内蒙古自治区农牧厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠨᠢᠭᠡ ᠬᠦᠴᠦᠨ ᠨᠢᠭᠡ ᠬᠡᠯᠬᠢᠶ᠎ᠡ ᠬᠤᠶᠠᠷ ᠠᠵᠢᠯᠯᠠᠭ᠎ᠠ︾︕ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠤᠮᠤᠢ
        ᠨᠡᠶᠢᠲᠡᠯᠡᠭᠰᠡᠨ ᠴᠠᠭ᠄
        2023/2/3
              2 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ︽ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠬᠤ︾ ᠲᠤᠰᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠡᠩᠬᠡᠳᠦ᠋ᠪᠰᠢᠨ ᠬᠤᠷᠠᠯ ᠳᠡᠭᠡᠷ᠎ᠡ ᠲᠠᠨᠢᠯᠴᠠᠭᠤᠯᠬᠤ ᠳᠠᠭᠠᠨ᠂ ᠡᠨᠡ ᠵᠢᠯ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠬᠤ ᠶᠢᠨ ᠭᠤᠣᠯᠳᠠᠯᠭ᠎ᠠ ᠪᠣᠯ ︽ᠨᠢᠭᠡ ᠬᠦᠴᠦᠨ ᠨᠢᠭᠡ ᠬᠡᠯᠬᠢᠶ᠎ᠡ ᠬᠤᠶᠠᠷ ᠠᠵᠢᠯᠯᠠᠭ᠎ᠠ︾ ᠶᠢ ᠰᠠᠶᠢᠲᠤᠷ ᠠᠳᠬᠤᠬᠤ ᠶᠠᠪᠤᠳᠠᠯ ᠪᠣᠯᠣᠨ᠎ᠠ ᠭᠡᠪᠡ ᠃ 
        图片1.jpg 
              ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠡᠩᠬᠡᠪᠴᠢᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ ᠃ ᠥᠪᠥᠷ ᠮᠣᠩᠭᠤᠯ ᠡᠨᠡ ᠵᠢᠯ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠵᠤ᠂ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠤᠨᠠᠯᠲᠠ ᠶᠢ ᠨᠡᠮᠡᠭᠳᠡᠭᠦᠯᠬᠦ ᠲᠠᠯ᠎ᠠ ᠪᠠᠷ ᠬᠦᠴᠦᠯᠡᠵᠦ᠂ 110 ᠳ᠋ᠦᠩᠰᠢᠭᠤᠷ ᠲᠥᠭᠦᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠢ ᠬᠦᠭᠵᠢᠬᠦᠯᠬᠦ ᠵᠡᠷᠭᠡ ᠪᠡᠯᠡ ᠮᠥᠩᠭᠦ ᠶᠢ ᠲᠣᠬᠢᠷᠠᠭᠤᠯᠤᠨ᠂ ᠴᠢᠨᠠᠷ ᠰᠠᠶᠢᠲᠠᠢ ᠥᠨᠳᠥᠷ ᠪᠦᠲᠦᠮᠵᠢᠲᠡᠶ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠮᠤ ᠪᠤᠳᠠᠭ᠎ᠠ ᠳᠠᠷᠢᠬᠤ ᠲᠠᠯᠠᠪᠠᠶ ᠪᠠ ᠤᠨᠠᠯᠲᠠ ᠶᠢ ᠲᠣᠭᠲᠠᠪᠤᠷᠢᠵᠢᠭᠤᠯᠤᠨ᠎ᠠ᠃ ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ 395 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ 1920 ᠲᠦᠮᠡᠨ ᠮᠦ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠬᠦ ᠶᠢ ᠳᠡᠮᠵᠢᠨ᠎ᠡ ᠃ ᠭᠠᠷᠤᠯᠲᠠ ᠪᠠᠨ ᠨᠡᠮᠡᠭᠳᠡᠭᠦᠯᠬᠦ ᠲᠠᠯᠳᠠ ᠬᠦᠴᠦᠨ ᠢ ᠭᠦᠨ ᠠᠭᠤᠳᠠᠯᠵᠤ ᠂ ᠨᠥᠬᠦᠴᠡᠯ ᠳᠤ ᠨᠡᠶᠢᠴᠡᠬᠦ ᠬᠤᠵᠢᠷᠯᠢᠭ ᠭᠠᠵᠠᠷ ᠵᠡᠷᠭᠡ ᠪᠡᠯᠡᠳᠬᠡᠯ ᠭᠠᠵᠠᠷ ᠰᠢᠷᠣᠢ ᠶᠢᠨ ᠡᠬᠢ ᠪᠠᠶᠠᠯᠢᠭ ᠢ ᠵᠣᠬᠢᠰᠲᠠᠢ ᠪᠠᠷ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠵᠤ ᠶᠡᠷᠦᠩᠬᠡᠶᠢᠯᠡᠨ ᠠᠰᠢᠭᠯᠠᠬᠤ ᠶᠢ ᠲᠡᠮᠵᠢᠨ᠎ᠡ ᠃      ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠡᠨᠡ ᠵᠢᠯ ᠥᠪᠥᠷ ᠮᠣᠩᠭᠤᠯ 40 ᠳ᠋ᠦᠩᠰᠢᠭᠤᠷ ᠲᠥᠭᠦᠷᠢᠭ  ᠭᠠᠷᠤᠢ ᠪᠡᠯᠡ ᠮᠥᠩᠭᠦ ᠲᠣᠬᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠠᠯᠠᠰᠢᠨ ᠦᠬᠡᠷ ᠂ ᠠᠯᠠᠰᠢᠨ ᠬᠤᠨᠢ ᠂ ᠠᠮᠢᠳᠤ ᠭᠠᠭ᠋ᠠᠢ ᠶᠢ ᠶᠡᠭᠡ ᠰᠢᠶᠠᠨ ᠠᠴᠠ ᠰᠢᠯᠵᠢᠭᠦᠯᠦᠨ ᠭᠠᠷᠭᠠᠬᠤ ᠶᠢ ᠱᠠᠩᠨᠠᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠲᠤᠬᠠᠢ ᠶᠢᠨ ᠭᠠᠵᠠᠷ ᠲᠤᠨᠢ ᠲᠣᠮᠣ ᠬᠡᠯᠪᠡᠷᠢ ᠶᠢᠨ ᠨᠢᠲᠤᠯᠬᠤ ᠵᠦᠢᠯᠡᠰ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠶᠢ ᠵᠣᠷᠢᠭᠵᠢᠭᠤᠯᠵᠤ ᠂ ᠮᠠᠯ ᠵᠢᠭᠦᠷᠲᠡᠨ ᠤ ᠪᠦᠲᠦᠭᠡᠭᠳᠡᠬᠦᠨ ᠢ ᠨᠠᠷᠢᠯᠢᠭ ᠰᠠᠯᠭᠠᠬᠤ ᠂ ᠬᠦᠢᠲᠡᠨ ᠢᠶᠠᠷ ᠬᠡᠯᠬᠢᠶᠡᠵᠢᠭᠦᠯᠦᠨ ᠡᠳ᠋ᠰᠢᠭᠦᠯᠬᠦ ᠵᠢᠴᠢ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠢᠵᠢ ᠪᠦᠷᠢᠳᠦᠭᠦᠯᠦᠨ ᠪᠠᠶᠢᠭᠤᠯᠤᠨ᠎ᠠ ᠃ ᠠᠷᠠᠰᠤ ᠰᠢᠷᠢ ᠂ ᠨᠣᠣᠰᠣᠨ ᠤ ᠠᠵᠤ ᠦᠢᠯᠡᠰ ᠤᠨ ᠬᠥᠭᠵᠢᠯᠲᠡ ᠶᠢ ᠲᠡᠮᠵᠢᠨ᠎ᠡ ᠃ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠭᠠᠷᠴᠠᠭ ᠪᠠᠶᠢᠭᠤᠯᠬᠤ ᠶᠢ ᠳᠡᠮᠵᠢᠵᠦ᠂ ᠪᠣᠬᠢᠷᠳᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠭᠡ ᠬᠢᠬᠦ ᠶᠢ ᠵᠣᠷᠢᠭᠵᠢᠭᠤᠯᠤᠨ᠂ ᠭᠠᠵᠠᠷ ᠵᠦᠢ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠵᠦ᠂ ︽ᠮᠣᠩᠭᠤᠯ︾ ᠥᠰᠥᠭ ᠤᠨ ᠲᠡᠮᠳᠡᠭᠲᠦ ᠶᠢᠨ ᠭᠡᠷᠡᠴᠢᠯᠡᠭᠡ ᠬᠢᠬᠦ ᠶᠢ ᠲᠦᠯᠬᠢᠨ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠥᠷᠨᠢᠭᠦᠯᠦᠨ᠎ᠡ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠠᠶᠢᠭᠤᠯᠤᠯᠲᠠ ᠶᠢᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠤᠷᠰᠢᠯᠲᠠ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠᠨ ᠲᠦᠷᠭᠡᠳᠬᠡᠬᠦ ᠶᠢ ᠳᠡᠮᠵᠢᠨ᠎ᠡ᠃      ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠪᠠ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ ᠃ ᠦᠷ᠎ᠡ ᠪᠣᠯ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ︽ᠴᠢᠫ︾ ᠮᠥᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠠᠩᠭᠢᠯᠠᠭ᠎ᠠ ᠮᠥᠨ᠃ ᠡᠨᠡ ᠵᠢᠯ ᠥᠪᠥᠷ ᠮᠣᠩᠭᠤᠯ ᠦᠷᠭᠦᠯᠵᠢᠯᠡᠨ 9000 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠦᠷ᠎ᠡ  ᠶᠢᠨ ᠴᠢᠨᠠᠷ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠰᠠᠶᠢᠨ ᠡᠭᠦᠯᠳᠡᠷ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠳᠠᠪᠠᠭᠤᠯᠢᠭ ᠣᠨᠴᠠᠯᠢᠭᠲᠤ ᠡᠭᠦᠯᠳᠡᠷ ᠢ ᠪᠣᠶᠢᠵᠢᠭᠤᠯᠬᠤ ᠭᠤᠷᠪᠠᠨ ᠶᠡᠭᠡ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠨ᠎ᠡ᠃ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠥᠷᠨᠢᠭᠦᠯᠵᠦ᠂ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠤᠨ᠂ ᠡᠪᠡᠰᠦᠨ ᠦᠷ᠎ᠡ ᠶᠢᠨ ᠦᠢᠯᠡᠰ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ ᠵᠡᠷᠭᠡ 5 ᠳᠠᠪᠠᠭᠤᠯᠢᠭ ᠠᠵᠤ ᠦᠢᠯᠡᠰ ᠪᠠ  ᠬᠤᠯᠢᠰᠢᠨ ᠠᠮᠤ᠂ ᠢᠳᠡᠰᠢᠨ ᠨᠣᠭᠤᠭ᠎ᠠ᠂ ᠨᠡᠷᠡᠨ ᠬᠤᠸᠠᠷ᠂ ᠰᠢᠬᠢᠷ ᠯᠤᠤᠪᠠᠩ ᠵᠡᠷᠭᠡ 14 ᠲᠥᠷᠥᠯ ᠵᠦᠢᠯ  ᠤᠨ ᠠᠵᠤ ᠦᠢᠯᠡᠰ  ᠲᠤ ᠦᠷᠭᠦᠯᠵᠢᠯᠡᠨ ᠳᠡᠮᠵᠢᠯᠭᠡ ᠦᠵᠡᠭᠦᠯᠦᠨ᠎ᠡ᠃ ᠰᠢᠯᠢᠳᠡᠭ ᠡᠭᠦᠯᠳᠡᠷ ᠢ ᠱᠠᠩᠨᠠᠬᠤ ᠲᠣᠭᠲᠠᠴᠠ ᠶᠢ ᠪᠠᠶᠢᠭᠤᠯᠵᠤ᠂ ᠦᠪᠡᠰᠦᠪᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠲᠥᠮᠥᠰᠥ ᠶᠢᠨ ᠴᠢᠨᠠᠷ ᠰᠠᠶᠢᠲᠠᠢ ᠰᠢᠨ᠎ᠡ ᠡᠭᠦᠯᠳᠡᠷ ᠪᠣᠯᠣᠨ ᠤᠯᠤᠰ ᠤᠨ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠡᠭᠦᠯᠳᠡᠷ ᠢ ᠨᠢᠭᠡ ᠤᠳᠠᠭᠠᠨ ᠤ ᠴᠢᠨᠠᠷᠲᠠᠢ ᠪᠠᠷ ᠱᠠᠩᠨᠠᠨ᠎ᠠ᠃      ᠰᠦ ᠶᠢᠨ ᠦᠢᠯᠡᠰ ᠪᠣᠯ ᠥᠪᠥᠷ ᠮᠣᠩᠭᠤᠯ ᠤᠨ ᠮᠢᠩᠭᠠᠨ ᠳ᠋ᠦᠩᠰᠢᠭᠤᠷ ᠤᠨ ᠲᠠᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠮᠥᠨ᠂ ᠨᠢᠳᠤᠨᠤᠨ ᠥᠪᠡᠷᠲᠡᠭᠡᠨ ᠵᠠᠰᠠᠬᠤ ᠣᠷᠣᠨ ᠠᠴᠠ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠰᠦᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠣᠳᠣᠬᠠᠨ ᠳᠤ ᠨᠢᠭᠡᠨᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠡᠨᠡ ᠵᠢᠯ ᠥᠪᠥᠷ ᠮᠣᠩᠭᠤᠯ ᠦᠷᠭᠦᠯᠵᠢᠯᠡᠨ ︽ ᠰᠦ ᠶᠢᠨ ᠢᠷᠡᠯᠲᠡ︾ ︽ᠦᠨᠢᠶᠡᠨ ᠤ ᠢᠷᠡᠯᠲᠡ︾ ︽ᠡᠪᠡᠰᠦᠨ ᠤ ᠢᠷᠡᠯᠲᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠰᠦ ᠶᠢᠨ ᠢᠷᠡᠯᠲᠡ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢ ᠰᠢᠨ᠎ᠡ ᠪᠠᠷ ᠪᠠᠶᠢᠭᠤᠯᠬᠤ ᠶᠢ ᠵᠣᠷᠢᠭᠵᠢᠭᠤᠯᠵᠤ᠂ ᠴᠢᠨᠠᠷ ᠰᠠᠶᠢᠲᠠᠢ ᠰᠠᠭᠠᠯᠢ ᠶᠢᠨ ᠦᠨᠢᠶ᠎ᠡ ᠶᠢᠨ ᠰᠦᠷᠦᠭᠵᠢᠯ ᠤᠨ ᠨᠡᠮᠡᠭᠳᠡᠯ ᠢ ᠠᠬᠢᠭᠤᠯᠤᠨ᠂ 2021 ᠣᠨ ᠠᠴᠠ ᠰᠡᠭᠦᠯᠡᠷ ᠪᠠᠶᠢᠭᠤᠯᠤᠭᠰᠠᠨ 3000 ᠦᠨᠢᠶ᠎ᠡ  ᠲᠡᠵᠢᠭᠡᠵᠦ ᠲᠡᠶᠢᠯᠬᠦ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠳᠤ ᠰᠢᠨ᠎ᠡ ᠪᠠᠷ ᠨᠡᠮᠡᠭᠳᠡᠭᠰᠡᠨ ᠰᠠᠭᠠᠯᠢ ᠶᠢᠨ ᠦᠨᠢᠶ᠎ᠡ ᠶᠢᠨ ᠲᠤᠭ᠎ᠠ ᠬᠡᠮᠵᠢᠶ᠎ᠡ ᠶᠢ ᠦᠨᠳᠦᠰᠦᠯᠡᠨ ᠨᠥᠬᠦᠪᠦᠷᠢ ᠥᠭᠭᠦᠨ᠎ᠡ᠃ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠤᠨ ᠰᠦᠷᠦᠭ ᠢᠶᠠᠨ ᠦᠷᠭᠡᠳᠭᠡᠬᠦ ᠶᠢ ᠳᠡᠮᠵᠢᠨ᠎ᠡ᠃ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠪᠣᠯᠣᠨ ᠰᠠᠭᠠᠯᠢ ᠶᠢᠨ ᠲᠠᠷᠢᠶᠠᠴᠢᠳ ᠤᠨ ᠬᠤᠷᠰᠢᠶᠠᠨ ᠤ ᠪᠣᠷᠳᠤᠭ᠎ᠠ ᠬᠤᠳᠠᠯᠳᠤᠨ ᠠᠪᠴᠤ ᠨᠥᠭᠡᠴᠡᠯᠡᠬᠦ ᠶᠢ ᠳᠡᠮᠵᠢᠨ᠎ᠡ ᠃ ᠴᠠᠷᠭᠠᠰᠤ ᠶᠢᠨ ᠳᠠᠷᠢᠬᠤ ᠲᠠᠯᠠᠪᠠᠶ ᠶᠢ ᠥᠷᠭᠡᠳᠬᠡᠬᠦ ᠶᠢ ᠵᠣᠷᠢᠭᠵᠢᠭᠤᠯᠤᠨ᠎ᠠ᠃ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠲᠦᠭᠦᠬᠡᠢ ᠰᠢᠨ᠎ᠡ ᠰᠦ ᠡᠳ᠋ᠰᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠨ᠎ᠡ ᠃ 
         
        ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
         
         
        ᠬᠠᠮᠢᠶ᠎ᠠ ᠪᠥᠬᠦᠢ ᠰᠤᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号