内蒙古自治区水利厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠩᠬᠠᠳᠤᠭᠠᠷ ᠤᠳᠠᠭ᠎ᠠ  ᠶᠢᠨ ᠬᠠᠮᠲᠤ ᠶᠢᠨ ᠰᠤᠷᠤᠯᠴᠠᠯᠭ᠎ᠠ ( ᠥᠷᠭᠡᠳᠬᠡᠭᠰᠡᠨ ) ᠶᠢᠨ ᠬᠤᠷᠠᠯ ᠬᠤᠷᠠᠯᠳᠤᠭᠤᠯᠪᠠ
        ᠨᠡᠶᠢᠲᠡᠯᠡᠭᠰᠡᠨ ᠴᠠᠭ᠄
        2021/3/17
             1 ᠳ᠋ᠦ᠋ᠭᠡᠷ ᠰᠠᠷ᠎ᠠ ᠶᠢᠨ 20   ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ  ᠤᠨ ᠬᠤᠶᠠᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ( ᠥᠷᠭᠡᠳᠬᠡᠭᠰᠡᠨ )   ᠶᠢᠨ ᠬᠤᠷᠠᠯ ᠬᠢᠪᠠ᠃ ᠲᠢᠩᠬᠢᠮ  ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠯᠢᠦ ᠸᠠᠨ ᠬᠤᠸᠠ ᠬᠤᠷᠠᠯ ᠢ ᠡᠷᠭᠢᠯᠡᠵᠦ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ  ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠹᠠᠨ ᠵᠥᠩ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠵᠥᠩ  ᠡᠦ᠂ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠢᠦ᠋ᠶ  ᠲᠢᠶᠧ ᠵᠤ᠋᠂ ᠶᠡᠷᠦᠩᠬᠡᠶ ᠠᠵᠤ ᠠᠬᠤᠶᠢᠴᠢ ᠭᠤᠤ ᠬᠠᠶ ᠮᠢᠩ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠨᠠᠮ ᠤᠨ ᠡᠭᠦᠷ ᠤᠨ ᠱᠦᠵᠢ᠂  ᠭᠠᠵᠠᠷ᠂ ᠠᠯᠪᠠᠨ ᠬᠡᠷ ᠤᠨ ᠬᠠᠷᠢᠭᠤᠴᠠᠯᠭᠠᠲᠠᠨ ᠵᠢᠴᠢ ᠬᠤᠯᠪᠣᠭᠳᠠᠯ ᠪᠥᠬᠦᠶ ᠨᠥᠬᠦᠳ ᠬᠤᠷᠠᠯ ᠳᠤ ᠣᠷᠣᠯᠴᠠᠵᠠᠶ᠃

                                  ᠯᠢᠦ ᠸᠠᠨ ᠬᠤᠸᠠ ᠲᠢᠩᠭᠢᠮ ᠤᠨ ᠲᠠᠷᠤᠭ᠎ᠠ ᠶᠠᠷᠢᠶ᠎ᠠ ᠲᠠᠯᠪᠢᠨ᠎ᠠ

             ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ  ᠶᠢᠨ ᠳᠤᠮᠳᠠ ᠣᠷᠳᠣ ᠬᠤᠭᠤᠴᠠᠭᠠᠨ ᠤ ᠠᠵᠤ ᠠᠬᠤᠶ

        ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠥᠪ ᠲᠠᠨᠢᠵᠤ ᠡᠵᠡᠮᠳᠡᠬᠦ ᠲᠤᠬᠠᠶ ᠶᠠᠷᠢᠶ᠎ᠠ  (

        2021 ᠣᠨ ᠤ 1 ᠰᠠᠷ᠎ᠠ ᠶᠢᠨ 16   ᠤ ᠡᠳᠦᠷ ᠤᠨ《 ᠦᠨᠡᠨ 》ᠰᠡᠳᠬᠦᠯ   ᠳᠤ ᠨᠡᠶᠢᠳᠡᠯᠡᠭᠳᠡᠭᠰᠡᠨ        

        ᠵᠣᠬᠢᠶᠠᠯ )᠂ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ

        ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  

        ᠲᠤᠤᠱᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ

        ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠢᠨ

        ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠰᠢᠰᠲ᠋ᠧᠮᠲᠦ ᠰᠡᠳᠬᠢᠬᠦᠶ ᠶᠢ ᠪᠠᠷᠢᠮᠲᠠᠯᠠᠵᠤ ᠶᠡᠭᠡ

        ᠠᠮᠤᠷ ᠲᠦᠪᠰᠢᠨ ᠤ ᠪᠠᠶᠢᠷᠢᠰᠢᠯ ᠢ ᠪᠠᠶᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠲᠥᠭᠡᠨ

        ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ

        ᠤᠯᠠᠮᠵᠢᠯᠠᠨ ᠰᠤᠷᠤᠯᠴᠠᠪᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ

        ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ

        ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ

        ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠤᠱᠯᠠᠭᠤᠯᠬᠤ ᠲᠣᠭᠤᠷᠢᠨ ᠳᠤ᠂ ᠭᠦᠨᠵᠡᠭᠡᠢ

        ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠯᠢᠦ ᠸᠠᠨ ᠬᠤᠸᠠ᠂ ᠵᠣᠣ ᠴᠠᠩ ᠴᠢᠩ᠂ ᠹᠠᠨ ᠵᠥᠩ᠂ ᠵᠣᠣ

        ᠵᠥᠩ ᠡᠦ ᠵᠡᠷᠭᠡ ᠨᠥᠬᠦᠳ  ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠲᠢᠩᠬᠢᠮ ᠤᠨ ᠳᠡᠳ᠋

        ᠳᠠᠷᠤᠭ᠎ᠠ ᠯᠢ ᠪᠢᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠢᠦ᠋ᠶ  ᠲᠢᠶᠧ ᠵᠤ᠋᠂ ᠰᠦ᠋  ᠰᠦᠸᠧ

        ᠯᠦᠩ᠂ ᠶᠡᠷᠦᠩᠬᠡᠶ ᠠᠵᠤ ᠠᠬᠤᠶᠢᠴᠢ ᠭᠤᠤ ᠬᠠᠶ ᠮᠢᠩ ᠨᠡᠷ ᠪᠢᠴᠢᠭ ᠢᠶᠠᠷ ᠰᠠᠨᠠᠯ ᠢᠶᠠᠨ ᠰᠣᠯᠢᠯᠴᠠᠪᠠ᠃  ᠲᠤᠰ

        ᠤᠳᠠᠭᠠᠨ ᠤ ᠬᠤᠷᠠᠯ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠪᠡᠯᠡᠳᠬᠡᠯ ᠭᠦᠢᠴᠡᠳ᠂ ᠠᠵᠢᠯ ᠨᠢ

        ᠨᠢᠭᠲᠠ᠂ ᠰᠤᠷᠤᠯᠴᠠᠭᠰᠠᠠ ᠣᠶᠢᠯᠠᠭᠠᠯᠲᠠ ᠲᠠᠨᠢᠯᠲᠠ ᠭᠦᠨᠵᠡᠭᠡᠢ᠂ ᠢᠯᠠᠩᠭᠤᠶ᠎ᠠ ᠭᠤᠣᠯᠳᠠᠯᠭ᠎ᠠ ᠲᠠᠢ ᠤᠰᠤᠨ

        ᠠᠰᠢᠭᠯᠠᠯᠲᠠ ᠶᠢᠨ ᠠᠵᠢᠯ ᠤᠨ ᠡᠭᠦᠷᠭᠡ ᠲᠠᠢ ᠤᠶᠠᠯᠳᠤᠭᠤᠯᠵᠤ᠂ ᠭᠦᠨᠵᠡᠭᠡᠢ ᠰᠡᠳᠬᠢᠨ ᠪᠣᠳᠣᠯᠬᠢᠯᠠᠵᠤ᠂ ᠮᠠᠰᠢ ᠤᠯᠠᠨ

        ᠪᠦᠲᠦᠭᠡᠯᠴᠢ ᠴᠢᠨᠠᠷᠲᠠᠢ ᠰᠠᠶᠢᠨ ᠰᠡᠳᠬᠢᠴᠡ᠂ ᠠᠷᠭ᠎ᠠ ᠬᠡᠮᠵᠢᠶ᠎ᠡ ᠶᠢ  ᠲᠤᠷᠠᠳᠣᠭᠰᠠᠨ ᠪᠠᠶᠢᠨ᠎ᠠ᠃

                                   ᠬᠤᠷᠠᠯ ᠤᠨ ᠲᠠᠯᠠᠪᠠᠢ

             ᠬᠤᠷᠠᠯ ᠠᠴᠠ᠂ ᠲᠠᠷᠠᠭᠠᠴᠢ ᠶᠢᠨ ᠠᠯᠬᠤᠮ ᠳᠤ ᠬᠠᠮᠲᠤ ᠶᠢᠨ ᠰᠤᠷᠤᠯᠴᠠᠯᠭ᠎ᠠ ᠪᠣᠯᠤᠨ ᠰᠤᠳᠤᠯᠤᠨ ᠶᠠᠷᠢᠯᠴᠠᠵᠤ

         ᠰᠠᠨᠠᠯ ᠰᠣᠯᠢᠯᠴᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠨᠠᠮ ᠤᠨ ᠰᠢᠨᠵᠢᠯᠡᠬᠦ ᠤᠬᠠᠭᠠᠨᠴᠢ

        ᠤᠨᠤᠯ ᠤᠨ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠳᠤ᠂ ᠰᠤᠷᠤᠯᠴᠠᠬᠤ

        ᠪᠡᠯᠡᠳᠬᠡᠯ ᠢ ᠭᠦᠶᠴᠡᠳ ᠬᠢᠵᠦ᠂ ᠰᠤᠳᠤᠯᠤᠨ ᠶᠠᠷᠢᠯᠴᠠᠬᠤ ᠦᠷ᠎ᠡ ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠬᠦ

        ᠬᠡᠷᠡᠭᠲᠡᠶ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ

        ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ

        ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ

        ᠵᠣᠷᠢᠭ ᠰᠠᠨᠠᠭ᠎ᠠ ᠶᠢ ᠰᠤᠷᠤᠯᠴᠠᠨ‌‍ᠲ᠋ᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ

        ᠴᠢᠬᠤᠯᠠ ᠤᠯᠤᠰ ᠲᠥᠷᠥ ᠶᠢᠨ ᠡᠭᠦᠷᠭᠡ  ᠪᠤᠯᠭᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ᠂ ᠰᠢᠨ᠎ᠡ ᠬᠥᠭᠵᠢᠯᠲᠡ

         ᠶᠢᠨ ᠱᠠᠲᠤ ᠦᠶ᠎ᠡ᠂ ᠰᠢᠨ᠎ᠡ ᠬᠥᠭᠵᠢᠯᠲᠡ ᠶᠢᠨ ᠪᠠᠶᠢᠷᠢᠰᠢᠯ ᠵᠡᠷᠭᠡ ᠲᠠᠯ᠎ᠠ ᠶᠢᠨ ᠰᠤᠷᠤᠯᠴᠠᠯᠭ᠎ᠠ ᠰᠤᠳᠤᠯᠭᠠᠨ᠂

        ᠢᠯᠠᠩᠭᠤᠶ᠎ᠠ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠲᠠᠰ ᠤᠨ

        ᠤᠳᠤᠷᠢᠳᠬᠤ ᠺᠠᠳ᠋ᠷ ᠪᠣᠯᠤᠨ ᠲᠢᠩᠬᠢᠮ ᠤᠨ ᠪᠠᠶᠢᠭᠤᠯᠭ᠎ᠠ ᠶᠢᠨ ᠭᠠᠵᠠᠷ ᠲᠠᠰᠤᠭ ᠤᠨ ᠭᠤᠤᠯ ᠬᠠᠷᠢᠭᠤᠴᠠᠯᠭᠠᠲᠠᠨ

        ᠨᠥᠬᠦᠳ  ︿ᠭᠦᠨᠵᠡᠭᠡᠶ ᠰᠤᠷᠤᠯᠴᠠᠨ ᠨᠠᠷᠢᠨ ᠰᠤᠳᠤᠯᠵᠤ ᠦᠨᠡᠨ ᠬᠢᠬᠦ  ﹀᠂  ︿ᠰᠤᠷᠤᠯᠴᠠᠨ  ᠡᠵᠡᠮᠰᠢᠵᠦ᠂

        ᠨᠡᠪᠲᠡᠷᠡᠲᠡᠯ᠎ᠡ  ᠤᠶᠢᠯᠠᠭᠠᠨ᠂ ᠪᠣᠳᠠᠲᠠᠶᠢᠵᠢᠭᠤᠯᠬᠤ﹀ ᠳᠡᠭᠡᠷ᠎ᠡ ᠬᠦᠴᠦ ᠲᠠᠯᠪᠢᠵᠤ᠂ ᠦᠵᠡᠯ ᠰᠠᠨᠠᠭ᠎ᠠ ᠪᠣᠯᠤᠨ ᠦᠶᠯᠡ

        ᠠᠵᠢᠯᠯᠠᠭ᠎ᠠ ᠪᠠᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ

        ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠶ᠃ ᠬᠤᠶᠠᠷ ᠲᠤ᠂ ᠠᠵᠢᠯ ᠤᠨ ᠪᠣᠳᠠᠲᠤ ᠪᠠᠶᠢᠳᠠᠯ ᠲᠠᠢ

         ᠪᠠᠨ ᠨᠢᠭᠲᠠ ᠤᠶᠠᠯᠳᠤᠭᠤᠯᠵᠤ᠂ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ

        ᠤᠬᠠᠭᠠᠨᠴᠢ ᠪᠠᠷ ᠰᠦᠪᠡᠭᠴᠢᠯᠡᠬᠦ ᠬᠡᠷᠡᠭᠲᠡᠶ᠃ ᠲᠥᠪ ᠤᠨ ᠪᠠ ᠥᠪᠡᠷᠲᠡᠭᠡᠨ ᠵᠠᠰᠠᠬᠤ ᠣᠷᠣᠨ

         ᠤ《ᠰᠠᠨᠠᠭᠤᠯᠭ᠎ᠠ》ᠪᠠ《 ᠲᠣᠳᠣᠷᠬᠠᠶᠢᠯᠠᠯᠲᠠ 》 ᠲᠠᠢ ᠬᠠᠷᠭᠤᠭᠤᠯᠵᠤ᠂ ᠤᠰᠤᠨ ᠠᠰᠢᠭᠯᠠᠯᠲᠠ ᠶᠢᠨ ᠠᠵᠢᠯ ᠤᠨ

        ᠲᠠᠯ᠎ᠠ ᠪᠠᠷ ᠬᠢ ᠴᠢᠬᠤᠯᠠ ᠡᠭᠦᠷᠭᠡ ᠶᠢ ᠪᠥᠬᠦ ᠲᠠᠯ᠎ᠠ ᠪᠠᠷ ᠡᠮᠬᠢᠯᠡᠨ᠂ 《 ᠠᠷᠪᠠᠨ ᠳᠥᠷᠪᠡᠳᠦᠭᠡᠷ ᠲᠠᠪᠤᠨ        

        ᠵᠢᠯ  》 ᠤᠨ  ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ

        ᠨᠠᠶᠢᠷᠠᠭᠤᠯᠵᠤ᠂ ᠰᠢᠨ᠎ᠡ ᠪᠠᠷ ᠨᠡᠮᠡᠭᠰᠡᠨ 《 ᠤᠰᠤᠨ ᠲᠣᠤᠷ 》 ᠤᠨ ᠪᠥᠲᠥᠭᠡᠨ ᠪᠠᠶᠢᠭᠤᠯᠤᠯᠲᠠ ᠶᠢᠨ

        ᠲᠥᠯᠥᠪᠵᠢᠭᠦᠯᠭᠡ ᠳᠤ ᠳᠠᠷᠤᠶ ᠲᠦᠷᠭᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠠ ᠨᠥᠬᠦᠪᠥᠷᠢᠯᠡᠵᠦ᠂

        ᠬᠤᠯᠪᠣᠭᠳᠠᠯ ᠪᠥᠬᠦᠶ ᠲᠠᠯ᠎ᠠ ᠶᠢᠨ ᠬᠢᠨ ᠢ ᠵᠣᠬᠢᠶᠠᠨ ᠪᠠᠶᠢᠭᠤᠯᠤᠨ ᠰᠤᠳᠤᠯᠤᠨ ᠨᠤᠲᠠᠯᠠᠵᠤ᠂ ᠰᠦᠯᠵᠢᠶᠡᠨ ᠳᠡᠭᠡᠷᠡᠬᠢ

        ᠪᠠ ᠰᠦᠯᠵᠢᠶᠡᠨ ᠭᠠᠳᠠᠨᠠᠬᠢ ᠣᠯᠠᠨ ᠵᠦᠶᠯ ᠤᠨ ᠠᠷᠭ᠎ᠠ ᠬᠡᠯᠪᠡᠷᠢ ᠪᠠᠷ ᠰᠠᠨᠠᠯ ᠰᠠᠨᠠᠭᠤᠯᠭ᠎ᠠ ᠬᠤᠷᠢᠶᠠᠵᠤ᠂ ᠲᠥᠪ ᠤᠨ

        ᠪᠠ ᠥᠪᠡᠷᠲᠡᠭᠡᠨ ᠵᠠᠰᠠᠬᠤ ᠣᠷᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠰᠤᠨ ᠠᠰᠢᠭᠯᠠᠯᠲᠠ

         ᠶᠢᠨ ᠠᠵᠢᠯ ᠤᠨ ᠲᠥᠯᠥᠪᠵᠢᠭᠦᠯᠭᠡ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠲᠥᠯᠥᠪᠵᠢᠭᠦᠯᠵᠦ᠂

        ᠰᠠᠶᠢᠲᠤᠷ ᠨᠠᠶᠢᠳᠠᠪᠤᠷᠢᠵᠢᠭᠤᠯᠤᠨ᠂ ᠰᠠᠶᠢᠲᠤᠷ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ

        ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠤᠰᠤᠨ ᠤ ᠲᠤᠯᠭᠠᠭᠤᠷᠢᠯᠠᠯ ᠪᠠ ᠪᠠᠲᠤᠯᠠᠭ᠎ᠠ

        ᠬᠠᠩᠭᠠᠬᠤ ᠬᠡᠷᠡᠭᠲᠡᠶ᠃ ᠭᠤᠷᠪᠠ ᠳᠤ᠂ ᠤᠨᠤᠯ ᠢᠶᠠᠷ ᠦᠢᠯᠡᠳᠦᠯᠭᠡ ᠶᠢ ᠵᠢᠯᠤᠭᠤᠳᠤᠭᠤᠯᠬᠤ ᠶᠢ ᠴᠢᠩᠭᠠᠳᠬᠠᠵᠤ᠂

        ᠣᠨ ᠤ ᠠᠵᠢᠯ ᠤᠨ ᠬᠥᠭᠵᠢᠯᠲᠡ ᠲᠠᠪᠰᠢᠯᠳᠠ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ

        ᠰᠢᠨ᠎ᠡ ᠴᠠᠭ ᠦᠶ᠎ᠡ ᠶᠢᠨ ᠤᠰᠤ ᠶᠢ ᠵᠠᠰᠠᠬᠤ ᠰᠡᠳᠬᠢᠴᠡ ᠪᠠ ᠤᠰᠤᠨ ᠠᠰᠢᠭᠯᠠᠯᠲᠠ ᠶᠢᠨ ᠶᠠᠮᠤᠨ ᠤ 《

        ᠳᠤᠲᠠᠭᠤᠳᠠᠯ ᠢ ᠨᠥᠬᠦᠪᠥᠷᠢᠯᠡᠬᠦ  ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ 》 ᠤᠰᠤᠨ ᠠᠰᠢᠭᠯᠠᠯᠲᠠ ᠶᠢᠨ

        ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠥᠭ ᠠᠶᠠᠰ  ᠢ ᠭᠦᠨᠵᠡᠭᠡᠢ ᠰᠣᠷᠣᠯᠴᠠᠨ ᠲᠤᠤᠱᠯᠠᠭᠤᠯᠵᠤ᠂

        ᠨᠢᠳᠤᠨᠤᠨ ᠤ ᠪᠦᠬᠦ ᠣᠷᠣᠨ ᠤ ᠤᠰᠤᠨ ᠠᠰᠢᠭᠯᠠᠯᠲᠠ ᠶᠢᠨ  ᠠᠶᠤᠯᠭᠦᠢ ᠦᠶᠯᠡᠳᠪᠦᠷᠢᠯᠡᠯ ᠤᠨ ᠦᠨᠡᠯᠡᠨ ᠵᠢᠱᠢᠵᠦ

        ᠬᠢᠨᠠᠨ ᠰᠢᠯᠭᠠᠬᠤ  ᠠᠵᠢᠯ  ᠂  ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ

        ᠴᠢᠨᠠᠷ ᠢ ᠬᠢᠨᠠᠨ ᠰᠢᠯᠭᠠᠬᠤ ᠠᠵᠢᠯ᠂ ᠲᠥᠪ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠠᠯᠠ ᠮᠥᠩᠭᠦ ᠶᠢᠨ  

        ᠦᠷ᠎ᠡ ᠪᠦᠲᠦᠮᠵᠢ ᠶᠢ ᠦᠨᠡᠯᠡᠬᠦ ᠵᠡᠷᠭᠡ ᠣᠯᠠᠨ ᠠᠵᠢᠯ   ᠳᠤ ᠶᠡᠭᠡ  ᠪᠠᠷ ᠲᠡᠰ ᠲᠡᠪᠰᠢᠵᠦ ᠤᠷᠤᠨ ᠨᠡᠮᠡᠭᠳᠡᠭᠰᠡᠨ ᠪᠠ

        ᠵᠠᠷᠢᠮ  ᠪᠦᠬᠦ ᠤᠯᠤᠰ ᠤᠨ ᠡᠮᠦᠨ᠎ᠡ ᠡᠩᠨᠡᠭᠡᠨ ᠳᠤ ᠵᠢᠭᠰᠠᠭᠠᠭᠳᠠᠭᠰᠠᠨ ᠲᠤᠷᠰᠢᠯᠭ᠎ᠠ ᠪᠠ ᠬᠢᠳᠡᠯ   ᠢ ᠬᠢᠨᠠᠮᠠᠭᠠᠶ

        ᠳ᠋ᠦᠩᠨᠡᠬᠦ ᠬᠡᠷᠡᠭᠲᠡᠶ᠂  ᠨᠠᠮ ᠤᠨ ᠰᠢᠨᠵᠢᠯᠡᠬᠦ ᠤᠬᠠᠭᠠᠨᠴᠢ ᠤᠨᠤᠯ ᠢᠶᠠᠷ ᠦᠢᠯᠡᠳᠦᠯᠭᠡ ᠶᠢ ᠵᠢᠯᠤᠭᠤᠳᠤᠭᠤᠯᠬᠤ ᠶᠢ

        ᠳᠡᠭᠡᠳᠦ ᠬᠡᠮᠵᠢᠶ᠎ᠡ ᠪᠠᠷ  ᠴ᠊ ᠴᠢᠬᠤᠯᠠᠴᠢᠯᠠᠨ᠂ ᠣᠨᠣᠯ ᠢᠶᠠᠷ ᠵᠡᠪᠰᠡᠭᠯᠡᠬᠦ ᠦᠷ᠎ᠡ ᠪᠦᠲᠦᠮᠵᠢ ᠶᠢ ᠬᠤᠪᠢᠷᠠᠭᠤᠯᠬᠤ ᠠᠵᠢᠯ

         ᠢ ᠲᠠᠰᠤᠷᠠᠯᠲᠠ ᠥᠬᠡᠶ   ᠴᠢᠩᠭᠠᠳᠬᠠᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠢ

        ᠰᠢᠢᠳᠪᠦᠷᠢᠯᠡᠬᠦ ᠴᠢᠳᠠᠪᠤᠷᠢ ᠪᠠᠨ  ᠲᠡᠭᠡᠭᠰᠢᠯᠡᠬᠦᠯᠦᠨ᠂ ᠰᠢᠨ᠎ᠡ ᠵᠢᠯ ᠤᠨ ᠤᠰᠤᠨ ᠠᠰᠢᠭᠯᠠᠯᠲᠠ ᠶᠢᠨ ᠠᠵᠢᠯ ᠤᠨ

        ᠬᠥᠭᠵᠢᠯᠲᠡ ᠳᠠᠪᠰᠢᠯᠲᠠ ᠶᠢ ᠦᠷᠭᠦᠯᠵᠢᠯᠡᠨ ᠠᠬᠢᠭᠤᠯᠬᠤ ᠬᠡᠷᠡᠭᠳᠡᠢ᠃

             ᠬᠤᠷᠠᠯ ᠠᠴᠠ ᠪᠠᠰᠠ 2020 ᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠠᠷᠠᠳᠴᠢᠯᠠᠯ

        ᠠᠮᠢᠳᠤᠷᠠᠯ ᠤᠨ ᠬᠤᠷᠠᠯ ᠪᠣᠯᠤᠨ 2021 ᠣᠨ ᠤ ᠪᠥᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ ᠬᠤᠷᠠᠯ

         ᠤᠨ ᠲᠣᠭᠤᠷᠢᠨ ᠳᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠠᠷᠭᠤᠭᠤᠯᠤᠨ ᠪᠠᠶᠢᠴᠠᠭᠠᠭᠰᠠᠨ

        ᠮᠠᠲ᠋ᠧᠷᠢᠶᠠᠯ᠂ ᠲᠤᠰᠬᠠᠶ ᠰᠡᠳᠦᠪᠲᠦ ᠠᠷᠠᠳᠴᠢᠯᠠᠯ  ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ

        ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠰᠤᠳᠤᠯᠤᠨ ᠬᠢᠨᠠᠨ

        ᠵᠥᠪᠯᠡᠵᠦ᠂ ᠣᠨ ᠤ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠤᠨ ᠡᠭᠦᠷᠭᠡ ᠪᠣᠯᠤᠨ ᠲᠠᠷᠠᠭᠠᠴᠢ ᠶᠢᠨ

        ᠠᠯᠬᠤᠮ ᠤᠨ ᠬᠠᠮᠲᠤ ᠶᠢᠨ ᠰᠤᠷᠤᠯᠴᠠᠯᠭ᠎ᠠ ᠰᠤᠳᠤᠯᠤᠨ ᠶᠠᠷᠢᠯᠴᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃

         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号