内蒙古自治区农牧厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠶᠢ ᠦᠨᠡᠮᠰᠢᠨ ᠲᠣᠭᠲᠠᠭᠠᠬᠤ ᠪᠠ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠲᠠᠶᠢᠯᠤᠮᠵᠢ
        ᠨᠡᠶᠢᠲᠡᠯᠡᠭᠰᠡᠨ ᠴᠠᠭ᠄
        2022/8/17
              ᠨᠢᠭᠡ ᠂ ︽ ᠠᠷᠭ᠎ᠠ ︾ ᠳᠤ ᠵᠠᠰᠠᠪᠤᠷᠢ ᠣᠷᠣᠭᠤᠯᠤᠭᠰᠠᠨ ᠦᠨᠳᠦᠰᠦᠯᠡᠯ      ︽ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠡᠷᠡᠭᠵᠢᠭᠦᠯᠬᠦ ᠰᠠᠨᠠᠯ︾ ︵ᠲᠠᠷᠢᠶᠠᠯᠠᠩ ᠲᠠᠷᠬᠠᠭᠠᠭᠰᠠᠨ ﹇2022﹈ 1 ᠳ᠋ᠦ᠋ᠭᠡᠷ ᠲᠣᠭᠠᠲᠤ︶᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾᠂ ︽ᠲᠠᠷᠢᠶᠠᠯᠠᠩ ︵ᠮᠠᠯ ᠠᠵᠤ ᠠᠬᠤᠢ︶ ᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2017﹈ 89 ᠳ᠋ᠦ᠋ᠭᠡᠷ ᠲᠣᠭᠠᠲᠤ︶᠂ ᠣᠶᠢᠷ᠎ᠠ ᠶᠢᠨ ᠬᠤᠶᠠᠷ ᠵᠢᠯ ᠤᠨ ᠠᠵᠤ ᠠᠬᠤᠢ ᠶᠢᠨ ᠬᠥᠭᠵᠢᠯᠲᠡ ᠪᠠ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠯᠪᠠᠰᠤᠷᠠᠭᠤᠯᠬᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠦᠨᠳᠦᠰᠦᠯᠡᠨ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠣᠨ ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠪᠣᠶᠢᠵᠢᠭᠤᠯᠤᠨ ᠬᠦᠭᠵᠢᠭᠦᠯᠵᠦ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠨᠤᠲᠠᠯᠠᠨ ᠲᠣᠭᠲᠠᠭᠠᠬᠤ ᠪᠠ ᠬᠢᠨᠠᠨ ᠬᠡᠮᠵᠢᠬᠦ ᠠᠵᠢᠯ ᠢ ᠤᠯᠠᠮ ᠨᠢᠭᠡ ᠠᠯᠬᠤᠮ ᠵᠢᠷᠣᠮᠵᠢᠭᠤᠯᠣᠨ ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢᠨ ᠵᠢᠯᠣᠭᠤᠳᠤᠯᠭ᠎ᠠ᠂ ᠳᠡᠮᠵᠢᠯᠭᠡ ᠪᠠ ᠦᠢᠯᠡᠴᠢᠯᠡᠭᠡ ᠶᠢ ᠴᠢᠩᠭᠠᠳᠬᠠᠵᠤ᠂ ᠬᠤᠯᠪᠣᠭᠠᠲᠤ ᠴᠣᠭᠴᠠ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠴᠤ᠂ ᠲᠠᠷᠢᠶᠠᠯᠠᠩ ︵ᠮᠠᠯ ᠠᠵᠤ ᠠᠬᠤᠢ︶ ᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠨ ᠤ ᠲᠣᠭᠲᠠᠴᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠶᠢ ᠰᠢᠯᠭᠠᠷᠠᠭᠤᠯᠵᠤ ᠦᠨᠡᠮᠰᠢᠨ ᠲᠣᠭᠲᠠᠭᠠᠬᠤ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ︵ᠥᠪᠥᠷ ᠲᠠᠷᠢᠶᠠᠯᠠᠩ ᠮᠠᠯ ᠦᠢᠯᠡᠰ ᠲᠠᠷᠬᠠᠭᠠᠭᠰᠠᠨ﹇2018﹈ 88 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠪᠠ᠃      ᠬᠤᠶᠠᠷ᠂ ︽ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠨᠢᠭᠡᠴᠢ      ᠵᠢᠷᠭᠤᠭᠠᠨ ᠰᠠᠯᠠᠭ᠎ᠠ ᠮᠥᠴᠢᠷ ᠄     ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ     ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ     ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ     ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠭᠠᠶᠢᠯᠢ ᠶᠢᠨ ᠶᠠᠪᠤᠳᠠᠯ ᠤᠨ ᠲᠤᠪᠴᠢᠶ᠎ᠠᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ  ᠳᠠᠬᠢ ᠲᠥᠪ ᠰᠠᠯᠪᠤᠷᠢ ᠪᠠᠩᠬᠢ     ᠭᠤᠷᠪᠠ ᠂ ︽ ᠠᠷᠭ᠎ᠠ ︾ ᠶᠢᠨ ᠭᠤᠣᠯ ᠴᠢᠳᠠᠮᠵᠢ      ᠬᠠᠷᠠᠯᠲᠠ ᠄ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ   ᠶᠢᠨ ᠪᠤᠶᠢᠵᠢᠯᠳᠠ ᠬᠦᠭᠵᠢᠯᠳᠡ  ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠦᠨᠡᠮᠰᠢᠬᠦ ᠪᠠ ᠬᠢᠨᠠᠨ ᠬᠡᠮᠵᠢᠬᠦ ᠠᠵᠢᠯ ᠢ ᠤᠯᠠᠮ ᠨᠢᠭᠡ ᠠᠯᠬᠤᠮ ᠵᠢᠷᠣᠮᠵᠢᠭᠤᠯᠣᠨ ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠵᠢᠯᠤᠭᠤᠳᠬᠤ᠂ ᠲᠡᠳᠬᠦᠬᠦ ᠪᠠ ᠦᠢᠯᠡᠴᠢᠯᠡᠬᠦ ᠶᠢ ᠴᠢᠩᠭᠠᠳᠬᠠᠨ᠂ ᠬᠤᠯᠪᠣᠭᠠᠲᠤ ᠴᠣᠭᠴᠠ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠴᠤ᠂ ᠲᠠᠷᠢᠶᠠᠯᠠᠩ ᠤᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠤᠯᠠᠮ ᠨᠢᠭᠡ ᠠᠯᠬᠤᠮ ᠬᠦᠨᠵᠡᠭᠡᠶᠢᠷᠡᠭᠦᠯᠬᠦ ᠶᠢᠨ ᠲᠦᠯᠦᠭᠡ ᠶᠤᠮ᠃      ᠦᠢᠯᠡᠴᠢᠯᠡᠭᠡ ᠬᠦᠷᠲᠡᠭᠴᠢᠳ ᠄ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠤᠯᠪᠤᠭᠠᠲᠤ ᠴᠤᠭᠴᠠ᠃      ᠴᠢᠳᠠᠮᠵᠢ ᠄ ᠠᠶᠢᠮᠠᠭ ᠬᠤᠲᠠ᠂ ᠬᠤᠰᠢᠭᠤ ᠰᠢᠶᠠᠨ ᠢ ᠵᠢᠯᠤᠭᠤᠳᠴᠤ ᠪᠠᠶᠢᠭᠠᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠭᠤᠶᠤᠴᠢᠯᠠᠨ ᠮᠡᠳᠡᠭᠦᠯᠬᠦ ᠪᠠ ᠬᠢᠨᠠᠨ ᠬᠡᠮᠵᠢᠬᠦ ᠠᠵᠢᠯ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢᠨ ᠱᠠᠭᠠᠷᠳᠠᠯᠭ᠎ᠠ ᠶᠣᠰᠣᠭᠠᠷ ᠮᠡᠳᠡᠭᠦᠯᠬᠦ ᠪᠠ ᠬᠢᠨᠠᠨ ᠬᠡᠮᠵᠢᠬᠦ ᠮᠠᠲ᠋ᠧᠷᠢᠶᠠᠯ ᠢᠶᠠᠨ ᠪᠡᠯᠡᠳᠬᠡᠬᠦ ᠶᠢ ᠵᠢᠯᠣᠭᠤᠳᠤᠨ᠎ᠠ᠃      ᠳᠥᠷᠪᠡ᠂ ︽ᠠᠷᠭ᠎ᠠ︾ ᠶᠢᠨ ᠠᠭᠤᠯᠭ᠎ᠠ ᠶᠢᠨ ᠲᠠᠶᠢᠯᠤᠮᠵᠢ ︱ ᠶᠡᠷᠦᠩᠬᠡᠢ ᠳᠦᠷᠢᠮ      ᠡᠨᠡ ᠨᠢ ᠭᠤᠣᠯᠳᠠᠭᠤ ᠮᠠᠨ ᠤ ᠣᠷᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠶᠢ ᠦᠨᠡᠮᠰᠢᠨ ᠲᠣᠭᠲᠠᠭᠠᠬᠤ ᠪᠠ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠤᠭᠰᠠᠨ ᠦᠨᠳᠦᠰᠦᠯᠡᠯ ᠪᠠ ᠬᠠᠷᠠᠯᠲᠠᠲᠤ ᠡᠭᠦᠷᠭᠡ ᠶᠢ ᠬᠤᠷᠢᠶᠠᠩᠭᠤᠶᠢᠯᠠᠨ ᠥᠭᠦᠯᠡᠵᠡᠢ᠃      ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ 6 ᠶᠠᠮᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ︽ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢᠨ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ ︾ ᠤᠨ ᠶᠣᠰᠣᠭᠠᠷ ᠂ ︽ ᠨᠢᠭᠡᠳᠦᠭᠡᠷ ᠪᠦᠯᠦᠭ   ᠶᠡᠷᠦᠩᠬᠡᠢ ᠳᠦᠷᠢᠮ ︾ ᠳᠠᠬᠢ ︽ ᠬᠤᠯᠪᠣᠭᠠᠲᠤ ᠴᠣᠭᠴᠠ ︾ ᠂ ︽ ᠠᠰᠢᠭ ᠲᠤᠰᠠ ᠶᠢ ᠬᠤᠯᠪᠣᠬᠤ ᠠᠷᠭ᠎ᠠ ᠮᠠᠶ᠋ᠢᠭ ︾ ᠵᠡᠷᠭᠡ ᠤᠬᠠᠭᠳᠠᠬᠤᠨ ᠤ ᠥᠭᠦᠯᠡᠯᠲᠡ ᠶᠢ ᠵᠢᠷᠤᠮᠵᠢᠭᠤᠯᠪᠠ ᠃      ︽ᠠᠷᠭ᠎ᠠ︾ ᠶᠢᠨ ᠬᠡᠷᠡᠭᠯᠡᠬᠦ ᠬᠡᠪᠴᠢᠶ᠎ᠡ ᠪᠠ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠬᠤᠯᠪᠣᠭᠠᠲᠤ ᠴᠣᠭᠴᠠ ᠶᠢᠨ ᠪᠦᠷᠢᠯᠳᠦᠭᠦᠯᠪᠡᠰᠦ ᠵᠣᠬᠢᠬᠤ ᠦᠨᠳᠦᠰᠦᠨ ᠨᠥᠬᠦᠴᠡᠯ ᠢ ᠲᠣᠳᠣᠷᠬᠠᠶᠢᠯᠠᠨ᠎ᠠ      ᠲᠠᠪᠤ᠂ ︽ᠠᠷᠭ᠎ᠠ︾ ᠶᠢᠨ ᠠᠭᠤᠯᠭ᠎ᠠ ᠶᠢᠨ ᠲᠠᠶᠢᠯᠤᠮᠵᠢ ︱ ᠭᠤᠶᠤᠴᠢᠯᠠᠨ ᠮᠡᠳᠡᠭᠦᠯᠬᠦ      ᠭᠤᠶᠤᠴᠢᠯᠠᠨ ᠮᠡᠳᠡᠭᠦᠯᠬᠦ ᠬᠤᠯᠪᠣᠭᠠᠲᠤ ᠴᠣᠭᠴᠠ ᠶᠢᠨ ᠡᠯ᠎ᠡ ᠵᠦᠢᠯ ᠤᠨ ᠦᠨᠳᠦᠰᠦᠨ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠮᠡᠳᠡᠭᠦᠯᠬᠦ ᠲᠠᠰ ᠳᠠᠷᠠᠭᠠᠯᠠᠯ ᠢ ᠲᠣᠳᠣᠷᠬᠠᠶᠢᠯᠠᠪᠠ᠃ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ ᠨᠢ ᠳᠣᠣᠷᠠᠬᠢ ᠮᠡᠲᠦ ᠄︽ᠬᠤᠶᠠᠳᠤᠭᠠᠷ ᠪᠦᠯᠦᠭ  ᠭᠤᠶᠤᠴᠢᠯᠠᠨ ᠮᠡᠳᠡᠭᠦᠯᠬᠦ ︾ ᠳᠤ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠂ ᠭᠦᠢᠯᠭᠡᠭᠡᠨ ᠤ ᠬᠥᠲᠥᠴᠢ ᠠᠵᠤ ᠠᠬᠤᠶᠢᠯᠠᠯ ᠢᠶᠠᠷ ᠬᠦᠲᠦᠯᠡᠭᠦᠯᠦᠭᠰᠡᠨ ᠬᠤᠯᠪᠣᠭᠠᠲᠤ ᠴᠣᠭᠴᠠ ᠶᠢᠨ ᠬᠡᠪᠴᠢᠶ᠎ᠡ︾᠂ ︽ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ︾ ᠶᠢᠨ ᠭᠦᠢᠴᠡᠳᠬᠡᠯ ᠲᠤᠭ᠎ᠠ ᠳᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ ᠲᠤᠭ᠎ᠠ ᠶᠢ ᠪᠠᠭᠲᠠᠭᠠᠨ᠎ᠠ ᠭᠡᠵᠦ ᠰᠢᠨ᠎ᠡ ᠪᠠᠷ ᠨᠡᠮᠡᠪᠡ᠃      ︽ᠬᠤᠶᠠᠳᠤᠭᠠᠷ ᠪᠦᠯᠦᠭ   ᠭᠤᠶᠤᠴᠢᠯᠠᠨ ᠮᠡᠳᠡᠭᠦᠯᠬᠦ ︾ ᠳᠤ᠂ ᠬᠤᠯᠪᠣᠭᠠᠲᠤ ᠴᠣᠭᠴᠠ ᠶᠢᠨ ᠬᠤᠯᠪᠣᠯᠳᠤᠭᠰᠠᠨ ᠭᠤᠣᠯ ᠴᠣᠭᠴᠠ ᠶᠢᠨ ᠳᠡᠭᠡᠭᠰᠢ ᠮᠡᠳᠡᠭᠦᠯᠬᠦ ᠴᠢᠬᠤᠯᠠᠲᠠᠢ ᠡᠯ᠎ᠡ ᠲᠥᠷᠥᠯ ᠤᠨ ᠡᠳ᠋ ᠤᠨ ᠶᠠᠪᠤᠳᠠᠯ ᠤᠨ ᠭᠡᠷᠡᠴᠢ ᠶᠢ ᠨᠠᠷᠢᠯᠢᠭᠵᠢᠭᠤᠯᠵᠤ᠂ ᠰᠢᠨ᠎ᠡ ᠪᠠᠷ ᠨᠡᠮᠡᠭᠳᠡᠭᠰᠡᠨ ᠬᠤᠯᠪᠤᠭᠠᠲᠤ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠲᠦᠷᠦᠭᠦᠸ ᠵᠢᠯ ᠤᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠪᠤᠶᠤ ᠣᠷᠣᠯᠭ᠎ᠠ ᠵᠠᠷᠤᠯᠭ᠎ᠠ ᠶᠢᠨ ᠲᠡᠮᠳᠡᠭᠯᠡᠯ᠂ ᠪᠣᠷᠣᠯᠠᠭᠤᠯᠤᠯᠲᠠ ᠶᠢᠨ ᠣᠷᠣᠯᠭ᠎ᠠ ᠳᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ ᠶᠢ ᠪᠠᠭᠲᠠᠭᠠᠭᠰᠠᠨ ᠪᠠᠶᠢᠪᠠᠯ ᠭᠠᠳᠠᠭᠠᠳᠤ ᠳᠤ ᠭᠠᠷᠭᠠᠭᠰᠠᠨ ᠪᠣᠳᠠᠲᠤ ᠠᠮᠵᠢᠯᠲᠠ ᠶᠢᠨ ᠭᠡᠷᠡᠴᠢ ᠶᠢ ᠬᠠᠩᠭᠠᠬᠤ ᠬᠡᠷᠡᠭᠲᠡᠢ᠃      ᠵᠢᠷᠭᠤᠭ᠎ᠠ᠂ ︽ᠠᠷᠭ᠎ᠠ︾ ᠶᠢᠨ ᠠᠭᠤᠯᠭ᠎ᠠ ᠶᠢᠨ ᠲᠠᠶᠢᠯᠤᠮᠵᠢ ︱  ᠦᠨᠠᠮᠰᠢᠨ ᠲᠤᠭᠲᠠᠭᠠᠬᠤ      ᠦᠨᠠᠮᠰᠢᠨ ᠲᠤᠭᠲᠠᠭᠠᠬᠤ ᠴᠠᠭ᠄ ᠵᠢᠯ ᠪᠦᠷᠢ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠯᠪᠣᠭᠠᠲᠤ ᠴᠣᠭᠴᠠ ᠶᠢ ᠦᠨᠠᠨᠮᠰᠢᠨ ᠲᠣᠭᠲᠠᠭᠠᠨ᠎ᠠ ᠃      ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠯᠪᠣᠭᠠᠲᠤ ᠴᠣᠭᠴᠠ ᠶᠢ ᠦᠨᠡᠮᠰᠢᠨ ᠲᠤᠭᠲᠠᠭᠠᠬᠤ ᠲᠠᠰ ᠳᠠᠷᠠᠭᠠᠯᠠᠯ ᠪᠠ ᠠᠷᠭ᠎ᠠ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠠᠵᠢᠯ ᠤᠨ ᠮᠡᠳᠡᠭᠳᠡᠯ ᠪᠠᠭᠤᠯᠭᠠᠨ᠎ᠠ → ᠠᠶᠢᠮᠠᠭ ᠬᠤᠲᠠ᠂ ᠬᠤᠰᠢᠭᠤ ᠰᠢᠶᠠᠨ ᠠᠴᠠ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠦᠨ᠎ᠡ → ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠬᠢᠨᠠᠨ ᠬᠠᠷᠭᠤᠭᠤᠯᠤᠭᠤᠯᠵᠤ᠂ ᠠᠩᠬᠠᠨ ᠤ ᠬᠢᠨᠠᠯᠲᠠ ᠶᠢᠨ ᠰᠠᠨᠠᠯ ᠢ  ᠳᠤᠷᠠᠳᠤᠨ᠎ᠠ → ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠤᠳᠤᠷᠢᠳᠬᠤ ᠳᠤᠭᠤᠶᠢᠯᠠᠩ ᠤᠨ ᠭᠡᠰᠢᠭᠦᠨ ᠢ ᠵᠣᠬᠢᠶᠠᠨ ᠪᠠᠶᠢᠭᠤᠯᠵᠤ ᠂ ᠲᠠᠰᠢᠷᠠᠮ ᠢᠶᠠᠷ ᠰᠤᠭᠤᠴᠢᠨ ᠪᠠᠶᠢᠴᠠᠭᠠᠵᠤ ᠲᠤᠬᠠᠢ ᠶᠢᠨ ᠭᠠᠵᠠᠷ ᠲᠤ  ᠨᠢ ᠬᠢᠨᠠᠨ ᠬᠠᠷᠭᠤᠭᠤᠯᠤᠨ᠎ᠠ → ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠤᠳᠤᠷᠢᠳᠬᠤ ᠳᠤᠭᠤᠶᠢᠯᠠᠩ ᠤᠨ ᠭᠡᠰᠢᠭᠦᠨ ᠢ ᠵᠣᠬᠢᠶᠠᠨ ᠪᠠᠶᠢᠭᠤᠯᠵᠤ ᠂ ᠦᠨᠡᠮᠰᠢᠨ ᠲᠣᠭᠲᠠᠭᠠᠬᠤ ᠪᠠᠷ ᠪᠠᠶᠢᠭ᠎ᠠ ᠰᠠᠨᠠᠭᠤᠯᠭ᠎ᠠ ᠶᠢᠨ ᠨᠡᠷᠡᠰ ᠢ ᠳᠤᠷᠠᠳᠤᠨ ᠭᠠᠷᠭᠠᠨ᠎ᠠ →  ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢ ᠠᠬᠢᠭᠤᠯᠬᠤ ᠲᠠᠷᠢᠶᠠᠯᠠᠩ ᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠠᠮᠲᠤᠷᠠᠭᠰᠠᠨ ᠬᠤᠷᠠᠯ ᠳᠤ ᠮᠡᠳᠡᠭᠦᠯᠦᠨ ᠬᠢᠨᠠᠨ ᠬᠠᠷᠭᠤᠭᠤᠯᠤᠭᠤᠯᠤᠨ᠎ᠠ →  ᠢᠯᠡ ᠨᠡᠶᠢᠲᠡᠯᠡᠨ᠎ᠡ →  ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠬᠢᠨᠠᠨ ᠵᠦᠪᠯᠡᠨ᠎ᠡ → ᠭᠡᠰᠢᠭᠦᠨ ᠨᠢᠭᠡᠴᠢ ᠨᠦᠭᠦᠳ ᠬᠤᠯᠪᠤᠭᠠᠯᠠᠨ ᠪᠢᠴᠢᠭ ᠮᠠᠲ᠋ᠧᠷᠢᠶᠠᠯ ᠲᠠᠷᠬᠠᠭᠠᠬᠤ ᠦᠨᠡᠮᠰᠢᠨ ᠲᠤᠭᠲᠠᠭᠠᠨ᠎ᠠ → ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠠᠷᠢᠶᠠᠯᠠᠩ ᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭ᠎ᠠ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠫᠠᠶᠢᠰᠠ ᠢᠯᠡᠷᠬᠡᠶᠢᠯᠡᠯ᠂ ᠦᠨᠡᠮᠯᠡᠯ ᠣᠯᠭᠤᠨ᠎ᠠ᠃      ᠦᠨᠡᠮᠰᠢᠨ ᠲᠤᠭᠲᠠᠭᠠᠵᠤ ᠨᠡᠶᠢᠲᠡᠯᠡᠭᠰᠡᠨ ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠯᠪᠣᠭᠠᠲᠤ ᠴᠣᠭᠴᠠ  ᠨᠢ ᠬᠤᠯᠪᠣᠭᠳᠠᠯ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠨ᠎ᠡ᠃      ᠳᠣᠯᠤᠭ᠎ᠠ᠂ ︽ᠠᠷᠭ᠎ᠠ︾ ᠶᠢᠨ ᠠᠭᠤᠯᠭ᠎ᠠ ᠶᠢᠨ ᠲᠠᠶᠢᠯᠤᠮᠵᠢ ︱ ᠠᠵᠢᠯᠯᠠᠭᠠᠨ ᠤ ᠬᠢᠨᠠᠨ ᠬᠡᠮᠵᠢᠯᠲᠡ      ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠯᠪᠣᠭᠠᠲᠤ ᠴᠣᠭᠴᠠ ᠶᠢᠨ ᠬᠢᠨᠠᠨ ᠬᠡᠮᠵᠢᠯᠲᠡ ᠶᠢᠨ ᠵᠠᠷᠴᠢᠮ᠄ ︽ᠬᠠᠷᠢᠶ᠎ᠠ ᠣᠷᠣᠨ ᠨᠢ ᠬᠠᠷᠢᠭᠤᠴᠠᠵᠤ᠂ ᠬᠥᠳᠡᠯᠦᠩᠭᠦᠢ ᠪᠠᠷ ᠬᠢᠨᠠᠨ ᠬᠠᠮᠢᠶᠠᠷᠬᠤ︾ ᠶᠣᠰᠣᠭᠠᠷ ᠬᠢᠨᠠᠨ ᠬᠡᠮᠵᠢᠨ᠎ᠡ᠃      ᠴᠠᠭ ᠤᠨ ᠲᠣᠬᠢᠷᠠᠭᠤᠯᠤᠯᠲᠠ᠄ ᠵᠢᠯ ᠪᠦᠷᠢ 3 ᠤᠳᠠᠭ᠎ᠠ ᠶᠢᠨ ᠤᠯᠠᠷᠢᠯ ᠤᠨ ᠪᠠᠶᠢᠩᠭᠤᠵᠢᠭᠤᠯᠤᠭᠰᠠᠨ ᠮᠡᠳᠡᠭᠡ ᠵᠠᠩᠭᠢ ᠶᠢᠨ ᠰᠢᠨᠡᠴᠢᠯᠡᠯᠲᠡ ᠬᠢᠬᠦ ᠪᠠ 1 ᠤᠳᠠᠭ᠎ᠠ ᠶᠢᠨ ᠣᠨ ᠤ ᠬᠢᠨᠠᠨ ᠬᠡᠮᠵᠢᠯᠲᠡ ᠶᠢ ᠦᠷᠨᠢᠭᠦᠯᠦᠨ᠎ᠡ᠂ ᠬᠤᠯᠪᠤᠭᠠᠲᠤ ᠴᠣᠭᠴᠠ ᠨᠤᠭᠤᠳ ᠬᠠᠮᠤᠭ ᠤᠨ ᠰᠢᠨ᠎ᠡ ᠠᠵᠢᠯᠯᠠᠭᠠᠨ ᠤ ᠪᠠᠶᠢᠳᠠᠯ ᠤᠨ ᠬᠦᠰᠦᠨᠦᠭᠲᠦ ᠶᠢ ᠴᠠᠭ ᠲᠤᠬᠠᠢ ᠳᠤ  ᠨᠢ ᠦᠨᠡᠨ ᠪᠣᠳᠠᠲᠠᠢ ᠪᠠᠷ ᠳᠡᠭᠡᠭᠰᠢ ᠮᠡᠳᠡᠭᠦᠯᠬᠦ ᠬᠡᠷᠡᠭᠲᠡᠢ ᠃      ᠬᠢᠨᠠᠨ ᠬᠡᠮᠵᠢᠬᠦ ᠪᠣᠳᠠᠲᠠᠢ ᠠᠷᠭ᠎ᠠ ᠄ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠭᠠᠵᠠᠷ ᠣᠷᠣᠨ ᠤ ᠪᠠᠶᠢᠳᠠᠯ ᠢᠶᠠᠨ ᠦᠨᠳᠦᠰᠦᠯᠡᠵᠦ᠂ ᠬᠢᠨᠠᠨ ᠬᠡᠮᠵᠢᠭᠳᠡᠬᠦ ᠬᠤᠯᠪᠣᠭᠠᠲᠤ ᠴᠣᠭᠴᠠ ᠶᠢᠨ ᠲᠣᠯᠣᠭᠠᠶᠢᠯᠠᠭᠴᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠢᠷᠢ ᠬᠡᠮ ᠲᠠᠢ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠤᠨ ᠬᠢᠨᠠᠨ ᠲᠣᠭᠲᠠᠭᠠᠭᠰᠠᠨ ᠣᠨ ᠤ ᠡᠳ᠋ ᠤᠨ ᠶᠠᠪᠤᠳᠠᠯ ᠤᠨ ᠬᠢᠨᠠᠨ ᠪᠣᠳᠣᠯᠲᠠ ᠶᠢᠨ ᠮᠡᠳᠡᠭᠦᠯᠦᠯᠲᠡ ᠵᠢᠴᠢ ᠬᠤᠯᠪᠤᠭᠠᠲᠤ ᠭᠤᠣᠯ ᠴᠣᠭᠴᠠ ᠶᠢᠨ ᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ᠂ ᠣᠷᠣᠯᠭ᠎ᠠ ᠵᠠᠷᠤᠯᠭ᠎ᠠ ᠶᠢᠨ ᠲᠡᠮᠳᠡᠭᠯᠡᠯ ᠢ ᠮᠡᠳᠡᠭᠦᠯᠦᠨ ᠬᠦᠷᠭᠡᠵᠦ᠂ ᠪᠠᠩᠬᠢ ᠶᠢᠨ ᠭᠠᠷᠭᠠᠭᠰᠠᠨ ᠬᠥᠷᠥᠩᠭᠡ ᠢᠲᠡᠭᠡᠮᠵᠢ ᠶᠢᠨ ᠭᠡᠷᠡᠴᠢ ᠠᠵᠤ ᠠᠬᠤᠶᠢᠯᠠᠯ ᠤᠨ ᠭᠠᠶᠢᠯᠢ ᠲᠤᠰᠢᠶᠠᠭᠰᠠᠨ ᠪᠠᠶᠢᠳᠠᠯ ᠤᠨ ᠭᠡᠷᠡᠴᠢᠯᠡᠯ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ  ᠶᠢ ᠢᠯᠡ ᠨᠡᠶᠢᠲᠡᠯᠡᠬᠦ ᠰᠢᠰᠲ᠋ᠧᠮ ᠤᠨ ᠳᠣᠲᠣᠷᠠᠬᠢ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ ᠂ ᠡᠵᠡᠩᠨᠡᠯᠲᠡ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠮᠡᠳᠡᠭᠡ ᠵᠠᠩᠭᠢ ᠪᠠ ᠬᠦᠨᠳᠦ ᠨᠣᠴᠢᠲᠠᠢ ᠬᠠᠤᠯᠢ  ᠶᠢ ᠵᠥᠷᠢᠴᠡᠵᠦ ᠢᠲᠡᠭᠡᠯ ᠠᠯᠳᠠᠭᠰᠠᠨ ᠨᠡᠷᠡᠰ ︵ᠬᠠᠷ᠎ᠠ ᠳᠠᠩᠰᠠ︶ ᠤᠨ ᠮᠡᠳᠡᠭᠡ ᠵᠠᠩᠭᠢ ᠶᠢᠨ ᠭᠡᠷᠡᠴᠢᠯᠡᠯ᠂ ᠲᠣᠯᠣᠭᠠᠶᠢᠯᠠᠭᠴᠢ ᠠᠵᠤ ᠠᠬᠤᠶᠢᠯᠠᠯ ᠤᠨ ᠦᠨᠡᠨ ᠪᠣᠳᠠᠲᠤ ᠴᠢᠨᠠᠷ᠂ ᠬᠠᠤᠯᠢ ᠶᠣᠰᠣᠨ ᠤ ᠴᠢᠨᠠᠷ ᠤᠨ ᠠᠮᠠᠯᠠᠯᠲᠠ ᠶᠢᠨ ᠪᠢᠴᠢᠭ ᠵᠡᠷᠭᠡ ᠮᠠᠲ᠋ᠧᠷᠢᠶᠠᠯ᠂ ᠡᠭᠦᠨ ᠤ ᠬᠠᠮᠲᠤ ᠡᠯᠧᠺᠲᠷᠣᠨ ᠬᠡᠪᠯᠡᠯ ᠤᠨ ᠰᠢᠷᠪᠢᠯᠲᠡ ᠶᠢᠨ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠨ᠎ᠡ → ᠬᠤᠰᠢᠭᠤ ᠰᠢᠶᠠᠨ ᠠᠴᠠ ᠦᠨᠡᠨ ᠪᠣᠳᠠᠲᠤ ᠴᠢᠨᠠᠷ ᠤᠨ ᠬᠢᠨᠠᠨ ᠪᠠᠶᠢᠴᠠᠭᠠᠯᠲᠠ ᠬᠢᠭᠰᠡᠨ ᠤ ᠳᠠᠷᠠᠭ᠎ᠠ ᠠᠶᠢᠮᠠᠭ ᠬᠤᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠎ᠡ → ᠠᠶᠢᠮᠠᠭ ᠬᠤᠲᠠ ᠠᠴᠠ ᠳᠠᠬᠢᠨ ᠬᠢᠨᠠᠵᠣ ᠂ ᠲᠣᠰ ᠭᠠᠵᠠᠷ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠠᠨᠠᠯ ᠢ ᠬᠤᠷᠢᠶᠠᠵᠤ᠂ ᠠᠶᠢᠮᠠᠭ ᠬᠤᠲᠠ ᠶᠢᠨ ᠭᠡᠰᠢᠭᠦᠨ ᠨᠢᠭᠡᠴᠢ ᠶᠢᠨ ᠬᠠᠮᠲᠤᠷᠠᠭᠰᠠᠨ ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠭᠰᠠᠨ ᠤ ᠳᠠᠷᠠᠭ᠎ᠠ → ᠳᠡᠭᠡᠭᠰᠢ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ᠎ᠡ → ᠭᠤᠷᠪᠠᠳᠠᠭᠢ ᠡᠲᠡᠭᠡᠳ ᠤᠨ ᠪᠠᠶᠢᠭᠤᠯᠤᠮᠵᠢ ᠠᠴᠠ ᠬᠢᠨᠠᠨ᠎ᠡ → ᠲᠤᠰᠬᠠᠢ ᠮᠡᠷᠭᠡᠵᠢᠯᠲᠡᠨ ᠠᠴᠠ ᠬᠢᠨᠡᠨ᠎ᠡ → ᠥᠪᠡᠷᠲᠡᠭᠡᠨ ᠵᠠᠰᠠᠬᠤ ᠣᠷᠣᠨ ᠤ ᠬᠠᠮᠲᠤᠷᠠᠭᠰᠠᠨ ᠬᠤᠷᠠᠯ ᠠᠴᠠ ᠬᠢᠨᠡᠨ᠎ᠡ → ᠢᠯᠡ ᠨᠡᠶᠢᠲᠡᠯᠡᠨ᠎ᠡ ︱ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠬᠢᠨᠠᠨ ᠲᠤᠭᠲᠠᠭᠠᠨ᠎ᠠ → ᠦᠨᠡᠮᠰᠢᠨ ᠲᠤᠭᠲᠠᠭᠠᠨ᠎ᠠ ᠃ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠬᠤᠯᠪᠣᠭᠠᠲᠤ ᠴᠣᠭᠴᠠ ᠶᠢᠨ ᠬᠢᠷᠢ ᠬᠡᠮ ᠢ ᠨᠢ ᠦᠷᠭᠦᠯᠵᠢᠯᠡᠨ ᠬᠡᠪ ᠢᠶᠠᠷ ᠪᠠᠶᠢᠯᠭᠠᠵᠤ ᠂  ᠬᠤᠯᠪᠣᠭᠳᠠᠯ ᠪᠦᠬᠦᠢ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠦᠷᠲᠡᠭᠡᠨ᠎ᠡ ︔ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠬᠤᠯᠪᠣᠭᠳᠠᠯ ᠪᠦᠬᠦᠢ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠳᠠᠭᠢᠵᠤ ᠬᠦᠷᠲᠡᠭᠡᠬᠦ ᠦᠭᠡᠢ᠃      ᠨᠠᠢᠮᠠ᠂ ︽ᠠᠷᠭ᠎ᠠ︾ ᠶᠢᠨ ᠠᠭᠤᠯᠭ᠎ᠠ ᠶᠢᠨ ᠲᠠᠶᠢᠯᠤᠮᠵᠢ ︱ ᠳᠠᠭᠠᠯᠳᠤᠭᠤᠯᠤᠯ ᠳᠦᠷᠢᠮ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠠᠯᠪᠠᠨ ᠰᠦᠯᠵᠢᠶ᠎ᠡ︾ ᠳᠤ ᠢᠯᠡ ᠨᠡᠶᠢᠲᠡᠯᠡᠨ᠎ᠡ᠃      ᠬᠤᠯᠪᠣᠭᠠᠲᠤ ᠴᠣᠭᠴᠠ ᠶᠢᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠃      ᠬᠠᠮᠢᠶᠠᠷᠤᠯᠲᠠ ᠶᠢᠨ ᠠᠵᠢᠯᠲᠠᠨ ᠤ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠭᠰᠡᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ᠃      ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠶᠢᠨ ᠨᠡᠷ᠎ᠡ ᠪᠠᠨ ᠬᠠᠯᠠᠬᠤ ᠲᠠᠰ ᠳᠠᠷᠠᠭᠠᠯᠠᠯ᠃      ᠠᠶᠢᠮᠠᠭ ᠬᠤᠲᠠ ᠨᠤᠭᠤᠳ ᠲᠣᠰ ᠠᠷᠭ᠎ᠠ ᠪᠠᠷ ᠯᠠᠪᠯᠠᠯᠲᠠ ᠪᠣᠯᠭᠠᠵᠤ᠂ ᠲᠣᠰ ᠭᠠᠵᠠᠷ ᠣᠷᠣᠨ ᠤ ᠪᠠᠨ ᠬᠤᠯᠪᠣᠭᠠᠲᠤ ᠴᠣᠭᠴᠠ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ ᠪᠣᠯᠣᠨ᠎ᠠ᠃      ᠲᠤᠰ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ ᠃      ᠲᠣᠰ ᠠᠷᠭ᠎ᠠ ᠶᠢ 2022 ᠣᠨ ᠤ 9 ᠰᠠᠷ᠎ᠠ ᠶᠢᠨ 9 ᠤ ᠡᠳᠦᠷ ︵ᠳᠠᠷᠤᠮᠠᠯᠯᠠᠨ ᠲᠠᠷᠬᠠᠭᠠᠭᠰᠠᠨ ᠡᠳᠦᠷ ᠠᠴᠠ 30 ᠡᠳᠦᠷ ᠤᠨ ᠳᠠᠷᠠᠭ᠎ᠠ︶   ᠠᠴᠠ ᠡᠬᠢᠯᠡᠨ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠶᠢ ᠰᠢᠯᠭᠠᠷᠠᠭᠤᠯᠤᠨ ᠲᠣᠭᠲᠠᠭᠠᠬᠤ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ︵ᠥᠪᠥᠷ ᠲᠠᠷᠢᠶᠠᠯᠠᠩ ᠮᠠᠯ ᠦᠢᠯᠡᠰ ᠲᠠᠷᠬᠠᠭᠠᠭᠰᠠᠨ ﹇2018﹈ 88 ᠳ᠋ᠤᠭᠠᠷ ᠲᠣᠭᠠᠲᠤ︶ ᠶᠢ ᠬᠠᠮᠲᠤ ᠳᠤ  ᠨᠢ ᠬᠦᠴᠦᠨ ᠦᠭᠡᠢ ᠪᠣᠯᠭᠠᠨ᠎ᠠ᠃      ᠳᠠᠭᠠᠯᠳᠣᠭᠤᠯᠣᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠶᠢ ᠦᠨᠡᠮᠰᠢᠨ ᠲᠤᠭᠲᠠᠭᠠᠬᠤ ᠪᠠ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ      ᠲᠦᠷᠦ ᠶᠢᠨ ᠪᠣᠳᠣᠯᠭ᠎ᠠ ᠶᠢᠨ ᠤᠭ ᠵᠣᠬᠢᠶᠠᠯ ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠶᠢ ᠦᠨᠡᠮᠰᠢᠨ ᠲᠤᠭᠲᠠᠭᠠᠬᠤ ᠪᠠ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ       ᠮᠡᠳᠡᠭᠡ ᠵᠠᠩᠭᠢ ᠶᠢᠨ ᠢᠷᠡᠯᠲᠡ᠄ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠦᠭᠵᠢᠭᠦᠯᠦᠯᠲᠡ ᠶᠢᠨ ᠭᠠᠵᠠᠷ    
         
        ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
         
         
        ᠬᠠᠮᠢᠶ᠎ᠠ ᠪᠥᠬᠦᠢ ᠰᠤᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号