内蒙古自治区水利厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠳᠤᠮᠳᠠᠳᠤ ᠤᠯᠤᠰ ᠤᠨ ᠰᠦᠯᠵᠢᠶ᠎ᠡ᠄  ᠳᠤᠮᠳᠠᠳᠤ ᠤᠯᠤᠰ ᠤᠨ ᠮᠡᠳᠡᠭᠡᠯᠡᠯ    2020 ᠣᠨ ᠳᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠭᠰᠡᠨ ᠡᠲᠡᠭᠡᠷ ᠶᠠᠪᠤᠳᠠᠯ ᠠᠴᠠ ᠮᠠᠰᠢ ᠣᠯᠠᠨ  ᠨᠢ ᠲᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ
        ᠨᠡᠶᠢᠲᠡᠯᠡᠭᠰᠡᠨ ᠴᠠᠭ᠄
        2021/5/26
              ᠳᠤᠮᠳᠠᠳᠤ ᠤᠯᠤᠰ ᠤᠨ ᠰᠦᠯᠵᠢᠶ᠎ᠡ ᠶᠢᠨ 1 ᠰᠠᠷ᠎ᠠ ᠶᠢᠨ 25 ᠤ ᠡᠳᠦᠷ ᠤᠨ ᠮᠡᠳᠡᠭᠡ ︵ᠰᠤᠷᠪᠤᠯᠵᠢᠯᠠᠭᠴᠢ ᠵᠠᠩ ᠶᠠᠨ ᠯᠢᠩ︶   ᠰᠤᠷᠪᠤᠯᠵᠢᠯᠠᠭᠴᠢ 25 ᠤ ᠡᠳᠦᠷ ᠪᠡᠭᠡᠵᠢᠩ ᠳᠤ ᠬᠤᠷᠠᠯᠳᠤᠭᠰᠠᠨ ᠪᠥᠬᠦ ᠤᠯᠤᠰ ᠤᠨ ᠤᠰᠤᠨ ᠠᠰᠢᠭᠯᠠᠯᠲᠠ ᠶᠢᠨ ᠠᠵᠢᠯ ᠤᠨ ᠬᠤᠷᠠᠯᠳᠤᠭᠠᠨ ᠠᠴᠠ ᠣᠶᠢᠯᠠᠭᠠᠭᠰᠠᠨ ᠨᠢ᠂ 2020 ᠣᠨ ᠠᠴᠠ ᠨᠠᠰᠢ᠂ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠢ ᠬᠦᠭ ᠠᠶᠠᠰ ᠢ ᠦᠢᠯᠡᠳᠦᠯᠭᠡᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ ᠤᠨ ᠬᠦᠨᠳᠦ ᠡᠭᠦᠷᠭᠡ᠂  ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠪᠣᠯᠤᠨ ᠬᠤᠪᠣᠷ ᠲᠣᠬᠢᠶᠠᠯᠳᠤᠬᠤ ᠦᠶᠡᠷ ᠤᠨ ᠪᠠᠶᠢᠳᠠᠯ ᠤᠨ ᠶᠡᠭᠡ ᠰᠢᠯᠭᠠᠯᠲᠠ ᠳᠤ ᠬᠠᠨᠳᠤᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠤᠯᠠᠨ ᠳᠠᠪᠬᠤᠷ ᠥᠷᠢᠰᠥᠯᠳᠦᠭᠡᠨ ᠤ ᠳᠣᠣᠷ᠎ᠠ ᠤᠰᠤᠨ ᠠᠰᠢᠭᠯᠠᠯᠲᠠ ᠶᠢᠨ ᠠᠵᠢᠯ ᠢ ᠠᠬᠢᠭᠤᠯᠤᠨ ᠢᠯᠡᠳᠲᠡ ᠦᠷ᠎ᠡ ᠪᠦᠲᠦᠮᠵᠢ ᠣᠯᠵᠤ᠂ ᠠᠵᠢᠯ ᠢᠶᠠᠨ ᠲᠠᠬᠢᠨ ᠰᠢᠨ᠎ᠡ ᠳᠡᠭᠲᠡᠷ ᠲᠤ  ᠭᠠᠷᠭᠠᠪᠠ᠃          2020 ᠣᠨ ᠳᠤ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠤᠰᠤᠨ ᠠᠰᠢᠭᠯᠠᠯᠲᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂  ᠦᠶᠡᠷ ᠭᠠᠩ ᠤᠨ ᠭᠠᠮᠰᠢᠭ ᠢ ᠰᠡᠷᠭᠡᠶᠢᠯᠡᠬᠦ ᠴᠢᠬᠤᠯᠠ ᠶᠡᠭᠡ ᠢᠯᠠᠯᠲᠠ ᠶᠢ ᠲᠡᠮᠡᠴᠡᠨ ᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ  ᠠᠬᠢᠭᠤᠯᠪᠠ᠃                ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ           2020 ᠣᠨ ᠳᠤ᠂ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠫᠠᠶᠢᠰᠠ ᠡᠯᠭᠦᠨ ᠱᠠᠯᠠᠪᠳᠠᠭᠤᠯᠤᠨ ᠪᠠᠶᠢᠴᠠᠭᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠪᠥᠬᠦ 975 ᠲᠦᠮᠡᠨ ᠬᠥᠮᠦᠨ ᠤ ᠤᠤᠭᠤᠬᠤ ᠤᠰᠤᠨ ᠤ  ᠹᠯᠣᠷ ᠪᠠᠷᠢᠮᠵᠢᠶ᠎ᠠ  ᠭᠡᠲᠦᠷᠡᠭᠰᠡᠨ ᠤᠰᠤ ᠶᠢ ᠥᠭᠡᠷᠡᠴᠢᠯᠡᠬᠦ ᠶᠢ ᠪᠡᠶᠡᠯᠡᠭᠦᠯᠵᠦ᠂ 120 ᠲᠦᠮᠡᠨ ᠬᠥᠮᠦᠨ ᠤ ᠤᠤᠭᠤᠬᠤ ᠤᠰᠤᠨ ᠤ ᠭᠠᠰᠢᠭᠤᠨ ᠱᠣᠷᠪᠣᠭ ᠠᠰᠠᠭᠤᠳᠠᠯ ᠢ  ᠰᠢᠢᠳᠪᠦᠷᠢᠯᠡᠨ᠂ ᠬᠥᠳᠡᠭᠡ ᠲᠣᠰᠬᠤᠨ ᠤ 4233 ᠲᠦᠮᠡᠨ ᠬᠥᠮᠦᠨ ᠠᠮᠠ ᠶᠢᠨ ᠤᠰᠤ ᠬᠠᠩᠭᠠᠬᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃      ᠪᠡᠯᠡ ᠣᠷᠣᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ 832 ᠶᠠᠳᠠᠭᠤ ᠬᠦᠴᠢᠷᠳᠡᠯ ᠲᠠᠢ ᠰᠢᠶᠠᠨ‌‍ᠳᠥ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢ 1863 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠦᠶᠡᠷ ᠢ ᠰᠡᠷᠭᠡᠶᠢᠯᠡᠬᠦ᠂ ᠤᠰᠤ ᠬᠠᠩᠭᠠᠬᠤ᠂ ᠤᠰᠤᠯᠠᠯᠲᠠ ᠵᠡᠷᠭᠡ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢ ᠲᠦᠷᠭᠡᠪᠴᠢᠯᠡᠨ ᠲᠡᠭᠦᠯᠳᠡᠷᠵᠢᠭᠦᠯᠪᠡ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠠᠵᠢᠯ ᠤᠨ ᠪᠠᠶᠢᠷᠢ ᠳᠤ 24 ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠠᠵᠢᠯ ᠣᠯᠭᠤᠵᠤ᠂ ᠬᠥᠳᠡᠭᠡ ᠲᠣᠰᠬᠤᠨ ᠤ ᠤᠰᠤᠨ ᠴᠠᠬᠢᠯᠭᠠᠨ ᠢᠶᠠᠷ ᠶᠠᠳᠠᠭᠤ ᠶᠢ ᠲᠡᠳᠬᠦᠬᠦ ᠢᠨᠵᠧᠨᠧᠷᠢᠩ ᠨᠡᠶᠢᠳᠡ 9.6 ᠲᠦᠮᠡᠨ ᠶᠠᠳᠠᠭᠤ ᠬᠦᠴᠢᠷᠳᠡᠯ ᠲᠠᠢ ᠡᠷᠦᠬᠡ ᠶᠢ ᠬᠠᠪᠰᠤᠷᠤᠨ ᠲᠡᠳᠬᠦᠪᠡ᠃        ᠤᠰᠤᠨ ᠠᠰᠢᠭᠯᠠᠯᠲᠠ ᠶᠢᠨ ᠴᠡᠭ ᠲᠣᠭᠲᠠᠭᠠᠨ ᠶᠠᠳᠠᠭᠤ ᠶᠢ ᠲᠡᠳᠬᠦᠬᠦ ᠠᠵᠢᠯ  ᠢ ᠦᠷᠭᠦᠯᠵᠢᠯᠡᠨ ᠲᠥᠯᠬᠢᠨ ᠠᠬᠢᠭᠤᠯᠵᠤ᠂ ᠡᠯ᠎ᠡ ᠵᠦᠢᠯ  ᠤᠨ ᠡᠭᠦᠷᠭᠡ ᠪᠠᠨ ᠪᠥᠬᠦᠨ ᠢ ᠳᠠᠪᠠᠭᠤᠯᠤᠨ ᠪᠡᠶᠡᠯᠡᠭᠦᠯᠪᠡ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠶᠠᠮᠤᠨ ᠤ ᠬᠠᠷᠢᠶ᠎ᠠ ᠰᠢᠰᠲ᠋ᠧᠮ ᠤᠨ ᠺᠠᠳ᠋ᠷ ᠠᠵᠢᠯᠴᠢᠨ ᠶᠠᠳᠠᠭᠤ ᠬᠦᠴᠢᠷᠳᠡᠯᠲᠡᠶ ᠭᠠᠵᠠᠷ ᠣᠷᠣᠨ ᠤ 564 ᠲᠦᠮᠡᠨ ᠲᠥᠭᠦᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠴᠤ᠂ 1356 ᠲᠦᠮᠡᠨ ᠲᠥᠭᠦᠷᠢᠭ  ᠤᠨ ᠲᠠᠸᠠᠷ ᠢ ᠬᠠᠪᠰᠤᠷᠤᠨ  ᠪᠣᠷᠣᠯᠠᠭᠤᠯᠪᠠ᠃                ᠦᠶᠡᠷ ᠭᠠᠩ ᠤᠨ ᠭᠠᠮᠰᠢᠭ ᠤᠨ ᠰᠡᠷᠭᠡᠶᠢᠯᠡᠯᠲᠡ      2020 ᠣᠨ ᠳᠤ᠂ ᠮᠠᠨ ᠤ ᠤᠯᠤᠰ ᠲᠤ 1998 ᠣᠨ ᠠᠴᠠ ᠨᠠᠰᠢᠬᠢ ᠬᠠᠮᠤᠭ ᠤᠨ ᠬᠦᠨᠳᠦ ᠨᠣᠴᠢᠲᠠᠢ ᠦᠶᠡᠷ ᠤᠨ ᠪᠠᠶᠢᠳᠠᠯ ᠭᠠᠷᠴᠤ᠂ ᠪᠦᠬᠦ ᠤᠯᠤᠰ ᠲᠤ ᠨᠡᠶᠢᠳᠡ 21 ᠤᠳᠠᠭ᠎ᠠ ᠳ᠋ᠤᠭᠠᠷᠯᠠᠭᠰᠠᠨ ᠦᠶᠡᠷ ᠭᠠᠷᠴᠤ᠂ ᠬᠥᠬᠡᠮᠥ᠋ᠷᠡᠨ᠂ ᠬᠤᠸᠠᠢ ᠾᠧ ᠭᠤᠣᠯ᠂ ᠰᠤᠩᠭᠠᠷᠢ ᠮᠥᠷᠡᠨ᠂ ᠲᠠᠢ ᠬᠤ᠋ ᠨᠠᠭᠤᠷ ᠤᠨ ᠦᠶᠡᠷ ᠵᠡᠷᠭᠡᠪᠡᠷ ᠡᠭᠦᠰᠴᠦ᠂ 836 ᠭᠤᠣᠯ ᠮᠥᠷᠡᠨ ᠳᠤ ᠰᠡᠷᠡᠮᠵᠢ ᠶᠢᠨ ᠲᠦᠪᠰᠢᠨ ᠠᠴᠠ ᠳᠡᠭᠡᠭᠰᠢᠬᠢ ᠦᠶᠡᠷ ᠭᠠᠷᠴᠤ᠂ ᠤᠯᠠᠨ ᠵᠢᠯ ᠤᠨ ᠳᠤᠮᠳᠠᠴᠢ ᠬᠡᠮᠵᠢᠶᠡᠨ ᠠᠴᠠ 80% ᠢᠯᠡᠭᠦᠦ ᠪᠠᠷ ᠨᠡᠮᠡᠭᠳᠡᠵᠡᠢ᠃ ᠪᠠᠷᠠᠭᠤᠨ ᠡᠮᠦᠨᠡᠲᠦ ᠣᠷᠣᠨ᠂ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠳᠤ ᠵᠠᠯᠭᠠᠭ᠎ᠠ ᠪᠠᠷ ᠭᠠᠩᠳᠠᠵᠤ᠂ ᠬᠡᠰᠡᠭ ᠭᠠᠵᠠᠷ ᠣᠷᠣᠨ ᠳᠤ  ᠭᠠᠩ ᠠᠴᠠ  ᠪᠠᠴᠢᠮ ᠤᠰᠤᠲᠤᠯ  ᠪᠤᠯᠤᠭᠰᠠᠨ ᠪᠠᠶᠢᠨ᠎ᠠ᠃      ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠭᠤᠷᠪᠠᠨ ᠶᠡᠭᠡ ᠲᠣᠪᠤᠶᠢᠮ᠎ᠠ ᠠᠶᠤᠯ ᠲᠦᠭᠰᠢᠭᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ       ᠬᠡᠷᠡᠭᠵᠢᠭᠦᠯᠦᠨ᠂ ᠪᠡᠯᠡᠳᠬᠡᠯ ᠲᠥᠰᠦᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠂ ᠭᠤᠤᠯᠯᠠᠭᠴᠢ ᠤᠰᠤᠨ ᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠦᠶᠡᠷ ᠤᠨ ᠬᠢᠵᠠᠭᠠᠷ ᠤᠨ ᠤᠰᠤᠨ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂  ᠥᠶᠡᠷ ᠭᠠᠩ ᠤᠨ ᠭᠠᠮᠰᠢᠭ ᠢ ᠰᠡᠷᠭᠡᠶᠢᠯᠡᠬᠦ ᠲᠠᠯ᠎ᠠ ᠪᠠᠷ ᠴᠢᠬᠤᠯᠠ ᠶᠡᠭᠡ ᠢᠯᠠᠯᠲᠠ ᠤᠯᠪᠠ᠃ ᠪᠦᠬᠦ ᠤᠯᠤᠰ ᠤᠨ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠪᠠ ᠪᠠᠭ᠎ᠠ ︵1︶ ᠬᠡᠯᠪᠡᠷᠢ ᠶᠢᠨ ᠤᠰᠤᠨ ᠴᠥᠭᠦᠷᠥᠮ ᠳᠤ ᠬᠠᠰᠢᠯᠭ᠎ᠠ ᠶᠢ ᠨᠢᠭᠡ ᠴᠦ ᠰᠦᠢᠷᠡᠭᠦᠯᠦᠭᠰᠡᠨ ᠦᠭᠡᠢ᠂ ᠶᠡᠭᠡ ᠭᠤᠣᠯ ᠮᠥᠷᠡᠨ ᠪᠠ ᠴᠢᠬᠤᠯᠠ  ᠬᠠᠰᠢᠯᠭ᠎ᠠ ᠶᠢ ᠨᠢᠭᠡ ᠴᠦ ᠰᠡᠲᠡᠯᠦᠭᠰᠡᠨ ᠦᠭᠡᠢ᠂ ᠦᠶᠡᠷ ᠤᠰᠤᠲᠤᠯ ᠤᠨ ᠭᠠᠮᠰᠢᠭ ᠲᠤ ᠦᠬᠦᠵᠦ ᠰᠢᠷᠬᠠᠲᠤᠭᠰᠠᠨ ᠬᠥᠮᠦᠨ ᠤ ᠲᠤᠭ᠎ᠠ ᠣᠷᠴᠢᠮ ᠤᠨ 20 ᠵᠢᠯ ᠤᠨ ᠳᠤᠮᠳᠠᠴᠢ ᠬᠡᠮᠵᠢᠭᠳᠡᠯ ᠠᠴᠠ ᠶᠡᠭᠡ ᠪᠠᠷ  ᠲᠤᠤᠷᠠᠭᠰᠢᠯᠠᠨ᠂ ᠭᠠᠩᠳᠠᠭᠰᠠᠨ ᠣᠷᠣᠨ ᠤ ᠤᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠵᠤ᠂ ᠦᠶᠡᠷ ᠤᠰᠤᠲᠤᠯ ᠂ ᠭᠠᠩ ᠬᠠᠭᠰᠠᠷᠠᠭᠠᠨ ᠤ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃                ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ      ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠤᠰᠤᠨ ᠠᠰᠢᠭᠯᠠᠯᠲᠠ ᠶᠢᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠵᠢᠭ ᠤᠨ ᠬᠤᠭᠤᠴᠠᠭᠠᠨ ᠳᠠᠬᠢ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠮᠤᠷ ᠲᠦᠪᠰᠢᠨ ᠢᠶᠠᠷ ᠠᠵᠢᠯᠯᠠᠬᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ᠂ ᠬᠠᠪᠤᠷ ᠤᠨ ᠤᠰᠤᠯᠠᠯᠲᠠ ᠶᠢ ᠪᠠᠲᠤᠯᠠᠵᠤ ᠤᠰᠤ ᠬᠠᠩᠭᠠᠬᠤ ᠶᠢ ᠪᠠᠲᠤᠯᠠᠬᠤ ᠵᠡᠷᠭᠡ ᠡᠯ᠎ᠡ ᠭᠠᠵᠠᠷ ᠤᠨ ︽ᠨᠢᠭᠡ  ᠲᠥᠷᠥᠯ ᠵᠦᠢᠯ   ᠳᠤ ᠨᠢᠭᠡ ᠠᠷᠭ᠎ᠠ ᠪᠣᠳᠣᠯᠭ᠎ᠠ︾ ᠶᠢ ᠵᠢᠯᠣᠭᠤᠳᠤᠨ ᠠᠵᠢᠯ ᠰᠡᠷᠭᠦᠭᠡᠬᠦ ᠲᠥᠯᠥᠪᠯᠡᠭᠡ ᠶᠢ ᠲᠣᠭᠲᠠᠭᠠᠵᠤ᠂ ᠠᠵᠢᠯᠴᠢᠨ ᠬᠡᠷᠡᠭᠯᠡᠬᠦ᠂ ᠲᠡᠭᠡᠭᠡᠪᠦᠷᠢᠯᠡᠬᠦ᠂ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠵᠡᠷᠭᠡ ᠲᠦᠭᠵᠢᠷᠡᠯ ᠢ ᠨᠡᠪᠲᠡᠷᠡᠭᠦᠯᠵᠦ᠂ ᠪᠠᠶᠢᠭᠤᠯᠵᠤ ᠪᠠᠶᠢᠭ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ 5 ᠳ᠋ᠤᠭᠠᠷ ᠰᠠᠷ᠎ᠠ ᠳᠤ ᠪᠦᠬᠦᠨ ᠢ ᠠᠵᠢᠯ ᠢᠶᠠᠨ  ᠰᠡᠷᠭᠦᠭᠡᠨ ᠦᠢᠯᠡᠳᠪᠦᠷᠢᠯᠡᠯ ᠢᠶᠠᠨ ᠰᠡᠷᠭᠦᠭᠡᠬᠦ ᠶᠢ  ᠪᠡᠶᠡᠯᠡᠬᠦᠯᠪᠡ᠃      ᠠᠵᠢᠯ ᠡᠬᠢᠯᠡᠭᠦᠯᠬᠦ ᠪᠠᠷ ᠪᠠᠶᠢᠭ᠎ᠠ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠲᠥᠷᠥᠯ  ᠵᠦᠢᠯ ᠢ ᠳᠠᠷᠠᠭᠠᠯᠠᠨ ᠪᠠᠶᠢᠴᠠᠭᠠᠵᠤ᠂ ᠲᠥᠷᠥᠯ  ᠵᠦᠢᠯ ᠤᠨ ᠭᠠᠵᠠᠷ ᠣᠷᠣᠨ᠂ ᠵᠢᠷᠤᠭᠯᠠᠨ ᠲᠥᠯᠥᠪᠯᠡᠭᠰᠡᠨ ᠨᠢᠭᠡᠴᠡ᠂ ᠲᠥᠷᠥᠯ ᠵᠦᠢᠯ ᠤᠨ ᠬᠠᠤᠯᠢ ᠶᠢᠨ ᠡᠷᠬᠡᠲᠡᠨ᠂ ᠬᠢᠵᠢᠭ ᠤᠨ ᠪᠠᠶᠢᠳᠠᠯ ᠤᠨ ᠬᠤᠪᠢᠶᠠᠷᠢ ᠲᠣᠭᠤᠷᠢᠭ ᠤᠨ ︽ᠳᠥᠷᠪᠡᠨ ᠵᠢᠷᠤᠭ︾ ᠢ ᠳᠠᠪᠬᠤᠴᠠᠭᠤᠯᠤᠨ ᠵᠠᠳᠠᠯᠬᠤ ᠶᠢ ᠥᠷᠨᠢᠭᠦᠯᠵᠦ᠂ ᠣᠷᠣᠨ ᠬᠤᠪᠢᠶᠠᠵᠤ ᠲᠥᠷᠥᠯ ᠬᠤᠪᠢᠶᠠᠨ ᠨᠠᠷᠢᠯᠢᠭ ᠣᠨᠣᠴᠠᠲᠠᠶ ᠪᠠᠷ  ᠠᠬᠢᠭᠤᠯᠪᠠ᠃ ᠡᠯ᠎ᠡ ᠱᠠᠲᠤᠨ  ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ   ᠤᠳ ᠬᠢᠵᠢᠭ ᠤᠨ ᠪᠠᠶᠢᠳᠠᠯ  ᠤᠨ ᠨᠥᠯᠥᠭᠡ ᠶᠢ ᠴᠢᠷᠮᠠᠶᠢᠨ ᠲᠡᠪᠴᠢᠵᠦ᠂ ᠪᠥᠬᠦ ᠵᠢᠯ ᠳᠤ ᠤᠰᠤᠨ ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ 7695 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠠᠳᠠᠯᠢ ᠬᠤᠭᠤᠴᠠᠭᠠᠨ  ᠤ ᠬᠢ ᠠᠴᠠ 6% ᠪᠠᠷ ᠨᠡᠮᠡᠭᠳᠡᠨ᠂ ᠲᠡᠦᠬᠡ ᠶᠢᠨ ᠰᠢᠨ᠎ᠡ ᠲᠡᠮᠳᠡᠭᠯᠡᠯ  ᠢ ᠡᠭᠦᠳᠴᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ  ᠢ ᠰᠠᠶᠢᠲᠤᠷ ᠬᠢᠬᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠳᠤᠮᠳᠠ ᠴᠢᠬᠤᠯᠠ ᠦᠢᠯᠡᠳᠦᠯ ᠢᠶᠠᠨ ᠪᠠᠳᠠᠷᠠᠭᠤᠯᠪᠠ᠃              ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ          2020 ᠣᠨ ᠳᠤ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠪᠦᠬᠦ ᠲᠠᠯ᠎ᠠ ᠪᠠᠷ ᠭᠤᠣᠯᠳᠠᠯᠭ᠎ᠠ ᠲᠠᠢ ᠪᠠᠷ ᠲᠦᠯᠬᠢᠨ  ᠠᠬᠢᠭᠤᠯᠪᠠ᠃ 150 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠣᠳᠣᠷᠬᠠᠶ ᠬᠠᠭᠤᠳᠠᠰᠤ ᠶᠢ ᠳᠤᠷᠠᠳᠤᠨ ᠭᠠᠷᠭᠠᠵᠤ᠂ ᠡᠮᠦᠨᠡᠬᠢ ᠬᠤᠭᠤᠴᠠᠭᠠᠨ ᠤ ᠠᠵᠢᠯ ᠢ  ᠲᠥᠷᠭᠡᠳᠬᠡᠨ ᠠᠬᠢᠭᠤᠯᠵᠤ᠂ 45 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠠᠵᠢᠯ ᠡᠬᠢᠯᠡᠭᠦᠯᠪᠡ᠃ ᠪᠡᠯᠡ ᠣᠷᠣᠭᠤᠯᠤᠯᠲᠠ ᠶᠢᠨ ᠲᠥᠯᠥᠪᠯᠡᠭᠡ ᠶᠢᠨ ᠬᠡᠷᠡᠭᠵᠢᠭᠦᠯᠦᠯᠲᠡ ᠶᠢ ᠬᠦᠴᠦᠲᠡᠶ ᠠᠳᠬᠤᠵᠤ᠂ ᠠᠨᠾᠦ᠋ᠢ᠂ ᠭᠤᠸᠠᠩᠳᠦ᠋ᠩ᠂ ᠬᠤᠪᠸᠢ᠂ ᠵᠧᠵᠢᠶᠠᠩ᠂ ᠾᠧᠨᠠᠨ ᠵᠡᠷᠭᠡ 14 ᠮᠤᠵᠢ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠤᠷᠮ᠎ᠠ 95% ᠶᠢ ᠳᠠᠪᠠᠪᠠ᠃          ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠪᠠ ᠳᠤᠮᠳᠠ ᠱᠤᠭᠤᠮ ᠤᠨ ᠵᠠᠯᠭᠠᠮᠵᠢ ᠢᠨᠵᠧᠨᠧᠷᠢᠩ  ᠤᠨ ᠡᠮᠦᠨᠡᠬᠢ ᠬᠤᠭᠤᠴᠠᠭᠠᠨ ᠤ ᠠᠵᠢᠯ ᠴᠢᠬᠤᠯᠠ ᠶᠡᠭᠡ ᠰᠢᠪᠲᠤᠯᠤᠯᠲᠠ ᠲᠠᠢ ᠪᠤᠯᠵᠤ᠂ ᠳ᠋ᠠ ᠲᠧᠩ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ  ᠬᠦᠢᠰᠦ ᠶᠢᠨ ᠪᠦᠳᠦᠭᠡᠨ ᠪᠠᠶᠢᠭᠤᠯᠤᠯᠲᠠ ᠳᠤ ᠤᠰᠤ       ᠬᠠᠳᠠᠭᠠᠯᠠᠬᠤ᠂ ᠠᠶᠠᠯᠠᠯ ᠨᠡᠪᠲᠡᠷᠡᠬᠦ ᠪᠠ ᠴᠠᠬᠢᠯᠭᠠᠨ ᠭᠠᠷᠭᠠᠬᠤ ᠭᠤᠷᠪᠠᠨ ᠶᠡᠭᠡ ᠵᠠᠩᠭᠢᠯᠠᠭ᠎ᠠ ᠶᠢᠨ ᠴᠡᠭ ᠤᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠪᠡ᠃          1.7 ᠲᠦᠮᠡ ᠭᠠᠷᠤᠶ ᠺᠢᠯᠣᠮᠧᠲᠷ ᠳᠤᠮᠳᠠ ᠵᠢᠵᠢᠭ ᠭᠤᠣᠯ ᠮᠥᠷᠡᠨ ᠢ ᠵᠠᠰᠠᠵᠤ᠂ 3200 ᠭᠠᠷᠤᠶ ᠡᠮᠵᠡᠭ ᠠᠶᠤᠯᠲᠠᠶ ᠴᠥᠭᠦᠷᠥᠮ ᠤᠨ ᠠᠶᠤᠯ ᠢ ᠠᠷᠢᠯᠭᠠᠨ ᠪᠠᠬᠢᠯᠡᠪᠡ᠃ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢᠨ ᠠᠬᠢᠴᠠ ᠤᠷᠤᠭᠰᠢᠲᠠᠶ ᠪᠠᠶᠢᠵᠤ᠂ ᠤᠰᠤᠯᠠᠯᠲᠠ ᠶᠢᠨ ᠲᠠᠯᠠᠪᠠᠢ ᠶᠢ 3000 ᠭᠠᠷᠤᠶ ᠲᠦᠮᠡᠨ  ᠮᠦ ᠰᠢᠨ᠎ᠡ ᠪᠠᠷ ᠨᠡᠮᠡᠭᠳᠡᠭᠦᠯᠦᠭᠰᠡᠨ ᠪᠤᠶᠤ ᠰᠡᠷᠭᠦᠭᠡᠵᠦ᠂ ᠰᠠᠶᠢᠵᠢᠷᠠᠭᠤᠯᠵᠤ᠂ ᠵᠢᠯ ᠤᠨ ᠤᠰᠤ ᠠᠷᠪᠢᠯᠠᠬᠤ ᠴᠢᠳᠠᠪᠤᠷᠢ ᠶᠢ 18 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃              ᠤᠰᠤᠨ ᠤ ᠠᠮᠢ ᠠᠬᠤᠶ ᠶᠢᠨ ᠵᠠᠰᠠᠯᠲᠠ ᠬᠠᠮᠠᠭᠠᠯᠠᠯᠲᠠ      2020 ᠣᠨ  ᠳᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠭᠤᠣᠯᠳᠠᠯᠭ᠎ᠠ ᠲᠠᠢ ᠣᠷᠣᠨ ᠪᠦᠰᠡ ᠶᠢᠨ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠠᠵᠢᠯ ᠢ ᠴᠢᠩᠭᠠᠳᠬᠠᠵᠤ᠂ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠦᠨᠡᠯᠡᠨ ᠵᠢᠱᠢᠬᠦ ᠪᠠ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ ᠲᠤᠷᠰᠢᠯᠲᠠ ᠶᠢ ᠪᠡᠶᠡᠯᠡᠭᠦᠯᠵᠦ᠂ ᠬᠥᠷᠥᠰᠥ ᠰᠢᠷᠣᠶ ᠶᠢᠨ ᠢᠳᠡᠭᠳᠡᠯ ᠢ  6 ᠲᠦᠮᠡᠨ ᠲᠡᠭᠰᠢ ᠳᠥᠷᠪᠡᠯᠵᠢᠨ ᠺᠢᠯᠣᠮᠧᠲᠷ  ᠵᠠᠰᠠᠪᠠ᠃ ᠤᠮᠠᠷᠠᠲᠤ ᠣᠷᠣᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠪᠠᠶᠢᠳᠠᠯ  ᠤᠨ ᠶᠡᠷᠦᠩᠬᠡᠶᠢᠯᠡᠭᠰᠡᠨ ᠵᠠᠰᠠᠯᠲᠠ ᠶᠢ ᠲᠦᠯᠬᠢᠨ ᠠᠬᠢᠭᠤᠯᠵᠤ᠂ ᠤᠰᠤ ᠨᠥᠬᠦᠪᠥᠷᠢᠯᠡᠬᠦ ᠭᠤᠣᠯ ᠤᠨ ᠵᠠᠮ ᠤᠨ ᠤᠰᠤ ᠲᠠᠢ ᠭᠤᠣᠯ ᠤᠨ ᠤᠷᠳᠤ ᠨᠢ 1958 ᠺᠢᠯᠣᠮᠧᠲᠷ ᠲᠤ ᠬᠦᠷᠴᠦ᠂ ᠤᠰᠤᠨ ᠤ ᠭᠠᠳᠠᠷᠭᠤ ᠶᠢᠨ ᠲᠠᠯᠠᠪᠠᠢ ᠨᠢ 554 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠪᠡᠭᠡᠵᠢᠩ ᠲᠢᠶᠠᠨᠵᠢᠨ ᠡᠾᠤᠪᠸᠢ ᠶᠢᠨ ᠭᠦᠢᠬᠡᠨ ᠳᠠᠪᠬᠤᠷᠭ᠎ᠠ ᠶᠢᠨ ᠭᠠᠵᠠᠷ ᠳᠣᠣᠷᠠᠬᠢ ᠤᠰᠤᠨ ᠤ ᠲᠦᠪᠰᠢᠨ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠪᠡ᠃      ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ᠂ ᠳᠤᠮᠳᠠ ᠱᠤᠭᠤᠮ ᠤᠨ ᠤᠰᠤ ᠲᠠᠲᠠᠬᠤ ᠣᠷᠣᠨ ᠤ ᠭᠠᠵᠠᠷ ᠳᠣᠤᠷᠠᠬᠢ ᠤᠰᠤ ᠶᠢ ᠳᠠᠷᠤᠵᠤ ᠮᠠᠯᠲᠠᠬᠤ ᠠᠵᠢᠯ ᠢ ᠦᠷᠭᠦᠯᠵᠢᠯᠡᠨ ᠠᠬᠢᠭᠤᠯᠵᠤ᠂ ᠤᠰᠤ ᠲᠠᠲᠠᠬᠤ ᠣᠷᠣᠨ ᠤ ᠬᠤᠲᠠ ᠶᠢᠨ ᠲᠣᠭᠤᠷᠢᠭ ᠲᠤ ᠨᠡᠶᠢᠲᠡ 23.56 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠳᠠᠷᠤᠵᠤ       ᠮᠠᠯᠲᠠᠭᠠᠳ᠂ ᠳᠠᠷᠤᠵᠤ ᠮᠠᠯᠲᠠᠬᠤ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃ ᠶᠦᠩ ᠳ᠋ᠢᠩ ᠾᠧ ᠭᠤᠣᠯ ᠢ ᠶᠡᠷᠦᠩᠬᠡᠶᠢᠯᠡᠨ ᠵᠠᠰᠠᠬᠤ ᠪᠠ ᠠᠮᠢ ᠠᠬᠤᠢ ᠶᠢ ᠵᠠᠰᠠᠨ ᠰᠡᠷᠭᠦᠭᠡᠬᠦ ᠠᠵᠢᠯ ᠢ ᠲᠣᠭᠲᠠᠭᠤᠨ ᠢᠶᠠᠷ ᠬᠡᠷᠡᠭᠵᠢᠭᠦᠯᠵᠦ᠂ ᠪᠡᠭᠡᠵᠢᠩ ᠤᠨ ᠬᠡᠰᠡᠭ ᠲᠤ 25 ᠵᠢᠯ ᠤᠨ ᠲᠤᠷᠰᠢ ᠠᠩᠬ᠎ᠠ ᠤᠳᠠᠭ᠎ᠠ ᠪᠦᠬᠦ ᠱᠤᠭᠤᠮ ᠢᠶᠠᠷ ᠤᠰᠤ ᠨᠡᠪᠲᠡᠷᠡᠪᠡ᠃ ᠪᠣᠬᠢᠷᠲᠤᠯ ᠦᠭᠡᠢ ᠵᠢᠵᠢᠭ ᠤᠰᠤᠨ ᠴᠠᠬᠢᠯᠭᠠᠨ ᠤ ᠵᠢᠱᠢᠶ᠎ᠡ ᠦᠵᠡᠭᠦᠯᠬᠦ ᠴᠠᠬᠢᠯᠭᠠᠨ ᠰᠲ᠋ᠠᠨᠼᠢ ᠶᠢ 278 ᠡᠭᠦᠳᠦᠨ ᠪᠠᠶᠢᠭᠤᠯᠪᠠ᠃ ᠬᠥᠳᠡᠭᠡ ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠷᠰᠢᠯᠲᠠ ᠶᠢᠨ ᠰᠢᠶᠠᠨ ᠤ ᠪᠦᠳᠦᠭᠡᠨ ᠪᠠᠶᠢᠭᠤᠯᠤᠯᠲᠠ ᠶᠢ ᠥᠷᠨᠢᠭᠦᠯᠵᠦ᠂ ᠤᠰᠤᠨ ᠠᠰᠢᠭᠯᠠᠯᠲᠠ ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠪᠠ᠃              ᠤᠰᠤᠨ ᠠᠰᠢᠭᠯᠠᠯᠲᠠ ᠶᠢᠨ ᠰᠦᠯᠵᠢᠶᠡᠨ ᠤ ᠠᠮᠤᠷ ᠲᠦᠪᠰᠢᠨ ᠬᠢᠭᠡᠳ ᠮᠡᠳᠡᠭᠡ      ᠰᠦᠯᠵᠢᠶᠡᠨ ᠤ ᠠᠮᠤᠷ ᠲᠦᠪᠰᠢᠨ ᠢ ᠪᠦᠬᠦᠯᠢ ᠴᠣᠭᠴᠠ ᠪᠠᠷ ᠨᠢ ᠬᠠᠮᠲᠤᠷᠠᠨ ᠰᠡᠷᠭᠡᠶᠢᠯᠡᠬᠦ᠂ ᠬᠡᠰᠡᠭ ᠲᠠᠯ᠎ᠠ ᠪᠠᠷ ᠰᠡᠷᠭᠡᠶᠢᠯᠡᠨ ᠡᠵᠡᠮᠳᠡᠬᠦ᠂ ᠭᠤᠣᠯᠳᠠᠯᠭ᠎ᠠ ᠲᠠᠢ ᠪᠠᠷ ᠰᠡᠷᠭᠡᠶᠢᠯᠡᠨ ᠬᠠᠮᠠᠭᠠᠯᠠᠬᠤ ᠭᠤᠷᠪᠠᠨ ᠱᠠᠲᠤᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠪᠣᠳᠠᠲᠤ ᠪᠠᠶᠢᠯᠳᠤᠭᠠᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠢᠯᠡᠳᠲᠡ ᠲᠡᠭᠡᠭᠰᠢᠯᠡᠬᠦᠯᠪᠡ᠃ ᠤᠶᠤᠨᠲᠤ ᠤᠰᠤᠨ ᠠᠰᠢᠭᠯᠠᠯᠲᠠ ᠶᠢᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠠᠵᠢᠯ ᠢ ᠥᠷᠨᠢᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠭᠤᠷᠢ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ᠂ ᠰᠢᠯᠵᠢᠮᠡᠯ ᠬᠡᠪᠯᠡᠯ ᠤᠨ ︽ᠪᠥᠬᠦ ᠤᠯᠤᠰ ᠤᠨ ᠤᠰᠤᠨ ᠠᠰᠢᠭᠯᠠᠯᠲᠠ ᠶᠢᠨ ᠨᠢᠭᠡ ᠬᠠᠭᠤᠳᠠᠰᠤ ᠵᠢᠷᠤᠭ︾ ᠤᠨ ᠬᠡᠷᠡᠭᠯᠡᠯᠲᠡ ᠶᠢ ᠨᠡᠭᠡᠭᠡᠨ  ᠬᠦᠭᠵᠢᠬᠦᠯᠪᠡ᠃ ᠤᠰᠤᠨ ᠵᠦᠶ ᠶᠢᠨ ᠰᠠᠭᠤᠷᠢ  ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ 300 ᠭᠠᠷᠤᠶ ᠤᠰᠤᠨ ᠵᠦᠶ ᠶᠢᠨ ᠬᠢᠨᠠᠨ ᠬᠡᠮᠵᠢᠬᠦ ᠥᠷᠲᠡᠭᠡ ᠪᠠ ᠤᠰᠤᠨ ᠵᠦᠶ ᠶᠢᠨ ᠬᠢᠨᠠᠨ ᠬᠡᠮᠵᠢᠬᠦ ᠲᠥᠪ ᠤᠨ ᠲᠠᠩᠰᠠ ᠡᠪᠬᠡᠮᠡᠯ ᠢ ᠲᠠᠰ ᠳᠡᠪᠰᠢᠭᠦᠯᠬᠦ ᠶᠢ ᠪᠡᠶᠡᠯᠡᠭᠦᠯᠵᠦ᠂ 800 ᠰᠢᠬᠠᠮ ᠤᠰᠤᠨ ᠵᠦᠶ ᠶᠢᠨ ᠤᠰᠤᠨ ᠤ ᠡᠬᠢ ᠪᠠᠶᠠᠯᠢᠭ ᠢ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠪᠠ᠃      ᠤᠯᠤᠰ ᠤᠨ ᠤᠰᠤᠨ ᠤ ᠡᠬᠢ ᠪᠠᠶᠠᠯᠢᠭ ᠢ ᠬᠢᠨᠠᠨ ᠡᠵᠡᠮᠳᠡᠬᠦ ᠴᠢᠳᠠᠪᠤᠷᠢ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠡᠴᠦᠰ ᠤᠨ ᠰᠢᠯᠭᠠᠯᠲᠠ ᠶᠢ ᠪᠡᠶᠡᠯᠡᠭᠦᠯᠵᠦ᠂ ᠤᠰᠤ ᠲᠠᠲᠠᠵᠤ ᠬᠡᠷᠡᠭᠯᠡᠬᠦ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠴᠡᠭ ᠢ ᠪᠠᠷᠤᠭ 4.3 ᠲᠦᠮᠨ ᠪᠠᠶᠢᠭᠤᠯᠵᠤ᠂ ᠪᠦᠬᠦ ᠤᠯᠤᠰ ᠤᠨ 82% ᠤᠨ ᠤᠰᠤ ᠲᠠᠲᠠᠵᠤ ᠪᠣᠯᠬᠤ ᠬᠡᠮᠵᠢᠶ᠎ᠡ᠂ 55% ᠶᠢᠨ ᠤᠰᠤ ᠬᠡᠷᠡᠭᠯᠡᠬᠦ ᠬᠡᠮᠵᠢᠶ᠎ᠡ ᠶᠢ ᠪᠦᠲᠦᠮᠵᠢᠲᠡᠶ ᠬᠢᠨᠠᠨ ᠬᠡᠮᠵᠢᠪᠡ᠃ ᠤᠯᠤᠰ ᠤᠨ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠬᠤᠷᠢᠶᠠᠵᠤ᠂ ᠤᠯᠤᠰ᠂ ᠰᠠᠪᠠ ᠭᠠᠵᠠᠷ᠂ ᠮᠤᠵᠢ ᠶᠢᠨ ᠱᠠᠳᠤ᠂ ᠲᠤᠰᠬᠠᠶ ᠣᠷᠣᠨ ᠬᠤᠳᠠ ᠵᠡᠷᠭᠡ ᠲᠦᠷᠪᠡᠨ ᠱᠠᠲᠤᠨ ᠤ ᠲᠥᠪ ᠵᠢᠴᠢ 1 ᠲᠦᠮᠡ ᠭᠠᠷᠤᠶ ᠠᠦ᠋ᠲ᠋ᠣ᠋ ᠬᠢᠨᠠᠨ ᠬᠡᠮᠵᠢᠬᠦ ᠦᠷᠳᠡᠭᠡ ᠶᠢ ᠪᠠᠶᠢᠭᠤᠯᠪᠠ᠃ ᠤᠯᠤᠰ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠰᠢᠰᠲ᠋ᠧᠮ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠪᠦᠬᠦᠨ ᠢ ᠪᠡᠶᠡᠯᠡᠭᠦᠯᠪᠡ᠃              ᠤᠰᠤᠨ ᠠᠰᠢᠭᠯᠠᠯᠲᠠ ᠶᠢᠨ ᠵᠠᠰᠠᠯᠲᠠ ᠶᠢᠨ ᠴᠢᠳᠠᠪᠤᠷᠢ          2020 ᠣᠨ ᠳᠤ᠂ ᠤᠰᠤᠨ ᠤ ᠡᠬᠢ ᠪᠠᠶᠠᠯᠢᠭ ᠢ ᠠᠷᠪᠢᠯᠠᠬᠤ ᠬᠠᠮᠢᠶᠠᠷᠤᠯᠲᠠ ᠶᠢ ᠨᠡᠩ ᠴᠢᠩᠭᠠᠳᠬᠠᠪᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠪᠥᠬᠦ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠤᠯᠤᠰ ᠤᠨ ᠤᠰᠤ ᠬᠡᠷᠡᠭᠯᠡᠬᠦ ᠲᠣᠭᠲᠠᠭᠰᠠᠨ ᠨᠤᠷᠮ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ ᠪᠦᠲᠦᠭᠡᠵᠦ᠂ ᠤᠰᠤ ᠠᠷᠪᠢᠯᠠᠬᠤ ᠶᠢ ᠦᠨᠡᠯᠡᠬᠦ ᠲᠦᠷᠢᠮ ᠢ ᠭᠦᠨᠵᠡᠭᠡᠶ ᠬᠡᠷᠡᠭᠵᠢᠭᠦᠯᠵᠦ᠂ 118 ᠤᠰᠤ ᠠᠷᠪᠢᠯᠠᠬᠤ ᠪᠠᠷᠢᠮᠵᠢᠶ᠎ᠠ ᠳᠤ ᠦᠯᠦ ᠬᠦᠷᠬᠦ ᠵᠦᠢᠯᠡᠰ ᠢ ᠵᠣᠭᠰᠣᠭᠠᠪᠠ᠃        ᠭᠤᠣᠯᠳᠠᠯᠭ᠎ᠠ ᠲᠠᠢ ᠬᠢᠨᠠᠨ ᠡᠵᠡᠮᠳᠡᠬᠦ ᠤᠰᠤ ᠬᠡᠷᠡᠭᠯᠡᠬᠦ ᠨᠢᠭᠡᠴᠡ  ᠶᠢᠨ ᠨᠡᠷᠡᠰ  ᠤᠨ ᠵᠢᠭᠰᠠᠭᠠᠯᠲᠠ  ᠶᠢ ᠪᠠᠶᠢᠭᠤᠯᠬᠤ ᠬᠡᠷᠡᠭᠲᠡᠶ᠃ ᠭᠤᠷᠪᠠᠳᠤᠭᠠᠷ ᠪᠦᠯᠦᠭ ᠤᠨ 350 ᠰᠢᠶᠠᠨ ᠲᠣᠭᠤᠷᠢᠭ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠠᠶᠢᠭᠤᠯᠤᠯᠲᠠ ᠶᠢ ᠪᠡᠶᠡᠯᠡᠭᠦᠯᠵᠦ᠂ 1790 ᠤᠰᠤ ᠠᠷᠪᠢᠯᠠᠬᠤ ᠪᠠᠶᠢᠭᠤᠯᠭ᠎ᠠ᠂ 298 ᠤᠰᠤ ᠠᠷᠪᠢᠯᠠᠬᠤ ᠬᠡᠯᠪᠡᠷᠢ ᠶᠢᠨ ᠳᠡᠭᠡᠳᠦ ᠰᠤᠷᠭᠠᠭᠤᠯᠢ ᠶᠢ ᠪᠠᠶᠢᠭᠤᠯᠪᠠ᠃ ᠵᠢᠶᠠᠩᠰᠦ ᠮᠤᠵᠢ ᠶᠢᠨ ᠬᠢᠨ ᠹᠧᠩ ᠱᠦᠢ ᠲᠤᠭᠤᠷᠢᠭ ᠤᠨ ᠤᠰᠤ ᠠᠷᠪᠢᠯᠠᠬᠤ ᠬᠡᠪ ᠳᠠᠭᠤᠷᠢᠶᠠᠯ ᠢ ᠰᠦᠪᠡᠭᠴᠢᠯᠡᠨ ᠪᠠᠶᠢᠭᠤᠯᠵᠤ᠂ ᠮᠤᠵᠢ᠂ ᠬᠤᠲᠠ᠂ ᠰᠢᠶᠠᠨ ᠤ ᠤᠰᠤ ᠠᠷᠪᠢᠯᠠᠬᠤ ᠠᠵᠢᠯ ᠤᠨ ᠬᠠᠮᠵᠢᠯᠴᠠᠭ᠎ᠠ ᠶᠢ ᠠᠬᠢᠭᠤᠯᠬᠤ ᠲᠣᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠪᠡ᠃      ᠪᠦᠬᠦ ᠤᠯᠤᠰ ᠲᠤ 215 ᠵᠤᠷᠪᠤᠰ ᠮᠤᠵᠢ ᠪᠠ ᠮᠤᠵᠢ ᠣᠷᠣᠨ ᠠᠯᠤᠰᠯᠠᠭᠰᠠᠨ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠬᠤ ᠬᠠᠷᠠᠯᠲᠠ ᠶᠢ ᠲᠣᠭᠲᠠᠭᠠᠵᠤ᠂ 235 ᠵᠤᠷᠪᠤᠰ ᠭᠤᠣᠯ ᠮᠥᠷᠡᠨ ᠤ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠡᠭᠦᠷᠭᠡ ᠶᠢ ᠪᠡᠶᠡᠯᠡᠭᠦᠯᠪᠡ᠃ ᠤᠰᠤ ᠲᠠᠲᠠᠵᠤ ᠬᠡᠷᠡᠭᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠬᠥᠬᠡᠮᠥ᠋ᠷᠡᠨ᠂ ᠲᠠᠢ ᠬᠡᠦ ᠨᠠᠭᠤᠷ ᠤᠨ ᠰᠠᠪᠠ ᠭᠠᠵᠠᠷ ᠤᠨ ᠤᠰᠤ ᠲᠠᠲᠠᠬᠤ ᠢᠨᠵᠧᠨᠧᠷᠢᠩ ᠢ ᠴᠡᠭᠴᠡᠯᠡᠨ ᠥᠭᠡᠷᠡᠴᠢᠯᠡᠵᠦ ᠳᠡᠭᠡᠭᠰᠢᠯᠡᠭᠦᠯᠦᠭᠰᠡᠨ ᠨᠤᠷᠮ᠎ᠠ 99.8% ᠳᠤ ᠬᠦᠷᠴᠦ᠂ ᠪᠤᠰᠤᠳ ᠰᠠᠪᠠ ᠭᠠᠵᠠᠷ ᠤᠨ ᠬᠢᠨᠠᠨ ᠪᠠᠶᠢᠴᠠᠭᠠᠵᠤ ᠳᠠᠩᠰᠠᠯᠠᠭᠰᠠᠨ ᠤᠰᠤ ᠲᠠᠲᠠᠬᠤ ᠠᠮᠠᠰᠠᠷ ᠤᠨ ᠲᠤᠭ᠎ᠠ 500 ᠲᠦᠮᠡ ᠶᠢ ᠳᠠᠪᠠᠪᠠ᠃ ᠹᠦᠵᠢᠶᠠᠨ ᠮᠤᠵᠢ ᠶᠢᠨ ᠬᠢᠨ ᠪᠦᠬᠦ ᠮᠤᠵᠢ ᠶᠢᠨ ᠤᠰᠤ ᠲᠠᠲᠠᠵᠤ ᠬᠡᠷᠡᠭᠯᠡᠬᠦ ᠴᠢᠬᠤᠯᠠ ᠨᠢᠭᠡᠴᠡ ᠳᠤ ᠴᠥᠮ ᠤᠰᠤᠨ ᠤ ᠬᠡᠮᠵᠢᠶ᠎ᠡ ᠶᠢ ᠰᠦᠯᠵᠢᠶᠡᠨ ᠳᠡᠭᠡᠷ᠎ᠡ ᠬᠢᠨᠠᠨ ᠡᠵᠡᠮᠳᠡᠵᠦ ᠪᠠᠶᠢᠨ᠎ᠠ᠃          ᠤᠯᠤᠰ ᠤᠨ ᠣᠨ ᠤ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠤᠨ ᠰᠢᠯᠭᠠᠨ ᠬᠢᠨᠠᠬᠤ ᠶᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠢ ᠨᠤᠲᠠᠯᠠᠬᠤ ᠠᠵᠢᠯ ᠢ ᠴᠢᠩᠳᠠᠯᠠᠵᠤ᠂ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠢ ᠬᠠᠲᠤᠨ ᠭᠤᠣᠯ ᠤᠨ ᠰᠠᠪᠠ ᠭᠠᠵᠠᠷ ᠤᠨ 7 ᠮᠤᠵᠢ ᠣᠷᠣᠨ ᠳᠤ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ ᠤᠰᠤ ᠲᠠᠲᠠᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠶᠢ ᠬᠡᠷᠡᠭᠵᠢᠭᠦᠯᠪᠡ᠃ ᠭᠠᠵᠠᠷ ᠳᠣᠣᠷᠠᠬᠢ ᠤᠰᠤ ᠶᠢ ᠬᠠᠮᠢᠶᠠᠷᠤᠨ ᠡᠵᠡᠮᠳᠡᠬᠦ ᠭᠦᠢᠴᠡᠳᠬᠡᠬᠦ ᠲᠤᠭ᠎ᠠ ᠶᠢ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠭᠠᠵᠠᠷ ᠳᠣᠣᠷᠠᠬᠢ ᠤᠰᠤᠨ ᠤ ᠲᠦᠪᠰᠢᠨ ᠤ ᠬᠤᠪᠢᠷᠠᠯᠲᠠ ᠶᠢ ᠨᠡᠪᠲᠡᠷᠡᠭᠦᠯᠦᠨ ᠬᠢᠨᠠᠨ ᠵᠢᠯᠣᠭᠤᠳᠬᠤ ᠲᠣᠭᠲᠠᠴᠠ ᠶᠢ ᠪᠠᠶᠢᠭᠤᠯᠵᠤ᠂ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠬᠥᠳᠡᠯᠦᠩᠭᠦᠢ ᠪᠠᠷ ᠬᠢᠨᠠᠨ ᠬᠠᠮᠢᠶᠠᠷᠬᠤ ᠶᠢ ᠴᠢᠩᠭᠠᠳᠬᠠᠵᠤ᠂ ᠾᠧᠪᠸᠢ ᠮᠤᠵᠢ ᠳᠤ ᠨᠡᠪᠲᠡᠷᠡᠭᠦᠯᠦᠨ ᠪᠣᠯᠵᠣᠨ ᠶᠠᠷᠢᠯᠴᠠᠬᠤ ᠳᠦᠷᠢᠮ ᠢ ᠬᠡᠷᠡᠭᠵᠢᠭᠦᠯᠪᠡ᠃ ᠪᠦᠬᠦ ᠤᠯᠤᠰ ᠤᠨ ᠤᠰᠤ ᠲᠠᠲᠠᠬᠤ ᠢᠨᠵᠧᠨᠧᠷᠢᠩ ᠳᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ ᠮᠤᠵᠢ ᠠᠯᠤᠰᠯᠠᠭᠰᠠᠨ 26 ᠴᠢᠬᠤᠯᠠ ᠭᠤᠣᠯ ᠮᠥᠷᠡᠨ ᠤ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠣᠬᠢᠷᠠᠭᠤᠯᠬᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃              ᠭᠤᠣᠯ ᠮᠥᠷᠡᠨ ᠨᠠᠭᠤᠷ ᠴᠥᠭᠦᠷᠥᠮ  ᠤᠨ ᠵᠠᠰᠠᠯᠲᠠ      ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠲᠤᠷᠠᠪᠠᠷ ᠠᠵᠢᠯᠯᠠᠭ᠎ᠠ︾ ᠶᠢ ᠪᠠᠶᠢᠩᠭᠤᠵᠢᠭᠤᠯᠤᠨ ᠵᠢᠷᠤᠮᠵᠢᠭᠤᠯᠬᠤ ᠶᠢ ᠲᠦᠯᠬᠢᠨ ᠠᠬᠢᠭᠤᠯᠵᠤ᠂ ᠡᠳᠦᠷ ᠲᠤᠳᠤᠮ ᠤᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠ ᠣᠷᠣᠵᠤ ᠰᠠᠭᠤᠬᠤ ᠮᠠᠶ᠋ᠢᠭ ᠤᠨ ᠳᠠᠯᠳᠠᠭᠤᠷ ᠰᠤᠷᠪᠤᠯᠵᠢᠯᠠᠵᠤ  ᠱᠠᠯᠠᠪᠳᠠᠭᠤᠯᠤᠨ ᠪᠠᠶᠢᠴᠠᠭᠠᠬᠤ ᠪᠠᠨ       ᠴᠢᠩᠭᠠᠳᠬᠠᠵᠤ᠂ ︽ᠲᠦᠷᠪᠡᠨ ᠲᠤᠷᠠᠪᠠᠷ ᠠᠵᠢᠯᠯᠠᠭ᠎ᠠ︾ ᠶᠢᠨ ᠠᠰᠠᠭᠤᠳᠠᠯ ᠢ ᠨᠡᠶᠢᠳᠡ 16.4  ᠲᠥᠪᠮᠥ᠋ᠷᠡᠨ ᠬᠤᠪᠢ ᠴᠡᠪᠡᠷᠯᠡᠨ ᠰᠢᠢᠳᠪᠦᠷᠢᠯᠡᠪᠡ᠃        ᠪᠦᠬᠦ ᠤᠯᠤᠰ ᠤᠨ ᠭᠤᠣᠯ ᠤᠨ ᠵᠠᠮ ᠠᠴᠠ ᠬᠠᠶᠢᠷ ᠮᠠᠯᠲᠠᠬᠤ ᠬᠠᠮᠢᠶᠠᠷᠤᠯᠲᠠ ᠶᠢᠨ 2455 ᠭᠤᠣᠯᠳᠠᠯᠭ᠎ᠠ ᠲᠠᠢ ᠭᠤᠣᠯ ᠤᠨ ᠬᠡᠰᠡᠭ᠂ ᠰᠡᠷᠭᠡᠭ ᠤᠰᠤᠨ ᠣᠷᠣᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠨᠡᠷᠡᠰ ᠢ       ᠨᠡᠶᠢᠲᠡᠯᠡᠵᠦ᠂ ᠭᠤᠣᠯ ᠲᠠᠢ ᠬᠤᠯᠪᠣᠭᠳᠠᠬᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠪᠠ ᠬᠠᠶᠢᠷ ᠮᠠᠯᠲᠠᠬᠤ ᠬᠠᠮᠢᠶᠠᠷᠤᠯᠲᠠ ᠶᠢ ᠵᠢᠷᠤᠮᠵᠢᠭᠤᠯᠪᠠ᠃ ᠬᠠᠲᠤᠨ ᠭᠤᠣᠯ ᠤᠨ ᠡᠷᠭᠢ ᠶᠢᠨ ᠱᠤᠭᠤᠮ ᠢ ᠠᠰᠢᠭᠯᠠᠬᠤ ᠵᠦᠢᠯᠡᠰ᠂ ᠭᠤᠣᠯ ᠤᠨ ᠵᠠᠮ ᠠᠴᠠ ᠬᠠᠶᠢᠷ ᠮᠠᠯᠲᠠᠬᠤ ᠵᠡᠷᠭᠡ ᠶᠢ ᠲᠤᠰᠬᠠᠶ  ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠥᠬᠡᠮᠥ᠋ᠷᠡᠨ ᠤ ᠭᠤᠣᠯ ᠤᠷᠤᠰᠬᠠᠯ ᠤᠨ ᠡᠷᠭᠢ ᠶᠢᠨ ᠱᠤᠭᠤᠮ ᠢ ᠠᠰᠢᠭᠯᠠᠬᠤ ᠵᠦᠢᠯᠡᠰ ᠢ ᠴᠡᠪᠡᠷᠯᠡᠨ ᠵᠠᠰᠠᠬᠤ ᠠᠵᠢᠯ ᠢ ᠪᠡᠶᠡᠯᠡᠭᠦᠯᠵᠦ᠂ ᠬᠥᠬᠡᠮᠥ᠋ᠷᠡᠨ ᠤ ᠡᠷᠭᠢ ᠶᠢᠨ ᠱᠤᠭᠤᠮ ᠢ 158 ᠺᠢᠯᠣᠮᠧᠲᠷ ᠰᠤᠯᠠᠯᠠᠨ ᠤᠬᠤᠷᠢᠭᠤᠯᠪᠠ᠃        ᠬᠥᠬᠡᠮᠥ᠋ᠷᠡᠨ ᠤ ᠠᠵᠤ ᠠᠬᠤᠶ ᠶᠢᠨ ᠪᠦᠰᠡ ᠶᠢᠨ ᠵᠢᠵᠢᠭ ᠤᠰᠤᠨ ᠴᠠᠬᠢᠯᠭᠠᠨ ᠢ ᠢᠯᠭᠠᠷᠠᠭᠤᠯᠤᠨ ᠴᠡᠭᠴᠡᠯᠡᠬᠦ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ 3528 ᠴᠠᠬᠢᠯᠭᠠᠨ  ᠥᠷᠳᠡᠭᠡ ᠶᠢ ᠤᠬᠤᠷᠢᠭᠤᠯᠤᠨ ᠭᠠᠷᠭᠠᠵᠤ᠂ 2.1 ᠲᠦᠮᠡ ᠭᠠᠷᠤᠶ ᠴᠠᠬᠢᠯᠭᠠᠨ  ᠥᠷᠲᠡᠭᠡᠨ ᠤ ᠠᠮᠢ ᠠᠬᠤᠶ ᠶᠢᠨ ᠤᠷᠤᠰᠴᠠ ᠶᠢᠨ ᠬᠠᠷᠠᠯᠲᠠ ᠶᠢ ᠨᠠᠶᠢᠳᠠᠪᠤᠷᠢᠵᠢᠭᠤᠯᠪᠠ᠃ ᠬᠡᠪᠴᠢᠶ᠎ᠡ ᠠᠴᠠ ᠳᠡᠭᠡᠭᠰᠢᠬᠢ ᠭᠤᠤᠯ ᠮᠥᠷᠡᠨ ᠨᠠᠭᠤᠷ ᠴᠥᠭᠦᠷᠥᠮ ᠢ ᠵᠠᠭᠠᠭᠯᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠡᠷᠡᠭᠦᠯ ᠮᠡᠨᠳᠦ ᠶᠢᠨ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠤᠨ᠂ 18 ᠵᠢᠱᠢᠶ᠎ᠡ ᠦᠵᠡᠭᠦᠯᠬᠦ ᠭᠤᠤᠯ ᠮᠥᠷᠡᠨ ᠨᠠᠭᠤᠷ ᠴᠥᠭᠦᠷᠥᠮ ᠢ ᠪᠠᠶᠢᠭᠤᠯᠪᠠ᠃              ᠬᠥᠷᠥᠰᠥ ᠰᠢᠷᠣᠶ  ᠶᠢᠨ ᠬᠠᠮᠠᠭᠠᠯᠠᠯᠲᠠ      2020 ᠣᠨ ᠳᠤ᠂ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠬᠢᠨᠠᠨ ᠬᠡᠮᠵᠢᠬᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠠᠰᠠᠭᠤᠳᠠᠯ ᠢ ᠮᠠᠭᠠᠳᠯᠠᠨ ᠲᠣᠭᠲᠠᠭᠠᠬᠤ ᠵᠢᠴᠢ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠦᠷᠢᠮ ᠢ ᠲᠣᠭᠲᠠᠭᠠᠵᠤ᠂ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠴᠢᠩᠭ᠎ᠠ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮᠵᠢ ᠪᠠ ᠬᠢᠨᠠᠨ ᠬᠠᠮᠢᠶᠠᠷᠴᠤ ᠱᠠᠯᠠᠪᠳᠠᠭᠤᠯᠤᠨ ᠪᠠᠶᠢᠴᠠᠭᠠᠯᠲᠠ ᠶᠢ ᠪᠠᠶᠢᠩᠭᠤᠵᠢᠭᠤᠯᠬᠤ ᠲᠣᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠪᠠ᠃      ᠬᠥᠷᠥᠰᠥ ᠰᠢᠷᠣᠶ ᠶᠢᠨ ᠢᠳᠡᠭᠳᠡᠯ ᠢ ᠬᠥᠳᠡᠯᠦᠩᠭᠦᠶ ᠪᠠᠷ ᠬᠢᠨᠠᠨ ᠬᠡᠮᠵᠢᠬᠦ ᠶᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠵᠦ᠂ ᠬᠥᠷᠥᠰᠥ ᠰᠢᠷᠣᠶ ᠶᠢᠨ ᠢᠳᠡᠭᠳᠡᠯ ᠤᠨ ᠠᠯᠤᠰ ᠰᠡᠷᠡᠯ ᠤᠨ ᠬᠢᠨᠠᠯᠲᠠ ᠬᠠᠮᠢᠶᠠᠷᠤᠯᠲᠠ ᠶᠢ ᠨᠡᠶᠢᠳᠡᠮ ᠬᠡᠷᠡᠭᠵᠢᠭᠦᠯᠬᠦ ᠶᠢ ᠠᠩᠬ᠎ᠠ ᠤᠳᠠᠭ᠎ᠠ ᠪᠡᠶᠡᠯᠡᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ 3.8 ᠲᠦᠮᠡᠨ ᠲᠥᠷᠥᠯ ᠵᠦᠢᠯ ᠢ ᠮᠠᠭᠠᠳᠯᠠᠨ ᠲᠣᠭᠲᠠᠭᠠᠭᠰᠠᠨ ᠪᠥᠭᠡᠳ ᠪᠠᠶᠢᠴᠠᠭᠠᠨ ᠰᠢᠢᠳᠪᠦᠷᠢᠯᠡᠵᠦ᠂ ᠠᠯᠤᠰ ᠰᠡᠷᠡᠯ ᠤᠨ ᠬᠢᠨᠠᠯᠲᠠ ᠬᠠᠮᠢᠶᠠᠷᠤᠯᠲᠠ ᠶᠢᠨ ᠬᠡᠪᠴᠢᠶ᠎ᠡ ᠶᠢ ᠲᠦᠷᠦᠭᠦᠦ ᠵᠢᠯ ᠤᠨ ᠬᠢ ᠠᠴᠠ 60% ᠪᠠᠷ ᠨᠡᠮᠡᠭᠳᠡᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠵᠦᠢᠯᠡᠰ ᠤᠨ ᠲᠤᠭ᠎ᠠ ᠬᠡᠮᠵᠢᠶ᠎ᠡ ᠶᠢ 28% ᠪᠠᠷ ᠪᠠᠭᠠᠰᠬᠠᠪᠠ᠃              ᠢᠨᠵᠧᠨᠧᠷᠢᠩ ᠤᠨ ᠪᠦ᠋ᠲᠦᠭᠡᠨ ᠪᠠᠶᠢᠭᠤᠯᠤᠯᠲᠠ      ᠭᠤᠷᠪᠠᠨ ᠬᠠᠪᠴᠢᠯ ᠤᠨ ᠪᠠᠷᠢᠯᠭ᠎ᠠ ᠶᠢ ᠪᠦᠬᠦᠯᠢ ᠴᠣᠭᠴᠠ ᠪᠠᠷ ᠨᠢ ᠪᠠᠷᠢᠵᠤ ᠳᠠᠭᠤᠰᠬᠠᠭᠠᠳ ᠰᠢᠯᠭᠠᠨ ᠠᠪᠬᠤ ᠠᠵᠢᠯ ᠢ ᠪᠡᠶᠡᠯᠡᠭᠦᠯᠵᠦ᠂ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠪᠦᠬᠦᠨ ᠢ ᠪᠡᠶᠡᠯᠡᠭᠦᠯᠵᠦ᠂ 254 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠦᠶᠡᠷ ᠤᠨ ᠤᠰᠤ ᠶᠢ ᠬᠠᠰᠢᠨ ᠬᠠᠳᠠᠭᠠᠯᠠᠵᠤ᠂ ᠪᠦᠬᠦ ᠵᠢᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 1118 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠳᠡᠯᠡᠬᠡᠶ ᠶᠢᠨ ᠲᠡᠮᠳᠡᠭᠯᠡᠯ ᠢ ᠡᠭᠦᠳᠪᠡ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ᠂ ᠳᠤᠮᠳᠠ ᠱᠤᠭᠤᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠣᠨ ᠳᠤ 94.63 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠲᠠᠲᠠᠵᠤ᠂ ᠳᠤᠮᠳᠠ ᠱᠤᠭᠤᠮ ᠳᠤ ᠠᠩᠬ᠎ᠠ ᠤᠳᠠᠭ᠎ᠠ 420 ᠪᠣᠰᠤᠭ᠎ᠠ ᠳᠥᠷᠪᠡᠯᠵᠢᠨ ᠮᠧᠲᠷ / ᠰᠧᠺᠦ᠋ᠨ᠋ᠳ᠋ ᠢᠶᠠᠷ ᠵᠢᠷᠤᠵᠤ ᠲᠥᠯᠥᠪᠯᠡᠭᠰᠡᠨ ᠤᠷᠤᠰᠴᠠ ᠶᠢᠨ ᠬᠡᠮᠵᠢᠶ᠎ᠡ ᠶᠢ ᠨᠡᠮᠡᠭᠳᠡᠭᠦᠯᠦᠨ ᠤᠰᠤ ᠳᠠᠮᠵᠢᠭᠤᠯᠬᠤ ᠶᠢ ᠪᠡᠶᠡᠯᠡᠭᠦᠯᠵᠦ᠂ ᠣᠨ ᠤ ᠬᠠᠩᠭᠠᠬᠤ ᠤᠰᠤᠨ ᠤ ᠬᠡᠮᠵᠢᠶ᠎ᠡ ᠠᠩᠬ᠎ᠠ ᠤᠳᠠᠭ᠎ᠠ ᠲᠥᠯᠥᠪᠵᠢᠭᠦᠯᠦᠭᠰᠡᠨ ᠣᠯᠠᠨ ᠵᠢᠯ ᠤᠨ ᠳᠤᠮᠳᠠᠴᠢ ᠬᠠᠩᠭᠠᠬᠤ ᠤᠰᠤᠨ ᠤ ᠬᠡᠮᠵᠢᠶ᠎ᠡ ᠠᠴᠠ ᠳᠠᠪᠠᠭᠰᠠᠨ ᠪᠠᠶᠢᠨ᠎ᠠ᠃          ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠤᠰᠤᠨ ᠤ ᠰᠦᠢᠳᠬᠡᠯ ᠬᠤᠷᠢᠶᠠᠬᠤ ᠠᠵᠢᠯ ᠢ ᠬᠦᠴᠦᠲᠡᠶ ᠲᠦᠯᠬᠢᠨ ᠠᠬᠢᠭᠤᠯᠵᠤ᠂ ᠪᠦᠬᠦ ᠤᠯᠤᠰ ᠤᠨ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠦᠨ᠎ᠡ ᠬᠠᠩᠰᠢ ᠶᠢ ᠪᠦᠬᠦ ᠲᠠᠯ᠎ᠠ ᠪᠠᠷ ᠲᠣᠭᠲᠠᠭᠠᠠ᠂ ᠮᠢᠩᠭ᠎ᠠ ᠠᠴᠠ ᠳᠡᠭᠡᠭᠰᠢᠬᠢ ᠬᠥᠮᠦᠨ ᠤ ᠢᠨᠵᠧᠨᠧᠷᠢᠩ ᠤᠨ ᠰᠦᠢᠳᠬᠡᠯ ᠬᠤᠷᠢᠶᠠᠬᠤ ᠬᠠᠷᠢᠴᠠᠯ ᠢ 95% ᠠᠴᠠ ᠳᠠᠪᠠᠭᠤᠯᠵᠤ᠂ ᠤᠰᠤᠨ ᠤ ᠰᠦᠢᠳᠬᠡᠯ ᠬᠤᠷᠢᠶᠠᠬᠤ ᠨᠤᠷᠮ᠎ᠠ ᠶᠢ 90% ᠠᠴᠠ ᠲᠠᠪᠠᠭᠤᠯᠪᠠ᠃      ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠨᠥᠬᠦᠪᠥᠷᠢ ᠥᠭᠬᠦ ᠡᠷᠴᠢᠮ ᠢ ᠴᠢᠩᠭᠠᠷᠠᠭᠤᠯᠪᠠ᠃ ᠤᠰᠤᠨ ᠴᠥᠭᠦᠷᠥᠮ ᠤᠨ ᠬᠠᠰᠢᠯᠭ᠎ᠠ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠢᠨᠠᠨ ᠲᠣᠭᠲᠠᠭᠠᠯᠲᠠ ᠬᠢᠬᠦ ᠪᠠ ᠲᠡᠰ ᠢ ᠨᠢ ᠪᠠᠭᠤᠷᠠᠭᠤᠯᠤᠨ ᠬᠡᠷᠡᠭᠯᠡᠭᠡᠨ ᠠᠴᠠ ᠭᠠᠷᠭᠠᠬᠤ ᠶᠢ ᠴᠢᠩᠭᠠᠷᠠᠭᠤᠯᠪᠠ᠃              ᠤᠰᠤᠨ ᠠᠰᠢᠭᠯᠠᠯᠲᠠ ᠶᠢᠨ ᠲᠤᠰᠬᠠᠶ ᠬᠢᠨᠠᠯᠲᠠ ᠬᠠᠮᠢᠶᠠᠷᠤᠯᠲᠠ      ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ 1..36 ᠲᠦᠮᠡᠨ ᠬᠥᠮᠦᠨ ᠤᠳᠠᠭ᠎ᠠ ᠪᠠᠶᠢᠴᠠᠭᠠᠬᠤ ᠳᠤᠭᠤᠶᠢᠯᠠᠩ ᠲᠣᠮᠢᠯᠠᠵᠤ᠂ 6.13 ᠲᠦᠮᠡᠨ ᠲᠥᠷᠥᠯ ᠵᠦᠶᠯ ᠢ ᠪᠠᠶᠢᠴᠠᠭᠠᠵᠤ᠂ 7.29 ᠲᠦᠮᠡᠨ ᠡᠯ᠎ᠡ ᠲᠥᠷᠥᠯ ᠤᠨ ᠠᠰᠠᠭᠤᠳᠠᠯ ᠢ ᠢᠯᠡᠷᠡᠭᠦᠯᠵᠦ᠂ 818 ᠤᠳᠠᠭ᠎ᠠ ᠬᠠᠷᠢᠭᠤᠴᠠᠯᠭ᠎ᠠ ᠨᠡᠬᠡᠮᠵᠢᠯᠡᠪᠡ  ᠃ ᠡᠯ᠎ᠡ ᠮᠤᠵᠢ ᠶᠢᠨ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠡᠶᠢᠳᠡ 1.74 ᠲᠦᠮᠡᠨ ᠳᠤᠭᠤᠶᠢᠯᠠᠩ ᠤᠳᠠᠭ᠎ᠠ᠂ 7.86 ᠲᠦᠮᠡᠨ ᠬᠥᠮᠦᠨ ᠤᠳᠠᠭ᠎ᠠ ᠲᠣᠮᠢᠯᠠᠨ ᠬᠢᠨᠠᠨ ᠪᠠᠶᠢᠴᠠᠭᠠᠯᠲᠠ ᠥᠷᠨᠢᠭᠦᠯᠪᠡ  ᠃ 6820 ᠵᠢᠵᠢᠭ ᠬᠡᠯᠪᠡᠷᠢ ᠶᠢᠨ ᠤᠰᠤᠨ ᠴᠥᠭᠦᠷᠥᠮ᠂ 4213 ᠤᠰᠤᠨ ᠬᠠᠭᠠᠯᠲᠠ ᠶᠢᠨ ᠠᠮᠤᠷ ᠲᠦᠪᠰᠢᠨ ᠠᠵᠢᠯᠯᠠᠭᠠᠨ ᠤ ᠪᠠᠶᠢᠳᠠᠯ  ᠢ ᠪᠠᠶᠢᠴᠠᠭᠠᠵᠤ᠂ ᠳ᠋ᠠᠩ ᠰᠠᠣᠷᠢ ᠤᠰᠤᠨ ᠴᠥᠭᠦᠷᠥᠮ ᠤᠨ ᠢᠯᠡᠷᠡᠭᠦᠯᠦᠭᠰᠡᠨ ᠠᠰᠠᠭᠤᠳᠠᠯ ᠤᠨ ᠲᠤᠭ᠎ᠠ ᠦᠷᠭᠦᠯᠵᠢᠯᠡᠨ ᠪᠠᠭᠤᠷᠠᠪᠠ  ᠃      12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠶᠯᠡᠴᠢᠯᠡᠭᠡᠨ ᠤ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠬᠠᠷᠭᠤᠭᠤᠯᠤᠨ ᠪᠠᠶᠢᠴᠠᠭᠠᠯᠭᠠᠬᠤ ᠠᠰᠠᠭᠤᠳᠠᠯ ᠢ ᠨᠡᠶᠢᠲᠡ 1464  ᠬᠤᠪᠢ ᠰᠢᠯᠵᠢᠭᠦᠯᠦᠨ ᠰᠢᠶᠳᠪᠦᠷᠢᠯᠡᠭᠦᠯᠵᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ  ︽ᠲᠤᠷᠠᠨ︾ ᠪᠠ ᠣᠯᠠᠨ ᠲᠦᠮᠡᠨ  ᠳᠤ ᠦᠶᠯᠡᠴᠢᠯᠡᠬᠦ  ︽ᠰᠢᠭᠤᠳ ᠨᠡᠪᠲᠡᠷᠡᠬᠦ ᠲᠡᠷᠭᠡ︾ ᠶᠢᠨ ᠦᠶᠯᠡᠳᠦᠯ ᠢ ᠭᠦᠶᠴᠡᠳ ᠪᠠᠳᠠᠷᠠᠭᠤᠯᠪᠠ  ᠃      ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠵᠤ᠂ ᠡᠯ᠎ᠡ ᠱᠠᠲᠤᠨ ᠤ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠡᠩᠨᠡᠭᠡ ᠤᠰᠤᠨ ᠤ ᠶᠠᠪᠤᠳᠠᠯ ᠤᠨ ᠬᠠᠤᠯᠢ ᠠᠴᠠ ᠵᠥᠷᠢᠴᠡᠭᠰᠡᠨ 2.1 ᠲᠦᠮᠡᠨ ᠬᠡᠷᠡᠭ ᠢ ᠪᠠᠶᠢᠴᠠᠭᠠᠨ ᠰᠢᠶᠳᠪᠦᠷᠢᠯᠡᠵᠦ᠂ ᠤᠰᠤᠨ ᠤ ᠶᠠᠪᠤᠳᠠᠯ ᠤᠨ ᠬᠠᠤᠯᠢ ᠠᠴᠠ ᠵᠥᠷᠢᠴᠡᠭᠰᠡᠨ 4267 ᠬᠠᠭᠤᠴᠢᠨ ᠬᠡᠷᠡᠭ ᠢ ᠪᠦᠬᠦᠨ ᠢ  ᠰᠢᠢᠳᠪᠦᠷᠢᠯᠡᠪᠡ᠃ ᠤᠰᠤ ᠠᠪᠬᠤ ᠵᠥᠪᠰᠢᠶᠡᠷᠡᠯ ᠤᠨ ᠡᠯᠧᠺᠲᠷᠣᠨ ᠦᠨᠡᠮᠯᠡᠯ ᠢ ᠳᠡᠯᠭᠡᠷᠡᠭᠦᠯᠦᠨ ᠬᠡᠷᠡᠭᠯᠡᠵᠦ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ  ᠶᠢ ᠯᠠᠪᠳᠠᠭᠤᠨ ᠪᠠᠲᠤᠲᠠᠶ ᠠᠬᠢᠭᠤᠯᠪᠠ᠃      ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠠᠯᠠᠪᠠᠶ ᠨᠡᠶᠢᠲᠡ 4 ᠳ᠋ᠦᠩᠰᠢᠭᠤᠷ ᠮᠥ ᠳᠤ ᠬᠦᠷᠴᠦ᠂ ᠪᠡᠭᠡᠵᠢᠩ᠂ ᠱᠠᠩᠬᠠᠶ᠂ ᠵᠧᠵᠢᠶᠠᠩ ᠥᠭᠡᠷᠡᠴᠢᠯᠡᠯᠲᠡ ᠶᠢᠨ ᠬᠠᠷᠠᠯᠲᠠ  ᠪᠠᠨ ᠦᠨᠳᠦᠰᠦᠨ ᠳᠡᠭᠡᠨ ᠪᠡᠶᠡᠯᠡᠭᠦᠯᠪᠡ  ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠦᠯᠦᠭᠯᠡᠯ ᠺᠣᠮᠫᠠᠨᠢ ᠶᠢ ᠵᠣᠬᠢᠶᠠᠨ ᠪᠠᠶᠢᠭᠤᠯᠬᠤ ᠶᠢᠨ ᠬᠠᠮᠲᠤ ᠵᠢᠩᠬᠢᠨᠢ ᠪᠠᠷ ᠫᠠᠶᠢᠰᠠ ᠡᠯᠭᠦᠨ ᠡᠵᠡᠩᠨᠡᠬᠦ ᠶᠢ  ᠠᠬᠢᠭᠤᠯᠪᠠ  ᠃
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号