内蒙古自治区水利厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠵᠢᠶᠠᠩᠰᠦ ᠮᠤᠵᠢ ᠶᠢᠨ ᠤᠰᠤᠨ ᠠᠰᠢᠭᠯᠠᠯᠲᠠ ᠶᠢᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠬᠤᠭᠤᠴᠠᠭ᠎ᠠ ᠰᠣᠯᠢᠬᠤ ᠬᠤᠷᠠᠯ ᠵᠢᠴᠢ ᠬᠤᠶᠠᠳᠤᠭᠠᠷ ᠬᠤᠭᠤᠴᠠᠭᠠᠨ ᠤ ᠠᠩᠬᠠᠳᠤᠭᠠᠷ ᠤᠳᠠᠭ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠬᠤᠷᠠᠯᠳᠤᠪᠠ
        ᠨᠡᠶᠢᠲᠡᠯᠡᠭᠰᠡᠨ ᠴᠠᠭ᠄
        2021/5/25
             5 ᠰᠠᠷ᠎ᠠ ᠶᠢᠨ 14 ᠤ ᠡᠳᠦᠷ᠂ ᠵᠢᠶᠠᠩᠰᠦ ᠮᠤᠵᠢ ᠶᠢᠨ ᠤᠰᠤᠨ ᠠᠰᠢᠭᠯᠠᠯᠲᠠ ᠶᠢᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠬᠤᠭᠤᠴᠠᠭ᠎ᠠ ᠰᠣᠯᠢᠬᠤ ᠬᠤᠷᠠᠯ ᠵᠢᠴᠢ ᠬᠤᠶᠠᠳᠤᠭᠠᠷ ᠬᠤᠭᠤᠴᠠᠭᠠᠨ ᠤ ᠠᠩᠬᠠᠳᠤᠭᠠᠷ ᠤᠳᠠᠭ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠨᠠᠨᠵᠢᠩ ᠳᠤ ᠬᠤᠷᠠᠯᠳᠤᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᠶᠢᠨ ᠰᠥᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠵᠠᠩ ᠶᠢᠨ ᠰᠦᠩ ᠮᠤᠵᠢ ᠶᠢᠨ ᠤᠰᠤᠨ ᠠᠰᠢᠭᠯᠠᠯᠲᠠ ᠶᠢᠨ ᠬᠡᠷᠡᠯ ᠵᠢᠷᠤᠭᠴᠢᠳ ᠤᠨ ᠨᠡᠶᠢᠭᠡᠮᠯᠢᠭ ᠪᠠᠶᠢᠭᠤᠯᠤᠭᠳᠠᠭᠰᠠᠨ ᠠᠴᠠ ᠨᠠᠭᠠᠰᠢᠬᠢ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠣᠢᠢᠷ᠎ᠠ ᠶᠢᠨ ᠵᠢᠯ ᠤᠳ ᠲᠤ ᠨᠡᠶᠢᠭᠡᠮᠯᠢᠭ ᠠᠴᠠ ᠪᠦᠬᠦ ᠮᠤᠵᠢ ᠶᠢᠨ ᠤᠰᠤᠨ ᠠᠰᠢᠭᠯᠠᠯᠲᠠ ᠶᠢᠨ ᠭᠡᠷᠡᠯ ᠵᠢᠷᠤᠭ ᠤᠨ ᠠᠵᠢᠯᠲᠠᠳ ᠢ ᠳᠠᠭᠠᠭᠤᠯᠤᠨ ᠠᠯᠢ ᠣᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠵᠢᠶᠠᠩᠰᠦ ᠶᠢᠨ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠶᠢᠨ ᠠᠮᠵᠢᠯᠲᠠ ᠪᠦᠲᠦᠮᠵᠢ ᠶᠢ ᠲᠤᠰᠬᠠᠨ᠂ ᠵᠢᠶᠠᠩᠰᠦ ᠶᠢᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠣᠨᠴᠠᠯᠢᠭ ᠢ ᠳᠡᠯᠭᠡᠨ ᠦᠵᠡᠭᠦᠯᠵᠦ᠂ ᠵᠢᠶᠠᠩᠰᠦ ᠶᠢᠨ ᠤᠰᠤᠨ ᠠᠰᠢᠭᠯᠠᠯᠲᠠ ᠶᠢᠨ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠵᠢᠶᠠᠩᠰᠦ ᠶᠢᠨ ᠤᠰᠤᠨ ᠠᠰᠢᠭᠯᠠᠯᠲᠠ ᠳᠤ ᠬᠤᠪᠣᠷ ᠨᠠᠨᠳᠢᠨ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠪᠣᠯᠤᠨ ᠣᠶᠤᠨ ᠰᠠᠨᠠᠭᠠᠨ ᠤ ᠰᠣᠶᠣᠯ ᠤᠨ ᠡᠳ᠋ ᠪᠠᠶᠠᠯᠢᠭ ᠢ ᠦᠯᠡᠳᠡᠭᠡᠨ ᠦᠭᠴᠠᠢ ᠭᠡᠵᠡᠢ᠃ ᠲᠡᠷᠡ᠂ ᠬᠡᠷᠡᠯ ᠵᠢᠷᠤᠭᠴᠢᠳ ᠤᠨ ᠨᠡᠶᠢᠭᠡᠮᠯᠢᠭ ᠤᠨ ᠠᠵᠢᠯᠲᠠᠳ ᠦᠷᠭᠦᠯᠵᠢᠯᠡᠨ ᠵᠢᠶᠠᠩᠰᠦ ᠶᠢᠨ ᠤᠰᠤᠨ ᠠᠰᠢᠭᠯᠠᠯᠲᠠ ᠶᠢᠨ ᠬᠥᠭᠵᠢᠯᠲᠡ ᠥᠭᠡᠷᠡᠴᠢᠯᠡᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ ᠤᠰᠤᠨ ᠠᠰᠢᠭᠯᠠᠯᠲᠠ ᠶᠢᠨ ᠦᠨᠳᠦᠰᠦᠨ ᠱᠠᠲᠤ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠥᠷᠭᠡᠨ ᠤᠯᠠᠨ ᠠᠷᠠᠳ ᠲᠦᠮᠡᠨ ᠲᠠᠢ ᠣᠢᠢᠷᠠᠲᠤᠵᠤ᠂ ᠭᠡᠷᠡᠯ ᠵᠢᠷᠤᠭ ᠤᠨ ᠵᠣᠬᠢᠶᠠᠨ ᠪᠦᠲᠦᠭᠡᠯᠭᠡ ᠪᠠ ᠤᠬᠠᠭᠤᠯᠭ᠎ᠠ ᠶᠢᠨ ᠦᠢᠯᠡᠴᠢᠯᠡᠭᠡᠨ ᠤ ᠠᠵᠢᠯ ᠢ ᠥᠷᠨᠢᠭᠦᠯᠬᠦ ᠶᠢ ᠬᠦᠰᠡᠪᠡ᠃      ᠬᠤᠷᠠᠯ ᠠᠴᠠ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ᠂ ᠡᠳ᠋ ᠤᠨ ᠶᠠᠪᠤᠳᠠᠯ ᠤᠨ ᠠᠵᠢᠯ ︵ᠬᠢᠨᠠᠨ ᠪᠤᠳᠤᠯᠲᠠ︶ ᠤᠨ ᠮᠡᠳᠡᠭᠦᠯᠦᠯᠲᠡ ᠪᠣᠯᠤᠨ ᠬᠢᠨᠠᠭᠴᠢ ᠶᠢᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠭᠠᠳ᠂ ᠭᠠᠷ ᠡᠷᠭᠦᠵᠦ ᠪᠠᠲᠤᠯᠠᠬᠤ ᠠᠷᠭ᠎ᠠ ᠪᠠᠷ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ 18 ᠬᠡᠷᠡᠭ ᠡᠷᠬᠢᠯᠡᠭᠴᠢ ᠶᠢ ᠰᠣᠩᠭᠤᠨ ᠭᠠᠷᠭᠠᠪᠠ᠃ ᠲᠠᠷᠠᠭ᠎ᠠ ᠨᠢ ᠬᠤᠶᠠᠳᠤᠭᠠᠷ ᠬᠤᠭᠤᠴᠠᠭᠠᠨ ᠤ ᠠᠩᠬᠠᠳᠤᠭᠠᠷ ᠤᠳᠠᠭ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠢ ᠬᠤᠷᠠᠯᠳᠤᠭᠤᠯᠵᠤ᠂ ︽ᠵᠢᠶᠠᠩᠰᠦ ᠶᠢᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠲᠦᠷᠢᠮ︾ ᠢ ᠬᠢᠨᠠᠨ ᠶᠠᠷᠢᠯᠴᠠᠵᠤ ᠪᠠᠲᠤᠯᠠᠭᠠᠳ᠂ ᠭᠠᠷ ᠡᠷᠭᠦᠨ ᠪᠠᠲᠤᠯᠠᠯᠲᠠ ᠬᠢᠵᠦ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠢ ᠰᠣᠩᠭᠤᠨ ᠭᠠᠷᠭᠠᠪᠠ᠃ ᠬᠤᠷᠠᠯ ᠤᠨ ᠳᠠᠷᠠᠭ᠎ᠠ ᠭᠤᠤ ᠴᠦᠨ ᠤ ︽ᠤᠰᠤᠨ ᠤ ᠦᠵᠡᠮᠵᠢ ᠲᠠᠢ ᠬᠥᠳᠡᠭᠡ ᠲᠣᠰᠬᠤᠨ︾ ᠤ ᠭᠡᠷᠡᠯ ᠵᠢᠷᠤᠭ ᠤᠨ ᠵᠣᠬᠢᠶᠠᠨ ᠪᠦᠲᠦᠭᠡᠯᠭᠡ ᠶᠢᠨ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠬᠤᠷᠠᠯ ᠠᠴᠠ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ ᠤ ᠶᠡᠷᠦᠩᠬᠡᠢ ᠨᠠᠶᠢᠷᠠᠭᠤᠯᠤᠭᠴᠢ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠭᠡᠷᠡᠯ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠯᠢ ᠰᠢᠶᠠᠨ ᠮᠢᠩ ᠢ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠯᠭᠡᠪᠡ᠃ ᠯᠢ ᠰᠢᠶᠠᠨ ᠮᠢᠩ ︽ᠭᠡᠷᠡᠯ ᠵᠢᠷᠤᠭ ᠤᠨ ᠬᠤᠪᠢᠰᠤᠩᠭᠤᠶ ᠠᠷᠭ᠎ᠠ ᠶᠢᠨ ᠲᠤᠬᠠᠶ ᠰᠤᠯᠠ ᠶᠠᠷᠢᠶ᠎ᠠ︾ ᠭᠡᠬᠦ ᠰᠡᠳᠦᠪ ᠢᠶᠠᠷ ᠤᠯᠡᠠ ᠵᠢᠯ ᠤᠨ ᠵᠣᠬᠢᠶᠠᠨ ᠪᠦᠲᠦᠭᠡᠯᠭᠡ ᠶᠢᠨ ᠲᠤᠷᠰᠢᠯᠭ᠎ᠠ ᠪᠠ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠡᠷᠡᠯ ᠵᠢᠷᠤᠭ ᠤᠨ ᠭᠤᠣᠯ ᠰᠡᠳᠦᠪ᠂ ᠭᠡᠷᠡᠯ ᠵᠢᠷᠤᠭ ᠤᠨ ᠭᠤᠣᠯ ᠴᠣᠭᠴᠠ᠂ ᠭᠡᠷᠡᠯ ᠵᠢᠷᠤᠭ ᠤᠨ ᠬᠡᠯᠪᠡᠷᠢ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠢᠢᠯᠠᠭᠠᠮᠵᠢᠲᠠᠶ ᠲᠠᠶᠢᠯᠪᠤᠷᠢᠯᠠᠯᠲᠠ ᠬᠢᠵᠦ᠂ ᠭᠡᠷᠡᠯ ᠵᠢᠷᠤᠭ ᠤᠨ ᠮᠡᠳᠡᠯᠭᠡ ᠶᠢᠨ ᠲᠤᠬᠠᠶ ᠤᠯᠡᠠ ᠤ ᠣᠢᠢᠯᠠᠭᠠᠯᠲᠠ ᠶᠢ ᠭᠦᠨᠵᠡᠭᠡᠶᠢᠷᠡᠭᠦᠯᠵᠡᠶ᠃      ᠵᠢᠶᠠᠩᠰᠦ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ᠂ ᠮᠤᠵᠢ ᠶᠢᠨ ᠤᠰᠤᠨ ᠠᠰᠢᠭᠯᠠᠯᠲᠠ ᠶᠢᠨ ᠮᠡᠳᠡᠭᠡ ᠵᠠᠩᠭᠢ ᠶᠢᠨ ᠲᠥᠪ ᠵᠡᠷᠭᠡ ᠨᠢᠭᠡᠴᠢ ᠶᠢᠨ ᠬᠠᠷᠢᠭᠤᠴᠠᠯᠭᠠᠲᠠᠨ᠂ ᠮᠤᠵᠢ ᠶᠢᠨ ᠤᠰᠤᠨ ᠠᠰᠢᠭᠯᠠᠯᠲᠠ ᠶᠢᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ᠂ ᠪᠠᠶᠢᠩᠭᠤ ᠶᠢᠨ ᠬᠡᠷᠡᠭ ᠡᠷᠬᠢᠯᠡᠭᠴᠢᠳ ᠤᠨ ᠨᠢᠭᠡᠴᠢ ᠶᠢᠨ ᠲᠥᠯᠥᠭᠡᠯᠡᠭᠴᠢ ᠵᠢᠴᠢ ᠬᠡᠰᠡᠭ ᠭᠡᠰᠢᠭᠦᠨ ᠤ ᠲᠥᠯᠥᠭᠡᠯᠡᠭᠴᠢ ᠨᠡᠶᠢᠲᠡ 87 ᠬᠥᠮᠦᠨ ᠬᠤᠷᠠᠯ ᠳᠤ ᠣᠷᠣᠯᠴᠠᠵᠠᠶ᠃
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号