内蒙古自治区农牧厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠵᠦ ᠬᠠᠮᠠᠭᠠᠯᠠᠬᠤ ᠲᠥᠪ ᠨᠢᠩᠴᠧᠩ ᠰᠢᠶᠠᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠪᠠᠶᠢᠴᠠᠭᠠᠨ ᠵᠢᠯᠣᠭᠤᠳᠪᠠ
        ᠨᠡᠶᠢᠲᠡᠯᠡᠭᠰᠡᠨ ᠴᠠᠭ᠄
        2023/2/7
              2 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠵᠦ ᠬᠠᠮᠠᠭᠠᠯᠠᠬᠤ ᠲᠥᠪ ᠤᠨ ᠦ᠋ ᠶᠠᠨ᠂ ᠲᠠᠩ ᠬᠤᠩ ᠪᠥᠸᠧ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠳᠡᠳ᠋ ᠡᠷᠬᠢᠯᠡᠭᠴᠢ ᠬᠤᠸᠠᠩ ᠵᠢᠩ ᠭᠤᠸᠠᠩ᠂ ᠲᠠᠷᠢᠶᠠᠯᠠᠩ ᠤᠨ ᠬᠠᠮᠠᠭᠠᠯᠠᠯᠲᠠ ᠶᠢᠨ ᠰᠠᠯᠠᠭᠠᠨ ᠤ ᠳᠡᠳ᠋ ᠳᠠᠷᠤᠭ᠎ᠠ ᠶᠤᠸᠠᠨ ᠰᠢ ᠵᠢᠶᠦ᠋ᠨ ᠳᠥᠷᠪᠡᠭᠦᠯᠡ ᠨᠢᠩᠴᠧᠩ ᠰᠢᠶᠠᠨ ᠳᠤ ᠬᠦᠷᠴᠦ ᠪᠥᠬᠦ ᠰᠢᠶᠠᠨ ᠤ ᠲᠠᠷᠢᠶᠠᠨ ᠭᠠᠵᠠᠷ ᠤᠨ ᠶᠠᠰᠤ ᠴᠢᠨᠠᠷ ᠤᠨ ᠣᠷᠳᠣ ᠬᠤᠭᠤᠴᠠᠭᠠᠨ ᠤ ᠪᠠᠶᠢᠷᠢ ᠲᠣᠭᠲᠠᠭᠠᠯᠲᠠ ᠶᠢ ᠬᠢᠨᠠᠨ ᠬᠡᠮᠵᠢᠬᠦ ᠴᠡᠭ ᠤᠨ ᠪᠦᠲᠦᠭᠡᠨ ᠪᠠᠶᠢᠭᠤᠯᠤᠯᠲᠠ ᠵᠢᠴᠢ ᠬᠡᠷᠡᠭᠯᠡᠯᠲᠡ ᠶᠢᠨ ᠪᠠᠶᠢᠳᠠᠯ ᠤᠨ ᠲᠤᠬᠠᠢ ᠪᠠᠶᠢᠴᠠᠭᠠᠨ ᠵᠢᠯᠣᠭᠤᠳᠪᠠ᠃      ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠢᠶᠣᠣ ᠴᠧᠩ ᠽᠢ ᠪᠠᠯᠭᠠᠰᠤ ᠶᠢᠨ ᠲᠠᠢ ᠽᠢ ᠲᠣᠰᠬᠤᠨ ᠂ ᠰᠢ ᠽᠢ ᠪᠠᠯᠭᠠᠰᠤ ᠶᠢᠨ ᠯᠠᠮᠠ ᠶᠢᠩᠽᠢ ᠲᠣᠰᠬᠤᠨ ᠂ ᠳ᠋ᠠ ᠮᠢᠩ ᠪᠠᠯᠭᠠᠰᠤ ᠶᠢᠨ ᠭᠠᠰ ᠲᠣᠰᠬᠤᠨ ᠳᠤ ᠬᠦᠷᠴᠦ ᠂ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠡᠨᠡ ᠭᠤᠷᠪᠠᠨ ᠴᠡᠭ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ ᠂ ᠨᠢᠩᠴᠧᠩ ᠰᠢᠶᠠᠨ ᠤ ᠰᠢ ᠽᠢ ᠪᠠᠯᠭᠠᠰᠤ ᠶᠢᠨ ᠯᠠᠮᠠ ᠶᠢᠩᠽᠢ ᠲᠣᠰᠬᠤᠨ ᠤ ᠬᠢᠨᠠᠨ ᠬᠡᠮᠵᠢᠬᠦ ᠴᠡᠭ ᠪᠣᠯ ᠤᠯᠤᠰ ᠤᠨ ᠲᠡᠰ ᠤᠨ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠡᠭ ᠂ ᠰᠢᠶᠣᠣ ᠴᠧᠩ ᠽᠢ ᠪᠠᠯᠭᠠᠰᠤ ᠶᠢᠨ ᠲᠠᠢ ᠽᠢ ᠲᠣᠰᠬᠤᠨ ᠂ ᠳ᠋ᠠ ᠮᠢᠩ ᠪᠠᠯᠭᠠᠰᠤ ᠶᠢᠨ ᠭᠠᠰ ᠲᠣᠰᠬᠤᠨ ᠤ ᠬᠢᠨᠠᠨ ᠬᠡᠮᠵᠢᠬᠦ ᠴᠡᠭ ᠪᠣᠯ ᠥᠪᠡᠷᠲᠡᠭᠡᠨ ᠵᠠᠰᠠᠬᠤ ᠣᠷᠣᠨ ᠤ ᠲᠡᠰ ᠤᠨ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠡᠭ ᠪᠣᠯᠣᠨ᠎ᠠ ᠃      ᠬᠢᠨᠠᠨ ᠬᠡᠮᠵᠢᠬᠦ ᠴᠡᠭ ᠲᠤ ᠬᠦᠷᠬᠦ ᠪᠦᠷᠢ ᠂ ᠪᠠᠶᠢᠴᠠᠭᠠᠬᠤ ᠳᠤᠭᠤᠶᠢᠯᠠᠩ ᠤᠨ ᠬᠢᠨ ᠬᠢᠨᠠᠨ ᠬᠡᠮᠵᠢᠬᠦ ᠴᠡᠭ ᠤᠨ ᠬᠢᠨᠠᠨ ᠬᠡᠮᠵᠢᠬᠦ ᠴᠢᠳᠠᠮᠵᠢᠲᠤ ᠣᠷᠣᠨ ᠪᠣᠯᠣᠨ ᠪᠣᠷᠳᠣᠭᠤᠷ ᠨᠠᠶᠢᠷᠠᠭᠤᠯᠬᠤ ᠲᠤᠷᠰᠢᠯᠲᠠ ᠶᠢᠨ ᠪᠠᠶᠢᠴᠠᠭᠠᠨ ᠬᠡᠮᠵᠢᠬᠦ ᠣᠷᠣᠨ ᠤ ᠠᠵᠢᠯᠯᠠᠭᠠᠨ ᠤ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ ᠂ ᠬᠢᠨᠠᠨ ᠬᠡᠮᠵᠢᠬᠦ ᠴᠡᠭ ᠤᠨ ᠭᠠᠵᠠᠷ ᠤᠨ ᠡᠬᠢᠨ  ᠳᠤ ᠬᠢ ᠭᠠᠨᠳᠢᠭ ᠴᠢᠯᠠᠭᠤᠨ ᠫᠠᠶᠢᠰᠠ ᠶᠢᠨ ᠪᠠᠷᠢᠮᠵᠢᠶ᠎ᠠ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ ᠂ ᠨᠢᠩᠴᠧᠩ ᠰᠢᠶᠠᠨ ᠤ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠠᠭᠠᠯᠠᠯᠲᠠ ᠶᠢᠨ ᠠᠵᠢᠯ ᠤᠨ ᠪᠣᠳᠠᠲᠠᠢ ᠪᠠᠶᠢᠳᠠᠯ ᠢ ᠨᠠᠷᠢᠨ ᠣᠶᠢᠯᠠᠭᠠᠳᠠᠭ ᠃      ᠨᠢᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠳᠡᠳ᠋ ᠳᠠᠷᠤᠭ᠎ᠠ ᠶᠣᠣ ᠵᠣᠣ ᠰᠢᠨ ᠪᠥᠬᠦ ᠰᠢᠶᠠᠨ ᠤ ᠲᠠᠷᠢᠶᠠᠨ ᠭᠠᠵᠠᠷ ᠤᠨ ᠶᠠᠰᠤ ᠴᠢᠨᠠᠷ ᠤᠨ ᠣᠷᠳᠣ ᠬᠤᠭᠤᠴᠠᠭᠠᠨ ᠤ ᠣᠷᠣᠨ ᠪᠠᠶᠢᠷᠢ ᠶᠢᠨ ᠬᠢᠨᠠᠨ ᠬᠡᠮᠵᠢᠯᠲᠡ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠬᠢᠨᠠᠨ ᠬᠡᠮᠵᠢᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠲᠠᠨᠢᠯᠴᠠᠭᠤᠯᠪᠠ᠃ ᠶᠣᠣ ᠵᠣᠣ ᠰᠢᠨ ᠵᠢᠭᠠᠵᠤ ᠭᠠᠷᠭᠠᠭᠰᠠᠨ ᠨᠢ᠂ ᠨᠢᠩᠴᠧᠩ ᠰᠢᠶᠠᠨ ᠤ ᠬᠢᠨ ︽ᠬᠢᠨᠠᠨ ᠬᠡᠮᠵᠢᠬᠦ ᠴᠡᠭ ᠢᠶᠠᠷ ᠭᠤᠣᠯ ᠪᠣᠯᠬᠤ ᠰᠢᠶᠠᠩ ᠪᠠᠯᠭᠠᠰᠤᠨ ᠤ ᠪᠣᠶ ᠪᠦᠬᠦᠢ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢ ᠬᠠᠮᠤᠷᠬᠤ︾ ᠵᠠᠷᠴᠢᠮ ᠶᠣᠰᠣᠭᠠᠷ᠂ ᠬᠥᠷᠥᠰᠥ ᠰᠢᠷᠣᠢ ᠶᠢᠨ ᠲᠥᠷᠥᠯ ᠬᠡᠯᠪᠡᠷᠢ᠂ ᠲᠠᠷᠢᠮᠠᠯ ᠤᠨ ᠳᠦᠷᠢᠮ᠂ ᠭᠠᠷᠤᠯᠲᠠ ᠶᠢᠨ ᠬᠢᠷᠢ ᠲᠦᠪᠰᠢᠨ᠂ ᠲᠠᠷᠢᠶᠠᠨ ᠭᠠᠵᠠᠷ ᠤᠨ ᠣᠷᠴᠢᠨ ᠲᠣᠭᠤᠷᠢᠨ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠬᠢᠷᠢ ᠲᠦᠪᠰᠢᠨ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ 23 ᠬᠡᠰᠡᠭ ᠭᠠᠵᠠᠷ ᠢ ᠰᠣᠩᠭᠤᠨ ᠲᠠᠷᠢᠶᠠᠨ ᠭᠠᠵᠠᠷ ᠤᠨ ᠶᠠᠰᠤ ᠴᠢᠨᠠᠷ ᠤᠨ ᠣᠷᠳᠣ ᠬᠤᠭᠤᠴᠠᠭᠠᠨ ᠤ ᠪᠠᠶᠢᠷᠢ ᠲᠣᠭᠲᠠᠭᠠᠯᠲᠠ ᠶᠢᠨ ᠬᠢᠨᠠᠨ ᠬᠡᠮᠵᠢᠬᠦ ᠴᠡᠭ ᠤᠨ ᠪᠦᠲᠦᠭᠡᠨ ᠪᠠᠶᠢᠭᠤᠯᠤᠯᠲᠠ ᠬᠢᠵᠦ᠂ ᠬᠢᠨᠠᠨ ᠬᠡᠮᠵᠢᠬᠦ ᠴᠡᠭ ᠤᠨ ᠲᠥᠯᠥᠭᠡᠯᠡᠬᠦ ᠴᠢᠨᠠᠷ ᠪᠠ ᠦᠷᠭᠦᠯᠵᠢᠯᠡᠬᠦ ᠴᠢᠨᠠᠷ ᠢ ᠦᠨᠡᠨ ᠬᠦ ᠪᠠᠲᠤᠯᠠᠨ᠎ᠠ ᠃ ᠣᠳᠣᠬᠠᠨ ᠳᠤ᠂ ᠪᠥᠬᠦ ᠰᠢᠶᠠᠨ ᠤ 23 ᠬᠢᠨᠠᠨ ᠬᠡᠮᠵᠢᠬᠦ ᠴᠡᠭ ᠴᠥᠮ ᠬᠡᠪ ᠤᠨ ᠶᠣᠰᠣᠭᠠᠷ ᠠᠵᠢᠯᠯᠠᠵᠤ᠂ ᠬᠢᠨᠠᠨ ᠬᠡᠮᠵᠢᠬᠦ ᠵᠢᠵᠢᠭ ᠲᠣᠭᠤᠷᠢᠭ ᠤᠨ ᠳᠣᠲᠣᠷᠠᠬᠢ ᠲᠠᠷᠢᠶᠠᠨ ᠭᠠᠵᠠᠷ ᠤᠨ ᠬᠠᠮᠢᠶᠠᠷᠤᠯᠲᠠ᠂ ᠠᠵᠢᠭᠯᠠᠨ ᠲᠡᠮᠳᠡᠭᠯᠡᠬᠦ᠂ ᠪᠠᠶᠢᠴᠠᠭᠠᠯᠲᠠ ᠬᠢᠵᠦ ᠥᠯᠢᠭᠡᠷ ᠡᠳ᠋ ᠠᠪᠬᠤ ᠵᠡᠷᠭᠡ ᠶᠢ ᠴᠥᠮ ᠲᠤᠰᠬᠠᠢ ᠬᠥᠮᠥᠨ ᠬᠠᠷᠢᠭᠤᠴᠠᠵᠤ᠂ ᠬᠢᠨᠠᠨ ᠬᠡᠮᠵᠢᠬᠦ ᠵᠢᠵᠢᠭ ᠲᠣᠭᠤᠷᠢᠭ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ᠂ ᠪᠤᠰᠤᠳᠴᠢ ᠪᠠᠷ ᠲᠡᠮᠳᠡᠭᠯᠡᠬᠦ ᠶᠢ ᠦᠨᠡᠨ ᠬᠦ ᠪᠠᠲᠤᠯᠠᠵᠤ ᠪᠠᠶᠢᠨ᠎ᠠ ᠭᠡᠪᠡ ᠃      ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠠ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠪᠠᠶᠢᠴᠠᠭᠠᠬᠤ ᠳᠤᠭᠤᠶᠢᠯᠠᠩ ᠤᠨ ᠬᠢᠨ ᠨᠢᠩᠴᠧᠩ ᠰᠢᠶᠠᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠭᠦᠢᠴᠡᠳ ᠨᠤᠲᠠᠯᠠᠵᠤ᠂ ᠳᠡᠭᠡᠳᠦ ᠬᠡᠮᠵᠢᠶ᠎ᠡ ᠪᠠᠷ ᠮᠡᠳᠡᠷᠡᠭᠰᠡᠨ ᠪᠠᠶᠢᠨ᠎ᠠ᠃ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠲᠠᠷᠢᠶᠠᠨ ᠭᠠᠵᠠᠷ ᠤᠨ ᠶᠠᠰᠤ ᠴᠢᠨᠠᠷ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠶᠤᠮ᠂ ᠲᠠᠷᠢᠶᠠᠯᠠᠩ ᠤᠨ  ᠲᠠᠭᠠᠭᠠᠮᠠᠭᠠᠢ ᠬᠥᠭᠵᠢᠯᠲᠡ ᠶᠢ ᠬᠡᠷᠡᠭᠵᠢᠭᠦᠯᠬᠦ ᠪᠣᠳᠠᠰ ᠤᠨ ᠰᠠᠭᠤᠷᠢ ᠮᠥᠨ ᠂ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠪᠠ ᠦᠨᠡᠯᠡᠬᠦ ᠪᠣᠯ ᠨᠢᠭᠡᠨ ᠤᠷᠳᠤ ᠬᠤᠭᠤᠴᠠᠭᠠᠨ ᠤ ᠴᠢᠨᠠᠷᠲᠠᠢ ᠂ ᠦᠨᠳᠦᠰᠦᠨ ᠴᠢᠨᠠᠷᠲᠠᠢ ᠠᠵᠢᠯ ᠪᠣᠯᠣᠨ᠎ᠠ ᠂ ᠨᠢᠩᠴᠧᠩ ᠰᠢᠶᠠᠨ ᠨᠢ ᠪᠦᠬᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠭᠠᠷᠭᠠᠬᠤ ᠲᠣᠮᠣ ᠰᠢᠶᠠᠨ ᠪᠣᠯᠤᠭᠰᠠᠨ ᠤ ᠬᠤᠪᠢ ᠳᠤ ᠂ ᠡᠷᠬᠡᠪᠰᠢ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠣᠭᠤᠮᠲᠠ ᠶᠢ ᠰᠠᠶᠢᠲᠤᠷ ᠰᠠᠬᠢᠵᠤ ᠂ ᠪᠦᠬᠦ ᠣᠷᠣᠨ ᠤ ᠲᠠᠷᠢᠶᠠᠯᠠᠩ ᠤᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠳᠤ ᠦᠨᠳᠦᠰᠦᠨ ᠱᠠᠲᠤᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠴᠣᠭᠴᠠᠯᠠᠬᠤ ᠬᠡᠷᠡᠭᠲᠡᠢ ᠭᠡᠪᠡ᠃
        图片1.jpg
          
         
        ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
         
         
        ᠬᠠᠮᠢᠶ᠎ᠠ ᠪᠥᠬᠦᠢ ᠰᠤᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号