内蒙古自治区水利厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠤᠰᠤ ᠲᠠᠲᠠᠬᠤ ᠲᠣᠪᠴᠢᠶᠠᠨ ᠤ ᠨᠠᠮ ᠤᠨ ᠬᠤᠷᠢᠶ᠎ᠠ ᠰᠢᠶᠠᠩᠱᠠᠨ ᠤ ᠬᠤᠪᠢᠰᠬᠠᠯ ᠤᠨ ᠳᠤᠷᠠᠰᠬᠠᠯ ᠤᠨ ᠭᠠᠵᠠᠷ ᠲᠤ ᠬᠦᠷᠴᠦ 《 ᠬᠤᠪᠢᠰᠬᠠᠯ ᠤᠨ ᠲᠡᠦᠬᠡ ᠶᠢ ᠳᠠᠬᠢᠨ ᠡᠷᠭᠢᠴᠡᠭᠦᠯᠵᠦ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤᠳᠬᠠᠶ᠎ᠠ 》 ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
        ᠨᠡᠶᠢᠲᠡᠯᠡᠭᠰᠡᠨ ᠴᠠᠭ᠄
        2021/5/26
             5 ᠰᠠᠷ᠎ᠠ ᠶᠢᠨ 18 ᠤ ᠡᠳᠦᠷ᠂ ᠤᠰᠤ ᠲᠠᠲᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠪᠦᠬᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠰᠢᠶᠠᠩᠱᠠᠨ ᠤ ᠬᠤᠪᠢᠰᠬᠠᠯ ᠤᠨ ᠳᠤᠷᠠᠰᠬᠠᠯ ᠤᠨ ᠭᠠᠵᠠᠷ ᠲᠤ ᠬᠦᠷᠴᠦ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠵᠢᠴᠢ 《 ᠬᠤᠪᠢᠰᠬᠠᠯ ᠤᠨ ᠲᠡᠦᠬᠡ ᠶᠢ ᠲᠠᠬᠢᠨ ᠡᠷᠭᠢᠴᠡᠭᠦᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ       ᠪᠠᠲᠤᠳᠬᠠᠬᠤ 》 ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ  ᠃      ᠰᠢᠶᠠᠩᠱᠠᠨ ᠤ ᠬᠤᠪᠢᠰᠬᠠᠯ ᠤᠨ ᠳᠤᠷᠠᠰᠬᠠᠯ ᠤᠨ ᠣᠷᠳᠣᠨ ᠳᠤ᠂ ᠪᠦᠬᠦ ᠨᠠᠮ ᠤᠨ ᠭᠡᠰᠢᠭᠦᠳ 《 ᠰᠢᠨ᠎ᠡ ᠳᠤᠮᠳᠠᠳᠤ ᠤᠯᠤᠰ ᠲᠤ ᠰᠠᠭᠤᠷᠢ ᠲᠠᠯᠪᠢᠭᠰᠠᠨ ᠨᠢ —— ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠰᠢᠶᠠᠩᠱᠠᠨ ᠳᠤ 》 ᠭᠡᠬᠦ ᠭᠤᠣᠯ ᠰᠡᠳᠦᠪᠲᠦ ᠦᠵᠡᠰᠬᠦᠯᠡᠩ ᠢ ᠰᠣᠨᠢᠷᠬᠠᠪᠠ᠂ 《 ᠪᠡᠭᠡᠵᠢᠩ ᠳᠤ       ᠣᠷᠣᠵᠤ 〈 ᠰᠢᠯᠭᠠᠯᠲᠠ ᠳᠤ ᠣᠷᠣᠯᠴᠠᠬᠤ 〉 》᠂  ︽ᠰᠢᠶᠠᠩᠱᠠᠨ ᠠᠭᠤᠯᠠᠨ ᠳᠤ ᠣᠷᠣᠵᠤ       ᠰᠠᠭᠤᠭᠰᠠᠨ ᠨᠢ︾᠂ 《 ᠪᠦᠬᠦ ᠳᠤᠮᠳᠠᠳᠤ ᠤᠯᠤᠰ ᠢ ᠴᠢᠯᠥᠭᠡᠯᠡᠬᠦ ᠶᠢ ᠦᠷᠭᠦᠯᠵᠢᠯᠡᠨ       ᠵᠢᠯᠤᠭᠤᠳᠤᠭᠰᠠᠨ  ᠨᠢ》᠂ 《 ᠰᠢᠨ᠎ᠡ ᠳᠤᠮᠳᠠᠳᠤ ᠤᠯᠤᠰ ᠢ  ᠪᠠᠶᠢᠭᠤᠯᠬᠤ ᠪᠠᠷ ᠪᠡᠯᠡᠳᠬᠡᠭᠰᠡᠨ ᠨᠢ 》᠂ 《 ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ  ᠴᠡᠭᠡᠵᠢᠯᠡᠨ᠂ ᠡᠭᠦᠷᠢᠳᠡ  ᠲᠡᠮᠡᠴᠡᠰᠦᠬᠡᠢ》 ᠵᠡᠷᠭᠡ ᠲᠠᠪᠤᠨ ᠬᠡᠰᠡᠭ ᠲᠤ  ᠶᠡᠭᠡ ᠬᠡᠮᠵᠢᠶᠡᠨ ᠤ ᠬᠤᠪᠣᠷ ᠨᠠᠨᠳᠢᠨ ᠪᠢᠴᠢᠭ ᠮᠠᠲ᠋ᠧᠷᠢᠶᠠᠯ᠂ ᠲᠡᠦᠬᠡᠨ ᠮᠠᠲ᠋ᠧᠷᠢᠶᠠᠯ ᠤᠨ ᠰᠡᠭᠦᠳᠡᠷ ᠪᠠ ᠬᠤᠪᠣᠷ ᠨᠠᠨᠳᠢᠨ ᠵᠢᠷᠤᠭ ᠰᠡᠭᠦᠳᠡᠷ ᠢ ᠲᠡᠯᠭᠡᠨ ᠦᠵᠡᠬᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠡᠭᠡᠵᠢᠩ ᠤᠨ ᠰᠢᠶᠠᠩᠱᠠᠨ ᠤ ᠬᠤᠪᠢᠰᠬᠠᠯ ᠤᠨ ᠦᠶᠯᠡᠳᠦᠯᠭᠡ  ᠂ ᠳᠤᠮᠳᠠᠳᠤ ᠤᠯᠤᠰ ᠤᠨ ᠡᠪ ᠬᠠᠮᠲᠤ ᠨᠠᠮ   ᠨᠢ ᠬᠤᠪᠢᠰᠬᠠᠯᠲᠤ ᠨᠠᠮ ᠠᠴᠠ  ᠵᠠᠰᠠᠭ ᠪᠠᠷᠢᠬᠤ ᠨᠠᠮ ᠢ ᠵᠦᠭ ᠰᠢᠯᠵᠢᠭᠰᠡᠨ᠂ ᠳᠤᠮᠳᠠᠳᠤ ᠤᠯᠤᠰ ᠤᠨ ᠬᠤᠪᠢᠰᠬᠠᠯ   ᠨᠢ ᠢᠯᠠᠯᠲᠠ ᠠᠴᠠ ᠢᠯᠠᠯᠲᠠ  ᠶᠢᠨ ᠢᠷᠡᠭᠤ ᠠᠯᠳᠠᠷ ᠦᠩᠭᠡ  ᠬᠡᠷᠡᠯ  ᠵᠦᠭ ᠤᠷᠤᠭᠰᠢᠯᠠᠭᠰᠠᠨ ᠲᠡᠦᠬᠡᠳᠦ ᠥᠩᠭᠡᠷᠡᠯᠲᠡ ᠶᠢ ᠡᠷᠭᠢᠴᠡᠬᠦᠯᠵᠦ᠂ ᠨᠢᠭᠡ ᠤᠳᠠᠭᠠᠨ ᠤ ᠭᠦᠨ ᠭᠦᠨᠵᠡᠭᠡᠶ ᠣᠶᠤᠨ ᠰᠠᠨᠠᠭᠠᠨ ᠤ ᠠᠷᠢᠭᠤᠳᠬᠠᠯ ᠪᠠ ᠨᠠᠮᠴᠢ ᠴᠢᠨᠠᠷ ᠤᠨ ᠬᠥᠮᠦᠵᠢᠯ ᠬᠦᠷᠲᠡᠪᠡ  ᠃      ᠬᠤᠪᠢᠰᠬᠠᠯ ᠤᠨ ᠠᠬᠠᠮᠠᠳ ᠦᠶ᠎ᠡ ᠶᠢᠨ ᠬᠢᠨ ᠳᠤ ᠡᠷᠬᠢᠮ ᠳᠡᠭᠡᠳᠦ ᠬᠦᠨᠳᠦᠳᠬᠡᠯ ᠪᠠ ᠬᠢᠵᠠᠭᠠᠯᠠᠰᠢ ᠦᠭᠡᠢ ᠮᠥᠷᠥᠭᠡᠳᠦᠯ ᠡᠪᠦᠷᠯᠡᠨ᠂   ᠪᠦᠬᠦ ᠨᠠᠮ ᠤᠨ ᠭᠡᠰᠢᠭᠦᠨ  ᠺᠠᠳ᠋ᠷᠴᠤᠳ ᠵᠦᠰᠡᠷ ᠪᠤᠷᠤᠭᠠᠨ ᠤ ᠲᠤᠮᠳᠠᠭᠤᠷ᠂ᠰᠢᠶᠠᠩᠱᠠᠨ  ᠤ ᠱᠤᠸᠠᠩ ᠴᠢᠩ ᠵᠤᠰᠠᠯᠠᠩ᠂ ᠯᠠᠢ ᠴᠢᠩ ᠰᠢᠤᠸᠠᠨ ᠳᠤ ᠬᠦᠷᠴᠦ᠂ ᠮᠠᠤ ᠽᠧ ᠳ᠋ᠦᠩ ᠨᠥᠬᠦᠷ ᠵᠡᠷᠭᠡ ᠲᠤᠬᠠᠢ ᠶᠢᠨ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠳᠤᠷᠢᠳᠬᠤ  ᠬᠦᠮᠦᠰ ᠤᠨ ᠰᠢᠶᠠᠩᠱᠠᠨ ᠳᠠᠬᠢ ᠠᠵᠢᠯ ᠠᠮᠢᠳᠤᠷᠠᠯ ᠤᠨ ᠲᠠᠯᠠᠪᠤᠷ  ᠢ ᠲᠤᠭᠤᠷᠢᠨ ᠦᠵᠡᠪᠡ᠃  ᠣᠯᠠᠨ ᠢᠶᠠᠷ ᠢᠶᠠᠨ ᠲᠡᠶᠢᠨ ᠤ ᠲᠠᠯᠠᠪᠤᠷ ᠲᠤ ᠴᠡᠷᠢᠭ ᠲᠣᠮᠢᠯᠠᠭᠰᠠᠨ ᠬᠤᠷᠠᠯ ᠤᠨ ᠬᠡᠷ ᠢ ᠬᠠᠷᠠᠭᠠᠳ᠂ ᠮᠥᠷᠡᠨ ᠭᠠᠲᠤᠯᠬᠤ ᠳᠠᠶᠢᠯᠠᠯᠳᠤᠭᠠᠨ ᠤ ᠠᠭᠤᠤ ᠶᠡᠭᠡ ᠠᠤᠭ᠎ᠠ ᠠᠵᠢᠯᠯᠠᠭ᠎ᠠ ᠶᠢ ᠳᠠᠬᠢᠨ ᠡᠷᠭᠢᠴᠡᠭᠦᠯᠵᠦ᠂ ᠬᠤᠪᠢᠰᠬᠠᠯ ᠤᠨ ᠥᠯᠢᠭᠡᠷ ᠤᠳ ᠢ ᠰᠣᠨᠣᠰᠤᠭᠠᠳ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠬᠠᠲᠠᠭᠤᠵᠢᠯᠲᠠᠶ ᠪᠣᠷᠣᠭᠵᠢᠭᠤᠨ ᠪᠠᠶᠢᠬᠤ ᠰᠤᠷᠲᠠᠯ ᠳᠤ ᠰᠡᠳᠬᠢᠯ  ᠬᠦᠳᠡᠯᠪᠡ᠃ ᠠᠳᠡ᠂ ᠨᠥᠬᠦᠳ ᠨᠡᠷ ᠨᠠᠮ ᠤᠨ ᠲᠤᠭ ᠤᠨ ᠡᠮᠦᠨ᠎ᠡ ᠨᠠᠮ ᠳᠤ ᠣᠷᠣᠬᠤ ᠲᠠᠩᠭᠠᠷᠢᠭ   ᠢᠶᠠᠨ ᠳᠠᠬᠢᠨ ᠡᠷᠭᠢᠴᠡᠭᠦᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠳᠠᠪᠲᠠᠨ ᠪᠣᠯᠪᠠᠰᠤᠷᠠᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠪᠠ  ᠃      ᠣᠯᠠᠨ ᠢᠶᠠᠷ ᠢᠶᠠᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠳᠤᠮᠳᠠ ᠠᠴᠠ ᠦᠷᠭᠦᠯᠵᠢᠯᠡᠨ ᠤᠷᠤᠭᠰᠢᠯᠠᠬᠤ ᠣᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠢᠲᠡᠭᠡᠯ ᠪᠢᠰᠢᠷᠡᠯ ᠤᠨ 《 ᠰᠠᠭᠤᠷᠢ 》 ᠶᠢ ᠪᠠᠲᠤ ᠴᠣᠭᠴᠠᠯᠠᠵᠤ᠂ ᠦᠵᠡᠯ ᠰᠠᠨᠠᠭᠠᠨ ᠤ 《 ᠵᠠᠯᠠᠭᠤᠷ 》 ᠢ ᠯᠠᠪᠳᠠᠭᠤᠨ ᠡᠵᠡᠮᠳᠡᠨ᠂ ᠣᠶᠤᠨ ᠰᠠᠨᠠᠭᠠᠨ ᠤ 《 ᠺᠠᠯᠼ 》 ᠢ ᠭᠦᠶᠴᠡᠳ ᠨᠥᠬᠦᠪᠥᠷᠢᠯᠡᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ ᠪᠠ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ  ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ 《 ᠳᠥᠷᠪᠡᠨ ᠤᠬᠠᠮᠰᠠᠷ 》 ᠢᠶᠠᠨ ᠲᠠᠰᠤᠷᠠᠯᠲᠠ ᠥᠬᠡᠶ       ᠴᠢᠩᠭᠠᠳᠬᠠᠨ᠂ 《 ᠳᠥᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠦᠷᠢᠶᠡᠯᠡᠬᠦ》 ᠶᠢ ᠪᠡᠶᠡᠯᠡᠭᠦᠯᠦᠨ᠎ᠡ  ᠃ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ 《 ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠲᠦᠮᠡᠨ ᠳᠤ ᠦᠨᠡᠨᠴᠢ ᠰᠢᠳᠤᠷᠭᠤ 》 ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠵᠠᠯᠭᠠᠮᠵᠢᠯᠠᠨ   ᠪᠠᠳᠠᠷᠠᠭᠤᠯᠵᠤ᠂ 《 ᠪᠡᠭᠡᠵᠢᠩ ᠳᠤ ᠬᠦᠷᠴᠦ ᠰᠢᠯᠭᠠᠯᠲᠠ ᠳᠤ ᠣᠷᠣᠯᠴᠠᠬᠤ 》 ᠲᠡᠮᠡᠴᠡᠯ ᠤᠨ ᠵᠣᠷᠢᠭ ᠢᠶᠠᠷ᠂ 《 ᠠᠷᠠᠳ ᠲᠦᠮᠡᠨ ᠳᠤ ᠦᠯᠦ ᠣᠰᠣᠯᠳᠠᠬᠤ 》 ᠢᠲᠡᠭᠡᠯ ᠪᠢᠰᠢᠷᠡᠯ ᠢᠶᠠᠷ 《 ᠤᠯᠤᠰ ᠤᠨ ᠶᠡᠭᠡ ᠲᠠᠯ᠎ᠠ ᠶᠢ  ᠪᠣᠳᠣᠯᠬᠢᠯᠠᠨ 》᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ  ᠡᠷᠭᠦᠨ᠎ᠡ ᠭᠡᠵᠦ ᠢᠯᠡᠳᠬᠡᠵᠡᠭᠡᠪᠡ  ᠃
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号