内蒙古自治区农牧厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠬᠢᠨᠠᠨ ᠲᠣᠭᠲᠠᠭᠠᠯᠲᠠ ᠶᠢᠨ ᠦᠨᠡᠮᠯᠡᠯ ᠬᠡᠷᠡᠭᠵᠢᠭᠦᠯᠦᠭᠰᠡᠨ ᠤ ᠳᠠᠷᠠᠭᠠᠬᠢ ᠬᠢᠨᠠᠯᠲᠠ ᠲᠠᠯᠪᠢᠭᠰᠠᠨ ᠦᠷ᠎ᠡ ᠳ᠋ᠦᠩ ᠤᠨ ᠲᠤᠬᠠᠢ ᠮᠡᠳᠡᠭᠡᠯᠡᠯ
        ᠨᠡᠶᠢᠲᠡᠯᠡᠭᠰᠡᠨ ᠴᠠᠭ᠄
        2023/1/20
        ᠬᠤᠯᠪᠣᠭᠳᠠᠯ ᠪᠦᠬᠦᠢ ᠨᠢᠭᠡᠴᠢ ᠨᠦᠭᠦᠳ ᠄      ︽ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠬᠢᠨᠠᠨ ᠲᠣᠭᠲᠠᠭᠠᠯᠲᠠ ᠶᠢᠨ ᠬᠡᠷᠡᠭᠵᠢᠭᠦᠯᠬᠦ ᠠᠷᠭ᠎ᠠ︾ ︵ᠳᠣᠷᠣᠭᠰᠢ ︽ᠬᠢᠨᠠᠨ ᠲᠣᠭᠲᠠᠭᠠᠬᠤ ᠠᠷᠭ᠎ᠠ︾ ᠭᠡᠵᠦ ᠲᠣᠪᠴᠢᠯᠠᠨ᠎ᠠ︶᠂ ︽ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠠᠵᠢᠯ ᠤᠨ ᠵᠢᠷᠤᠮᠵᠢᠯ︾ ︵ᠳᠣᠷᠣᠭᠰᠢ ︽ᠠᠵᠢᠯ ᠤᠨ ᠵᠢᠷᠤᠮᠵᠢᠯ︾ ᠭᠡᠵᠦ ᠲᠣᠪᠴᠢᠯᠠᠨ᠎ᠠ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠬᠢᠨᠠᠨ ᠲᠣᠭᠲᠠᠭᠠᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠳᠣᠷᠣᠭᠰᠢ ︽ᠬᠡᠷᠡᠭᠵᠢᠭᠦᠯᠬᠦ ᠨᠠᠷᠢᠨ ᠳᠦᠷᠢᠮ︾ ᠭᠡᠵᠦ ᠲᠣᠪᠴᠢᠯᠠᠨ᠎ᠠ︶ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠢ  ᠦᠨᠳᠦᠰᠦᠯᠡᠨ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠥᠷᠲᠡᠭᠡ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠬᠢᠨᠠᠨ ᠲᠣᠭᠲᠠᠭᠠᠯᠲᠠ ᠶᠢᠨ ᠦᠨᠡᠮᠯᠡᠯ ᠤᠨ ᠳᠠᠷᠠᠭᠠᠬᠢ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠡᠳᠦᠭᠡ ᠬᠤᠯᠪᠣᠭᠳᠠᠯ ᠪᠦᠬᠦᠢ ᠪᠠᠶᠢᠳᠠᠯ  ᠢ ᠳᠣᠣᠷᠠᠬᠢ ᠮᠡᠲᠦ ᠮᠡᠳᠡᠭᠳᠡᠶ᠎ᠡ ᠃      ᠨᠢᠭᠡ᠂ ᠦᠨᠳᠦᠰᠦᠨ ᠪᠠᠶᠢᠳᠠᠯ      ᠲᠣᠰ ᠤᠳᠠᠭᠠᠨ ᠤ ᠦᠨᠡᠮᠯᠡᠯ ᠤᠨ ᠳᠠᠷᠠᠭᠠᠬᠢ ᠬᠢᠨᠠᠯᠲᠠ ᠳᠤ ︽ᠬᠤᠣᠰ ᠲᠠᠰᠢᠷᠠᠮ︾ ᠤᠨ ᠱᠠᠭᠠᠷᠳᠠᠯᠭ᠎ᠠ ᠶᠣᠰᠣᠭᠠᠷ᠂ ᠦᠨᠡᠮᠯᠡᠯ ᠤᠨ ᠳᠠᠷᠠᠭᠠᠬᠢ ᠬᠢᠨᠠᠯᠲᠠ ᠶᠢᠨ ᠡᠲᠡᠭᠡᠳ ᠵᠢᠴᠢ ᠬᠥᠮᠥᠰ ᠢ ᠲᠣᠬᠢᠶᠠᠯᠳᠤᠯ ᠢᠶᠠᠷ ᠰᠣᠩᠭᠤᠨ ᠠᠪᠴᠤ᠂ ᠲᠣᠭᠲᠠᠭᠠᠭᠰᠠᠨ ᠦᠨᠡᠮᠯᠡᠯ ᠤᠨ ᠳᠠᠷᠠᠭᠠᠬᠢ ᠬᠢᠨᠠᠯᠲᠠ ᠶᠢᠨ ᠠᠭᠤᠯᠭ᠎ᠠ ᠵᠢᠴᠢ ᠠᠷᠭ᠎ᠠ ᠶᠢᠨ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃      ︵ ᠨᠢᠭᠡ ︶ ᠬᠢᠨᠠᠯᠲᠠ ᠬᠦᠯᠢᠶᠡᠭᠴᠢ      ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠲᠤᠰᠬᠠᠢ ᠵᠦᠢᠯ ᠤᠨ ᠬᠢᠨᠠᠯᠲᠠ ᠲᠠᠯᠪᠢᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠥᠷᠨᠢᠭᠦᠯᠦᠨ᠎ᠡ᠃ ᠡᠳᠦᠷ ᠲᠤᠲᠤᠮ ᠤᠨ ᠬᠢᠨᠠᠯᠲᠠ ᠲᠠᠯᠪᠢᠯᠲᠠ ᠳᠤ 2020 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠥᠷᠲᠡᠭᠡᠨ ᠤ ᠬᠢᠨᠠᠨ ᠣᠯᠭᠤᠭᠰᠠᠨ 300 ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠬᠢᠨᠠᠨ ᠲᠣᠭᠲᠠᠭᠠᠯᠲᠠ ᠶᠢᠨ ᠦᠨᠡᠮᠯᠡᠯ ᠤᠨ ᠳᠣᠲᠣᠷ᠎ᠠ ᠠᠴᠠ 13 ᠠᠵᠤ ᠠᠬᠤᠶᠢᠯᠠᠯ ᠤᠨ 16 ᠦᠨᠡᠮᠯᠡᠯ ᠢ ᠰᠣᠩᠭᠤᠨ ᠲᠣᠭᠲᠠᠭᠠᠭᠰᠠᠨ ᠪᠠᠶᠢᠨ᠎ᠠ᠃ ᠲᠤᠰᠬᠠᠢ ᠬᠢᠨᠠᠯᠲᠠ ᠲᠠᠯᠪᠢᠯᠲᠠ ᠳᠤ ᠶᠠᠰᠤ ᠴᠢᠨᠠᠷ ᠤᠨ ᠪᠠᠶᠢᠴᠠᠭᠠᠯᠲᠠ ᠶᠢᠨ ᠦᠷ᠎ᠡ ᠳ᠋ᠦᠩ ᠪᠠ ᠬᠢᠨᠠᠨ ᠲᠣᠭᠲᠠᠭᠠᠵᠤ ᠦᠨᠡᠮᠯᠡᠯ ᠰᠣᠯᠢᠬᠤ ᠠᠯᠤᠰ ᠵᠠᠢ ᠶᠢᠨ ᠪᠠᠶᠢᠴᠠᠭᠠᠯᠲᠠ ᠶᠢ ᠳᠡᠯᠭᠡᠷᠡᠭᠦᠯᠦᠭᠰᠡᠨ ᠪᠠᠶᠢᠳᠠᠯ ᠢ ᠦᠨᠳᠦᠰᠦᠯᠡᠨ 2 ᠠᠵᠤ ᠠᠬᠤᠶᠢᠯᠠᠯ ᠤᠨ 2 ᠬᠤᠪᠢ ᠦᠨᠡᠮᠯᠡᠯ ᠢ ᠲᠣᠭᠲᠠᠭᠠᠵᠠᠢ᠃      ︵ᠬᠤᠶᠠᠷ︶ ᠬᠢᠨᠠᠯᠲᠠ ᠲᠠᠯᠪᠢᠭᠴᠢ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠥᠷᠲᠡᠭᠡᠨ ᠤ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ  ᠬᠢᠨᠠᠨ ᠲᠣᠭᠲᠠᠭᠠᠬᠤ ᠠᠵᠢᠯ ᠤᠨ ᠬᠢᠷᠢ ᠬᠡᠮ ᠲᠠᠢ ᠬᠥᠮᠥᠰ ᠤᠨ ᠳᠣᠲᠣᠷ᠎ᠠ ᠠᠴᠠ ᠲᠣᠰ ᠲᠣᠰ 4 ᠬᠢᠨᠠᠯᠲᠠ ᠲᠠᠯᠪᠢᠬᠤ ᠳᠤᠭᠤᠶᠢᠯᠠᠩ ᠤᠨ ᠳᠠᠷᠤᠭ᠎ᠠ ᠪᠠ 4 ᠬᠢᠨᠠᠯᠲᠠ ᠲᠠᠯᠪᠢᠬᠤ ᠳᠤᠭᠤᠶᠢᠯᠠᠩ ᠤᠨ ᠭᠡᠰᠢᠭᠦᠨ ᠢ ᠰᠣᠩᠭᠤᠨ ᠠᠪᠴᠠᠢ ᠃      ︵ ᠭᠤᠷᠪᠠ ︶ ᠬᠢᠨᠠᠯᠲᠠ ᠲᠠᠯᠪᠢᠭᠰᠠᠨ ᠠᠭᠤᠯᠭ᠎ᠠ      1.ᠦᠢᠯᠡᠳᠪᠦᠷᠢᠯᠡᠭᠴᠢ ᠶᠢᠨ ᠨᠡᠷᠡᠶᠢᠳᠦᠯ ᠂ ᠬᠠᠶ᠋ᠢᠭ ᠤᠨ ᠨᠢᠭᠡᠳᠦᠯᠲᠦ ᠴᠢᠨᠠᠷ      2.ᠦᠨᠡᠮᠯᠡᠯ ᠣᠯᠣᠭᠰᠠᠨ ᠦᠢᠯᠡᠳᠬᠦᠨ ᠤ ᠨᠢᠭᠡᠳᠦᠯᠲᠦ ᠴᠢᠨᠠᠷ      3.ᠦᠨᠡᠮᠯᠡᠯ ᠪᠠ ᠲᠡᠮᠳᠡᠭ ᠢ ᠬᠡᠷᠡᠭᠯᠡᠭᠰᠡᠨ ᠪᠠᠶᠢᠳᠠᠯ      ︵ᠳᠥᠷᠪᠡ︶ ᠬᠢᠨᠠᠯᠲᠠ ᠲᠠᠯᠪᠢᠭᠰᠠᠨ ᠠᠷᠭ᠎ᠠ      ᠬᠠᠮᠢᠶ᠎ᠠ ᠪᠦᠬᠦᠢ ᠲᠡᠮᠳᠡᠭᠯᠡᠯ ᠢ ᠲᠤᠬᠠᠢ ᠶᠢᠨ ᠲᠠᠯᠠᠪᠤᠷ ᠲᠤᠨᠢ ᠰᠢᠯᠵᠢᠭᠦᠯᠦᠨ ᠦᠵᠡᠵᠦ ᠬᠢᠨᠠᠨ ᠪᠠᠶᠢᠴᠠᠭᠠᠬᠤ ᠪᠠ ᠥᠯᠢᠭᠡᠷ ᠮᠠᠰᠢᠨ ᠢ ᠬᠠᠷᠭᠤᠭᠤᠯᠤᠨ ᠬᠡᠮᠵᠢᠬᠦ ᠶᠢ ᠬᠠᠷᠢᠯᠴᠠᠨ ᠤᠶᠠᠯᠳᠤᠭᠤᠯᠬᠤ ᠠᠷᠭ᠎ᠠ  ᠪᠠᠷ ᠶᠠᠪᠤᠭᠳᠠᠭᠤᠯᠪᠠ ᠃      ᠬᠤᠶᠠᠷ᠂ ᠬᠢᠨᠠᠯᠲᠠ ᠲᠠᠯᠪᠢᠭᠰᠠᠨ ᠦᠷ᠎ᠡ ᠳ᠋ᠦᠩ      2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠬᠢᠨᠠᠨ ᠲᠣᠭᠲᠠᠭᠠᠯᠲᠠ ᠶᠢᠨ ᠦᠨᠡᠮᠯᠡᠯ ᠣᠯᠣᠭᠰᠠᠨ ᠤ ᠳᠠᠷᠠᠭᠠᠬᠢ ᠬᠢᠨᠠᠯᠲᠠ ᠲᠠᠯᠪᠢᠭᠰᠠᠨ ᠨᠢ ᠨᠡᠶᠢᠲᠡ 15 ᠠᠵᠤ ᠠᠬᠤᠶᠢᠯᠠᠯ ᠤᠨ 18 ᠦᠢᠯᠡᠳᠬᠦᠨ ᠳᠤ ᠬᠤᠯᠪᠣᠭᠳᠠᠵᠤ᠂ ᠡᠭᠦᠨ ᠳᠤ ᠬᠢᠨᠠᠯᠲᠠ ᠲᠠᠯᠪᠢᠭᠰᠠᠨ ᠳ᠋ᠦᠩᠨᠡᠯᠲᠡ  ᠨᠢ 17 ︽ᠬᠢᠷᠢ ᠲᠡᠩᠴᠡᠭᠰᠡᠨ︾ ᠪᠠ ︽ᠴᠡᠭᠴᠡᠯᠡᠨ ᠥᠭᠡᠷᠡᠴᠢᠯᠡᠵᠦ ᠨᠤᠲᠠᠯᠠᠭᠰᠠᠨ ᠤ ᠳᠠᠷᠠᠭ᠎ᠠ ᠬᠢᠷᠢ ᠲᠡᠩᠴᠡᠭᠰᠡᠨ︾ ᠪᠠᠶᠢᠵᠤ᠂ 94.4% ᠶᠢ ᠡᠵᠡᠯᠡᠪᠡ︔ 1 ᠬᠢᠷᠢ ᠲᠡᠩᠴᠡᠭᠰᠡᠨ ᠦᠭᠡᠢ ᠪᠠᠶᠢᠵᠤ᠂ 5.6% ᠶᠢ ᠡᠵᠡᠯᠡᠪᠡ᠃      ᠭᠤᠷᠪᠠ᠂ ᠢᠯᠡᠷᠡᠭᠦᠯᠦᠭᠰᠡᠨ ᠭᠤᠣᠯ ᠠᠰᠠᠭᠤᠳᠠᠯ      ᠨᠢᠭᠡ ᠳᠤ ᠬᠡᠰᠡᠭ ᠠᠵᠤ ᠠᠬᠤᠶᠢᠯᠠᠯ ᠲᠣᠭᠲᠠᠭᠰᠠᠨ ᠴᠠᠭ ᠤᠨ ᠳᠣᠲᠣᠷ᠎ᠠ ᠦᠯᠢᠭᠡᠷ ᠮᠠᠰᠢᠨ ᠬᠠᠩᠭᠠᠬᠤ ᠶᠢᠨ ᠠᠷᠭ᠎ᠠ ᠦᠭᠡᠢ ᠪᠠᠶᠢᠨ᠎ᠠ ︔ ᠬᠤᠶᠠᠷ ᠲᠤ ᠬᠡᠰᠡᠭ ᠠᠵᠤ ᠠᠬᠤᠶᠢᠯᠠᠯ ᠤᠨ ᠦᠢᠯᠡᠳᠬᠦᠨ ᠤ ᠦᠨᠡᠮᠯᠡᠯ ᠤᠨ ᠬᠤᠪᠢᠷᠠᠯᠲᠠ ᠶᠢᠨ ᠬᠤᠭᠤᠴᠠᠭᠠᠲᠤ ᠴᠢᠨᠠᠷ ᠨᠢ ᠠᠨᠠᠢ ᠪᠠᠶᠢᠵᠤ ᠂ ᠬᠤᠪᠢᠷᠠᠭᠤᠯᠤᠭᠰᠠᠨ ᠤ ᠳᠠᠷᠠᠭᠠᠬᠢ ᠳᠡᠯᠭᠡᠷᠡᠭᠦᠯᠬᠦ ᠬᠢᠨᠠᠨ ᠲᠣᠭᠲᠠᠭᠠᠯᠲᠠ ᠶᠢᠨ ᠦᠨᠡᠮᠯᠡᠯ ᠢ ᠴᠠᠭ ᠲᠤᠬᠠᠢ ᠳᠤᠨᠢ ᠬᠠᠩᠭᠠᠵᠤ ᠳᠡᠶᠢᠯᠬᠦ ᠦᠭᠡᠢ ᠪᠠᠶᠢᠨ᠎ᠠ ᠃      ᠳᠥᠷᠪᠡ᠂ ᠦᠨᠡᠮᠯᠡᠯ  ᠬᠡᠷᠡᠭᠵᠢᠭᠦᠯᠦᠭᠰᠡᠨ ᠤ ᠲᠠᠷᠠᠭᠠᠬᠢ ᠬᠢᠨᠠᠯᠲᠠ ᠲᠠᠯᠪᠢᠭᠰᠠᠨ ᠦᠷ᠎ᠡ ᠳ᠋ᠦᠩ ᠤᠨ ᠰᠢᠳᠪᠦᠷᠢᠯᠡᠯᠳᠡ      ︽ᠠᠵᠢᠯ ᠤᠨ ᠵᠢᠷᠤᠮᠵᠢᠯ︾ ᠪᠠ ︽ᠬᠡᠷᠡᠭᠵᠢᠭᠦᠯᠬᠦ ᠨᠠᠷᠢᠨ ᠳᠦᠷᠢᠮ︾ ᠤᠨ ᠱᠠᠭᠠᠷᠳᠠᠯᠭ᠎ᠠ ᠶᠣᠰᠣᠭᠠᠷ᠂ ᠦᠨᠡᠮᠯᠡᠯ ᠬᠡᠷᠡᠭᠵᠢᠭᠦᠯᠦᠭᠰᠡᠨ ᠤ ᠳᠠᠷᠠᠭ᠎ᠠ ᠬᠢᠨᠠᠯᠲᠠ ᠲᠠᠯᠪᠢᠭᠰᠠᠨ ᠳ᠋ᠦᠩᠨᠡᠯᠲᠡ ᠨᠢ ︽ᠬᠢᠷᠢ ᠲᠡᠩᠴᠡᠭᠰᠡᠨ︾ ᠪᠤᠶᠤ ︽ᠴᠡᠭᠴᠡᠯᠡᠨ ᠥᠭᠡᠷᠡᠴᠢᠯᠡᠵᠦ ᠨᠤᠲᠠᠯᠠᠭᠰᠠᠨ ᠤ ᠳᠠᠷᠠᠭ᠎ᠠ ᠬᠢᠷᠢ ᠲᠡᠩᠴᠡᠭᠰᠡᠨ︾ ᠪᠠᠶᠢᠪᠠᠯ᠂ ᠲᠡᠭᠦᠨ ᠤ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠭᠰᠠᠨ ᠦᠨᠡᠮᠯᠡᠯ ᠢ ᠬᠦᠴᠦᠨ ᠲᠠᠢ ᠪᠠᠶᠢᠯᠭᠠᠨ᠎ᠠ ︵ᠳᠠᠭᠠᠯᠳᠤᠭᠤᠯᠤᠯ ᠳᠤ ᠦᠵᠡᠭᠡᠷᠡᠢ ︶︔ ᠦᠨᠡᠮᠯᠡᠯ ᠬᠡᠷᠡᠭᠵᠢᠭᠦᠯᠦᠭᠰᠡᠨ ᠤ ᠳᠠᠷᠠᠭᠠᠬᠢ ᠬᠢᠨᠠᠯᠲᠠ ᠶᠢᠨ ᠳ᠋ᠦᠩᠨᠡᠯᠲᠡ ᠨᠢ ︽ ᠬᠢᠷᠢ ᠲᠡᠩᠴᠡᠭᠰᠡᠨ ᠦᠭᠡᠢ ︾ ᠪᠠᠶᠢᠪᠠᠯ ᠂ ︽ ᠠᠵᠢᠯ ᠤᠨ ᠵᠢᠷᠤᠮᠵᠢᠯ ︾ ᠤᠨ ᠭᠤᠴᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠂ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠯᠲᠠ ᠶᠢᠨ ᠦᠨᠡᠮᠯᠡᠯ ᠢ ᠬᠦᠴᠦᠨ ᠦᠭᠡᠢ ᠪᠣᠯᠭᠠᠨ᠎ᠠ ᠃      ᠳᠠᠭᠠᠯᠳᠤᠭᠤᠯᠤᠯ : 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠬᠢᠨᠠᠨ ᠲᠣᠭᠲᠠᠭᠠᠯᠲᠠ ᠶᠢᠨ ᠦᠨᠡᠮᠯᠡᠯ ᠢ ᠬᠡᠷᠡᠭᠵᠢᠭᠦᠯᠦᠭᠰᠡᠨ ᠤ ᠳᠠᠷᠠᠭᠠᠬᠢ ᠬᠢᠨᠠᠯᠲᠠ ᠶᠢᠨ ᠦᠷ᠎ᠡ ᠳ᠋ᠦᠩ                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                         ᠮᠠᠯ ᠠᠵᠤ ᠠᠬᠤᠢ ᠶᠢᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠦᠷᠲᠡᠭᠡ                               2023 ᠣᠨ ᠤ 1 ᠰᠠᠷ᠎ᠠ ᠶᠢᠨ 18 ᠤ ᠡᠳᠦᠷ 
         
        ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
         
         
        ᠬᠠᠮᠢᠶ᠎ᠠ ᠪᠥᠬᠦᠢ ᠰᠤᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号