内蒙古自治区水利厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠤᠪᠸᠢ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
        ᠨᠡᠶᠢᠲᠡᠯᠡᠭᠰᠡᠨ ᠴᠠᠭ᠄
        2021/5/25
            5 ᠰᠠᠷ᠎ᠠ ᠶᠢᠨ 18 ᠤ ᠦᠳᠡ ᠶᠢᠨ ᠬᠤᠶᠢᠨ᠎ᠠ᠂ ᠬᠤᠪᠸᠢ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ ᠠᠬᠢᠭᠤᠯᠬᠤ ᠬᠤᠷᠠᠯ  ᠢ ᠬᠤᠷᠠᠯᠳᠤᠭᠤᠯᠪᠠ᠃ ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠢ ᠢᠨᠵᠧᠨᠧᠷ ᠶᠤᠸᠠᠨ ᠵᠢᠶᠦ᠋ᠨ ᠭᠤᠸᠠᠩ ᠬᠤᠷᠠᠯ ᠳᠤ       ᠣᠷᠣᠯᠴᠠᠪᠠ᠃      ᠬᠤᠷᠠᠯ ᠠᠴᠠ 2021 ᠣᠨ ᠤ ᠪᠦᠬᠦ ᠮᠤᠵᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠰᠦᠯᠵᠢᠶ᠎ᠠ ᠪᠠᠷ ᠪᠦᠬᠦᠨ ᠢ ᠰᠢᠢᠳᠪᠦᠷᠢᠯᠡᠬᠦ︾ ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠦ᠂ ︽ᠨᠢᠭᠡ ᠰᠦᠯᠵᠢᠶ᠎ᠠ ᠪᠠᠷ ᠪᠦᠬᠦᠨ ᠢ ᠰᠢᠢᠳᠪᠦᠷᠢᠯᠡᠬᠦ︾ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ᠂ ᠠᠵᠢᠯ ᠢᠶᠠᠨ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠠ ᠪᠣᠯᠤᠨ ᠬᠠᠷᠢᠭᠤᠴᠠᠯᠭ᠎ᠠ ᠶᠢᠨ ᠰᠢᠰᠲ᠋ᠧᠮ ᠢ ᠲᠣᠳᠣᠷᠬᠠᠢᠢᠯᠠᠪᠠ᠃      ᠬᠤᠷᠠᠯ ᠠᠴᠠ᠂ ︽ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠲᠡᠭᠵᠢᠬᠦᠯᠬᠦ︾ ᠥᠭᠡᠷᠡᠴᠢᠯᠡᠯᠲᠡ ᠶᠢᠨ ᠦᠷ᠎ᠡ ᠪᠦᠲᠦᠮᠵᠢ ᠪᠣᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠪᠣᠯ ᠤᠰᠤᠨ ᠠᠰᠢᠭᠯᠠᠯᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠤᠨ ᠰᠢᠭᠤᠳ ᠢᠯᠡᠷᠡᠯ ᠪᠠᠶᠢᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯ ᠤᠨ ᠰᠤᠷᠲᠠᠯ ᠪᠣᠯᠤᠨ ᠠᠵᠢᠯ ᠤᠨ ᠦᠷ᠎ᠡ ᠪᠦᠲᠦᠮᠵᠢ ᠶᠢ ᠲᠤᠰᠬᠠᠵᠤ ᠪᠤᠢ᠂ ᠡᠯ᠎ᠡ ᠭᠠᠵᠠᠷ ᠳᠠᠰᠤᠭ ᠤᠨ ᠬᠢᠨ ᠮᠤᠵᠢ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ᠂ ᠴᠢᠨᠠᠷ ᠰᠠᠶᠢᠲᠠᠢ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠪᠤᠢ ᠪᠣᠯᠭᠠᠬᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠳᠠᠰᠤᠭ ︵ᠨᠢᠭᠡᠴᠢ︶ ᠨᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠨ᠂ ᠨᠡᠶᠢᠯᠡᠯ ᠬᠦᠴᠦᠨ ᠢ ᠪᠦᠷᠢᠯᠳᠦᠭᠦᠯᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠡᠷᠭᠡ ᠠᠵᠢᠯᠯᠠᠭ᠎ᠠ ᠶᠢ ᠵᠢᠷᠤᠮᠵᠢᠭᠤᠯᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠣᠳᠣᠬᠠᠨ ᠳᠤ ︽ᠨᠢᠭᠡ ᠰᠦᠯᠵᠢᠶ᠎ᠠ ᠪᠠᠷ ᠪᠦᠬᠦᠨ ᠢ ᠰᠢᠢᠳᠪᠦᠷᠢᠯᠡᠬᠦ︾᠂ ︽ᠢᠨᠲ᠋ᠧᠷ ᠰᠦᠯᠵᠢᠶ᠎ᠠ + ᠬᠢᠨᠠᠯᠲᠠ ᠬᠠᠮᠢᠶᠠᠷᠤᠯᠲᠠ︾ ᠵᠡᠷᠭᠡ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠤᠰᠤᠨ ᠠᠰᠢᠭᠯᠠᠯᠲᠠ ᠶᠢᠨ ᠲᠢᠩᠬᠢᠮ ᠤᠨ ᠬᠢᠨ ᠬᠤᠭᠤᠴᠠᠭᠠᠲᠤ ᠴᠢᠨᠠᠷ᠂ ᠣᠨᠣᠪᠴᠢᠲᠤ ᠴᠢᠨᠠᠷ ᠵᠡᠷᠭᠡ ᠲᠠᠯ᠎ᠠ ᠪᠠᠷ ᠰᠢᠪᠲᠤᠯᠤᠯᠲᠠ ᠲᠠᠢ ᠪᠤᠯᠵᠤ᠂ ᠰᠢᠨ᠎ᠡ ᠴᠠᠭ ᠦᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠱᠠᠭᠠᠷᠳᠠᠯᠭ᠎ᠠ ᠳᠤ ᠵᠣᠬᠢᠴᠠᠬᠤ ᠪᠠᠷ ᠴᠢᠷᠮᠠᠶᠢᠬᠤ ᠬᠡᠷᠡᠭᠲᠡᠢ᠃ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠥᠯᠥᠪᠯᠡᠭᠡ ᠶᠢ ᠴᠢᠨᠠᠭᠰᠢᠳᠠ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠥᠷᠭᠡ ᠪᠠ ᠬᠢᠨᠠᠨ ᠬᠠᠮᠢᠶᠠᠷᠬᠤ ᠡᠲᠡᠭᠡᠳ ᠤᠨ ᠬᠥᠮᠥᠷᠭᠡ ᠶᠢ ᠵᠢᠷᠤᠮᠵᠢᠭᠤᠯᠤᠨ᠂ ︽ᠴᠠᠭ ᠳᠤᠬᠠᠢ ᠳᠤᠨᠢ ᠰᠤᠭᠤᠴᠢᠨ ᠪᠠᠶᠢᠴᠠᠭᠠᠵᠤ᠂ ᠬᠠᠤᠯᠢ ᠬᠡᠷᠡᠭᠵᠢᠭᠦᠯᠦᠯᠳᠠ ᠶᠢᠨ ᠪᠠᠶᠢᠴᠠᠭᠠᠭᠴᠢ ᠶᠢ ᠴᠠᠭ ᠳᠤᠬᠠᠢ ᠳᠤᠨᠢ ᠰᠤᠩᠭᠤᠨ ᠳᠤᠮᠢᠯᠠᠬᠤ᠂ ᠰᠤᠭᠤᠴᠢᠨ ᠪᠠᠶᠢᠴᠠᠭᠠᠭᠰᠠᠨ ᠪᠠᠶᠢᠳᠠᠯ ᠪᠠ ᠰᠢᠢᠳᠪᠦᠷᠢᠯᠡᠭᠰᠡᠨ ᠦᠷ᠎ᠠ ᠳ᠋ᠦᠩ ᠢ ᠴᠠᠭ ᠳᠤᠬᠠᠢ ᠳᠤᠨᠢ ᠨᠡᠶᠢᠭᠡᠮ ᠨᠡᠶᠢᠳᠡ ᠳᠤ ᠢᠯᠡ ᠪᠤᠯᠭᠠᠬᠤ︾ ᠱᠠᠭᠠᠷᠳᠠᠯᠭ᠎ᠠ ᠶᠣᠰᠣᠭᠠᠷ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠤ ᠵᠢᠭᠠᠵᠤ ᠭᠠᠷᠭᠠᠪᠠ᠃      ᠶᠤᠸᠠᠨ ᠵᠢᠶᠦ᠋ᠨ ᠭᠤᠸᠠᠩ᠂ ᠰᠦᠯᠵᠢᠶᠡᠨ ᠤ ᠠᠮᠤᠷ ᠲᠦᠪᠰᠢᠨ ᠤ ᠠᠰᠠᠭᠤᠳᠠᠯ ᠤᠯᠠᠮ ᠢᠶᠠᠷ ᠲᠣᠪᠤᠶᠢᠮ᠎ᠠ ᠪᠣᠯᠵᠣ ᠪᠠᠶᠢᠨ᠎ᠠ᠂ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ᠂ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠡᠷᠬᠢᠨ ᠪᠠᠲᠤᠯᠠᠬᠤ ᠪᠣᠯ ᠤᠰᠤᠨ ᠠᠰᠢᠭᠯᠠᠯᠲᠠ ᠶᠢᠨ ᠲᠢᠩᠬᠢᠮ ᠤᠨ ︽ᠢᠨᠲ᠋ᠧᠷ ᠰᠦᠯᠵᠢᠶ᠎ᠡ +︾ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠰᠠᠭᠤᠷᠢ ᠪᠤᠯᠤᠨ᠎ᠠ᠂ ᠡᠯ᠎ᠡ ᠭᠠᠵᠠᠷ ᠳᠠᠰᠤᠭ ︵ᠨᠢᠭᠡᠴᠢ︶ ᠨᠢ ᠲᠦᠭᠰᠢᠭᠦᠷᠢ ᠶᠢᠨ ᠤᠬᠠᠮᠰᠠᠷ ᠢ ᠪᠤᠢ ᠪᠤᠯᠭᠠᠨ᠂ ᠬᠠᠷᠢᠭᠤᠴᠠᠯᠭ᠎ᠠ ᠪᠠ ᠡᠭᠦᠷᠭᠡ ᠪᠠᠨ ᠰᠠᠶᠢᠳᠤᠷ ᠭᠦᠢᠴᠡᠳᠬᠡᠵᠤ᠂ ᠰᠦᠯᠵᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠬᠡᠷᠡᠭᠲᠡᠶ ᠭᠡᠵᠤ ᠱᠠᠭᠠᠷᠳᠠᠭᠰᠠᠨ ᠪᠠᠶᠢᠨ᠎ᠠ᠃
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号