4 ᠳ᠋ᠤᠭᠡᠷ ᠰᠠᠷ᠎ᠠ ᠶᠢᠨ 2 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠲᠥᠪ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠯ ᠤᠨ ᠰᠠᠨᠠᠯ ᠢᠶᠠᠷ | ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠸᠢᠳᠢᠣ᠋ ᠬᠤᠷᠠᠯ ᠬᠤᠷᠠᠯᠳᠤᠭᠤᠯᠵᠤ᠂ 3 ᠳ᠋ᠤᠭᠠᠷ ᠰᠠᠷ᠎ᠠ ᠶᠢᠨ | 31 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶᠠᠨ ᠤ ᠬᠤᠷᠠᠯ | ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠡᠭᠦᠷ ᠲᠦᠪ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ | ᠲᠤᠰᠬᠠᠯ ᠤᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠤᠳᠤᠷᠢᠳᠬᠤ ᠳᠤᠭᠤᠶᠢᠯᠠᠩ ᠤᠨ | ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠲᠣᠭᠤᠷᠢᠨ | ᠪᠠᠶᠢᠴᠠᠭᠠᠯᠲᠠ ᠶᠢᠨ ᠬᠠᠷᠢᠭᠤ ᠲᠤᠰᠬᠠᠯ ᠤᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠳᠤ ᠳᠠᠬᠢᠨ | ᠲᠣᠬᠢᠷᠠᠭᠤᠯᠤᠯᠲᠠ ᠬᠢᠵᠦ᠂ ᠳᠠᠬᠢᠨ ᠪᠠᠶᠢᠷᠢᠯᠠᠭᠤᠯᠤᠯᠲᠠ ᠬᠢᠪᠠ︔ 2020 ᠣᠨ ᠤ ᠲᠥᠪ ᠤᠨ ᠤᠰᠤᠨ | ᠠᠰᠢᠭᠯᠠᠯᠲᠠ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢ ᠨᠡᠶᠢᠲᠡᠯᠡᠨ᠂ ᠬᠠᠮᠢᠶ᠎ᠠ | ᠪᠥᠬᠦᠶ ᠭᠤᠤᠯᠳᠠᠯᠭ᠎ᠠ ᠲᠠᠢ ᠠᠵᠢᠯ ᠢ ᠵᠤᠬᠢᠴᠠᠭᠤᠯᠪᠠ᠃ ᠲᠢᠩᠬᠢᠮ ᠤᠨ ᠨᠠᠮ ᠤᠨ ᠳᠤᠭᠤᠶᠢᠯᠠᠩ ᠤᠨ ᠱᠦᠵᠢ᠂ | ᠲᠢᠩᠬᠢᠮ ᠤᠨ ᠳᠠᠷᠤᠭ᠎ᠠ ᠰᠡᠴᠡᠨᠪᠢᠯᠢᠭ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠳ᠂ ᠲᠢᠩᠬᠢᠮ ᠤᠨ ᠳᠡᠳ᠋ ᠳᠠᠷᠤᠭ᠎ᠠ ᠵᠤᠤ | ᠴᠠᠩ ᠴᠢᠩ᠂ ᠵᠤᠤ ᠵᠦᠩ ᠡᠦ᠂ ᠲᠢᠩᠬᠢᠮ ᠤᠨ ᠳᠡᠳ᠋ ᠳᠠᠷᠤᠭ᠎ᠠ ᠯᠢ ᠪᠢᠨ᠂ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᠸᠧᠢ᠂ ᠶᠡᠷᠦᠩᠬᠡᠢ ᠡᠳ᠋ ᠤᠨ ᠵᠠᠰᠠᠭ ᠤᠨ | ᠢᠨᠵᠧᠨᠧᠷ ᠭᠤᠤ ᠬᠠᠢ ᠮᠢᠩ᠂ ᠤᠰᠤᠨ ᠠᠰᠢᠭᠯᠠᠯᠳᠠ ᠶᠢᠨ ᠶᠠᠮᠤᠨ ᠤ ᠮᠠᠯᠵᠢᠬᠤ ᠣᠷᠣᠨ ᠤ ᠤᠰᠤᠨ | ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠳᠠᠷᠤᠭ᠎ᠠ ᠶᠢᠨ ᠷᠦᠢ ᠫᠢᠩ᠂ ᠦᠪᠦᠷ | ᠮᠤᠩᠭᠤᠯ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢᠨ ᠰᠤᠳᠤᠯᠤᠨ ᠲᠦᠰᠦᠪᠯᠡᠬᠦ ᠬᠦᠷᠢᠶᠡᠯᠡᠩ ᠤᠨ | ᠳᠠᠷᠤᠭ᠎ᠠ ᠸᠠᠩ ᠶᠠ ᠳ᠋ᠦᠩ᠂ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤ ᠶᠡᠷᠦᠩᠬᠡᠢ | ᠲᠤᠪᠴᠢᠶ᠎ᠡ ᠶᠢᠨ ᠳᠠᠷᠤᠭ᠎ᠠ ᠸᠠᠩ ᠨᠠᠨ ᠹᠧᠩ ᠬᠤᠷᠠᠯ ᠳᠤ ᠣᠷᠣᠯᠴᠠᠪᠠ᠃ | | | | | | ᠬᠤᠷᠠᠯ ᠳᠡᠭᠡᠷ᠎ᠡ᠂ ᠵᠣᠣ ᠴᠠᠩ ᠴᠢᠩ᠂ ᠵᠣᠣ ᠵᠥᠩ ᠦ᠋᠂ ᠯᠢ ᠪᠢᠨ᠂ ᠵᠠᠩ ᠸᠧᠶ ᠲᠣᠰ ᠲᠣᠰ ᠤᠰᠤᠨ | ᠠᠰᠢᠭᠯᠠᠯᠲᠠ ᠶᠢᠨ ᠲᠢᠩᠬᠢᠮ ᠤᠨ ᠲᠥᠪ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠯ ᠤᠨ ᠡᠭᠦᠷᠭᠡᠯᠡᠵᠦ | ᠪᠦᠬᠦᠢ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠶᠢ ᠬᠠᠷᠢᠭᠤᠴᠠᠵᠤ ᠪᠠᠶᠢᠭ᠎ᠠ ᠪᠠ ᠬᠠᠮᠵᠢᠯᠴᠠᠨ | ᠴᠡᠭᠴᠡᠯᠡᠨ ᠰᠠᠶᠢᠵᠢᠷᠠᠭᠤᠯᠬᠤ ᠲᠣᠭᠤᠷᠢᠨ ᠳᠤ᠂ ᠤᠰᠤᠨ ᠠᠰᠢᠭᠯᠠᠯᠲᠠ ᠶᠢᠨ ᠲᠢᠩᠬᠢᠮ ᠤᠨ 5 ᠲᠤᠰᠬᠠᠶ | ᠵᠦᠢᠯ ᠤᠨ ᠥᠭᠡᠷᠡᠴᠢᠯᠡᠨ ᠪᠠᠶᠢᠭᠤᠯᠬᠤ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠲᠠᠷᠠᠭᠠᠴᠢ ᠶᠢᠨ | ᠠᠯᠬᠤᠮ ᠤᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠲᠤᠬᠠᠶ ᠲᠣᠬᠢᠷᠠᠭᠤᠯᠤᠯᠲᠠ ᠬᠢᠪᠠ︔ | ᠵᠤᠤ ᠴᠠᠩ ᠴᠢᠩ 2021 ᠣᠨ ᠤ ᠲᠥᠪ ᠤᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢᠨ | ᠲᠥᠯᠥᠪᠯᠡᠭᠡ ᠶᠢ ᠬᠡᠷᠡᠭᠵᠢᠭᠦᠯᠬᠦ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠤᠨ ᠲᠤᠬᠠᠢ ᠲᠣᠳᠣᠷᠬᠠᠢ | ᠱᠠᠭᠠᠷᠳᠠᠯᠭ᠎ᠠ ᠳᠤᠷᠠᠳᠪᠠ︔ ᠭᠤᠤ ᠬᠠᠢ ᠮᠢᠩ 2020 ᠣᠨ ᠤ ᠲᠥᠪ ᠤᠨ ᠤᠰᠤᠨ ᠠᠰᠢᠭᠯᠠᠯᠲᠠ ᠶᠢᠨ ᠪᠡᠯᠡ | ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢ ᠨᠡᠶᠢᠲᠡᠯᠡᠪᠡ᠃ | | | | | | ᠬᠤᠷᠠᠯ ᠠᠴᠠ᠂ ᠲᠥᠪ ᠤᠨ ᠲᠣᠭᠤᠷᠢᠨ ᠪᠠᠶᠢᠴᠠᠭᠠᠯᠲᠠ ᠪᠣᠯ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ᠂ | ᠤᠯᠤᠰ ᠲᠦᠷᠦ ᠶᠢᠨ ᠬᠢᠨᠠᠯᠲᠠ ᠲᠠᠯᠪᠢᠯᠲᠠ ᠪᠣᠯᠤᠨ᠎ᠠ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠯ | ᠡᠷᠬᠡᠪᠰᠢ ᠰᠠᠶᠢᠲᠤᠷ ᠠᠳᠬᠤᠬᠤ ᠴᠢᠬᠤᠯᠠ ᠤᠯᠤᠰ ᠲᠦᠷᠦ ᠶᠢᠨ ᠡᠭᠦᠷᠭᠡ ᠶᠤᠮ᠃ ᠲᠥᠪ ᠤᠨ ᠲᠣᠭᠤᠷᠢᠨ | ᠪᠠᠶᠢᠴᠠᠭᠠᠯᠲᠠ ᠶᠢᠨ ᠬᠠᠷᠢᠭᠤ ᠲᠤᠰᠬᠠᠯ ᠤᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠳᠤ ᠤᠰᠤᠨ ᠠᠰᠢᠭᠯᠠᠯᠲᠠ | ᠪᠣᠳᠠᠲᠠᠶ ᠡᠭᠦᠷᠭᠡ ᠬᠤᠯᠪᠣᠭᠳᠠᠵᠤ ᠪᠠᠶᠢᠨ᠎ᠠ᠂ ᠮᠥᠨ ᠴᠦ ᠣᠳᠣᠬᠠᠨ ᠤ ᠪᠥᠬᠦ ᠣᠷᠣᠨ ᠤ ᠤᠰᠤᠨ ᠠᠰᠢᠭᠯᠠᠯᠲᠠ ᠶᠢᠨ | ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠭᠤᠤᠯᠳᠠᠯᠭ᠎ᠠ ᠲᠠᠢ᠂ ᠬᠦᠴᠢᠷᠲᠡᠶ ᠠᠵᠢᠯ ᠪᠠᠶᠢᠵᠤ᠂ ᠪᠥᠬᠦ ᠲᠠᠯ᠎ᠠ ᠶᠢᠨ | ᠠᠯᠤᠰ ᠬᠡᠲᠦ ᠶᠢᠨ ᠠᠴᠢ ᠬᠤᠯᠪᠣᠭᠳᠠᠯ ᠲᠠᠢ᠂ ᠳᠠᠷᠤᠢ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠡᠷᠬᠡᠪᠰᠢ ᠰᠠᠶᠢᠲᠤᠷ ᠰᠢᠳᠪᠥᠷᠢᠯᠠᠬᠦ ᠬᠡᠷᠡᠭᠲᠡᠶ | ᠠᠰᠠᠭᠤᠳᠠᠯ ᠮᠦᠨ᠃ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ | ᠤᠬᠠᠮᠰᠠᠷ ᠢᠶᠠᠨ ᠳᠡᠭᠡᠭᠰᠢᠯᠡᠭᠦᠯᠵᠦ᠂ ᠲᠥᠪ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠯ ᠤᠨ ᠰᠠᠨᠠᠯ ᠢᠶᠠᠷ | ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ | ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠨᠡᠩ ᠴᠢᠩᠭᠠᠳᠬᠠᠵᠤ᠂ ᠤᠯᠤᠰ | ᠲᠦᠷᠦ ᠶᠢᠨ ᠲᠠᠯ᠎ᠠ ᠠᠴᠠ ᠦᠵᠡᠨ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠲᠠᠯᠠᠵᠤ᠂ | ᠰᠡᠷᠭᠦᠯᠡᠩ ᠪᠠᠶᠢᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠦᠴᠦᠨ ᠢᠶᠠᠨ | ᠲᠥᠪᠯᠡᠷᠡᠭᠦᠯᠵᠦ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠥᠨᠳᠥᠷ ᠦᠷ᠎ᠡ ᠪᠦᠲᠦᠮᠵᠢ ᠥᠨᠳᠥᠷ ᠶᠠᠰᠤ | ᠴᠢᠨᠠᠷᠲᠠᠢ ᠪᠠᠷ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠲᠥᠪ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠯ ᠤᠨ ᠰᠠᠨᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠥᠷᠨᠢᠭᠦᠯᠬᠦ ᠪᠠᠷ ᠵᠠᠪᠰᠢᠶᠠᠨ ᠪᠣᠯᠭᠠᠵᠤ᠂ ︽ᠤᠰᠤ ᠠᠷᠪᠢᠯᠠᠬᠤ ᠶᠢ | ᠲᠡᠷᠢᠭᠦᠨ ᠳᠤ ᠲᠠᠯᠪᠢᠬᠤ᠂ ᠣᠷᠣᠨ ᠵᠠᠶ ᠶᠢᠨ ᠲᠡᠩᠴᠡᠭᠦᠷᠢᠲᠡᠶ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ | ᠬᠦᠴᠦᠯᠡᠬᠦ︾ ᠤᠰᠤ ᠵᠠᠰᠠᠬᠤ ᠰᠡᠳᠬᠢᠴᠡ ᠶᠢ ᠣᠨᠣᠪᠴᠢᠲᠠᠶ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ | ᠠᠵᠢᠯ ᠨᠢ ᠪᠦᠬᠦ ᠣᠷᠣᠨ ᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ ᠶᠢ | ᠲᠤᠯᠬᠤ ᠪᠠ᠂ ︽ᠬᠤᠶᠠᠷ ᠬᠠᠯᠬᠠᠪᠴᠢ︾ ᠶᠢ ᠪᠠᠬᠢᠵᠢᠭᠦᠯᠬᠦ᠂ ︽ᠬᠤᠶᠠᠷ ᠰᠠᠭᠤᠷᠢᠨ︾ ᠵᠢᠴᠢ ︽ᠨᠢᠭᠡ ᠪᠠᠬᠢᠯᠡᠯᠲᠡ︾ | ᠶᠢ ᠪᠦᠳᠦᠭᠡᠨ ᠪᠠᠶᠢᠭᠤᠯᠬᠤ ᠳᠤᠮᠳᠠ ᠣᠷᠣᠨ ᠪᠠᠶᠢᠷᠢ ᠪᠣᠯᠤᠨ ᠠᠷᠭ᠎ᠠ ᠵᠠᠮ ᠢ ᠨᠡᠩ ᠲᠤᠲᠤᠷᠬᠠᠢ ᠣᠶᠢᠯᠠᠭᠠᠵᠤ | ᠲᠣᠳᠣᠷᠠᠭᠤᠯᠬᠤ ᠬᠡᠷᠡᠭᠲᠡᠢ᠂ ᠡᠭᠦᠨ ᠤ ᠬᠠᠮᠲᠤ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠠᠪᠴᠤ᠂ ︽ᠨᠢᠭᠡ | ᠨᠠᠭᠤᠷ ᠬᠤᠶᠠᠷ ᠲᠠᠩᠭᠢᠰ︾᠂ ᠴᠠᠭᠠᠨ ᠨᠠᠭᠤᠷ ᠵᠡᠷᠭᠡ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠢ | ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠬᠠᠲᠤᠨ | ᠭᠤᠤᠯ ᠤᠨ ᠭᠤᠣᠯ ᠤᠨ ᠲᠠᠩ ᠤᠨ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠵᠠᠰᠠᠬᠤ ᠳᠤ ᠱᠠᠲᠤ ᠦᠶ᠎ᠡ ᠶᠢᠨ | ᠴᠢᠨᠠᠷᠲᠠᠶ ᠦᠷ᠎ᠡ ᠪᠦᠲᠦᠮᠵᠢ ᠤᠯᠬᠤ ᠶᠢ ᠠᠬᠢᠭᠤᠯᠵᠤ᠂ ᠭᠠᠵᠠᠷ ᠳᠣᠤᠷᠠᠬᠢ ᠤᠰᠤ ᠶᠢ ᠬᠠᠮᠢᠶᠠᠷᠤᠨ ᠬᠠᠮᠠᠭᠠᠯᠠᠬᠤ | ᠠᠷᠭ᠎ᠠ ᠬᠡᠮᠵᠢᠶ᠎ᠡ ᠶᠢ ᠴᠢᠩᠳᠠᠯᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠬᠤᠪᠢᠰᠤᠯᠲᠠ ᠶᠢᠨ ᠰᠢᠯᠲᠠᠭᠠᠨ ᠢ | ᠵᠠᠳᠠᠯᠬᠤ ᠪᠠ ᠵᠠᠰᠠᠬᠤ ᠠᠷᠭ᠎ᠠ ᠬᠡᠮᠵᠢᠶ᠎ᠡ ᠶᠢᠨ ᠰᠣᠳᠤᠯᠭᠠᠨ ᠢ ᠡᠷᠴᠢᠮᠵᠢᠭᠦᠯᠦᠨ᠂ ᠥᠷᠭᠡᠨ ᠣᠯᠠᠨ ᠮᠠᠯᠴᠢᠨ | ᠲᠠᠷᠢᠶᠠᠴᠢᠨ ᠤ ᠤᠤᠭᠤᠬᠤ ᠤᠰᠤᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠪᠠᠷ ᠡᠯ᠎ᠡ ᠲᠥᠷᠥᠯ ᠤᠨ ᠠᠵᠢᠯ ᠤᠨ ᠬᠦᠴᠦᠨ | ᠲᠡᠭᠦᠯᠳᠡᠷ ᠨᠠᠶᠢᠳᠠᠪᠤᠷᠢᠵᠢᠭᠤᠯᠤᠯᠲᠠ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠴᠢᠩᠭᠠᠳᠬᠠᠪᠠ᠃ | ᠬᠤᠷᠠᠯ ᠠᠴᠠ᠂ ᠲᠥᠪ ᠤᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ | ᠬᠡᠷᠡᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠰᠠᠶᠢᠲᠤᠷ ᠠᠳᠬᠤᠬᠤ ᠬᠡᠷᠡᠭᠲᠡᠢ᠂ | ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠪᠦᠳᠤᠬᠡᠨ ᠪᠠᠶᠢᠭᠤᠯᠤᠯᠲᠠ ᠶᠢ ᠲᠦᠷᠭᠡᠳᠬᠡᠵᠦ᠂ ᠲᠥᠰᠥᠯ ᠤᠨ ᠡᠮᠦᠨᠡᠬᠢ | ᠬᠤᠭᠤᠴᠠᠭᠠᠨ ᠤ ᠠᠵᠢᠯ ᠢ ᠨᠠᠷᠢᠨ ᠠᠩᠬᠠᠷᠴᠤ᠂ ᠣᠯᠠᠨ ᠲᠠᠯ᠎ᠠ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠢ | ᠴᠢᠷᠮᠠᠶᠢᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠦᠳᠤᠬᠡᠨ ᠪᠠᠶᠢᠭᠤᠯᠤᠯᠲᠠ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠰᠠᠷ᠎ᠠ ᠶᠢᠨ ᠨᠡᠶᠢᠲᠡᠯᠡᠯ᠂ ᠤᠯᠠᠷᠢᠯ ᠤᠨ | ᠲᠣᠬᠢᠷᠠᠭᠤᠯᠭ᠎ᠠ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ᠮᠠᠨ ᠤ | ᠣᠷᠣᠨ ᠤ ᠬᠡᠷᠡᠭᠵᠢᠭᠦᠯᠦᠯᠲᠡ ᠶᠢᠨ ᠠᠬᠢᠴᠠ ᠪᠣᠯᠤᠨ ᠤᠰᠤᠨ ᠠᠰᠢᠭᠯᠠᠯᠲᠠ ᠶᠢᠨ ᠲᠥᠰᠦᠯ ᠢ ᠡᠷᠲᠡ ᠨᠢᠭᠡᠨ ᠡᠳᠦᠷ | ᠪᠠᠶᠢᠭᠤᠯᠵᠤ ᠲᠠᠭᠤᠰᠬᠠᠭᠠᠳ ᠦᠷ᠎ᠡ ᠠᠰᠢᠭ ᠢ ᠨᠢ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠡᠭᠦᠨ ᠤ ᠬᠠᠮᠲᠤ᠂ ᠡᠯ᠎ᠡ ᠭᠠᠵᠠᠷ ᠤᠨ ᠬᠢᠨ ᠨᠢᠭᠡ ᠪᠦᠯᠦᠭ ᠰᠠᠭᠤᠷᠢ ᠲᠠᠯᠪᠢᠬᠤ᠂ ᠴᠢᠳᠠᠮᠵᠢ ᠶᠢ ᠴᠢᠩᠭᠠᠳᠬᠠᠬᠤ᠂ | ᠠᠯᠤᠰ ᠬᠡᠲᠦ ᠳᠤ ᠠᠰᠢᠭᠲᠠᠶ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠲᠥᠰᠥᠯ ᠢ ᠨᠠᠷᠢᠨ ᠬᠢᠨᠠᠮᠠᠭᠠᠶ | ᠰᠤᠳᠤᠯᠤᠨ ᠰᠦᠪᠡᠭᠴᠢᠯᠡᠵᠦ ᠬᠡᠷᠡᠭᠵᠢᠭᠦᠯᠦᠨ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦᠲᠡᠶ ᠤᠰᠤᠨ ᠠᠰᠢᠭᠯᠠᠯᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ᠃ | | | | | | ᠤᠰᠤᠨ ᠤ ᠠᠰᠢᠭᠯᠠᠯᠲᠠ ᠶᠢᠨ ᠲᠢᠩᠬᠢᠮ ᠤᠨ ᠠᠯᠪᠡᠠ ᠭᠡᠷ᠂ ᠡᠳ᠋ ᠤᠨ ᠶᠠᠪᠤᠳᠠᠯ ᠤᠨ ᠭᠠᠵᠠᠷ᠂ ᠪᠦᠳᠤᠬᠡᠨ | ᠪᠠᠶᠢᠭᠤᠯᠤᠯᠲᠠ ᠶᠢᠨ ᠭᠠᠵᠠᠷ᠂ ᠤᠰᠤᠨ ᠤ ᠬᠠᠮᠠᠭᠠᠯᠠᠯᠲᠠ ᠶᠢᠨ ᠭᠠᠵᠠᠷ᠂ ᠬᠥᠳᠡᠭᠡ ᠠᠵᠤ ᠠᠬᠤᠢ ᠶᠢᠨ ᠬᠡᠯᠲᠡᠰ᠂ | ᠤᠰᠤᠨ ᠤ ᠡᠬᠢ ᠪᠠᠶᠠᠯᠢᠭ ᠤᠨ ᠬᠡᠯᠲᠡᠰ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ᠂ ᠭᠤᠣᠯ ᠮᠥᠷᠡᠨ ᠨᠠᠭᠤᠷ | ᠴᠥᠭᠦᠷᠥᠮ ᠤᠨ ᠭᠠᠵᠠᠷ ᠤᠨ ᠭᠤᠣᠯ ᠬᠠᠷᠢᠭᠤᠴᠠᠯᠭᠠᠲᠠᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ | ᠣᠷᠤᠯᠴᠠᠵᠤ᠂ ᠡᠯ᠎ᠡ ᠠᠶᠢᠮᠠᠭ ᠬᠤᠳᠠ᠂ ᠠᠰ ᠲᠠᠭᠠᠨ ᠲᠥᠯᠥᠪᠯᠡᠭᠡ ᠬᠢᠬᠦ ᠬᠤᠳᠠ ᠶᠢᠨ ᠤᠰᠤᠨ ᠠᠰᠢᠭᠯᠠᠯᠲᠠ ︵ | ᠤᠰᠤᠨ ᠤ ᠶᠠᠪᠤᠳᠠᠯ︶ ᠶᠢᠨ ᠲᠣᠪᠴᠢᠶᠠᠨ ᠤ ᠤᠳᠤᠷᠢᠳᠬᠤ ᠪᠠᠭ ᠤᠨ ᠬᠡᠰᠢᠭᠦᠨ ᠵᠢᠴᠢ ᠬᠠᠮᠢᠶ᠎ᠠ ᠪᠦᠬᠦᠢ ᠰᠠᠯᠠᠭ᠎ᠠ | ᠲᠠᠰᠤᠭ ᠤᠨ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ | |