ᠨᠢᠭᠡ ᠂ ︽ ᠠᠷᠭ᠎ᠠ ︾ ᠳᠤ ᠵᠠᠰᠠᠪᠤᠷᠢ ᠣᠷᠣᠭᠤᠯᠤᠭᠰᠠᠨ ᠦᠨᠳᠦᠰᠦᠯᠡᠯ | 1. ︽ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ﹇2019﹈ 12 | ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ ᠶᠤᠮ ᠃ | 2. ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ ᠨᠠᠢᠮᠠᠨ ᠶᠠᠮᠤᠨ ᠬᠤᠷᠢᠶ᠎ᠠ ᠶᠢᠨ ᠬᠠᠮᠲᠤᠷᠠᠨ | ᠨᠡᠶᠢᠲᠡᠯᠡᠭᠰᠡᠨ ︽ᠲᠠᠷᠢᠶᠠᠯᠠᠩ ᠤᠨ ᠠᠵᠤ ᠦᠢᠯᠡᠰᠵᠢᠯᠲᠡ ᠶᠢᠨ ᠤᠯᠤᠰ ᠤᠨ ᠭᠤᠣᠯ ᠪᠣᠯᠬᠤ ᠬᠥᠲᠥᠴᠢ ᠠᠵᠤ | ᠠᠬᠤᠶᠢᠯᠠᠯ ᠢ ᠦᠨᠡᠮᠰᠢᠨ ᠲᠣᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ | ︵ᠲᠠᠷᠢᠶᠠᠯᠠᠩ ᠠᠵᠤ ᠲᠠᠷᠬᠠᠭᠠᠭᠰᠠᠨ ﹇2018﹈ 1 ᠳ᠋ᠦ᠋ᠭᠡᠷ ᠲᠣᠭᠠᠲᠤ︶ ᠪᠠᠷ ᠯᠠᠪᠯᠠᠯᠲᠠ ᠪᠣᠯᠭᠠᠪᠠ ᠃ | 3. ᠣᠶᠢᠷ᠎ᠠ ᠶᠢᠨ ᠬᠤᠶᠠᠷ ᠵᠢᠯ ᠤᠨ ᠠᠵᠤ ᠠᠬᠤᠢ ᠶᠢᠨ ᠬᠥᠭᠵᠢᠯᠲᠡ ᠪᠠ ᠮᠠᠨ ᠤ ᠣᠷᠣᠨ ᠤ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ᠂ | ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠪᠠᠶᠢᠩᠭᠤᠵᠢᠭᠤᠯᠬᠤ ᠶᠢᠨ ᠲᠦᠯᠦᠭᠡ ᠶᠤᠮ᠃ | 4. ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠪᠥᠬᠦ ᠠᠵᠤ ᠦᠢᠯᠡᠰ ᠤᠨ | ᠬᠡᠯᠬᠢᠶᠡᠵᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠨᠢᠭᠡ ᠬᠤᠶᠠᠷ | ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠠᠨ ᠤ ᠣᠷᠣᠨ ᠤ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠪᠠ ᠠᠵᠢᠯᠯᠠᠭᠠᠨ ᠢ | ᠬᠢᠨᠠᠨ ᠬᠡᠮᠵᠢᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠥᠲᠥᠴᠢ ᠠᠵᠤ ᠠᠬᠤᠶᠢᠯᠠᠯ ᠤᠨ | ᠬᠠᠮᠢᠶᠠᠷᠤᠯᠲᠠ ᠶᠢ ᠴᠢᠩᠭᠠᠳᠬᠠᠬᠤ ᠶᠢᠨ ᠲᠦᠯᠦᠭᠡ ᠶᠤᠮ ᠃ | 5. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠪᠠ ᠠᠵᠢᠯᠯᠠᠭᠠᠨ ᠢ | ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ︵ᠥᠪᠥᠷ ᠲᠠᠷᠢᠶᠠᠯᠠᠩ ᠮᠠᠯ ᠬᠠᠤᠯᠢ ᠲᠣᠭᠲᠠᠭᠠᠯ ᠲᠠᠷᠬᠠᠭᠠᠭᠰᠠᠨ | ﹇2020﹈ 1 ᠳ᠋ᠦ᠋ᠭᠡᠷ ᠲᠣᠭᠠᠲᠤ︶ ᠳᠤ ᠵᠠᠰᠠᠪᠤᠷᠢ ᠣᠷᠣᠭᠤᠯᠪᠠ᠃ | ᠬᠤᠶᠠᠷ᠂ ︽ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠨᠢᠭᠡᠴᠢ | ᠶᠢᠰᠦᠨ ᠰᠠᠯᠠᠭ᠎ᠠ ᠮᠥᠴᠢᠷ ᠄ | ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ | ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ | ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠦᠪᠦᠷ ᠮᠣᠩᠭᠤᠯ ᠤᠨ ᠦᠪᠡᠷᠲᠡᠭᠡᠨ ᠵᠠᠰᠠᠬᠤ | ᠤᠷᠤᠨ ᠤ ᠭᠠᠶᠢᠯᠢ ᠶᠢᠨ ᠶᠠᠪᠤᠳᠠᠯ ᠤᠨ ᠲᠤᠪᠴᠢᠶ᠎ᠠ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠳᠠᠬᠢ ᠲᠥᠪ ᠰᠠᠯᠪᠤᠷᠢ ᠪᠠᠩᠬᠢ | ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ | ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠬᠤᠯᠪᠤᠭᠠᠲᠤ ᠬᠤᠷᠰᠢᠶ᠎ᠠ | ᠭᠤᠷᠪᠠ ᠂ ︽ ᠠᠷᠭ᠎ᠠ ︾ ᠶᠢᠨ ᠭᠤᠣᠯ ᠴᠢᠳᠠᠮᠵᠢ | ᠬᠠᠷᠠᠯᠲᠠ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠯᠲᠡ ᠶᠢᠨ ᠭᠤᠣᠯ ᠪᠣᠯᠬᠤ ᠬᠦᠲᠦᠴᠢ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠪᠠ ᠠᠵᠢᠯᠯᠠᠭᠠᠨ ᠢ | ᠬᠢᠨᠠᠨ ᠬᠡᠮᠵᠢᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠯᠲᠡ ᠶᠢᠨ ᠭᠤᠣᠯ ᠪᠣᠯᠬᠤ ᠬᠦᠲᠦᠴᠢ ᠠᠵᠤ ᠠᠬᠤᠶᠢᠯᠠᠯ ᠤᠨ ᠦᠢᠯᠡᠴᠢᠯᠡᠭᠡ ᠪᠠ ᠳᠡᠮᠵᠢᠯᠭᠡ ᠶᠢ | ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠦᠲᠦᠴᠢ ᠠᠵᠤ | ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠬᠥᠲᠥᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ | ᠠᠰᠢᠭ ᠲᠤᠰᠠ ᠶᠢ ᠬᠤᠯᠪᠣᠬᠤ ᠲᠣᠭᠲᠠᠴᠠ ᠶᠢ ᠴᠢᠩᠭᠠᠷᠠᠭᠤᠯᠤᠨ᠂ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ | ᠴᠢᠩᠭᠠᠷᠠᠭᠤᠯᠵᠤ᠂ ᠪᠥᠬᠦ ᠠᠵᠤ ᠦᠢᠯᠡᠰ ᠤᠨ ᠬᠡᠯᠬᠢᠶᠡᠵᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠨᠢᠭᠡ | ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠠᠨ ᠤ ᠣᠷᠣᠨ ᠤ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠲᠤᠰᠠᠳᠠ ᠤᠨᠴᠠᠭᠠᠶᠢᠯᠠᠨ ᠣᠨᠴᠣᠭᠤᠶᠢᠯᠠᠨ ᠲᠣᠰ ᠠᠷᠭ᠎ᠠ ᠶᠢ ᠲᠣᠭᠲᠠᠭᠠᠪᠠ᠃ | ᠦᠢᠯᠡᠴᠢᠯᠡᠭᠡ ᠬᠦᠷᠲᠡᠭᠴᠢᠳ ᠄ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠳᠣᠲᠣᠷᠠᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠤᠯᠪᠤᠭᠠᠲᠤ ᠴᠤᠭᠴᠠ᠃ | ᠴᠢᠳᠠᠮᠵᠢ ᠄ ᠠᠶᠢᠮᠠᠭ ᠬᠤᠲᠠ᠂ ᠬᠤᠰᠢᠭᠤ ᠰᠢᠶᠠᠨ ᠢ ᠵᠢᠯᠤᠭᠤᠳᠴᠤ ᠪᠠᠶᠢᠭᠠᠳ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ | ᠠᠬᠤᠶᠢᠯᠠᠯ ᠢ ᠭᠤᠶᠤᠴᠢᠯᠠᠨ ᠮᠡᠳᠡᠭᠦᠯᠬᠦ ᠪᠠ ᠬᠢᠨᠠᠨ ᠬᠡᠮᠵᠢᠬᠦ ᠠᠵᠢᠯ ᠢ ᠰᠠᠶᠢᠲᠤᠷ ᠵᠣᠬᠢᠶᠠᠨ ᠪᠠᠶᠢᠭᠤᠯᠤᠨ | ᠬᠡᠷᠡᠭᠵᠢᠭᠦᠯᠦᠭᠦᠯᠦᠨᠡ ︔ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠲᠥᠴᠢ ᠠᠵᠤ | ᠠᠬᠤᠶᠢᠯᠠᠯ ᠢ ᠵᠢᠯᠣᠭᠤᠳᠤᠨ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ | ᠪᠠ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠪᠡᠯᠡᠳᠭᠡᠭᠦᠯᠦᠨᠡ᠃ | ᠳᠥᠷᠪᠡ᠂ ︽ᠠᠷᠭ᠎ᠠ︾ ᠶᠢᠨ ᠠᠭᠤᠯᠭ᠎ᠠ ᠶᠢᠨ ᠲᠠᠶᠢᠯᠤᠮᠵᠢ ︱ ᠶᠡᠷᠦᠩᠬᠡᠢ ᠳᠦᠷᠢᠮ ︵ᠨᠡᠶᠢᠲᠡ 4 | ᠵᠦᠢᠯ ᠤᠨ ᠠᠭᠤᠯᠭ᠎ᠠ ᠪᠣᠢ ︶ | ᠨᠢᠭᠡᠳᠦᠭᠡᠷ ᠵᠦᠢᠯ᠄ ᠭᠤᠣᠯᠳᠠᠭᠤ ᠮᠠᠨ ᠤ ᠣᠷᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠢ | ᠦᠨᠡᠮᠰᠢᠨ ᠲᠤᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ | ᠣᠷᠣᠭᠤᠯᠬᠤ ᠦᠨᠳᠦᠰᠦᠯᠡᠯ ᠪᠠ ᠬᠠᠷᠠᠯᠲᠠᠲᠤ ᠡᠭᠦᠷᠭᠡ ᠶᠢ ᠬᠤᠷᠢᠶᠠᠩᠭᠤᠶᠢᠯᠠᠨ ᠲᠣᠭᠠᠴᠢᠪᠠ᠃ | ᠬᠤᠶᠠᠳᠤᠭᠠᠷ ᠵᠦᠢᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ︾ ᠳᠤ ᠲᠣᠮᠢᠶᠠᠯᠠᠯ ᠬᠢᠵᠦ᠂ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠤᠯᠤᠰ ᠤᠨ ᠬᠥᠲᠥᠴᠢ ᠠᠵᠤ ᠠᠬᠤᠶᠢᠯᠠᠯ ᠤᠨ ᠬᠠᠮᠢᠶᠠᠷᠤᠯᠲᠠ ᠶᠢᠨ | ᠠᠷᠭ᠎ᠠ︾ ᠶᠣᠰᠣᠭᠠᠷ᠂ ︽ᠬᠥᠲᠥᠴᠢ ᠠᠵᠤ ᠠᠬᠤᠶᠢᠯᠠᠯ︾ ︽ᠬᠤᠯᠪᠣᠭᠠᠯᠠᠬᠤ ᠠᠷᠭ᠎ᠠ ᠮᠠᠶ᠋ᠢᠭ︾ ᠵᠡᠷᠭᠡ | ᠤᠬᠠᠭᠳᠠᠬᠤᠨ ᠳᠤ ᠵᠠᠰᠠᠪᠤᠷᠢ ᠣᠷᠣᠭᠤᠯᠤᠨ ᠵᠢᠷᠤᠮᠵᠢᠭᠤᠯᠪᠠ ᠃ | ᠭᠤᠷᠪᠠᠳᠤᠭᠠᠷ ᠵᠦᠢᠯ᠄ ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠪᠠ ᠠᠵᠢᠯᠯᠠᠭᠠᠨ ᠢ ᠬᠢᠨᠠᠨ | ᠬᠡᠮᠵᠢᠬᠦ ᠠᠵᠢᠯ ᠳᠤ ᠢᠯᠡ᠂ ᠡᠷᠬᠡ ᠲᠡᠭᠰᠢ᠂ ᠲᠥᠪ ᠭᠤᠥᠯᠴᠢ ᠪᠠᠶᠢᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ | ᠠᠴᠠ ᠠᠵᠤ ᠠᠬᠤᠶᠢᠯᠠᠯ ᠤᠨ ᠡᠵᠡᠩᠨᠡᠯᠲᠡ ᠶᠢᠨ ᠡᠵᠡᠨ ᠮᠡᠳᠡᠬᠦ ᠡᠷᠬᠡ ᠳᠤ ᠭᠠᠷ ᠲᠦᠷᠦᠭᠦ ᠦᠭᠡᠢ ᠪᠠᠶᠢᠬᠤ ᠶᠢ | ᠲᠤᠳᠤᠷᠬᠠᠶᠢᠯᠠᠨ ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ | ᠴᠢᠳᠠᠪᠤᠷᠢ ᠶᠢ ᠴᠢᠩᠭᠠᠷᠠᠭᠤᠯᠤᠨ᠂ ᠬᠥᠲᠥᠴᠢ ᠠᠵᠤ ᠠᠬᠤᠶᠢᠯᠠᠯ ᠤᠨ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ | ᠳᠥᠷᠪᠡᠳᠦᠭᠡᠷ ᠵᠦᠢᠯ᠄ ︽ᠠᠷᠭ᠎ᠠ︾ ᠶᠢᠨ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠵᠤ᠂ ᠭᠤᠶᠤᠣᠴᠢᠯᠠᠨ | ᠮᠡᠳᠡᠭᠦᠯᠦᠭᠰᠡᠨ ᠪᠤᠶᠤ ᠬᠥᠲᠥᠴᠢ ᠠᠵᠤ ᠠᠬᠤᠶᠢᠯᠠᠯ ᠢᠶᠠᠷ ᠦᠨᠡᠮᠰᠢᠬᠦ ᠪᠠᠷ ᠵᠥᠪᠰᠢᠶᠡᠷᠡᠭᠳᠡᠭᠰᠡᠨ ᠲᠠᠷᠢᠶᠠᠯᠠᠩ ᠮᠠᠯ ᠠᠵᠤ | ᠠᠬᠤᠢ ᠶᠢᠨ ᠠᠵᠤ ᠠᠬᠤᠶᠢᠯᠠᠯ ᠳᠤ ᠬᠡᠷᠡᠭᠯᠡᠨ᠎ᠡ᠃ | ᠲᠠᠪᠤ᠂ ︽ᠠᠷᠭ᠎ᠠ︾ ᠶᠢᠨ ᠠᠭᠤᠯᠭ᠎ᠠ ᠶᠢᠨ ᠲᠠᠶᠢᠯᠤᠮᠵᠢ ︱ ᠭᠤᠶᠤᠴᠢᠯᠠᠨ ᠮᠡᠳᠡᠭᠦᠯᠬᠦ ︵ᠨᠡᠶᠢᠲᠡ 5 | ᠵᠦᠢᠯ ᠤᠨ ᠠᠭᠤᠯᠭ᠎ᠠ ᠪᠣᠢ ︶ | ᠭᠤᠶᠤᠴᠢᠯᠠᠨ ᠮᠡᠳᠡᠭᠦᠯᠬᠦ ᠠᠵᠤ ᠠᠬᠤᠶᠢᠯᠠᠯ ᠤᠨ ᠡᠯ᠎ᠡ ᠵᠦᠢᠯ ᠤᠨ ᠦᠨᠳᠦᠰᠦᠨ ᠪᠠᠷᠢᠮᠵᠢᠶ᠎ᠠ᠂ ᠭᠤᠶᠤᠴᠢᠯᠠᠨ | ᠮᠡᠳᠡᠭᠦᠯᠬᠦ ᠮᠠᠲ᠋ᠧᠷᠢᠶᠠᠯ᠂ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ ᠢ ᠲᠣᠳᠣᠷᠬᠠᠶᠢᠯᠠᠪᠠ᠃ ᠵᠠᠰᠠᠪᠤᠷᠢ | ᠣᠷᠣᠭᠤᠯᠤᠭᠰᠠᠨ ᠭᠤᠣᠯ ᠠᠭᠤᠯᠭ᠎ᠠ ᠨᠢ ᠳᠣᠣᠷᠠᠬᠢ ᠮᠡᠲᠦ ᠄ | 1. ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠠᠵᠤ ᠦᠢᠯᠡᠰ ᠤᠨ | ᠬᠥᠭᠵᠢᠯᠲᠡ ᠶᠢᠨ ᠪᠠᠶᠢᠳᠠᠯ ᠪᠠ ᠭᠤᠣᠯ ᠪᠣᠯᠬᠤ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢ ᠦᠨᠳᠦᠰᠦᠯᠡᠨ᠂ ︽ᠬᠤᠶᠠᠳᠤᠭᠠᠷ ᠪᠦᠯᠦᠭ ᠭᠤᠶᠤᠴᠢᠯᠠᠨ ᠮᠡᠳᠡᠭᠦᠯᠬᠦ ︾ ᠳᠤᠮᠳᠠᠬᠢ | ︽ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ︾ ᠢ | ︽ᠲᠠᠷᠢᠶᠠᠯᠠᠩ ᠮᠠᠯ ᠠᠵᠤ ᠠᠬᠤᠢ ᠶᠢᠨ ᠦᠷ᠎ᠡ ᠶᠢᠨ ᠦᠢᠯᠡᠰ ᠤᠨ ᠠᠵᠤ ᠠᠬᠤᠶᠢᠯᠠᠯ︾ ᠭᠡᠵᠦ ᠵᠠᠰᠠᠪᠠ︔ | ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ ᠬᠥᠭᠵᠢᠯᠲᠡ ᠶᠢᠨ | ᠣᠳᠣᠬᠢ | ︽ᠱᠠᠩᠨᠠᠯ ᠭᠥᠷᠳᠡᠭᠰᠡᠨ ᠪᠠᠶᠢᠳᠠᠯ︾ ᠤᠨ ᠪᠠᠷᠢᠮᠵᠢᠶ᠎ᠠ ᠶᠢ ᠵᠣᠬᠢᠰᠲᠠᠢ ᠪᠠᠷ ᠪᠠᠭᠤᠷᠠᠭᠤᠯᠵᠤ᠂ ︽ᠤᠯᠤᠰ ᠤᠨ ᠲᠠᠰ ᠤᠨ | ᠪᠤᠶᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ 1 | ᠵᠦᠢᠯ ᠠᠴᠠ ᠳᠡᠭᠡᠭᠰᠢ ᠣᠯᠣᠭᠰᠠᠨ᠂ ᠡᠰᠡᠬᠦᠯ᠎ᠡ ᠤᠯᠤᠰ ᠤᠨ ᠡᠭᠦᠳᠦᠯᠲᠡ ᠶᠢᠨ ᠲᠤᠰᠬᠠᠢ ᠠᠰᠢᠭ ᠢ 1 ᠵᠦᠢᠯ ᠠᠴᠠ | ᠳᠡᠭᠡᠭᠰᠢ ᠣᠯᠣᠭᠰᠠᠨ᠂ ᠡᠰᠡᠬᠦᠯ᠎ᠡ ᠮᠠᠯ ᠵᠢᠭᠦᠷᠲᠡᠨ ᠤ ᠰᠢᠨ᠎ᠡ ᠡᠭᠦᠯᠳᠡᠷ ᠤᠨ ᠲᠥᠬᠦᠷᠵᠢᠭᠰᠡᠨ ᠤᠳᠤᠮ ᠤᠨ ᠬᠢᠨᠠᠨ | ᠲᠣᠭᠲᠠᠭᠠᠯᠲᠠ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠬᠢᠨᠠᠨ ᠲᠣᠭᠲᠠᠭᠠᠯᠲᠠ᠂ ᠭᠤᠣᠯ ᠪᠣᠯᠬᠤ | ᠲᠠᠷᠢᠮᠠᠯ ᠤᠨ ᠡᠭᠦᠯᠳᠡᠷ ᠤᠨ ᠬᠢᠨᠠᠨ ᠲᠣᠭᠲᠠᠭᠠᠯᠲᠠ᠂ ᠭᠤᠣᠯ ᠪᠤᠰᠤ ᠲᠠᠷᠢᠮᠠᠯ ᠤᠨ ᠡᠭᠦᠯᠳᠡᠷ ᠤᠨ ᠳᠠᠩᠰᠠᠯᠠᠯᠲᠠ᠂ | ᠲᠡᠵᠢᠭᠡᠪᠦᠷᠢ ᠶᠢᠨ ᠡᠪᠡᠰᠦᠨ ᠤ ᠡᠭᠦᠯᠳᠡᠷ ᠤᠨ ᠬᠢᠨᠠᠨ ᠲᠣᠭᠲᠠᠭᠠᠯᠲᠠ ᠵᠡᠷᠭᠡ ᠶᠢ 1 ᠵᠦᠢᠯ ᠠᠴᠠ ᠳᠡᠭᠡᠭᠰᠢ ᠣᠯᠣᠭᠰᠠᠨ | ᠪᠠᠶᠢᠬᠤ ︾ ᠭᠡᠵᠦ ᠵᠠᠰᠠᠪᠠ᠃ | 2. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ | ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠠᠵᠤ ᠠᠬᠤᠶᠢᠯᠠᠯ ᠤᠨ ᠲᠥᠷᠥᠯ ᠬᠤᠪᠢᠶᠠᠬᠤ ᠪᠠᠷᠢᠮᠵᠢᠶ᠎ᠠ ᠶᠢ ᠦᠨᠳᠦᠰᠦᠯᠡᠨ᠂ ︽ᠬᠤᠶᠠᠳᠤᠭᠠᠷ ᠪᠦᠯᠦᠭ | ᠭᠤᠶᠤᠴᠢᠯᠠᠨ ᠮᠡᠳᠡᠭᠦᠯᠬᠦ︾ ᠳᠤᠮᠳᠠᠬᠢ ︽ᠦᠨᠳᠦᠰᠦᠲᠡᠨ ᠤ ᠴᠠᠭᠠᠨ ᠢᠳᠡᠭᠡᠨ ᠤ ᠠᠵᠤ ᠠᠬᠤᠶᠢᠯᠠᠯ︾ ᠢ | ︽ᠤᠯᠠᠮᠵᠢᠯᠠᠯᠲᠤ ᠴᠠᠭᠠᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ︾ ᠭᠡᠵᠦ ᠵᠠᠰᠠᠪᠠ᠃ | 3. ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠥᠮᠥᠨ ᠠᠮᠠ ᠪᠠᠷ ᠴᠥᠭᠡᠪᠲᠦᠷ ᠠᠶᠢᠮᠠᠭ ᠬᠤᠳᠠ ᠶᠢᠨ | ᠪᠣᠳᠠᠲᠠᠢ ᠪᠠᠶᠢᠳᠠᠯ ᠢ ᠭᠦᠢᠴᠡᠳ ᠪᠣᠳᠣᠯᠬᠢᠯᠠᠨ ᠂ ︽ ᠬᠤᠶᠠᠳᠤᠭᠠᠷ ᠪᠦᠯᠦᠭ ᠭᠤᠶᠤᠴᠢᠯᠠᠨ ᠮᠡᠳᠡᠭᠦᠯᠬᠦ ᠠᠵᠤ | ᠠᠬᠤᠶᠢᠯᠠᠯ ᠤᠨ ᠳᠠᠶᠢᠴᠢᠯᠠᠬᠤ ᠴᠢᠳᠠᠪᠤᠷᠢ ︾ ᠳᠠᠬᠢ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠥᠮᠥᠨ ᠠᠮᠠ ᠪᠠᠷ | ᠴᠥᠭᠡᠪᠲᠦᠷ ᠠᠶᠢᠮᠠᠭ ᠬᠤᠳᠠ ᠶᠢᠨ ᠮᠠᠯᠴᠢᠨ ᠲᠠᠷᠢᠶᠠᠴᠢᠨ ᠡᠷᠥᠭᠡ ᠶᠢ ᠳᠠᠶᠢᠴᠢᠯᠠᠬᠤ ᠲᠤᠭ᠎ᠠ ᠬᠡᠮᠵᠢᠶ᠎ᠡ ᠶᠢᠨ | ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠶᠢ ᠵᠣᠬᠢᠰᠲᠠᠢ ᠠᠭᠤᠵᠢᠭᠤ ᠲᠠᠯᠪᠢᠪᠠ᠃ | 4. ᠣᠶᠢᠷ᠎ᠠ ᠶᠢᠨ ᠵᠢᠯ ᠤᠨ ᠨᠡᠶᠢᠭᠡᠮ ᠤᠨ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠭᠤᠣᠯ | ᠪᠣᠯᠬᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠦᠢᠴᠡᠳ ᠪᠣᠳᠣᠯᠬᠢᠯᠠᠵᠤ᠂ ︽ᠬᠤᠶᠠᠳᠤᠭᠠᠷ ᠪᠦᠯᠦᠭ | ᠭᠤᠶᠤᠴᠢᠯᠠᠨ ᠮᠡᠳᠡᠭᠦᠯᠬᠦ ᠳᠣᠯᠣᠳᠤᠭᠠᠷ ᠵᠦᠢᠯ︾ ᠤᠨ ᠭᠦᠢᠴᠡᠳᠬᠡᠯ ᠲᠤᠭ᠎ᠠ ᠶᠢ ᠠᠭᠤᠵᠢᠭᠤ ᠲᠠᠯᠪᠢᠬᠤ | ᠱᠠᠭᠠᠷᠳᠠᠯᠭ᠎ᠠ ᠳᠤ ᠳᠥᠷᠪᠡᠨ ᠵᠦᠢᠯ ᠤᠨ ᠠᠭᠤᠯᠭ᠎ᠠ ᠶᠢ ᠰᠢᠨ᠎ᠡ ᠪᠠᠷ ᠨᠡᠮᠡᠪᠡ᠃ ᠨᠢᠭᠡᠳᠦᠭᠡᠷ ᠲᠤ ᠂ ᠥᠪᠡᠷᠲᠡᠭᠡᠨ | ᠵᠠᠰᠠᠬᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠯᠡᠯ᠂ ᠪᠥᠬᠦ ᠠᠵᠤ ᠦᠢᠯᠡᠰ ᠤᠨ | ᠬᠡᠯᠬᠢᠶᠡᠵᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠳᠤ ᠬᠠᠷᠢᠶᠠᠯᠠᠭᠳᠠᠬᠤ ᠠᠵᠤ ᠦᠢᠯᠡᠰ ᠤᠨ | ᠲᠥᠷᠥᠯ ᠢᠯᠭᠠᠯ ᠢ ᠭᠤᠣᠯᠳᠠᠯᠭ᠎ᠠ ᠲᠠᠢ ᠪᠣᠶᠢᠵᠢᠭᠤᠯᠬᠤ ᠠᠵᠤ ᠠᠬᠤᠶᠢᠯᠠᠯ᠂ ᠬᠥᠲᠥᠴᠢ ᠠᠵᠤ ᠠᠬᠤᠶᠢᠯᠠᠯ ᠤᠨ ᠬᠢᠨᠠᠨ | ᠬᠡᠮᠵᠢᠬᠦ ᠪᠠ ᠦᠨᠡᠮᠰᠢᠨ ᠲᠣᠭᠲᠠᠭᠠᠬᠤ ᠳᠤᠮᠳᠠ 2 ᠵᠦᠢᠯ ᠤᠨ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠵᠣᠬᠢᠬᠤ | ᠬᠡᠮᠵᠢᠶ᠎ᠡ ᠪᠠᠷ ᠠᠭᠤᠵᠢᠭᠤ ᠲᠠᠯᠪᠢᠨ᠎ᠠ︔ ᠬᠤᠶᠠᠳᠤᠭᠠᠷ ᠲᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠭᠠᠵᠠᠷ ᠵᠦᠢ ᠶᠢᠨ ᠢᠯᠡᠷᠬᠡᠶᠢᠯᠡᠯᠲᠤ ᠲᠡᠮᠳᠡᠭ ᠢ ᠬᠡᠷᠡᠭᠯᠡᠨ᠂ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠯᠠᠨ ᠤᠯᠤᠰ ᠤᠨ ᠲᠠᠸᠠᠷ ᠤᠨ ᠲᠡᠮᠳᠡᠭ ᠢ ᠳᠠᠩᠰᠠᠯᠠᠭᠤᠯᠬᠤ ᠪᠠᠷ | ᠭᠤᠣᠯᠯᠠᠭᠤᠯᠤᠨ᠂ ᠣᠯᠠᠨ ᠤᠯᠤᠰ ᠤᠨ ᠭᠡᠷᠡᠴᠢᠯᠡᠯ ᠵᠥᠪᠰᠢᠶᠡᠷᠡᠯ ᠢ ᠣᠯᠣᠭᠰᠠᠨ᠂ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠦᠮᠴᠢ ᠶᠢᠨ ᠡᠷᠬᠡ ᠲᠠᠢ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠢ ᠬᠥᠲᠥᠴᠢ ᠠᠵᠤ | ᠠᠬᠤᠶᠢᠯᠠᠯ ᠢ ᠦᠨᠡᠮᠰᠢᠨ ᠲᠤᠭᠲᠠᠭᠠᠬᠤ ᠦᠶ᠎ᠡ ᠳᠤ ᠤᠷᠢᠳᠠᠪᠡᠷ ᠳᠡᠮᠵᠢᠨ᠎ᠡ︔ ᠭᠤᠷᠪᠠᠳᠤᠭᠠᠷ ᠲᠤ᠂ ᠪᠣᠬᠢᠷᠳᠤᠯ ᠤᠨ | ᠡᠬᠢ ᠶᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠦᠭᠦᠯᠵᠦ᠂ ᠴᠢᠨᠠᠷ ᠰᠠᠶᠢᠲᠠᠢ ᠦᠢᠯᠡᠳᠪᠦᠷᠢᠯᠡᠬᠦ ᠴᠢᠳᠠᠪᠤᠷᠢ ᠶᠢ | ᠬᠥᠭᠵᠢᠭᠦᠯᠦᠨ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠬᠤᠲᠠ ᠬᠥᠳᠡᠭᠡ ᠶᠢᠨ ᠪᠣᠬᠢᠷᠳᠤᠯ ᠢ | ᠵᠠᠰᠠᠬᠤ ᠵᠢᠴᠢ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠢ | ᠬᠥᠲᠥᠴᠢ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠦᠶ᠎ᠡ ᠳᠤ ᠤᠷᠢᠳᠠᠪᠠᠷ ᠳᠡᠮᠵᠢᠨ᠎ᠡ︔ ᠳᠥᠷᠪᠡᠳᠦᠭᠡᠷ ᠲᠤ | ᠨᠡᠶᠢᠭᠡᠮ ᠤᠨ ᠠᠵᠤ ᠠᠬᠤᠢ ᠶᠢᠨ ᠬᠥᠭᠵᠢᠯᠲᠡ ᠶᠢᠨ ᠪᠤᠰᠤᠳ ᠴᠢᠬᠤᠯᠠ ᠶᠡᠭᠡ ᠬᠡᠯᠪᠡᠯᠵᠡᠯ ᠵᠢᠴᠢ ᠭᠡᠨᠡᠳᠲᠡ ᠶᠢᠨ | ᠬᠡᠷᠡᠭ ᠭᠠᠷᠤᠭᠰᠠᠨ ᠦᠶ᠎ᠡ ᠳᠤ᠂ ᠬᠥᠲᠥᠴᠢ ᠠᠵᠤ ᠠᠬᠤᠶᠢᠯᠠᠯ ᠤᠨ ᠬᠢᠨᠠᠨ ᠬᠡᠮᠵᠢᠬᠦ ᠪᠠ ᠦᠨᠡᠮᠰᠢᠨ ᠲᠣᠭᠲᠠᠭᠠᠬᠤ | ᠭᠦᠢᠴᠡᠳᠬᠡᠯ ᠲᠤᠭ᠎ᠠ ᠳᠤ ᠪᠠᠶᠢᠳᠠᠯ ᠢ ᠦᠨᠳᠦᠰᠦᠯᠡᠨ ᠵᠣᠬᠢᠰᠲᠠᠢ ᠲᠣᠬᠢᠷᠠᠭᠤᠯᠤᠯᠲᠠ ᠬᠢᠵᠦ ᠪᠣᠯᠣᠨ᠎ᠠ᠃ | 5. ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠠᠵᠢᠯ ᠢ ᠰᠢᠯᠢᠳᠡᠭᠵᠢᠭᠦᠯᠬᠦ ᠶᠢᠨ | ᠲᠤᠰᠠᠳᠠ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠬᠤᠶᠠᠷ ᠵᠦᠢᠯ ᠤᠨ ᠬᠢᠨᠠᠨ ᠬᠡᠮᠵᠢᠭᠰᠡᠨ ᠮᠠᠲ᠋ᠧᠷᠢᠶᠠᠯ ᠢ | ᠰᠢᠨ᠎ᠡ ᠪᠠᠷ ᠨᠡᠮᠡᠨ᠎ᠡ᠂ ᠨᠢᠭᠡᠳᠦᠭᠡᠷ ᠲᠤ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠲᠤᠬᠠᠢ ᠶᠢᠨ ᠵᠢᠯ ᠤᠨ | ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠤᠨ | ᠳᠣᠲᠣᠷᠠᠬᠢ ᠵᠠᠰᠠᠭ ᠵᠠᠬᠢᠷᠭᠠᠨ ᠤ ᠰᠢᠢᠳᠭᠡᠯ ᠤᠨ ᠮᠡᠳᠡᠭᠡ ᠵᠠᠩᠭᠢ᠂ ᠡᠵᠡᠩᠨᠡᠯᠲᠡ ᠬᠡᠪ ᠤᠨ ᠪᠤᠰᠤ ᠨᠡᠷᠡᠰ ᠤᠨ | ᠵᠢᠭᠰᠠᠭᠠᠯᠲᠠ ᠳᠤ ᠣᠷᠣᠭᠤᠯᠤᠭᠰᠠᠨ ᠮᠡᠳᠡᠭᠡ ᠵᠠᠩᠭᠢ ᠪᠠ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ | ᠠᠯᠳᠠᠭᠰᠠᠨ ᠨᠡᠷᠡᠰ ︵ᠬᠠᠷ᠎ᠠ ᠲᠠᠩᠰᠠ︶ ᠤᠨ ᠮᠡᠳᠡᠭᠡ ᠵᠠᠩᠭᠢ ᠶᠢᠨ ᠭᠡᠷᠡᠴᠢᠯᠡᠯ︔ ᠬᠤᠶᠠᠳᠤᠭᠠᠷ ᠲᠤ᠂ ᠠᠵᠤ | ᠠᠬᠤᠶᠢᠯᠠᠯ ᠤᠳ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ | ᠴᠢᠨᠠᠷ ᠤᠨ ᠠᠮᠠᠯᠠᠯᠲᠠ ᠶᠢᠨ ᠪᠢᠴᠢᠭ ᠭᠠᠷᠭᠠᠵᠤ ᠂ ᠮᠠᠲ᠋ᠧᠷᠢᠶᠠᠯ ᠳᠤ ᠬᠠᠮᠢᠶ᠎ᠠ ᠪᠦᠬᠦᠢ ᠬᠠᠤᠯᠢ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ | ᠵᠢᠷᠭᠤᠭ᠎ᠠ᠂ ︽ᠠᠷᠭ᠎ᠠ︾ ᠶᠢᠨ ᠠᠭᠤᠯᠭ᠎ᠠ ᠶᠢᠨ ᠲᠠᠶᠢᠯᠤᠮᠵᠢ ︱ ᠦᠨᠡᠮᠰᠢᠨ ᠲᠤᠭᠲᠠᠭᠠᠬᠤ ︵ᠨᠡᠶᠢᠲᠡ 4 | ᠵᠦᠢᠯ ᠤᠨ ᠠᠭᠤᠯᠭ᠎ᠠ ᠪᠣᠢ ︶ | ᠦᠨᠡᠮᠰᠢᠨ ᠲᠤᠭᠲᠠᠭᠠᠬᠤ ᠠᠵᠢᠯ᠂ ᠵᠣᠬᠢᠶᠠᠨ ᠪᠠᠶᠢᠭᠤᠯᠤᠯᠲᠠ ᠶᠢᠨ ᠲᠣᠭᠲᠠᠴᠠ ᠪᠠ ᠦᠨᠡᠮᠰᠢᠨ ᠲᠤᠭᠲᠠᠭᠠᠬᠤ | ᠴᠠᠭ ᠤᠨ ᠲᠣᠬᠢᠷᠠᠭᠤᠯᠤᠯᠲᠠ᠃ | ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠲᠠᠰ ᠳᠠᠷᠠᠭᠠᠯᠠᠯ ᠪᠠ ᠠᠷᠭ᠎ᠠ᠄ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ | ᠠᠵᠢᠯ ᠤᠨ ᠮᠡᠳᠡᠭᠳᠡᠯ ᠪᠠᠭᠤᠯᠭᠠᠨ᠎ᠠ → ᠠᠶᠢᠮᠠᠭ ᠬᠤᠲᠠ᠂ ᠬᠤᠰᠢᠭᠤ ᠰᠢᠶᠠᠨ ᠠᠴᠠ ᠭᠤᠶᠤᠴᠢᠯᠠᠨ ᠮᠡᠳᠡᠭᠦᠯᠬᠦ | ᠠᠵᠢᠯ ᠢ ᠵᠣᠬᠢᠶᠠᠨ ᠪᠠᠶᠢᠭᠤᠯᠤᠨ᠎ᠠ ᠂ ᠲᠠᠨᠢᠯᠴᠠᠭᠠᠯᠤᠨᠠ → ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠳᠤ | ᠨᠠᠶᠢᠳᠠᠵᠤ ᠬᠢᠨᠠᠨ ᠬᠠᠷᠭᠤᠭᠤᠯᠤᠭᠤᠯᠵᠤ᠂ ᠠᠩᠬᠠᠨ ᠤ ᠬᠢᠨᠠᠯᠲᠠ ᠶᠢᠨ ᠰᠠᠨᠠᠯ ᠳᠤᠷᠠᠳᠤᠨ᠎ᠠ → ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ | ᠤᠳᠤᠷᠢᠳᠬᠤ ᠳᠤᠭᠤᠶᠢᠯᠠᠩ ᠤᠨ ᠭᠡᠰᠢᠭᠦᠨ ᠨᠢᠭᠡᠴᠢ ᠶᠢ ᠵᠣᠬᠢᠶᠠᠨ ᠪᠠᠶᠢᠭᠤᠯᠵᠤ ᠲᠠᠰᠢᠷᠠᠮ ᠢᠶᠠᠷ ᠰᠤᠭᠤᠴᠢᠨ | ᠪᠠᠶᠢᠴᠠᠭᠠᠵᠤ᠂ ᠲᠤᠬᠠᠢ ᠶᠢᠨ ᠭᠠᠵᠠᠷ ᠲᠤ ᠨᠢ ᠬᠢᠨᠠᠨ ᠬᠠᠷᠭᠤᠭᠤᠯᠤᠨ᠎ᠠ ᠬᠠᠷᠭᠤᠭᠤᠯᠬᠤ → ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ | ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠲᠤᠭᠲᠠᠭᠠᠯᠭᠠᠨ᠎ᠠ → ᠦᠨᠡᠮᠰᠢᠨ | ᠲᠣᠭᠲᠠᠭᠠᠬᠤ ᠪᠠᠷ ᠪᠠᠶᠢᠭ᠎ᠠ ᠰᠠᠨᠠᠭᠤᠯᠭ᠎ᠠ ᠶᠢᠨ ᠨᠡᠷᠡᠰ ᠢ ᠳᠤᠷᠠᠳᠤᠨ ᠭᠠᠷᠭᠠᠨ᠎ᠠ → ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢ ᠲᠦᠯᠬᠢᠨ ᠠᠬᠢᠭᠤᠯᠬᠤ ᠲᠠᠷᠢᠶᠠᠯᠠᠩ ᠤᠨ ᠠᠵᠤ | ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠠᠮᠲᠤᠷᠠᠭᠰᠠᠨ | ᠬᠤᠷᠠᠯ ᠢᠶᠠᠷ ᠬᠢᠨᠠᠨ ᠬᠠᠷᠭᠤᠭᠤᠯᠵᠤ ᠪᠠᠲᠤᠯᠠᠨ᠎ᠠ → ᠢᠯᠡ ᠨᠡᠶᠢᠲᠡᠯᠡᠨ᠎ᠡ → ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ | ᠬᠢᠨᠠᠨ ᠶᠠᠷᠢᠯᠴᠠᠭᠰᠠᠨ ᠤ ᠳᠠᠷᠠᠭ᠎ᠠ → ᠭᠡᠰᠢᠭᠦᠨ ᠨᠢᠭᠡᠴᠢ ᠨᠦᠭᠦᠳ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠵᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠨ᠎ᠠ → ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢ ᠲᠦᠯᠬᠢᠨ ᠠᠬᠢᠭᠤᠯᠬᠤ ᠲᠠᠷᠢᠶᠠᠯᠠᠩ ᠤᠨ ᠠᠵᠤ | ᠠᠬᠤᠶᠢᠯᠠᠯ ᠤᠨ ᠠᠰᠢᠭ ᠲᠤᠰᠠ ᠶᠢᠨ ᠬᠤᠯᠪᠣᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠠᠴᠠ ᠫᠠᠶᠢᠰᠠ ᠢᠯᠡᠷᠬᠡᠶᠢᠯᠡᠯ᠂ ᠦᠨᠡᠮᠯᠡᠯ ᠤᠯᠭᠤᠨ᠎ᠠ᠃ | ᠦᠨᠠᠮᠰᠢᠨ ᠲᠣᠭᠲᠠᠭᠠᠵᠤ ᠨᠡᠶᠢᠲᠡᠯᠡᠭᠰᠡᠨ ᠬᠦᠲᠦᠴᠢ ᠠᠵᠤ ᠠᠬᠤᠶᠢᠯᠠᠯ ᠨᠢ ᠬᠤᠯᠪᠣᠭᠳᠠᠯ ᠪᠦᠬᠦᠢ | ᠬᠠᠷᠠᠭᠠᠯᠵᠠᠯ ᠤᠨ ᠲᠦᠷᠤ ᠶᠢᠨ ᠪᠣᠳᠣᠯᠭ᠎ᠠ ᠶᠢ ᠬᠦᠷᠳᠡᠨ᠎ᠠ ᠃ ᠬᠦᠲᠦᠴᠢ ᠠᠵᠤ ᠠᠬᠤᠶᠢᠯᠠᠯ ᠳᠤ ᠬᠠᠷᠢᠶᠠᠯᠠᠭᠳᠠᠬᠤ | ᠬᠤᠪᠢ ᠡᠵᠡᠮᠳᠡᠬᠦ ᠬᠤᠪᠢᠶᠠᠷᠢ ᠺᠣᠮᠫᠠᠨᠢ ᠶᠢᠨ ᠰᠢᠭᠤᠳ ᠬᠤᠪᠢ ᠡᠵᠡᠮᠳᠡᠬᠦ ᠬᠠᠷᠢᠴᠠᠯ ᠨᠢ 50% ︵ 50% ᠶᠢ | ᠪᠠᠭᠲᠠᠭᠠᠬᠤ ᠦᠭᠡᠢ ︶ ᠶᠢ ᠳᠠᠪᠠᠭᠰᠠᠨ ᠮᠥᠷᠲᠡᠭᠡᠨ ᠬᠤᠪᠢ ᠡᠵᠡᠮᠳᠡᠬᠦ ᠬᠤᠪᠢᠶᠠᠷᠢ ᠺᠣᠮᠫᠠᠨᠢ ᠨᠢ ᠳᠡᠭᠡᠷ᠎ᠡ | ᠳᠤᠷᠠᠳᠤᠭᠰᠠᠨ ᠡᠵᠡᠩᠨᠡᠯᠲᠡ ᠶᠢᠨ ᠲᠥᠷᠥᠯ ᠬᠡᠯᠪᠡᠷᠢ ᠪᠠᠷ ᠭᠤᠣᠯ ᠠᠵᠢᠯ ᠲᠥᠷᠥᠯ ᠪᠣᠯᠭᠠᠵᠤ ᠪᠠᠶᠢᠪᠠᠯ᠂ ᠬᠦᠲᠦᠴᠢ | ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ ᠃ | ᠳᠣᠯᠤᠭ᠎ᠠ᠂ ︽ᠠᠷᠭ᠎ᠠ︾ ᠶᠢᠨ ᠠᠭᠤᠯᠭ᠎ᠠ ᠶᠢᠨ ᠲᠠᠶᠢᠯᠤᠮᠵᠢ ︱ ᠠᠵᠢᠯᠯᠠᠭᠠᠨ ᠢ ᠬᠢᠨᠠᠨ ᠬᠡᠮᠵᠢᠬᠦ ︵ᠨᠡᠶᠢᠲᠡ | 5 ᠵᠦᠢᠯ ᠤᠨ ᠠᠭᠤᠯᠭ᠎ᠠ ᠪᠣᠢ ︶ | ᠬᠥᠲᠥᠴᠢ ᠠᠵᠤ ᠠᠬᠤᠶᠢᠯᠠᠯ ᠤᠨ ᠬᠢᠨᠠᠨ ᠬᠡᠮᠵᠢᠬᠦ ᠵᠠᠷᠴᠢᠮ᠄ ︽ᠬᠠᠷᠢᠶ᠎ᠠ ᠣᠷᠣᠨ ᠨᠢ ᠬᠠᠷᠢᠭᠤᠴᠠᠵᠤ᠂ | ᠬᠥᠳᠡᠯᠦᠩᠭᠦᠢ ᠪᠠᠷ ᠬᠢᠨᠠᠨ ᠬᠠᠮᠢᠶᠠᠷᠬᠤ︾᠂ ︽ᠨᠢᠭᠡ ᠶᠢ ᠪᠤᠴᠠᠭᠠᠵᠤ ᠨᠢᠭᠡ ᠶᠢ ᠨᠥᠬᠦᠪᠦᠷᠢᠯᠡᠬᠦ︾ | ᠬᠥᠲᠥᠴᠢ ᠠᠵᠤ ᠠᠬᠤᠶᠢᠯᠠᠯ ᠤᠨ ᠪᠠᠶᠢᠩᠭᠤᠵᠢᠭᠰᠠᠨ ᠬᠢᠨᠠᠨ ᠬᠡᠮᠵᠢᠬᠦ ᠬᠠᠮᠢᠶᠠᠷᠤᠯᠲᠠ ᠶᠢᠨ ᠳᠦᠷᠢᠮ᠄ 2 ᠵᠢᠯ | ᠪᠦᠷᠢ ᠨᠢᠭᠡ ᠤᠳᠠᠭ᠎ᠠ ᠪᠠᠶᠢᠩᠭᠤᠵᠢᠭᠰᠠᠨ ᠬᠢᠨᠠᠨ ᠬᠡᠮᠵᠢᠵᠦ ᠦᠨᠡᠯᠡᠨ ᠵᠢᠱᠢᠬᠦ ᠶᠢ ᠥᠷᠨᠢᠭᠦᠯᠦᠨ᠎ᠡ᠃ | ᠬᠥᠲᠥᠴᠢ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠪᠠ ᠬᠢᠨᠠᠨ ᠬᠡᠮᠵᠢᠬᠦ ᠬᠠᠮᠢᠶᠠᠷᠤᠯᠲᠠ ᠶᠢᠨ ᠭᠡᠰᠢᠭᠦᠨ | ᠨᠢᠭᠡᠴᠢ ᠶᠢᠨ ᠬᠢᠨᠠᠨ ᠬᠡᠮᠵᠢᠬᠦ ᠡᠭᠦᠷᠭᠡ ᠬᠠᠷᠢᠭᠤᠴᠠᠯᠭ᠎ᠠ | ᠬᠢᠨᠠᠨ ᠬᠡᠮᠵᠢᠵᠦ ᠦᠨᠡᠯᠡᠨ ᠵᠢᠱᠢᠬᠦ ᠶᠢᠨ ᠪᠣᠳᠠᠲᠠᠢ ᠠᠷᠭ᠎ᠠ᠄ ᠠᠵᠤ ᠠᠬᠤᠶᠢᠯᠠᠯ ᠤᠨ ᠮᠡᠳᠡᠭᠦᠯᠦᠨ ᠬᠦᠷᠭᠡᠬᠦ | ᠮᠠᠲ᠋ᠧᠷᠢᠶᠠᠯ ︵ᠠᠵᠤ ᠠᠬᠤᠶᠢᠯᠠᠯ ᠤᠨ ᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠦᠰᠦᠨᠦᠭᠲᠦ ᠶᠢ | ᠮᠡᠳᠡᠭᠦᠯᠦᠨ ᠬᠦᠷᠭᠡᠵᠦ᠂ ᠣᠨ ᠤ ᠬᠢᠨᠠᠨ ᠬᠡᠮᠵᠢᠵᠦ ᠦᠨᠡᠯᠡᠨ ᠵᠢᠱᠢᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ | ᠬᠢᠨᠠᠨ ᠬᠡᠮᠵᠢᠭᠳᠡᠬᠦ ᠠᠵᠤ ᠠᠬᠤᠶᠢᠯᠠᠯ ᠨᠢ ᠪᠠᠰᠠ ᠬᠢᠷᠢ ᠬᠡᠮ ᠲᠠᠢ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ | ᠭᠠᠵᠠᠷ ᠤᠨ ᠬᠢᠨᠠᠨ ᠲᠣᠭᠲᠠᠭᠠᠭᠰᠠᠨ ᠠᠵᠤ ᠠᠬᠤᠶᠢᠯᠠᠯ ᠤᠨ ᠡᠳ᠋ ᠬᠥᠷᠥᠩᠭᠡ ᠪᠠ ᠦᠷ᠎ᠡ ᠠᠰᠢᠭ ᠤᠨ ᠬᠢᠨᠠᠨ | ᠪᠣᠳᠣᠯᠲᠠ ᠶᠢᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠵᠦ᠂ ᠪᠠᠩᠬᠢ ᠶᠢᠨ ᠭᠠᠷᠭᠠᠭᠰᠠᠨ ᠬᠥᠷᠥᠩᠭᠡ ᠢᠲᠡᠭᠡᠮᠵᠢ ᠶᠢᠨ | ᠭᠡᠷᠡᠴᠢ ᠠᠵᠤ ᠠᠬᠤᠶᠢᠯᠠᠯ ᠤᠨ ᠭᠠᠶᠢᠯᠢ ᠲᠤᠰᠢᠶᠠᠭᠰᠠᠨ ᠪᠠᠶᠢᠳᠠᠯ ᠤᠨ ᠭᠡᠷᠡᠴᠢᠯᠡᠯ᠂ ᠲᠠᠷᠢᠶᠠᠯᠠᠩ ᠮᠠᠯ ᠠᠵᠤ | ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠭᠠᠷᠭᠠᠭᠰᠠᠨ ᠠᠵᠤ ᠠᠬᠤᠶᠢᠯᠠᠯ ᠤᠨ ᠮᠠᠯᠴᠢᠨ | ᠲᠠᠷᠢᠶᠠᠴᠢᠨ ᠡᠷᠦᠬᠡ ᠶᠢᠨ ᠠᠰᠢᠭ ᠲᠤᠰᠠ ᠶᠢ ᠬᠤᠯᠪᠣᠭᠰᠠᠨ ᠪᠠᠶᠢᠳᠠᠯ ᠤᠨ ᠭᠡᠷᠡᠴᠢᠯᠡᠯ ᠂ ᠤᠯᠤᠰ ᠤᠨ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠤᠨ ᠳᠣᠲᠣᠷᠠᠬᠢ ᠵᠠᠰᠠᠭ | ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ ᠂ ᠡᠵᠡᠩᠨᠡᠯᠲᠡ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ | ᠣᠷᠣᠭᠤᠯᠤᠭᠰᠠᠨ ᠮᠡᠳᠡᠭᠡ ᠵᠠᠩᠭᠢ ᠪᠠ ᠬᠦᠨᠳᠦ ᠨᠣᠴᠢᠲᠠᠢ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠨᠡᠷᠡᠰ | ︵ᠬᠠᠷ᠎ᠠ ᠳᠠᠩᠰᠠ︶ ᠤᠨ ᠮᠡᠳᠡᠭᠡ ᠵᠠᠩᠭᠢ ᠶᠢᠨ ᠭᠡᠷᠡᠴᠢᠯᠡᠯ᠂ ᠠᠵᠤ ᠠᠬᠤᠶᠢᠯᠠᠯ ᠤᠨ ᠦᠨᠡᠨ ᠪᠣᠳᠠᠲᠤ ᠴᠢᠨᠠᠷ᠂ | ᠬᠠᠤᠯᠢ ᠶᠣᠰᠣᠨ ᠤ ᠴᠢᠨᠠᠷ ᠤᠨ ᠠᠮᠠᠯᠠᠯᠲᠠ ᠶᠢᠨ ᠪᠢᠴᠢᠭ᠂ ᠠᠵᠤ ᠠᠬᠤᠶᠢᠯᠠᠯ ᠤᠨ ᠨᠡᠷᠡᠲᠦ ᠲᠡᠮᠳᠡᠭ ᠤᠨ | ᠪᠠᠶᠢᠭᠤᠯᠤᠯᠲᠠ ᠶᠢᠨ ᠪᠠᠶᠢᠳᠠᠯ ᠵᠡᠷᠭᠡ ᠮᠠᠲ᠋ᠧᠷᠢᠶᠠᠯ᠂ ᠡᠭᠦᠨ ᠤ ᠬᠠᠮᠲᠤ ᠡᠯᠧᠺᠲᠷᠣᠨ ᠬᠡᠪᠯᠡᠯ ᠤᠨ ᠰᠢᠷᠪᠢᠯᠲᠡ ᠶᠢᠨ | ᠮᠠᠲ᠋ᠧᠷᠢᠶᠠᠯ ᠢ ᠮᠡᠳᠡᠭᠦᠯᠦᠨ ᠬᠦᠷᠭᠡᠨ᠎ᠡ ︶ → ᠬᠤᠰᠢᠭᠤ ᠰᠢᠶᠠᠨ᠂ ᠠᠶᠢᠮᠠᠭ ᠬᠤᠲᠠ ᠠᠴᠠ ᠮᠠᠲ᠋ᠧᠷᠢᠶᠠᠯ ᠢ ᠬᠢᠨᠠᠨ | ᠪᠠᠶᠢᠴᠠᠭᠠᠨ᠎ᠠ→ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢ | ᠠᠬᠢᠭᠤᠯᠬᠤ ᠲᠠᠷᠢᠶᠠᠯᠠᠩ ᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭ᠎ᠠ ᠶᠢ ᠠᠬᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ᠎ᠡ → ᠭᠤᠷᠪᠠᠳᠠᠭᠢ ᠡᠲᠡᠭᠡᠳ ᠤᠨ | ᠪᠠᠶᠢᠭᠤᠯᠤᠮᠵᠢ ᠠᠴᠠ ᠬᠢᠨᠠᠨ ᠬᠠᠷᠭᠤᠭᠤᠯᠤᠨ᠎ᠠ → ᠤᠳᠤᠷᠢᠳᠬᠤ ᠳᠤᠭᠤᠶᠢᠯᠠᠩ ᠤᠨ ᠭᠡᠰᠢᠭᠦᠨ ᠨᠢᠭᠡᠴᠢ ᠠᠴᠠ | ᠲᠤᠬᠠᠢ ᠶᠢᠨ ᠭᠠᠵᠠᠷ ᠲᠤ ᠨᠢ ᠬᠢᠨᠠᠨ ᠪᠠᠶᠢᠴᠠᠭᠠᠨ᠎ᠠ → ᠲᠤᠰᠬᠠᠢ ᠮᠡᠷᠭᠡᠵᠢᠯᠲᠡᠨ ᠠᠴᠠ ᠬᠢᠨᠠᠨ ᠰᠢᠯᠭᠠᠷᠠᠭᠤᠯᠤᠨ᠎ᠠ → | ᠬᠠᠮᠲᠤᠷᠠᠭᠰᠠᠨ ᠬᠤᠷᠠᠯ ᠠᠴᠠ ᠬᠢᠨᠠᠨ ᠬᠠᠷᠭᠤᠭᠤᠯᠤᠨ᠎ᠠ → ᠢᠯᠡ ᠨᠡᠶᠢᠲᠡᠯᠡᠨ᠎ᠡ → ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠬᠤᠷᠠᠯ ᠠᠴᠠ ᠬᠢᠨᠠᠨ ᠲᠤᠭᠲᠠᠭᠠᠬᠤ ᠵᠡᠷᠭᠡ ᠲᠠᠰ ᠳᠠᠷᠠᠭᠠᠯᠠᠯ ᠢ ᠦᠨᠡᠮᠰᠢᠨ ᠲᠣᠭᠲᠠᠭᠠᠬᠤ ᠲᠠᠰ ᠳᠠᠷᠠᠭᠠᠯᠠᠯ ᠤᠨ | ᠶᠣᠰᠣᠭᠠᠷ ᠬᠡᠷᠡᠭᠵᠢᠭᠦᠯᠦᠨ᠎ᠡ᠃ | ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠬᠥᠲᠥᠴᠢ ᠠᠵᠤ ᠠᠬᠤᠶᠢᠯᠠᠯ ᠤᠳ ᠬᠢᠷᠢ ᠬᠡᠮ ᠢᠶᠠᠨ ᠦᠷᠭᠦᠯᠵᠢᠯᠡᠨ | ᠬᠡᠪ ᠢᠶᠠᠷ ᠪᠠᠶᠢᠯᠭᠠᠵᠤ᠂ ᠬᠤᠯᠪᠣᠭᠳᠠᠯ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ︔ ᠬᠢᠨᠠᠨ | ᠬᠡᠮᠵᠢᠯᠲᠡ ᠳᠤ ᠬᠢᠷᠢ ᠲᠡᠩᠴᠡᠭᠰᠡᠨ ᠦᠭᠡᠢ ᠪᠠᠶᠢᠪᠠᠯ ᠬᠦᠲᠦᠴᠢ ᠠᠵᠤ ᠠᠬᠤᠶᠢᠯᠠᠯ ᠤᠨ ᠬᠢᠷᠢ ᠬᠡᠮ ᠢ ᠨᠢ ᠬᠦᠴᠦᠨ | ᠦᠭᠡᠢ ᠪᠣᠯᠭᠠᠵᠤ᠂ ᠬᠤᠯᠪᠣᠭᠳᠠᠯ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠠᠭᠢᠵᠤ ᠬᠦᠷᠲᠡᠭᠡᠬᠦ ᠦᠭᠡᠢ᠃ | | ᠨᠠᠢᠮᠠ᠂ ︽ᠠᠷᠭ᠎ᠠ︾ ᠶᠢᠨ ᠠᠭᠤᠯᠭ᠎ᠠ ᠶᠢᠨ ᠲᠠᠶᠢᠯᠤᠮᠵᠢ ︱ ᠳᠠᠭᠠᠯᠳᠤᠭᠤᠯᠤᠯ ᠳᠦᠷᠢᠮ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ ᠤᠨ ᠠᠯᠪᠠᠨ ᠰᠦᠯᠵᠢᠶ᠎ᠡ︾ ᠳᠤ ᠢᠯᠡ ᠨᠡᠶᠢᠲᠡᠯᠡᠨ᠎ᠡ | ᠠᠵᠤ ᠠᠬᠤᠶᠢᠯᠠᠯ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠢ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ᠃ | ᠬᠠᠮᠢᠶᠠᠷᠤᠯᠲᠠ ᠶᠢᠨ ᠠᠵᠢᠯᠲᠠᠨ ᠤ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠭᠰᠡᠨ ᠢ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ᠃ | ᠬᠥᠲᠥᠴᠢ ᠠᠵᠤ ᠠᠬᠤᠶᠢᠯᠠᠯ ᠤᠨ ᠨᠡᠷ᠎ᠡ ᠪᠠᠨ ᠬᠠᠯᠠᠬᠤ ᠲᠠᠰ ᠳᠠᠷᠠᠭᠠᠯᠠᠯ᠃ | ᠠᠶᠢᠮᠠᠭ ᠬᠤᠳᠠ ᠨᠤᠭᠤᠳ ᠲᠤᠰ ᠠᠷᠭ᠎ᠠ ᠪᠠᠷ ᠯᠠᠪᠯᠠᠯᠲᠠ ᠪᠣᠯᠭᠠᠵᠤ ᠂ ᠲᠤᠰ ᠭᠠᠵᠠᠷ ᠣᠷᠣᠨ ᠤ ᠪᠠᠨ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠦᠲᠦᠴᠢ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ ᠪᠣᠯᠣᠨ᠎ᠠ ᠃ | ᠲᠤᠰ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ ᠃ | ᠬᠤᠷᠢᠨ ᠵᠢᠷᠭᠤᠳᠤᠭᠠᠷ ᠵᠦᠢᠯ ᠲᠣᠰ ᠠᠷᠭ᠎ᠠ ᠶᠢ 2022 ᠣᠨ ᠤ 9 ᠰᠠᠷ᠎ᠠ ᠶᠢᠨ 15 ᠤ ᠡᠳᠦᠷ | ︵ᠳᠠᠷᠤᠮᠠᠯᠯᠠᠨ ᠲᠠᠷᠬᠠᠭᠠᠭᠰᠠᠨ ᠡᠳᠦᠷ ᠠᠴᠠ 30 ᠡᠳᠦᠷ ᠤᠨ ᠳᠠᠷᠠᠭ᠎ᠠ︶ ᠠᠴᠠ ᠡᠬᠢᠯᠡᠨ ᠬᠡᠷᠡᠭᠵᠢᠭᠦᠯᠵᠦ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠪᠠ ᠠᠵᠢᠯᠯᠠᠭᠠᠨ ᠢ | ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ︵ᠥᠪᠥᠷ ᠲᠠᠷᠢᠶᠠᠯᠠᠩ ᠮᠠᠯ ᠲᠣᠭᠲᠠᠭᠠᠯ ᠲᠠᠷᠬᠠᠭᠠᠭᠰᠠᠨ ﹇2020﹈ | 1 ᠳ᠋ᠦ᠋ᠭᠡᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | | | ᠳᠠᠭᠠᠯᠳᠣᠭᠤᠯᠣᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠪᠠ | ᠠᠵᠢᠯᠯᠠᠭᠠᠨ ᠢ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠬᠤ | ᠲᠤᠬᠠᠢ ᠮᠡᠳᠡᠭᠳᠡᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠲᠦᠷᠦ ᠶᠢᠨ ᠪᠣᠳᠣᠯᠭ᠎ᠠ ᠶᠢᠨ ᠤᠭ ᠵᠣᠬᠢᠶᠠᠯ ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠢ | ᠦᠨᠡᠮᠰᠢᠨ ᠲᠤᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ | ᠣᠷᠣᠭᠤᠯᠵᠤ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | | | ᠮᠡᠳᠡᠭᠡ ᠵᠠᠩᠭᠢ ᠶᠢᠨ ᠢᠷᠡᠯᠲᠡ᠄ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠦᠭᠵᠢᠭᠦᠯᠦᠯᠲᠡ ᠶᠢᠨ ᠭᠠᠵᠠᠷ | |