᠠᠴᠢᠮ ᠪᠠᠶᠢᠳᠠᠯ ᠢ ᠠᠷᠭᠠᠴᠠᠭᠠᠬᠤ᠂ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠳᠤ | ᠰᠠᠭᠤᠷᠢ ᠲᠤᠯᠭᠠᠭᠤᠷᠢᠯᠠᠯ ᠬᠠᠩᠭᠠᠬᠤ ᠬᠡᠷᠡᠭᠲᠡᠢ ᠃ ᠨᠢᠭᠡ ᠳᠤ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠨᠠᠮ ᠤᠨ ᠬᠤᠷᠢᠶ᠎ᠠ ᠶᠢᠨ ᠰᠢᠶᠠᠩ ᠢ ᠠᠳᠬᠤᠵᠤ | ᠲᠣᠰᠬᠤᠨ ᠢ ᠠᠬᠢᠭᠤᠯᠬᠤ ᠡᠭᠦᠷᠭᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠵᠢᠯᠤᠭᠤᠳᠬᠤ ᠪᠠ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠭᠠᠴᠠᠭ᠎ᠠ ᠲᠣᠰᠬᠤᠨ ᠤ | ᠳᠠᠭᠠᠭᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠨᠠᠷᠢᠨ ᠲᠠᠩᠰᠠ ᠶᠢᠨ ᠳᠦᠷᠢᠮ᠂ ᠬᠤᠪᠢ | ᠬᠤᠷᠠᠮᠳᠤᠭᠤᠯᠬᠤ ᠳᠦᠷᠢᠮ ᠵᠡᠷᠭᠡ ᠵᠠᠰᠠᠯᠲᠠ ᠶᠢᠨ ᠠᠷᠭ᠎ᠠ ᠮᠠᠶ᠋ᠢᠭ ᠢ ᠳᠡᠯᠭᠡᠷᠡᠭᠦᠯᠵᠦ᠂ ᠲᠣᠰᠬᠤᠨ ᠳᠤ ᠰᠠᠭᠤᠭ᠎ᠠ | ᠨᠢᠭᠡᠳᠦᠭᠡᠷ ᠱᠦᠵᠢ ᠪᠠ ᠠᠵᠢᠯᠯᠠᠬᠤ ᠠᠩᠭᠢ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ | ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠬᠤᠶᠠᠷ ᠲᠤ | ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠪᠦᠲᠦᠮᠵᠢᠲᠡᠶ ᠲᠠᠪᠴᠠᠩ ᠤᠨ | ᠠᠴᠢᠶᠠᠯᠠᠪᠤᠷᠢ ᠶᠢᠨ ᠨᠠᠮ ᠤᠨ ᠮᠠᠯᠵᠢᠬᠤ ᠲᠠᠷᠢᠶᠠᠯᠠᠬᠤ ᠣᠷᠣᠨ ᠳᠠᠬᠢ ᠦᠵᠡᠯ ᠰᠠᠨᠠᠭ᠎ᠠ ᠤᠯᠤᠰ ᠲᠥᠷᠥ ᠶᠢᠨ | ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠩ ᠳᠠᠳᠬᠠᠯ ᠢ | ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠥᠨᠳᠥᠷ ᠦᠨ᠎ᠡ ᠲᠠᠢ ᠪᠣᠭᠲᠣᠯᠠᠬᠤ ᠪᠡᠯᠡᠭ᠂ ᠶᠡᠭᠡ ᠪᠠᠷ ᠪᠠᠵᠠᠭᠠᠵᠤ | ᠶᠡᠭᠡ ᠪᠠᠷ ᠡᠷᠭᠢᠯᠡᠬᠦ᠂ ᠠᠰᠠᠷᠠᠯ ᠢ ᠬᠦᠩᠭᠡᠪᠴᠢᠯᠡᠨ ᠤᠷᠤᠰᠢᠭᠤᠯᠭ᠎ᠠ ᠶᠢ ᠬᠦᠨᠳᠦᠳᠭᠡᠬᠦ ᠵᠡᠷᠭᠡ ᠬᠠᠭᠤᠴᠢᠨ ᠶᠣᠰᠣ | ᠪᠦᠳᠦᠭᠦᠯᠢᠭ ᠳᠠᠳᠬᠠᠯ ᠢ ᠴᠡᠭᠴᠡᠯᠡᠨ ᠵᠠᠰᠠᠨ᠎ᠠ᠃ ᠭᠤᠷᠪᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ | ᠴᠣᠭᠴᠠᠯᠠᠨ ᠪᠠᠶᠢᠭᠤᠯᠬᠤ ᠦᠵᠡᠯ ᠤᠬᠠᠮᠰᠠᠷ ᠤᠨ ᠬᠥᠮᠦᠵᠢᠯ ᠢ ᠭᠦᠨᠵᠡᠭᠡᠶᠢᠷᠡᠭᠦᠯᠦᠨ ᠪᠠᠬᠢᠵᠢᠭᠦᠯᠵᠦ᠂ ᠳᠤᠮᠳᠠᠳᠤ ᠶᠢᠨ | ᠦᠨᠳᠦᠰᠦᠲᠡᠨ ᠤ ᠲᠡᠦᠬᠡ ᠶᠢᠨ ᠦᠵᠡᠯᠲᠡ ᠶᠢᠨ ᠬᠥᠮᠦᠵᠢᠯ ᠢ ᠴᠢᠩᠭᠠᠳᠬᠠᠨ᠂ ᠮᠠᠯᠴᠢᠨ ᠲᠠᠷᠢᠶᠠᠴᠢᠨ ᠣᠯᠠᠨ | ᠲᠦᠮᠡᠨ ᠤ ᠳᠤᠮᠳᠠᠳᠤ ᠶᠢᠨ ᠦᠨᠳᠦᠰᠦᠲᠡᠨ ᠢᠶᠠᠨ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ ᠣᠮᠤᠭ | ᠪᠠᠭ᠋ᠠᠳᠤᠯᠲᠤ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠦᠨ᠎ᠡ ᠃ | ᠳᠥᠷᠪᠡ ᠳᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠮᠤᠷ ᠲᠣᠭᠲᠠᠭᠤᠨ ᠪᠠᠶᠢᠳᠠᠯ ᠢ ᠦᠨᠡᠨ ᠬᠦ | ᠬᠠᠮᠠᠭᠠᠯᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠨᠠᠩ ᠥᠨᠳᠥᠷ ᠬᠢᠷᠢ ᠲᠦᠪᠰᠢᠨ ᠪᠦᠬᠦᠢ ᠠᠮᠤᠷ ᠠᠮᠤᠭᠤᠯᠠᠩ ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠪᠠ ᠲᠤᠰᠬᠠᠢ ᠵᠦᠢᠯ ᠢᠶᠠᠷ ᠵᠠᠰᠠᠬᠤ ᠶᠢ ᠥᠷᠨᠢᠭᠦᠯᠦᠨ᠎ᠡ᠃ | ᠠᠰᠠᠭᠤᠯᠲᠠ ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠡᠯ᠎ᠡ | ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠬᠡᠷᠬᠢᠨ ᠪᠠᠲᠤᠯᠠᠬᠤ | ᠪᠤᠢ ︖ | ᠬᠠᠷᠢᠭᠤᠯᠲᠠ ᠄ ᠣᠳᠣᠬᠠᠨ ᠳᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠠᠵᠢᠯ ᠨᠢᠭᠡᠨᠲᠡ ᠲᠥᠯᠥᠪᠵᠢᠭᠦᠯᠦᠨ ᠪᠠᠶᠢᠷᠢᠰᠢᠭᠤᠯᠵᠤ ᠪᠠᠶᠢᠭᠰᠠᠨ ᠠᠴᠠ ᠪᠠᠨ ᠪᠣᠳᠠᠲᠠᠢ ᠪᠠᠷᠢᠯᠭ᠎ᠠ | ᠪᠠᠷᠢᠬᠤ ᠱᠠᠲᠤᠨ ᠳᠤ ᠣᠷᠣᠵᠤ ᠂ ᠪᠦᠬᠦ ᠨᠠᠮ ᠪᠦᠬᠦ ᠨᠡᠶᠢᠭᠡᠮ ᠢᠶᠠᠷ ᠢᠶᠠᠨ ᠶᠡᠷᠦᠩᠬᠡᠢ ᠳᠠᠶᠢᠴᠢᠯᠠᠯᠲᠠ ᠬᠢᠵᠦ ᠂ ᠰᠠᠯᠠᠭ᠎ᠠ | ᠮᠥᠴᠢᠷ ᠪᠣᠯᠣᠨ ᠣᠷᠣᠨ ᠨᠤᠲᠤᠭ ᠤᠨ ᠬᠢᠨ ᠵᠡᠷᠭᠡᠪᠡᠷ ᠬᠦᠴᠦᠯᠡᠵᠦ ᠂ ᠦᠨᠡᠨ ᠪᠣᠳᠠᠲᠠᠢ ᠪᠠᠷ ᠠᠵᠢᠯᠯᠠᠵᠤ ᠂ ᠰᠦᠷ | ᠬᠦᠴᠦᠨ ᠢ ᠢᠯᠡᠷᠡᠭᠦᠯᠵᠦ ᠂ ᠠᠵᠢᠯᠯᠠᠭ᠎ᠠ ᠶᠢ ᠥᠷᠨᠢᠭᠦᠯᠬᠦ ᠴᠢᠬᠤᠯᠠᠲᠠᠢ ᠪᠠᠶᠢᠨ᠎ᠠ ᠃ ᠲᠠᠷᠠᠭᠠᠴᠢ ᠶᠢᠨ ᠠᠯᠬᠤᠮ ᠳᠤ ᠂ | ᠪᠢᠳᠡ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠳᠦᠷᠢᠮ ︾ ᠵᠢᠴᠢ | ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠂ ᠵᠣᠬᠢᠶᠠᠨ ᠪᠠᠶᠢᠭᠤᠯᠤᠯᠲᠠ ᠪᠠᠷ ᠠᠬᠢᠭᠤᠯᠬᠤ ᠂ ᠡᠯᠧᠮᠧᠨ᠋ᠲ ᠢ ᠪᠠᠲᠤᠯᠠᠬᠤ ᠂ | ᠬᠢᠨᠠᠨ ᠰᠢᠯᠭᠠᠵᠤ ᠦᠨᠡᠯᠡᠬᠦ ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠲᠠᠯ᠎ᠠ ᠠᠴᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠬᠦ ᠶᠢ ᠠᠬᠢᠭᠤᠯᠵᠤ ᠂ ᠥᠷᠭᠡᠨ | ᠳᠡᠯᠭᠡᠷᠡᠩᠭᠦᠢ ᠳᠠᠶᠢᠴᠢᠯᠠᠵᠤ ᠂ ᠬᠦᠴᠦᠨ ᠢᠶᠠᠨ ᠲᠥᠪᠯᠡᠷᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠃ ᠬᠤᠶᠠᠷ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠬᠤ ᠬᠡᠷᠡᠭᠲᠡᠢ᠄ | ᠨᠢᠭᠡ ᠲᠠᠯ᠎ᠠ ᠪᠠᠷ ᠂ ᠨᠠᠮ ᠤᠨ ︽ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ | ᠲᠠᠷᠢᠶᠠᠴᠢᠨ ︾ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ ᠃ | ᠬᠥᠳᠡᠭᠡ ᠲᠣᠰᠬᠤᠨ ᠤ ᠬᠥᠭᠵᠢᠯᠲᠡ ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠂ ᠬᠥᠳᠡᠭᠡ ᠲᠣᠰᠬᠤᠨ ᠤ | ᠵᠠᠰᠠᠯᠲᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠳᠤ | ᠡᠴᠦᠰ ᠤᠨ ᠡᠴᠦᠰ ᠲᠤ ᠪᠠᠨ ᠨᠠᠮ ᠤᠨ ᠤᠳᠤᠷᠢᠳᠤᠯᠭ᠎ᠠ ᠳᠤ ᠲᠦᠰᠢᠭᠯᠡᠬᠦ ᠬᠡᠷᠡᠭᠲᠡᠢ ᠃ ᠨᠢᠭᠡ ᠳᠤ ᠬᠠᠷᠢᠭᠤᠴᠠᠯᠭ᠎ᠠ ᠶᠢ | ᠪᠤᠲᠠᠲᠠᠶᠢᠵᠢᠭᠤᠯᠬᠤ ᠬᠡᠷᠡᠭᠲᠡᠢ᠃ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠳᠬᠤᠬᠤ ᠪᠣᠳᠠᠲᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠶᠢ | ᠰᠦᠪᠡᠭᠴᠢᠯᠡᠨ ᠥᠷᠨᠢᠭᠦᠯᠵᠦ᠂ ᠠᠶᠢᠮᠠᠭ ᠬᠤᠲᠠ ᠶᠢᠨ ᠨᠠᠮ ᠵᠠᠰᠠᠭ ᠤᠨ ᠤᠳᠤᠷᠢᠳᠬᠤ ᠪᠠᠭ ᠪᠣᠯᠣᠨ ᠤᠳᠤᠷᠢᠳᠬᠤ | ᠺᠠᠳ᠋ᠷᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠪᠣᠳᠠᠲᠤ ᠠᠮᠵᠢᠯᠲᠠ ᠶᠢ | ᠬᠢᠨᠠᠨ ᠰᠢᠯᠭᠠᠬᠤ ᠶᠢ ᠲᠡᠭᠦᠯᠳᠡᠷᠵᠢᠭᠦᠯᠵᠦ᠂ ᠲᠥᠪᠯᠡᠷᠡᠭᠦᠯᠦᠨ ᠬᠤᠭᠤᠴᠠᠭ᠎ᠠ ᠰᠣᠯᠢᠭᠰᠠᠨ ᠤ ᠳᠠᠷᠠᠭᠠᠬᠢ ᠡᠯ᠎ᠡ | ᠱᠠᠲᠤᠨ ᠤ ᠨᠠᠮ ᠵᠠᠰᠠᠭ ᠤᠨ ᠤᠳᠤᠷᠢᠳᠬᠤ ᠺᠠᠳ᠋ᠷ ᠢᠯᠠᠩᠭᠤᠶ᠎ᠠ ︽ᠲᠠᠷᠢᠶᠠᠯᠠᠩ ᠮᠠᠯ ᠠᠵᠤ ᠠᠬᠤᠢ ᠮᠠᠯᠵᠢᠬᠤ | ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ | ᠺᠠᠳ᠋ᠷᠴᠤᠳ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠨᠠᠮ ᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠢ | ᠬᠠᠮᠢᠶᠠᠷᠴᠤ ᠪᠠᠶᠢᠭ᠎ᠠ ᠤᠯᠤᠰ ᠲᠥᠷᠥ ᠶᠢᠨ ᠳᠠᠪᠠᠭᠤᠯᠢᠭ ᠢ ᠤᠯᠠᠮ ᠨᠢᠭᠡ ᠠᠯᠬᠤᠮ ᠬᠥᠳᠡᠭᠡ ᠲᠣᠰᠬᠤᠨ ᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠦᠳᠡᠯᠭᠡᠬᠦ ᠬᠦᠴᠦᠨ ᠪᠣᠯᠭᠠᠨ | ᠬᠤᠪᠢᠷᠠᠭᠤᠯᠬᠤ ᠬᠡᠷᠡᠭᠲᠡᠢ ᠃ ᠬᠤᠶᠠᠷ ᠲᠤ ᠪᠠᠶᠢᠭᠤᠯᠤᠮᠵᠢ ᠶᠢ ᠬᠦᠴᠦᠷᠬᠡᠭᠵᠢᠭᠦᠯᠬᠦ ᠬᠡᠷᠡᠭᠲᠡᠢ᠃ ᠨᠠᠮ ᠤᠨ | ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠦᠷᠦᠭᠦᠯᠡᠨ ᠶᠡᠷᠦᠩᠬᠡᠶᠢᠯᠡᠨ | ᠠᠳᠬᠤᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢ ᠴᠢᠩᠭᠠᠷᠠᠭᠤᠯᠵᠤ᠂ ᠡᠯ᠎ᠡ ᠱᠠᠲᠤᠨ ᠤ ᠨᠠᠮ ᠤᠨ | ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠯᠪᠠᠨ ᠭᠡᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ | ᠭᠤᠣᠯᠳᠠᠯᠭ᠎ᠠ ᠲᠠᠢ ᠡᠭᠦᠷᠭᠡ ᠶᠢ ᠬᠤᠪᠢᠶᠠᠷᠢᠯᠠᠨ ᠨᠠᠶᠢᠳᠠᠪᠤᠷᠢᠵᠢᠭᠤᠯᠬᠤ ᠪᠠ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ | ᠭᠦᠢᠴᠡᠳᠬᠡᠬᠦ ᠲᠣᠭᠲᠠᠴᠠ ᠶᠢ ᠪᠦᠷᠢᠨᠰᠢᠭᠦᠯᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠷᠪᠠ ᠳᠤ ᠂ ᠴᠡᠭ ᠢ ᠠᠳᠬᠤᠵᠤ ᠨᠡᠶᠢᠳᠡᠮ ᠢ | ᠳᠠᠶᠢᠴᠢᠯᠠᠬᠤ ᠬᠡᠷᠡᠭᠲᠡᠢ ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠦᠨ ᠡᠭᠦᠳᠦᠨ | ᠪᠠᠶᠢᠭᠤᠯᠬᠤ ᠠᠵᠢᠯ ᠢ ᠱᠠᠲᠤ ᠬᠤᠪᠢᠶᠠᠨ ᠥᠷᠨᠢᠭᠦᠯᠵᠦ ᠂ ︽ ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ | ᠬᠥᠭᠵᠢᠭᠦᠯᠦᠨ ᠮᠠᠨᠳᠤᠭᠤᠯᠬᠤ ︾ ᠠᠵᠢᠯᠯᠠᠭ᠎ᠠ ᠶᠢ ᠭᠦᠨᠵᠡᠭᠡᠢ ᠠᠬᠢᠭᠤᠯᠵᠤ ᠂ ᠲᠣᠭᠲᠠᠭᠠᠯ ᠶᠣᠰᠣᠭᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠬᠢᠭᠦᠯᠦᠨ ᠵᠣᠷᠢᠭᠵᠢᠭᠤᠯᠬᠤ ᠳᠦᠷᠢᠮ ᠢ ᠪᠠᠶᠢᠭᠤᠯᠵᠤ ᠂ ᠪᠦᠬᠦ | ᠨᠡᠶᠢᠭᠡᠮ ᠢᠶᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠮᠲᠤ ᠪᠠᠷ ᠣᠷᠤᠯᠴᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠃ | ᠨᠦᠭᠦᠭᠡ ᠲᠠᠯ᠎ᠠ ᠪᠠᠷ ᠂ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠡᠷᠴᠢᠮ ᠪᠠ ᠪᠠᠶᠢᠭᠤᠯᠤᠯ | ᠲᠣᠭᠲᠠᠴᠠ ᠶᠢᠨ ᠲᠠᠯ᠎ᠠ ᠪᠠ ᠰᠢᠨ᠎ᠡ ᠶᠢ ᠡᠭᠦᠳᠬᠦ ᠪᠡᠯᠡ ᠮᠥᠩᠭᠦ ᠶᠢᠨ ᠣᠷᠣᠭᠤᠯᠤᠯᠲᠠ ᠶᠢᠨ ᠲᠠᠯ᠎ᠠ ᠪᠠᠷ᠂ ᠲᠠᠷᠢᠶᠠᠯᠠᠩ | ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠢ ᠦᠷᠭᠦᠯᠵᠢᠯᠡᠨ ᠡᠩ ᠤᠨ ᠣᠯᠠᠨ ᠨᠡᠶᠢᠲᠡ ᠶᠢᠨ ᠲᠥᠰᠥᠪ ᠤᠨ | ᠤᠷᠢᠳᠠᠪᠠᠷ ᠪᠠᠲᠤᠯᠠᠬᠤ ᠬᠦᠷᠢᠶ᠎ᠡ ᠪᠣᠯᠭᠠᠵᠤ᠂ ᠭᠠᠵᠠᠷ ᠰᠢᠷᠣᠢ ᠶᠢ ᠰᠢᠯᠵᠢᠭᠦᠯᠦᠨ ᠥᠭᠭᠦᠭᠰᠡᠨ ᠣᠷᠣᠯᠭ᠎ᠠ ᠶᠢᠨ | ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠳᠤ ᠬᠡᠷᠡᠭᠯᠡᠬᠦ ᠬᠠᠷᠢᠴᠠᠯ ᠢ ᠲᠣᠭᠲᠠᠭᠤᠨ ᠢᠶᠠᠷ | ᠳᠡᠭᠡᠭᠰᠢᠯᠡᠭᠦᠯᠦᠨ᠂ ᠵᠢᠭᠡᠯᠡᠯᠭᠡ ᠶᠢᠨ ᠲᠡᠮᠳᠡᠭᠲᠦ ᠪᠠ ᠰᠠᠭᠤᠷᠢ ᠮᠥᠩᠭᠦ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ | ᠣᠷᠣᠭᠤᠯᠤᠯᠲᠠ ᠶᠢᠨ ᠡᠷᠴᠢᠮ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠠᠯᠲᠠᠲᠤ ᠡᠭᠦᠷᠭᠡ ᠯᠦᠭᠡ | ᠬᠠᠷᠢᠯᠴᠠᠨ ᠵᠣᠬᠢᠴᠠᠭᠤᠯᠬᠤ ᠶᠢ ᠦᠨᠠᠨ ᠬᠦ ᠪᠠᠲᠤᠯᠠᠬᠤ ᠬᠡᠷᠡᠭᠲᠡᠢ︔ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠲᠠᠯ᠎ᠠ ᠪᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠦᠢᠯᠡᠴᠢᠯᠡᠬᠦ ᠶᠢ ᠬᠢᠨᠠᠨ ᠰᠢᠯᠭᠠᠵᠤ ᠦᠨᠡᠯᠡᠨ ᠵᠢᠱᠢᠬᠦ ᠶᠢ ᠥᠷᠨᠢᠭᠦᠯᠵᠦ᠂ ᠢᠲᠡᠭᠡᠮᠵᠢᠲᠦ ᠵᠢᠭᠡᠯᠡᠯᠭᠡ ᠲᠠᠯᠪᠢᠬᠤ | ᠡᠷᠴᠢᠮ ᠢ ᠴᠢᠩᠭᠠᠷᠠᠭᠤᠯᠵᠤ᠂ ᠠᠯᠠᠰᠢᠨ ᠦᠬᠡᠷ᠂ ᠠᠯᠠᠰᠢᠨ ᠬᠤᠨᠢ᠂ ᠣᠨᠴᠠᠯᠢᠭᠲᠤ ᠰᠦ ᠂ ᠲᠡᠮᠡᠭᠡ ᠵᠡᠷᠭᠡ ᠣᠷᠣᠨ | ᠨᠤᠲᠤᠭ ᠤᠨ ᠳᠠᠪᠠᠭᠤᠯᠢᠭ ᠣᠨᠴᠠᠯᠢᠭᠲᠤ ᠳᠠᠭᠠᠳᠬᠠᠯ ᠤᠨ ᠲᠤᠷᠰᠢᠯᠲᠠ ᠶᠢ ᠥᠷᠨᠢᠭᠦᠯᠦᠨ᠎ᠡ︔ ᠴᠢᠳᠠᠪᠤᠷᠢᠲᠠᠨ ᠤ | ᠡᠩᠨᠡᠭᠡ ᠶᠢᠨ ᠲᠠᠯ᠎ᠠ ᠪᠠᠷ ᠂ ᠤᠷᠮᠠᠰᠢᠭᠤᠯᠬᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠂ ᠡᠷᠡᠭᠦᠯ ᠬᠠᠮᠠᠭᠠᠯᠠᠯ ᠂ ᠰᠤᠷᠭᠠᠨ ᠬᠥᠮᠦᠵᠢᠯ ᠂ ᠡᠮ ᠡᠮᠨᠡᠯᠭᠡ ᠵᠡᠷᠭᠡ ᠡᠯ᠎ᠡ ᠲᠦᠷᠦᠯ ᠤᠨ | ᠴᠢᠳᠠᠪᠤᠷᠢᠲᠠᠨ ᠤ ᠦᠨᠳᠦᠰᠦᠨ ᠱᠠᠲᠤᠨ ᠳᠤ ᠭᠦᠨᠵᠡᠭᠡᠶᠢᠷᠡᠬᠦ ᠂ ᠬᠥᠳᠡᠭᠡ ᠲᠣᠰᠬᠤᠨ ᠳᠤ ᠦᠢᠯᠡᠴᠢᠯᠡᠬᠦ ᠶᠢ ᠬᠥᠲᠥᠯᠥᠨ | ᠵᠢᠯᠤᠭᠤᠳᠴᠤ ᠂ ᠣᠷᠣᠨ ᠨᠤᠲᠤᠭ ᠤᠨ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠬᠦ ᠬᠡᠷᠡᠭᠲᠡᠢ︔ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠠᠯ᠎ᠠ ᠪᠠᠷ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ | ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠨ 30 ᠵᠢᠯ ᠤᠷᠲᠤᠳᠬᠠᠬᠤ ᠲᠤᠷᠰᠢᠯᠲᠠ᠂ ᠮᠠᠯᠵᠢᠬᠤ ᠲᠠᠷᠢᠶᠠᠯᠠᠬᠤ | ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ᠂ ᠣᠷᠣᠨ ᠰᠠᠭᠤᠴᠠ ᠶᠢᠨ | ᠰᠠᠭᠤᠷᠢ ᠭᠠᠵᠠᠷ ᠤᠨ ᠥᠭᠡᠷᠡᠴᠢᠯᠡᠯᠲᠡ ᠵᠡᠷᠭᠡ ᠡᠯ᠎ᠡ ᠲᠥᠷᠥᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ | ᠡᠭᠦᠷᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ | | | |