ᠲᠣᠰ ᠥᠷᠲᠡᠭᠡᠨ ᠤ ᠮᠡᠳᠡᠭᠡ 3 ᠰᠠᠷ᠎ᠠ ᠶᠢᠨ 11 ᠤ ᠡᠳᠦᠷ᠂ ᠬᠥᠬᠡᠨᠠᠭᠤᠷ ᠮᠤᠵᠢ ᠶᠢᠨ ᠤᠰᠤᠨ | ᠠᠰᠢᠭᠯᠠᠯᠲᠠ ᠶᠢᠨ ᠲᠢᠩᠬᠢᠮ 2021 ᠣᠨ ᠤ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠱᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠱᠢ ᠵᠢᠶᠠᠨ | ᠫᠢᠩ ᠬᠤᠷᠠᠯ ᠢ ᠡᠷᠭᠢᠯᠡᠪᠡ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠲᠢᠩᠬᠢᠮ ᠤᠨ ᠳᠡᠳ᠋ ᠳᠠᠷᠤᠭ᠎ᠠ ᠫᠧᠩ ᠽᠦᠸᠧ ᠸᠧᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠ | ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ᠂ ᠠᠷᠪᠠᠨ ᠭᠤᠷᠪᠠᠳᠤᠭᠠᠷ ᠬᠤᠭᠤᠴᠠᠭᠠᠨ ᠤ ᠮᠤᠵᠢ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠪᠣᠯᠤᠨ ᠤᠰᠤᠨ ᠠᠰᠢᠭᠯᠠᠯᠲᠠ ᠶᠢᠨ | ᠶᠠᠮᠤᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠵᠠᠩ ᠱᠢ ᠹᠧᠩ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠪᠠᠲᠤᠯᠠᠬᠤ ᠶᠢ ᠬᠦᠳᠦᠯᠦᠨ ᠳᠠᠭᠠᠭᠤᠯᠤᠶ᠎ᠠ︾ ᠭᠡᠬᠦ ᠰᠡᠳᠦᠪ ᠢᠶᠠᠷ ᠶᠠᠷᠢᠶ᠎ᠠ ᠲᠠᠯᠪᠢᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ 2020 ᠣᠨ ᠳᠤ ᠪᠦᠬᠦ ᠲᠢᠩᠬᠢᠮ ᠤᠨ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠨ᠂ ᠨᠠᠮ ᠤᠨ ᠲᠥᠪ ᠬᠤᠷᠢᠶ᠎ᠠ᠂ ᠮᠤᠵᠢ ᠶᠢᠨ | ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠬᠦᠳᠠ ᠬᠤᠷᠠᠯ᠂ ᠮᠤᠵᠢ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠪᠦᠬᠦᠳᠠ ᠬᠤᠷᠠᠯ᠂ ᠤᠰᠤᠨ | ᠠᠰᠢᠭᠯᠠᠯᠲᠠ ᠶᠢᠨ ᠶᠠᠮᠤᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠪᠣᠯᠤᠨ ᠮᠤᠵᠢ ᠶᠢᠨ | ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ | ᠢᠲᠡᠭᠡᠯ ︾ ᠢᠶᠠᠨ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠬᠦᠯᠪᠡ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠤᠰᠤᠨ ᠠᠰᠢᠭᠯᠠᠯᠲᠠ ᠶᠢᠨ ᠭᠤᠣᠯᠳᠠᠯᠠᠭᠠᠲᠣ ᠠᠵᠢᠯ ᠢ ᠨᠢᠭᠡᠳᠦᠯᠲᠡᠶ ᠲᠥᠯᠥᠪᠯᠡᠬᠦ | ᠲᠣᠭᠤᠷᠢᠨ ᠳᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠡᠷᠡᠰ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠶᠠᠳᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠳᠣᠯᠬᠤ ᠲᠠᠶᠢᠨ ᠢ ᠰᠠᠶᠢᠲᠤᠷ ᠬᠢᠬᠦ ᠶᠢ ᠦᠨᠡᠨ ᠬᠦ ᠪᠠᠲᠤᠯᠠᠵᠤ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ | ᠨᠠᠶᠢᠳᠠᠪᠤᠷᠢᠵᠢᠭᠤᠯᠬᠤ ᠵᠡᠷᠭᠡ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠨᠠᠮ ᠤᠨ ᠤᠳᠤᠷᠢᠳᠤᠯᠭ᠎ᠠ ᠪᠠ ᠬᠢᠨᠠᠯᠲᠠ ᠶᠢ | ᠴᠢᠩᠭᠠᠳᠬᠠᠨ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠢᠯᠵᠠᠷᠠᠯ ᠢ | ᠡᠰᠡᠷᠭᠦᠴᠡᠬᠦ ᠠᠵᠢᠯ ᠳᠤ ᠢᠯᠡᠳᠲᠡ ᠦᠷ᠎ᠡ ᠪᠦᠲᠦᠮᠵᠢ ᠣᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠢᠩᠬᠢᠮ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠᠨᠢ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠭᠤᠣᠯ ᠠᠭᠤᠯᠭ᠎ᠠ ᠪᠠ ᠪᠠᠶᠠᠯᠢᠭ | ᠠᠭᠤᠯᠬᠤᠨ ᠢ ᠭᠦᠨᠵᠡᠭᠡᠶ ᠣᠶᠢᠯᠠᠭᠠᠵᠤ᠂ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠡᠩ ᠲᠡᠷᠢᠭᠦᠨ ᠳᠤ | ᠤᠯᠤᠰ ᠲᠦᠷᠦ ᠶᠢᠨ ᠲᠠᠯ᠎ᠠ ᠠᠴᠠ ᠦᠵᠡᠬᠦ ᠬᠡᠷᠡᠭᠲᠡᠢ︾ ᠭᠡᠬᠦ ᠵᠠᠷᠴᠢᠮ ᠤᠨ ᠱᠠᠭᠠᠷᠳᠠᠯᠭ᠎ᠠ ᠂ ︽ᠢᠯᠵᠢᠷᠡᠯ ᠢ | ᠡᠰᠡᠷᠭᠦᠴᠡᠬᠦ ᠳᠤ ᠰᠣᠩᠭᠤᠯᠲᠠ ᠪᠠᠶᠢᠬᠤ ᠦᠭᠡᠢ᠂ ᠡᠷᠬᠡᠪᠰᠢ ᠬᠦᠴᠢᠷ ᠢ ᠮᠡᠳᠡᠵᠤ ᠪᠠᠶᠢᠭᠠᠳ ᠬᠦᠴᠦᠯᠡᠨ | ᠤᠷᠤᠭᠰᠢᠯᠠᠬᠤ ᠬᠡᠷᠡᠭᠲᠡᠢ︾ ᠭᠡᠬᠦ ᠴᠢᠬᠤᠯᠠ ᠶᠡᠭᠡ ᠮᠠᠭᠠᠳᠯᠠᠯᠲᠠ᠂ ︽ᠴᠢᠩᠭ᠎ᠠ ᠪᠠᠶᠢᠬᠤ ᠭᠤᠣᠯ ᠬᠦᠭ ᠠᠶᠠᠰ ᠢ | ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ︾ ᠭᠡᠬᠦ ᠢᠯᠡ ᠲᠣᠳᠣ ᠵᠣᠭᠰᠣᠯᠲᠠ᠂ ︽ᠢᠯᠵᠢᠷᠠᠬᠤ ᠵᠣᠷᠢᠭ | ᠦᠭᠡᠢ᠂ ᠢᠯᠵᠢᠷᠡᠵᠦ ᠪᠣᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ | ᠠᠬᠢᠭᠤᠯᠬᠤ︾ ᠪᠠᠶᠢᠯᠳᠤᠬᠤ ᠪᠤᠳᠤᠯᠭ᠎ᠠ ᠶᠢᠨ ᠬᠠᠷᠠᠯᠲᠠ᠂ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ | ᠬᠦᠳᠦᠯᠦᠨ ᠳᠠᠭᠠᠭᠤᠯᠵᠤ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︾ ᠭᠡᠬᠦ ᠦᠨᠳᠦᠰᠦᠨ | ᠵᠢᠷᠤᠮᠯᠠᠯ ᠢ ᠣᠨᠣᠪᠴᠢᠲᠠᠢ ᠡᠵᠡᠮᠰᠢᠬᠦ ᠬᠡᠷᠡᠭᠲᠡᠢ᠃ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ | ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ | ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠤᠨ ᠲᠤᠬᠠᠶ ᠲᠥᠪ ᠬᠤᠷᠢᠶ᠎ᠠ ᠪᠣᠯᠤᠨ ᠮᠤᠵᠢ ᠶᠢᠨ ᠨᠠᠮ ᠤᠨ | ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ | ᠣᠶᠢᠯᠠᠭᠠᠬᠤ ᠬᠡᠷᠡᠭᠲᠡᠶ᠃ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠢᠯᠵᠠᠷᠠᠯ ᠢ ᠡᠰᠡᠷᠭᠦᠴᠡᠬᠦ ᠲᠡᠮᠡᠴᠡᠯ ᠡᠭᠦᠷᠢᠳᠡ ᠶᠠᠪᠤᠭᠳᠠᠨ᠎ᠠ᠂ ᠢᠯᠵᠠᠷᠠᠯ ᠢ ᠡᠰᠡᠷᠭᠦᠴᠡᠬᠦ ᠲᠠᠯ᠎ᠠ ᠪᠠᠷ ᠰᠣᠩᠭᠤᠯᠲᠠ | ᠦᠭᠡᠢ ᠶᠤᠮ᠂ ᠡᠷᠬᠡᠪᠰᠢ ᠬᠦᠴᠢᠷ ᠢ ᠮᠡᠳᠡᠵᠤ ᠪᠠᠶᠢᠭᠠᠳ ᠬᠦᠴᠦᠯᠡᠨ ᠤᠷᠤᠭᠰᠢᠯᠠᠵᠤ᠂ ᠬᠠᠷᠢᠭᠤᠴᠠᠯᠭ᠎ᠠ ᠪᠠᠨ | ᠮᠡᠳᠡᠵᠤ ᠡᠷᠡᠯᠬᠡᠭᠯᠡᠨ ᠲᠡᠮᠡᠴᠡᠬᠦ ᠬᠡᠷᠡᠭᠲᠡᠶ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢᠨ ᠬᠥᠲᠥᠯᠦᠨ ᠳᠠᠭᠠᠭᠤᠯᠬᠤ | ᠪᠠ ᠪᠠᠲᠤᠯᠠᠬᠤ ᠦᠢᠯᠡᠳᠦᠯ ᠢ ᠭᠦᠨᠵᠡᠭᠡᠶ ᠣᠶᠢᠯᠠᠭᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠠᠷᠠᠯᠲᠠ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠶ᠃ | ᠬᠤᠷᠠᠯ ᠠᠴᠠ ᠵᠢᠭᠠᠵᠤ ᠭᠠᠷᠭᠠᠭᠰᠠᠨ ᠨᠢ᠂ 2021 ᠣᠨ ᠤ ᠨᠠᠮ ᠤᠨ ᠰᠤᠷᠲᠠᠯ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠳᠤ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠠᠳᠬᠤᠨ᠎ᠠ᠃ ᠨᠢᠭᠡ ᠳᠤ᠂ ᠤᠯᠤᠰ ᠲᠦᠷᠦ ᠶᠢᠨ ᠪᠠᠶᠢᠭᠤᠯᠤᠯᠲᠠ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ | ᠲᠦᠷᠦ ᠶᠢᠨ ᠬᠢᠨᠠᠯᠲᠠ ᠶᠢ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠣᠯᠤᠨ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠮᠤᠵᠢ ᠶᠢᠨ ᠨᠠᠮ ᠤᠨ ᠬᠤᠷᠢᠶᠠᠨ ᠤ ᠴᠢᠬᠤᠯᠠ ᠶᠡᠭᠡ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃ ᠭᠤᠷᠪᠠ ᠳᠤ ︽ᠳᠥᠷᠪᠡᠨ ᠰᠤᠷᠲᠠᠯ︾ ᠢ | ᠵᠠᠯᠠᠷᠠᠭᠤᠯᠤᠨ ᠵᠠᠰᠠᠬᠤ ᠶᠢ ᠢᠮᠠᠭᠲᠠ ᠪᠠᠷᠢᠮᠲᠠᠯᠠᠵᠤ᠂ ᠰᠤᠷᠲᠠᠯ ᠤᠨ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ | ᠦᠷ᠎ᠡ ᠪᠦᠲᠦᠮᠵᠢ ᠶᠢ ᠭᠦᠨᠵᠡᠭᠡᠶᠢᠷᠡᠭᠦᠯᠦᠨ ᠥᠷᠭᠡᠳᠬᠡᠨ᠎ᠡ᠃ ᠲᠦᠷᠪᠡ ᠳᠤ᠂ ᠤᠰᠤᠨ ᠠᠰᠢᠭᠯᠠᠯᠲᠠ ᠶᠢᠨ ᠪᠦᠳᠦᠭᠡᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠪᠠ ᠰᠤᠷᠲᠠᠯ ᠤᠨ | ᠠᠰᠠᠭᠤᠳᠠᠯ ᠢ ᠦᠷᠭᠦᠯᠵᠢᠯᠡᠨ ᠭᠦᠨᠵᠡᠭᠡᠢ ᠴᠡᠭᠴᠡᠯᠡᠨ ᠵᠠᠰᠠᠨ᠎ᠠ᠃ ᠲᠠᠪᠤ ᠳᠤ᠂ ᠦᠩᠭᠡᠨ ᠲᠠᠯ᠎ᠠ ᠪᠠ ᠦᠨᠳᠦᠰᠦ | ᠰᠤᠷᠪᠤᠯᠵᠢ ᠶᠢ ᠵᠡᠷᠭᠡᠪᠡᠷ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠢᠯᠵᠠᠷᠠᠬᠤ ᠵᠣᠷᠢᠭ ᠦᠭᠡᠢ | ᠢᠯᠵᠠᠷᠠᠵᠤ ᠴᠢᠳᠠᠬᠤ ᠦᠭᠡᠢ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ | ᠬᠡᠷᠡᠭᠲᠡᠢ᠃ ᠵᠢᠷᠭᠤᠭ᠎ᠠ ᠳᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ | ᠲᠠᠯᠪᠢᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠦᠴᠦᠨ ᠲᠠᠢ ᠦᠷ᠎ᠡ ᠪᠦᠲᠦᠮᠵᠢ ᠲᠠᠢ ᠪᠣᠯᠭᠠᠬᠤ ᠶᠢ | ᠠᠬᠢᠭᠤᠯᠤᠨ᠎ᠠ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠢᠭᠡᠳᠦᠭᠡᠷ ᠳᠡᠰ ᠤᠨ ᠲᠣᠭᠤᠷᠢᠨ | ᠪᠠᠶᠢᠴᠠᠭᠠᠭᠴᠢ ᠵᠠᠩ ᠱᠧᠩ ᠹᠦ᠋᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠲᠢᠩᠬᠢᠮ ᠤᠨ ᠳᠡᠳ᠋ ᠳᠠᠷᠤᠭ᠎ᠠ ᠯᠢᠦ ᠽᠧ ᠵᠢᠶᠦ᠋ᠨ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ | ᠲᠢᠩᠬᠢᠮ ᠤᠨ ᠬᠠᠷᠢᠶ᠎ᠠ ᠡᠯ᠎ᠡ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ᠂ ᠲᠢᠩᠬᠢᠮ ᠤᠨ | ᠪᠠᠶᠢᠭᠤᠯᠭ᠎ᠠ ᠶᠢᠨ ᠪᠦᠬᠦ ᠠᠯᠪᠠᠳᠠᠨ᠂ ᠲᠢᠩᠬᠢᠮ ᠤᠨ ᠬᠠᠷᠢᠶ᠎ᠠ ᠨᠢᠭᠡᠴᠡ ᠶᠢᠨ ᠰᠠᠬᠢᠯᠭ᠎ᠠ ᠪᠠᠲᠤ ᠪᠠᠶᠢᠴᠠᠭᠠᠬᠤ ᠱᠦᠵᠢ᠂ | ᠭᠡᠰᠢᠭᠦᠳ ᠬᠤᠷᠠᠯ ᠳᠤ ᠣᠷᠣᠯᠴᠠᠪᠠ᠃ |