内蒙古自治区水利厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠤᠰᠤᠨ ᠠᠰᠢᠬᠯᠠᠯᠳᠠ ᠶᠢᠨ ᠶᠠᠮᠤᠨ ᠤ ︽ᠤᠰᠤᠨ ᠠᠰᠢᠬᠯᠠᠯᠳᠠ ᠶᠢᠨ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠤᠨ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
        ᠨᠡᠶᠢᠲᠡᠯᠡᠭᠰᠡᠨ ᠴᠠᠭ᠄
        2021/5/27
             ᠣᠳᠣᠬᠠᠨ ᠤ ᠤᠰᠤᠨ ᠠᠰᠢᠬᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠳᠤ ᠵᠣᠬᠢᠴᠠᠭᠤᠯᠤᠨ᠂ ᠤᠰᠤᠨ ᠠᠰᠢᠬᠯᠠᠯᠳᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠦᠭ ᠠᠶᠠᠰ ᠢ ᠴᠢᠪᠬᠠᠳᠠᠵᠤ᠂ ᠵᠢᠷᠤᠭ ᠲᠥᠯᠥᠪᠯᠡᠭᠡ ᠶᠢ ᠬᠤᠪᠢᠷᠠᠭᠤᠯᠤᠨ ᠬᠠᠮᠢᠶᠠᠷᠬᠤ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠦᠯᠦᠭᠡ᠂ ᠤᠰᠤᠨ ᠠᠰᠢᠬᠯᠠᠯᠳᠠ ᠶᠢᠨ ᠶᠠᠮᠤᠨ ᠣᠳᠣ ᠶᠢᠨ ᠬᠡᠷᠡᠭᠵᠢᠭᠦᠯᠵᠦ ᠪᠠᠶᠢᠭ᠎ᠠ ︽ᠤᠰᠤᠨ ᠠᠰᠢᠬᠯᠠᠯᠳᠠ ᠶᠢᠨ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠤᠨ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ︾ ︵ᠤᠰᠤᠨ ᠤ ᠲᠥᠯᠥᠪᠵᠢᠭᠦᠯᠭᠡ ᠲᠥᠯᠥᠪᠯᠡᠭᠡ 2012 93 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠤᠳᠤ ᠳᠠᠷᠤᠮᠠᠯᠯᠠᠨ ᠲᠠᠷᠬᠠᠭᠠᠶ᠎ᠠ᠂ ᠲᠤᠭᠳᠠᠭᠠᠯ ᠶᠤᠰᠤᠭᠠᠷ ᠵᠢᠷᠤᠮᠯᠠᠨ ᠬᠡᠷᠡᠭᠵᠢᠭᠦᠯᠲᠦᠭᠡᠶ᠂ ᠤᠤᠯ ᠤᠨ ᠠᠷᠭ᠎ᠠ ᠨᠢ ᠠᠶᠠᠨᠳᠠᠭᠠᠨ ᠬᠦᠴᠦᠨ ᠦᠭᠡᠶ ᠪᠣᠯᠤᠨ᠎ᠠ᠃ ᠬᠡᠷᠡᠭᠵᠢᠭᠦᠯᠬᠦ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤ ᠨᠢ ᠤᠰᠤᠨ ᠠᠰᠢᠬᠯᠠᠯᠳᠠ ᠶᠢᠨ ᠶᠠᠮᠤᠨ ᠳᠤ ᠬᠠᠷᠢᠭᠤ ᠲᠤᠰᠬᠠᠬᠤ ᠪᠤᠯᠪᠠᠤ︕      ᠤᠰᠤᠨ ᠠᠰᠢᠬᠯᠯᠠᠳᠠ ᠶᠢᠨ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠤᠨ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ      ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠦᠢᠯ ᠤᠰᠤᠨ ᠠᠰᠢᠬᠯᠠᠯᠳᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠡᠰ ᠳᠠᠷᠠᠭᠠᠯᠠᠯ ᠢ ᠴᠢᠩᠳᠠᠯᠠᠵᠤ᠂ ᠵᠢᠷᠤᠭ ᠲᠥᠯᠥᠪᠯᠡᠭᠡ ᠶᠢ ᠬᠤᠪᠢᠷᠠᠭᠤᠯᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠵᠤ᠂ ᠢᠨᠵᠧᠨᠧᠷᠢᠩ ᠤᠨ ᠪᠡᠯᠡ ᠣᠷᠣᠭᠤᠯᠤᠯᠲᠠ ᠶᠢ ᠬᠢᠵᠠᠭᠠᠷᠯᠠᠨ᠂ ᠢᠨᠵᠧᠨᠧᠷᠢᠩ ᠤᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠦᠯᠦᠭᠡ᠂ ︽ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠬᠠᠮᠢᠶᠠᠷᠤᠯᠲᠠ ᠶᠢᠨ ᠳᠦᠷᠢᠮ︾ ︽ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠤᠰ ᠠᠷᠭ᠎ᠠ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ︵ᠥᠷᠭᠡᠳᠬᠡᠨ ᠪᠠᠶᠢᠭᠤᠯᠬᠤ︶᠂ ᠪᠠᠬᠢᠵᠢᠭᠦᠯᠦᠨ ᠪᠠᠶᠢᠭᠤᠯᠬᠤ ᠵᠡᠷᠭᠡ ᠲᠣᠮᠣ ᠳᠤᠮᠳᠠ ᠬᠡᠯᠪᠡᠷᠢ ᠶᠢᠨ ᠤᠰᠤᠨ ᠠᠰᠢᠬᠯᠠᠯᠳᠠ ᠶᠢᠨ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠤᠨ ᠬᠠᠮᠢᠶᠠᠷᠬᠤ ᠳᠤ ᠭᠡᠷᠡᠭᠯᠡᠨ᠎ᠠ᠂ ᠵᠢᠵᠢᠭ ᠬᠡᠯᠪᠡᠷᠢ ᠶᠢᠨ ᠤᠰᠤᠨ ᠠᠰᠢᠬᠯᠠᠯᠳᠠ ᠶᠢᠨ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠤᠨ ᠬᠠᠮᠢᠶᠠᠷᠬᠤ ᠳᠤ ᠯᠠᠪᠯᠠᠯᠲᠠ ᠪᠣᠯᠭᠠᠨ ᠬᠡᠷᠡᠭᠵᠢᠭᠦᠯᠤᠨ᠎ᠠ᠃      ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠵᠢᠷᠤᠭ ᠲᠥᠯᠥᠪᠯᠡᠭᠡ ᠶᠢ ᠬᠤᠪᠢᠷᠠᠭᠤᠯᠬᠤ ᠭᠡᠳᠡᠭ ᠪᠣᠯ ᠤᠰᠤᠨ ᠠᠰᠢᠬᠯᠠᠯᠳᠠ ᠶᠢᠨ ᠢᠨᠵᠧᠨᠧᠷᠢᠩ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠵᠥᠪᠰᠢᠶᠡᠷᠡᠭᠰᠡᠨ ᠡᠳᠦᠷ ᠠᠴᠠ ᠡᠬᠢᠯᠡᠨ ᠢᠨᠵᠧᠨᠧᠷᠢᠩ ᠤᠨ ᠠᠵᠢᠯ ᠳᠠᠭᠤᠰᠤᠭᠰᠠᠨ ᠢ ᠰᠢᠯᠭᠠᠨ ᠬᠤᠷᠢᠶᠠᠵᠤ ᠲᠤᠰᠢᠶᠠᠨ ᠬᠡᠷᠡᠭᠯᠡᠭᠦᠯᠬᠦ ᠡᠳᠦᠷ ᠪᠤᠯᠳᠠᠯ᠎ᠠ ᠨᠢᠭᠡᠨᠲᠡ ᠵᠥᠪᠰᠢᠶᠡᠷᠡᠭᠰᠡᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠳᠤ ᠬᠢᠭᠰᠡᠨ ᠵᠠᠰᠠᠪᠤᠷᠢ ᠣᠷᠣᠭᠤᠯᠬᠤ ᠠᠵᠢᠯᠯᠠᠭ᠎ᠠ ᠪᠣᠯᠤᠨ᠎ᠠ᠃      ᠳᠥᠷᠪᠡᠳᠦᠭᠡᠷ ᠵᠦᠢᠯ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠶ᠃ ᠲᠥᠷᠥᠯ ᠵᠦᠢᠯ ᠤᠨ ᠬᠠᠤᠯᠢ ᠶᠢᠨ ᠡᠷᠬᠡᠲᠡᠨ ᠨᠢ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠪᠣᠯᠤᠨ ᠴᠤᠬᠤᠯᠠᠪᠤᠷᠢᠯᠠᠭᠰᠠᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠴᠢᠩᠭ᠎ᠠ ᠬᠡᠷᠡᠭᠵᠢᠭᠦᠯᠵᠦ᠂ ᠵᠢᠷᠤᠭ ᠲᠥᠯᠥᠪᠯᠡᠭᠡ ᠶᠢ ᠬᠤᠪᠢᠷᠠᠭᠤᠯᠤᠨ ᠬᠠᠮᠢᠶᠠᠷᠬᠤ ᠶᠢ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠨᠢᠭᠡᠴᠡ ᠨᠦᠭᠦᠳ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠴᠢᠬᠤᠯᠠ ᠶᠡᠭᠡ ᠵᠢᠷᠤᠭ ᠲᠦᠯᠦᠪᠯᠡᠭᠡ ᠶᠢ ᠬᠤᠪᠢᠷᠠᠭᠤᠯᠬᠤ ᠶᠢ ᠡᠵᠡᠮᠳᠡᠵᠦ᠂ ᠡᠩ ᠤᠨ ᠵᠢᠷᠤᠭ ᠲᠦᠯᠦᠪᠯᠡᠭᠡ ᠶᠢ ᠬᠤᠪᠢᠷᠠᠭᠤᠯᠬᠤ ᠶᠢ ᠪᠠᠭᠠᠰᠬᠠᠬᠤ ᠬᠡᠷᠡᠭᠲᠡᠶ᠃      ᠲᠠᠪᠤᠳᠤᠭᠠᠷ ᠵᠦᠢᠯ ᠤᠰᠤᠨ ᠠᠰᠢᠬᠯᠠᠯᠳᠠ ᠶᠢᠨ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠳᠤ ᠲᠤᠰ ᠠᠷᠭ᠎ᠠ ᠳᠤ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠬᠢᠨᠠᠨ ᠵᠥᠪᠰᠢᠶᠡᠷᠡᠬᠦ ᠬᠡᠷᠡᠭᠲᠡᠶ᠃ ᠪᠦᠲᠦᠭᠡᠨ ᠪᠠᠶᠢᠭᠤᠯᠤᠯᠲᠠ ᠳᠤ ᠭᠠᠵᠠᠷ ᠲᠠᠲᠠᠪᠤᠷᠢᠯᠠᠬᠤ ᠪᠠ ᠠᠷᠠᠳ ᠢ ᠨᠡᠭᠦᠯᠭᠡᠨ ᠲᠥᠪᠬᠢᠨᠡᠭᠦᠯᠬᠦ᠂ ᠬᠥᠷᠥᠰᠥ ᠰᠢᠷᠣᠶ ᠶᠢ ᠬᠠᠮᠠᠭᠠᠯᠠᠬᠤ ᠵᠢᠷᠤᠭ ᠲᠥᠯᠥᠪᠯᠡᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ ᠶᠠᠮᠠᠷᠪᠠ ᠨᠢᠭᠡᠴᠢ ᠪᠤᠶᠤ ᠬᠤᠪᠢ ᠬᠥᠮᠦᠨ ᠨᠢᠭᠡᠨᠲᠡ ᠵᠥᠪᠰᠢᠶᠡᠷᠡᠭᠦᠯᠦᠭᠰᠡᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠂ ᠵᠢᠷᠤᠭ ᠲᠥᠯᠥᠪᠯᠡᠭᠡ ᠶᠢ ᠬᠤᠪᠢᠷᠠᠭᠤᠯᠬᠤ ᠬᠢᠨᠠᠨ ᠵᠥᠪᠰᠢᠶᠡᠷᠡᠯ ᠠᠴᠠ ᠵᠠᠶᠢᠯᠠᠰᠬᠢᠵᠤ ᠪᠣᠯᠬᠤ ᠦᠭᠡᠢ᠃      ᠵᠢᠷᠭᠤᠳᠤᠭᠠᠷ ᠵᠦᠢᠯ ᠤᠰᠤᠨ ᠠᠰᠢᠬᠯᠠᠯᠳᠠ ᠶᠢᠨ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠳᠤ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ᠂ ᠠᠶᠤᠯᠬᠦᠢ ᠪᠠ ᠴᠢᠳᠠᠮᠵᠢ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃      ᠬᠤᠶᠠᠳᠤᠭᠠᠷ ᠪᠦᠯᠦᠭ ᠵᠢᠷᠤᠭ ᠲᠥᠯᠥᠪᠯᠡᠭᠡ ᠶᠢ ᠬᠤᠪᠢᠷᠠᠭᠤᠯᠤᠨ ᠬᠤᠪᠢᠶᠠᠷᠢᠯᠠᠬᠤ      ᠳᠣᠯᠣᠳᠤᠭᠠᠷ ᠵᠦᠢᠯ ᠤᠰᠤᠨ ᠠᠰᠢᠬᠯᠠᠯᠳᠠ ᠶᠢᠨ ᠢᠨᠵᠧᠨᠧᠷᠢᠩ ᠤᠨ  ᠵᠢᠷᠤᠭ ᠲᠥᠯᠥᠪᠯᠡᠭᠡ ᠶᠢ ᠬᠤᠪᠢᠷᠠᠭᠤᠯᠬᠤ ᠶᠢ ᠴᠢᠬᠤᠯᠠ ᠶᠡᠭᠡ ᠵᠢᠷᠤᠭ ᠲᠥᠯᠥᠪᠯᠡᠭᠡ ᠶᠢ ᠬᠤᠪᠢᠷᠠᠭᠤᠯᠬᠤ ᠪᠠ ᠡᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠭᠡᠵᠦ ᠬᠤᠪᠢᠶᠠᠨ᠎ᠠ᠃      ᠨᠠᠶ᠋ᠮᠠᠳᠤᠭᠠᠷ ᠵᠦᠢᠯ ᠴᠢᠬᠤᠯᠠ ᠶᠡᠭᠡ ᠵᠢᠷᠤᠭ ᠲᠥᠯᠥᠪᠯᠡᠭᠡ ᠶᠢ ᠬᠤᠪᠢᠷᠠᠭᠤᠯᠬᠤ ᠭᠡᠳᠡᠭ ᠨᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠴᠣᠬᠤᠯᠪᠣᠷᠢᠯᠠᠨ ᠬᠠᠷᠢᠭᠤᠯᠤᠭᠰᠠᠨ ᠬᠤᠯᠪᠣᠭᠳᠠᠯ ᠪᠦᠬᠦᠢ ᠪᠦᠲᠦᠭᠡᠨ ᠪᠠᠶᠢᠭᠤᠯᠬᠤ ᠡᠭᠦᠷᠭᠡ ᠪᠠ ᠠᠭᠤᠯᠭ᠎ᠠ ᠳᠤ ᠲᠣᠬᠢᠷᠠᠭᠤᠯᠤᠯᠲᠠ ᠬᠢᠭᠰᠡᠨ ᠠᠴᠠ ᠪᠣᠯᠵᠤ᠂ ᠢᠨᠵᠧᠨᠧᠷᠢᠩ ᠤᠨ ᠡᠭᠦᠷᠭᠡ᠂ ᠬᠡᠪᠴᠢᠶ᠎ᠡ᠂ ᠢᠨᠵᠧᠨᠧᠷᠢᠩ ᠤᠨ ᠵᠡᠷᠭᠡ ᠳᠡᠰ ᠵᠢᠴᠢ ᠵᠢᠷᠤᠭ ᠲᠥᠯᠥᠪᠯᠡᠭᠡ ᠶᠢᠨ ᠪᠠᠷᠢᠮᠵᠢᠶ᠎ᠠ ᠳᠤ ᠬᠤᠪᠢᠷᠠᠯᠲᠠ ᠭᠠᠷᠴᠤ᠂ ᠢᠨᠵᠧᠨᠧᠷᠢᠩ ᠤᠨ ᠶᠡᠷᠦᠩᠬᠡᠶ ᠪᠠᠶᠢᠷᠢᠯᠠᠭᠤᠯᠤᠯᠲᠠ ᠶᠢᠨ ᠲᠥᠰᠦᠯ᠂ ᠭᠤᠤᠯ ᠪᠣᠯᠬᠤ ᠢᠨᠵᠧᠨᠧᠷᠢᠩ ᠤᠨ ᠪᠠᠶᠢᠷᠢᠯᠠᠭᠤᠯᠤᠯᠲᠠ ᠵᠢᠴᠢ ᠪᠦᠲᠦᠴᠡ ᠶᠢᠨ ᠬᠡᠯᠪᠡᠷᠢ ᠮᠠᠶ᠋ᠢᠭ᠂ ᠴᠢᠬᠤᠯᠠ ᠮᠠᠰᠢᠨ ᠴᠠᠬᠢᠯᠭᠠᠨ ᠬᠢᠭᠡᠳ ᠲᠡᠮᠦᠷᠯᠢᠭ ᠪᠦᠲᠦᠴᠡᠲᠦ ᠲᠥᠬᠦᠭᠡᠷᠦᠮᠵᠢ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠶᠢᠨ ᠲᠥᠰᠦᠯ ᠵᠡᠷᠭᠡ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠢᠨᠵᠧᠨᠧᠷᠢᠩ ᠤᠨ ᠶᠠᠰᠤ ᠴᠢᠨᠠᠷ᠂ ᠠᠮᠤᠷ ᠲᠦᠪᠰᠢᠨ᠂ ᠪᠠᠷᠢᠯᠭ᠎ᠠ ᠶᠢᠨ ᠬᠤᠭᠤᠴᠠᠭ᠎ᠠ᠂ ᠪᠡᠯᠡ ᠣᠷᠣᠭᠤᠯᠤᠯᠲᠠ᠂ ᠦᠷ᠎ᠡ ᠠᠰᠢᠭ᠂ ᠣᠷᠴᠢᠨ ᠲᠣᠭᠤᠷᠢᠨ ᠪᠠ ᠠᠵᠢᠯᠯᠠᠭᠠᠨ ᠤ ᠬᠠᠮᠢᠶᠠᠷᠤᠯᠲᠠ ᠵᠡᠷᠭᠡ ᠳᠤ ᠴᠢᠬᠤᠯᠠ ᠶᠡᠭᠡ ᠨᠥᠯᠥᠭᠡ ᠦᠵᠡᠭᠦᠯᠬᠦ ᠵᠢᠷᠤᠭ ᠲᠥᠯᠥᠪᠯᠡᠭᠡ ᠶᠢ ᠬᠤᠪᠢᠷᠠᠭᠤᠯᠬᠤ ᠶᠢ ᠵᠢᠭᠠᠵᠤ ᠪᠤᠶ᠃ ᠭᠤᠣᠯᠳᠠᠭᠤ ᠳᠣᠣᠷᠠᠬᠢ ᠬᠡᠳᠦᠨ ᠲᠠᠯ᠎ᠠ ᠶᠢ ᠪᠠᠭᠲᠠᠭᠠᠨ᠎ᠠ᠄      ︵ᠨᠢᠭᠡ︶ ᠪᠠᠷᠢᠯᠭ᠎ᠠ ᠶᠢᠨ ᠡᠭᠦᠷᠭᠡ ᠪᠠ ᠬᠡᠪᠴᠢᠶ᠎ᠡ      1 . ᠢᠨᠵᠧᠨᠧᠷᠢᠩ ᠤᠨ ᠡᠭᠦᠷᠭᠡ      ᠢᠨᠵᠧᠨᠧᠷᠢᠩ ᠤᠨ ᠦᠶᠡᠷ ᠢ ᠰᠡᠷᠭᠡᠶᠢᠯᠡᠬᠦ᠂ ᠤᠰᠤᠲᠤᠯ ᠢ ᠵᠠᠰᠠᠬᠤ᠂ ᠤᠰᠤᠯᠠᠬᠤ᠂ ᠤᠰᠤ ᠬᠠᠩᠭᠠᠬᠤ᠂ ᠴᠠᠬᠢᠯᠭᠠᠨ ᠭᠠᠷᠭᠠᠬᠤ ᠵᠡᠷᠭᠡ ᠭᠤᠤᠯ ᠵᠢᠷᠤᠭ ᠲᠥᠯᠥᠪᠯᠡᠭᠡ ᠶᠢᠨ ᠡᠭᠦᠷᠭᠡ ᠶᠢᠨ ᠬᠤᠪᠢᠷᠠᠯᠲᠠ ᠪᠠ ᠲᠣᠬᠢᠷᠠᠭᠤᠯᠤᠯᠲᠠ᠃      2 . ᠢᠨᠵᠧᠨᠧᠷᠢᠩ ᠤᠨ ᠬᠡᠪᠴᠢᠶ᠎ᠡ      ︵1︶ ᠤᠰᠤᠨ ᠴᠥᠭᠦᠷᠥᠮ ᠤᠨ ᠶᠡᠷᠦᠩᠬᠡᠢ ᠪᠠᠭᠲᠠᠭᠠᠮᠵᠢ᠂ ᠦᠶᠡᠷ ᠢ ᠰᠡᠷᠭᠡᠶᠢᠯᠡᠬᠦ ᠴᠥᠭᠦᠷᠥᠮ ᠤᠨ ᠪᠠᠭᠲᠠᠭᠠᠮᠵᠢ᠂ ᠦᠬᠦᠮᠡᠯ ᠴᠥᠭᠦᠷᠥᠮ ᠤᠨ ᠪᠠᠭᠲᠠᠭᠠᠮᠵᠢ᠂ ᠲᠣᠬᠢᠷᠠᠭᠤᠯᠬᠤ ᠴᠥᠭᠦᠷᠥᠮ ᠤᠨ ᠪᠠᠭᠲᠠᠭᠠᠮᠵᠢ ᠶᠢᠨ ᠬᠤᠪᠢᠷᠠᠯᠲᠠ︔︔      ︵2︶ ᠬᠡᠪ ᠤᠨ ᠤᠰᠤᠨ ᠲᠦᠪᠰᠢᠨ᠂ ᠦᠶᠡᠷ ᠤᠨ ᠬᠤᠭᠤᠴᠠᠭᠠᠨ ᠳᠤ ᠤᠰᠤᠨ ᠲᠦᠪᠰᠢᠨ᠂ ᠦᠶᠡᠷ ᠢ ᠰᠡᠷᠭᠡᠶᠢᠯᠡᠬᠦ ᠥᠨᠳᠥᠷ ᠤᠰᠤᠨ ᠲᠦᠪᠰᠢᠨ᠂  ᠳᠤᠭᠳᠠᠮᠠᠯ ᠤᠰᠤᠨ ᠲᠦᠪᠰᠢᠨ᠂ ᠲᠥᠯᠥᠪᠯᠡᠭᠰᠡᠨ ᠦᠶᠡᠷ ᠤᠨ ᠲᠦᠪᠰᠢᠨ᠂ ᠰᠤᠷᠭᠠᠭᠤᠯᠢ ᠶᠢᠨ ᠦᠶᠡᠷ ᠤᠨ ᠲᠦᠪᠰᠢᠨ ᠵᠢᠴᠢ ᠦᠶᠡᠷ ᠤᠨ ᠲᠦᠪᠰᠢᠨ᠂ ᠲᠦᠯᠬᠢᠭᠡᠨ ᠢ       ᠬᠤᠷᠢᠬᠠᠯᠠᠬᠤ᠂ ᠤᠰᠤᠨ ᠲᠦᠪᠰᠢᠨ ᠵᠡᠷᠭᠡ ᠣᠨᠴᠠᠯᠢᠭ ᠪᠥᠬᠦᠶ ᠤᠰᠤᠨ ᠲᠦᠪᠰᠢᠨ ᠤ ᠬᠤᠪᠢᠷᠠᠯᠲᠠ ︔︔      ︵3︶ ᠤᠰᠤ ᠬᠠᠩᠭᠠᠬᠤ᠂ ᠤᠰᠤᠯᠠᠬᠤ ᠵᠢᠴᠢ ᠤᠰᠤ ᠵᠠᠯᠠᠬᠤ ᠢᠨᠵᠧᠨᠧᠷᠢᠩ ᠤᠨ ᠬᠦᠷᠢᠶ᠎ᠡ ᠬᠡᠪᠴᠢᠶ᠎ᠡ᠂ ᠲᠠᠯᠠᠪᠠᠢ᠂ ᠢᠨᠵᠧᠨᠧᠷᠢᠩ ᠤᠨ ᠪᠠᠶᠢᠷᠢᠯᠠᠭᠤᠯᠤᠯᠲᠠ ᠳᠤ ᠭᠠᠷᠤᠭᠰᠠᠨ ᠴᠢᠬᠤᠯᠠ ᠶᠡᠭᠡ ᠬᠤᠪᠢᠷᠠᠯᠲᠠ︔ ᠭᠤᠣᠯ ᠰᠤᠪᠠᠭ ︵ᠬᠤᠭᠤᠯᠠᠶ︶ ᠵᠢᠴᠢ ᠲᠡᠭᠦᠨ ᠠᠴᠠ ᠳᠡᠭᠡᠭᠰᠢᠬᠢ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠤᠷᠤᠰᠬᠠᠯ ᠤᠨ        ᠬᠡᠮᠵᠢᠶ᠎ᠡ᠂ ᠵᠢᠷᠤᠭ ᠲᠥᠯᠥᠪᠯᠡᠭᠡ ᠶᠢᠨ ᠬᠠᠩᠭᠠᠬᠤ ︵ᠲᠠᠲᠠᠬᠤ᠂ ᠵᠠᠯᠠᠬᠤ︶ ᠤᠰᠤᠨ ᠤ ᠬᠡᠮᠵᠢᠶ᠎ᠡ ᠳᠤ ᠴᠢᠬᠤᠯᠡ ᠶᠡᠭᠡ ᠬᠤᠪᠢᠷᠠᠯᠳᠠ ᠭᠠᠷᠤᠭᠰᠠᠨ︔︔      ︵4︶ ᠲᠤᠮᠦ ᠳᠤᠮᠳᠠ ᠬᠡᠯᠪᠡᠷᠢ ᠶᠢᠨ ᠴᠠᠬᠢᠯᠭᠠᠨ ᠤᠢᠷᠳᠡᠭᠡ ᠪᠤᠶᠤ ᠬᠥᠭᠡᠷᠭᠡ ᠶᠢᠨ ᠤᠢᠷᠳᠡᠭᠡ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ︔︔      ︵5︶ ᠭᠤᠣᠯ ᠤᠨ ᠵᠠᠮ ᠢ ᠵᠠᠰᠠᠬᠤ᠂ ᠰᠡᠷᠭᠡᠶᠢᠯᠡᠬᠦ ᠬᠢᠭᠡᠳ ᠦᠶᠡᠷ ᠲᠣᠭᠲᠠᠭᠠᠬᠤ ᠣᠷᠣᠨ ᠤ ᠢᠨᠵᠧᠨᠧᠷᠢᠩ ᠤᠨ ᠭᠤᠣᠯ ᠤᠨ ᠵᠠᠮ ᠬᠢᠭᠡᠳ ᠰᠡᠷᠭᠡᠶᠢᠯᠡᠨ ᠵᠠᠰᠠᠬᠤ  ᠬᠡᠪᠴᠢᠶ᠎ᠡ᠂ ᠵᠠᠰᠠᠵᠤ ᠵᠠᠯᠠᠬᠤ ᠱᠤᠭᠤᠮ ᠤᠨ ᠬᠡᠯᠪᠡᠷᠢ ᠪᠠᠶᠢᠳᠠᠯ ᠪᠣᠯᠤᠨ ᠥᠷᠭᠡᠴᠡ᠂ ᠴᠡᠭᠴᠡᠯᠡᠨ ᠵᠠᠰᠠᠬᠤ ᠤᠷᠤᠰᠬᠠᠯ ᠤᠨ  ᠬᠡᠮᠵᠢᠶ᠎ᠡ᠂ ᠦᠶᠡᠷ ᠲᠣᠭᠲᠠᠭᠠᠬᠤ ᠣᠷᠣᠨ ᠬᠢᠭᠡᠳ ᠠᠶᠤᠯ ᠥᠭᠡᠢ ᠣᠷᠣᠨ ᠤ ᠲᠠᠯᠠᠪᠠᠢ᠂ ᠪᠠᠭᠲᠠᠭᠠᠮᠵᠢ᠂ ᠲᠤᠭ᠎ᠠ  ᠬᠡᠮᠵᠢᠶ᠎ᠡ᠂ ᠦᠶᠡᠷ ᠰᠠᠯᠭᠠᠬᠤ ᠢᠨᠵᠧᠨᠧᠷᠢᠩ ᠤᠨ ᠬᠡᠪᠴᠢᠶ᠎ᠡ ᠵᠡᠷᠭᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ᠃      ︵ᠬᠤᠶᠠᠷ︶ ᠢᠨᠵᠧᠨᠧᠷᠢᠩ ᠤᠨ ᠵᠡᠷᠭᠡ ᠳᠡᠰ ᠵᠢᠴᠢ ᠵᠢᠷᠤᠭ ᠲᠦᠯᠦᠪᠯᠡᠭᠡ ᠶᠢᠨ ᠪᠠᠷᠢᠮᠵᠢᠶ᠎ᠠ      1 . ᠢᠨᠵᠧᠨᠧᠷᠢᠩ ᠤᠨ ᠦᠶᠡᠷ ᠢ ᠰᠡᠷᠭᠡᠶᠢᠯᠡᠬᠦ ᠪᠠᠷᠢᠮᠵᠢᠶ᠎ᠠ᠂ ᠤᠰᠤᠲᠤᠯ ᠢ ᠠᠷᠢᠯᠭᠠᠬᠤ ︵ᠤᠰᠤᠲᠤᠯ ᠢ ᠵᠠᠰᠠᠬᠤ︶ ᠪᠠᠷᠢᠮᠵᠢᠶ᠎ᠠ ᠶᠢᠨ ᠬᠤᠪᠢᠷᠠᠯᠲᠠ︔︔      2. ᠢᠨᠵᠧᠨᠧᠷᠢᠩ ᠤᠨ ᠲᠡᠰ ᠵᠡᠷᠭᠡ᠂ ᠭᠤᠣᠯ ᠢᠨᠵᠧᠨᠧᠷᠢᠩ ᠤᠨ ᠲᠡᠰ ᠤᠨ ᠬᠤᠪᠢᠷᠠᠯᠲᠠ︔      3. ᠭᠤᠣᠯ ᠪᠣᠯᠬᠤ ᠢᠨᠵᠧᠨᠧᠷᠢᠩ ᠤᠨ ᠦᠶᠡᠷ ᠤᠨ ᠪᠠᠷᠢᠮᠵᠢᠶ᠎ᠠ᠂ ᠭᠠᠵᠠᠷ ᠬᠥᠳᠡᠯᠦᠯᠲᠡ ᠶᠢ ᠳᠠᠭᠠᠭᠠᠬᠤ ᠵᠢᠷᠤᠭ ᠲᠥᠯᠥᠪᠯᠡᠭᠡ ᠵᠡᠷᠭᠡ ᠶᠢᠨ ᠠᠶᠦᠯᠬᠦᠢ ᠶᠢᠨ ᠪᠠᠷᠢᠮᠵᠢᠶ᠎ᠠ ᠶᠢᠨ ᠬᠤᠪᠢᠷᠠᠯᠲᠠ᠃      ︵ᠭᠤᠷᠪᠠ︶ ᠢᠨᠵᠧᠨᠧᠷᠢᠩ ᠤᠨ ᠪᠠᠶᠢᠷᠢᠯᠠᠭᠤᠯᠤᠯᠲᠠ ᠵᠢᠴᠢ ᠪᠠᠷᠢᠯᠭ᠎ᠠ      1 . ᠤᠰᠤᠨ ᠴᠥᠭᠦᠷᠥᠮ᠂ ᠤᠰᠤᠨ ᠬᠠᠭᠠᠯᠲᠠ ᠶᠢᠨ ᠪᠠᠷᠢᠯᠭ᠎ᠠ      ︵1︶ ᠤᠰᠤ ᠬᠠᠰᠢᠬᠤ᠂ ᠤᠰᠤ ᠵᠠᠯᠠᠬᠤ᠂ ᠤᠰᠤ ᠲᠠᠲᠠᠬᠤ ︵ᠬᠠᠩᠭᠠᠬᠤ︶᠂ ᠬᠠᠰᠢᠯᠭ᠎ᠠ ᠳᠠᠪᠠᠭ᠋ᠤ ᠵᠡᠷᠭᠡ ᠭᠤᠣᠯ ᠪᠣᠯᠬᠤ ᠪᠠᠷᠢᠯᠭ᠎ᠠ ᠶᠢᠨ ᠪᠠᠶᠢᠷᠢᠯᠠᠯ᠂ ᠲᠡᠩᠭᠡᠯᠢᠭ ᠱᠤᠭᠤᠮ᠂ ᠪᠠᠷᠢᠯᠭ᠎ᠠ ᠶᠢᠨ ᠪᠠᠶᠢᠷᠢᠯᠠᠭᠤᠯᠤᠯᠲᠠ᠂ ᠭᠤᠣᠯ ᠪᠣᠯᠬᠤ ᠪᠦᠲᠦᠴᠡ ᠶᠢᠨ ᠬᠡᠯᠪᠡᠷᠢ ᠶᠢᠨ ᠬᠤᠪᠢᠷᠠᠯᠲᠠ︔︔      ︵2︶ ᠭᠤᠤᠯ ᠪᠣᠯᠬᠤ ᠤᠰᠤ ᠬᠠᠰᠢᠬᠤ ᠪᠠᠷᠢᠯᠭ᠎ᠠ ᠶᠢᠨ ᠥᠨᠳᠥᠷ ᠤᠨ ᠬᠡᠮᠵᠢᠶ᠎ᠡ᠂ ᠨᠡᠪᠴᠢᠬᠦ ᠶᠢ ᠰᠡᠷᠭᠡᠶᠢᠯᠡᠬᠦ ᠬᠡᠯᠪᠡᠷᠢ ᠮᠠᠶ᠋ᠢᠭ᠂ ᠬᠠᠰᠢᠯᠭ᠎ᠠ ᠪᠠᠷᠢᠬᠤ ᠮᠠᠲ᠋ᠧᠷᠢᠶᠠᠯ ᠪᠠ ᠣᠷᠣᠨ ᠬᠤᠪᠢᠶᠠᠨ ᠵᠢᠷᠤᠵᠤ ᠲᠥᠯᠥᠪᠯᠡᠬᠦ᠂ ᠪᠦᠲᠦᠴᠡ ᠶᠢ ᠵᠢᠷᠤᠵᠤ ᠲᠥᠯᠥᠪᠯᠡᠬᠦ ᠴᠢᠬᠤᠯᠠ ᠶᠡᠭᠡ ᠬᠤᠪᠢᠷᠠᠯᠲᠠ︔︔      ︵3︶ ᠭᠤᠣᠯ ᠪᠣᠯᠬᠤ ᠤᠰᠤ ᠵᠠᠯᠠᠬᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠴᠢᠬᠤᠯᠠ ᠶᠡᠭᠡ ᠬᠤᠪᠢᠷᠠᠯᠲᠠ︔︔      ︵4︶ ᠤᠰᠤ ᠲᠠᠲᠠᠬᠤ ᠪᠠᠷᠢᠯᠭ᠎ᠠ ᠶᠢᠨ ᠤᠰᠤ ᠣᠷᠣᠭᠤᠯᠬᠤ ᠠᠮᠠᠰᠠᠷ ᠤᠨ ᠪᠦᠲᠦᠴᠡ ᠶᠢᠨ ᠵᠢᠷᠤᠭ ᠲᠥᠯᠥᠪᠯᠡᠭᠡ ᠶᠢᠨ ᠴᠢᠬᠤᠯᠠ ᠶᠡᠭᠡ ᠬᠤᠪᠢᠷᠠᠯᠲᠠ︔︔      ︵5︶ ᠭᠤᠣᠯ ᠪᠣᠯᠬᠤ ᠪᠠᠷᠢᠯᠭ᠎ᠠ ᠶᠢᠨ ᠰᠠᠭᠤᠷᠢ ᠶᠢ ᠰᠢᠢᠳᠪᠦᠷᠢᠯᠡᠬᠦ ᠲᠥᠰᠦᠯ᠂ ᠴᠢᠬᠤᠯᠠ ᠬᠠᠵᠠᠭᠤ ᠬᠥᠲᠥᠯ ᠢ ᠵᠠᠰᠠᠬᠤ ᠲᠥᠰᠦᠯ ᠤᠨ ᠴᠢᠬᠤᠯᠠ ᠶᠡᠭᠡ ᠬᠤᠪᠢᠷᠠᠯᠲᠠ᠃      2 . ᠴᠠᠬᠢᠯᠭᠠᠨ ᠥᠷᠲᠡᠭᠡ᠂ ᠬᠥᠭᠡᠷᠭᠡ ᠶᠢᠨ ᠥᠷᠲᠡᠭᠡ ᠶᠢᠨ ᠢᠨᠵᠧᠨᠧᠷᠢᠩ       ︵1︶ ᠭᠤᠣᠯ ᠪᠣᠯᠬᠤ ᠪᠠᠷᠢᠯᠭ᠎ᠠ ᠶᠢᠨ ᠪᠠᠶᠢᠷᠢ᠂ ᠲᠡᠩᠭᠡᠯᠢᠭ ᠱᠤᠭᠤᠮ ᠤᠨ ᠴᠢᠬᠤᠯᠠ ᠶᠡᠭᠡ ᠬᠤᠪᠢᠷᠠᠯᠲᠠ︔︔      ︵2︶ ᠦᠢᠯᠡᠳᠪᠦᠷᠢ ᠶᠢᠨ ᠲᠣᠭᠤᠷᠢᠭ ᠤᠨ ᠪᠠᠶᠢᠷᠢᠯᠠᠭᠤᠯᠤᠯᠲᠠ᠂ ᠭᠤᠣᠯ ᠪᠠᠷᠢᠯᠭ᠎ᠠ ᠶᠢᠨ ᠪᠦᠷᠢᠯᠳᠦᠬᠦᠨ ᠤ ᠴᠢᠬᠤᠯᠠ ᠶᠡᠭᠡ ᠬᠤᠪᠢᠷᠠᠯᠲᠠ︔︔      ︵3︶ ᠴᠠᠬᠢᠯᠭᠠᠨ ︵ᠬᠥᠭᠡᠷᠭᠡ︶ ᠥᠷᠲᠡᠭᠡ ᠶᠢᠨ ᠭᠤᠤᠯ ᠪᠣᠯᠬᠤ ᠪᠠᠷᠢᠯᠭ᠎ᠠ ᠶᠢᠨ ᠬᠡᠯᠪᠡᠷᠢ ᠮᠠᠶ᠋ᠢᠭ᠂ ᠰᠠᠭᠤᠷᠢ ᠶᠢ ᠰᠢᠢᠳᠪᠦᠷᠢᠯᠡᠬᠦ ᠲᠥᠰᠦᠯ ᠤᠨ ᠴᠢᠬᠤᠯᠠ ᠶᠡᠭᠡ ᠬᠤᠪᠢᠷᠠᠯᠲᠠ︔︔      ︵4︶ ᠴᠢᠬᠤᠯᠠ ᠵᠠᠬ᠎ᠠ ᠬᠥᠲᠥᠯ ᠢ ᠵᠠᠰᠠᠬᠤ ᠲᠥᠰᠦᠯ ᠤᠨ ᠴᠢᠬᠤᠯᠠ ᠶᠡᠭᠡ ᠬᠤᠪᠢᠷᠠᠯᠲᠠ᠃      3 . ᠤᠰᠤ ᠬᠠᠩᠭᠠᠬᠤ᠂ ᠤᠰᠤᠯᠠᠬᠤ ᠵᠢᠴᠢ ᠤᠰᠤ ᠲᠠᠲᠠᠷᠠᠭᠤᠯᠬᠤ ᠢᠨᠵᠧᠨᠧᠷᠢᠩ      ︵1︶ ᠤᠰᠤᠨ ᠤ ᠡᠬᠢ ᠰᠤᠷᠪᠤᠯᠵᠢ᠂ ᠤᠰᠤ ᠠᠪᠬᠤ ᠠᠷᠭ᠎ᠠ ᠬᠡᠯᠪᠡᠷᠢ ᠵᠢᠴᠢ ᠤᠰᠤ ᠳᠠᠮᠵᠢᠭᠤᠯᠬᠤ ᠠᠷᠭ᠎ᠠ ᠬᠡᠯᠪᠡᠷᠢ ᠶᠢᠨ ᠴᠢᠬᠤᠯᠠ ᠶᠡᠭᠡ ᠬᠤᠪᠢᠷᠠᠯᠲᠠ︔︔      ︵2︶ ᠭᠤᠤᠯ ᠰᠤᠪᠠᠭ ︵ᠱᠤᠭᠤᠮ︶ ᠵᠢᠴᠢ ᠲᠡᠭᠦᠨ ᠠᠴᠠ ᠳᠡᠭᠡᠭᠰᠢᠬᠢ ᠪᠠᠷᠢᠯᠭ᠎ᠠ ᠶᠢᠨ ᠵᠠᠮ ᠱᠤᠭᠤᠮ᠂ ᠭᠤᠤᠯ ᠪᠣᠯᠬᠤ ᠪᠠᠷᠢᠯᠭ᠎ᠠ ᠶᠢᠨ ᠪᠠᠶᠢᠷᠢᠯᠠᠭᠤᠯᠤᠯᠲᠠ ᠵᠢᠴᠢ ᠪᠦᠲᠦᠴᠡ ᠶᠢᠨ ᠬᠡᠯᠪᠡᠷᠢ ᠮᠠᠶ᠋ᠢᠭ ᠵᠢᠴᠢ ᠪᠠᠷᠢᠯᠭ᠎ᠠ ᠶᠢᠨ ᠰᠠᠭᠤᠷᠢ ᠶᠢ  ᠰᠢᠳᠪᠥᠷᠢᠯᠠᠬᠦ ᠲᠥᠰᠦᠯ᠂ ᠴᠢᠬᠤᠯᠠ ᠪᠣᠯᠬᠤ ᠬᠠᠵᠠᠭᠤ ᠬᠥᠲᠥᠯ ᠢ ᠵᠠᠰᠠᠬᠤ ᠲᠥᠰᠦᠯ ᠤᠨ ᠴᠢᠬᠤᠯᠠ ᠶᠡᠭᠡ ᠬᠤᠪᠢᠷᠠᠯᠲᠠ︔︔      ︵3︶ ᠭᠤᠣᠯ ᠰᠤᠪᠠᠭ ︵ᠱᠤᠭᠤᠮ︶ ᠵᠢᠴᠢ ᠲᠡᠭᠦᠨ ᠠᠴᠠ ᠳᠡᠭᠡᠭᠰᠢᠬᠢ ᠪᠠᠷᠢᠯᠭ᠎ᠠ ᠳᠤ ᠳᠠᠷᠤᠯᠲᠠᠲᠤ ᠤᠰᠤ ᠳᠠᠮᠵᠢᠭᠤᠯᠬᠤ ᠬᠤᠭᠤᠯᠠᠢ ᠶᠢᠨ ᠮᠠᠲ᠋ᠧᠷᠢᠶᠠᠯ᠂ ᠵᠢᠷᠤᠭ ᠲᠥᠯᠥᠪᠯᠡᠭᠡ ᠶᠢᠨ ᠳᠠᠷᠤᠯᠲᠠ ᠵᠢᠴᠢ ᠳᠠᠷᠤᠯᠲᠠ ᠲᠣᠬᠢᠷᠠᠭᠤᠯᠬᠤ ᠲᠥᠬᠦᠭᠡᠷᠦᠮᠵᠢ ᠶᠢᠨ ᠴᠢᠬᠤᠯᠠ ᠶᠡᠭᠡ ᠬᠤᠪᠢᠷᠠᠯᠲᠠ ᠃      4 . ᠬᠠᠰᠢᠯᠭ᠎ᠠ ᠶᠢᠨ ᠪᠠᠷᠢᠯᠭ᠎ᠠ ᠵᠢᠴᠢ ᠦᠶᠡᠷ ᠲᠤᠭᠳᠠᠭᠠᠬᠤ ᠣᠷᠣᠨ ᠤ ᠢᠨᠵᠧᠨᠧᠷᠢᠩ ︵1︶ ᠳᠠᠯᠠᠩ ᠤᠨ ᠱᠤᠭᠤᠮ ᠵᠢᠴᠢ ᠪᠠᠷᠢᠯᠭ᠎ᠠ ᠶᠢ ᠪᠠᠶᠢᠷᠢᠯᠠᠭᠤᠯᠬᠤ᠂ ᠳᠠᠯᠠᠩ ᠤᠨ ᠣᠷᠣᠶ ᠶᠢᠨ ᠡᠷᠭᠦᠭᠳᠡᠴᠡ ᠶᠢᠨ ᠴᠢᠬᠤᠯᠠ ᠶᠡᠭᠡ ᠬᠤᠪᠢᠷᠠᠯᠲᠠ︔︔      ︵2︶ ᠬᠠᠰᠢᠯᠭ᠎ᠠ ᠶᠢᠨ ᠨᠡᠪᠴᠢᠬᠦ ᠶᠢ ᠰᠡᠷᠭᠡᠶᠢᠯᠡᠬᠦ ᠬᠡᠯᠪᠡᠷᠢ ᠮᠠᠶ᠋ᠢᠭ᠂ ᠬᠠᠰᠢᠯᠭ᠎ᠠ ᠪᠠᠷᠢᠬᠤ ᠮᠠᠲ᠋ᠧᠷᠢᠶᠠᠯ᠂ ᠪᠦᠲᠦᠴᠡ ᠶᠢᠨ ᠵᠢᠷᠤᠭ ᠲᠥᠯᠥᠪᠯᠡᠭᠡ᠂ ᠡᠷᠭᠢ ᠬᠠᠮᠠᠭᠠᠯᠠᠬᠤ ᠪᠠ ᠨᠠᠯᠠᠤ ᠬᠠᠮᠠᠭᠠᠯᠠᠬᠤ ᠬᠡᠯᠪᠡᠷᠢ ᠶᠢᠨ ᠴᠢᠬᠤᠯᠠ ᠶᠡᠭᠡ ᠬᠤᠪᠢᠷᠠᠯᠲᠠ︔︔      ︵3︶ ᠬᠠᠰᠢᠯᠭ᠎ᠠ ᠳᠠᠯᠠᠩ ᠤᠨ ᠠᠮᠤᠷ ᠲᠦᠪᠰᠢᠨ ᠳᠤ ᠨᠥᠯᠥᠭᠡ ᠲᠠᠢ ᠰᠣᠯᠪᠢᠴᠠᠭᠰᠠᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠦᠯ ᠤᠨ ᠴᠢᠬᠤᠯᠠ ᠶᠡᠭᠡ ᠬᠤᠪᠢᠷᠠᠯᠲᠠ︔      ︵4︶ ᠦᠶᠡᠷ ᠢ ᠰᠡᠷᠭᠡᠶᠢᠯᠡᠬᠦ ᠵᠢᠴᠢ ᠠᠶᠤᠯᠭᠦᠢ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠡᠯᠪᠡᠷᠢ ᠮᠠᠶ᠋ᠢᠭ᠂ ᠦᠶᠡᠷ ᠢ ᠰᠠᠯᠭᠠᠬᠤ ᠪᠠᠷᠢᠯᠭ᠎ᠠ ᠶᠢᠨ ᠬᠡᠯᠪᠡᠷᠢ ᠮᠠᠶ᠋ᠢᠭ ᠤᠨ ᠴᠢᠬᠤᠯᠠ ᠶᠡᠭᠡ ᠬᠤᠪᠢᠷᠠᠯᠲᠠ᠃      ︵ᠳᠥᠷᠪᠡ︶ ᠮᠠᠰᠢᠨ ᠴᠠᠬᠢᠯᠭᠠᠨ ᠵᠢᠴᠢ ᠲᠡᠮᠦᠷᠯᠢᠭ ᠤᠨ ᠪᠦᠲᠦᠴᠡ      1 . ᠤᠰᠤᠨ ᠬᠦᠴᠦᠨ ᠤ ᠮᠧᠬᠠᠨᠢᠭ      ︵1︶ ᠤᠰᠤᠨ ᠴᠠᠬᠢᠯᠭᠠᠨ ᠥᠷᠲᠡᠭᠡᠨ ᠤ ᠤᠰᠤᠨ ᠲᠦᠷᠪᠢᠨ ᠮᠠᠰᠢᠨ ᠤ ᠬᠡᠯᠪᠡᠷᠢ᠂ ᠪᠠᠶᠢᠷᠢᠯᠠᠭᠤᠯᠬᠤ ᠬᠡᠯᠪᠡᠷᠢ᠂ ᠲᠠᠯᠪᠢᠭᠤᠷ ᠤᠨ ᠲᠣᠭᠠᠨ ᠤ ᠬᠤᠪᠢᠷᠠᠯᠲᠠ︔︔      ︵2︶ ᠲᠣᠮᠣ ᠳᠤᠮᠳᠠ ᠬᠡᠯᠪᠡᠷᠢ ᠶᠢᠨ ᠬᠥᠭᠡᠷᠭᠡ ᠶᠢᠨ ᠥᠷᠲᠡᠭᠡ ᠶᠢᠨ ᠤᠰᠤᠨ ᠬᠥᠭᠡᠷᠭᠡ ᠶᠢᠨ ᠬᠡᠯᠪᠡᠷᠢ ᠮᠠᠶ᠋ᠢᠭ᠂ ᠪᠠᠶᠢᠷᠢᠯᠠᠭᠤᠯᠬᠤ ᠬᠡᠯᠪᠡᠷᠢ ᠮᠠᠶ᠋ᠢᠭ᠂ ᠲᠠᠯᠪᠢᠭᠤᠷ ᠤᠨ ᠲᠤᠭ᠎ᠠ ᠶᠢᠨ ᠬᠤᠪᠢᠷᠠᠯᠲᠠ︔︔      ︵3︶ ᠳᠠᠷᠤᠯᠲᠠᠲᠤ ᠤᠰᠤ ᠳᠠᠮᠵᠢᠭᠤᠯᠬᠤ ᠰᠢᠰᠲ᠋ᠧᠮ ᠤᠨ ᠤᠷᠤᠰᠬᠠᠯ ᠲᠣᠬᠢᠷᠠᠭᠤᠯᠬᠤ ᠳᠠᠷᠤᠯᠲᠠ ᠲᠣᠬᠢᠷᠠᠭᠤᠯᠬᠤ ᠲᠥᠬᠦᠭᠡᠷᠦᠮᠵᠢ ᠶᠢᠨ ᠬᠡᠯᠪᠡᠷᠢ᠂ ᠲᠤᠭ᠎ᠠ ᠬᠡᠮᠵᠢᠶᠡᠨ ᠤ ᠴᠢᠬᠤᠯᠠ ᠶᠡᠭᠡ ᠬᠤᠪᠢᠷᠠᠯᠲᠠ᠃      2. ᠴᠠᠬᠢᠯᠭᠠᠨ ᠢᠨᠵᠧᠨᠧᠷᠢᠩ      ︵1︶ ᠤᠲᠠᠰᠤ ᠭᠠᠷᠭᠠᠬᠤ ᠬᠦᠴᠦᠳᠡᠯ ᠤᠨ ᠳᠡᠰ ᠨᠢ 110 ᠺᠢᠯᠤᠸᠠᠲ ᠵᠢᠴᠢ ᠲᠡᠭᠦᠨ ᠠᠴᠠ ᠳᠡᠭᠡᠭᠰᠢᠬᠢ ᠴᠠᠬᠢᠯᠭᠠᠨ ᠥᠷᠲᠡᠭᠡ ᠳᠤ ᠵᠠᠯᠭᠠᠵᠤ ᠤᠷᠤᠭᠤᠯᠤᠭᠰᠠᠨ ᠴᠠᠬᠢᠯᠭᠠᠨ ᠬᠦᠴᠦᠨ ᠤ ᠰᠢᠰᠲ᠋ᠧᠮ ᠤᠨ ᠵᠠᠯᠭᠠᠬᠤ ᠴᠡᠭ᠂ ᠭᠤᠣᠯ ᠵᠠᠯᠭᠠᠬᠤ ᠱᠤᠭᠤᠮ ᠤᠨ ᠬᠡᠯᠪᠡᠷᠢ᠂ ᠣᠷᠣᠵᠤ ᠭᠠᠷᠬᠤ ᠱᠤᠭᠤᠮ ᠤᠨ ᠪᠤᠴᠠᠯ ᠬᠡᠯᠬᠢᠶ᠎ᠡ ᠶᠢᠨ ᠲᠤᠭ᠎ᠠ ᠵᠢᠴᠢ ᠥᠨᠳᠥᠷ ᠬᠦᠴᠦᠳᠡᠯᠲᠦ ᠴᠠᠬᠢᠯᠭᠠᠨ ᠲᠦᠭᠡᠭᠡᠬᠦ ᠲᠥᠬᠦᠭᠡᠷᠦᠮᠵᠢ ᠶᠢᠨ ᠬᠡᠯᠪᠡᠷᠢ ᠶᠢᠨ ᠬᠤᠪᠢᠷᠠᠯᠲᠠ︔      ︵2︶ 110  ᠺᠢᠯᠤᠸᠠᠲ ᠵᠢᠴᠢ ᠲᠡᠭᠦᠨ ᠠᠴᠠ ᠳᠡᠭᠡᠭᠰᠢᠬᠢ ᠴᠠᠬᠢᠯᠭᠠᠨ ᠬᠦᠴᠦᠳᠡᠯ ᠤᠨ ᠲᠡᠰ ᠤᠨ ᠬᠥᠭᠡᠷᠭᠡ ᠶᠢᠨ ᠤᠢᠷᠳᠡᠭᠡ ᠶᠢᠨ ᠴᠠᠬᠢᠯᠭᠠᠨ ᠬᠠᠩᠭᠠᠬᠤ ᠴᠠᠬᠢᠯᠭᠠᠨ ᠬᠦᠴᠦᠳᠡᠯ᠂ ᠭᠤᠣᠯ ᠵᠠᠯᠭᠠᠬᠤ ᠬᠡᠯᠪᠡᠷᠢ᠂ ᠣᠷᠣᠵᠤ ᠭᠠᠷᠬᠤ ᠬᠡᠯᠬᠢᠶᠡᠨ ᠤ ᠪᠤᠴᠠᠯ ᠬᠡᠯᠬᠢᠶᠡᠨ ᠤ ᠲᠤᠭ᠎ᠠ᠂ ᠥᠨᠳᠥᠷ ᠬᠦᠴᠦᠳᠡᠯᠲᠦ ᠴᠠᠬᠢᠯᠭᠠᠨ ᠲᠦᠭᠡᠭᠡᠬᠦ ᠲᠣᠨᠣᠭᠯᠠᠯ ᠤᠨ ᠬᠡᠯᠪᠡᠷᠢ ᠶᠢᠨ ᠬᠤᠪᠢᠷᠠᠯᠲᠠ︔︔      ︵3︶ ᠲᠣᠮᠣ ᠬᠡᠯᠪᠡᠷᠢ ᠶᠢᠨ ᠬᠥᠭᠡᠷᠭᠡ ᠶᠢᠨ ᠥᠷᠲᠡᠭᠡ ᠶᠢᠨ ᠥᠨᠳᠥᠷ ᠳᠠᠷᠤᠯᠲᠠᠲᠤ ᠭᠤᠣᠯ ᠴᠠᠬᠢᠯᠭᠠᠨ ᠬᠥᠳᠡᠯᠭᠡᠭᠦᠷ ᠤᠨ ᠬᠡᠯᠪᠡᠷᠢ᠂ ᠬᠥᠳᠡᠯᠭᠡᠬᠦ ᠬᠡᠯᠪᠡᠷᠢ ᠶᠢᠨ ᠬᠤᠪᠢᠷᠠᠯᠲᠠ᠃      3 . ᠲᠡᠮᠦᠷᠯᠢᠭ ᠤᠨ ᠪᠦᠲᠦᠴᠡ      ︵1︶ ᠦᠶᠡᠷ ᠢ ᠰᠡᠷᠭᠡᠶᠢᠯᠡᠬᠦ᠂ ᠤᠰᠤ ᠵᠠᠯᠠᠬᠤ ᠴᠢᠳᠠᠮᠵᠢ ᠲᠠᠢ ᠬᠠᠭᠠᠯᠲᠠ ᠶᠢᠨ ᠠᠵᠢᠯ ᠤᠨ ᠰᠢᠨᠵᠢ ᠴᠢᠨᠠᠷ᠂ ᠬᠠᠭᠠᠯᠲᠠ ᠶᠢᠨ ᠡᠭᠦᠳᠡ ᠶᠢᠨ ᠬᠡᠯᠪᠡᠷᠢ᠂ ᠪᠠᠶᠢᠷᠢᠯᠠᠭᠤᠯᠬᠤ ᠲᠥᠰᠦᠯ᠂ ᠨᠡᠭᠡᠭᠡᠵᠦ ᠬᠠᠭᠠᠬᠤ ᠲᠥᠬᠦᠭᠡᠷᠦᠮᠵᠢ ᠶᠢᠨ ᠬᠡᠯᠪᠡᠷᠢ ᠶᠢᠨ ᠴᠢᠬᠤᠯᠠ ᠶᠡᠭᠡ ᠬᠤᠪᠢᠷᠠᠯᠲᠠ︔︔      ︵2︶ ᠴᠠᠬᠢᠯᠭᠠᠨ ᠥᠷᠲᠡᠭᠡ᠂ ᠬᠥᠭᠡᠷᠭᠡ ᠶᠢᠨ ᠥᠷᠲᠡᠭᠡ ᠵᠡᠷᠭᠡ ᠪᠠᠷᠢᠯᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠨᠡᠭᠡᠯᠡᠬᠡᠶ ᠶᠢᠨ ᠠᠵᠢᠯ ᠤᠨ ᠰᠢᠨᠵᠢ ᠴᠢᠨᠠᠷ᠂ ᠨᠡᠭᠡᠯᠡᠬᠡᠶ ᠶᠢᠨ ᠬᠡᠯᠪᠡᠷᠢ᠂ ᠪᠠᠶᠢᠷᠢᠯᠠᠭᠤᠯᠬᠤ ᠲᠥᠰᠦᠯ᠂ ᠨᠡᠭᠡᠭᠡᠵᠦ ᠬᠠᠭᠠᠬᠤ ᠲᠥᠬᠦᠭᠡᠷᠦᠮᠵᠢ ᠶᠢᠨ ᠬᠡᠯᠪᠡᠷᠢ ᠶᠢᠨ ᠴᠢᠬᠤᠯᠠ ᠶᠡᠭᠡ ᠬᠤᠪᠢᠷᠠᠯᠲᠠ︔︔      ︵3︶ ᠤᠷᠤᠰᠬᠠᠯ ᠵᠠᠯᠠᠬᠤ ᠬᠠᠭᠠᠯᠲᠠ ᠶᠢᠨ ᠡᠭᠦᠳᠡ ᠶᠢᠨ ᠬᠡᠯᠪᠡᠷᠢ᠂ ᠪᠦᠲᠦᠴᠡ᠂ ᠪᠠᠶᠢᠷᠢᠯᠠᠭᠤᠯᠬᠤ ᠲᠥᠰᠦᠯ ᠤᠨ ᠴᠢᠬᠤᠯᠠ ᠶᠡᠭᠡ ᠬᠤᠪᠢᠷᠠᠯᠲᠠ᠃      ︵ᠲᠠᠪᠤ︶ ᠪᠠᠷᠢᠯᠭ᠎ᠠ ᠶᠢᠨ ᠵᠣᠬᠢᠶᠠᠨ ᠪᠠᠶᠢᠭᠤᠯᠤᠯᠳᠠ ᠶᠢᠨ ᠵᠢᠷᠤᠭ ᠲᠦᠯᠦᠪᠯᠡᠭᠡ      1 . ᠤᠰᠤᠨ ᠴᠥᠭᠦᠷᠥᠮ ᠤᠨ ᠵᠠᠩᠭᠢᠯᠠᠭ᠎ᠠ ᠪᠣᠯᠤᠨ ᠤᠰᠤᠨ ᠴᠠᠬᠢᠯᠭᠠᠨ ᠤ ᠥᠷᠲᠡᠭᠡ ᠶᠢᠨ ᠪᠠᠷᠢᠯᠭ᠎ᠠ ᠶᠢᠨ ᠪᠧᠲ᠋ᠤᠨ ᠶᠠᠰᠤᠨ ᠮᠠᠲ᠋ᠧᠷᠢᠶᠠᠯ᠂ ᠰᠢᠷᠣᠶ ᠴᠢᠯᠠᠭᠤᠨ ᠬᠠᠰᠢᠯᠭ᠎ᠠ ᠪᠠᠷᠢᠬᠤ ᠮᠠᠲ᠋ᠧᠷᠢᠶᠠᠯ᠂ ᠪᠠᠷᠢᠯᠭ᠎ᠠ ᠶᠢᠨ ᠡᠭᠡᠭᠦᠯᠦᠨ ᠪᠥᠭᠯᠡᠬᠦ ᠮᠠᠲ᠋ᠧᠷᠢᠶᠠᠯ ᠤᠨ ᠢᠷᠡᠯᠲᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ᠃      2 . ᠤᠰᠤᠨ ᠴᠥᠭᠦᠷᠥᠮ ᠤᠨ ᠵᠠᠩᠭᠢᠯᠠᠭ᠎ᠠ ᠶᠢᠨ ᠪᠠᠷᠢᠯᠭ᠎ᠠ ᠶᠢᠨ ᠭᠤᠣᠯ ᠪᠣᠯᠬᠤ ᠪᠠᠷᠢᠯᠭ᠎ᠠ ᠶᠢᠨ ᠤᠷᠤᠰᠬᠠᠯ ᠵᠠᠯᠠᠬᠤ ᠪᠠᠷᠢᠯᠭ᠎ᠠ ᠶᠢᠨ ᠳᠡᠰ᠂ ᠤᠷᠤᠰᠬᠠᠯ ᠵᠠᠯᠠᠬᠤ ᠪᠠᠷᠢᠮᠵᠢᠶ᠎ᠠ ᠵᠢᠴᠢ ᠤᠷᠤᠰᠬᠠᠯ ᠵᠠᠯᠠᠬᠤ ᠠᠷᠭ᠎ᠠ ᠮᠠᠶ᠋ᠢᠭ ᠤᠨ ᠴᠢᠬᠤᠯᠠ ᠶᠡᠭᠡ ᠬᠤᠪᠢᠷᠠᠯᠲᠠ᠃      ᠶᠢᠰᠦᠳᠦᠭᠡᠷ ᠵᠦᠢᠯ ᠴᠢᠬᠤᠯᠠ ᠶᠡᠭᠡ ᠵᠢᠷᠤᠭ ᠲᠥᠯᠥᠪᠯᠡᠭᠡ ᠶᠢ ᠬᠤᠪᠢᠷᠠᠭᠤᠯᠬᠤ ᠠᠴᠠ ᠪᠤᠰᠤᠳ ᠵᠢᠷᠤᠭ ᠲᠥᠯᠥᠪᠯᠡᠭᠡ ᠶᠢ ᠬᠤᠪᠢᠷᠠᠭᠤᠯᠬᠤ ᠨᠢ ᠡᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠶᠠᠪᠤᠳᠠᠯ ᠪᠣᠯᠤᠨ᠎ᠠ ᠡᠭᠦᠨ ᠳᠤ ᠤᠰᠤᠨ ᠠᠰᠢᠬᠯᠠᠯᠳᠠ ᠶᠢᠨ ᠵᠠᠩᠭᠢᠯᠠᠭ᠎ᠠ ᠶᠢᠨ ᠪᠠᠷᠢᠯᠭ᠎ᠠ ᠳᠠᠬᠢ ᠳᠡᠳ᠋ ᠪᠠᠷᠢᠯᠭ᠎ᠠ ᠶᠢᠨ ᠪᠠᠶᠢᠷᠢᠯᠠᠭᠤᠯᠤᠯᠲᠠ᠂ ᠪᠦᠲᠦᠴᠡ ᠶᠢᠨ ᠬᠡᠯᠪᠡᠷᠢ ᠮᠠᠶ᠋ᠢᠭ᠂ ᠰᠠᠭᠤᠷᠢ ᠶᠢ ᠰᠢᠢᠳᠪᠦᠷᠢᠯᠡᠬᠦ ᠲᠥᠰᠦᠯ ᠬᠢᠭᠡᠳ ᠪᠠᠷᠢᠯᠭ᠎ᠠ ᠪᠠᠷᠢᠬᠤ ᠲᠥᠰᠦᠯ ᠤᠨ ᠬᠤᠪᠢᠷᠠᠯᠲᠠ︔ ᠬᠠᠰᠢᠯᠭ᠎ᠠ ᠪᠠ ᠭᠤᠤᠯ ᠤᠨ ᠵᠠᠮ ᠢ ᠵᠠᠰᠠᠬᠤ ᠢᠨᠵᠧᠨᠧᠷᠢᠩ ᠤᠨ ᠬᠡᠰᠡᠭ ᠲᠠᠯ᠎ᠠ ᠶᠢᠨ ᠬᠤᠪᠢᠷᠠᠯᠲᠠ︔ ᠤᠰᠤᠯᠠᠯᠲᠠ ᠶᠢᠨ ᠣᠷᠣᠨ ᠪᠠ ᠤᠰᠤ ᠲᠠᠲᠠᠵᠤ ᠤᠰᠤ ᠲᠠᠲᠠᠬᠤ ᠪᠠᠷᠢᠯᠭ᠎ᠠ ᠳᠠᠬᠢ ᠰᠠᠯᠪᠤᠷᠢ ᠰᠤᠪᠠᠭ ︵ᠱᠤᠭᠤᠮ︶ ᠵᠢᠴᠢ ᠲᠡᠭᠦᠨ ᠠᠴᠠ ᠳᠣᠷᠣᠭᠰᠢᠬᠢ ᠪᠠᠷᠢᠯᠭ᠎ᠠ ᠶᠢᠨ ᠬᠡᠰᠡᠭ ᠲᠠᠯ᠎ᠠ ᠶᠢᠨ ᠱᠤᠭᠤᠮ ᠤᠨ ᠲᠣᠬᠢᠷᠠᠭᠤᠯᠤᠯᠲᠠ᠂ ᠬᠡᠰᠡᠭ ᠲᠠᠯ᠎ᠠ ᠶᠢᠨ ᠰᠠᠭᠤᠷᠢ ᠰᠢᠢᠳᠪᠦᠷᠢᠯᠡᠬᠦ ᠲᠥᠰᠦᠯ ᠤᠨ ᠬᠤᠪᠢᠷᠠᠯᠲᠠ᠂ ᠳᠡᠳ᠋ ᠪᠠᠷᠢᠯᠭ᠎ᠠ ᠶᠢᠨ ᠪᠠᠶᠢᠷᠢᠯᠠᠭᠤᠯᠤᠯᠲᠠ᠂ ᠪᠦᠲᠦᠴᠡ ᠶᠢᠨ ᠬᠡᠯᠪᠡᠷᠢ ᠪᠠ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠶᠢᠨ ᠬᠤᠪᠢᠷᠠᠯᠲᠠ︔ ᠡᠩ ᠤᠨ ᠮᠠᠰᠢᠨ ᠴᠠᠬᠢᠯᠭᠠᠨ ᠤ ᠲᠥᠬᠦᠭᠡᠷᠦᠮᠵᠢ ᠵᠢᠴᠢ ᠲᠡᠮᠦᠷᠯᠢᠭ ᠪᠦᠲᠦᠴᠡ ᠶᠢᠨ ᠲᠥᠬᠦᠭᠡᠷᠦᠮᠵᠢ ᠶᠢᠨ ᠬᠡᠯᠪᠡᠷᠢ ᠶᠢᠨ ᠬᠤᠪᠢᠷᠠᠯᠲᠠ︔ ᠳᠠᠭᠠᠯᠲᠠ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢᠨ ᠬᠤᠪᠢᠷᠠᠯᠲᠠ ᠵᠡᠷᠭᠡ ᠳᠤ ᠬᠢᠵᠠᠭᠠᠷᠯᠠᠭᠳᠠᠬᠤ ᠦᠭᠡᠢ᠃      ᠠᠷᠪᠠᠳᠤᠭᠠᠷ ᠵᠦᠢᠯ ᠢᠨᠵᠧᠨᠧᠷᠢᠩ ᠤᠨ ᠨᠡᠭᠡᠭᠡᠯᠲᠡ ᠬᠢᠬᠦ ᠡᠭᠦᠷᠭᠡ ᠶᠢᠨ ᠬᠤᠪᠢᠷᠠᠯᠲᠠ ᠪᠠ ᠢᠨᠵᠧᠨᠧᠷᠢᠩ ᠤᠨ ᠬᠡᠪᠴᠢᠶ᠎ᠡ᠂ ᠵᠢᠷᠤᠭ ᠲᠥᠯᠥᠪᠯᠡᠭᠡ ᠶᠢᠨ ᠪᠠᠷᠢᠮᠵᠢᠶ᠎ᠠ᠂ ᠶᠡᠷᠦᠩᠬᠡᠶ ᠪᠠᠶᠢᠷᠢᠰᠢᠭᠤᠯᠤᠯᠲᠠ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠵᠢᠷᠤᠭ ᠲᠥᠯᠥᠪᠯᠡᠭᠡ ᠶᠢ ᠬᠤᠪᠢᠷᠠᠭᠠᠬᠤ ᠳᠤ ᠪᠣᠯ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢᠨ ᠴᠣᠬᠤᠯᠪᠣᠷᠢᠯᠠᠨ ᠬᠠᠷᠢᠭᠤᠯᠤᠭᠰᠠᠨ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠬᠤ ᠬᠡᠷᠡᠭᠲᠡᠶ᠃      ᠭᠤᠷᠪᠠᠳᠤᠭᠠᠷ ᠪᠦᠯᠦᠭ ᠵᠢᠷᠤᠭ ᠲᠥᠯᠥᠪᠯᠡᠭᠡ ᠶᠢ ᠬᠤᠪᠢᠷᠠᠭᠤᠯᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ      ᠠᠷᠪᠠᠨ ᠨᠢᠭᠡᠳᠦᠭᠡᠷ ᠵᠦᠢᠯ ᠲᠥᠷᠥᠯ ᠵᠦᠶ᠋ᠯ ᠤᠨ ᠬᠠᠤᠯᠢ ᠶᠢᠨ ᠡᠷᠬᠡᠲᠡᠨ᠂ ᠪᠠᠷᠢᠯᠭ᠎ᠠ ᠪᠠᠷᠢᠬᠤ ᠨᠢᠭᠡᠴᠡ᠂ ᠬᠢᠨᠠᠨ ᠬᠠᠮᠢᠶᠠᠷᠬᠤ ᠨᠢᠭᠡᠴᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠶᠢᠨ ᠪᠠᠶᠢᠴᠠᠭᠠᠭᠰᠠᠨ᠂ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠵᠤ ᠪᠣᠯᠬᠤ ᠦᠭᠡᠶ᠃ ᠪᠦᠲᠦᠭᠡᠨ ᠪᠠᠶᠢᠭᠤᠯᠬᠤ ᠶᠠᠪᠤᠴᠠ ᠳᠤ ᠭᠠᠷᠤᠭᠰᠠᠨ ᠠᠰᠠᠭᠤᠳᠠᠯ ᠢ ᠦᠨᠳᠦᠰᠦᠯᠡᠨ᠂ ᠪᠠᠷᠢᠯᠭ᠎ᠠ ᠪᠠᠷᠢᠬᠤ ᠨᠢᠭᠡᠴᠢ᠂ ᠬᠢᠨᠠᠨ ᠬᠠᠮᠢᠶᠠᠷᠬᠤ ᠨᠢᠭᠡᠴᠢ ᠵᠢᠴᠢ ᠲᠥᠷᠥᠯ ᠵᠦᠢᠯ ᠤᠨ ᠬᠠᠤᠯᠢ ᠶᠢᠨ ᠡᠷᠬᠡᠲᠡᠨ ᠵᠡᠷᠭᠡ ᠨᠢᠭᠡᠴᠢ ᠨᠢ ᠵᠢᠷᠤᠭ ᠲᠥᠯᠥᠪᠯᠡᠭᠡ ᠶᠢ ᠬᠤᠪᠢᠷᠠᠭᠤᠯᠬᠤ ᠰᠠᠨᠠᠭᠤᠯᠭ᠎ᠠ ᠳᠤᠷᠠᠳᠴᠤ ᠪᠣᠯᠤᠨ᠎ᠠ᠃ ᠲᠥᠷᠥᠯ ᠵᠦᠢᠯ ᠤᠨ ᠬᠠᠤᠯᠢ ᠶᠢᠨ ᠡᠷᠬᠡᠲᠡᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠰᠠᠨᠠᠭᠤᠯᠭ᠎ᠠ ᠵᠢᠴᠢ ᠤᠴᠢᠷ ᠰᠢᠯᠲᠠᠭᠠᠨ ᠳᠤ ᠦᠨᠡᠯᠡᠨ ᠵᠢᠱᠢᠯᠲᠡ ᠬᠢᠵᠦ᠂ ᠴᠢᠬᠤᠯᠠ ᠲᠠᠢ ᠦᠶ᠎ᠡ ᠳᠤ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠭᠰᠡᠨ ᠨᠢᠭᠡᠴᠢ᠂ ᠪᠠᠷᠢᠯᠭ᠎ᠠ ᠪᠠᠷᠢᠬᠤ ᠨᠢᠭᠡᠴᠢ᠂ ᠬᠢᠨᠠᠨ ᠬᠠᠮᠢᠶᠠᠷᠬᠤ ᠨᠢᠭᠡᠴᠢ ᠵᠢᠴᠢ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠰᠠᠨᠠᠭᠤᠯᠭ᠎ᠠ ᠳᠤ ᠮᠡᠷᠭᠡᠵᠢᠯ᠂ ᠠᠵᠤ ᠠᠬᠤᠶ ᠶᠢᠨ ᠨᠤᠲᠠᠯᠠᠯᠲᠠ ᠬᠢᠬᠦ ᠭᠡᠷᠡᠭᠳᠡᠢ᠃      ᠠᠷᠪᠠᠨ ᠬᠤᠶᠠᠳᠤᠭᠠᠷ ᠵᠦᠢᠯ ᠢᠨᠵᠧᠨᠧᠷᠢᠩ ᠢ ᠬᠠᠶᠢᠨ ᠪᠠᠶᠢᠴᠠᠭᠠᠬᠰᠠᠨ᠂ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ ᠢ ᠬᠤᠪᠢᠷᠠᠭᠤᠯᠬᠤ ᠳᠤ ᠤᠤᠯ ᠤᠨ ᠬᠠᠶᠢᠨ ᠪᠠᠶᠢᠴᠠᠭᠠᠭᠰᠠᠨ᠂ ᠵᠢᠷᠤᠵᠤ ᠲᠥᠯᠥᠪᠯᠡᠭᠰᠡᠨ ᠨᠢᠭᠡᠴᠢ ᠳᠤ ᠨᠠᠶᠢᠳᠠᠨ ᠬᠢᠯᠭᠡᠬᠦ ᠬᠡᠷᠡᠭᠲᠡᠶ᠃ ᠤᠤᠯ ᠤᠨ ᠬᠠᠶᠢᠨ ᠪᠠᠶᠢᠴᠠᠭᠠᠭᠰᠠᠨ᠂ ᠵᠢᠷᠤᠵᠤ ᠲᠥᠯᠥᠪᠯᠡᠭᠰᠡᠨ ᠨᠢᠭᠡᠴᠢ ᠪᠠᠷ ᠪᠢᠴᠢᠭ ᠢᠶᠠᠷ ᠵᠥᠪᠰᠢᠶᠡᠷᠡᠭᠦᠯᠦᠭᠰᠡᠨ ᠪᠠᠶᠢᠪᠠᠯ᠂ ᠲᠦᠷᠦᠯ ᠵᠦᠢᠯᠡᠰ ᠤᠨ ᠬᠠᠤᠯᠢ ᠶᠢᠨ ᠡᠷᠭᠡᠳᠡᠨ ᠨᠢ ᠪᠠᠰᠠ ᠵᠣᠬᠢᠴᠠᠩᠭᠤᠢ ᠬᠢᠷᠢ ᠬᠡᠮ ᠪᠦᠬᠦᠢ ᠪᠤᠰᠤᠳ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ ᠨᠢᠭᠡᠴᠢ ᠳᠤ ᠨᠠᠶᠢᠳᠠᠵᠤ ᠵᠠᠰᠠᠭᠤᠯᠵᠤ ᠪᠣᠯᠤᠨ᠎ᠠ᠃ ᠵᠠᠰᠠᠪᠤᠷᠢ ᠣᠷᠣᠭᠤᠯᠤᠭᠰᠠᠨ ᠨᠢᠭᠡᠴᠢ ᠨᠢ ᠵᠠᠰᠠᠪᠤᠷᠢ ᠣᠷᠣᠭᠤᠯᠤᠭᠰᠠᠨ ᠬᠠᠶᠢᠨ ᠪᠠᠶᠢᠴᠠᠭᠠᠭᠰᠠᠨ᠂ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ ᠳᠤ ᠵᠣᠬᠢᠴᠠᠩᠭᠤᠢ ᠬᠠᠷᠢᠭᠤᠴᠠᠯᠭ᠎ᠠ ᠡᠭᠦᠷᠭᠡᠯᠡᠨ᠎ᠡ᠃      ᠠᠷᠪᠠᠨ ᠭᠤᠷᠪᠠᠳᠤᠭᠠᠷ ᠵᠦᠢᠯ ᠪᠤᠰᠤᠳ ᠭᠠᠵᠠᠷ ᠣᠷᠣᠨ ᠪᠣᠯᠤᠨ ᠠᠵᠢᠯ ᠲᠥᠷᠥᠯ ᠤᠨ ᠤᠰᠤᠨ ᠠᠰᠢᠬᠯᠠᠯᠳᠠ ᠶᠢᠨ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠳᠤ ᠬᠤᠯᠪᠣᠭᠳᠠᠭᠰᠠᠨ ᠪᠠᠶᠢᠪᠠᠯ᠂ ᠡᠷᠬᠡᠪᠰᠢ ᠤᠷᠢᠳᠠᠪᠠᠷ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃      ᠠᠷᠪᠠᠨ ᠳᠥᠷᠪᠡᠳᠦᠭᠡᠷ ᠵᠦᠢᠯ ᠴᠢᠬᠤᠯᠠ ᠶᠡᠭᠡ ᠵᠢᠷᠤᠭ ᠲᠥᠯᠥᠪᠯᠡᠭᠡ ᠶᠢ ᠬᠤᠪᠢᠷᠠᠭᠤᠯᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠳᠤ ᠠᠩᠬ᠎ᠠ ᠠᠯᠬᠤᠮ ᠤᠨ ᠵᠢᠷᠤᠭ ᠲᠥᠯᠥᠪᠯᠡᠭᠡᠨ ᠤ ᠱᠠᠲᠤ ᠦᠶ᠎ᠡ ᠶᠢᠨ ᠵᠢᠷᠤᠭ ᠲᠥᠯᠥᠪᠯᠡᠭᠡ ᠶᠢᠨ ᠭᠦᠨᠴᠡ ᠶᠢᠨ ᠱᠠᠭᠠᠷᠳᠠᠯᠭ᠎ᠠ ᠶᠢ ᠬᠠᠩᠭᠠᠵᠤ᠂ ᠨᠥᠬᠦᠴᠡᠯ ᠲᠠᠢ ᠪᠣᠯ ᠪᠠᠷᠢᠯᠭ᠎ᠠ ᠶᠢᠨ ᠵᠢᠷᠤᠭ ᠵᠢᠷᠤᠵᠤ ᠲᠥᠯᠥᠪᠯᠡᠬᠦ ᠱᠠᠲᠤ ᠦᠶ᠎ᠡ ᠶᠢᠨ ᠵᠢᠷᠤᠭ ᠲᠥᠯᠥᠪᠯᠡᠭᠡ ᠶᠢᠨ ᠭᠦᠨᠴᠡ ᠪᠠᠷ ᠨᠠᠶᠢᠷᠠᠭᠤᠯᠤᠨ ᠵᠣᠬᠢᠶᠠᠵᠤ       ᠪᠣᠯᠤᠨ᠎ᠠ᠃ ᠵᠢᠷᠤᠭ ᠲᠥᠯᠥᠪᠯᠡᠭᠡ ᠶᠢ ᠬᠤᠪᠢᠷᠠᠭᠤᠯᠬᠤ ᠮᠡᠳᠡᠭᠦᠯᠦᠯᠲᠡ ᠶᠢᠨ ᠠᠭᠤᠯᠭ᠎ᠠ ᠵᠢᠴᠢ ᠳᠠᠭᠠᠯᠳᠤᠭᠤᠯᠤᠯ ᠱᠠᠭᠠᠷᠳᠠᠯᠭ᠎ᠠ ᠨᠢ ᠳᠣᠣᠷᠠᠬᠢ ᠮᠡᠲᠦ᠄      ︵ᠨᠢᠭᠡ︶ ᠵᠢᠷᠤᠭ ᠲᠥᠯᠥᠪᠯᠡᠭᠡ ᠶᠢ ᠬᠤᠪᠢᠷᠠᠭᠤᠯᠬᠤ ᠮᠡᠳᠡᠭᠦᠯᠦᠯᠲᠡ ᠶᠢᠨ ᠭᠤᠣᠯ ᠠᠭᠤᠯᠭ᠎ᠠ      1 . ᠢᠨᠵᠧᠨᠧᠷᠢᠩ ᠤᠨ ᠲᠦᠢᠮᠣ ᠪᠠᠶᠢᠳᠠᠯ      2 . ᠵᠢᠷᠤᠭ ᠲᠥᠯᠥᠪᠯᠡᠭᠡ ᠶᠢ ᠬᠤᠪᠢᠷᠠᠭᠤᠯᠤᠭᠰᠠᠨ ᠰᠢᠯᠲᠠᠭᠠᠨ᠂ ᠦᠨᠳᠦᠰᠦᠯᠡᠯ      3. ᠵᠢᠷᠤᠭ ᠲᠥᠯᠥᠪᠯᠡᠭᠡ ᠶᠢ ᠬᠤᠪᠢᠷᠠᠭᠤᠯᠬᠤ ᠵᠦᠢᠯᠡᠰ ᠪᠠ ᠠᠭᠤᠯᠭ᠎ᠠ      4 . ᠵᠢᠷᠤᠭ ᠲᠥᠯᠥᠪᠯᠡᠭᠡ ᠶᠢ ᠬᠤᠪᠢᠷᠠᠭᠤᠯᠬᠤ ᠲᠥᠰᠦᠯ ᠤᠨ ᠬᠠᠷᠢᠴᠠᠯ ᠵᠢᠴᠢ ᠵᠢᠷᠤᠭ ᠲᠥᠯᠥᠪᠯᠡᠭᠡ      5 . ᠵᠢᠷᠤᠭ ᠲᠥᠯᠥᠪᠯᠡᠭᠡ ᠶᠢᠨ ᠬᠤᠪᠢᠷᠠᠭᠤᠯᠤᠯᠲᠠ ᠠᠴᠠ ᠪᠠᠷᠢᠯᠭ᠎ᠠ ᠶᠢᠨ ᠡᠭᠦᠷᠭᠡ ᠪᠣᠯᠤᠨ ᠬᠡᠪᠴᠢᠶ᠎ᠡ᠂ ᠪᠠᠷᠢᠯᠭ᠎ᠠ ᠶᠢᠨ ᠠᠶᠤᠯ ᠦᠭᠡᠶ᠂ ᠪᠠᠷᠢᠯᠭ᠎ᠠ ᠶᠢᠨ ᠬᠤᠭᠤᠴᠠᠭ᠎ᠠ᠂ ᠠᠮᠢ ᠠᠬᠤᠶ ‍ᠣᠷᠴᠢᠨ ᠲᠣᠭᠤᠷᠢᠨ᠂ ᠪᠠᠷᠢᠯᠭ᠎ᠠ ᠶᠢᠨ ᠪᠡᠯᠡ ᠣᠷᠣᠭᠤᠯᠤᠯᠲᠠ᠂ ᠦᠷ᠎ᠡ ᠠᠰᠢᠭ ᠪᠣᠯᠤᠨ ᠠᠵᠢᠯᠯᠠᠭᠠᠨ ᠵᠡᠷᠭᠡ ᠲᠠᠯ᠎ᠠ ᠳᠤ ᠦᠵᠡᠭᠦᠯᠬᠦ ᠨᠥᠯᠥᠭᠡ ᠶᠢᠨ ᠵᠠᠳᠠᠯᠤᠯᠲᠠ      6 . ᠲᠥᠰᠦᠯ ᠢ ᠬᠤᠪᠢᠷᠠᠭᠤᠯᠬᠤ ᠢᠨᠵᠧᠨᠧᠷᠢᠩ ᠤᠨ ᠬᠡᠮᠵᠢᠶ᠎ᠡ᠂ ᠪᠠᠯᠠ ᠣᠷᠣᠭᠤᠯᠤᠯᠲᠠ ᠵᠢᠴᠢ ᠤᠤᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠲᠥᠰᠦᠯ ᠤᠨ ᠬᠤᠪᠢᠷᠠᠯᠲᠠ ᠶᠢᠨ ᠬᠠᠷᠢᠴᠠᠭᠤᠯᠤᠯ      7 . ᠳ᠋ᠦᠩᠨᠡᠯᠲᠡ ᠵᠢᠴᠢ ᠰᠠᠨᠠᠭᠤᠯᠭ᠎ᠠ      ︵ᠬᠤᠶᠠᠷ︶ ᠵᠢᠷᠤᠭ ᠲᠥᠯᠥᠪᠯᠡᠭᠡ ᠶᠢ ᠬᠤᠪᠢᠷᠠᠭᠤᠯᠬᠤ ᠮᠡᠳᠡᠭᠦᠯᠦᠯᠲᠡ ᠶᠢᠨ ᠳᠠᠭᠠᠯᠳᠤᠭᠤᠯᠤᠯ      1 . ᠲᠥᠷᠥᠯ ᠵᠦᠶ᠋ᠯ ᠤᠨ ᠤᠤᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ      2 . ᠵᠢᠷᠤᠭ ᠲᠥᠯᠥᠪᠯᠡᠭᠡ ᠶᠢ ᠬᠤᠪᠢᠷᠠᠭᠤᠯᠬᠤ ᠲᠥᠰᠦᠯ ᠤᠨ ᠬᠠᠶᠢᠨ ᠪᠠᠶᠢᠴᠠᠭᠠᠯᠲᠠ ᠶᠢᠨ ᠵᠢᠷᠤᠭ ᠲᠥᠯᠥᠪᠯᠡᠭᠡ ᠶᠢᠨ ᠵᠢᠷᠤᠭ᠂ ᠤᠤᠯ ᠤᠨ ᠵᠢᠷᠤᠭ ᠲᠥᠯᠥᠪᠯᠡᠭᠡ ᠶᠢᠨ ᠲᠥᠰᠦᠯ ᠤᠨ ᠬᠠᠷᠠᠭᠠᠯᠵᠠᠭᠰᠠᠨ ᠵᠢᠷᠤᠭ      3 . ᠬᠠᠮᠢᠶ᠎ᠠ ᠪᠥᠬᠦᠶ ᠲᠤᠷᠰᠢᠯᠲᠠ ᠶᠢᠨ ᠮᠠᠲ᠋ᠧᠷᠢᠶᠠᠯ᠂ ᠲᠤᠰᠬᠠᠶ ᠰᠡᠳᠦᠪᠲᠦ ᠰᠤᠳᠤᠯᠭᠠᠨ ᠤ ᠮᠡᠳᠡᠭᠦᠯᠦᠯᠲᠡ ᠵᠡᠷᠭᠡ       ᠠᠷᠪᠠᠨ ᠲᠠᠪᠤᠳᠤᠭᠠᠷ ᠵᠦᠢᠯ ᠡᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠪᠢᠴᠢᠭ ᠮᠠᠲ᠋ᠧᠷᠢᠶᠠᠯ ᠤᠨ ᠨᠠᠶᠢᠷᠠᠭᠤᠯᠤᠨ ᠵᠣᠬᠢᠶᠠᠭᠰᠠᠨ ᠠᠭᠤᠯᠭ᠎ᠠ ᠶᠢ ᠪᠠᠷᠢᠯᠭ᠎ᠠ ᠶᠢᠨ ᠪᠣᠳᠠᠲᠠᠶ ᠪᠠᠶᠢᠳᠠᠯ ᠢ ᠦᠨᠳᠦᠰᠦᠯᠡᠨ ᠵᠣᠬᠢᠰᠲᠠᠶ ᠳᠥᠭᠦᠮᠴᠢᠯᠡᠵᠦ ᠪᠣᠯᠤᠨ᠎ᠠ᠃      ᠳᠥᠷᠪᠡᠳᠦᠭᠡᠷ ᠪᠦᠯᠦᠭ ᠵᠢᠷᠤᠭ ᠲᠥᠯᠥᠪᠯᠡᠭᠡ ᠶᠢ ᠬᠤᠪᠢᠷᠠᠭᠤᠯᠬᠤ ᠶᠢᠨ ᠬᠢᠨᠠᠨ ᠵᠥᠪᠰᠢᠶᠡᠷᠡᠬᠦ ᠪᠠ ᠬᠡᠷᠡᠭᠵᠢᠭᠦᠯᠬᠦ      ᠠᠷᠪᠠᠨ ᠵᠢᠷᠭᠤᠳᠤᠭᠠᠷ ᠵᠦᠢᠯ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠳᠤ ᠱᠠᠲᠤ ᠬᠤᠪᠢᠶᠠᠨ ᠬᠠᠮᠢᠶᠠᠷᠬᠤ ᠳᠦᠷᠢᠮ ᠢ ᠬᠡᠷᠡᠭᠯᠡᠨ᠎ᠡ᠃ ᠴᠢᠬᠤᠯᠠ ᠶᠡᠭᠡ ᠵᠢᠷᠤᠭ ᠲᠥᠯᠥᠪᠯᠡᠭᠡ ᠶᠢ ᠬᠤᠪᠢᠷᠠᠭᠤᠯᠬᠤ ᠪᠢᠴᠢᠭ ᠮᠠᠲ᠋ᠧᠷᠢᠶᠠᠯ ᠢ ᠲᠥᠷᠥᠯ ᠵᠦᠢᠯ ᠤᠨ ᠬᠠᠤᠯᠢ ᠶᠢᠨ ᠡᠷᠬᠡᠲᠡᠨ ᠠᠴᠠ ᠤᠤᠯ ᠤᠨ ᠮᠡᠳᠡᠭᠦᠯᠦᠨ ᠬᠢᠨᠠᠭᠤᠯᠬᠤ ᠲᠠᠰ ᠳᠠᠷᠠᠭᠠᠯᠠᠯ ᠶᠣᠰᠣᠭᠠᠷ ᠤᠤᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ ᠤᠰᠤᠨ ᠠᠰᠢᠬᠯᠠᠯᠳᠠ ᠶᠢᠨ ᠶᠠᠮᠤᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠴᠢᠬᠤᠯᠠ ᠶᠡᠭᠡ ᠵᠢᠷᠤᠭ ᠲᠥᠯᠥᠪᠯᠡᠭᠡ ᠶᠢ ᠬᠤᠪᠢᠷᠠᠭᠤᠯᠬᠤ ᠳᠠᠭᠠᠨ ᠤᠤᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠮᠡᠳᠡᠭᠦᠯᠦᠨ ᠬᠦᠷᠭᠡᠭᠰᠡᠨ ᠨᠢᠭᠡᠴᠢ ᠶᠢᠨ ᠰᠠᠨᠠᠯ ᠢ ᠳᠠᠭᠠᠯᠳᠤᠭᠤᠯᠬᠤ ᠬᠡᠷᠡᠭᠲᠡᠢ᠃      ᠠᠷᠪᠠᠨ ᠳᠣᠯᠣᠳᠤᠭᠠᠷ ᠵᠦᠢᠯ ᠡᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠪᠢᠴᠢᠭ ᠮᠠᠲ᠋ᠧᠷᠢᠶᠠᠯ ᠢ ᠲᠥᠷᠥᠯ ᠵᠦᠢᠯ ᠤᠨ ᠬᠠᠤᠯᠢ ᠶᠢᠨ ᠡᠷᠬᠡᠲᠡᠨ ᠠᠴᠠ ᠬᠤᠯᠪᠣᠭᠳᠠᠯ ᠪᠦᠬᠦᠢ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠲᠠᠯ᠎ᠠ ᠶᠢ ᠵᠣᠬᠢᠶᠠᠨ ᠪᠠᠶᠢᠭᠤᠯᠤᠨ ᠰᠤᠳᠤᠯᠤᠨ ᠨᠤᠲᠠᠯᠠᠭᠰᠠᠨ ᠤ ᠳᠠᠷᠠᠭ᠎ᠠ ᠬᠡᠷᠡᠭᠵᠢᠭᠦᠯᠵᠦ ᠬᠤᠪᠢᠷᠠᠭᠤᠯᠬᠤ ᠶᠢᠨ ᠬᠠᠮᠲᠤ᠂ ᠲᠥᠷᠥᠯ ᠵᠦᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ ᠲᠥᠷᠥᠯ ᠵᠦᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠴᠢᠬᠤᠯᠠ ᠲᠠᠢ ᠭᠡᠵᠦ ᠲᠤᠭᠳᠠᠭᠠᠭᠰᠠᠨ ᠦᠶ᠎ᠡ ᠳᠤ ᠵᠣᠬᠢᠶᠠᠨ ᠪᠠᠶᠢᠭᠤᠯᠤᠨ ᠬᠢᠨᠠᠨ ᠵᠥᠪᠰᠢᠶᠡᠷᠡᠵᠦ ᠪᠣᠯᠤᠨ᠎ᠠ᠃ ᠵᠢᠷᠤᠭ ᠲᠥᠯᠥᠪᠯᠡᠭᠡ ᠶᠢ ᠬᠤᠪᠢᠷᠠᠭᠤᠯᠬᠤ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠵᠥᠪᠰᠢᠶᠡᠷᠡᠭᠰᠡᠨ ᠤ ᠳᠠᠷᠠᠭ᠎ᠠ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠠᠷᠪᠠᠨ ᠨᠠᠢᠮᠠᠳᠤᠭᠠᠷ ᠵᠦᠢᠯ ᠣᠨᠴᠠᠭᠠᠢ ᠪᠠᠶᠢᠳᠠᠯ ᠤᠨ ᠴᠢᠬᠤᠯᠠ ᠶᠡᠭᠡ ᠵᠢᠷᠤᠭ ᠲᠥᠯᠥᠪᠯᠡᠭᠡ ᠶᠢ ᠬᠤᠪᠢᠷᠠᠭᠤᠯᠤᠭᠰᠠᠨ ᠰᠢᠢᠳᠪᠤᠷᠢᠯᠡᠯᠳᠠ᠄      ︵ᠨᠢᠭᠡ︶ ᠪᠠᠴᠢᠮ ᠠᠪᠤᠷᠠᠯᠲᠠ ᠬᠢᠬᠦ ᠴᠢᠬᠤᠯᠠ ᠲᠠᠢ᠂ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠠᠬᠤ ᠳᠤ ᠲᠥᠷᠥᠯ ᠵᠦᠢᠯ ᠤᠨ ᠬᠠᠤᠯᠢ ᠶᠢᠨ ᠡᠷᠬᠡᠲᠡᠨ ᠠᠴᠠ ᠪᠠᠴᠢᠮ ᠠᠪᠤᠷᠠᠯᠲᠠ ᠶᠢᠨ ᠰᠢᠶ᠋ᠳᠪᠦᠷᠢᠯᠡᠯᠲᠡ ᠶᠢ ᠤᠷᠢᠳᠠᠪᠠᠷ ᠵᠣᠬᠢᠶᠠᠨ ᠪᠠᠶᠢᠭᠤᠯᠬᠤ ᠶᠢᠨ ᠬᠠᠮᠲᠤ᠂ ᠲᠥᠷᠥᠯ ᠵᠦᠶ᠋ᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠨᠡᠪᠲᠡᠷᠡᠭᠦᠯᠬᠦ ᠶᠢᠨ ᠬᠠᠮᠲᠤ ᠲᠤᠰ ᠠᠷᠭ᠎ᠠ ᠶᠢᠨ ᠶᠣᠰᠣᠭᠠᠷ ᠵᠢᠷᠤᠭ ᠲᠥᠯᠥᠪᠯᠡᠭᠡ ᠶᠢ ᠬᠤᠪᠢᠷᠠᠭᠠᠬᠤ ᠶᠢ ᠬᠢᠨᠠᠨ ᠵᠥᠪᠰᠢᠶᠡᠷᠡᠬᠦ ᠭᠠᠷᠳᠠᠮ ᠢ ᠭᠦᠶ᠋ᠴᠡᠳᠬᠡᠬᠦ ᠶᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ ᠢ ᠳᠠᠭᠠᠯᠳᠤᠭᠤᠯᠵᠤ ᠪᠠᠴᠢᠮ ᠠᠪᠤᠷᠠᠯᠲᠠ ᠬᠢᠭᠰᠡᠨ ᠪᠠᠶᠢᠳᠠᠯ ᠢᠶᠠᠨ ᠲᠣᠳᠣᠷᠬᠠᠶᠢᠯᠠᠬᠤ ᠬᠡᠷᠡᠭᠲᠡᠶ᠃      ︵ᠬᠤᠶᠠᠷ︶ ᠢᠨᠵᠧᠨᠧᠷᠢᠩ ᠨᠢ ᠪᠠᠷᠢᠯᠭ᠎ᠠ ᠪᠠᠷᠢᠬᠤ ᠶᠠᠪᠤᠴᠠ ᠲᠠᠭᠠᠨ ᠠᠵᠢᠯ ᠢᠶᠠᠨ ᠵᠣᠭᠰᠣᠭᠠᠵᠤ ᠪᠣᠯᠬᠤ ᠥᠭᠡᠢ ᠪᠤᠶᠤ ᠪᠠᠷᠢᠯᠭ᠎ᠠ ᠶᠢᠨ ᠠᠵᠢᠯ ᠢᠶᠠᠨ ᠦᠷᠭᠦᠯᠵᠢᠯᠡᠭᠦᠯᠬᠦ ᠥᠭᠡᠢ ᠠᠴᠠ ᠪᠣᠯᠣᠭᠠᠳ ᠠᠶᠤᠯ ᠥᠭᠡᠢ ᠶᠢᠨ ᠠᠳᠡᠯ ᠪᠤᠶᠤ ᠶᠠᠰᠤ ᠴᠢᠨᠠᠷ ᠤᠨ ᠬᠦᠨᠳᠦ ᠶᠡᠭᠡ ᠠᠳᠡᠯ ᠭᠠᠷᠭᠠᠭᠰᠠᠨ ᠪᠠᠶᠢᠪᠠᠯ ᠲᠥᠷᠥᠯ ᠵᠦᠢᠯ ᠤᠨ ᠬᠠᠤᠯᠢ ᠶᠢᠨ ᠡᠷᠬᠡᠲᠡᠨ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠭᠰᠡᠨ ᠨᠢᠭᠡᠴᠢ᠂ ᠬᠢᠨᠠᠨ ᠬᠠᠮᠢᠶᠠᠷᠬᠤ ᠨᠢᠭᠡᠴᠢ ᠪᠠᠷ ᠵᠥᠪᠰᠢᠶᠡᠷᠡᠭᠦᠯᠬᠦ ᠶᠢᠨ ᠬᠠᠮᠲᠤ ᠭᠠᠷ ᠤᠨ ᠥᠰᠥᠭ ᠵᠢᠷᠤᠵᠤ ᠵᠥᠪᠰᠢᠶᠡᠷᠡᠭᠦᠯᠦᠭᠰᠡᠨ ᠤ ᠲᠠᠷᠠᠭ᠎ᠠ ᠪᠠᠷᠢᠯᠭ᠎ᠠ ᠪᠠᠷᠢᠵᠤ ᠪᠣᠯᠤᠨ᠎ᠠ᠂ ᠭᠡᠬᠦ ᠲᠡᠭᠡᠨ ᠲᠥᠷᠥᠯ ᠵᠦᠢᠯ ᠤᠨ ᠬᠠᠤᠯᠢ ᠶᠢᠨ ᠡᠷᠬᠡᠲᠡᠨ ᠪᠠᠶᠢᠳᠠᠯ ᠢ 5 ᠠᠵᠢᠯᠯᠠᠬᠤ ᠡᠳᠦᠷ ᠤᠨ ᠳᠣᠲᠣᠷ᠎ᠠ ᠲᠥᠷᠥᠯ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠶᠢᠨ ᠵᠡᠷᠭᠡ ᠪᠠᠷ ᠲᠤᠰ ᠠᠷᠭ᠎ᠠ ᠶᠢᠨ ᠶᠣᠰᠣᠭᠠᠷ ᠵᠢᠷᠤᠭ ᠲᠥᠯᠥᠪᠯᠡᠭᠡ ᠶᠢ ᠬᠤᠪᠢᠷᠠᠭᠤᠯᠬᠤ ᠶᠢᠨ ᠬᠢᠨᠠᠨ ᠵᠥᠪᠰᠢᠶᠡᠷᠡᠬᠦ ᠭᠠᠷᠳᠠᠮ ᠭᠦᠢᠴᠡᠳᠬᠡᠬᠦ ᠬᠡᠷᠡᠭᠲᠡᠢ᠃      ᠲᠠᠪᠤᠳᠤᠭᠠᠷ ᠪᠦᠯᠦᠭ ᠵᠢᠷᠤᠭ ᠲᠥᠯᠥᠪᠯᠡᠭᠡ ᠶᠢ ᠬᠤᠪᠢᠷᠠᠭᠤᠯᠬᠤ ᠶᠢᠨ ᠬᠢᠨᠠᠯᠲᠠ ᠬᠢᠭᠡᠳ ᠬᠠᠮᠢᠶᠠᠷᠤᠯᠳᠠ      ᠠᠷᠪᠠ ᠶᠢᠰᠦᠳᠦᠭᠡᠷ ᠵᠦᠢᠯ ᠤᠰᠤᠨ ᠠᠰᠢᠬᠯᠠᠯᠳᠠ ᠶᠢᠨ ᠶᠠᠮᠤᠨ ᠪᠦᠬᠦ ᠤᠯᠤᠰ ᠤᠨ ᠤᠰᠤᠨ ᠠᠰᠢᠬᠯᠠᠯᠳᠠ ᠶᠢᠨ᠂ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠶᠠᠪᠤᠳᠠᠯ ᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠤᠰᠤᠨ ᠠᠰᠢᠬᠯᠠᠯᠳᠠ ᠶᠢᠨ ᠶᠠᠮᠤᠨ ᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠬᠠᠷᠢᠶᠠᠯᠠᠬᠤ ᠡᠷᠬᠡ ᠲᠠᠢ ᠤᠰᠤᠨ ᠠᠰᠢᠬᠯᠠᠯᠲᠠ ᠶᠢᠨ ᠢᠨᠵᠧᠨᠧᠷᠢᠩ ᠤᠨ ᠵᠢᠷᠤᠭ ᠲᠥᠯᠥᠪᠯᠡᠭᠡ ᠪᠠᠨ ᠬᠤᠪᠢᠷᠠᠭᠤᠯᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠨᠢᠭᠡᠴᠢ ᠨᠦᠭᠦᠳ ᠤᠨ ᠠᠯᠳᠠᠭ᠎ᠠ ᠠᠴᠠ ᠪᠣᠯᠵᠤ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠤᠭᠰᠠᠨ ᠤ ᠬᠠᠮᠲᠤ ᠬᠤᠬᠢᠷᠠᠯ ᠤᠴᠠᠷᠠᠭᠤᠯᠤᠭᠰᠠᠨ ᠪᠣᠯ ᠬᠤᠯᠪᠣᠭᠳᠠᠯ ᠪᠦᠬᠦᠢ ᠨᠢᠭᠡᠴᠢ ᠵᠣᠬᠢᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃      ᠬᠤᠷᠢᠳᠤᠭᠠᠷ ᠵᠦᠢᠯ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠵᠢᠷᠤᠭ ᠲᠥᠯᠥᠪᠯᠡᠭᠡ ᠶᠢ ᠬᠤᠪᠢᠷᠠᠭᠤᠯᠬᠤ ᠬᠠᠷᠢᠭᠤᠴᠠᠯᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠳᠤᠤᠷᠠᠬᠢ ᠦᠢᠯᠡ ᠠᠵᠢᠯᠯᠠᠭ᠎ᠠ ᠪᠠ ᠠᠰᠠᠭᠤᠳᠠᠯ ᠲᠠᠢ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ᠂ ︽ᠬᠡᠨ ᠭᠤᠤᠯᠯᠠᠨ ᠤᠳᠤᠷᠢᠳᠤᠭᠰᠠᠨ ᠪᠣᠯ ᠲᠡᠷᠡ ᠬᠠᠷᠢᠭᠤᠴᠠᠬᠤ︾ ᠵᠠᠷᠴᠢᠮ       ᠶᠣᠰᠣᠭᠠᠷ᠂ ᠬᠠᠮᠢᠶ᠎ᠠ ᠪᠥᠬᠦᠶ ᠬᠠᠤᠯᠢ ᠲᠣᠭᠲᠠᠭᠠᠯ ᠢ ᠦᠨᠳᠦᠰᠦᠯᠡᠨ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠢ ᠪᠠ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠄      ︵ᠨᠢᠭᠡ︶ ᠲᠣᠭᠲᠠᠭᠠᠭᠰᠠᠨ ᠡᠷᠬᠡ ᠶᠢᠨ  ᠬᠡᠪᠴᠢᠶ᠎ᠡ᠂ ᠨᠥᠬᠦᠴᠡᠯ ᠪᠠ ᠵᠢᠷᠤᠮ ᠤᠨ ᠶᠣᠰᠣᠭᠠᠷ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠦᠭᠰᠡᠨ ᠤᠢᠭᠡᠢ︔︔      ︵ᠬᠤᠶᠠᠷ︶ ᠢᠨᠵᠧᠨᠧᠷᠢᠩ ᠤᠨ ᠵᠢᠷᠤᠭ ᠲᠥᠯᠥᠪᠯᠡᠭᠡ ᠪᠠᠨ ᠬᠤᠪᠢᠷᠠᠭᠤᠯᠤᠨ ᠬᠢᠨᠠᠨ ᠵᠥᠪᠰᠢᠶᠡᠷᠡᠬᠦ ᠠᠴᠠ ᠵᠠᠶᠢᠯᠠᠰᠬᠢᠭᠰᠠᠨ︔︔      ︵ᠭᠤᠷᠪᠠ︶ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠵᠢᠷᠤᠭ ᠲᠥᠯᠥᠪᠯᠡᠭᠡ ᠶᠢ ᠳᠤᠷ᠎ᠠ ᠪᠠᠷ ᠢᠶᠠᠨ ᠬᠡᠷᠡᠭᠵᠢᠭᠦᠯᠵᠦ ᠬᠤᠪᠢᠷᠠᠭᠤᠯᠤᠭᠰᠠᠨ︔︔      ︵ᠳᠥᠷᠪᠡ︶ ᠨᠠᠶᠢᠷᠠᠭᠤᠯᠤᠨ ᠵᠣᠬᠢᠶᠠᠭᠰᠠᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠪᠢᠴᠢᠭ ᠮᠠᠲ᠋ᠧᠷᠢᠶᠠᠯ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠥᠯᠥ ᠨᠡᠶᠢᠴᠡᠭᠰᠡᠨ︔︔      ︵ᠲᠠᠪᠤ︶ ᠪᠠᠷᠢᠯᠭ᠎ᠠ ᠪᠠᠷᠢᠬᠤ ᠳᠤ ᠣᠷᠣᠯᠴᠠᠬᠤ ᠨᠢᠭᠡᠴᠢ ᠵᠢᠷᠤᠭ ᠲᠥᠯᠥᠪᠯᠡᠭᠡ ᠶᠢ ᠠᠰᠢᠬᠯᠠᠨ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠬᠡᠪᠴᠢᠶ᠎ᠡ ᠪᠠ ᠪᠥᠲᠦᠭᠡᠨ ᠪᠠᠶᠢᠭᠤᠯᠤᠯᠲᠠ ᠶᠢᠨ ᠠᠭᠤᠯᠭ᠎ᠠ ᠬᠡᠯᠪᠡᠷᠢ ᠶᠢ ᠨᠢ ᠥᠭᠡᠷᠡᠲᠦᠭᠦᠯᠦᠨ ᠲᠣᠬᠢᠷᠠᠭᠤᠯᠤᠭᠰᠠᠨ︔︔      ︵ᠵᠢᠷᠭᠤᠭ᠎ᠠ︶ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠬᠠᠮᠢᠶᠠᠷᠤᠯᠲᠠ ᠨᠢ ᠵᠣᠬᠢᠰ ᠥᠬᠡᠶ᠂ ᠬᠠᠶᠢᠨ ᠬᠡᠮᠵᠢᠵᠦ ᠵᠢᠷᠤᠭᠯᠠᠨ ᠲᠥᠯᠥᠪᠯᠡᠬᠦ ᠨᠢᠭᠡᠴᠢ ᠶᠢᠨ ᠲᠦᠷᠦᠬᠦᠤ ᠬᠤᠭᠤᠴᠠᠭᠠᠨ ᠤ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠭᠰᠡᠨ ᠭᠦᠨᠴᠡ ᠨᠢ  ᠭᠦᠢᠴᠡᠳ ᠥᠬᠡᠶ᠂ ᠪᠠᠷᠢᠯᠭ᠎ᠠ ᠪᠠᠷᠢᠬᠤ ᠨᠢᠭᠡᠴᠢ ᠨᠢ ᠳᠠᠭᠠᠭᠠᠴᠢᠯᠠᠯᠲᠠ ᠬᠦᠯᠢᠶᠡᠬᠦ ᠠᠮᠠᠯᠠᠯᠲᠠ ᠬᠢᠬᠦ ᠪᠠᠷᠢᠯᠭ᠎ᠠ ᠪᠠᠷᠢᠬᠤ ᠴᠢᠳᠠᠪᠤᠷᠢ ᠶᠢ ᠪᠥᠷᠢᠳᠦᠭᠦᠯᠦᠭᠰᠡᠨ ᠥᠬᠡᠶ ᠠᠴᠠ ᠪᠣᠯᠵᠣ ᠴᠢᠬᠤᠯᠠ ᠶᠡᠭᠡ ᠵᠢᠷᠤᠭ ᠲᠥᠯᠥᠪᠯᠡᠭᠡ ᠶᠢ ᠬᠤᠪᠢᠷᠠᠭᠤᠯᠤᠭᠰᠠᠨ᠃      ᠬᠤᠷᠢᠨ ᠨᠢᠭᠡᠳᠦᠭᠡᠷ ᠵᠦᠢᠯ ᠲᠥᠷᠥᠯ ᠵᠦᠢᠯ ᠤᠨ ᠬᠠᠤᠯᠢ ᠶᠢᠨ ᠡᠷᠬᠡᠲᠡᠨ᠂ ᠪᠠᠷᠢᠯᠭ᠎ᠠ ᠪᠠᠷᠢᠬᠤ ᠨᠢᠭᠡᠴᠢ ᠨᠢ ᠵᠥᠪᠰᠢᠶᠡᠷᠡᠭᠰᠡᠨ ᠵᠢᠷᠤᠭ ᠲᠥᠯᠥᠪᠯᠡᠭᠡ ᠶᠢᠨ ᠬᠤᠪᠢᠷᠠᠯᠲᠠ ᠶᠢᠨ ᠮᠡᠳᠡᠭᠦᠯᠦᠯᠲᠡ ᠶᠢᠨ ᠶᠣᠰᠣᠭᠠᠷ ᠪᠠᠷᠢᠯᠭ᠎ᠠ ᠪᠠᠷᠢᠭᠰᠠᠨ ᠦᠭᠡᠶ ᠪᠣᠯ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ ᠡᠯ᠎ᠡ ᠲᠥᠷᠥᠯ ᠤᠨ ᠤᠰᠤᠨ ᠠᠰᠢᠬᠯᠠᠯᠳᠠ ᠶᠢᠨ ᠲᠥᠷᠥᠯ ᠵᠦᠶ᠋ᠯ ᠤᠨ ᠰᠢᠯᠢᠳᠡᠭ ᠢ ᠰᠢᠯᠭᠠᠷᠠᠭᠤᠯᠬᠤ ᠳᠤ ᠲᠥᠷᠥᠯ ᠵᠦᠢᠯ ᠤᠨ ᠴᠢᠬᠤᠯᠠ ᠶᠡᠭᠡ ᠵᠢᠷᠤᠭ ᠲᠥᠯᠥᠪᠯᠡᠭᠡ ᠶᠢ ᠬᠤᠪᠢᠷᠠᠭᠤᠯᠤᠭᠰᠠᠨ ᠪᠠᠶᠢᠳᠠᠯ ᠢ ᠬᠢᠨᠠᠨ ᠰᠢᠯᠭᠠᠬᠤ ᠨᠦᠬᠦᠴᠡᠯ ᠳᠤ ᠣᠷᠣᠭᠤᠯᠬᠤ ᠬᠡᠷᠡᠭᠲᠡᠶ᠃      ᠬᠤᠷᠢᠨ ᠭᠤᠷᠪᠠᠳᠤᠭᠠᠷ ᠵᠦᠢᠯ ᠲᠥᠷᠥᠯ  ᠵᠦᠢᠯ  ᠤᠨ ᠬᠠᠤᠯᠢ ᠶᠢᠨ ᠡᠷᠬᠡᠲᠡᠨ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠪᠢᠴᠢᠭ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠠᠵᠢᠯ ᠢ       ᠬᠠᠷᠢᠭᠤᠴᠠᠨ᠎ᠠ᠃ ᠲᠥᠷᠥᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠳᠤ ᠪᠠᠷᠢᠯᠭ᠎ᠠ ᠳᠠᠭᠤᠰᠤᠭᠰᠠᠨ ᠲᠥᠷᠥᠯ ᠵᠦᠢᠯ ᠨᠢ ᠵᠥᠪᠰᠢᠶᠡᠷᠡᠭᠰᠡᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠵᠥᠪᠰᠢᠶᠡᠷᠡᠭᠦᠯᠦᠭᠰᠡᠨ ᠦᠭᠡᠶ ᠵᠢᠷᠤᠭ ᠲᠥᠯᠥᠪᠯᠡᠭᠡ ᠶᠢ ᠬᠤᠪᠢᠷᠠᠭᠤᠯᠤᠭᠰᠠᠨ ᠪᠢᠴᠢᠭ ᠮᠠᠲ᠋ᠧᠷᠢᠶᠠᠯ ᠢ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠶᠢᠨ ᠦᠨᠳᠦᠰᠦᠯᠡᠯ ᠪᠣᠯᠭᠠᠵᠤ ᠪᠣᠯᠬᠤ ᠦᠭᠡᠶ᠃      ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ      ᠬᠤᠷᠢᠨ ᠳᠥᠷᠪᠡᠳᠦᠭᠡᠷ ᠵᠦᠢᠯ ᠮᠤᠵᠢ ᠶᠢᠨ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠠᠷᠭ᠎ᠠ ᠶᠢ ᠦᠨᠳᠦᠰᠦᠯᠡᠨ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ ᠪᠣᠯᠤᠨ᠎ᠠ᠃      ᠬᠤᠷᠢᠨ ᠲᠠᠪᠤᠳᠤᠭᠠᠷ ᠵᠦᠢᠯ ᠲᠤᠰ ᠠᠷᠭ᠎ᠠ ᠶᠢ ᠨᠠᠶᠢᠳᠡᠯᠡᠭᠰᠡᠨ ᠡᠳᠤᠷ ᠠᠴᠠ ᠡᠬᠢᠯᠡᠵᠤ ᠭᠡᠷᠡᠭᠵᠢᠬᠦᠯᠤᠨ᠎ᠠ᠃
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号