ᠬᠤᠯᠪᠣᠭᠳᠠᠯ ᠪᠦᠬᠦᠢ ᠨᠢᠭᠡᠴᠢ᠂ ᠬᠤᠪᠢ ᠬᠥᠮᠦᠨ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ ︾ ᠪᠣᠯᠤᠨ ︽ᠭᠤᠤᠯ | ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ ︾ ᠶᠢᠨ ᠬᠤᠯᠪᠣᠭᠳᠠᠯ ᠪᠥᠬᠦᠶ ᠲᠣᠭᠲᠠᠭᠠᠯ ᠢ | ᠦᠨᠳᠦᠰᠦᠯᠡᠨ᠂ ᠡᠳᠦᠭᠡ 2023 ᠣᠨ ᠤ ᠮᠠᠨ ᠤ ᠣᠷᠣᠨ ᠤ ᠭᠤᠤᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ | ᠲᠣᠭᠲᠠᠭᠠᠵᠤ ᠲᠤᠷᠰᠢᠯᠲᠠ ᠳᠤ ᠤᠷᠤᠯᠴᠠᠭᠤᠯᠬᠤ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠪᠡ᠄ | ᠨᠢᠭᠡ᠂ ᠲᠠᠷᠢᠮᠠᠯ ᠤᠨ ᠲᠦᠷᠦᠯ ᠵᠦᠢᠯ | ᠡᠷᠳᠡᠨᠢ ᠰᠢᠰᠢ᠂ ᠪᠤᠭᠤᠳᠠᠢ᠂ ᠲᠤᠲᠤᠷᠭ᠎ᠠ᠂ ᠰᠢᠷ᠎ᠠ ᠪᠤᠷᠴᠠᠭ᠂ ᠬᠥᠪᠥᠩ | ᠬᠤᠶᠠᠷ᠂ ᠲᠤᠷᠰᠢᠯᠲᠠ ᠳᠤ ᠣᠷᠣᠯᠴᠠᠬᠤ ᠲᠦᠷᠦᠯ ᠵᠦᠢᠯ ᠤᠨ ᠨᠥᠬᠦᠴᠡᠯ | 1.ᠬᠥᠮᠦᠨ ᠤ ᠬᠦᠴᠦ ᠪᠠᠷ ᠰᠣᠩᠭᠤᠨ ᠪᠣᠶᠢᠵᠢᠭᠤᠯᠬᠤ ᠪᠤᠶᠤ ᠢᠯᠡᠷᠡᠭᠦᠯᠦᠭᠰᠡᠨ ᠪᠥᠭᠡᠳ | ᠰᠠᠶᠢᠵᠢᠷᠠᠭᠤᠯᠤᠭᠰᠠᠨ ᠪᠠᠶᠢᠬᠤ ︔ ᠣᠳᠣ ᠶᠢᠨ ᠪᠠᠶᠢᠭ᠎ᠠ ᠡᠭᠦᠯᠳᠡᠷ ᠲᠠᠢ ᠢᠯᠡᠷᠬᠡᠶ ᠢᠯᠭᠠᠭ᠎ᠠ ᠲᠠᠢ ︔ ᠬᠡᠯᠪᠡᠷᠢ ᠳᠦᠷᠰᠦ | ᠶᠢᠨ ᠣᠨᠴᠠᠯᠢᠭ ᠪᠠ ᠠᠮᠢᠳᠤ ᠪᠣᠳᠠᠰ ᠤᠨ ᠤᠬᠠᠭᠠᠨ ᠤ ᠣᠨᠴᠠᠯᠢᠭ ᠨᠢᠭᠡᠳᠦᠯᠲᠡᠶ ︔ ᠤᠳᠤᠮᠯᠠᠯ ᠤᠨ ᠪᠡᠯᠭᠡ ᠲᠡᠮᠳᠡᠭ | ᠨᠢ ᠲᠣᠭᠲᠠᠭᠤᠨ ᠪᠠᠶᠢᠬᠤ ᠬᠡᠷᠡᠭᠲᠡᠢ᠃ | 2.︽ᠲᠠᠷᠢᠶᠠᠯᠠᠩ ᠤᠨ ᠤᠷᠭᠤᠮᠠᠯ ᠤᠨ ᠡᠭᠦᠯᠳᠡᠷ ᠤᠨ ᠨᠡᠷᠡᠶᠢᠳᠦᠯ ᠤᠨ ᠲᠣᠭᠲᠠᠭᠠᠯ ︾ ᠳᠤ ᠨᠡᠶᠢᠴᠡᠭᠰᠡᠨ | ᠨᠡᠷᠡᠶᠢᠳᠦᠯ ᠲᠠᠢ ᠪᠠᠶᠢᠬᠤ ᠬᠡᠷᠡᠭᠲᠡᠢ᠃ | 3. ᠮᠠᠨ ᠤ ᠣᠷᠣᠨ ᠳᠤ ᠠᠳᠠᠯᠢ ᠨᠢᠭᠡᠨ ᠠᠮᠢ ᠠᠬᠤᠶ ᠶᠢᠨ ᠲᠥᠷᠥᠯ ᠬᠡᠯᠪᠡᠷᠢ ᠶᠢᠨ ᠣᠷᠣᠨ ᠤ ᠬᠤᠶᠠᠷ ᠵᠢᠯ | ᠠᠴᠠ ᠳᠡᠭᠡᠭᠰᠢᠬᠢ ᠲᠤᠷᠰᠢᠯᠲᠠ ᠶᠢ ᠨᠢᠭᠡᠨᠲᠡ ᠪᠡᠶᠡᠯᠡᠭᠦᠯᠦᠭᠰᠡᠨ ᠮᠥᠷᠲᠡᠭᠡᠨ ᠵᠢᠯ ᠪᠦᠷᠢ ᠶᠢᠨ ᠲᠤᠷᠰᠢᠯᠲᠠ ᠶᠢ 5 ᠴᠡᠭ | ᠠᠴᠠ ᠳᠤᠲᠠᠭᠤ ᠦᠭᠡᠶ ︵ ᠲᠤᠷᠰᠢᠯᠲᠠ ᠶᠢᠨ ᠴᠡᠭ ᠨᠢ ᠠᠮᠢ ᠠᠬᠤᠶ ᠶᠢᠨ ᠲᠥᠷᠥᠯ ᠬᠡᠯᠪᠡᠷᠢ ᠶᠢᠨ ᠲᠥᠯᠥᠭᠡᠯᠡᠬᠦ | ᠴᠢᠨᠠᠷᠲᠠᠶ᠂ ᠵᠢᠭᠳᠡ ᠲᠠᠷᠬᠠᠯᠲᠠ ᠲᠠᠢ ᠮᠥᠷᠲᠡᠭᠡᠨ ᠠᠳᠠᠯᠢ ᠨᠢᠭᠡᠨ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ | ᠤ ᠳᠣᠲᠣᠷ᠎ᠠ ᠪᠠᠶᠢᠬᠤ ᠦᠭᠡᠶ ︶ ᠲᠥᠷᠥᠯ ᠵᠦᠢᠯ ᠤᠨ ᠬᠠᠷᠢᠴᠠᠭᠤᠯᠤᠭᠰᠠᠨ ᠲᠤᠷᠰᠢᠯᠲᠠ ᠬᠢᠬᠦ ᠬᠡᠷᠡᠭᠲᠡᠶ᠃ | 4. ᠦᠷ᠎ᠡ ᠶᠢᠨ ᠲᠤᠭ᠎ᠠ ᠬᠡᠮᠵᠢᠶ᠎ᠡ ᠨᠢ ᠡᠭᠦᠯᠳᠡᠷ ᠤᠨ ᠲᠤᠷᠰᠢᠯᠲᠠ ︵ ᠲᠤᠷᠰᠢᠯᠲᠠ ᠳᠤ ᠬᠡᠷᠡᠭᠯᠡᠬᠦ ᠦᠷ᠎ᠡ ᠶᠢᠨ | ᠬᠡᠮᠵᠢᠶ᠎ᠡ ᠶᠢ ᠬᠡᠷᠡᠭᠵᠢᠭᠦᠯᠬᠦ ᠲᠥᠰᠦᠯ ᠢᠶᠠᠷ ᠪᠠᠷᠢᠮᠵᠢᠶ᠎ᠠ ᠪᠣᠯᠭᠠᠨ᠎ᠠ ︶ ᠪᠠ ᠪᠠᠷᠢᠮᠵᠢᠶᠠᠲᠤ ᠦᠯᠢᠭᠡᠷ ᠡᠳ᠋ ᠢ ᠦᠯᠡᠳᠡᠭᠡᠨ | ᠬᠠᠳᠠᠭᠠᠯᠠᠬᠤ ᠱᠠᠭᠠᠷᠳᠠᠯᠭ᠎ᠠ ᠶᠢ ᠬᠠᠩᠭᠠᠵᠤ ᠴᠢᠳᠠᠬᠤ ᠬᠡᠷᠡᠭᠲᠡᠢ᠃ | ᠭᠤᠷᠪᠠ᠂ ᠮᠡᠳᠡᠭᠦᠯᠬᠦ ᠮᠠᠲ᠋ᠧᠷᠢᠶᠠᠯ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠪᠣᠯᠬᠤ ᠲᠠᠷᠢᠮᠠᠯ ᠤᠨ ᠵᠦᠶᠯ ᠤᠨ | ᠲᠤᠷᠰᠢᠯᠲᠠ ᠶᠢᠨ ᠭᠤᠶᠤᠴᠢᠯᠠᠯ ᠤᠨ ᠬᠦᠰᠦᠨᠦᠭᠲᠦ ︵ ᠳᠠᠭᠠᠯᠳᠤᠭᠤᠯᠤᠯ 2 ︶︔ | 2. ᠡᠭᠦᠯᠳᠡᠷ ᠰᠣᠩᠭᠤᠨ ᠪᠣᠶᠢᠵᠢᠭᠤᠯᠬᠤ ᠮᠡᠳᠡᠭᠦᠯᠦᠯᠲᠡ ︵ ᠳᠠᠭᠠᠯᠳᠤᠭᠤᠯᠤᠯ 3︶︔ | 3. ᠲᠥᠷᠥᠯ ᠵᠦᠶᠯ ᠢ ᠬᠠᠷᠢᠴᠠᠭᠤᠯᠬᠤ ᠲᠤᠷᠰᠢᠯᠲᠠ ᠶᠢᠨ ᠱᠠᠭᠠᠷᠳᠠᠯᠭ᠎ᠠ ︵ ᠳᠠᠭᠠᠯᠳᠤᠭᠤᠯᠤᠯ 4︶︔ | 4. ᠭᠧᠨ ᠰᠢᠯᠵᠢᠭᠦᠯᠦᠭᠰᠡᠨ ᠪᠤᠰᠤ ᠡᠭᠦᠯᠳᠡᠷ ᠤᠨ ᠠᠮᠠᠯᠠᠯᠲᠠ ᠶᠢᠨ ᠪᠢᠴᠢᠭ ︵ ᠳᠠᠭᠠᠯᠳᠤᠭᠤᠯᠤᠯ 5︶︔ | 5. ᠭᠤᠶᠤᠴᠢᠯᠠᠭᠰᠠᠨ ᠨᠢᠭᠡᠴᠢ ᠬᠢᠭᠡᠳ ᠰᠣᠩᠭᠤᠨ ᠪᠣᠶᠢᠵᠢᠭᠤᠯᠬᠤ ᠨᠢᠭᠡᠴᠢ ᠨᠢ ᠨᠢᠭᠡᠳᠦᠯ ᠥᠬᠡᠶ ᠪᠣᠯ᠂ | ᠰᠣᠩᠭᠤᠨ ᠪᠣᠶᠢᠵᠢᠭᠤᠯᠬᠤ ᠨᠢᠭᠡᠴᠢ ᠶᠢᠨ ᠭᠠᠷᠭᠠᠭᠰᠠᠨ ᠵᠥᠪᠰᠢᠶᠡᠷᠡᠯ ᠤᠨ ᠲᠣᠳᠣᠷᠬᠠᠶᠢᠯᠠᠯᠲᠠ ᠶᠢ ᠬᠠᠩᠭᠠᠬᠤ ᠬᠡᠷᠡᠭᠲᠡᠶ᠃ | | ᠳᠥᠷᠪᠡ᠂ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ | 1. ᠡᠯ᠎ᠡ ᠲᠠᠷᠢᠮᠠᠯ ᠤᠨ ᠪᠣᠯᠪᠠᠰᠤᠷᠠᠬᠤ ᠬᠤᠭᠤᠴᠠᠭ᠎ᠠ ᠨᠢ ᠵᠠᠷᠴᠢᠮ ᠳᠡᠭᠡᠷ᠎ᠡ ᠪᠠᠨ ᠨᠢᠭᠡ ᠭᠤᠶᠤᠴᠢᠯᠠᠭᠴᠢ 1 | ᠵᠦᠢᠯ ᠤᠨ ᠰᠢᠯᠭᠠᠯᠲᠠ ᠳᠤ ᠣᠷᠣᠯᠴᠠᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠦᠨ᠎ᠡ ︵ ᠳᠠᠭᠠᠯᠳᠤᠭᠤᠯᠤᠯ 1 ᠶᠢ | ᠦᠵᠡᠭᠡᠷᠡᠢ︶ ᠃ ᠪᠤᠢ ᠪᠦᠬᠦᠢ ᠲᠠᠷᠢᠮᠠᠯ ᠤᠨ ᠭᠤᠶᠤᠴᠢᠯᠠᠭᠴᠢ ᠮᠡᠳᠡᠭᠦᠯᠦᠭᠰᠡᠨ ᠡᠭᠦᠯᠳᠡᠷ ᠢ ᠵᠢᠭᠰᠠᠭᠠᠵᠤ᠂ | ᠲᠤᠷᠰᠢᠯᠲᠠ ᠳᠤ ᠣᠷᠣᠯᠴᠠᠬᠤ ᠲᠦᠷᠦᠯ ᠵᠦᠢᠯ ᠤᠯᠠᠨ ᠪᠠᠶᠢᠬᠤ ᠪᠠᠶᠢᠳᠠᠯ ᠳᠣᠣᠷ᠎ᠠ ᠵᠢᠭᠰᠠᠭᠠᠯᠲᠠ ᠶᠣᠰᠣᠭᠠᠷ | ᠲᠤᠷᠰᠢᠯᠲᠠ ᠳᠤ ᠣᠷᠣᠯᠴᠠᠬᠤ ᠲᠦᠷᠦᠯ ᠵᠦᠢᠯ ᠢ ᠲᠣᠭᠲᠠᠭᠠᠬᠤ ᠬᠡᠷᠡᠭᠲᠡᠶ᠃ | 2. ᠡᠭᠦᠯᠳᠡᠷ ᠰᠣᠩᠭᠤᠨ ᠪᠣᠶᠢᠵᠢᠭᠤᠯᠤᠭᠴᠢ ᠨᠢ ᠣᠷᠣᠨ ᠤ ᠳᠣᠲᠣᠷᠠᠬᠢ ᠡᠭᠦᠯᠳᠡᠷ ᠪᠣᠶᠢᠵᠢᠭᠤᠯᠬᠤ ᠰᠢᠨᠵᠢᠯᠡᠬᠦ | ᠤᠬᠠᠭᠠᠨ ᠤ ᠰᠤᠳᠤᠯᠤᠯ ᠤᠨ ᠰᠡᠳᠦᠪ ᠢ ᠡᠭᠦᠷᠭᠡᠯᠡᠭᠰᠡᠨ ᠪᠣᠯ᠂ ᠰᠡᠳᠦᠪ ᠤᠨ ᠬᠤᠯᠪᠣᠭᠳᠠᠯ ᠪᠦᠬᠦᠢ ᠮᠠᠲ᠋ᠧᠷᠢᠶᠠᠯ ᠢ | ᠳᠠᠭᠠᠯᠳᠤᠭᠤᠯᠬᠤ ᠬᠡᠷᠡᠭᠲᠡᠶ᠃ | 3. ᠬᠠᠮᠲᠤᠷᠠᠭᠰᠠᠨ ᠴᠣᠭᠴᠠ ᠶᠢᠨ ᠰᠢᠨ᠎ᠡ ᠪᠠᠷ ᠲᠤᠷᠰᠢᠯᠲᠠ ᠳᠤ ᠣᠷᠣᠯᠴᠠᠬᠤ ᠲᠥᠷᠥᠯ ᠵᠦᠶᠯ ᠳᠤ | ᠱᠠᠭᠠᠷᠳᠠᠭᠰᠠᠨ ᠭᠤᠶᠤᠴᠢᠯᠠᠯ ᠤᠨ ᠮᠠᠲ᠋ᠧᠷᠢᠶᠠᠯ ᠢ ᠬᠠᠩᠭᠠᠬᠤ ᠠᠴᠠ ᠭᠠᠳᠠᠨ᠎ᠠ ᠪᠠᠰᠠ ᠬᠠᠮᠲᠤᠷᠠᠭᠰᠠᠨ ᠴᠣᠭᠴᠠ ᠶᠢᠨ | ᠪᠢᠴᠢᠭ ᠤᠨ ᠬᠡᠯᠪᠡᠷᠢ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠢ ᠳᠠᠭᠠᠯᠳᠤᠭᠤᠯᠵᠤ᠂ ᠲᠦᠷᠦᠭᠦᠯᠡᠬᠦ ᠨᠢᠭᠡᠴᠢ ᠠᠴᠠ | ᠭᠤᠶᠤᠴᠢᠯᠠᠯ ᠤᠨ ᠮᠠᠲ᠋ᠧᠷᠢᠶᠠᠯ ᠢ ᠨᠢᠭᠡᠳᠦᠯᠲᠡᠶ ᠪᠠᠷ ᠰᠢᠦᠳᠠᠨ ᠢᠶᠠᠷ ᠢᠯᠡᠭᠡᠬᠦ ᠬᠡᠷᠡᠭᠲᠡᠶ᠃ | 4. ᠭᠤᠶᠤᠴᠢᠯᠠᠭᠰᠠᠨ ᠨᠢᠭᠡᠴᠢ ᠪᠠ ᠰᠣᠩᠭᠤᠨ ᠬᠥᠮᠦᠵᠢᠭᠦᠯᠬᠦ ᠨᠢᠭᠡᠴᠢ ᠨᠢ ᠴᠥᠮ ᠠᠯᠪᠠᠨ ᠲᠠᠮᠠᠭ᠎ᠠ ᠳᠠᠷᠤᠬᠤ | ᠴᠢᠬᠤᠯᠠᠲᠠᠶ᠂ ᠭᠤᠶᠤᠴᠢᠯᠠᠭᠰᠠᠨ ᠪᠤᠶᠤ ᠰᠣᠩᠭᠤᠨ ᠬᠥᠮᠦᠵᠢᠭᠦᠯᠬᠦ ᠨᠢᠭᠡᠴᠢ ᠨᠢ ᠬᠤᠶᠠᠷ ︵ ᠪᠠᠭᠲᠠᠨ᠎ᠠ ︶ ᠠᠴᠠ | ᠳᠡᠭᠡᠭᠰᠢ ᠪᠠᠶᠢᠪᠠᠯ᠂ ᠪᠣᠶ ᠪᠥᠬᠦᠶ ᠨᠢᠭᠡᠴᠢ ᠴᠥᠮ ᠲᠠᠮᠠᠭ᠎ᠠ ᠳᠠᠷᠤᠬᠤ ᠴᠢᠬᠤᠯᠠᠲᠠᠶ᠃ | 5. ᠡᠴᠦᠰ ᠤᠨ ᠲᠤᠷᠰᠢᠯᠲᠠ ᠶᠢᠨ ᠳᠤᠭᠤᠶᠢᠯᠠᠩ ᠢ ᠭᠤᠶᠤᠴᠢᠯᠠᠭᠰᠠᠨ ᠪᠠᠶᠢᠳᠠᠯ ᠢ ᠦᠨᠳᠦᠰᠦᠯᠡᠨ | ᠲᠣᠭᠲᠠᠭᠠᠨ᠎ᠠ᠃ | 6. ᠲᠤᠷᠰᠢᠯᠲᠠ ᠳᠤ ᠣᠷᠣᠯᠴᠠᠬᠤ ᠲᠥᠷᠥᠯ ᠵᠦᠶᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠷᠳᠡᠨᠢ ᠰᠢᠰᠢ᠂ ᠤᠰᠤᠨ ᠲᠤᠲᠤᠷᠭ᠎ᠠ ᠶᠢᠨ ᠲᠥᠷᠥᠯ ᠵᠦᠶᠯ ᠢ ᠬᠢᠨᠠᠨ ᠲᠣᠭᠲᠠᠭᠠᠬᠤ ᠪᠠᠷᠢᠮᠵᠢᠶ᠎ᠠ | ︵2022 ᠣᠨ ᠳᠤ ᠵᠠᠰᠠᠪᠤᠷᠢ ᠣᠷᠤᠭᠤᠯᠤᠭᠰᠠᠨ︶︾ ᠶᠢ ᠬᠡᠷᠡᠭᠵᠢᠭᠦᠯᠦᠨ᠎ᠡ᠃ | ᠲᠠᠪᠤ᠂ ᠪᠤᠰᠤᠳ ᠵᠦᠢᠯ | 1.︽ ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ ︾ ᠶᠢᠨ ᠬᠤᠷᠢᠨ ᠳᠥᠷᠪᠡᠳᠦᠭᠡᠷ | ᠵᠦᠢᠯ ᠤᠨ ᠲᠣᠭᠲᠠᠭᠠᠯ ᠶᠣᠰᠣᠭᠠᠷ ᠥᠪᠡᠰᠦᠪᠡᠨ ᠡᠭᠦᠯᠳᠡᠷ ᠤᠨ ᠲᠤᠷᠰᠢᠯᠲᠠ ᠬᠢᠬᠦ ᠳᠤ ᠬᠦᠷᠪᠡᠯ᠂ ᠲᠠᠷᠢᠬᠤ ᠠᠴᠠ | ᠡᠮᠦᠨ᠎ᠡ 30 ᠡᠳᠦᠷ ᠤᠨ ᠳᠣᠲᠣᠷ᠎ᠠ ᠬᠡᠷᠡᠭᠵᠢᠭᠦᠯᠬᠦ ᠲᠥᠰᠦᠯ ᠢᠶᠠᠨ ᠳᠡᠭᠡᠭᠰᠢ ᠮᠡᠳᠡᠭᠦᠯᠵᠦ᠂ ᠨᠥᠬᠦᠴᠡᠯ ᠳᠤ ᠨᠡᠶᠢᠴᠡᠬᠦ | ᠶᠢ ᠨᠢ ᠥᠪᠡᠷᠲᠡᠭᠡᠨ ᠵᠠᠰᠠᠬᠤ ᠣᠷᠣᠨ ᠤ ᠡᠭᠦᠯᠳᠡᠷ ᠤᠨ ᠲᠤᠷᠰᠢᠯᠲᠠ ᠶᠢᠨ ᠨᠢᠭᠡᠳᠦᠯᠲᠡᠶ ᠬᠠᠮᠢᠶᠠᠷᠤᠯᠲᠠ ᠳᠤ | ᠣᠷᠣᠭᠤᠯᠬᠤ ᠬᠡᠷᠡᠭᠲᠡᠶ᠃ | 2. ︽ ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ ︾ ᠶᠢᠨ ᠬᠤᠷᠢᠨ | ᠳᠣᠯᠣᠳᠤᠭᠠᠷ ᠵᠦᠢᠯ ᠤᠨ ᠲᠣᠭᠲᠠᠭᠠᠯ ᠶᠣᠰᠣᠭᠠᠷ᠂ ᠪᠣᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ | ᠴᠤᠭᠴᠠᠵᠢᠭᠤᠯᠤᠭᠰᠠᠨ ᠦᠷ᠎ᠡ ᠶᠢᠨ ᠠᠵᠤ ᠠᠬᠤᠶᠢᠯᠠᠯ ᠥᠪᠡᠰᠦᠪᠡᠨ ᠡᠭᠦᠯᠳᠡᠷ ᠤᠨ ᠲᠤᠷᠰᠢᠯᠲᠠ ᠬᠢᠬᠦ ᠳᠤ ᠬᠦᠷᠪᠡᠯ᠂ | ᠲᠤᠷᠰᠢᠯᠲᠠ ᠶᠢᠨ ᠬᠡᠷᠡᠭᠵᠢᠭᠦᠯᠬᠦ ᠲᠥᠰᠦᠯ ᠢ ᠲᠠᠷᠢᠬᠤ ᠠᠴᠠ ᠡᠮᠦᠨ᠎ᠡ 30 ᠡᠳᠦᠷ ᠤᠨ ᠳᠣᠲᠣᠷ᠎ᠠ ᠳᠠᠩᠰᠠᠯᠠᠭᠤᠯᠬᠤ | ᠬᠡᠷᠡᠭᠲᠡᠢ᠃ | 3. ᠲᠣᠰ ᠮᠡᠳᠡᠭᠳᠡᠯ ᠢ ᠪᠠᠭᠤᠯᠭᠠᠭᠰᠠᠨ ᠡᠳᠦᠷ ᠠᠴᠠ ᠡᠬᠢᠯᠡᠨ ᠭᠤᠶᠤᠴᠢᠯᠠᠯ ᠢ ᠭᠥᠯᠢᠶᠡᠨ ᠠᠪᠴᠤ | ᠰᠢᠶᠳᠪᠦᠷᠢᠯᠡᠵᠦ᠂ ᠭᠥᠯᠢᠶᠡᠨ ᠠᠪᠴᠤ ᠰᠢᠶᠳᠪᠦᠷᠢᠯᠡᠬᠦ ᠡᠳᠦᠷ ᠬᠤᠭᠤᠴᠠᠭ᠎ᠠ ᠨᠢ 2023 ᠣᠨ ᠤ 2 ᠰᠠᠷ᠎ᠠ ᠶᠢᠨ | 13 ᠤ ᠡᠳᠦᠷ ᠬᠦᠷᠴᠦ᠂ ᠪᠢᠴᠢᠭ ᠤᠨ ᠬᠡᠯᠪᠡᠷᠢ ᠶᠢᠨ ᠭᠤᠶᠤᠴᠢᠯᠠᠯ ᠤᠨ ᠮᠠᠲ᠋ᠧᠷᠢᠶᠠᠯ ᠢ ᠰᠢᠦᠳᠠᠨ ᠢᠶᠠᠷ ᠬᠦᠷᠭᠡᠬᠦ | ᠴᠠᠭ ᠬᠤᠭᠤᠴᠠᠭ᠎ᠠ ᠪᠠᠷ ᠪᠠᠷᠢᠮᠵᠢᠶ᠎ᠠ ᠪᠣᠯᠭᠠᠵᠤ᠂ ᠬᠤᠭᠤᠴᠠᠭ᠎ᠠ ᠦᠩᠭᠡᠷᠡᠪᠡᠯ ᠭᠥᠯᠢᠶᠡᠨ ᠠᠪᠴᠤ ᠰᠢᠶᠳᠪᠦᠷᠢᠯᠡᠬᠦ | ᠥᠬᠡᠶ᠃ | ᠵᠢᠷᠭᠤᠭ᠎ᠠ᠂ ᠬᠠᠷᠢᠯᠴᠠᠬᠤ ᠠᠷᠭ᠎ᠠ ᠪᠠ ᠬᠠᠷᠢᠯᠴᠠᠬᠤ ᠬᠠᠶ᠋ᠢᠭ | ᠡᠷᠳᠡᠨᠢ ᠰᠢᠰᠢ᠄ ᠼᠦᠢ ᠰᠢᠶᠣᠤ ᠬᠤᠩ ᠂ ᠯᠢ ᠰᠢᠨ | ᠪᠤᠭᠤᠳᠠᠢ᠂ ᠤᠰᠤᠨ ᠲᠤᠲᠤᠷᠭ᠎ᠠ᠄ ᠰᠦᠨ ᠢᠦᠢ ᠶᠠᠨ | ᠰᠢᠷ᠎ᠠ ᠪᠤᠷᠴᠠᠭ᠂ ᠬᠥᠪᠥᠩ᠄ ᠹᠦ᠋ ᠰᠢᠶᠣᠤ ᠬᠤᠸᠠ | ᠨᠢᠭᠡᠴᠢ ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠵᠦᠶᠯ ᠢ ᠬᠢᠨᠠᠨ | ᠲᠣᠭᠲᠠᠭᠠᠬᠤ ᠺᠣᠮᠢᠰ ᠤᠨ ᠠᠯᠪᠠᠨ ᠬᠡᠷ | ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠥᠯᠥᠨ ᠬᠤᠶᠢᠲᠤ ᠵᠠᠮ | ᠤᠨ 13 ᠳ᠋ᠤᠭᠠᠷ ᠨᠣᠮᠧᠷ | ᠰᠢᠦᠳᠠᠨ ᠳ᠋ᠤᠭᠠᠷ᠄ 010010 | ᠬᠠᠷᠢᠯᠴᠠᠬᠤ ᠤᠲᠠᠰᠤ᠄ 0471 - 6285043 | | ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠠᠷᠢᠮᠠᠯ | ᠤᠨ ᠡᠭᠦᠯᠳᠡᠷ ᠤᠨ ᠲᠤᠷᠰᠢᠯᠲᠠ ᠬᠢᠬᠦ ᠪᠠᠷ ᠪᠠᠶᠢᠭ᠎ᠠ ᠳᠤᠭᠤᠶᠢᠯᠠᠩ | 2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠪᠣᠯᠬᠤ ᠲᠠᠷᠢᠮᠠᠯ ᠤᠨ ᠵᠦᠶᠯ ᠤᠨ | ᠲᠤᠷᠰᠢᠯᠲᠠ ᠶᠢᠨ ᠭᠤᠶᠤᠴᠢᠯᠠᠯ ᠤᠨ ᠬᠦᠰᠦᠨᠦᠭᠲᠦ | 3. ᠡᠭᠦᠯᠳᠡᠷ ᠰᠣᠩᠭᠤᠨ ᠪᠣᠶᠢᠵᠢᠭᠤᠯᠤᠭᠰᠠᠨ ᠮᠡᠳᠡᠭᠦᠯᠦᠯᠲᠡ | 4. ᠲᠦᠷᠦᠯ ᠵᠦᠢᠯ ᠢ ᠠᠳᠠᠯᠢᠳᠬᠠᠬᠤ ᠲᠤᠷᠰᠢᠯᠲᠠ ᠶᠢᠨ ᠱᠠᠭᠠᠷᠳᠠᠯᠭ᠎ᠠ | 5. ᠭᠧᠨ ᠰᠢᠯᠵᠢᠭᠦᠯᠦᠭᠰᠡᠨ ᠪᠤᠰᠤ ᠡᠭᠦᠯᠳᠡᠷ ᠤᠨ ᠠᠮᠠᠯᠠᠯᠲᠠ ᠶᠢᠨ ᠪᠢᠴᠢᠭ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ | ᠡᠭᠦᠯᠳᠡᠷ ᠢ ᠬᠢᠨᠠᠨ ᠲᠣᠭᠲᠠᠭᠠᠬᠤ ᠺᠣᠮᠢᠰ ᠤᠨ ᠠᠯᠪᠠᠨ ᠬᠡᠷ | 2023 ᠣᠨ ᠤ 1 ᠰᠠᠷ᠎ᠠ ᠶᠢᠨ 13 ᠤ ᠡᠳᠦᠷ | | |