ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠲᠣᠪᠴᠢᠶ᠎ᠠ᠂ | ᠬᠤᠯᠪᠣᠭᠳᠠᠯ ᠪᠦᠬᠦᠢ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ᠄ | ᠲᠠᠷᠢᠶᠠᠯᠠᠩ ᠮᠠᠯ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠱᠠᠭᠠᠷᠳᠠᠯᠭ᠎ᠠ ᠳᠤ ᠵᠣᠬᠢᠴᠠᠭᠤᠯᠵᠤ ᠂ | ᠮᠠᠨ ᠤ ᠣᠷᠣᠨ ᠤ ᠦᠨᠳᠦᠰᠦᠨ ᠱᠠᠲᠤᠨ ᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ | ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠦᠯᠦᠭᠡ ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 2022 ᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ | ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ ᠠᠵᠢᠯ ᠤᠨ | ᠬᠡᠷᠡᠭᠵᠢᠭᠦᠯᠬᠦ ᠲᠥᠰᠥᠯ︾ ︵ᠥᠪᠥᠷ ᠲᠠᠷᠢᠶᠠᠯᠠᠩ ᠮᠠᠯ ᠶᠠᠰᠤ ᠴᠢᠨᠠᠷ ᠲᠠᠷᠬᠠᠭᠠᠭᠰᠠᠨ ﹇2022﹈ 514 ᠳ᠋ᠤᠭᠡᠷ | ᠲᠣᠭᠠᠲᠤ︶ ᠤᠨ ᠲᠣᠬᠢᠷᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠠᠷᠢᠶᠠᠯᠠᠩ ᠤᠨ ᠪᠦᠲᠦᠭᠡᠭᠳᠡᠬᠦᠨ ᠤ | ᠳᠣᠲᠣᠷᠠᠬᠢ ᠲᠠᠷᠢᠶᠠᠨ ᠡᠮ ᠤᠨ ᠦᠯᠡᠳᠡᠭᠳᠡᠯ ᠪᠠ ᠬᠦᠨᠳᠦ ᠲᠡᠮᠦᠷᠯᠢᠭ ᠤᠨ ᠪᠣᠬᠢᠷᠳᠤᠯ ᠪᠣᠳᠠᠰ᠂ ᠮᠠᠯ ᠵᠢᠭᠦᠷᠲᠡᠨ ᠤ | ᠠᠰᠢᠭ ᠰᠢᠮ᠎ᠡ ᠶᠢᠨ ᠳᠣᠲᠣᠷᠠᠬᠢ ᠮᠠᠯ ᠤᠨ ᠡᠮ ᠪᠠ ᠴᠠᠭᠠᠵᠠ ᠶᠢ ᠵᠦᠷᠢᠴᠡᠭᠰᠡᠨ ᠨᠡᠮᠡᠯᠲᠡ ᠡᠳ᠋ ᠤᠨ ᠦᠯᠡᠳᠡᠭᠳᠡᠯ᠂ | ᠤᠰᠤᠨ ᠭᠠᠷᠤᠯᠲᠠ ᠶᠢᠨ ᠳᠣᠲᠣᠷᠠᠬᠢ ᠡᠮ ᠤᠨ ᠦᠯᠡᠳᠡᠭᠳᠡᠯ ᠵᠡᠷᠭᠡ ᠳᠥᠷᠪᠡᠨ ᠲᠥᠷᠥᠯ ᠵᠦᠢᠯ ᠤᠨ ᠲᠥᠷᠥᠯ | ᠢᠯᠭᠠᠯ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠴᠢᠳᠠᠪᠤᠷᠢ ᠶᠢ ᠰᠢᠯᠭᠠᠨ | ᠪᠠᠲᠤᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠣᠳᠣᠬᠠᠨ ᠳᠤ᠂ ᠪᠥᠬᠦ ᠴᠢᠳᠠᠪᠤᠷᠢ ᠶᠢ ᠰᠢᠯᠭᠠᠨ | ᠪᠠᠲᠤᠯᠠᠵᠤ ᠰᠢᠯᠭᠠᠨ ᠬᠢᠨᠠᠬᠤ ᠪᠠ ᠦᠷ᠎ᠡ ᠳ᠋ᠦᠩ ᠢ ᠵᠠᠳᠠᠯᠬᠤ ᠠᠵᠢᠯ ᠢ ᠨᠢᠭᠡᠨᠲᠡ ᠪᠡᠶᠡᠯᠡᠭᠦᠯᠪᠡ᠂ ᠡᠳᠦᠭᠡ | ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠵᠠᠷᠯᠠᠪᠠ ᠃ | ᠨᠢᠭᠡ᠂ ᠣᠷᠣᠯᠴᠠᠭᠰᠠᠨ ᠪᠠᠶᠢᠳᠠᠯ | ᠪᠥᠬᠦ ᠣᠷᠣᠨ ᠤ ᠴᠢᠳᠠᠪᠤᠷᠢ ᠶᠢ ᠰᠢᠯᠭᠠᠨ ᠪᠠᠲᠤᠯᠠᠬᠤ ᠳᠤ ᠣᠷᠤᠯᠴᠠᠬᠤ ᠶᠣᠰᠣᠲᠠᠢ ᠪᠠᠶᠢᠴᠠᠭᠠᠨ ᠬᠡᠮᠵᠢᠬᠦ | ᠪᠠᠶᠢᠭᠤᠯᠤᠮᠵᠢ 67 ᠪᠠᠶᠢᠵᠤ᠂ ᠪᠣᠳᠠᠲᠠᠢ ᠣᠷᠣᠯᠴᠠᠭᠰᠠᠨ ᠪᠠᠶᠢᠭᠤᠯᠤᠮᠵᠢ 56 ᠪᠤᠢ ᠂ 83.58% ᠶᠢ ᠡᠵᠡᠯᠡᠵᠦ᠂ | ᠴᠢᠳᠠᠪᠤᠷᠢ ᠶᠢ ᠰᠢᠯᠭᠠᠨ ᠪᠠᠲᠤᠯᠠᠬᠤ ᠳᠤ ᠣᠷᠣᠯᠴᠠᠭᠰᠠᠨ ᠦᠭᠡᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠨᠡᠷᠡᠰ ᠢ | ᠳᠠᠭᠠᠯᠳᠤᠭᠤᠯᠤᠯ 1 ᠳᠤ ᠦᠵᠡᠭᠡᠷᠡᠢ᠃ ᠴᠢᠳᠠᠪᠤᠷᠢ ᠶᠢ ᠰᠢᠯᠭᠠᠨ ᠪᠠᠲᠤᠯᠠᠬᠤ ᠳᠤ ᠣᠷᠣᠯᠴᠠᠭᠰᠠᠨ ᠪᠠᠶᠢᠴᠠᠭᠠᠨ ᠬᠡᠮᠵᠢᠬᠦ | ᠪᠠᠶᠢᠭᠤᠯᠤᠮᠵᠢ ᠶᠢᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ 1᠂ | ᠠᠶᠢᠮᠠᠭ ᠬᠤᠲᠠ ᠶᠢᠨ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ 10᠂ ᠬᠤᠰᠢᠭᠤ ᠰᠢᠶᠠᠨ ᠤ ᠱᠠᠲᠤᠨ ᠤ | ᠪᠠᠶᠢᠴᠠᠭᠠᠨ ᠬᠡᠮᠵᠢᠬᠦ ᠪᠠᠶᠢᠭᠤᠯᠤᠮᠵᠢ 33᠂ ᠭᠤᠷᠪᠠᠳᠠᠭᠢ ᠡᠲᠡᠭᠡᠳ ︵ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠰᠢᠰᠲ᠋ᠧᠮ ᠤᠨ ᠭᠠᠳᠠᠨᠠᠬᠢ ᠶᠢ ᠪᠠᠭᠲᠠᠭᠠᠨ᠎ᠠ ︶ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ 12 ᠪᠣᠶ᠃ ᠡᠭᠦᠨ ᠳᠤ 51 | ᠪᠠᠶᠢᠴᠠᠭᠠᠨ ᠬᠡᠮᠵᠢᠬᠦ ᠪᠠᠶᠢᠭᠤᠯᠤᠮᠵᠢ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠲᠠᠷᠢᠶᠠᠨ ᠡᠮ ᠤᠨ | ᠦᠯᠡᠳᠡᠭᠳᠡᠯ ᠢ ᠪᠠᠶᠢᠴᠠᠭᠠᠨ ᠬᠡᠮᠵᠢᠬᠦ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠵᠤ᠂ 20 ᠪᠠᠶᠢᠴᠠᠭᠠᠨ | ᠬᠡᠮᠵᠢᠬᠦ ᠪᠠᠶᠢᠭᠤᠯᠤᠮᠵᠢ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠬᠦᠨᠳᠦ ᠲᠡᠮᠦᠷᠯᠢᠭ ᠤᠨ ᠪᠣᠬᠢᠷᠳᠤᠯ | ᠪᠣᠳᠠᠰ ᠢ ᠪᠠᠶᠢᠴᠠᠭᠠᠨ ᠬᠡᠮᠵᠢᠬᠦ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠵᠤ ᠂ 27 ᠪᠠᠶᠢᠴᠠᠭᠠᠨ ᠬᠡᠮᠵᠢᠬᠦ | ᠪᠠᠶᠢᠭᠤᠯᠤᠮᠵᠢ ᠮᠠᠯ ᠵᠢᠭᠦᠷᠲᠡᠨ ᠤ ᠪᠦᠲᠦᠭᠡᠭᠳᠡᠬᠦᠨ ᠤ ᠳᠣᠲᠣᠷᠠᠬᠢ ᠮᠠᠯ ᠤᠨ ᠡᠮ ᠪᠠ ᠴᠠᠭᠠᠵᠠ ᠶᠢ ᠵᠥᠷᠢᠴᠡᠭᠰᠡᠨ | ᠨᠡᠮᠡᠯᠲᠡ ᠡᠳ᠋ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠵᠤ ᠂ | 16 ᠪᠠᠶᠢᠴᠠᠭᠠᠨ ᠬᠡᠮᠵᠢᠬᠦ ᠪᠠᠶᠢᠭᠤᠯᠤᠮᠵᠢ ᠤᠰᠤᠨ ᠭᠠᠷᠤᠯᠲᠠ ᠶᠢᠨ ᠳᠣᠲᠣᠷᠠᠬᠢ ᠡᠮ ᠤᠨ ᠦᠯᠡᠳᠡᠭᠳᠡᠯ ᠢ ᠪᠠᠶᠢᠴᠠᠭᠠᠨ | ᠬᠡᠮᠵᠢᠬᠦ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠪᠠ ᠃ ᠴᠢᠳᠠᠪᠤᠷᠢ ᠶᠢ ᠰᠢᠯᠭᠠᠨ ᠪᠠᠲᠤᠯᠠᠭᠰᠠᠨ ᠦᠷ᠎ᠡ | ᠳ᠋ᠦᠩ ᠢ ᠳᠠᠭᠠᠯᠳᠤᠭᠤᠯᠤᠯ 2 ᠲᠤ ᠨᠠᠷᠢᠪᠴᠢᠯᠠᠨ ᠦᠵᠡᠭᠡᠷᠡᠢ᠃ | ᠬᠤᠶᠠᠷ᠂ ᠰᠢᠯᠭᠠᠨ ᠬᠢᠨᠠᠭᠰᠠᠨ ᠠᠷᠭ᠎ᠠ ᠪᠠ ᠦᠷ᠎ᠡ ᠳ᠋ᠦᠩ | ︵ ᠨᠢᠭᠡ ︶ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ | ᠬᠡᠮᠵᠢᠬᠦ ᠴᠢᠳᠠᠪᠤᠷᠢ ᠶᠢ ᠰᠢᠯᠭᠠᠨ ᠪᠠᠲᠤᠯᠠᠬᠤ᠃ ᠰᠢᠯᠭᠠᠨ ᠬᠢᠨᠠᠬᠤ ᠲᠥᠷᠥᠯ ᠵᠦᠢᠯ ᠳᠤ 2022 ᠣᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠵᠤᠷᠰᠢᠯ ᠤᠨ ᠬᠢᠨᠠᠨ ᠬᠡᠮᠵᠢᠯᠲᠡ ︵ᠲᠦᠭᠰᠢᠭᠦᠷᠢ ᠶᠢ ᠬᠢᠨᠠᠨ ᠬᠡᠮᠵᠢᠬᠦ︶ ᠶᠢᠨ ᠪᠥᠬᠦ ᠲᠥᠷᠥᠯ ᠵᠦᠢᠯ | ᠵᠢᠴᠢ ᠣᠳᠣᠬᠠᠨ ᠤ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ | ᠬᠡᠮᠵᠢᠬᠦ ᠭᠤᠣᠯ ᠠᠩᠬᠠᠷᠤᠯ ᠤᠨ ᠴᠡᠭ ᠢ ᠬᠠᠮᠤᠷᠴᠠᠢ᠃ ᠰᠠᠭᠤᠷᠢ ᠡᠳ᠋ ᠨᠢ ᠰᠢᠯᠢᠮᠳᠡᠭ ᠪᠣᠯᠣᠨ᠎ᠠ᠂ ᠰᠢᠯᠭᠠᠨ | ᠬᠢᠨᠠᠬᠤ ᠳᠤ ᠬᠤᠭᠤᠰᠤᠨ ᠰᠠᠭᠤᠷᠢ ᠡᠳ᠋ ᠲᠤ ᠬᠠᠷᠠᠯᠲᠠ ᠨᠡᠮᠡᠬᠦ ᠠᠷᠭ᠎ᠠ ᠪᠠᠷ ᠬᠢᠵᠦ᠂ ᠥᠯᠢᠭᠡᠷ ᠡᠳ᠋ ᠤᠨ | ᠲᠣᠭᠲᠠᠪᠤᠷᠢᠲᠤ ᠴᠢᠨᠠᠷ ᠨᠢ ᠱᠠᠭᠠᠷᠳᠠᠯᠭ᠎ᠠ ᠳᠤ ᠨᠡᠶᠢᠴᠡᠨ᠎ᠡ᠃ 51 ᠪᠠᠶᠢᠴᠠᠭᠠᠨ ᠬᠡᠮᠵᠢᠬᠦ ᠪᠠᠶᠢᠭᠤᠯᠤᠮᠵᠢ ᠴᠢᠳᠠᠪᠤᠷᠢ ᠶᠢ | ᠰᠢᠯᠭᠠᠨ ᠪᠠᠲᠤᠯᠠᠬᠤ ᠰᠢᠯᠭᠠᠨ ᠬᠢᠨᠠᠯᠲᠠ ᠳᠤ ᠣᠷᠣᠯᠴᠠᠵᠤ ᠂ 28 ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ | ᠬᠢᠨᠠᠯᠲᠠ ᠳᠤ ᠬᠢᠷᠢ ᠲᠡᠩᠴᠡᠵᠦ ᠂ ᠶᠡᠷᠦᠩᠬᠡᠢ ᠬᠢᠷᠢ ᠲᠡᠩᠴᠡᠭᠰᠡᠨ ᠨᠤᠷᠮ᠎ᠠ ᠨᠢ 54.9% ᠳᠤ ᠬᠦᠷᠴᠡᠢ ᠃ | ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ | ᠲᠡᠩᠴᠡᠭᠰᠡᠨ ᠨᠣᠷᠮ᠎ᠠ ᠨᠢ 100%᠂ ᠠᠶᠢᠮᠠᠭ ᠬᠤᠲᠠ ᠶᠢᠨ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ | ᠬᠢᠷᠢ ᠲᠡᠩᠴᠡᠭᠰᠡᠨ ᠨᠣᠷᠮ᠎ᠠ ᠨᠢ 90%᠂ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ | ᠬᠢᠷᠢ ᠲᠡᠩᠴᠡᠭᠰᠡᠨ ᠨᠣᠷᠮ᠎ᠠ ᠨᠢ 46.67%᠂ ᠭᠤᠷᠪᠠᠳᠠᠭᠢ ᠡᠲᠡᠭᠡᠳ ︵ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠨ ᠰᠢᠰᠲ᠋ᠧᠮ ᠤᠨ ᠭᠠᠳᠠᠨᠠᠬᠢ ᠶᠢ ᠪᠠᠭᠲᠠᠭᠠᠨ᠎ᠠ ︶ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ | ᠲᠡᠩᠴᠡᠭᠰᠡᠨ ᠨᠣᠷᠮ᠎ᠠ ᠨᠢ 40% ᠪᠣᠯᠣᠨ᠎ᠠ᠃ | ︵ ᠬᠤᠶᠠᠷ ︶ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠬᠦᠨᠳᠦ ᠲᠡᠮᠦᠷᠯᠢᠭ ᠢ ᠪᠠᠶᠢᠴᠠᠭᠠᠨ ᠬᠡᠮᠵᠢᠬᠦ | ᠴᠢᠳᠠᠪᠤᠷᠢ ᠶᠢ ᠰᠢᠯᠭᠠᠨ ᠪᠠᠲᠤᠯᠠᠬᠤ᠃ ᠰᠢᠯᠭᠠᠨ ᠬᠢᠨᠠᠬᠤ ᠲᠥᠷᠥᠯ ᠵᠦᠢᠯ ᠨᠢ ︽ᠢᠳᠡᠭᠡᠨ ᠤ ᠠᠮᠤᠷ ᠲᠦᠪᠰᠢᠨ ᠤ | ᠤᠯᠤᠰ ᠤᠨ ᠪᠠᠷᠢᠮᠵᠢᠶ᠎ᠠ ᠶᠢᠨ ᠢᠳᠡᠭᠡᠨ ᠳᠠᠬᠢ ᠪᠣᠬᠢᠷᠳᠤᠯ ᠪᠣᠳᠠᠰ ᠤᠨ ᠬᠢᠵᠠᠭᠠᠷ ᠬᠡᠮᠵᠢᠶ᠎ᠡ︾ ︵GB 2762 ︱ | 2017︶ ᠳᠤ ᠲᠣᠭᠲᠠᠭᠠᠭᠰᠠᠨ ᠬᠢᠵᠠᠭᠠᠷ ᠬᠡᠮᠵᠢᠶ᠎ᠡ ᠶᠢᠨ ᠡᠯᠧᠮᠧᠨ᠋ᠲ ᠤᠨ ᠬᠠᠷ᠎ᠠ ᠲᠤᠭᠤᠯᠭ᠎ᠠ᠂ ᠺᠠᠳ᠋ᠮᠢ ᠪᠠ ᠶᠡᠷᠦᠩᠬᠡᠢ | ᠠᠷᠰᠧᠨ ᠵᠡᠷᠭᠡ 3 ᠫᠠᠷᠠᠮᠧᠲᠷ ᠪᠣᠯᠣᠨ᠎ᠠ᠃ ᠰᠠᠭᠤᠷᠢ ᠡᠳ᠋ ᠨᠢ ᠠᠮᠤ ᠪᠤᠳᠠᠭ᠎ᠠ ᠪᠣᠯᠣᠨ᠎ᠠ᠃ 20 ᠪᠠᠶᠢᠴᠠᠭᠠᠨ ᠬᠡᠮᠵᠢᠬᠦ | ᠪᠠᠶᠢᠭᠤᠯᠤᠮᠵᠢ ᠴᠢᠳᠠᠪᠤᠷᠢ ᠶᠢ ᠰᠢᠯᠭᠠᠨ ᠪᠠᠲᠤᠯᠠᠬᠤ ᠰᠢᠯᠭᠠᠨ ᠬᠢᠨᠠᠯᠲᠠ ᠳᠤ ᠣᠷᠣᠯᠴᠠᠵᠤ᠂ 11 ᠪᠠᠶᠢᠴᠠᠭᠠᠨ ᠬᠡᠮᠵᠢᠬᠦ | ᠪᠠᠶᠢᠭᠤᠯᠤᠮᠵᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠵᠦ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ ᠨᠢ 55% | ᠪᠠᠶᠢᠪᠠ᠃ ᠡᠭᠦᠨ ᠳᠤ᠂ ᠠᠶᠢᠮᠠᠭ ᠬᠤᠲᠠ ᠶᠢᠨ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ | ᠲᠡᠩᠴᠡᠭᠰᠡᠨ ᠨᠣᠷᠮ᠎ᠠ ᠨᠢ 80%᠂ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ | ᠲᠡᠩᠴᠡᠭᠰᠡᠨ ᠨᠣᠷᠮ᠎ᠠ ᠨᠢ 75%᠂ ᠭᠤᠷᠪᠠᠳᠤᠭᠠᠷ ᠡᠲᠡᠭᠡᠳ ︵ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠰᠢᠰᠲ᠋ᠧᠮ ᠤᠨ ᠭᠠᠳᠠᠨᠠᠬᠢ ᠶᠢ ᠪᠠᠭᠲᠠᠭᠠᠨ᠎ᠠ ︶ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠲᠡᠩᠴᠡᠭᠰᠡᠨ | ᠨᠣᠷᠮ᠎ᠠ ᠨᠢ 36.36% ᠪᠣᠯᠣᠨ᠎ᠠ᠃ | ︵ ᠭᠤᠷᠪᠠ ︶ ᠮᠠᠯ ᠵᠢᠭᠦᠷᠲᠡᠨ ᠤ ᠠᠰᠢᠭ ᠰᠢᠮ᠎ᠡ ᠶᠢᠨ ᠳᠣᠲᠣᠷᠠᠬᠢ ᠮᠠᠯ ᠤᠨ ᠡᠮ ᠪᠠ ᠴᠠᠭᠠᠵᠠ ᠶᠢ | ᠵᠥᠷᠢᠴᠡᠭᠰᠡᠨ ᠨᠡᠮᠡᠯᠲᠡ ᠡᠳ᠋ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠴᠢᠳᠠᠪᠤᠷᠢ ᠶᠢ ᠰᠢᠯᠭᠠᠨ ᠪᠠᠲᠤᠯᠠᠬᠤ᠃ | ᠰᠢᠯᠭᠠᠨ ᠬᠢᠨᠠᠬᠤ ᠲᠥᠷᠥᠯ ᠵᠦᠢᠯ ᠨᠢ ᠭᠠᠭ᠋ᠠᠢ ᠶᠢᠨ ᠮᠢᠬᠠᠨ ᠳᠠᠬᠢ ᠬᠦᠬᠦᠷᠯᠢᠭ ᠠᠮᠢᠨ ᠤ ᠬᠤᠭᠤᠷᠣᠨᠳᠣᠬᠢ ᠮᠧᠲ᠋ᠢᠯ | ᠬᠦᠴᠢᠯᠲᠥ᠋ᠷᠥᠭᠴᠢᠲᠦ ᠫᠢᠷᠢᠮᠢᠳᠢᠨ᠂ ᠬᠦᠬᠦᠷᠯᠢᠭ ᠠᠮᠢᠨ ᠤ ᠬᠤᠶᠠᠷ ᠮᠧᠲ᠋ᠢᠯᠲᠦ ᠫᠢᠷᠢᠮᠢᠳᠢᠨ᠂ ᠬᠦᠬᠦᠷᠯᠢᠭ ᠠᠮᠢᠨ ᠤ | ᠬᠤᠭᠤᠷᠣᠨᠳᠣᠬᠢ ᠬᠤᠶᠠᠷ ᠮᠧᠲ᠋ᠢᠯᠲᠦ ᠬᠦᠴᠢᠯᠲᠥ᠋ᠷᠥᠭᠴᠢᠲᠦ ᠫᠢᠷᠢᠮᠢᠳᠢᠨ᠂ ᠬᠦᠬᠦᠷᠯᠢᠭ ᠠᠮᠢᠨ ᠤ ᠺᠤᠶᠢᠨᠣᠯᠢᠨ᠂ | ᠬᠦᠬᠦᠷᠯᠢᠭ ᠠᠮᠢᠨ ᠤ ᠮᠧᠲ᠋ᠢᠯ ᠫᠢᠷᠢᠮᠢᠳᠢᠨ ᠵᠡᠷᠭᠡ ᠪᠣᠯᠣᠨ᠎ᠠ᠃ ᠰᠢᠯᠭᠠᠨ ᠬᠢᠨᠠᠯᠲᠠ ᠳᠤ ᠬᠤᠭᠤᠰᠤᠨ ᠰᠠᠭᠤᠷᠢ | ᠡᠳ᠋ ᠲᠤ ᠬᠠᠷᠠᠯᠲᠠ ᠨᠡᠮᠡᠬᠦ ᠠᠷᠭ᠎ᠠ ᠪᠠᠷ ᠬᠢᠵᠦ᠂ ᠥᠯᠢᠭᠡᠷ ᠡᠳ᠋ ᠤᠨ ᠲᠣᠭᠲᠠᠪᠤᠷᠢᠲᠤ ᠴᠢᠨᠠᠷ ᠨᠢ ᠱᠠᠭᠠᠷᠳᠠᠯᠭ᠎ᠠ ᠳᠤ | ᠨᠡᠶᠢᠴᠡᠭᠰᠡᠨ ᠪᠠᠶᠢᠬᠤ ᠬᠡᠷᠡᠭᠲᠡᠢ᠃ 27 ᠪᠠᠶᠢᠴᠠᠭᠠᠨ ᠬᠡᠮᠵᠢᠬᠦ ᠪᠠᠶᠢᠭᠤᠯᠤᠮᠵᠢ ᠴᠢᠳᠠᠪᠤᠷᠢ ᠶᠢ ᠰᠢᠯᠭᠠᠨ ᠪᠠᠲᠤᠯᠠᠬᠤ | ᠰᠢᠯᠭᠠᠨ ᠬᠢᠨᠠᠯᠲᠠ ᠳᠤ ᠣᠷᠣᠯᠴᠠᠵᠤ᠂ 20 ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ ᠬᠢᠨᠠᠯᠲᠠ ᠳᠤ ᠬᠢᠷᠢ | ᠲᠡᠩᠴᠡᠵᠦ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ ᠨᠢ 74.1% ᠪᠠᠶᠢᠪᠠ᠃ ᠡᠭᠦᠨ ᠳᠤ᠂ ᠥᠪᠡᠷᠲᠡᠭᠡᠨ ᠵᠠᠰᠠᠬᠤ | ᠣᠷᠣᠨ ᠤ ᠱᠠᠲᠤ᠂ ᠠᠶᠢᠮᠠᠭ ᠬᠤᠲᠠ ᠶᠢᠨ ᠱᠠᠲᠤ ᠪᠠ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠬᠡᠮᠵᠢᠬᠦ | ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ ᠴᠥᠮ 100% ᠪᠠᠶᠢᠵᠤ᠂ ᠭᠤᠷᠪᠠᠳᠤᠭᠠᠷ ᠡᠲᠡᠭᠡᠳ ︵ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠢᠰᠲ᠋ᠧᠮ ᠤᠨ ᠭᠠᠳᠠᠨᠠᠬᠢ ᠶᠢ ᠪᠠᠭᠲᠠᠭᠠᠨ᠎ᠠ ︶ ᠤᠨ ᠪᠠᠶᠢᠴᠠᠭᠠᠨ | ᠬᠡᠮᠵᠢᠬᠦ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 30% ᠪᠣᠯᠣᠨ᠎ᠠ᠃ | ︵ᠳᠥᠷᠪᠡ︶ ᠤᠰᠤᠨ ᠭᠠᠷᠤᠯᠲᠠ ᠶᠢᠨ ᠳᠣᠲᠣᠷᠠᠬᠢ ᠡᠮ ᠤᠨ ᠵᠦᠢᠯ ᠤᠨ ᠦᠯᠡᠳᠡᠭᠳᠡᠯ ᠢ ᠪᠠᠶᠢᠴᠠᠭᠠᠨ ᠬᠡᠮᠵᠢᠬᠦ | ᠴᠢᠳᠠᠪᠤᠷᠢ ᠶᠢ ᠰᠢᠯᠭᠠᠨ ᠪᠠᠲᠤᠯᠠᠬᠤ᠃ ᠰᠢᠯᠭᠠᠨ ᠬᠢᠨᠠᠬᠤ ᠲᠥᠷᠥᠯ ᠵᠦᠢᠯ ᠨᠢ ᠮᠥᠷᠭᠦ ᠵᠢᠭᠠᠰᠤᠨ ᠤ ᠳᠣᠲᠣᠷᠠᠬᠢ | ᠲᠣᠭᠤᠰ ᠴᠢᠯᠠᠭᠤᠨ ᠤ ᠨᠣᠭᠤᠭᠠᠨ ᠥᠩᠭᠡ ᠪᠣᠯᠣᠨ᠎ᠠ᠃ ᠰᠢᠯᠭᠠᠨ ᠬᠢᠨᠠᠯᠲᠠ ᠳᠤ ᠬᠤᠭᠤᠰᠤᠨ ᠰᠠᠭᠤᠷᠢ ᠡᠳ᠋ ᠲᠤ | ᠬᠠᠷᠠᠯᠲᠠ ᠨᠡᠮᠡᠬᠦ ᠠᠷᠭ᠎ᠠ ᠪᠠᠷ ᠬᠢᠵᠦ᠂ ᠥᠯᠢᠭᠡᠷ ᠡᠳ᠋ ᠤᠨ ᠲᠣᠭᠲᠠᠪᠤᠷᠢᠲᠤ ᠴᠢᠨᠠᠷ ᠨᠢ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ ᠶᠢ ᠪᠠᠳᠤᠯᠠᠪᠠ ᠃ 16 ᠪᠠᠶᠢᠴᠠᠭᠠᠨ ᠬᠡᠮᠵᠢᠬᠦ ᠪᠠᠶᠢᠭᠤᠯᠤᠮᠵᠢ ᠴᠢᠳᠠᠪᠤᠷᠢ ᠶᠢ ᠰᠢᠯᠭᠠᠨ ᠪᠠᠲᠤᠯᠠᠬᠤ ᠰᠢᠯᠭᠠᠨ | ᠬᠢᠨᠠᠯᠲᠠ ᠳᠤ ᠣᠷᠣᠯᠴᠠᠵᠤ᠂ 14 ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ ᠬᠢᠨᠠᠯᠲᠠ ᠳᠤ ᠬᠢᠷᠢ ᠲᠡᠩᠴᠡᠵᠦ᠂ | ᠶᠡᠷᠦᠩᠬᠡᠢ ᠬᠢᠷᠢ ᠲᠡᠩᠴᠡᠭᠰᠡᠨ ᠨᠣᠷᠮ᠎ᠠ ᠨᠢ 87.5% ᠳᠤ ᠬᠦᠷᠴᠡᠢ᠃ ᠡᠭᠦᠨ ᠳᠤ᠂ ᠥᠪᠡᠷᠲᠡᠭᠡᠨ ᠵᠠᠰᠠᠬᠤ | ᠣᠷᠣᠨ ᠤ ᠱᠠᠲᠤ᠂ ᠠᠶᠢᠮᠠᠭ ᠬᠤᠲᠠ ᠶᠢᠨ ᠱᠠᠲᠤ ᠪᠠ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠬᠡᠮᠵᠢᠬᠦ | ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ ᠴᠥᠮ 100% ᠪᠠᠶᠢᠵᠤ᠂ ᠭᠤᠷᠪᠠᠳᠠᠭᠢ ᠡᠲᠡᠭᠡᠳ ︵ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠢᠰᠲ᠋ᠧᠮ ᠤᠨ ᠭᠠᠳᠠᠨᠠᠬᠢ ᠶᠢ ᠪᠠᠭᠲᠠᠭᠠᠨ᠎ᠠ ︶ ᠤᠨ ᠪᠠᠶᠢᠴᠠᠭᠠᠨ | ᠬᠡᠮᠵᠢᠬᠦ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 71.43% ᠪᠣᠯᠣᠨ᠎ᠠ᠃ | ᠭᠤᠷᠪᠠ᠂ ᠦᠷ᠎ᠡ ᠳ᠋ᠦᠩ ᠤᠨ ᠵᠠᠳᠠᠯᠤᠯᠲᠠ | ᠬᠤᠰᠢᠭᠤ ᠰᠢᠶᠠᠨ ᠪᠣᠯᠣᠨ ᠭᠤᠷᠪᠠᠳᠠᠭᠢ ᠡᠲᠡᠭᠡᠳ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠪᠠᠶᠢᠴᠠᠭᠠᠨ | ᠬᠡᠮᠵᠢᠬᠦ ᠮᠡᠷᠭᠡᠵᠢᠯ ᠤᠨ ᠬᠢᠷᠢ ᠬᠡᠮᠵᠢᠶ᠎ᠡ ᠪᠠᠷ ᠳᠣᠣᠷ᠎ᠠ ᠃ ᠳᠥᠷᠪᠡᠨ ᠵᠦᠢᠯ ᠤᠨ ᠰᠢᠯᠭᠠᠨ ᠬᠢᠨᠠᠬᠤ ᠠᠭᠤᠯᠭ᠎ᠠ ᠳᠤ᠂ | ᠬᠤᠰᠢᠭᠤ ᠰᠢᠶᠠᠨ ᠤ ᠰᠢᠯᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠳᠤᠮᠳᠠᠴᠢ | ᠨᠣᠷᠮ᠎ᠠ ᠨᠢ ᠵᠥᠪᠬᠡᠨ 58.54% ᠪᠠᠶᠢᠵᠤ᠂ ᠭᠤᠷᠪᠠᠳᠠᠭᠢ ᠡᠲᠡᠭᠡᠳ ᠤᠨ ᠰᠢᠯᠭᠠᠨ ᠬᠡᠮᠵᠢᠬᠦ ᠪᠠᠶᠢᠭᠤᠯᠤᠮᠵᠢ ᠶᠢᠨ | ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠳᠤᠮᠳᠠᠴᠢ ᠨᠣᠷᠮ᠎ᠠ ᠨᠢ ᠵᠥᠪᠬᠡᠨ 42.11% ᠳᠤ ᠬᠦᠷᠴᠡᠢ᠃ | ᠰᠢᠯᠲᠠᠭᠠᠨ ᠤ ᠵᠠᠳᠠᠯᠤᠯᠲᠠ᠄ ᠨᠢᠭᠡ ᠳᠤ ᠬᠤᠰᠢᠭᠤ ᠰᠢᠶᠠᠨ ᠤ ᠱᠠᠲᠤᠨ ᠤ ᠪᠠ ᠭᠤᠷᠪᠠᠳᠠᠭᠢ ᠡᠲᠡᠭᠡᠳ ᠤᠨ ᠬᠡᠰᠡᠭ | ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠠᠵᠢᠯᠲᠠᠨ ᠲᠣᠭᠲᠠᠭᠤᠨ ᠪᠤᠰᠤ ᠪᠠᠶᠢᠵᠤ᠂ ᠪᠠᠶᠢᠴᠠᠭᠠᠨ ᠬᠡᠮᠵᠢᠬᠦ | ᠮᠡᠷᠭᠡᠵᠢᠯ ᠤᠨ ᠠᠵᠢᠯᠲᠠᠨ ᠤ ᠠᠯᠳᠠᠭᠳᠠᠯ ᠬᠦᠨᠳᠦ ᠨᠣᠴᠢᠲᠠᠢ ᠪᠠᠶᠢᠨ᠎ᠠ᠃ ᠬᠤᠶᠠᠷ ᠲᠤ ᠰᠢᠯᠭᠠᠨ ᠬᠡᠮᠵᠢᠬᠦ ᠠᠵᠢᠯᠲᠠᠨ | ᠰᠢᠯᠭᠠᠨ ᠬᠡᠮᠵᠢᠬᠦ ᠠᠷᠭ᠎ᠠ ᠶᠢ ᠰᠠᠶᠢᠲᠤᠷ ᠡᠵᠡᠮᠳᠡᠵᠦ ᠳᠡᠶᠢᠯᠬᠦ ᠦᠭᠡᠢ ᠪᠠᠶᠢᠵᠤ᠂ ᠵᠡᠷᠭᠡᠴᠡᠭᠡ ᠲᠤᠷᠰᠢᠯᠲᠠ ᠶᠢᠨ ᠲᠤᠭ᠎ᠠ | ᠪᠠᠷᠢᠮᠲᠠ ᠶᠢᠨ ᠵᠥᠷᠢᠶ᠎ᠡ ᠨᠡᠯᠢᠶᠡᠳ ᠶᠡᠭᠡ ᠪᠠᠶᠢᠨ᠎ᠠ︔ ᠡᠭᠦᠨ ᠤ ᠬᠠᠮᠲᠤ ᠪᠠᠰᠠ ᠪᠠᠶᠢᠴᠠᠭᠠᠨ ᠬᠡᠮᠵᠢᠬᠦ ᠵᠦᠢᠯᠡᠰ ᠤᠨ | ᠰᠢᠨᠵᠢ ᠴᠢᠨᠠᠷ ᠢ ᠪᠤᠷᠤᠭᠤ ᠲᠣᠭᠲᠠᠭᠠᠭᠰᠠᠨ ᠠᠰᠠᠭᠤᠳᠠᠯ ᠣᠷᠣᠰᠢᠵᠤ ᠪᠠᠶᠢᠨ᠎ᠠ ᠃ ᠭᠤᠷᠪᠠ ᠳᠤ ᠪᠠᠶᠢᠴᠠᠭᠠᠨ ᠬᠡᠮᠵᠢᠬᠦ | ᠶᠠᠪᠤᠴᠠ ᠨᠢ ᠵᠢᠷᠤᠮᠵᠢᠯ ᠦᠭᠡᠢ᠂ ᠰᠠᠭᠤᠷᠢ ᠡᠳ᠋ ᠤᠨ ᠪᠠᠷᠢᠮᠵᠢᠶᠠᠲᠤ ᠠᠭᠤᠰᠤᠮᠠᠯ ᠤᠨ ᠬᠡᠮᠵᠢᠶ᠎ᠡ ᠶᠢ ᠬᠡᠷᠡᠭᠯᠡᠬᠦ ᠦᠭᠡᠢ᠂ | ᠮᠤᠷᠤᠢ ᠱᠤᠭᠤᠮ ᠤᠨ ᠴᠢᠨᠠᠷ ᠴᠢᠨᠰᠠᠭ᠎ᠠ ᠨᠢ ᠬᠢᠷᠢ ᠲᠡᠩᠴᠡᠭᠦ ᠦᠭᠡᠢ᠂ ᠮᠤᠷᠤᠢ ᠱᠤᠭᠤᠮ ᠤᠨ ᠥᠳᠬᠡᠴᠡ ᠶᠢᠨ ᠬᠢᠷᠢ | ᠬᠡᠮᠵᠢᠶ᠎ᠡ ᠶᠢᠨ ᠬᠤᠪᠢᠶᠠᠷᠢᠯᠠᠯᠲᠠ ᠨᠢ ᠵᠣᠬᠢᠰ ᠦᠭᠡᠢ ᠠᠴᠠ ᠪᠣᠯᠵᠤ᠂ ᠬᠡᠮᠵᠢᠶ᠎ᠡ ᠶᠢ ᠲᠣᠭᠲᠠᠭᠠᠭᠰᠠᠨ ᠦᠷ᠎ᠡ ᠳ᠋ᠦᠩ ᠢ | ᠣᠨᠣᠪᠴᠢ ᠦᠭᠡᠢ ᠪᠣᠯᠭᠠᠭᠰᠠᠨ ᠪᠠᠶᠢᠨ᠎ᠠ ᠃ ᠳᠥᠷᠪᠡ ᠳᠤ ᠪᠠᠶᠢᠴᠠᠭᠠᠨ ᠬᠡᠮᠵᠢᠬᠦ ᠬᠡᠮᠵᠢᠭᠦᠷᠯᠢᠭ ᠲᠥᠬᠦᠭᠡᠷᠦᠮᠵᠢ ᠶᠢᠨ | ᠰᠣᠷᠭᠤᠭ ᠤᠨ ᠬᠡᠮᠵᠢᠶ᠎ᠡ ᠨᠢ ᠳᠣᠣᠷ᠎ᠠ᠂ ᠲᠣᠭᠲᠠᠪᠤᠷᠢᠲᠤ ᠴᠢᠨᠠᠷ ᠢᠶᠠᠷ ᠠᠨᠠᠢ᠂ ᠪᠠᠶᠢᠴᠠᠭᠠᠨ ᠬᠡᠮᠵᠢᠭᠰᠡᠨ ᠲᠤᠭ᠎ᠠ | ᠪᠠᠷᠢᠮᠲᠠ ᠭᠠᠷᠭᠠᠵᠤ ᠥᠭᠬᠦ ᠨᠢ ᠨᠠᠶᠢᠳᠠᠪᠤᠷᠢ ᠦᠭᠡᠢ᠃ | ᠳᠥᠷᠪᠡ᠂ ᠣᠷᠣᠰᠢᠵᠤ ᠪᠠᠶᠢᠭ᠎ᠠ ᠠᠰᠠᠭᠤᠳᠠᠯ | ᠬᠡᠰᠡᠭ ᠪᠠᠶᠢᠴᠠᠭᠠᠨ ᠬᠡᠮᠵᠢᠬᠦ ᠪᠠᠶᠢᠭᠤᠯᠤᠮᠵᠢ ᠨᠤᠭᠤᠳ ᠴᠢᠳᠠᠪᠤᠷᠢ ᠶᠢ ᠰᠢᠯᠭᠠᠨ ᠪᠠᠲᠤᠯᠠᠬᠤ ᠠᠵᠢᠯ ᠢ | ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ ᠪᠠᠶᠢᠨ᠎ᠠ᠃ ᠡᠭᠦᠨ ᠳᠤ ᠳᠣᠣᠷᠠᠬᠢ ᠭᠤᠷᠪᠠᠨ ᠲᠠᠯ᠎ᠠ ᠪᠠᠷ ᠢᠯᠡᠷᠡᠵᠦ | ᠪᠠᠶᠢᠨ᠎ᠠ ᠄ ᠨᠢᠭᠡ ᠳᠤ ᠴᠢᠳᠠᠪᠤᠷᠢ ᠶᠢ ᠰᠢᠯᠭᠠᠨ ᠪᠠᠲᠤᠯᠠᠬᠤ ᠳᠤ ᠣᠷᠤᠯᠴᠠᠬᠤ ᠶᠣᠰᠣᠲᠠᠢ ᠪᠠᠶᠢᠭᠤᠯᠤᠮᠵᠢ ᠣᠷᠣᠯᠴᠠᠭᠰᠠᠨ | ᠦᠭᠡᠢ ᠃ ︽ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠢ ᠪᠠᠶᠢᠴᠠᠭᠠᠨ | ᠬᠡᠮᠵᠢᠬᠦ ᠪᠠᠶᠢᠭᠤᠯᠤᠮᠵᠢ ᠶᠢᠨ ᠰᠢᠯᠭᠠᠨ ᠬᠢᠨᠠᠬᠤ ᠠᠷᠭ᠎ᠠ ︾ ᠶᠢᠨ ᠱᠠᠭᠠᠷᠳᠠᠯᠭ᠎ᠠ ᠶᠣᠰᠣᠭᠠᠷ ᠂ ︽ ᠬᠤᠣᠰ ᠭᠡᠷᠡᠴᠢᠯᠡᠯ ︾ | ᠢ ᠪᠠᠲᠤᠯᠠᠭᠰᠠᠨ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠰᠢᠯᠭᠠᠨ ᠬᠢᠨᠠᠬᠤ ᠪᠠᠶᠢᠭᠤᠯᠭ᠎ᠠ ᠶᠢᠨ ᠱᠠᠭᠠᠷᠳᠠᠯᠭ᠎ᠠ | ᠶᠣᠰᠣᠭᠠᠷ ᠂ ᠲᠡᠭᠦᠨ ᠤ ᠵᠣᠬᠢᠶᠠᠨ ᠪᠠᠶᠢᠭᠤᠯᠵᠤ ᠥᠷᠨᠢᠭᠦᠯᠦᠭᠰᠡᠨ ᠴᠢᠳᠠᠪᠤᠷᠢ ᠶᠢᠨ ᠰᠢᠯᠭᠠᠨ ᠪᠠᠲᠤᠯᠠᠯᠲᠠ ᠪᠤᠶᠤ | ᠬᠠᠷᠢᠴᠠᠭᠤᠯᠤᠯ ᠳᠤ ᠣᠷᠣᠯᠴᠠᠵᠤ ᠂ ᠪᠠᠶᠢᠭᠤᠯᠤᠮᠵᠢ ᠶᠢᠨ ᠰᠢᠯᠭᠠᠨ ᠬᠢᠨᠠᠬᠤ ᠨᠥᠬᠦᠴᠡᠯ ᠪᠠ ᠱᠠᠭᠠᠷᠳᠠᠯᠭ᠎ᠠ ᠳᠤ | ᠦᠷᠭᠦᠯᠵᠢᠯᠡᠨ ᠨᠡᠶᠢᠴᠡᠬᠦ ᠶᠢ ᠪᠠᠳᠤᠯᠠᠭᠰᠠᠨ ᠪᠠᠶᠢᠬᠤ ᠬᠡᠷᠡᠭᠲᠡᠢ ᠃ ᠭᠡᠪᠡᠴᠦ 10 ᠪᠠᠶᠢᠭᠤᠯᠤᠮᠵᠢ ᠨᠢ ᠴᠢᠳᠠᠪᠤᠷᠢ ᠶᠢᠨ | ᠰᠢᠯᠭᠠᠨ ᠪᠠᠲᠤᠯᠠᠯᠲᠠ ᠳᠤ ᠣᠷᠣᠯᠴᠠᠭᠰᠠᠨ ᠦᠭᠡᠢ ᠪᠠᠶᠢᠵᠤ᠂ 14.9% ᠶᠢ ᠡᠵᠡᠯᠡᠵᠡᠢ᠃ ᠬᠤᠶᠠᠷ ᠲᠤ ᠦᠷ᠎ᠡ | ᠳ᠋ᠦᠩ ᠢ ᠮᠡᠳᠡᠭᠦᠯᠦᠨ ᠬᠦᠷᠭᠡᠭᠰᠡᠨ ᠨᠢ ᠵᠢᠷᠤᠮᠵᠢᠯ ᠦᠭᠡᠢ᠃ ᠴᠢᠳᠠᠪᠤᠷᠢ ᠶᠢ ᠰᠢᠯᠭᠠᠨ ᠪᠠᠲᠤᠯᠠᠭᠰᠠᠨ ᠦᠷ᠎ᠡ | ᠳ᠋ᠦᠩ ᠳᠠᠬᠢ ᠮᠡᠳᠡᠭᠦᠯᠬᠦ ᠬᠦᠰᠦᠨᠦᠭᠲᠦ ᠪᠠ ᠠᠩᠬᠠᠨ ᠤ ᠲᠡᠮᠳᠡᠭᠯᠡᠯ ᠢ ᠲᠠᠭᠯᠠᠨ ᠪᠢᠴᠢᠭᠰᠡᠨ ᠥᠰᠥᠭ ᠤᠨ ᠲᠢᠭ ᠨᠢ | ᠡᠷᠦᠢ ᠬᠤᠷᠤᠢ ᠦᠭᠡᠢ ᠲᠣᠳᠣᠷᠬᠠᠢ ᠦᠭᠡᠢ᠂ ︽ᠭᠤᠷᠪᠠᠨ ᠳᠡᠰ︾ ᠤᠨ ᠬᠢᠨᠠᠨ ᠬᠠᠷᠭᠤᠭᠤᠯᠵᠤ ᠭᠠᠷ ᠤᠨ ᠥᠰᠥᠭ | ᠵᠢᠷᠤᠭᠰᠠᠨ ᠨᠢ ᠵᠢᠷᠤᠮᠵᠢᠯ ᠦᠭᠡᠢ᠃ ᠨᠢᠭᠡᠴᠢ ᠶᠢᠨ ᠠᠯᠪᠠᠨ ᠲᠠᠮᠠᠭ᠎ᠠ ᠪᠤᠶᠤ ᠪᠠᠶᠢᠴᠠᠭᠠᠨ ᠰᠢᠯᠭᠠᠵᠤ ᠪᠠᠶᠢᠴᠠᠭᠠᠨ | ᠬᠡᠮᠵᠢᠬᠦ ᠲᠤᠰᠬᠠᠢ ᠲᠠᠮᠠᠭ᠎ᠠ ᠶᠢ ᠳᠠᠷᠤᠭᠰᠠᠨ ᠦᠭᠡᠢ᠃ ᠭᠤᠷᠪᠠ ᠳᠤ ᠪᠡᠯᠡᠳᠬᠡᠯ ᠭᠦᠢᠴᠡᠳ ᠦᠭᠡᠢ ᠃ ᠣᠨᠴᠠ ᠵᠠᠷᠢᠮ | ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠴᠢᠳᠠᠪᠤᠷᠢ ᠶᠢ ᠰᠢᠯᠭᠠᠨ ᠪᠠᠲᠤᠯᠠᠬᠤ ᠮᠡᠳᠡᠭᠳᠡᠯ ᠢ ᠣᠯᠣᠭᠰᠠᠨ ᠤ ᠳᠠᠷᠠᠭ᠎ᠠ | ᠭᠦᠢᠴᠡᠳ ᠪᠡᠯᠡᠳᠬᠡᠯ ᠬᠢᠭᠰᠡᠨ ᠦᠭᠡᠢ ᠠᠴᠠ ᠪᠣᠯᠵᠤ᠂ ᠰᠢᠯᠭᠠᠨ ᠬᠢᠨᠠᠬᠤ ᠶᠠᠪᠤᠴᠠ ᠳᠤ ᠬᠡᠮᠵᠢᠭᠦᠷᠯᠢᠭ ᠲᠤ ᠰᠠᠭᠠᠳ | ᠠᠰᠠᠭᠤᠳᠠᠯ ᠭᠠᠷᠤᠭᠰᠠᠨ ᠪᠠᠶᠢᠨ᠎ᠠ᠃ | ᠲᠠᠪᠤ᠂ ᠲᠠᠷᠠᠭᠠᠴᠢ ᠶᠢᠨ ᠠᠯᠬᠤᠮ ᠤᠨ ᠠᠵᠢᠯ | ︵ᠨᠢᠭᠡ︶ ᠢᠳᠡᠪᠬᠢᠲᠡᠢ ᠪᠠᠷ ᠴᠡᠭᠴᠡᠯᠡᠨ ᠰᠠᠶᠢᠵᠢᠷᠠᠭᠤᠯᠤᠨ᠎ᠠ᠃ 2022 ᠣᠨ ᠤ ᠴᠢᠳᠠᠪᠤᠷᠢ ᠶᠢᠨ ᠰᠢᠯᠭᠠᠨ | ᠪᠠᠲᠤᠯᠠᠯᠲᠠ ᠳᠤ ᠣᠷᠣᠯᠴᠠᠭᠰᠠᠨ ᠦᠭᠡᠢ ᠪᠠᠶᠢᠭᠤᠯᠤᠮᠵᠢ ᠨᠢ ᠰᠢᠯᠲᠠᠭᠠᠨ ᠤ ᠲᠣᠳᠣᠷᠬᠠᠶᠢᠯᠠᠯᠲᠠ ᠪᠠᠨ ᠲᠤᠰᠢᠶᠠᠬᠤ | ᠴᠢᠬᠤᠯᠠᠲᠠᠢ᠂ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠦᠭᠡᠢ ᠪᠠᠶᠢᠭᠤᠯᠤᠮᠵᠢ ᠨᠢ ᠴᠡᠭᠴᠡᠯᠡᠨ ᠰᠠᠶᠢᠵᠢᠷᠠᠭᠤᠯᠬᠤ | ᠲᠣᠳᠣᠷᠬᠠᠶᠢᠯᠠᠯᠲᠠ ᠪᠠᠨ ᠲᠤᠰᠢᠶᠠᠬᠤ ᠴᠢᠬᠤᠯᠠᠲᠠᠢ ︵ᠰᠢᠯᠲᠠᠭᠠᠨ ᠢ ᠵᠠᠳᠠᠯᠬᠤ ᠪᠠ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠪᠠᠭᠲᠠᠨ᠎ᠠ︶᠂ ᠳᠡᠭᠡᠷᠡᠬᠢ ᠬᠤᠶᠠᠷ ᠲᠣᠳᠣᠷᠬᠠᠶᠢᠯᠠᠯᠲᠠ ᠶᠢ ᠡᠷᠬᠡᠪᠰᠢ 2 ᠰᠠᠷ᠎ᠠ ᠶᠢᠨ 18 ᠤ | ᠡᠳᠦᠷ ᠠᠴᠠ ᠡᠮᠦᠨ᠎ᠡ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ | ᠬᠠᠷᠢᠭᠤ ᠲᠤᠰᠬᠠᠬᠤ ᠬᠡᠷᠡᠭᠲᠡᠢ ︵ᠵᠢᠩᠬᠢᠨᠢ ᠪᠢᠴᠢᠭ ᠮᠠᠲ᠋ᠧᠷᠢᠶᠠᠯ ᠤᠨ ᠰᠢᠷᠪᠢᠯᠲᠡ ᠶᠢᠨ ᠮᠠᠲ᠋ᠧᠷᠢᠶᠠᠯ ᠢ ᠮᠡᠳᠡᠭᠦᠯᠦᠨ | ᠬᠦᠷᠭᠡᠬᠦ ᠴᠢᠬᠤᠯᠠᠲᠠᠢ︶᠃ | ︵ᠬᠤᠶᠠᠷ︶ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠤᠴᠢᠷ ᠰᠢᠯᠲᠠᠭᠠᠨ ᠤ | ᠲᠣᠳᠣᠷᠬᠠᠶᠢᠯᠠᠯᠲᠠ ᠶᠢ ᠦᠨᠳᠦᠰᠦᠯᠡᠨ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ | 2022 ᠣᠨ ᠤ ᠪᠠᠶᠢᠴᠠᠭᠠᠨ ᠬᠡᠮᠵᠢᠬᠦ ᠮᠡᠷᠭᠡᠵᠢᠯ ᠤᠨ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠭᠰᠠᠨ | ᠦᠭᠡᠢ 10 ᠪᠠᠶᠢᠭᠤᠯᠤᠮᠵᠢ ᠳᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠨ᠎ᠡ︔ ᠴᠡᠭᠴᠡᠯᠡᠨ ᠰᠠᠶᠢᠵᠢᠷᠠᠭᠤᠯᠬᠤ | ᠲᠣᠳᠣᠷᠬᠠᠶᠢᠯᠠᠯᠲᠠ ᠶᠢ ᠦᠨᠳᠦᠰᠦᠯᠡᠨ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ 10 | ᠪᠠᠶᠢᠭᠤᠯᠤᠮᠵᠢ ᠶᠢ ᠲᠣᠬᠢᠶᠠᠯᠳᠤᠯ ᠢᠶᠠᠷ ᠰᠣᠩᠭᠤᠨ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ ᠥᠷᠨᠢᠭᠦᠯᠦᠨ᠎ᠡ᠃ | ᠪᠠᠶᠢᠭᠤᠯᠤᠮᠵᠢ ᠶᠢᠨ ᠰᠢᠯᠭᠠᠨ ᠬᠢᠨᠠᠬᠤ ᠨᠥᠬᠦᠴᠡᠯ ᠪᠠ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯᠤᠭᠰᠠᠨ | ᠪᠠᠶᠢᠭᠤᠯᠤᠮᠵᠢ ᠶᠢ ︽ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠢ | ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ ᠬᠢᠨᠠᠬᠤ ᠠᠷᠭ᠎ᠠ ︾ ᠶᠢᠨ ᠱᠠᠭᠠᠷᠳᠠᠯᠭ᠎ᠠ ᠶᠣᠰᠣᠭᠠᠷ ᠴᠡᠭᠴᠡᠯᠡᠨ | ᠰᠠᠶᠢᠵᠢᠷᠠᠭᠤᠯᠬᠤ ᠪᠠᠷ ᠱᠠᠭᠠᠷᠳᠠᠬᠤ ᠬᠡᠷᠡᠭᠲᠡᠢ ᠃ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ | ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠲᠡᠭᠦᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ︽ᠰᠢᠯᠭᠠᠨ | ᠬᠢᠨᠠᠯᠲᠠ ᠶᠢᠨ ᠬᠢᠷᠢ ᠲᠡᠩᠴᠡᠭᠰᠡᠨ ᠦᠨᠡᠮᠯᠡᠯ︾ ᠢ ᠬᠦᠴᠦᠨ ᠦᠭᠡᠢ ᠪᠣᠯᠭᠠᠨ᠎ᠠ᠃ | ︵ᠭᠤᠷᠪᠠ︶ 2023 ᠣᠨ ᠤ ᠪᠠᠶᠢᠴᠠᠭᠠᠨ ᠬᠡᠮᠵᠢᠬᠦ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ 2023 ᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ ᠠᠵᠢᠯ ᠨᠢ | ᠪᠠᠶᠢᠭᠤᠯᠵᠤ ᠳᠠᠭᠤᠰᠬᠠᠭᠰᠠᠨ ᠰᠢᠰᠲ᠋ᠧᠮ ᠤᠨ ᠳᠣᠲᠣᠷᠠᠬᠢ ᠪᠦᠬᠦ ᠪᠠᠶᠢᠴᠠᠭᠠᠨ ᠬᠡᠮᠵᠢᠬᠦ ᠪᠠᠶᠢᠭᠤᠯᠤᠮᠵᠢ ᠪᠠ ︽ ᠬᠤᠣᠰ | ᠭᠡᠷᠡᠴᠢᠯᠡᠯ ︾ ᠢ ᠥᠩᠭᠡᠷᠡᠭᠡᠭᠰᠡᠨ ᠰᠢᠰᠲ᠋ᠧᠮ ᠤᠨ ᠭᠠᠳᠠᠨᠠᠬᠢ ᠵᠢᠴᠢ ᠭᠤᠷᠪᠠᠳᠠᠭᠢ ᠡᠲᠡᠭᠡᠳ ᠤᠨ ᠪᠠᠶᠢᠴᠠᠭᠠᠨ ᠬᠡᠮᠵᠢᠬᠦ | ᠪᠠᠶᠢᠭᠤᠯᠤᠮᠵᠢ ᠶᠢ ᠬᠠᠮᠤᠷᠤᠨ᠎ᠠ ᠃ 2022 ᠣᠨ ᠪᠠ 2023 ᠣᠨ ᠳᠤ ᠬᠤᠶᠠᠷ ᠵᠢᠯ ᠳᠠᠷᠠᠭᠠᠯᠠᠨ ᠰᠢᠯᠲᠠᠭᠠᠨ | ᠦᠭᠡᠢ ᠪᠠᠷ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠭᠰᠠᠨ ᠦᠭᠡᠢ ᠪᠠ ᠬᠤᠶᠠᠷ ᠵᠢᠯ ᠤᠨ ᠴᠢᠳᠠᠪᠤᠷᠢ ᠶᠢᠨ | ᠰᠢᠯᠭᠠᠨ ᠪᠠᠲᠤᠯᠠᠯᠲᠠ ᠳᠤ ᠬᠢᠷᠢ ᠲᠡᠩᠴᠡᠭᠰᠡᠨ ᠦᠭᠡᠢ ᠦᠨᠡᠮᠯᠡᠯ ᠣᠯᠣᠭᠰᠠᠨ ᠪᠠᠶᠢᠭᠤᠯᠤᠮᠵᠢ ᠶᠢ ︽ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠰᠢᠯᠭᠠᠨ | ᠬᠢᠨᠠᠬᠤ ᠠᠷᠭ᠎ᠠ ︾ ᠶᠢ ᠦᠨᠳᠦᠰᠦᠯᠡᠨ ᠵᠣᠬᠢᠴᠠᠩᠭᠤᠢ ᠪᠠᠷ ᠰᠢᠢᠳᠪᠦᠷᠢᠯᠡᠨ᠎ᠡ ᠃ | ︵ᠳᠥᠷᠪᠡ︶ ᠮᠡᠷᠭᠡᠵᠢᠯ ᠤᠨ ᠵᠢᠯᠣᠭᠤᠳᠤᠯᠭ᠎ᠠ ᠦᠢᠯᠡᠴᠢᠯᠡᠭᠡ ᠪᠠ ᠪᠣᠯᠪᠠᠰᠤᠷᠠᠭᠤᠯᠤᠯ ᠤᠨ ᠡᠷᠴᠢᠮ ᠢ | ᠴᠢᠩᠭᠠᠷᠠᠭᠤᠯᠤᠨ᠎ᠠ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ | ᠬᠠᠷᠢᠶ᠎ᠠ ᠣᠷᠣᠨ ᠤ ᠪᠠᠨ ᠳᠣᠲᠣᠷᠠᠬᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠢᠯᠣᠭᠤᠳᠤᠯᠭ᠎ᠠ᠂ ᠦᠢᠯᠡᠴᠢᠯᠡᠭᠡ ᠪᠠ | ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢᠨ ᠲᠤᠰᠬᠠᠢ ᠮᠡᠷᠭᠡᠵᠢᠯᠲᠡᠨ ᠤ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠤᠨ | ᠬᠤᠰᠢᠭᠤ ᠰᠢᠶᠠᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠵᠢᠯᠣᠭᠤᠳᠤᠯᠭ᠎ᠠ ᠦᠢᠯᠡᠴᠢᠯᠡᠭᠡ ᠥᠷᠨᠢᠭᠦᠯᠵᠦ᠂ ᠪᠠᠭ᠎ᠠ | ᠠᠩᠭᠢ ᠳᠤ ᠡᠭᠡᠯᠵᠢᠯᠡᠨ ᠪᠣᠯᠪᠠᠰᠤᠷᠠᠭᠤᠯᠬᠤ ᠠᠷᠭ᠎ᠠ ᠪᠠᠷ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠬᠡᠮᠵᠢᠬᠦ | ᠪᠠᠶᠢᠭᠤᠯᠤᠮᠵᠢ ᠳᠤ ᠪᠦᠬᠦᠨ ᠢ ᠬᠠᠮᠤᠷᠤᠭᠰᠠᠨ ᠥᠯᠢᠭᠡᠷ ᠡᠳ᠋ ᠠᠪᠬᠤ᠂ ᠪᠠᠶᠢᠴᠠᠭᠠᠨ ᠬᠡᠮᠵᠢᠬᠦ ᠪᠣᠳᠠᠲᠤ | ᠪᠣᠯᠪᠠᠰᠤᠷᠠᠯ ᠤᠨ ᠪᠣᠯᠪᠠᠰᠤᠷᠠᠭᠤᠯᠤᠯ ᠥᠷᠨᠢᠭᠦᠯᠦᠨ᠎ᠡ᠃ | ︵ᠲᠠᠪᠤ︶ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠪᠠ ᠡᠯ᠎ᠡ ᠠᠶᠢᠮᠠᠭ | ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠲᠥᠪ ︵ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠪᠠᠶᠢᠴᠠᠭᠠᠨ ᠬᠡᠮᠵᠢᠬᠦ ᠲᠥᠪ︶ ᠨᠢ ᠳᠠᠶᠢᠴᠢᠯᠠᠬᠤ | ᠦᠢᠯᠡᠳᠦᠯ ᠢᠶᠠᠨ ᠪᠠᠳᠠᠷᠠᠭᠤᠯᠵᠤ᠂ ᠬᠤᠰᠢᠭᠤ ᠰᠢᠶᠠᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢ ᠬᠠᠪᠰᠤᠷᠤᠨ | ᠪᠠᠶᠢᠴᠠᠭᠠᠨ ᠬᠡᠮᠵᠢᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ | ᠬᠠᠷᠢᠯᠴᠠᠬᠤ ᠬᠥᠮᠥᠨ᠄ ᠭᠦᠸᠧ ᠶᠠᠨ ᠴᠢᠶᠦ᠋ᠩ | ᠤᠲᠠᠰᠤ᠄ 0471-2947300 | ᠢᠮᠧᠯ ᠄ nmgnmtjgc@163.com | | | ᠳᠠᠭᠠᠯᠳᠤᠭᠤᠯᠤᠯ᠄ 1.2022 ᠣᠨ ᠳᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ | ᠴᠢᠨᠠᠷ ᠤᠨ ᠠᠮᠤᠷ ᠲᠦᠪᠰᠢᠨ ᠢ ᠪᠠᠶᠢᠴᠠᠭᠠᠨᠬᠡᠮᠵᠢᠬᠦ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ | ᠪᠠᠶᠢᠭᠤᠯᠤᠮᠵᠢ ᠶᠢᠨ ᠨᠡᠷᠡᠰ ᠲᠤ ᠣᠷᠣᠯᠴᠠᠭᠰᠠᠨ ᠦᠭᠡᠢ ᠪᠠᠶᠢᠭᠤᠯᠤᠮᠵᠢ ᠶᠢᠨ ᠨᠡᠷᠡᠰ | | | ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2023 ᠣᠨ ᠤ 1 ᠰᠠᠷ᠎ᠠ ᠶᠢᠨ 30 ᠤ ᠡᠳᠦᠷ | |