内蒙古自治区水利厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠪᠠᠷ ᠠᠵᠠ ᠲᠣᠬᠢᠶᠠᠯ ᠪᠣᠯᠭᠠᠵᠤ ᠪᠥᠬᠦ ᠠᠶᠢᠮᠠᠭ ᠤᠨ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠎ᠠ
        ᠨᠡᠶᠢᠲᠡᠯᠡᠭᠰᠡᠨ ᠴᠠᠭ᠄
        2021/5/29
                                                                           — ᠪᠤᠤ ᠭᠤᠸᠠᠩ ᠬᠤᠸᠠ       ᠡᠨᠡ ᠵᠢᠯ ᠤᠨ 6 ᠳ᠋ᠤᠭᠠᠷ ᠰᠠᠷ᠎ᠠ ᠪᠣᠯ ᠠᠷᠪᠠ ᠶᠢᠰᠦᠳᠦᠭᠡᠷ ᠪᠥᠬᠦ ᠤᠯᠤᠰ ᠤᠨ ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠂ ᠭᠤᠤᠯ ᠰᠡᠳᠦᠪ ᠨᠢ ︽ᠠᠳᠡᠯ ᠤᠨ ᠳᠠᠯᠳᠠ ᠬᠡᠮ ᠢ ᠠᠷᠢᠯᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃︾  ᠠᠶᠤᠯ ᠦᠭᠡᠢ ᠦᠢᠯᠡᠳᠪᠦᠷᠢᠯᠡᠯ ᠪᠣᠯ ᠠᠷᠠᠳ ᠲᠦᠮᠡᠨ ᠤ ᠠᠵᠠ ᠵᠢᠷᠭᠠᠯ ᠳᠤ ᠬᠤᠯᠪᠣᠭᠳᠠᠵᠤ᠂ ᠠᠵᠤ ᠠᠬᠤᠢ ᠶᠢᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ ᠪᠠᠶᠢᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠶᠡᠷᠦᠩᠬᠡᠶ ᠱᠦᠵᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠤᠷᠢᠳ ᠡᠮᠦᠨ᠎ᠡ ᠪᠠᠶᠢᠭ᠎ᠠ ᠥᠬᠡᠶ ᠴᠢᠬᠤᠯᠠᠴᠢᠯᠠᠨ ᠦᠵᠡᠵᠦ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠣᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠴᠣᠬᠤᠯᠠᠪᠤᠷᠢ ᠬᠢᠭᠰᠡᠨ ᠪᠠᠶᠢᠨ᠎ᠠ᠃ ᠰᠢᠨ᠎ᠡ ᠪᠠᠶᠢᠳᠠᠯ ᠳᠣᠣᠷᠠᠬᠢ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠬᠦᠯᠬᠦ ᠡᠨᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠠᠶᠤᠯ ᠦᠭᠡᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠬᠤ ᠠᠵᠢᠯ ᠢ ᠲᠦᠷᠭᠡᠨ ᠠᠬᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠪᠦᠬᠦ ᠠᠶᠢᠮᠠᠭ ᠤᠨ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠨᠢᠭᠡ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠨᠠᠷᠢᠯᠢᠬᠵᠢᠭᠤᠯᠤᠨ᠂ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ      1. ᠠᠶᠤᠯ ᠦᠭᠡᠢ ᠦᠢᠯᠡᠳᠪᠦᠷᠢᠯᠡᠯ ᠢ ᠰᠠᠶᠢᠲᠤᠷ ᠠᠳᠬᠤᠬᠤ ᠳᠤ ᠬᠠᠮᠤᠭ ᠤᠨ ᠵᠠᠩᠭᠢᠯᠠᠭ᠎ᠠ ᠨᠢ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠂ ᠮᠦᠨ ᠴᠤ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠦᠨᠳᠦᠰᠦᠨ ᠪᠠᠲᠤᠯᠠᠭ᠎ᠠ ᠪᠣᠯᠤᠨ᠎ᠠ᠃ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠤᠳᠤᠷᠢᠳᠬᠤ ᠺᠠᠳ᠋ᠷ᠂ ᠡᠯ᠎ᠡ ᠬᠤᠶᠠᠳᠤᠭᠠᠷ ᠲᠡᠰ ᠤᠨ ᠨᠢᠭᠡᠴᠢ ᠬᠢᠭᠡᠳ ᠲᠤᠬᠠᠶᠢᠯᠠᠭᠰᠠᠨ ᠠᠵᠢᠯ ᠤᠨ ᠰᠠᠯᠠᠭ᠎ᠠ ᠲᠡᠰᠤᠬ ᠵᠢᠴᠢ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ ᠡᠷᠬᠡᠪᠰᠢ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠲᠡᠷᠢᠭᠦᠨ ᠪᠠᠶᠢᠷᠢᠨ ᠳᠤ ᠲᠠᠯᠪᠢᠵᠤ᠂  ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠤᠨ᠂ ᠨᠢᠭᠡ ᠶᠢ ᠴᠦ ᠬᠤᠭᠤᠰᠣᠨ ᠪᠠᠶᠢᠯᠭᠠᠬᠤ ᠥᠭᠡᠢ᠂ ᠨᠢᠭᠡ ᠮᠥᠴᠡ ᠴᠦ ᠰᠤᠯᠠᠷᠠᠭᠤᠯᠵᠤ ᠪᠣᠯᠬᠤ ᠥᠭᠡᠢ᠃      2. ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠴᠢᠩᠭ᠎ᠠ ᠪᠤᠳᠠᠳᠠᠶᠢᠵᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠰᠢᠨ᠎ᠡ ᠪᠠᠶᠢᠳᠠᠯ ᠰᠢᠨ᠎ᠡ ᠡᠭᠦᠷᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠬᠤ ᠳᠤ᠂ ᠡᠷᠬᠡᠪᠰᠢ ᠬᠢᠨᠠᠨ ᠬᠠᠮᠢᠶᠠᠷᠬᠤ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠃ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ》ᠵᠠᠷᠴᠢᠮ ᠶᠣᠰᠣᠭᠠᠷ᠂ 《ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ》 ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠢᠮᠠᠭᠲᠠ ᠡᠴᠦᠰ ᠲᠤᠨᠢ ᠲᠤᠯᠲᠠᠯ᠎ᠠ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃ ᠬᠠᠷᠢᠭᠤᠴᠠᠯᠭ᠎ᠠ ᠶᠢ ᠲᠣᠳᠣᠷᠬᠠᠶᠢᠯᠠᠨ ᠬᠠᠷᠢᠭᠤᠴᠠᠯᠭ᠎ᠠ ᠶᠢ ᠨᠤᠲᠠᠯᠠᠵᠤ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠶ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠨᠠᠷᠢᠨ ᠲᠠᠨᠭᠰᠠᠴᠢᠯᠠᠨ᠂ ᠪᠡᠷᠢᠮᠵᠢᠶᠡᠵᠢᠭᠤᠯᠵᠤ᠂ ᠮᠥᠷᠳᠡᠵᠦ ᠦᠨᠡᠯᠡᠨ ᠵᠢᠱᠢᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ 《ᠪᠣᠳᠠᠲᠠᠶᠢᠵᠢᠭᠤᠯᠬᠤ》 ᠬᠢᠨᠠᠨ ᠰᠢᠯᠭᠠᠯᠳᠠ ᠶᠢ ᠴᠢᠩᠭᠠᠳᠬᠠᠨ ᠂ ᠲᠠᠨᠭᠰᠠ ᠡᠪᠬᠡᠮᠡᠯ ᠬᠤᠭᠤᠰᠣᠳᠠᠬᠤ ᠪᠤᠶᠤ ᠲᠠᠰᠤᠯᠳᠠᠬᠤ ᠠᠴᠠ ᠪᠣᠯᠣᠭᠰᠠᠨ ᠡᠬᠦᠷᠭᠡ ᠬᠠᠷᠢᠭᠤᠴᠠᠯᠭ᠎ᠠ ᠶᠢᠨ ᠤᠰᠤᠯᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃      3. ᠤᠰᠤᠨ ᠠᠰᠢᠭᠯᠠᠯᠲᠠ ᠶᠢᠨ ᠦᠢᠯᠡᠳᠪᠤᠷᠢᠯᠡᠯ ᠡᠵᠡᠩᠨᠡᠯᠲᠡ ᠶᠢᠨ ᠨᠢᠭᠡᠴᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠭᠦᠯᠦᠨ ᠪᠣᠳᠠᠲᠠᠶᠢᠵᠢᠭᠤᠯᠤᠨ᠎ᠠ᠃ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠪᠣᠯ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ᠂ ᠳᠣᠲᠣᠭᠠᠳᠤ ᠰᠢᠯᠲᠠᠭᠠᠨ ᠪᠠ ᠦᠨᠳᠦᠰᠦ ᠮᠥᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠦᠭᠡᠢ ᠪᠣᠯ ᠠᠶᠤᠯ ᠦᠭᠡᠢ ᠦᠢᠯᠡᠳᠪᠦᠷᠢᠯᠡᠯ  ᠨᠢ ᠪᠡᠶᠡᠯᠡᠭᠳᠡᠬᠦ ᠳᠤ ᠪᠡᠷᠬᠡ ᠶᠤᠮ᠃ ᠠᠶᠤᠯ ᠦᠭᠡᠢ ᠦᠢᠯᠡᠳᠪᠦᠷᠢᠯᠡᠯ ᠤᠨ ᠠᠳᠡᠯ ᠭᠠᠷᠤᠭᠰᠠᠨ ᠰᠢᠯᠲᠠᠭᠠᠨ ᠢ ᠭᠦᠨᠵᠡᠭᠡᠢ ᠵᠠᠳᠠᠯᠤᠭᠰᠠᠨ ᠠᠴᠠ ᠦᠵᠡᠪᠡᠯ᠂ ᠭᠤᠣᠯᠳᠠᠭᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠦᠭᠡᠢ ᠠᠴᠠ ᠪᠤᠯᠵᠦ᠂ ᠭᠦᠢᠴᠡᠳᠬᠡᠬᠦ ᠶᠣᠰᠣᠲᠠᠢ ᠪᠠᠷᠢᠮᠵᠢᠶ᠎ᠠ ᠶᠢ ᠬᠡᠷᠡᠭᠵᠢᠭᠦᠯᠦᠭᠰᠡᠨ ᠦᠭᠡᠢ᠂ ᠠᠪᠬᠤ ᠶᠣᠰᠣᠲᠠᠢ ᠠᠷᠭ᠎ᠠ ᠬᠡᠮᠵᠢᠶ᠎ᠡ ᠶᠢ ᠠᠪᠤᠭᠰᠠᠨ ᠦᠭᠡᠢ ᠠᠴᠠ ᠪᠣᠯᠵᠠᠢ᠃ ᠤᠰᠤᠨ ᠠᠰᠢᠭᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠬᠤ ᠲᠠᠯ᠎ᠠ ᠪᠠᠷ ᠶᠡᠭᠡ ᠬᠦᠴᠦ ᠣᠷᠣᠭᠤᠯᠵᠤ᠂ ᠦᠨᠡᠨ ᠬᠦ ᠶᠠᠪᠤᠭᠳᠠᠭᠤᠰᠢᠲᠠᠶ᠂ ᠲᠤᠰᠠ ᠲᠠᠢ᠂  ᠪᠦᠲᠦᠮᠵᠢᠲᠡᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ  ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠠᠳᠬᠤᠬᠤ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠦᠨ᠂ ᠳᠣᠲᠣᠭᠠᠳᠤ ᠡᠵᠡᠮᠳᠡᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠬᠤ ᠬᠡᠷᠡᠭᠲᠡᠶ᠃      4. ᠬᠢᠨᠠᠯᠲᠠ ᠲᠠᠯᠪᠢᠵᠤ ᠰᠢᠢᠳᠬᠡᠨ ᠲᠣᠷᠭᠠᠵᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠤᠨ᠎ᠠ᠃ ︽ᠴᠢᠩᠭ᠎ᠠ᠂ ᠪᠣᠳᠠᠲᠠᠢ᠂ ᠨᠠᠷᠢᠯᠢᠭ᠂ ᠬᠠᠲᠠᠭᠤ︾ ᠬᠢᠨᠠᠯᠲᠠ ᠲᠠᠯᠪᠢᠬᠤ ᠠᠵᠢᠯ ᠤᠨ ᠱᠠᠭᠠᠷᠳᠠᠯᠭ᠎ᠠ ᠶᠢ ᠲᠤᠪᠤᠶᠢᠯᠭᠠᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠦᠨᠳᠦᠷ ᠲᠠᠷᠤᠯᠳᠠᠳᠤ ︽ᠴᠢᠩᠭ᠎ᠠ ᠬᠢᠨᠠᠨ ᠬᠠᠮᠢᠶᠠᠷᠬᠤ︾ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ︽ᠳᠥᠷᠪᠡᠨ ᠥᠬᠡᠶ ᠬᠤᠶᠠᠷ ᠰᠢᠭᠤᠳ︾ ᠪᠠᠶᠢᠴᠠᠭᠠᠬᠤ ᠠᠵᠢᠯ ᠢ ᠶᠡᠬᠡᠪᠡᠷ ᠳᠥᠯᠭᠢᠨ ᠠᠬᠢᠭᠤᠯᠵᠤ᠂ ᠲᠤᠰᠬᠠᠶ ᠮᠡᠷᠭᠡᠵᠢᠯᠲᠡᠳ ᠤᠨ ᠣᠷᠣᠯᠴᠠᠬᠤ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠂  ᠠᠮᠤᠷ ᠲᠦᠪᠰᠢᠨ ᠤ ᠬᠠᠤᠯᠢ ᠲᠣᠭᠲᠠᠭᠠᠯ ᠤᠨ ᠲᠦᠷᠢᠮ ᠤᠨ ᠬᠠᠲᠠᠭᠤ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ ᠤ ᠬᠠᠤᠯᠢ ᠲᠣᠭᠲᠠᠭᠠᠯ ᠪᠠ ᠲᠦᠷᠢᠮ ᠢ ︽ᠦᠨᠳᠦᠷ ᠲᠠᠷᠤᠯᠳᠠᠳᠤ ᠴᠠᠬᠢᠯᠭᠠᠨ︾ ᠪᠣᠯᠭᠠᠨ᠎ᠠ᠃ ᠬᠠᠷᠢᠭᠤᠴᠠᠯᠭ᠎ᠠ ᠨᠡᠬᠡᠮᠵᠢᠯᠡᠵᠦ ᠰᠢᠢᠳᠬᠡᠬᠦ ᠳᠡᠭᠡᠨ ᠠᠮᠢᠨ ᠭᠠᠵᠠᠷ ᠢ ᠨᠢ ᠠᠳᠬᠤᠵᠤ᠂ ᠡᠮᠵᠡᠭ ᠭᠠᠵᠠᠷ ᠲᠤᠨᠢ ᠴᠣᠬᠢᠯᠲᠠ ᠥᠭᠴᠦ᠂ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠭᠡᠳᠡᠷᠬᠦ ᠰᠢᠬᠠᠮᠳᠠᠭᠤᠯᠵᠤ ᠪᠠᠶᠢᠭᠠᠳ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠢ ᠨᠠᠶᠢᠳᠠᠪᠤᠷᠢᠵᠢᠭᠤᠯᠤᠨ᠂ ᠠᠳᠡᠯ ᠤᠨ ᠲᠠᠯᠳᠠ ᠭᠡᠮ ᠢ ᠤᠬᠠᠮᠰᠠᠷ ᠠᠴᠠ ᠪᠠᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠬᠡᠯᠪᠡᠷᠢᠴᠢ ᠦᠵᠡᠯ᠂ ᠦᠩᠭᠡᠨ ᠲᠠᠯ᠎ᠠ ᠶᠢᠨ ᠪᠠ ᠬᠥᠳᠡᠯᠭᠡᠭᠡᠨ ᠤ ᠮᠠᠶ᠋ᠢᠭ ᠤᠨ ᠪᠠᠶᠢᠴᠠᠭᠠᠯᠲᠠ ᠬᠢᠬᠦ ᠶᠢ ᠡᠷᠡᠰ ᠰᠡᠷᠭᠡᠶᠢᠯᠡᠬᠦ ᠬᠡᠷᠡᠭᠲᠡᠶ᠃      ᠬᠤᠶᠠᠷ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠭᠦᠨᠵᠡᠭᠡᠶᠢᠷᠡᠭᠦᠯᠦᠨ ᠨᠠᠷᠢᠯᠢᠬᠵᠢᠭᠤᠯᠬᠤ ᠬᠡᠷᠡᠭᠲᠡᠶ      1. ᠠᠶᠤᠯ ᠦᠭᠡᠢ ᠦᠢᠯᠡᠳᠪᠦᠷᠢᠯᠡᠯ ᠢ ᠠᠳᠬᠤᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠪᠣᠯᠤᠨ᠎ᠠ᠂ ᠦᠵᠦ ᠲᠥᠯᠥᠪᠯᠡᠭᠡ ᠶᠢ ᠰᠠᠶᠢᠲᠤᠷ ᠬᠢᠬᠦ ᠮᠥᠷᠲᠡᠭᠡᠨ ᠪᠠᠰᠠ ᠭᠤᠣᠯᠳᠠᠯᠭ᠎ᠠ ᠶᠢ ᠲᠤᠪᠤᠶᠢᠯᠭᠠᠬᠤ᠂ ᠵᠠᠩᠭᠢᠯᠠᠭ᠎ᠠ ᠶᠢ ᠠᠳᠬᠤᠬᠤ᠂ ᠭᠤᠣᠯᠳᠠᠯᠭ᠎ᠠ ᠶᠢ ᠠᠳᠬᠤᠬᠤ ᠶᠢ ᠴᠢᠬᠤᠯᠠᠴᠢᠯᠠᠵᠤ᠂ ᠴᠡᠭ ᠢᠶᠠᠷ ᠨᠡᠶᠢᠳᠡᠮ ᠢ ᠲᠠᠶᠢᠴᠢᠯᠠᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ᠃ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠲᠤᠪᠤᠶᠢᠯᠭᠠᠨ᠂ ᠭᠤᠣᠯᠳᠠᠯᠭ᠎ᠠ ᠲᠠᠢ ᠨᠢᠭᠡᠴᠢ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠣᠯᠳᠠᠯᠭ᠎ᠠ ᠲᠠᠢ ᠠᠵᠤ ᠠᠬᠤᠶᠢᠯᠠᠯ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠲᠠᠯᠳᠠ ᠭᠡᠮ ᠢ ᠵᠢᠭᠰᠠᠭᠠᠨ ᠪᠠᠶᠢᠴᠠᠭᠠᠵᠤ᠂ ᠰᠢᠰᠲ᠋ᠧᠮᠳᠦ ᠬᠠᠮᠢᠶᠠᠷᠤᠯᠲᠠ ᠶᠢ ᠴᠢᠩᠭᠠᠷᠠᠭᠤᠯᠤᠨ᠂ ᠥᠴᠦᠬᠡᠨ ᠴᠦ ᠠᠯᠳᠠᠰᠢ ᠭᠠᠷᠭᠠᠬᠤ ᠥᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      2. ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠢ ᠪᠡᠷᠢᠮᠵᠢᠶᠡᠵᠢᠭᠤᠯᠬᠤ ᠪᠥᠳᠥᠭᠡᠨ ᠪᠠᠶᠢᠭᠤᠯᠤᠯᠲᠠ ᠶᠢ ᠶᠡᠬᠡᠪᠡᠷ ᠲᠥᠯᠬᠢᠨ ᠠᠬᠢᠭᠤᠯᠵᠤ᠂ ᠠᠶᠤᠯ ᠥᠭᠡᠢ ᠶᠢᠨ ᠬᠠᠮᠢᠶᠠᠷᠤᠯᠲᠠ ᠶᠢᠨ ᠵᠢᠷᠤᠮᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠢ ᠪᠡᠷᠢᠮᠵᠢᠶᠡᠵᠢᠭᠤᠯᠬᠤ ᠪᠥᠳᠥᠭᠡᠨ ᠪᠠᠶᠢᠭᠤᠯᠤᠯᠲᠠ ᠶᠢ ᠥᠷᠨᠢᠭᠦᠯᠬᠦ ᠪᠣᠯ ᠰᠢᠨ᠎ᠡ ᠪᠠᠶᠢᠳᠠᠯ ᠳᠣᠣᠷᠠᠬᠢ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠪᠠ ᠬᠥᠭᠵᠢᠭᠦᠯᠬᠦ ᠴᠢᠬᠤᠯᠠ ᠭᠠᠷᠳᠠᠴᠠ ᠪᠠ ᠬᠦᠴᠦᠲᠡᠶ ᠲᠤᠯᠭᠠᠭᠤᠷᠢᠯᠠᠯ ᠪᠣᠯᠤᠨ᠎ᠠ᠃ ᠡᠯ᠎ᠡ ᠲᠥᠷᠥᠯ ᠤᠨ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ ᠲᠤᠰ ᠲᠤᠰ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠬᠠᠮᠢᠶᠠᠷᠤᠯᠳᠠ ᠶᠢᠨ ᠪᠠᠷᠢᠮᠵᠢᠶ᠎ᠠ᠂ ᠠᠵᠢᠯᠯᠠᠬᠤ ᠪᠠᠷᠢᠮᠵᠢᠶ᠎ᠠ᠂ ᠲᠤᠬᠠᠶ ᠶᠢᠨ ᠲᠠᠯᠠᠪᠠᠢ ᠳᠤ ᠠᠵᠢᠯᠯᠠᠬᠤ ᠪᠠᠷᠢᠮᠵᠢᠶ᠎ᠠ ᠪᠠᠷ ᠭᠤᠣᠯ ᠪᠣᠯᠭᠠᠨ᠂ ᠡᠯ᠎ᠡ ᠵᠦᠢᠯ ᠤᠨ ᠠᠵᠢᠯᠯᠠᠬᠤ ᠳᠦᠷᠢᠮ  ᠢ ᠨᠠᠷᠢᠯᠢᠬᠵᠢᠭᠤᠯᠬᠤ ᠪᠠ ᠪᠣᠳᠠᠲᠠᠶᠢᠵᠢᠭᠤᠯᠬᠤ ᠶᠢᠨ ᠬᠠᠮᠲᠤ ᠦᠷᠭᠦᠯᠵᠢᠯᠡᠨ ᠰᠠᠶᠢᠵᠢᠷᠠᠭᠤᠯᠵᠤ᠂ ᠲᠡᠭᠦᠯᠳᠡᠷᠵᠢᠭᠦᠯᠬᠦ ᠪᠠ ᠳᠡᠭᠡᠭᠰᠢᠯᠡᠭᠦᠯᠵᠦ᠂ ᠠᠶᠤᠯ ᠥᠭᠡᠢ ᠶᠢᠨ ᠬᠠᠮᠢᠶᠠᠷᠤᠯᠲᠠ ᠳᠤ ᠵᠢᠷᠤᠮᠯᠠᠯ ᠪᠠ ᠦᠨᠳᠦᠰᠦᠯᠡᠯ ᠬᠠᠩᠭᠠᠬᠤ ᠬᠡᠷᠡᠭᠲᠡᠶ᠃ ᠡᠭᠦᠨ ᠤ ᠬᠠᠮᠲᠤ ᠪᠠᠷᠢᠮᠵᠢᠶ᠎ᠠ ᠲᠦᠷᠢᠮ᠂ ᠪᠣᠳᠠᠲᠠᠶ ᠱᠠᠭᠠᠷᠳᠠᠯᠭ᠎ᠠ ᠶᠢ ᠠᠵᠢᠯ ᠡᠷᠭᠢᠯᠡᠭᠰᠡᠳ ᠨᠢᠭᠡᠪᠦᠷᠢ᠂ ᠠᠵᠢᠯᠯᠠᠬᠤ ᠠᠵᠢᠯ ᠤᠨ ᠪᠠᠶᠢᠷᠢ ᠨᠢᠭᠡᠪᠤᠷᠢ ᠳᠤ ᠪᠠᠨ ᠨᠠᠶᠢᠳᠠᠪᠤᠷᠢᠵᠢᠭᠤᠯᠵᠤ᠂ ᠪᠥᠬᠦ ᠠᠵᠢᠯᠲᠠᠨ᠂ ᠪᠥᠬᠦ ᠶᠠᠪᠤᠴᠠ᠂ ᠪᠦᠬᠦ ᠲᠡᠯ᠎ᠠ ᠳᠤ ᠬᠠᠮᠢᠶᠠᠷᠤᠯᠲᠠ ᠶᠠᠪᠤᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠡᠷᠢᠮᠵᠢᠶᠡᠯᠠᠭᠰᠠᠨ ᠬᠥᠳᠡᠯᠦᠩᠭᠦᠢ ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ᠃      3. ᠳᠠᠪᠬᠤᠷ ᠰᠡᠷᠭᠡᠶᠢᠯᠡᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠪᠦᠷᠢᠨᠰᠢᠭᠦᠯᠵᠦ᠂ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠪᠣᠭᠤᠮᠲᠠ ᠶᠢ ᠤᠷᠤᠭᠰᠢ ᠰᠢᠯᠵᠢᠭᠦᠯᠬᠦ ᠶᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠭᠤᠤᠯᠳᠠᠯᠭ᠎ᠠ ᠨᠢ ᠠᠶᠤᠯ ᠲᠦᠭᠰᠢᠭᠦᠷᠢ ᠶᠢ ᠡᠵᠡᠮᠳᠡᠵᠦ᠂ ᠲᠠᠯᠳᠠ ᠭᠡᠮ ᠢ ᠠᠷᠢᠯᠭᠠᠬᠤ ᠶᠠᠪᠤᠳᠠᠯ ᠪᠤᠯᠤᠨ᠎ᠠ᠂ ᠵᠠᠩᠬᠢᠯᠠᠭ᠎ᠠ ᠨᠢ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠳᠡᠯ ᠭᠠᠷᠬᠤ ᠶᠢ ᠦᠨᠳᠦᠰᠦᠨ ᠠᠴᠠ ᠨᠢ ᠰᠡᠷᠭᠡᠶᠢᠯᠡᠵᠦ᠂ ᠠᠶᠤᠯ ᠲᠦᠭᠰᠢᠭᠦᠷᠢ ᠶᠢᠨ ᠤᠯᠠᠷᠢᠨ ᠬᠤᠪᠢᠷᠠᠬᠤ᠂ ᠲᠠᠯᠳᠠ ᠭᠡᠮ ᠤᠨ ᠲᠡᠰ ᠳᠡᠪᠰᠢᠬᠦ ᠶᠢ ᠰᠡᠷᠭᠡᠶᠢᠯᠡᠬᠦ ᠳᠤ ᠪᠠᠶᠢᠨ᠎ᠠ᠂ ᠡᠨᠡ ᠪᠣᠯ ᠳᠠᠪᠬᠤᠷ ᠤᠷᠢᠳᠴᠢᠯᠠᠨ ᠰᠡᠷᠭᠡᠶᠢᠯᠡᠬᠦ ᠰᠢᠰᠲ᠋ᠧᠮ ᠤᠨ ᠭᠤᠣᠯ ᠠᠭᠤᠯᠭ᠎ᠠ ᠮᠥᠨ᠃ ᠲᠠᠷᠠᠭᠠᠴᠢ ᠶᠢᠨ ᠠᠯᠬᠤᠮ ᠳᠤ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠰᠢᠰᠲ᠋ᠧᠮ ᠢᠶᠠᠨ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠪᠦᠳᠦᠭᠡᠨ ᠪᠠᠶᠢᠭᠤᠯᠤᠯᠲᠠ ᠪᠠ ᠰᠢᠯᠭᠠᠨ ᠠᠪᠬᠤ ᠦᠨᠡᠯᠡᠨ ᠲᠣᠭᠲᠠᠭᠠᠬᠤ ᠠᠵᠢᠯ ᠤᠨ ᠲᠤᠬᠠᠶ ᠰᠤᠳᠤᠯᠤᠯᠲᠠ ᠶᠢ ᠴᠢᠩᠭᠠᠳᠬᠠᠨ᠎ᠠ᠃ ︽ᠳᠠᠯᠳᠠ ᠬᠡᠮ ᠪᠣᠯ ᠳᠠᠷᠤᠶ ᠠᠳᠡᠯ ᠮᠥᠨ ︾ ᠭᠡᠬᠦ ᠦᠵᠡᠯᠳᠡ ᠶᠢ ᠪᠣᠶ ᠪᠣᠯᠭᠠᠵᠤ᠂ ᠬᠦᠨᠳᠦ ᠶᠡᠭᠡ ᠲᠦᠭᠰᠢᠭᠦᠷᠢ ᠶᠢᠨ ᠡᠬᠢ ᠰᠤᠷᠪᠤᠯᠵᠢ ᠪᠠ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠦᠢᠯᠡᠳᠪᠤᠷᠢᠯᠡᠯ ᠡᠵᠡᠩᠨᠡᠯᠲᠡ ᠶᠢᠨ ᠨᠢᠭᠡᠴᠢ ᠳᠤ ᠲᠠᠰᠤᠷᠠᠯᠲᠠ ᠥᠬᠡᠶ ᠵᠢᠭᠰᠠᠭᠠᠨ ᠪᠠᠶᠢᠴᠠᠭᠠᠯᠲᠠ ᠬᠢᠵᠦ᠂ ᠡᠯ᠎ᠡ ᠲᠥᠷᠥᠯ ᠤᠨ ᠳᠠᠯᠳᠠ ᠲᠦᠭᠰᠢᠭᠦᠷᠢ ᠶᠢ ᠡᠷᠢᠨ ᠭᠠᠷᠭᠠᠵᠤ᠂ ᠰᠠᠶᠢᠲᠤᠷ ᠬᠠᠮᠢᠶᠠᠷᠤᠨ ᠡᠵᠡᠮᠳᠡᠵᠦ᠂ ᠰᠠᠶᠢᠲᠤᠷ ᠰᠡᠷᠭᠡᠶᠢᠯᠡᠬᠦ ᠬᠡᠷᠡᠭᠲᠡᠶ᠃ ᠪᠠᠶᠢᠴᠠᠭᠠᠵᠤ ᠭᠠᠷᠭᠠᠭᠰᠠᠨ ᠬᠡᠮ ᠰᠣᠭᠤᠭ ᠲᠤ ︽ᠥᠴᠦᠬᠡᠨ ᠴᠦ ᠢᠯᠳᠠᠷ ᠬᠠᠶᠠᠬᠤ ᠥᠬᠡᠶ︾ ᠪᠠᠶᠢᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠮᠥᠷᠳᠡᠵᠦ᠂ ᠪᠦᠬᠦᠨ ᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠬᠤ ᠪᠤᠯᠳᠠᠯ᠎ᠠ ᠢᠮᠠᠭᠳᠠ ᠠᠩᠬᠠᠷᠤᠯ ᠢᠶᠠᠨ ᠬᠠᠨᠳᠤᠭᠤᠯᠬᠤ ᠬᠡᠷᠡᠭᠲᠡᠶ᠃      4. ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠲᠥᠰᠦᠯ ᠪᠣᠯ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠬᠠᠮᠤᠭ ᠡᠴᠦᠰ ᠤᠨ ᠰᠡᠷᠭᠡᠶᠢᠯᠡᠯᠲᠡ ᠶᠢᠨ ᠱᠤᠭᠤᠮ ᠪᠣᠯᠤᠨ᠎ᠠ᠃ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠤᠨ ᠠᠶᠤᠯ ᠦᠭᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠲᠣᠬᠢᠶᠠᠯ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠴᠢᠳᠠᠪᠤᠷᠢ ᠶᠢ ᠨᠢ ᠳᠡᠭᠡᠭᠰᠢᠯᠡᠭᠦᠯᠵᠦ᠂ ᠬᠦᠴᠦᠲᠡᠶ᠂ ᠡᠮᠬᠢ ᠵᠢᠷᠤᠮ ᠲᠠᠢ᠂ ᠪᠦᠲᠦᠮᠵᠢᠲᠡᠶ ᠪᠠᠷ ᠰᠡᠷᠭᠡᠶᠢᠯᠡᠬᠦ ᠪᠠ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠬᠠᠷᠢᠯᠴᠠᠭ᠎ᠠ ᠵᠣᠬᠢᠴᠠᠭᠤᠯᠭ᠎ᠠ ᠪᠠᠨ ᠡᠷᠴᠢᠮᠵᠢᠬᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠲᠤᠭᠤᠰᠢᠯᠠᠭᠤᠯᠬᠤ ᠶᠢ ᠠᠬᠢᠭᠤᠯᠬᠤ ᠬᠡᠷᠡᠭᠲᠡᠢ᠃ ᠭᠠᠮᠰᠢᠭ ᠤᠨ ᠠᠳᠡᠯ ᠭᠠᠷᠤᠭᠰᠠᠨ ᠤ ᠲᠠᠷᠠᠭ᠎ᠠ᠂ ᠡᠷᠴᠢᠮᠳᠡᠢ ᠵᠣᠬᠢᠴᠠᠭᠤᠯᠤᠨ ᠲᠣᠬᠢᠷᠠᠭᠤᠯᠵᠤ᠂ ᠠᠶᠤᠯ ᠠᠴᠠ ᠠᠪᠤᠷᠠᠨ ᠲᠤᠰᠠᠯᠠᠬᠤ ᠠᠵᠢᠯ ᠢ ᠦᠳᠲᠡᠷ ᠲᠦᠷᠭᠡᠨ ᠥᠷᠨᠢᠭᠦᠯᠵᠦ᠂ ᠠᠳᠡᠯ ᠤᠨ ᠦᠬᠦᠯ ᠰᠢᠷᠬᠠᠲᠤᠯ᠂ ᠡᠳ᠋ ᠬᠥᠷᠦᠩᠭᠡ ᠶᠢᠨ ᠬᠤᠬᠢᠷᠠᠯ ᠪᠠ ᠨᠡᠶᠢᠭᠡᠮ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠪᠠ ᠪᠠᠭᠠᠰᠬᠠᠬᠤ ᠬᠡᠷᠡᠭᠲᠡᠶ᠃      5. ︽ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ + ᠮᠡᠳᠡᠭᠡ ᠵᠠᠩᠭᠢᠵᠢᠯᠲᠠ︾ ᠶᠢᠨ ᠠᠵᠢᠯ ᠢ ᠦᠷᠭᠦᠯᠵᠢᠯᠡᠨ ᠠᠬᠢᠭᠤᠯᠤᠨ᠎ᠠ᠃ ᠤᠰᠤᠨ ᠠᠰᠢᠭᠯᠠᠯᠲᠠ ᠶᠢᠨ ᠠᠮᠤᠷ ᠲᠦᠪᠰᠢᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠰᠢᠰᠲ᠋ᠧᠮ ᠢ ᠥᠷᠭᠡᠨ ᠢᠶᠠᠷ ᠬᠡᠷᠡᠭᠯᠡᠵᠦ᠂ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ ᠬᠢᠭᠡᠳ ᠰᠦᠯᠵᠢᠶᠡᠨ ᠭᠠᠳᠠᠨᠠᠬᠢ ᠬᠢᠨᠠᠯᠲᠠ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠵᠤ᠂ ᠠᠮᠤᠷ ᠲᠦᠪᠰᠢᠨ ᠤ ᠲᠦᠭᠰᠢᠭᠦᠷᠢ ᠶᠢ ᠵᠠᠳᠠᠯᠬᠤ ᠪᠠ ᠰᠡᠷᠡᠮᠵᠢᠯᠡᠭᠦᠯᠬᠦ ᠶᠢ ᠴᠢᠩᠭᠠᠷᠠᠭᠤᠯᠤᠨ᠂ ᠡᠯ᠎ᠡ ᠤᠰᠤᠨ ᠠᠰᠢᠭᠯᠠᠯᠲᠠ ᠶᠢᠨ ᠦᠢᠯᠡᠳᠪᠤᠷᠢᠯᠡᠯ ᠡᠵᠡᠩᠨᠡᠯᠲᠡ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠲᠠᠪᠴᠠᠩ ᠢ ᠪᠦᠲᠦᠮᠵᠢᠲᠡᠶ ᠠᠰᠢᠭᠯᠠᠨ ᠠᠮᠤᠷ ᠲᠦᠪᠰᠢᠨ ᠤ ᠳᠠᠯᠳᠠ ᠬᠡᠮ ᠢ ᠥᠪᠡᠷ ᠢᠶᠠᠨ ᠪᠠᠶᠢᠴᠠᠭᠠᠬᠤ᠂ ᠵᠠᠰᠠᠬᠤ ᠪᠠ ᠮᠡᠳᠡᠭᠡ ᠵᠠᠩᠭᠢ ᠶᠢ ᠬᠤᠭᠤᠴᠠᠭ᠎ᠠ ᠶᠣᠰᠣᠭᠠᠷ ᠳᠡᠭᠡᠭᠰᠢ ᠮᠡᠳᠡᠭᠦᠯᠬᠦ ᠠᠵᠢᠯ ᠥᠷᠨᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠬᠢᠭᠡᠳ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠯᠡᠯᠲᠡ ᠶᠢᠨ ᠭᠦᠨᠵᠡᠭᠡᠶ ᠠᠭᠤᠰᠤᠯᠴᠠᠬᠤ ᠶᠢ ᠠᠬᠢᠭᠤᠯᠤᠨ᠎ᠠ᠃
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号