ᠬᠤᠯᠪᠣᠭᠳᠠᠯ ᠪᠦᠬᠦᠢ ᠨᠢᠭᠡᠴᠢ᠂ ᠬᠤᠪᠢ ᠬᠥᠮᠥᠨ ᠳᠤ ᠄ | ︽ᠦᠷ᠎ᠡ ᠶᠢᠨ ᠬᠠᠤᠯᠢ︾ ︽ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠳᠦᠭᠡ 2023 ᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠢ | ᠬᠢᠨᠠᠨ ᠲᠣᠭᠲᠠᠭᠠᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠬᠤᠯᠪᠣᠭᠳᠠᠯ ᠪᠦᠬᠦᠢ ᠶᠠᠪᠤᠳᠠᠯ ᠢ ᠳᠣᠣᠷᠠᠬᠢ | ᠮᠡᠲᠦ ᠮᠡᠳᠡᠭᠳᠡᠪᠡ ᠃ | ᠨᠢᠭᠡ᠂ ᠭᠤᠶᠤᠴᠢᠯᠠᠯ ᠤᠨ ᠮᠠᠲ᠋ᠧᠷᠢᠶᠠᠯ | ᠭᠤᠶᠤᠴᠢᠯᠠᠭᠴᠢ ᠳᠣᠣᠷᠠᠬᠢ ᠮᠠᠲ᠋ᠧᠷᠢᠶᠠᠯ ᠤᠳ ᠢ ᠲᠤᠰᠢᠶᠠᠨ᠎ᠠ ᠄ | 1.ᠭᠤᠶᠤᠴᠢᠯᠠᠯ ᠤᠨ ᠪᠢᠴᠢᠭ ᠃ ᠭᠤᠶᠤᠴᠢᠯᠠᠯ ᠤᠨ ᠪᠢᠴᠢᠭ ᠤᠨ ᠬᠡᠯᠪᠡᠷᠢ ᠮᠠᠶ᠋ᠢᠭ ︵ᠳᠠᠭᠠᠯᠳᠤᠭᠤᠯᠤᠯ 1︶ | ᠶᠣᠰᠣᠭᠠᠷ᠂ ᠬᠠᠮᠢᠶ᠎ᠠ ᠪᠦᠬᠦᠢ ᠠᠭᠤᠯᠭ᠎ᠠ ᠶᠢ ᠲᠠᠭᠯᠠᠨ ᠮᠡᠳᠡᠭᠦᠯᠬᠦ ᠬᠡᠷᠡᠭᠲᠡᠢ ︵ᠡᠭᠦᠨ ᠳᠤ ᠡᠭᠦᠯᠳᠡᠷ ᠢ ᠰᠣᠩᠭᠤᠨ | ᠪᠣᠶᠢᠵᠢᠭᠤᠯᠤᠭᠰᠠᠨ ᠪᠠᠶᠢᠳᠠᠯ ᠤᠨ ᠲᠣᠶᠢᠮᠣᠴᠢᠯᠠᠯ ᠨᠢ ᠪᠥᠬᠦ ᠲᠠᠯ᠎ᠠ ᠶᠢᠨ᠂ ᠨᠠᠷᠢᠨ ᠲᠣᠳᠣᠷᠬᠠᠢ ᠪᠠᠶᠢᠬᠤ ᠬᠡᠷᠡᠭᠲᠡᠢ᠂ | ᠢᠯᠠᠩᠭᠤᠶ᠎ᠠ ᠡᠴᠢᠭᠡ ᠡᠬᠡ ᠶᠢᠨ ᠪᠡᠶ᠎ᠡ ᠶᠢᠨ ᠢᠷᠡᠯᠲᠡ ᠶᠢ ᠵᠠᠪᠠᠯ ᠲᠣᠳᠣᠷᠬᠠᠢ ᠲᠣᠭᠠᠴᠢᠬᠤ ᠬᠡᠷᠡᠭᠲᠡᠢ︶᠃ | ᠡᠭᠦᠯᠳᠡᠷ ᠤᠨ ᠲᠤᠷᠰᠢᠯᠲᠠ ᠶᠢᠨ ᠲᠤᠭ᠎ᠠ ᠪᠠᠷᠢᠮᠲᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠯᠪᠠᠨ ᠰᠦᠯᠵᠢᠶ᠎ᠡ ᠪᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠮᠡᠳᠡᠭᠡ ᠵᠠᠩᠭᠢ ᠶᠢᠨ | ᠰᠦᠯᠵᠢᠶ᠎ᠡ ᠶᠢᠨ ᠨᠡᠶᠢᠲᠡᠯᠡᠭᠰᠡᠨ ᠠᠭᠤᠯᠭ᠎ᠠ ᠶᠢᠨ ᠶᠣᠰᠣᠭᠠᠷ ᠲᠠᠭᠯᠠᠨ ᠮᠡᠳᠡᠭᠦᠯᠵᠦ᠂ ᠦᠪᠡᠰᠦᠪᠡᠨ ᠬᠢᠭᠰᠡᠨ | ᠲᠤᠷᠰᠢᠯᠲᠠ ᠶᠢᠨ ᠲᠤᠭ᠎ᠠ ᠪᠠᠷᠢᠮᠲᠠ ᠶᠢ ᠭᠤᠶᠤᠴᠢᠯᠠᠭᠴᠢ ᠠᠴᠠ ᠬᠠᠩᠭᠠᠬᠤ ᠶᠢᠨ ᠬᠠᠮᠲᠤ ᠲᠡᠭᠦᠨ ᠤ ᠪᠠᠨ ᠦᠨᠡᠨ | ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠃ | 2.ᠶᠠᠰᠤ ᠴᠢᠨᠠᠷ ᠵᠢᠴᠢ ᠡᠰᠡᠷᠭᠦᠴᠡᠬᠦ ᠴᠢᠨᠠᠷ ᠤᠨ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠃ | ᠭᠤᠶᠤᠴᠢᠯᠠᠭᠴᠢ ᠶᠠᠰᠤ ᠴᠢᠨᠠᠷ ᠵᠢᠴᠢ ᠡᠰᠡᠷᠭᠦᠴᠡᠬᠦ ᠴᠢᠨᠠᠷ ᠤᠨ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠶᠢᠨ ᠤᠭ | ᠮᠠᠲ᠋ᠧᠷᠢᠶᠠᠯ ᠲᠠᠢ ᠪᠠᠶᠢᠪᠠᠯ ᠂ ᠥᠪᠡᠷ ᠢᠶᠠᠨ ᠲᠠᠭᠯᠠᠨ ᠮᠡᠳᠡᠭᠦᠯᠬᠦ ᠶᠢᠨ ᠬᠠᠮᠲᠤ ᠮᠡᠳᠡᠭᠦᠯᠦᠯᠲᠡ ᠪᠠᠨ ᠬᠠᠩᠭᠠᠬᠤ ᠬᠡᠷᠡᠭᠲᠡᠢ︔ | ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠵᠣᠬᠢᠶᠠᠨ ᠪᠠᠶᠢᠭᠤᠯᠵᠤ ᠪᠠᠶᠢᠴᠠᠭᠠᠨ ᠰᠢᠯᠭᠠᠭᠰᠠᠨ ᠪᠠᠶᠢᠪᠠᠯ᠂ | ᠲᠤᠷᠰᠢᠯᠲᠠ ᠶᠢ ᠵᠣᠬᠢᠶᠠᠨ ᠪᠠᠶᠢᠭᠤᠯᠤᠭᠰᠠᠨ ᠨᠢᠭᠡᠴᠢ ᠶᠢᠨ ᠬᠠᠩᠭᠠᠭᠰᠠᠨ ᠮᠡᠳᠡᠭᠦᠯᠦᠯᠲᠡ ᠶᠢᠨ ᠶᠣᠰᠣᠭᠠᠷ ᠲᠠᠭᠯᠠᠨ | ᠮᠡᠳᠡᠭᠦᠯᠬᠦ ᠬᠡᠷᠡᠭᠲᠡᠢ᠃ | 3. ᠥᠪᠡᠷᠮᠢᠴᠡ ᠴᠢᠨᠠᠷ᠂ ᠨᠢᠭᠡᠳᠦᠯᠲᠦ ᠴᠢᠨᠠᠷ᠂ ᠲᠣᠭᠲᠠᠪᠤᠷᠢᠲᠤ ᠴᠢᠨᠠᠷ ᠤᠨ ᠰᠣᠷᠢᠯᠲᠠ ᠶᠢᠨ ᠮᠡᠳᠡᠭᠦᠯᠦᠯᠲᠡ᠃ | ︽ᠮᠠᠨ ᠤ ᠣᠷᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠶᠢᠨ ᠥᠪᠡᠷᠮᠢᠴᠡ ᠴᠢᠨᠠᠷ | ᠨᠢᠭᠡᠳᠦᠯᠲᠦ ᠴᠢᠨᠠᠷ ᠲᠣᠭᠲᠠᠪᠤᠷᠢᠲᠤ ᠴᠢᠨᠠᠷ ᠤᠨ ᠰᠣᠷᠢᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ | ︵ᠥᠪᠥᠷ ᠲᠠᠷᠢᠶᠠᠯᠠᠩ ᠦᠷ᠎ᠡ ᠥᠷᠲᠡᠭᠡ ᠡᠭᠦᠯᠳᠡᠷ ᠬᠠᠮᠢᠶᠠᠷᠤᠯᠲᠠ ᠲᠠᠷᠬᠠᠭᠠᠭᠰᠠᠨ ﹇2017﹈ 8 ᠳ᠋ᠤᠭᠠᠷ ᠲᠣᠭᠠᠲᠤ︶ | ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ DUS ᠰᠣᠷᠢᠯᠲᠠ ᠶᠢᠨ ᠮᠡᠳᠡᠭᠦᠯᠦᠯᠲᠡ ︵ᠨᠠᠭᠠᠲᠤ | ᠵᠠᠬ᠎ᠠ ᠳᠠᠭᠠᠨ ᠨᠢᠭᠡ ᠬᠤᠪᠢ ᠤᠭ ᠮᠠᠲ᠋ᠧᠷᠢᠶᠠᠯ ᠢ ᠬᠠᠩᠭᠠᠨ᠎ᠠ︶ ᠶᠢ ᠬᠠᠩᠭᠠᠬᠤ ᠬᠡᠷᠡᠭᠲᠡᠢ ᠃ | 4.ᠭᠤᠶᠤᠴᠢᠯᠠᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠪᠢᠴᠢᠭ | ︵ᠳᠠᠭᠠᠯᠳᠤᠭᠤᠯᠤᠯ 2 ︶ ᠃ | 5.ᠭᠧᠨ ᠬᠤᠪᠢᠷᠠᠭᠤᠯᠤᠭᠰᠠᠨ ᠪᠤᠰᠤ ᠠᠮᠠᠯᠠᠯᠲᠠ ᠶᠢᠨ ᠪᠢᠴᠢᠭ ︵ ᠳᠠᠭᠠᠯᠳᠤᠭᠤᠯᠤᠯ 3 ︶ ᠃ | ᠬᠤᠶᠠᠷ᠂ ᠮᠡᠳᠡᠭᠦᠯᠬᠦ ᠶᠠᠪᠤᠴᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ | ︵http://zwfw.bjxldf.com︶ ᠲᠤ ᠭᠠᠷᠴᠤ᠂ ᠰᠠᠯᠠᠭ᠎ᠠ ᠮᠥᠴᠢᠷ ︱ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︱ ᠵᠠᠰᠠᠭ ᠵᠠᠬᠢᠷᠭᠠᠨ ᠤ ᠨᠤᠲᠠᠯᠠᠯᠲᠠ ᠶᠢ ᠲᠣᠪᠴᠢᠳᠠᠨ᠂ | ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠵᠢᠯ ᠤᠨ ᠵᠢᠭᠠᠯᠲᠠ ᠶᠣᠰᠣᠭᠠᠷ ᠬᠠᠮᠢᠶ᠎ᠠ ᠪᠦᠬᠦᠢ | ᠮᠠᠲ᠋ᠧᠷᠢᠶᠠᠯ ︵word ᠬᠡᠪᠯᠡᠯ︶ ᠢ ᠳᠡᠭᠡᠭᠰᠢ ᠳᠠᠮᠵᠢᠭᠤᠯᠤᠨ᠎ᠠ᠃ ᠡᠰᠡᠷᠭᠦᠴᠡᠬᠦ ᠴᠢᠨᠠᠷ ᠪᠠ ᠶᠠᠰᠤ ᠴᠢᠨᠠᠷ ᠢ | ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢᠨ ᠰᠢᠷᠪᠢᠯᠲᠡ ᠶᠢᠨ | ᠮᠠᠲ᠋ᠧᠷᠢᠶᠠᠯ ᠢ ᠳᠡᠭᠡᠭᠰᠢ ᠲᠠᠮᠵᠢᠭᠤᠯᠤᠨ᠎ᠠ ᠂ ᠰᠢᠷᠪᠢᠯᠲᠡ ᠶᠢᠨ ᠮᠠᠲ᠋ᠧᠷᠢᠶᠠᠯ ᠢ ᠣᠯᠣᠭᠰᠠᠨ ᠦᠭᠡᠢ ᠪᠣᠯ ᠲᠤᠷᠰᠢᠯᠲᠠ ᠶᠢᠨ | ᠬᠠᠷᠢᠭᠤᠴᠠᠯᠭᠠᠲᠠᠨ ᠲᠠᠢ ᠬᠠᠷᠢᠯᠴᠠᠭᠠᠷᠠᠢ᠃ | ᠭᠤᠷᠪᠠ ᠂ ᠪᠤᠰᠤᠳ ᠱᠠᠭᠠᠷᠳᠠᠯᠭ᠎ᠠ | 1.ᠲᠤᠰᠢᠶᠠᠬᠤ ᠬᠡᠷᠡᠯ ᠵᠢᠷᠤᠭ ᠢᠶᠠᠨ ᠬᠡᠷᠡᠯ ᠵᠢᠷᠤᠭ ᠤᠨ ᠴᠠᠭᠠᠰᠤ ᠪᠠᠷ ᠳᠠᠷᠤᠮᠠᠯᠯᠠᠬᠤ ᠪᠤᠶᠤ ᠤᠬᠢᠶᠠᠵᠤ | ᠭᠠᠷᠭᠠᠭᠰᠠᠨ ᠤ ᠳᠠᠷᠠᠭ᠎ᠠ A4 ᠴᠠᠭᠠᠰᠤᠨ ᠳᠡᠭᠡᠷ᠎ᠡ ᠨᠠᠭᠠᠵᠤ᠂ ᠳᠣᠣᠷ᠎ᠠ ᠲᠠᠯ᠎ᠠ ᠳᠤᠨᠢ ᠬᠡᠷᠡᠯ ᠵᠢᠷᠤᠭ ᠤᠨ | ᠲᠣᠳᠣᠷᠬᠠᠶᠢᠯᠠᠯᠲᠠ ᠶᠢ ᠬᠠᠳᠠᠬᠤ ᠬᠡᠷᠡᠭᠲᠡᠢ᠃ | 2.ᠭᠤᠶᠤᠴᠢᠯᠠᠭᠰᠠᠨ ᠨᠢᠭᠡᠴᠢ ᠪᠠ ᠰᠣᠩᠭᠤᠨ ᠪᠣᠶᠢᠵᠢᠭᠤᠯᠬᠤ ᠨᠢᠭᠡᠴᠢ ᠶᠢᠨ ᠭᠠᠵᠠᠷ ᠲᠤ ᠴᠥᠮ ᠠᠯᠪᠠᠨ | ᠲᠠᠮᠠᠭ᠎ᠠ ᠳᠠᠷᠤᠬᠤ ᠬᠡᠷᠡᠭᠲᠡᠢ ᠃ | 3.ᠭᠤᠶᠤᠴᠢᠯᠠᠭᠰᠠᠨ ᠨᠢᠭᠡᠴᠢ ᠪᠣᠯᠣᠨ ᠲᠦᠷᠦᠯ ᠵᠦᠢᠯ ᠤᠨ ᠰᠢᠯᠭᠠᠯᠲᠠ ᠳᠤ ᠣᠷᠣᠯᠴᠠᠭᠰᠠᠨ ᠨᠢᠭᠡᠴᠢ ᠨᠢ | ᠨᠢᠭᠡᠳᠦᠯ ᠦᠭᠡᠢ ᠪᠠᠶᠢᠪᠠᠯ ᠂ ᠡᠭᠦᠯᠳᠡᠷ ᠤᠨ ᠰᠢᠯᠭᠠᠯᠲᠠ ᠳᠤ ᠣᠷᠣᠯᠴᠠᠭᠰᠠᠨ ᠨᠢᠭᠡᠴᠢ ᠶᠢᠨ ᠭᠠᠷᠭᠠᠭᠰᠠᠨ ᠪᠠᠶᠢᠳᠠᠯ ᠤᠨ | ᠲᠣᠳᠣᠷᠬᠠᠶᠢᠯᠠᠯᠲᠠ ︵ ᠤᠭ ᠮᠠᠲ᠋ᠧᠷᠢᠶᠠᠯ ᠢ ᠬᠠᠩᠭᠠᠨ᠎ᠠ ︶ ᠶᠢ ᠬᠠᠩᠭᠠᠬᠤ ᠴᠢᠬᠤᠯᠠᠲᠠᠢ ᠃ | ᠳᠥᠷᠪᠡ᠂ ᠬᠠᠷᠢᠯᠴᠠᠬᠤ ᠠᠷᠭ᠎ᠠ | 1.ᠴᠠᠭᠠᠰᠤᠨ ᠮᠠᠲ᠋ᠧᠷᠢᠶᠠᠯ ᠢ ᠠᠳᠠᠯᠢᠬᠠᠨ ᠢᠶᠠᠷ ᠬᠤᠶᠠᠷ ᠬᠤᠪᠢ ᠳᠡᠪᠲᠡᠷᠯᠡᠨ᠎ᠡ ᠃ ᠰᠢᠤᠳᠠᠨ ᠢᠶᠠᠷ ᠶᠠᠪᠤᠭᠤᠯᠬᠤ | ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ 13 | ᠳ᠋ᠤᠭᠠᠷ ᠳᠠᠪᠬᠤᠷᠯᠢᠭ ᠤᠨ ᠴᠣᠩᠬᠤ᠃ | 2.ᠭᠤᠶᠤᠴᠢᠯᠠᠯ ᠤᠨ ᠪᠢᠴᠢᠭ ︵ word ᠬᠡᠪᠯᠡᠯ ︶ ᠤᠨ ᠡᠯᠧᠺᠲᠷᠣᠨ ᠬᠡᠪᠯᠡᠯ ᠢ | flp_88726@126.com ᠲᠤ ᠬᠦᠷᠭᠡᠭᠡᠷᠡᠢ︔ ᠨᠡᠷᠡᠶᠢᠳᠬᠦ ᠬᠡᠯᠪᠡᠷᠢ ᠨᠢ᠄ ᠲᠠᠷᠢᠮᠠᠯ ᠤᠨ ᠲᠥᠷᠥᠯ ᠵᠦᠢᠯ + | ᠳᠤᠭᠤᠶᠢᠯᠠᠩ ᠤᠨ ᠢᠯᠭᠠᠯ + ᠡᠭᠦᠯᠳᠡᠷ ᠤᠨ ᠨᠡᠷᠡᠶᠢᠳᠦᠯ + ᠭᠤᠶᠤᠴᠢᠯᠠᠭᠰᠠᠨ ᠨᠢᠭᠡᠴᠢ ᠶᠢᠨ ᠨᠡᠷᠡᠶᠢᠳᠦᠯ᠃ | ᠬᠠᠷᠢᠯᠴᠠᠬᠤ ᠬᠥᠮᠥᠨ᠄ ᠯᠢ ᠰᠢᠨ᠂ 0471-6963964 | 3.ᠲᠤᠬᠠᠶᠢᠯᠠᠭᠰᠠᠨ ᠠᠵᠢᠯ ᠤᠨ ᠯᠠᠪᠯᠠᠯᠲᠠ᠄ | ᠡᠷᠳᠡᠨᠢ ᠰᠢᠰᠢ᠄ ᠼᠦᠢ ᠰᠢᠶᠣᠣ ᠬᠤᠩ᠂ ᠯᠢ ᠰᠢᠨ᠃ ᠤᠲᠠᠰᠤ᠄ 0471 ︱ 6285043︔ | ᠪᠤᠭᠤᠳᠠᠢ᠂ ᠤᠰᠤᠨ ᠲᠤᠲᠤᠷᠭ᠎ᠠ᠄ ᠰᠦᠨ ᠢᠦᠢ ᠶᠠᠨ᠃ ᠤᠲᠠᠰᠤ᠄ 0471-6286603︔ | ᠰᠢᠷ᠎ᠠ ᠪᠤᠷᠴᠠᠭ᠂ ᠬᠥᠪᠥᠩ᠄ ᠹᠦ᠋ ᠰᠢᠶᠣᠣ ᠬᠤᠸᠠ᠂ ᠤᠲᠠᠰᠤ᠄ 0471-6285043᠃ | 4.ᠭᠥᠯᠢᠶᠡᠨ ᠠᠪᠴᠤ ᠰᠢᠢᠳᠪᠦᠷᠢᠯᠡᠬᠦ ᠬᠤᠭᠤᠴᠠᠭ᠎ᠠ᠄ 2023 ᠣᠨ ᠤ 2 ᠰᠠᠷ᠎ᠠ ᠶᠢᠨ 19 ᠤ ᠡᠳᠦᠷ᠃ | | ᠳᠠᠭᠠᠯᠳᠤᠭᠤᠯᠤᠯ 1 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ | ᠡᠭᠦᠯᠳᠡᠷ ᠢ ᠬᠢᠨᠠᠨ ᠲᠣᠭᠲᠠᠭᠠᠬᠤ ᠭᠤᠶᠤᠴᠢᠯᠠᠯ ᠤᠨ ᠪᠢᠴᠢᠭ | ᠳᠠᠭᠠᠯᠳᠤᠭᠤᠯᠤᠯ 2 ᠭᠤᠶᠤᠴᠢᠯᠠᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠪᠢᠴᠢᠭ | ᠳᠠᠭᠠᠯᠳᠤᠭᠤᠯᠤᠯ 3 ᠭᠧᠨ ᠬᠤᠪᠢᠷᠠᠭᠤᠯᠤᠭᠰᠠᠨ ᠪᠤᠰᠤ ᠡᠭᠦᠯᠳᠡᠷ ᠤᠨ ᠠᠮᠠᠯᠠᠯᠲᠠ ᠶᠢᠨ ᠪᠢᠴᠢᠭ | ᠳᠠᠭᠠᠯᠳᠤᠭᠤᠯᠤᠯ 4 ᠮᠡᠳᠡᠭᠦᠯᠬᠦ ᠮᠠᠲ᠋ᠧᠷᠢᠶᠠᠯ ᠤᠨ ᠬᠡᠪ ᠵᠠᠬᠪᠤᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠺᠣᠮᠢᠰ ᠤᠨ ᠠᠯᠪᠠᠨ ᠭᠡᠷ | 2023 ᠣᠨ ᠤ 2 ᠰᠠᠷ᠎ᠠ ᠶᠢᠨ 7 ᠤ ᠡᠳᠦᠷ | |