内蒙古自治区水利厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠲᠦᠷᠢᠮ
        ᠨᠡᠶᠢᠲᠡᠯᠡᠭᠰᠡᠨ ᠴᠠᠭ᠄
        2021/6/17
              ︵2017 ᠤᠨ ᠤ 9 ᠰᠠᠷ᠎ᠠ ᠶᠢᠨ 29 ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠭᠤᠴᠢᠨ ᠲᠠᠪᠤᠳᠤᠭᠠᠷ ᠬᠤᠷᠠᠯᠳᠤᠭᠠᠨ ᠢᠶᠠᠷ ᠪᠠᠲᠤᠯᠠᠪᠠ︶     ᠨᠢᠭᠡᠳᠦᠭᠡᠷ ᠪᠦᠯᠦᠭ ᠶᠡᠷᠦᠩᠬᠡᠢ ᠲᠦᠷᠢᠮ      ᠨᠢᠭᠡᠳᠦᠭᠡᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠨ᠂ ᠤᠤᠭᠤᠬᠤ ᠤᠰᠤᠨ ᠤ ᠠᠶᠤᠯᠬᠦᠢ ᠶᠢ ᠪᠠᠲᠤᠯᠠᠵᠦ᠂ ᠡᠷᠬᠡᠲᠦ ᠠᠷᠠᠳ ᠤᠨ ᠪᠡᠶ᠎ᠡ ᠶᠢᠨ ᠡᠷᠡᠭᠦᠯ ᠮᠡᠨᠳᠦ ᠶᠢ ᠬᠠᠮᠠᠭᠠᠯᠠᠵᠦ᠂ ᠠᠵᠦ ᠠᠬᠤᠢ ᠨᠡᠶᠢᠭᠡᠮ ᠤᠨ ᠦᠷᠭᠦᠯᠵᠢᠯᠡᠯ ᠬᠦᠭᠵᠢᠯᠲᠡ ᠶᠢ ᠠᠬᠢᠭᠤᠯᠬᠤ ᠶᠢᠨ ᠲᠦᠯᠦᠭᠡ᠂ ︽ᠪᠦᠬᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠤᠰᠤᠨ ᠤ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠤᠯᠤᠰ ᠤᠨ ᠬᠤᠯᠪᠤᠭᠳᠠᠯ ᠪᠦᠬᠦᠢ ᠬᠠᠤᠯᠢ       ᠴᠠᠭᠠᠵᠠ᠂ ᠬᠠᠤᠯᠢ ᠲᠤᠭᠲᠠᠭᠠᠯ ᠢ ᠦᠨᠳᠦᠰᠦᠯᠡᠨ᠂ ᠥᠪᠡᠷᠳᠡᠭᠡᠨ ᠵᠠᠰᠠᠬᠤ ᠤᠷᠤᠨ ᠤ ᠪᠤᠳᠠᠲᠦ ᠪᠠᠶᠢᠳᠠᠯ ᠲᠠᠢ ᠤᠶᠠᠯᠳᠤᠭᠤᠯᠵᠦ ᠪᠠᠶᠢᠭᠠᠳ ᠲᠤᠰ ᠲᠦᠷᠢᠮ ᠢ ᠲᠤᠭᠲᠠᠭᠠᠪᠠ᠃      ᠬᠤᠶᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠳᠠᠬᠢ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠪᠠ ᠬᠠᠮᠢᠶᠠᠷᠬᠤ ᠠᠵᠢᠯᠯᠠᠭ᠎ᠠ ᠳᠤ ᠲᠤᠰ ᠲᠦᠷᠢᠮ ᠢ ᠬᠡᠷᠡᠭᠯᠡᠨ᠎ᠡ᠃      ᠲᠤᠰ ᠲᠦᠷᠢᠮ ᠳᠤ ᠬᠡᠯᠡᠵᠦ ᠪᠠᠶᠢᠭ᠎ᠠ ᠤᠤᠭᠤᠬᠤ ᠤᠰᠤᠨ ᠤ ᠰᠤᠷᠪᠤᠯᠵᠢ ᠬᠡᠳᠡᠭ ᠨᠢ ᠬᠤᠲᠠ ᠬᠦᠳᠡᠭᠡ ᠶᠢᠨ ᠲᠦᠪᠯᠡᠷᠡᠭᠰᠡᠨ ᠮᠠᠶ᠋ᠢᠭ ᠤᠨ ᠤᠰᠤ ᠬᠠᠩᠭᠠᠬᠤ ᠭᠤᠤᠯ ᠮᠦᠷᠡᠨ᠂ ᠨᠠᠭᠤᠷ ᠪᠦᠷᠢᠲᠦ᠂ ᠴᠦᠬᠦᠷᠦᠮ᠂ ᠬᠤᠳᠳᠤᠭ ᠵᠡᠷᠭᠡ ᠭᠠᠵᠠᠷ ᠤᠨ ᠭᠠᠳᠠᠷᠭᠤ ᠶᠢᠨ ᠤᠰᠤᠨ ᠤ ᠰᠤᠷᠪᠤᠯᠵᠢ ᠪᠤᠯᠤᠨ ᠭᠠᠵᠠᠷ ᠲᠤᠤᠷᠠᠬᠢ ᠤᠰᠤᠨ ᠤ ᠰᠤᠷᠪᠤᠯᠵᠢ ᠶᠢ ᠵᠢᠭᠠᠵᠦ ᠪᠤᠢ᠃      ᠡᠮᠦᠨ᠎ᠡ ᠪᠠᠳᠠᠭ ᠲᠤ ᠬᠡᠯᠡᠵᠦ ᠪᠠᠶᠢᠭ᠎ᠠ ᠲᠦᠪᠯᠡᠷᠡᠭᠰᠡᠨ ᠮᠠᠶ᠋ᠢᠭ ᠤᠨ ᠤᠤᠭᠤᠬᠤ ᠤᠰᠤ ᠬᠠᠩᠭᠠᠬᠤ ᠭᠡᠳᠡᠭ ᠨᠢ ᠤᠯᠠᠨ ᠨᠡᠶᠢᠲᠡ ᠶᠢᠨ ᠤᠰᠤ ᠬᠠᠩᠭᠠᠬᠤ ᠰᠢᠰᠲ᠋ᠧᠮ ᠠᠴᠠ ᠬᠤᠲᠠ ᠬᠦᠳᠡᠭᠡ ᠶᠢᠨ ᠰᠠᠭᠤᠭᠠᠯᠢ ᠠᠷᠠᠳ ᠲᠤ ᠠᠮᠢᠳᠤᠷᠠᠯ ᠤᠨ ᠤᠤᠭᠤᠬᠤ ᠤᠰᠤ ᠬᠠᠩᠭᠠᠬᠤ ᠠᠷᠭ᠎ᠠ ᠮᠠᠶ᠋ᠢᠭ ᠢ ᠵᠢᠭᠠᠵᠦ ᠪᠤᠢ᠃     ᠭᠤᠷᠪᠠᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠳᠤ ᠰᠡᠷᠭᠡᠶᠢᠯᠡᠬᠦ ᠪᠠᠷ ᠭᠤᠤᠯ ᠪᠤᠯᠭᠠᠬᠤ᠂ ᠡᠩ ᠲᠡᠷᠢᠭᠦᠨ ᠳᠤ ᠬᠠᠮᠠᠭᠠᠯᠠᠬᠤ᠂ ᠶᠡᠷᠦᠩᠬᠡᠶᠢᠯᠡᠨ ᠵᠠᠰᠠᠬᠤ᠂ ᠠᠶᠤᠯᠭᠦᠢ ᠶᠢ ᠦᠨᠡᠨ ᠬᠦ ᠪᠠᠲᠤᠯᠠᠬᠤ ᠵᠠᠷᠴᠢᠮ ᠢ ᠪᠠᠷᠢᠮᠲᠠᠯᠠᠨ᠎ᠠ᠃      ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ ᠤᠷᠤᠨ ᠳᠠᠬᠢ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠠᠵᠢᠯ ᠢ ᠬᠠᠷᠢᠭᠤᠴᠠᠵᠦ᠂ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠵᠢᠬᠦᠯᠭᠡ ᠳᠤ ᠤᠷᠤᠭᠤᠯᠤᠨ᠂ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠤ ᠠᠵᠦ ᠦᠢᠯᠡᠰ ᠤᠨ ᠪᠦᠲᠦᠴᠡ ᠪᠤᠯᠤᠨ ᠪᠠᠶᠢᠷᠢᠰᠢᠭᠤᠯᠤᠯ ᠢ ᠵᠤᠬᠢᠰᠲᠠᠢ       ᠲᠤᠬᠢᠷᠠᠭᠤᠯᠵᠦ᠂ ᠠᠵᠦ ᠠᠬᠤᠢ ᠶᠢᠨ ᠪᠦᠲᠦᠭᠡᠨ ᠪᠠᠶᠢᠭᠤᠯᠤᠯᠲᠠ ᠪᠤᠯᠤᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠵᠤᠬᠢᠴᠠᠩᠭᠤᠢ ᠬᠦᠭᠵᠢᠬᠦ ᠶᠢ ᠠᠬᠢᠭᠤᠯᠬᠤ ᠬᠡᠷᠡᠭᠲᠠᠢ᠃     ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠳᠠᠬᠢ ᠡᠳ᠋ ᠤᠨ ᠵᠠᠰᠠᠭ ᠤᠨ ᠤᠷᠤᠭᠤᠯᠤᠯᠲᠠ ᠶᠢ ᠨᠡᠮᠡᠭᠳᠡᠭᠦᠯᠵᠦ᠂ ᠤᠤᠭᠤᠬᠤ ᠤᠰᠤᠨ ᠤ ᠰᠤᠷᠪᠤᠯᠵᠢ ᠶᠢᠨ ᠤᠰᠤᠨ ᠤ ᠴᠢᠨᠠᠷ ᠤᠨ ᠠᠶᠤᠯᠭᠦᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠬᠡᠷᠡᠭᠴᠡᠭᠡ ᠶᠢ ᠪᠠᠲᠤᠯᠠᠬᠤ ᠬᠡᠷᠡᠭᠲᠠᠢ᠃      ᠵᠢᠷᠭᠤᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠠᠵᠢᠯ ᠤᠨ ᠬᠠᠷᠠᠯᠲᠠᠲᠦ ᠬᠠᠷᠢᠭᠤᠴᠠᠯᠭ᠎ᠠ ᠶᠢᠨ ᠲᠦᠷᠢᠮ ᠪᠤᠯᠤᠨ ᠰᠢᠯᠭᠠᠨ ᠪᠠᠶᠢᠴᠠᠭᠠᠵᠦ ᠦᠨᠡᠯᠡᠬᠦ ᠲᠦᠷᠢᠮ ᠢ ᠬᠡᠷᠡᠭᠵᠢᠭᠦᠯᠦᠨ᠎ᠡ᠃      ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠠᠵᠢᠯ ᠤᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠦᠴᠢᠷ ᠵᠢᠴᠢ ᠲᠡᠭᠦᠨ ᠤ ᠬᠠᠷᠢᠭᠤᠴᠠᠯᠭᠠᠲᠠᠨ ᠪᠤᠯᠤᠨ ᠲᠤᠤᠷ᠎ᠠ ᠱᠠᠲᠤᠨ ᠤ ᠠᠷᠠᠳ ᠤᠨ ᠵᠠᠰᠠᠭ ᠤᠨ ᠤᠷᠳᠤᠨ ᠵᠢᠴᠢ ᠲᠡᠭᠦᠨ ᠤ ᠬᠠᠷᠢᠭᠤᠴᠠᠯᠭᠠᠲᠠᠨ ᠤ ᠤᠨ ᠤ ᠰᠢᠯᠭᠠᠨ ᠪᠠᠶᠢᠴᠠᠭᠠᠯᠲᠠ ᠶᠢᠨ ᠠᠭᠤᠯᠭ᠎ᠠ ᠳᠤ ᠤᠷᠤᠭᠤᠯᠵᠦ᠂ ᠲᠡᠭᠦᠨ ᠢ ᠰᠢᠯᠭᠠᠨ ᠪᠠᠶᠢᠴᠠᠭᠠᠵᠦ ᠦᠨᠡᠯᠡᠬᠦ ᠴᠢᠬᠤᠯᠠ ᠡᠰᠢ ᠪᠠᠷᠢᠮᠲᠠ ᠪᠤᠯᠭᠠᠬᠤ ᠬᠡᠷᠡᠭᠲᠠᠢ᠃ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠠᠢ᠃      ᠲᠤᠯᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠳᠠᠬᠢ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠬᠤᠯᠪᠤᠭᠳᠠᠯ ᠪᠦᠬᠦᠢ ᠤᠷᠴᠢᠨ ᠲᠤᠭᠤᠷᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠦ᠂ ᠤᠤᠭᠤᠬᠤ ᠤᠰᠤᠨ ᠤ ᠰᠤᠷᠪᠤᠯᠵᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠳᠤ ᠨᠢᠭᠡᠳᠦᠯᠲᠠᠢ ᠬᠢᠨᠠᠯᠲᠠ ᠬᠠᠮᠢᠶᠠᠷᠤᠯᠲᠠ ᠬᠢᠨ᠎ᠡ᠃      ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠳᠠᠬᠢ ᠤᠤᠭᠤᠬᠤ ᠤᠰᠤᠨ ᠤ ᠰᠤᠷᠪᠤᠯᠵᠢ ᠶᠢᠨ ᠲᠦᠯᠦᠪᠵᠢᠭᠦᠯᠭᠡ᠂ ᠤᠰᠤᠨ ᠤ ᠬᠡᠮᠵᠢᠶ᠎ᠡ ᠶᠢ ᠲᠤᠬᠢᠷᠠᠭᠤᠯᠬᠤ ᠪᠠ ᠤᠰᠤ ᠠᠪᠬᠤ ᠵᠦᠪᠰᠢᠶᠡᠷᠡᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠵᠦ᠂ ᠤᠤᠭᠤᠬᠤ ᠤᠰᠤᠨ ᠤ ᠡᠬᠢ ᠪᠠᠶᠠᠯᠢᠭ ᠲᠤ ᠨᠢᠭᠡᠳᠦᠯᠲᠠᠢ ᠬᠢᠨᠠᠯᠲᠠ ᠬᠠᠮᠢᠶᠠᠷᠤᠯᠲᠠ ᠬᠢᠨ᠎ᠡ᠃      ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠦᠭᠵᠢᠭᠦᠯᠦᠯᠲᠡ ᠪᠠ ᠦᠭᠡᠷᠡᠴᠢᠯᠡᠯᠲᠡ᠂ ᠡᠳ᠋ ᠤᠨ ᠵᠠᠰᠠᠭ᠂ ᠤᠷᠤᠨ ᠰᠠᠭᠤᠴᠡ ᠪᠤᠯᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠲᠠᠷᠢᠶᠠᠯᠠᠩ ᠮᠠᠯ ᠠᠵᠦ ᠠᠬᠤᠢ᠂ ᠤᠢ       ᠰᠢᠭᠤᠢ᠂ ᠵᠠᠮ ᠲᠡᠭᠡᠭᠡᠪᠤᠷᠢ᠂ ᠲᠤᠲᠤᠭᠠᠳᠦ ᠶᠢ ᠬᠠᠮᠠᠭᠠᠯᠠᠬᠤ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠥᠪᠡᠷ ᠥᠪᠡᠷ ᠤᠨ ᠲᠤᠰᠢᠶᠠᠯ ᠬᠠᠷᠢᠭᠤᠴᠠᠯᠭ᠎ᠠ ᠶᠤᠰᠤᠭᠠᠷ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠬᠤᠯᠪᠤᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠠᠢ᠃      ᠨᠠᠢᠮᠠᠳᠤᠭᠠᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤᠰ ᠬᠠᠷᠢᠶᠠᠨ ᠤ ᠲᠤᠭᠤᠷᠢᠭ ᠲᠠᠬᠢ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠠᠵᠢᠯ ᠢ ᠬᠠᠤᠯᠢ ᠶᠤᠰᠤᠭᠠᠷ ᠰᠠᠶᠢᠲᠤᠷ ᠬᠢᠬᠦ ᠬᠡᠷᠡᠭᠲᠠᠢ᠃ ᠭᠠᠴᠠᠭ᠎ᠠ ᠲᠤᠰᠬᠤᠨ ᠤ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠬᠤᠯᠪᠤᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠵᠢᠯᠴᠠᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠬᠤᠯᠪᠤᠭᠳᠠᠯ ᠪᠦᠬᠦᠢ ᠠᠵᠢᠯ ᠢ ᠬᠠᠤᠯᠢ ᠶᠤᠰᠤᠭᠠᠷ ᠰᠠᠶᠢᠲᠤᠷ ᠬᠢᠬᠦ ᠬᠡᠷᠡᠭᠲᠠᠢ᠃      ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠵᠢᠴᠢ ᠲᠡᠭᠦᠨ ᠤ ᠤᠷᠴᠢᠨ ᠲᠤᠭᠤᠷᠢᠨ ᠤ ᠬᠠᠮᠠᠭᠠᠯᠠᠯᠲᠠ᠂ ᠤᠰᠤᠨ ᠤ ᠵᠠᠰᠠᠭ ᠵᠠᠬᠢᠷᠭ᠎ᠠ ᠵᠡᠷᠭᠡ ᠰᠠᠯᠠᠭ᠎ᠠ ᠮᠦᠴᠢᠷ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠲᠤᠬᠠᠢ ᠤᠬᠠᠭᠤᠯᠭ᠎ᠠ ᠬᠦᠮᠦᠵᠢᠯ ᠢ ᠵᠤᠬᠢᠶᠠᠨ ᠪᠠᠶᠢᠭᠤᠯᠵᠦ ᠦᠷᠨᠢᠭᠦᠯᠬᠦ       ᠬᠡᠷᠡᠭᠲᠠᠢ᠃ ᠰᠤᠨᠢᠨ ᠰᠡᠳᠭᠦᠯ᠂ ᠷᠠᠳᠢᠤ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠲᠤᠬᠠᠢ ᠤᠬᠠᠭᠤᠯᠭ᠎ᠠ ᠬᠢᠵᠦ᠂ ᠤᠤᠭᠤᠬᠤ ᠤᠰᠤᠨ ᠤ ᠰᠤᠷᠪᠤᠯᠵᠢ ᠶᠢ ᠪᠤᠬᠢᠷᠳᠤᠭᠤᠯᠤᠭᠰᠠᠨ ᠪᠠ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠪᠡᠯᠡᠳᠭᠡᠮᠵᠢ ᠶᠢ ᠡᠪᠳᠡᠵᠦ ᠰᠦᠢᠳᠭᠡᠭᠰᠡᠨ ᠦᠢᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡ ᠶᠢᠨ ᠬᠢᠨᠠᠯᠲᠠ ᠲᠠᠯᠪᠢᠬᠤ ᠬᠡᠷᠡᠭᠲᠠᠢ᠃      ᠠᠷᠪᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠦᠮᠦᠨ ᠪᠦᠷ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠡᠭᠦᠷᠭᠡ ᠲᠠᠢ᠂ ᠤᠤᠭᠤᠬᠤ ᠤᠰᠤᠨ ᠤ ᠰᠤᠷᠪᠤᠯᠵᠢ ᠶᠢ ᠪᠤᠬᠢᠷᠳᠤᠭᠤᠯᠤᠭᠰᠠᠨ ᠪᠠ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠪᠡᠯᠡᠳᠭᠡᠮᠵᠢ ᠶᠢ ᠡᠪᠳᠡᠵᠦ ᠰᠦᠢᠳᠭᠡᠭᠰᠡᠨ ᠦᠢᠯᠡ ᠠᠵᠢᠯᠯᠠᠭ᠎ᠠ ᠶᠢ ᠢᠯᠡᠴᠢᠯᠡᠵᠦ ᠮᠡᠳᠡᠭᠦᠯᠬᠦ ᠡᠷᠬᠡ ᠲᠠᠢ᠃      ᠬᠤᠶᠠᠳᠤᠭᠠᠷ ᠪᠦᠯᠦᠭ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠢ ᠲᠤᠭᠲᠠᠭᠠᠬᠤ      ᠠᠷᠪᠠᠨ ᠨᠢᠭᠡᠳᠦᠭᠡᠷ ᠵᠦᠢᠯ ᠥᠪᠡᠷᠳᠡᠭᠡᠨ ᠵᠠᠰᠠᠬᠤ ᠤᠷᠤᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠤ ᠲᠦᠷᠢᠮ ᠢ ᠲᠤᠭᠲᠠᠭᠠᠨ᠎ᠠ᠃ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠢ ᠨᠢᠭᠡᠳᠦᠭᠡᠷ ᠲᠡᠰ ᠤᠨ ᠬᠠᠮᠠᠭᠠᠯᠠᠯᠲᠠ ᠶᠢᠨ ᠤᠷᠤᠨ ᠪᠠ ᠬᠤᠶᠠᠳᠤᠭᠠᠷ ᠲᠡᠰ ᠤᠨ ᠬᠠᠮᠠᠭᠠᠯᠠᠯᠲᠠ ᠶᠢᠨ ᠤᠷᠤᠨ ᠭᠡᠵᠦ ᠬᠤᠪᠢᠶᠠᠨ᠎ᠠ︔ ᠴᠢᠬᠤᠯᠠ ᠲᠠᠢ ᠦᠶ᠎ᠡ ᠳᠤ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠤ ᠭᠠᠳᠠᠭᠤᠷ ᠵᠤᠬᠢᠬᠤ ᠬᠡᠮᠵᠢᠶᠡᠨ ᠤ ᠲᠡᠰᠯᠡᠭᠴᠢ ᠬᠠᠮᠠᠭᠠᠯᠠᠯᠲᠠ ᠶᠢᠨ ᠤᠷᠤᠨ ᠪᠠᠶᠢᠭᠤᠯᠵᠦ ᠪᠤᠯᠤᠨ᠎ᠠ᠃      ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠭᠡᠳᠡᠭ ᠨᠢ ᠲᠦᠪᠯᠡᠷᠡᠭᠦᠯᠦᠨ ᠤᠰᠤ ᠬᠠᠩᠭᠠᠬᠤ ᠭᠠᠵᠠᠷ ᠤᠨ ᠭᠠᠳᠠᠷᠭᠤ ᠶᠢᠨ ᠤᠰᠤᠨ ᠤ ᠰᠤᠷᠪᠤᠯᠵᠢ ᠪᠤᠯᠤᠨ ᠭᠠᠵᠠᠷ ᠲᠤᠤᠷᠠᠬᠢ ᠤᠰᠤᠨ ᠤ ᠰᠤᠷᠪᠤᠯᠵᠢ ᠶᠢᠨ ᠠᠶᠤᠯᠭᠦᠢ ᠶᠢ ᠬᠠᠮᠠᠭᠠᠯᠠᠬᠤ ᠶᠢᠨ ᠲᠦᠯᠦᠭᠡ ᠵᠠᠭᠠᠭᠯᠠᠨ ᠲᠤᠭᠲᠠᠭᠠᠭᠰᠠᠨ ᠤᠨᠴᠠᠭᠠᠶᠢᠯᠠᠨ       ᠬᠠᠮᠠᠭᠠᠯᠠᠬᠤ᠂ ᠪᠤᠬᠢᠷᠳᠤᠯ ᠪᠠ ᠡᠪᠳᠡᠯᠡᠭᠡ ᠶᠢ ᠰᠡᠷᠬᠡᠶᠢᠯᠡᠨ ᠵᠤᠬᠰᠤᠭᠠᠬᠤ ᠤᠰᠤᠨ ᠤ ᠴᠠᠷᠠᠭ᠎ᠠ ᠵᠢᠴᠢ ᠬᠤᠯᠪᠤᠭᠳᠠᠯ ᠪᠦᠬᠦᠢ ᠬᠠᠭᠤᠷᠠᠢ ᠶᠢᠨ ᠴᠠᠷᠠᠭ᠎ᠠ ᠶᠢ ᠵᠢᠭᠠᠵᠦ ᠪᠤᠢ᠃      ᠠᠷᠪᠠᠨ ᠬᠤᠶᠠᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢ ᠲᠤᠭᠲᠠᠭᠠᠬᠤ ᠳᠤ ᠤᠰᠤᠨ ᠤ ᠦᠢᠯᠡᠳᠦᠯᠲᠦ ᠤᠷᠤᠨ ᠤ ᠬᠤᠪᠢᠶᠠᠷᠢᠯᠠᠯ ᠪᠠ ᠤᠰᠤᠨ ᠤ ᠤᠷᠴᠢᠨ ᠲᠤᠭᠤᠷᠢᠨ ᠤ ᠦᠢᠯᠡᠳᠦᠯᠲᠦ ᠤᠷᠤᠨ ᠤ ᠬᠤᠪᠢᠶᠠᠷᠢᠯᠠᠯ ᠲᠠᠢ ᠵᠤᠯᠭᠠᠭᠤᠯᠵᠦ᠂ ᠤᠯᠤᠰ ᠪᠤᠯᠤᠨ ᠥᠪᠡᠷᠳᠡᠭᠡᠨ ᠵᠠᠰᠠᠬᠤ ᠤᠷᠤᠨ ᠤ ᠤᠰᠤᠨ ᠤ ᠴᠢᠨᠠᠷ ᠤᠨ ᠪᠠᠷᠢᠮᠵᠢᠶ᠎ᠠ ᠵᠡᠷᠭᠡ ᠱᠠᠭᠠᠷᠳᠠᠯᠭ᠎ᠠ ᠲᠠᠢ ᠨᠡᠶᠢᠴᠡᠭᠦᠯᠬᠦ ᠬᠡᠷᠡᠭᠲᠠᠢ᠃      ᠤᠳᠤ ᠪᠠᠶᠢᠬᠤ ᠤᠤᠭᠤᠬᠤ ᠤᠰᠤᠨ ᠤ ᠰᠤᠷᠪᠤᠯᠵᠢ ᠨᠢ ᠤᠯᠤᠰ ᠤᠨ ᠬᠤᠯᠪᠤᠭᠳᠠᠯ ᠪᠦᠬᠦᠢ ᠤᠰᠤᠨ ᠤ ᠴᠢᠨᠠᠷ ᠤᠨ ᠪᠠᠷᠢᠮᠵᠢᠶ᠎ᠠ ᠵᠡᠷᠭᠡ ᠱᠠᠭᠠᠷᠳᠠᠯᠭ᠎ᠠ ᠲᠠᠢ ᠨᠡᠶᠢᠴᠡᠬᠦ ᠦᠭᠡᠢ ᠪᠦᠭᠡᠳ ᠤᠰᠤ ᠬᠠᠩᠭᠠᠬᠤ ᠠᠶᠤᠯᠭᠦᠢ ᠶᠢ ᠪᠠᠲᠤᠯᠠᠵᠦ ᠲᠡᠶᠢᠯᠬᠦ ᠦᠭᠡᠢ ᠪᠤᠯ ᠤᠤᠭᠤᠬᠤ ᠤᠰᠤᠨ ᠤ ᠰᠤᠷᠪᠤᠯᠵᠢ ᠶᠢ ᠲᠠᠬᠢᠨ ᠲᠤᠭᠲᠠᠭᠠᠬᠤ ᠬᠡᠷᠡᠭᠲᠠᠢ᠃      ᠠᠷᠪᠠᠨ ᠭᠤᠷᠪᠠᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠢ ᠲᠤᠭᠲᠠᠭᠠᠬᠤ ᠳᠤ᠂ ᠬᠤᠯᠪᠤᠭᠳᠠᠯ ᠪᠦᠬᠦᠢ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠵᠠᠭᠠᠭᠯᠠᠨ ᠲᠤᠭᠲᠠᠭᠠᠬᠤ ᠲᠦᠰᠦᠪ ᠲᠤᠷᠠᠳᠴᠤ᠂ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠨ᠎ᠡ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠠᠯᠤᠰᠯᠠᠭᠰᠠᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠢ ᠲᠤᠭᠲᠠᠭᠠᠬᠤ ᠳᠤ ᠬᠤᠯᠪᠤᠭᠳᠠᠯ ᠪᠦᠬᠦᠢ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠵᠠᠭᠠᠭᠯᠠᠨ ᠲᠤᠭᠲᠠᠭᠠᠬᠤ ᠲᠦᠰᠦᠪ ᠢ ᠵᠦᠪᠳᠡᠯᠴᠡᠨ ᠲᠤᠷᠠᠳᠴᠤ᠂ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠤᠨ᠎ᠡ︔ ᠵᠦᠪᠳᠡᠯᠴᠡᠭᠡᠳ ᠪᠦᠲᠦᠬᠦ ᠦᠭᠡᠢ ᠪᠤᠯ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠲᠤᠨ ᠤ ᠤᠰᠤᠨ ᠤ ᠵᠠᠰᠠᠭ ᠵᠠᠬᠢᠷᠭ᠎ᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠤᠷᠤᠨ ᠰᠠᠭᠤᠴᠠ ᠪᠤᠯᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠦᠴᠢᠷ ᠲᠠᠢ ᠬᠠᠮᠲᠤᠷᠠᠵᠦ ᠪᠠᠶᠢᠭᠠᠳ ᠵᠠᠭᠠᠭᠯᠠᠨ ᠲᠤᠭᠲᠠᠭᠠᠬᠤ ᠲᠦᠰᠦᠪ ᠲᠤᠷᠠᠳᠴᠤ᠂ ᠠᠳᠠᠯᠢ ᠱᠠᠲᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠰᠠᠨᠠᠯ ᠢ ᠰᠤᠨᠤᠰᠤᠭᠠᠳ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠨ᠎ᠡ᠃      ᠵᠦᠪᠰᠢᠶᠡᠷᠡᠭᠦᠯᠦᠭᠰᠡᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠢ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠨᠡᠶᠢᠭᠡᠮ ᠳᠤ ᠵᠠᠷᠯᠠᠨ᠎ᠠ᠃      ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠳᠤ ᠲᠤᠬᠢᠷᠠᠭᠤᠯᠤᠯᠲᠠ ᠬᠢᠬᠦ ᠴᠢᠬᠤᠯᠠ ᠲᠠᠢ ᠪᠤᠯ ᠲᠤᠰ ᠲᠦᠷᠢᠮ ᠳᠤ ᠲᠤᠭᠲᠠᠭᠠᠭᠰᠠᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠢ ᠵᠠᠭᠠᠭᠯᠠᠨ ᠲᠤᠭᠲᠠᠭᠠᠬᠤ ᠲᠡᠰ ᠲᠠᠷᠠᠭᠠᠯᠠᠯ ᠢᠶᠠᠷ ᠭᠦᠢᠴᠡᠳᠭᠡᠨ᠎ᠡ᠃     ᠠᠷᠪᠠᠨ ᠲᠦᠷᠪᠡᠳᠦᠭᠡᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠢ ᠵᠠᠭᠠᠭᠯᠠᠨ ᠲᠤᠭᠲᠠᠭᠠᠬᠤ ᠪᠤᠶᠤ ᠲᠡᠭᠦᠨ ᠳᠤ ᠲᠤᠬᠢᠷᠠᠭᠤᠯᠤᠯᠲᠠ ᠬᠢᠬᠦ ᠠᠴᠠ ᠪᠤᠯᠵᠦ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠳᠠᠬᠢ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠤᠶᠤ ᠪᠤᠰᠤᠳ ᠵᠤᠬᠢᠶᠠᠨ ᠪᠠᠶᠢᠭᠤᠯᠤᠯᠲᠠ ᠶᠢᠨ ᠬᠠᠤᠯᠢ ᠶᠤᠰᠤᠨ ᠤ ᠡᠷᠬᠡ ᠠᠰᠢᠭ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠤᠯᠪᠤᠭᠳᠠᠯ ᠪᠦᠬᠦᠢ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠬᠠᠤᠯᠢ ᠶᠤᠰᠤᠭᠠᠷ ᠲᠦᠯᠦᠪᠤᠷᠢ ᠦᠭᠬᠦ       ᠬᠡᠷᠡᠭᠲᠠᠢ᠃     ᠭᠤᠷᠪᠠᠳᠤᠭᠠᠷ ᠪᠦᠯᠦᠭ   ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ      ᠠᠷᠪᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠤᠭᠤᠬᠤ ᠤᠰᠤᠨ ᠤ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠲᠦᠯᠦᠪᠵᠢᠭᠦᠯᠭᠡ ᠲᠤᠭᠲᠠᠭᠠᠬᠤ ᠬᠡᠷᠡᠭᠲᠠᠢ︔ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠲᠤᠰᠬᠠᠢ ᠲᠦᠯᠦᠪᠵᠢᠭᠦᠯᠭᠡ ᠲᠤᠭᠲᠠᠭᠠᠬᠤ ᠬᠡᠷᠡᠭᠲᠠᠢ︔ ᠤᠰᠤ ᠬᠠᠩᠭᠠᠬᠤ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠰᠤ ᠬᠠᠩᠭᠠᠬᠤ ᠲᠦᠯᠦᠪᠵᠢᠭᠦᠯᠭᠡ ᠪᠠ ᠬᠡᠷᠡᠭᠵᠢᠭᠦᠯᠬᠦ ᠲᠦᠰᠦᠪ ᠢ ᠬᠠᠷᠢᠭᠤᠴᠠᠨ ᠲᠤᠭᠲᠠᠭᠠᠨ᠎ᠠ᠃     ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠳᠤ ᠭᠠᠵᠠᠷ ᠵᠦᠢ ᠶᠢᠨ ᠲᠤᠲᠤᠷᠬᠠᠢ ᠵᠠᠭᠠᠭ ᠲᠡᠮᠳᠡᠭ ᠪᠤᠰᠬᠠᠵᠦ᠂ ᠢᠯᠡᠷᠬᠡᠢ ᠪᠠᠶᠢᠷᠢᠨ ᠳᠤ ᠰᠡᠷᠡᠮᠵᠢ ᠶᠢᠨ ᠲᠡᠮᠳᠡᠭ ᠲᠠᠯᠪᠢᠬᠤ ᠬᠡᠷᠡᠭᠲᠠᠢ᠃ ᠬᠡᠷᠡᠭᠴᠡᠭᠡ ᠪᠠᠨ ᠦᠨᠳᠦᠰᠦᠯᠡᠨ ᠨᠢᠭᠡᠳᠦᠭᠡᠷ ᠲᠡᠰ ᠤᠨ ᠬᠠᠮᠠᠭᠠᠯᠠᠯᠲᠠ ᠶᠢᠨ ᠤᠷᠤᠨ ᠤ ᠡᠷᠬᠢᠨ ᠲᠤᠭᠤᠷᠢᠨ ᠳᠤ ᠲᠤᠰᠠᠭᠠᠷᠯᠠᠵᠦ ᠬᠠᠮᠠᠭᠠᠯᠠᠬᠤ ᠪᠡᠯᠡᠳᠭᠡᠮᠵᠢ ᠲᠤᠬᠢᠷᠠᠭᠤᠯᠵᠦ᠂ ᠪᠢᠲᠡᠭᠦᠮᠵᠢᠯᠡᠨ ᠬᠠᠮᠢᠶᠠᠷᠬᠤ ᠭᠡᠷᠡᠭᠲᠠᠢ᠃      ᠶᠠᠮᠠᠷᠪᠠ ᠨᠢᠭᠡᠴᠢ ᠪᠤᠯᠤᠨ ᠬᠤᠪᠢ ᠬᠦᠮᠦᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠤ ᠭᠠᠵᠠᠷ ᠵᠦᠢ ᠶᠢᠨ ᠵᠠᠭᠠᠭ ᠲᠡᠮᠳᠡᠭ᠂ ᠰᠡᠷᠡᠮᠵᠢ ᠶᠢᠨ ᠲᠡᠮᠳᠡᠭ ᠪᠤᠯᠤᠨ ᠲᠤᠰᠠᠭᠠᠷᠯᠠᠵᠦ ᠬᠠᠮᠠᠭᠠᠯᠠᠬᠤ ᠪᠡᠯᠡᠳᠭᠡᠮᠵᠢ ᠶᠢ ᠲᠤᠷ᠎ᠠ ᠪᠠᠷ ᠢᠶᠠᠨ ᠬᠤᠪᠢᠷᠠᠭᠤᠯᠵᠦ᠂ ᠡᠪᠳᠡᠯᠡᠵᠦ ᠪᠤᠯᠬᠤ ᠦᠭᠡᠢ᠃      ᠠᠷᠪᠠᠨ ᠲᠤᠯᠤᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠲᠡᠰᠯᠡᠭᠴᠢ ᠬᠠᠮᠠᠭᠠᠯᠠᠯᠲᠠ ᠶᠢᠨ ᠤᠷᠤᠨ ᠳᠤ ᠲᠤᠤᠷᠠᠬᠢ ᠦᠢᠯᠡ ᠠᠵᠢᠯᠯᠠᠭ᠎ᠠ ᠶᠢ ᠬᠢᠵᠦ ᠪᠤᠯᠬᠤ ᠦᠭᠡᠢ᠄      ︵ᠨᠢᠭᠡ︶ ᠬᠢᠮᠢ ᠶᠢᠨ ᠠᠵᠦ ᠦᠢᠯᠡᠳᠪᠤᠷᠢ᠂ ᠠᠮᠢᠳᠤ ᠪᠤᠳᠠᠰ ᠢᠰᠭᠡᠬᠦ᠂ ᠴᠠᠬᠢᠯᠭᠠᠨ ᠢᠶᠠᠷ ᠦᠩᠭᠡᠯᠡᠬᠦ᠂ ᠠᠷᠠᠰᠦ ᠰᠢᠷᠢ᠂ ᠲᠡᠮᠦᠷᠯᠢᠭ ᠬᠠᠶᠢᠯᠤᠭᠤᠯᠬᠤ᠂ ᠰᠠᠴᠤᠷᠠᠭ ᠴᠢᠨᠠᠷᠲᠠᠢ᠂ ᠲᠤᠰᠤ ᠪᠤᠯᠪᠠᠰᠤᠷᠠᠭᠤᠯᠬᠤ᠂ ᠬᠡᠤᠷᠰᠢᠭᠦᠯᠬᠦ ᠪᠠ ᠤᠰᠤᠨ ᠴᠤᠭᠴᠠ ᠶᠢ ᠬᠦᠨᠳᠦ ᠨᠤᠴᠢᠲᠠᠢ ᠪᠤᠬᠢᠷᠳᠤᠭᠤᠯᠬᠤ ᠪᠤᠰᠤᠳ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠵᠦ᠂ ᠦᠷᠭᠡᠳᠭᠡᠨ ᠪᠠᠶᠢᠭᠤᠯᠵᠦ᠂ ᠪᠤᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠨᠡᠮᠡᠭᠳᠡᠭᠦᠯᠬᠦ ᠲᠦᠷᠦᠯ ᠵᠦᠢᠯ ᠢ ᠦᠭᠡᠷᠡᠴᠢᠯᠡᠨ ᠪᠠᠶᠢᠭᠤᠯᠬᠤ︔      ︵ᠬᠤᠶᠠᠷ︶ ᠤᠤᠭᠤᠬᠤ ᠤᠰᠤᠨ ᠤ ᠰᠤᠷᠪᠤᠯᠵᠢ ᠶᠢᠨ ᠤᠰᠤᠨ ᠤ ᠴᠢᠨᠠᠷ ᠪᠤᠯᠤᠨ ᠤᠰᠤᠨ ᠤ ᠬᠡᠮᠵᠢᠶ᠎ᠡ ᠶᠢ ᠬᠦᠨᠳᠦ ᠨᠤᠴᠢᠲᠠᠢ ᠨᠦᠯᠦᠭᠡᠯᠡᠵᠦ ᠮᠡᠳᠡᠬᠦ ᠠᠭᠤᠷᠬᠠᠢ ᠶᠢᠨ ᠭᠠᠷᠤᠯᠲᠠ ᠬᠠᠶᠢᠨ ᠪᠠᠶᠢᠴᠠᠭᠠᠬᠤ᠂ ᠰᠤᠩᠭᠤᠵᠦ ᠠᠪᠬᠤ ᠵᠡᠷᠭᠡ ᠠᠵᠢᠯᠯᠠᠭ᠎ᠠ ᠬᠢᠬᠦ︔      ︵ᠭᠤᠷᠪᠠ︶ ᠠᠵᠦ ᠦᠢᠯᠡᠳᠪᠤᠷᠢ ᠶᠢᠨ ᠬᠠᠶᠠᠭᠳᠠᠮᠠᠯ ᠰᠢᠭᠠᠷᠤ᠂ ᠬᠤᠭ ᠨᠤᠪᠰᠢ᠂ ᠪᠠᠭᠠᠰᠦ ᠪᠤᠯᠤᠨ ᠪᠤᠰᠤᠳ ᠬᠠᠶᠠᠭᠳᠠᠮᠠᠯ ᠪᠤᠳᠠᠰ ᠢ ᠴᠢᠳᠬᠤᠬᠤ᠂ ᠤᠪᠤᠭᠠᠯᠠᠬᠤ︔      ︵ᠲᠦᠷᠪᠡ︶ ᠤᠰᠤᠨ ᠤ ᠰᠤᠷᠪᠤᠯᠵᠢ ᠶᠢ ᠬᠠᠮᠠᠭᠠᠯᠠᠬᠤ ᠤᠢ᠂ ᠡᠷᠬᠢ ᠶᠢ ᠬᠠᠮᠠᠭᠠᠯᠠᠬᠤ ᠤᠢ ᠵᠢᠴᠢ ᠤᠰᠤᠨ ᠤ ᠰᠤᠷᠪᠤᠯᠵᠢ ᠶᠢ ᠬᠠᠮᠠᠭᠠᠯᠠᠬᠤ ᠬᠤᠯᠪᠤᠭᠳᠠᠯ ᠪᠦᠬᠦᠢ ᠤᠷᠭᠤᠮᠠᠯ ᠤᠨ ᠪᠦᠷᠬᠦᠴᠡ ᠶᠢ ᠡᠪᠳᠡᠯᠡᠬᠦ ᠠᠵᠢᠯᠯᠠᠭ᠎ᠠ︔      ︵ᠲᠠᠪᠤ︶ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠲᠤᠭᠲᠠᠭᠠᠭᠰᠠᠨ ᠤᠤᠭᠤᠬᠤ ᠤᠰᠤᠨ ᠤ ᠰᠤᠷᠪᠤᠯᠵᠢ ᠶᠢ ᠪᠤᠬᠢᠷᠳᠤᠭᠤᠯᠵᠦ ᠮᠡᠳᠡᠬᠦ ᠪᠤᠰᠤᠳ ᠦᠢᠯᠡ ᠠᠵᠢᠯᠯᠠᠭ᠎ᠠ᠃      ᠠᠷᠪᠠᠨ ᠨᠠᠢᠮᠠᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠤᠶᠠᠳᠤᠭᠠᠷ ᠲᠡᠰ ᠤᠨ ᠬᠠᠮᠠᠭᠠᠯᠠᠯᠲᠠ ᠶᠢᠨ ᠤᠷᠤᠨ ᠳᠤ ᠤᠤᠭᠤᠬᠤ ᠤᠰᠤᠨ ᠤ ᠰᠤᠷᠪᠤᠯᠵᠢ ᠶᠢᠨ ᠲᠡᠰᠯᠡᠭᠴᠢ ᠬᠠᠮᠠᠭᠠᠯᠠᠯᠲᠠ ᠶᠢᠨ ᠤᠷᠤᠨ ᠳᠤ ᠴᠠᠭᠠᠵᠠᠯᠠᠭᠰᠠᠨ ᠠᠴᠠ ᠭᠠᠳᠠᠨᠠᠬᠢ ᠲᠤᠤᠷᠠᠬᠢ ᠠᠵᠢᠯᠯᠠᠭ᠎ᠠ ᠨᠤᠭᠤᠳ ᠢ ᠬᠢᠵᠦ ᠪᠤᠯᠬᠤ ᠦᠭᠡᠢ᠄      ︵ᠨᠢᠭᠡ︶ ᠪᠤᠬᠢᠷᠳᠤᠯ ᠭᠠᠳᠠᠭᠰᠢᠯᠠᠭᠤᠯᠬᠤ ᠠᠮᠠᠰᠠᠷ ᠭᠠᠷᠭᠠᠬᠤ︔      ︵ᠬᠤᠶᠠᠷ︶ ᠪᠤᠬᠢᠷᠳᠤᠯ ᠭᠠᠳᠠᠭᠰᠢᠯᠠᠭᠤᠯᠬᠤ ᠪᠠᠷᠢᠯᠭ᠎ᠠ ᠶᠢᠨ ᠲᠦᠷᠦᠯ ᠵᠦᠢᠯ ᠪᠤᠶᠤ ᠪᠤᠰᠤᠳ ᠪᠡᠯᠡᠳᠭᠡᠮᠵᠢ ᠶᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠪᠠ ᠦᠷᠭᠡᠳᠭᠡᠨ ᠪᠠᠶᠢᠭᠤᠯᠬᠤ︔      ︵ᠭᠤᠷᠪᠠ︶ ᠤᠰᠤᠨ ᠤ ᠰᠤᠷᠪᠤᠯᠵᠢ ᠨᠦᠬᠦᠪᠤᠷᠢᠯᠡᠬᠦ ᠶᠢ ᠨᠦᠯᠦᠭᠡᠯᠡᠬᠦ ᠠᠵᠢᠯᠯᠠᠭ᠎ᠠ ᠵᠢᠴᠢ ᠤᠤᠭᠤᠬᠤ ᠤᠰᠤᠨ ᠤ ᠬᠠᠩᠭᠠᠯᠭ᠎ᠠ ᠲᠠᠢ ᠡᠰᠡ ᠬᠤᠯᠪᠤᠭᠳᠠᠬᠤ ᠬᠠᠶᠢᠨ ᠪᠠᠶᠢᠴᠠᠭᠠᠬᠤ᠂ ᠮᠠᠯᠲᠠᠵᠦ ᠠᠪᠬᠤ ᠠᠵᠢᠯᠯᠠᠭ᠎ᠠ︔      ︵ᠲᠦᠷᠪᠡ︶ ᠲᠤᠰᠤᠨ ᠬᠦᠮᠦᠷᠭᠡ᠂ ᠲᠤᠰᠦ ᠨᠡᠮᠡᠬᠦ ᠦᠷᠲᠡᠭᠡ ᠶᠢ ᠰᠢᠨ᠎ᠡ ᠪᠠᠷ ᠪᠠᠶᠢᠭᠤᠯᠬᠤ᠂ ᠦᠷᠭᠡᠳᠭᠡᠨ ᠪᠠᠶᠢᠭᠤᠯᠬᠤ︔      ︵ᠲᠠᠪᠤ︶ ᠴᠢᠨᠳᠠᠷ ᠬᠠᠶᠢᠯᠤᠭᠤᠯᠬᠤ ᠭᠠᠵᠠᠷ ᠤᠩᠭᠤᠨ ᠪᠠᠶᠢᠭᠤᠯᠬᠤ︔      ︵ᠵᠢᠷᠭᠤᠭ᠎ᠠ︶ ᠮᠠᠯ ᠵᠢᠭᠦᠷᠲᠡᠨ ᠲᠡᠵᠢᠭᠡᠪᠦᠷᠢ ᠶᠢᠨ ᠲᠠᠯᠠᠪᠠᠢ᠂ ᠲᠡᠵᠢᠭᠡᠪᠦᠷᠢ ᠶᠢᠨ ᠵᠢᠵᠢᠭ ᠲᠤᠭᠤᠷᠢᠬ ᠭᠠᠷᠭᠠᠬᠤ︔      ︵ᠲᠤᠯᠤᠭ᠎ᠠ︶ ᠴᠡᠪᠡᠷᠰᠢᠭᠦᠯᠦᠨ ᠰᠢᠢᠳᠪᠤᠷᠢᠯᠡᠵᠦ ᠪᠠᠷᠢᠮᠵᠢᠶ᠎ᠠ ᠳᠤ ᠬᠦᠷᠭᠡᠭᠰᠡᠨ ᠦᠭᠡᠢ ᠪᠤᠬᠢᠷᠳᠤᠯ ᠲᠠᠢ ᠤᠰᠤ ᠪᠠᠷ ᠲᠠᠷᠢᠶ᠎ᠠ ᠤᠰᠤᠯᠠᠬᠤ︔      ︵ᠨᠠᠢᠮᠠ︶ ᠲᠠᠷᠢᠶᠠᠨ ᠡᠮ᠂ ᠬᠢᠮᠢ ᠶᠢᠨ ᠪᠤᠷᠳᠤᠭᠤᠷ᠂ ᠹᠤᠰᠹᠤᠷ ᠲᠠᠢ ᠤᠬᠢᠶᠠᠯᠭ᠎ᠠ ᠶᠢᠨ ᠡᠳ᠋ ᠢ ᠪᠠᠷᠢᠮᠵᠢᠶ᠎ᠠ ᠠᠴᠠ ᠬᠡᠲᠦᠷᠡᠭᠦᠯᠦᠨ ᠬᠡᠷᠡᠭᠯᠡᠬᠦ︔      ︵ᠶᠢᠰᠦ︶ ᠠᠮᠢᠲᠠᠨ ᠤ ᠦᠬᠦᠳᠡᠯ ᠢ ᠭᠠᠵᠠᠷ ᠲᠤ ᠪᠤᠯᠬᠠᠤ ᠪᠤᠶᠤ ᠬᠠᠶᠠᠵᠦ ᠤᠷᠬᠢᠬᠤ︔      ︵ᠠᠷᠪᠠ︶ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠲᠤᠭᠲᠠᠭᠠᠭᠰᠠᠨ ᠤᠤᠭᠤᠬᠤ ᠤᠰᠤᠨ ᠤ ᠰᠤᠷᠪᠤᠯᠵᠢ ᠶᠢ ᠪᠤᠬᠢᠷᠳᠤᠭᠤᠯᠵᠦ ᠮᠡᠳᠡᠬᠦ ᠪᠤᠰᠤᠳ ᠦᠢᠯᠡ ᠠᠵᠢᠯᠯᠠᠭ᠎ᠠ᠃      ᠠᠷᠪᠠ ᠶᠢᠰᠦᠳᠦᠭᠡᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠨᠢᠭᠡᠳᠦᠭᠡᠷ ᠲᠡᠰ ᠤᠨ ᠬᠠᠮᠠᠭᠠᠯᠠᠯᠲᠠ ᠶᠢᠨ ᠤᠷᠤᠨ ᠳᠤ ᠤᠤᠭᠤᠬᠤ ᠤᠰᠤᠨ ᠤ ᠰᠤᠷᠪᠤᠯᠵᠢ ᠶᠢᠨ ᠲᠡᠰᠯᠡᠭᠴᠢ ᠬᠠᠮᠠᠭᠠᠯᠠᠯᠲᠠ ᠶᠢᠨ ᠤᠷᠤᠨ᠂ ᠬᠤᠶᠠᠳᠤᠭᠠᠷ ᠲᠡᠰ ᠤᠨ ᠬᠠᠮᠠᠭᠠᠯᠠᠯᠲᠠ ᠶᠢᠨ ᠤᠷᠤᠨ ᠳᠤ ᠴᠠᠭᠠᠵᠠᠯᠠᠭᠰᠠᠨ ᠦᠢᠯᠡ ᠠᠵᠢᠯᠯᠠᠭ᠎ᠠ ᠠᠴᠠ ᠭᠠᠳᠠᠨ᠎ᠠ᠂ ᠪᠠᠰᠠ ᠲᠤᠤᠷᠠᠬᠢ ᠦᠢᠯᠡ ᠠᠵᠢᠯᠯᠠᠭ᠎ᠠ ᠶᠢ ᠬᠢᠵᠦ ᠪᠤᠯᠬᠤ ᠦᠭᠡᠢ᠄      ︵ᠨᠢᠭᠡ︶ ᠤᠰᠤ ᠬᠠᠩᠭᠠᠬᠤ ᠪᠡᠯᠡᠳᠭᠡᠮᠵᠢ ᠪᠤᠯᠤᠨ ᠤᠰᠤᠨ ᠰᠤᠷᠪᠤᠯᠵᠢ ᠶᠢᠨ ᠬᠠᠮᠠᠭᠠᠯᠠᠯᠲᠠ ᠲᠠᠢ ᠡᠰᠡ ᠬᠤᠯᠪᠤᠭᠳᠠᠬᠤ ᠪᠠᠷᠢᠯᠭ᠎ᠠ ᠶᠢᠨ ᠲᠦᠷᠦᠯ ᠵᠦᠢᠯ ᠤᠳ ᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠪᠠ ᠦᠷᠭᠡᠳᠭᠡᠨ ᠪᠠᠶᠢᠭᠤᠯᠬᠤ︔      ︵ᠬᠤᠶᠠᠷ︶ ᠲᠤᠤᠷᠯᠢᠭ ᠲᠦᠷᠪᠡᠯᠵᠢ ᠳᠤ ᠮᠠᠯ ᠵᠢᠭᠦᠷᠲᠡᠨ ᠲᠡᠵᠢᠭᠡᠵᠦ ᠦᠷᠡᠵᠢᠬᠦᠯᠬᠦ᠂ ᠵᠤᠭᠠᠴᠠᠬᠤ᠂       ᠤᠮᠪᠠᠭ᠋ᠤ᠂ ᠵᠢᠭᠠᠰᠦ ᠭᠦᠬᠢᠳᠡᠬᠦ ᠪᠤᠶᠤ ᠤᠤᠭᠤᠬᠤ ᠤᠰᠤ ᠶᠢ ᠪᠤᠬᠢᠷᠳᠤᠭᠤᠯᠵᠦ ᠮᠡᠳᠡᠬᠦ ᠪᠤᠰᠤᠳ ᠦᠢᠯᠡ       ᠠᠵᠢᠯᠯᠠᠭ᠎ᠠ︔      ᠬᠤᠷᠢᠳᠤᠭᠠᠷ ᠵᠦᠢᠯ ᠵᠠᠰᠠᠮᠠᠯ ᠵᠠᠮ᠂ ᠲᠡᠮᠦᠷ ᠵᠠᠮ᠂ ᠬᠦᠭᠦᠷᠭᠡ᠂ ᠲᠤᠰᠤ ᠬᠡᠢ ᠲᠡᠮᠵᠢᠭᠤᠯᠬᠤ ᠬᠤᠭᠤᠯᠠᠢ ᠵᠡᠷᠭᠡ ᠰᠠᠭᠤᠷᠢ ᠲᠦᠬᠦᠭᠡᠷᠦᠮᠵᠢ ᠪᠠᠶᠢᠭᠤᠯᠬᠤ ᠳᠤ ᠤᠤᠭᠤᠬᠤ ᠤᠰᠤᠨ ᠤ ᠰᠤᠷᠪᠤᠯᠵᠢ ᠶᠢᠨ ᠨᠢᠭᠡᠳᠦᠭᠡᠷ ᠲᠡᠰ ᠤᠨ ᠬᠠᠮᠠᠭᠠᠯᠠᠯᠲᠠ ᠶᠢᠨ ᠤᠷᠤᠨ ᠢᠶᠠᠷ ᠲᠤᠭᠤᠯᠤᠨ ᠭᠠᠷᠴᠤ ᠪᠤᠯᠬᠤ ᠦᠭᠡᠢ︔ ᠪᠠᠷᠢᠯᠭ᠎ᠠ ᠶᠢᠨ ᠨᠦᠬᠦᠴᠡᠯ ᠪᠤᠯᠤᠨ ᠪᠠᠶᠢᠭᠠᠯᠢ ᠶᠢᠨ ᠡᠯᠧᠮᠧᠨ᠋ᠲ ᠤᠨ ᠬᠢᠵᠠᠭᠠᠷᠯᠠᠯ ᠠᠴᠠ ᠪᠤᠯᠵᠦ ᠤᠤᠭᠤᠬᠤ ᠤᠰᠤᠨ ᠤ ᠰᠤᠷᠪᠤᠯᠵᠢ ᠶᠢᠨ ᠨᠢᠭᠡᠳᠦᠭᠡᠷ ᠲᠡᠰ ᠤᠨ ᠬᠠᠮᠠᠭᠠᠯᠠᠯᠲᠠ ᠶᠢᠨ ᠤᠷᠤᠨ ᠪᠤᠶᠤ ᠲᠡᠰᠯᠡᠭᠴᠢ ᠬᠠᠮᠠᠭᠠᠯᠠᠯᠲᠠ ᠶᠢᠨ ᠤᠷᠤᠨ ᠢ ᠦᠨᠡᠨ ᠬᠦ ᠲᠤᠭᠤᠯᠤᠨ ᠭᠠᠷᠬᠤ ᠴᠢᠬᠤᠯᠠ ᠲᠠᠢ ᠪᠤᠯ ᠲᠦᠷᠦᠯ ᠵᠦᠢᠯ ᠢ ᠬᠡᠷᠡᠭᠵᠢᠭᠦᠯᠦᠭᠰᠡᠨ ᠠᠴᠠ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠤ ᠤᠷᠴᠢᠨ ᠲᠤᠭᠤᠷᠢᠨ ᠳᠤ ᠦᠵᠡᠭᠦᠯᠬᠦ ᠨᠦᠯᠦᠭᠡ ᠳᠤ ᠲᠤᠰᠬᠠᠢ ᠦᠨᠡᠯᠡᠯᠲᠡ ᠬᠢᠬᠦ ᠬᠡᠷᠡᠭᠲᠠᠢ᠃      ᠬᠤᠷᠢᠨ ᠨᠢᠭᠡᠳᠦᠭᠡᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠨᠢᠭᠡᠳᠦᠭᠡᠷ ᠲᠡᠰ ᠤᠨ ᠬᠠᠮᠠᠭᠠᠯᠠᠯᠲᠠ ᠶᠢᠨ ᠤᠷᠤᠨ ᠳᠤ ᠨᠢᠭᠡᠨᠲᠡ ᠪᠠᠶᠢᠭᠤᠯᠤᠭᠰᠠᠨ ᠤᠰᠤ ᠬᠠᠩᠭᠠᠬᠤ ᠪᠡᠯᠡᠳᠭᠡᠮᠵᠢ ᠪᠤᠯᠤᠨ ᠤᠰᠤᠨ ᠤ ᠰᠤᠷᠪᠤᠯᠵᠢ ᠶᠢ ᠬᠠᠮᠠᠭᠠᠯᠠᠬᠤ ᠲᠠᠢ ᠡᠰᠡ ᠬᠤᠯᠪᠤᠭᠳᠠᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠵᠠᠷᠯᠢᠬᠳᠠᠵᠦ ᠪᠠᠶᠢᠭᠠᠳ ᠨᠤᠷᠠᠭᠠᠯᠭᠠᠬᠤ ᠪᠤᠶᠤ ᠬᠠᠭᠠᠯᠭᠠᠨ᠎ᠠ᠃      ᠤᠤᠭᠤᠬᠤ ᠤᠰᠤᠨ ᠤ ᠰᠤᠷᠪᠤᠯᠵᠢ ᠶᠢᠨ ᠬᠤᠶᠠᠳᠤᠭᠠᠷ ᠲᠡᠰ ᠤᠨ ᠬᠠᠮᠠᠭᠠᠯᠠᠯᠲᠠ ᠶᠢᠨ ᠤᠷᠤᠨ ᠳᠤ ᠨᠢᠭᠡᠨᠲᠡ ᠪᠠᠶᠢᠭᠤᠯᠤᠭᠰᠠᠨ ᠪᠤᠬᠢᠷᠳᠤᠯ ᠭᠠᠳᠠᠭᠰᠢᠯᠠᠭᠤᠯᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠵᠠᠷᠯᠢᠬᠳᠠᠵᠦ ᠪᠠᠶᠢᠭᠠᠳ ᠨᠤᠷᠠᠭᠠᠯᠭᠠᠬᠤ ᠪᠤᠶᠤ ᠬᠠᠭᠠᠯᠭᠠᠨ᠎ᠠ᠃      ᠬᠤᠷᠢᠨ ᠬᠤᠶᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠠᠴᠠ ᠤᠰᠤᠨ ᠤ ᠡᠬᠢ ᠪᠠᠶᠠᠯᠢᠭ ᠢ ᠬᠠᠮᠢᠶᠠᠷᠬᠤ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠤᠰᠤ ᠠᠪᠬᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠰᠢᠬᠦ ᠬᠦᠢᠴᠡᠳᠭᠡᠯ ᠲᠤᠭ᠎ᠠ ᠶᠢᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃      ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠦᠪᠰᠢᠶᠡᠷᠡᠭᠰᠡᠨ ᠤᠰᠤᠨ ᠤ ᠬᠡᠮᠵᠢᠶ᠎ᠡ ᠪᠠᠷ ᠬᠤᠪᠢᠶᠠᠷᠢᠯᠠᠬᠤ ᠲᠦᠰᠦᠪ ᠢ ᠦᠨᠳᠦᠰᠦᠯᠡᠨ᠂ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠬᠡᠮᠵᠢᠶ᠎ᠡ ᠲᠤᠭᠲᠠᠭᠠᠨ ᠬᠠᠮᠢᠶᠠᠷᠬᠤ ᠵᠠᠷᠴᠢᠮ ᠢᠶᠠᠷ ᠤᠤᠭᠤᠬᠤ ᠤᠰᠤᠨ ᠤ ᠰᠤᠷᠪᠤᠯᠵᠢ ᠠᠴᠠ ᠤᠰᠤ ᠠᠪᠬᠤ ᠲᠦᠯᠦᠪᠯᠡᠭᠡ ᠲᠤᠭᠲᠠᠭᠠᠬᠤ ᠬᠡᠷᠡᠭᠲᠠᠢ᠃     ᠬᠤᠷᠢᠨ ᠭᠤᠷᠪᠠᠳᠤᠭᠠᠷ ᠵᠦᠢᠯ ᠤᠤᠭᠤᠬᠤ ᠤᠰᠤ ᠠᠪᠬᠤ ᠳᠤ ᠭᠠᠵᠠᠷ ᠤᠨ ᠭᠠᠳᠠᠷᠭᠤ ᠶᠢᠨ ᠤᠰᠤ ᠪᠤᠯᠤᠨ ᠭᠠᠵᠠᠷ ᠲᠤᠤᠷᠠᠬᠢ ᠤᠰᠤ ᠶᠢ ᠨᠢᠭᠡᠳᠦᠯᠲᠠᠢ ᠲᠦᠯᠦᠪᠯᠡᠨ ᠲᠤᠬᠢᠷᠠᠭᠤᠯᠵᠦ᠂ ᠴᠢᠨᠠᠷ ᠰᠠᠶᠢᠲᠠᠢ ᠤᠰᠤ ᠶᠢ ᠡᠩ ᠲᠡᠷᠢᠭᠦᠨ ᠳᠤ ᠬᠤᠲᠠ ᠬᠦᠳᠡᠭᠡ ᠶᠢᠨ ᠰᠠᠭᠤᠭᠠᠯᠢ ᠠᠷᠠᠳ ᠲᠤ ᠬᠡᠷᠡᠭᠯᠡᠭᠦᠯᠬᠦ ᠶᠢ ᠪᠠᠲᠤᠯᠠᠬᠤ ᠬᠡᠷᠡᠭᠲᠠᠢ᠃ ᠬᠠᠤᠯᠢ ᠶᠤᠰᠤᠭᠠᠷ ᠭᠤᠶᠤᠴᠢᠯᠠᠨ ᠵᠦᠪᠰᠢᠶᠡᠷᠡᠭᠦᠯᠬᠦ ᠶᠤᠰᠤᠲᠠᠢ ᠠᠳᠡᠯ᠎ᠡ ᠵᠦᠪᠰᠢᠶᠡᠷᠡᠭᠦᠯᠦᠭᠰᠡᠨ ᠦᠭᠡᠢ ᠪᠠ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠤᠤᠷ ᠤᠨ ᠬᠡᠪᠴᠢᠶᠡᠨ ᠲᠤᠲᠤᠷᠠᠬᠢ ᠥᠪᠡᠷ ᠢᠶᠠᠨ ᠪᠡᠯᠡᠳᠭᠡᠭᠰᠡᠨ ᠬᠤᠳᠳᠤᠭ ᠢ ᠪᠦᠷ ᠬᠠᠭᠠᠯᠭᠠᠬᠤ ᠬᠡᠷᠡᠭᠲᠠᠢ᠃      ᠬᠤᠷᠢᠨ ᠲᠦᠷᠪᠡᠳᠦᠭᠡᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠳᠤ ᠤᠰᠤᠨ ᠤ ᠡᠬᠢ ᠪᠠᠶᠠᠯᠢᠭ ᠤᠨ ᠶᠡᠷᠦᠩᠬᠡᠢ ᠲᠦᠯᠦᠪᠵᠢᠭᠦᠯᠬᠡ᠂ ᠤᠰᠤᠨ ᠤ ᠦᠢᠯᠡᠳᠦᠯ ᠤᠨ ᠬᠤᠪᠢᠶᠠᠷᠢᠯᠠᠯ᠂ ᠤᠰᠤ ᠬᠠᠩᠭᠠᠬᠤ ᠲᠤᠰᠬᠠᠢ ᠲᠦᠯᠦᠪᠵᠢᠭᠦᠯᠭᠡ ᠲᠠᠢ ᠨᠡᠶᠢᠴᠡᠬᠦ ᠬᠡᠷᠡᠭᠲᠠᠢ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠤᠰᠤᠨ ᠤ ᠡᠬᠢ ᠪᠠᠶᠠᠯᠢᠭ ᠤᠨ ᠭᠡᠷᠡᠴᠢᠯᠡᠯᠲᠡ ᠬᠢᠬᠦ ᠪᠦᠭᠡᠳ ᠤᠰᠤ ᠠᠪᠬᠤ ᠵᠦᠪᠰᠢᠶᠡᠷᠡᠯ ᠤᠨ ᠬᠢᠨᠠᠨ ᠵᠦᠪᠰᠢᠶᠡᠷᠡᠭᠦᠯᠬᠦ ᠭᠠᠷᠳᠠᠮ ᠢ ᠬᠠᠤᠯᠢ ᠶᠤᠰᠤᠭᠠᠷ ᠭᠦᠢᠴᠡᠳᠭᠡᠬᠦ ᠬᠡᠷᠡᠭᠲᠠᠢ᠃      ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠪᠠᠷᠢᠯᠭ᠎ᠠ ᠶᠢ ᠤᠤᠭᠤᠬᠤ ᠤᠰᠤᠨ ᠤ ᠰᠤᠷᠪᠤᠯᠵᠢ ᠶᠢᠨ ᠪᠠᠷᠢᠯᠭ᠎ᠠ ᠲᠠᠢ ᠵᠡᠷᠭᠡᠪᠡᠷ ᠲᠦᠯᠦᠪᠯᠡᠵᠦ᠂ ᠵᠡᠷᠭᠡᠪᠡᠷ ᠪᠠᠶᠢᠭᠤᠯᠵᠦ᠂ ᠵᠡᠷᠭᠡᠪᠡᠷ ᠬᠡᠷᠡᠭᠯᠡᠯᠲᠡ ᠳᠤ ᠤᠷᠤᠭᠤᠯᠬᠤ ᠬᠡᠷᠡᠭᠲᠠᠢ᠃      ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠪᠤᠳᠠᠲᠦ ᠬᠡᠷᠡᠭᠴᠡᠭᠡ ᠶᠢ ᠦᠨᠳᠦᠰᠦᠯᠡᠨ᠂ ᠤᠤᠭᠤᠬᠤ ᠤᠰᠤᠨ ᠤ ᠰᠤᠷᠪᠤᠯᠵᠢ ᠶᠢᠨ ᠲᠡᠰᠯᠡᠭᠴᠢ ᠬᠠᠮᠠᠭᠠᠯᠠᠯᠲᠠ ᠶᠢᠨ ᠤᠷᠤᠨ ᠤ ᠲᠤᠲᠤᠷ᠎ᠠ ᠤᠰᠤᠨ ᠤ ᠰᠤᠷᠪᠤᠯᠵᠢ ᠶᠢ ᠬᠠᠮᠠᠭᠠᠯᠠᠬᠤ ᠤᠢ᠂ ᠡᠷᠬᠢ ᠶᠢ ᠬᠠᠮᠠᠭᠠᠯᠠᠬᠤ ᠤᠢ ᠵᠡᠷᠭᠡ ᠠᠮᠢ ᠠᠬᠤᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠤᠰᠤᠨ ᠴᠤᠭᠴᠠ ᠶᠢᠨ ᠦᠪᠡᠰᠦᠪᠡᠨ ᠴᠡᠪᠡᠷᠰᠢᠬᠦ ᠴᠢᠳᠠᠪᠤᠷᠢ ᠶᠢ ᠬᠠᠮᠠᠭᠠᠯᠠᠬᠤ ᠬᠡᠷᠡᠭᠲᠠᠢ᠃      ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤᠤᠭᠤᠬᠤ ᠤᠰᠤᠨ ᠤ ᠪᠠᠴᠢᠮ ᠪᠠᠶᠢᠳᠠᠯ ᠢ ᠠᠷᠭᠠᠴᠠᠬᠤ ᠤᠰᠤᠨ ᠤ ᠰᠤᠷᠪᠤᠯᠵᠢ ᠪᠤᠶᠤ ᠪᠡᠯᠡᠳᠭᠡᠯ ᠤᠰᠤᠨ ᠤ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠪᠤᠯᠤᠨ ᠬᠠᠮᠠᠭᠠᠯᠠᠯᠲᠠ ᠶᠢ ᠴᠢᠩᠭᠠᠳᠬᠠᠵᠦ᠂ ᠤᠰᠤᠨ ᠤ ᠰᠤᠷᠪᠤᠯᠵᠢ ᠪᠤᠬᠢᠷᠳᠤᠭᠰᠠᠨ ᠵᠡᠷᠭᠡ ᠬᠡᠷᠡᠭ ᠭᠠᠷᠴᠤ ᠤᠤᠭᠤᠬᠤ ᠤᠰᠤᠨ ᠤ ᠬᠠᠩᠭᠠᠯᠭ᠎ᠠ ᠲᠠᠰᠤᠯᠳᠠᠭᠰᠠᠨ ᠦᠶᠡᠰ᠂ ᠤᠤᠭᠤᠬᠤ ᠤᠰᠤᠨ ᠤ ᠪᠠᠴᠢᠮ ᠪᠠᠶᠢᠳᠠᠯ ᠢ ᠠᠷᠭᠠᠴᠠᠬᠤ ᠤᠰᠤᠨ ᠤ ᠰᠤᠷᠪᠤᠯᠵᠢ ᠪᠤᠶᠤ ᠪᠡᠯᠡᠳᠭᠡᠯ ᠤᠰᠤᠨ ᠤ ᠰᠤᠷᠪᠤᠯᠵᠢ ᠶᠢ ᠴᠠᠭ ᠲᠤᠬᠠᠢ ᠳᠤᠨᠢ ᠬᠡᠷᠡᠭᠯᠡᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠤᠭᠤᠬᠤ ᠤᠰᠤᠨ ᠤ ᠬᠠᠩᠭᠠᠯᠭ᠎ᠠ ᠶᠢ ᠪᠠᠲᠤᠯᠠᠬᠤ ᠬᠡᠷᠡᠭᠲᠠᠢ᠃      ᠤᠤᠭᠤᠬᠤ ᠤᠰᠤᠨ ᠤ ᠪᠠᠴᠢᠮ ᠪᠠᠶᠢᠳᠠᠯ ᠢ ᠠᠷᠭᠠᠴᠠᠬᠤ ᠤᠰᠤᠨ ᠤ ᠰᠤᠷᠪᠤᠯᠵᠢ ᠪᠤᠶᠤ ᠪᠡᠯᠡᠳᠭᠡᠯ ᠤᠰᠤᠨ ᠤ ᠰᠤᠷᠪᠤᠯᠵᠢ ᠶᠢ ᠬᠠᠮᠢᠶᠠᠷᠴᠤ ᠪᠠᠶᠢᠬᠤ ᠨᠢᠭᠡᠴᠢ ᠤᠰᠤ ᠬᠠᠩᠭᠠᠬᠤ ᠪᠡᠯᠡᠳᠭᠡᠮᠵᠢ ᠶᠢ ᠬᠠᠮᠠᠭᠠᠯᠠᠵᠦ᠂ ᠬᠡᠨᠡᠳᠳᠡ ᠶᠢᠨ ᠬᠡᠷᠡᠭ ᠭᠠᠷᠤᠭᠰᠠᠨ ᠦᠶ᠎ᠡ ᠳᠤ᠂ ᠤᠤᠭᠤᠬᠤ ᠤᠰᠤᠨ ᠤ ᠪᠠᠴᠢᠮ ᠪᠠᠶᠢᠳᠠᠯ ᠢ ᠠᠷᠭᠠᠴᠠᠬᠤ ᠤᠰᠤᠨ ᠤ ᠰᠤᠷᠪᠤᠯᠵᠢ ᠪᠤᠶᠤ ᠪᠡᠯᠡᠳᠭᠡᠯ ᠤᠰᠤᠨ ᠤ ᠰᠤᠷᠪᠤᠯᠵᠢ ᠶᠢ ᠬᠡᠪ ᠤᠨ ᠶᠤᠰᠤᠭᠠᠷ ᠬᠡᠷᠡᠭᠯᠡᠬᠦ ᠶᠢ ᠪᠠᠲᠤᠯᠠᠬᠤ ᠬᠡᠷᠡᠭᠲᠠᠢ᠃      ᠬᠤᠷᠢᠨ ᠲᠤᠯᠤᠳᠤᠭᠠᠷ ᠵᠦᠢᠯ ᠵᠠᠰᠠᠭ ᠵᠠᠬᠢᠷᠭᠠᠨ ᠤ ᠤᠷᠤᠨ ᠠᠯᠤᠰᠯᠠᠭᠰᠠᠨ ᠤᠤᠭᠤᠬᠤ ᠤᠰᠤᠨ ᠤ ᠪᠠᠴᠢᠮ ᠪᠠᠶᠢᠳᠠᠯ ᠢ ᠠᠷᠭᠠᠴᠠᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠬᠠᠮᠢᠶᠠᠷᠤᠯᠲᠠ ᠶᠢ ᠵᠠᠰᠠᠭ ᠵᠠᠬᠢᠷᠭᠠᠨ ᠤ ᠬᠠᠷᠢᠶᠠᠯᠠᠯ ᠤᠨ ᠵᠠᠷᠴᠢᠮ ᠶᠤᠰᠤᠭᠠᠷ ᠰᠠᠭᠤᠭ᠎ᠠ ᠭᠠᠵᠠᠷ ᠤᠨ ᠠᠷᠠᠳ ᠤᠨ ᠵᠠᠰᠠᠭ ᠤᠨ ᠤᠷᠳᠤᠨ ᠲᠤᠰᠪᠤᠷᠢ ᠬᠠᠷᠢᠭᠤᠴᠠᠨ᠎ᠠ᠃     ᠲᠦᠷᠪᠡᠳᠦᠭᠡᠷ ᠪᠦᠯᠦᠭ   ᠬᠢᠨᠠᠯᠲᠠ ᠬᠠᠮᠢᠶᠠᠷᠤᠯᠲᠠ      ᠬᠤᠷᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠳᠤ ᠨᠦᠬᠦᠪᠤᠷᠢ ᠦᠭᠬᠦ ᠲᠦᠷᠢᠮ ᠲᠤᠭᠲᠠᠭᠠᠵᠦ᠂ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠳᠤ ᠨᠦᠬᠦᠪᠤᠷᠢ ᠦᠭᠬᠦ ᠪᠡᠯᠡ ᠮᠦᠩᠭᠦ ᠶᠢ ᠨᠠᠶᠢᠳᠠᠪᠤᠷᠢᠵᠢᠭᠤᠯᠤᠨ᠂ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠨᠦᠬᠦᠪᠤᠷᠢ ᠳᠤ ᠬᠡᠷᠡᠭᠯᠡᠬᠦ ᠶᠢ ᠨᠢ ᠦᠨᠡᠨ ᠬᠦ ᠪᠠᠲᠤᠯᠠᠬᠤ ᠬᠡᠷᠡᠭᠲᠠᠢ᠃      ᠬᠤᠷᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠦᠭᠵᠢᠬᠦᠯᠦᠯᠲᠡ ᠪᠠ ᠦᠭᠡᠷᠡᠴᠢᠯᠡᠯᠲᠡ᠂ ᠤᠷᠴᠢᠨ ᠲᠤᠭᠤᠷᠢᠨ ᠤ ᠬᠠᠮᠠᠭᠠᠯᠠᠯᠲᠠ᠂ ᠤᠰᠤᠨ ᠤ ᠵᠠᠰᠠᠭ ᠵᠠᠬᠢᠷᠭ᠎ᠠ᠂ ᠤᠷᠤᠨ ᠰᠠᠭᠤᠴᠠ ᠪᠤᠯᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠤ ᠤᠷᠴᠢᠨ ᠲᠤᠭᠤᠷᠢᠨ ᠢ ᠵᠠᠰᠠᠬᠤ ᠲᠦᠷᠦᠯ ᠵᠦᠢᠯ ᠢ ᠡᠩ ᠲᠡᠷᠢᠭᠦᠨ ᠳᠤ ᠲᠤᠬᠢᠷᠠᠭᠤᠯᠬᠤ ᠬᠡᠷᠡᠭᠲᠠᠢ᠃      ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤᠷᠴᠢᠨ ᠲᠤᠭᠤᠷᠢᠨ ᠤ ᠬᠠᠮᠠᠭᠠᠯᠠᠯᠲᠠ᠂ ᠤᠰᠤᠨ ᠤ ᠵᠠᠰᠠᠭ ᠵᠠᠬᠢᠷᠭ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠦ ᠵᠤᠬᠢᠴᠠᠭᠤᠯᠤᠨ᠂ ᠤᠤᠭᠤᠬᠤ ᠤᠰᠤᠨ ᠤ ᠰᠤᠷᠪᠤᠯᠵᠢ ᠶᠢᠨ ᠤᠰᠤᠨ ᠤ ᠴᠢᠨᠠᠷ ᠤᠨ ᠬᠢᠨᠠᠨ ᠰᠢᠯᠭᠠᠲᠠ ᠶᠢᠨ ᠡᠬᠢ ᠪᠠᠶᠠᠯᠢᠭ ᠢ ᠨᠡᠶᠢᠳᠭᠡᠵᠦ᠂ ᠬᠢᠨᠠᠨ ᠰᠢᠯᠭᠠᠬᠤ ᠬᠦᠷᠢᠶ᠎ᠡ ᠬᠡᠪᠴᠢᠶ᠎ᠡ᠂ ᠴᠢᠭ ᠪᠠᠶᠢᠷᠢ ᠪᠤᠯᠤᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠤᠭᠲᠠᠭᠠᠵᠦ᠂ ᠤᠰᠤᠨ ᠤ ᠴᠢᠨᠠᠷ ᠤᠨ ᠠᠦ᠋ᠲ᠋ᠤ᠋ ᠬᠢᠨᠠᠨ ᠰᠢᠯᠭᠠᠯᠲᠠ ᠬᠢᠨᠠᠨ ᠡᠵᠡᠮᠰᠢᠯᠲᠡ ᠪᠠ ᠰᠡᠷᠡᠮᠵᠢᠯᠡᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠦ᠂ ᠬᠢᠨᠠᠨ ᠰᠢᠯᠭᠠᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠪᠤᠯᠤᠨ ᠬᠠᠮᠲᠦ ᠪᠠᠷ ᠡᠳ᠋ᠯᠡᠬᠦ ᠲᠤᠭᠲᠠᠴᠠ ᠶᠢ ᠲᠡᠭᠦᠯᠳᠡᠷᠵᠢᠭᠦᠯᠬᠦ ᠬᠡᠷᠡᠭᠲᠠᠢ᠃     ᠭᠤᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠯᠤᠰ ᠪᠤᠯᠤᠨ ᠥᠪᠡᠷᠳᠡᠭᠡᠨ ᠵᠠᠰᠠᠬᠤ ᠤᠷᠤᠨ ᠤ ᠤᠰᠤᠨ ᠤ ᠪᠠᠷᠢᠮᠵᠢᠶ᠎ᠠ ᠶᠢᠨ ᠱᠠᠭᠠᠷᠳᠠᠯᠭ᠎ᠠ ᠶᠤᠰᠤᠭᠠᠷ ᠠᠳᠠᠭ ᠪᠠᠭ᠎ᠠ ᠳᠠᠭᠠᠨ ᠤᠯᠠᠷᠢᠯ ᠪᠦᠷᠢ ᠨᠡᠶᠢᠭᠡᠮ ᠳᠤ ᠨᠢᠭᠡ ᠤᠳᠠᠭ᠎ᠠ ᠲᠤᠰ ᠵᠠᠰᠠᠭ ᠵᠠᠬᠢᠷᠭᠠᠨ ᠤ ᠤᠷᠤᠨ ᠤ ᠤᠤᠭᠤᠬᠤ ᠤᠰᠤᠨ ᠤ ᠠᠶᠤᠯᠭᠦᠢ ᠶᠢᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠠᠢ᠃      ᠭᠤᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤᠤᠭᠤᠬᠤ ᠤᠰᠤᠨ ᠤ ᠰᠤᠷᠪᠤᠯᠵᠢ ᠶᠢᠨ ᠠᠶᠤᠯᠭᠦᠢ ᠶᠢ ᠦᠨᠡᠯᠡᠬᠦ ᠲᠤᠭᠲᠠᠴᠠ ᠶᠢ ᠪᠠᠶᠢᠭᠤᠯᠵᠦ᠂ ᠤᠤᠭᠤᠬᠤ ᠤᠰᠤᠨ ᠤ ᠰᠤᠷᠪᠤᠯᠵᠢ ᠶᠢᠨ ᠠᠶᠤᠯᠭᠦᠢ ᠶᠢ ᠪᠠᠲᠤᠯᠠᠬᠤ ᠪᠠᠶᠢᠭᠤᠯᠤᠯᠲᠠ ᠶᠢ ᠬᠢᠬᠦ ᠬᠡᠷᠡᠭᠲᠠᠢ᠃      ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ᠂ ᠤᠰᠤᠨ ᠤ ᠵᠠᠰᠠᠭ ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠥᠪᠡᠷ ᠥᠪᠡᠷ ᠤᠨ ᠲᠤᠰᠢᠶᠠᠯ ᠬᠠᠷᠢᠭᠤᠴᠠᠯᠭ᠎ᠠ ᠪᠠᠷ ᠢᠶᠠᠨ ᠤᠤᠭᠤᠬᠤ ᠤᠰᠤᠨ ᠤ ᠰᠤᠷᠪᠤᠯᠵᠢ ᠶᠢᠨ ᠤᠰᠤᠨ ᠤ ᠴᠢᠨᠠᠷ᠂ ᠤᠰᠤᠨ ᠤ ᠬᠡᠮᠵᠢᠶ᠎ᠡ ᠪᠤᠯᠤᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠪᠠᠶᠢᠳᠠᠯ ᠳᠤ ᠲᠤᠭᠲᠠᠮᠠᠯ ᠬᠤᠭᠤᠴᠠᠭ᠎ᠠ ᠲᠠᠢ ᠪᠠᠷ ᠦᠨᠡᠯᠡᠯᠲᠡ ᠬᠢᠬᠦ ᠪᠦᠭᠡᠳ ᠦᠨᠡᠯᠡᠭᠰᠡᠨ ᠦᠷ᠎ᠡ ᠳ᠋ᠦᠩ ᠢᠶᠠᠨ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠬᠦᠷᠭᠡᠨ ᠮᠡᠳᠡᠭᠦᠯᠬᠦ ᠬᠡᠷᠡᠭᠲᠠᠢ᠃      ᠭᠤᠴᠢᠨ ᠭᠤᠷᠪᠠᠳᠤᠭᠠᠷ ᠵᠦᠢᠯ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠲᠠ ᠪᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠤᠤᠭᠤᠬᠤ ᠤᠰᠤᠨ ᠤ ᠠᠶᠤᠯᠭᠦᠢ ᠶᠢᠨ ᠭᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠲᠤᠭᠲᠠᠭᠠᠬᠤ ᠬᠡᠷᠡᠭᠲᠠᠢ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠥᠪᠡᠷ ᠥᠪᠡᠷ ᠤᠨ ᠲᠤᠰᠢᠶᠠᠯ ᠬᠠᠷᠢᠭᠤᠴᠠᠯᠭ᠎ᠠ ᠪᠤᠯᠤᠨ ᠪᠠᠴᠢᠮ ᠪᠠᠶᠢᠳᠠᠯ ᠢ ᠠᠷᠭᠠᠴᠠᠬᠤ ᠲᠦᠰᠦᠯ ᠶᠤᠰᠤᠭᠠᠷ ᠤᠤᠭᠤᠬᠤ ᠤᠰᠤᠨ ᠤ ᠠᠶᠤᠯᠭᠦᠢ ᠶᠢᠨ ᠭᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠦᠰᠦᠯ ᠢ ᠲᠤᠭᠲᠠᠭᠠᠬᠤ ᠬᠡᠷᠡᠭᠲᠠᠢ᠃      ᠭᠤᠴᠢᠨ ᠲᠦᠷᠪᠡᠳᠦᠭᠡᠷ ᠵᠦᠢ᠊‍ᠯ ᠤᠤᠭᠤᠬᠤ ᠤᠰᠤ ᠬᠠᠩᠭᠠᠬᠤ ᠨᠢᠭᠡᠴᠢ ᠨᠢ ᠰᠠᠭᠤᠭ᠎ᠠ ᠭᠠᠵᠠᠷ ᠤᠨ ᠤᠤᠭᠤᠬᠤ ᠤᠰᠤᠨ ᠤ ᠠᠶᠤᠯᠭᠦᠢ ᠶᠢᠨ ᠭᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠦᠰᠦᠯ ᠢ ᠦᠨᠳᠦᠰᠦᠯᠡᠨ ᠲᠤᠰ ᠨᠢᠭᠡᠴᠢ ᠶᠢᠨ ᠪᠤᠳᠠᠲᠠᠢ ᠬᠡᠷᠡᠭᠵᠢᠭᠦᠯᠬᠦ ᠲᠦᠰᠦᠪ ᠢ ᠲᠤᠭᠲᠠᠭᠠᠵᠦ᠂ ᠰᠠᠭᠤᠭ᠎ᠠ ᠭᠠᠵᠠᠷ ᠤᠨ ᠢᠶᠠᠨ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠲᠠ ᠪᠤᠯᠤᠨ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠲᠠᠩᠰᠠᠯᠠᠭᠤᠯᠬᠤ ᠪᠦᠭᠡᠳ ᠱᠠᠭᠠᠷᠳᠠᠯᠭ᠎ᠠ ᠶᠤᠰᠤᠭᠠᠷ ᠪᠠᠴᠢᠮ ᠪᠠᠶᠢᠳᠠᠯ ᠢ ᠠᠷᠭᠠᠴᠠᠬᠤ ᠳᠤ ᠵᠠᠪᠠᠯ ᠬᠡᠷᠡᠭᠰᠡᠬᠦ ᠡᠳ᠋ ᠪᠤᠳᠠᠰ ᠢ ᠨᠦᠭᠡᠴᠡᠯᠡᠵᠦ᠂ ᠪᠠᠴᠢᠮ ᠪᠠᠶᠢᠳᠠᠯ ᠢ ᠠᠷᠭᠠᠴᠠᠬᠤ ᠰᠤᠷᠢᠯᠲᠠ ᠶᠢ ᠲᠤᠭᠲᠠᠮᠠᠯ ᠬᠤᠭᠤᠴᠠᠭ᠎ᠠ ᠲᠠᠢ ᠬᠢᠬᠦ ᠬᠡᠷᠡᠭᠲᠠᠢ᠃      ᠭᠤᠴᠢᠨ ᠲᠠᠪᠤᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠳᠤ ᠪᠤᠬᠢᠷᠳᠤᠭᠰᠠᠨ ᠠᠳᠡᠯ ᠭᠠᠷᠬᠤ ᠪᠤᠶᠤ ᠤᠤᠭᠤᠬᠤ ᠤᠰᠤᠨ ᠤ ᠠᠶᠤᠯᠭᠦᠢ ᠶᠢ ᠨᠦᠯᠦᠭᠡᠯᠡᠵᠦ ᠮᠡᠳᠡᠬᠦ ᠪᠤᠰᠤᠳ ᠬᠡᠨᠡᠳᠳᠡ ᠶᠢᠨ ᠬᠡᠷᠡᠭ ᠭᠠᠷᠪᠠᠯ ᠤᠤᠭᠤᠬᠤ ᠤᠰᠤ ᠬᠠᠩᠭᠠᠵᠦ ᠪᠠᠶᠢᠬᠤ ᠨᠢᠭᠡᠴᠢ ᠲᠠᠷᠤᠢ ᠲᠦᠷᠭᠡᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠬᠤ ᠪᠦᠭᠡᠳ ᠰᠠᠭᠤᠭ᠎ᠠ ᠭᠠᠵᠠᠷ ᠤᠨ ᠢᠶᠠᠨ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠲᠠ ᠪᠤᠯᠤᠨ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠬᠦ ᠶᠢᠨ ᠬᠠᠮᠲᠦ ᠨᠡᠶᠢᠭᠡᠮ ᠳᠤ ᠨᠡᠶᠢᠲᠡᠯᠡᠬᠦ ᠬᠡᠷᠡᠭᠲᠠᠢ︔ ᠬᠤᠯᠪᠤᠭᠳᠠᠯ ᠪᠦᠬᠦᠢ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ ᠪᠤᠯᠤᠨ ᠪᠤᠰᠤᠳ ᠡᠵᠡᠩᠨᠡᠭᠴᠢ ᠲᠠᠷᠤᠢ ᠲᠦᠷᠭᠡᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠬᠤ ᠪᠦᠭᠡᠳ ᠰᠠᠭᠤᠭ᠎ᠠ ᠭᠠᠵᠠᠷ ᠤᠨ ᠢᠶᠠᠨ ᠠᠷᠠᠳ ᠤᠨ ᠵᠠᠰᠠᠭ ᠤᠨ ᠤᠷᠳᠤᠨ ᠵᠢᠴᠢ ᠤᠷᠴᠢᠨ ᠲᠤᠭᠤᠷᠢᠨ ᠤ ᠬᠠᠮᠠᠭᠠᠯᠠᠯᠲᠠ ᠪᠤᠯᠤᠨ ᠤᠤᠭᠤᠬᠤ ᠤᠰᠤ ᠬᠠᠩᠭᠠᠬᠤ ᠠᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠴᠠᠭ ᠲᠤᠬᠠᠢ ᠳᠤᠨᠢ ᠮᠡᠳᠡᠭᠳᠡᠬᠦ ᠬᠡᠷᠡᠭᠲᠠᠢ︔ ᠤᠤᠭᠤᠬᠤ ᠤᠰᠤ ᠬᠠᠩᠭᠠᠬᠤ ᠠᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠤᠰᠤ ᠠᠪᠬᠤ ᠨᠢᠭᠡᠴᠢ ᠪᠤᠯᠤᠨ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠲᠤ ᠮᠡᠳᠡᠭᠳᠡᠵᠦ᠂ ᠪᠤᠬᠢᠷᠳᠤᠯ ᠲᠠᠢ ᠤᠰᠤ ᠶᠢ ᠤᠰᠤ ᠬᠡᠷᠡᠭᠯᠡᠭᠴᠢ ᠡᠷᠦᠬᠡ ᠶᠢᠨ ᠳᠤ ᠤᠷᠤᠬᠤ ᠠᠴᠠ ᠵᠠᠶᠢᠯᠠᠰᠬᠢᠬᠦ ᠬᠡᠷᠡᠭᠲᠠᠢ︔ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠪᠠᠶᠢᠳᠠᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠴᠠᠭ ᠲᠤᠬᠠᠢ ᠳᠤᠨᠢ ᠡᠬᠢᠯᠡᠨ ᠬᠡᠷᠡᠭᠵᠢᠬᠦᠯᠵᠦ᠂ ᠪᠦᠲᠦᠮᠵᠢᠲᠠᠢ ᠠᠷᠭ᠎ᠠ ᠬᠡᠮᠵᠢᠶ᠎ᠡ ᠠᠪᠴᠤ᠂ ᠤᠰᠤᠨ ᠤ ᠬᠠᠩᠭᠠᠯᠭ᠎ᠠ ᠶᠢᠨ ᠠᠶᠤᠯᠭᠦᠢ ᠶᠢ ᠪᠠᠲᠤᠯᠠᠬᠤ ᠬᠡᠷᠡᠭᠲᠠᠢ᠃      ᠭᠤᠴᠢᠨ ᠵᠢᠷᠭᠤᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠢᠶᠠᠷᠤᠯᠲᠠ ᠶᠢᠨ ᠨᠢᠭᠡᠴᠢ ᠵᠢᠵᠢᠭᠦᠷᠯᠡᠵᠦ ᠲᠤᠭᠤᠷᠢᠨ ᠪᠠᠶᠢᠴᠠᠭᠠᠬᠤ ᠲᠦᠷᠢᠮ ᠲᠤᠭᠲᠠᠭᠠᠵᠦ᠂ ᠬᠦᠮᠦᠨ ᠵᠤᠬᠢᠶᠠᠨ ᠪᠠᠶᠢᠭᠤᠯᠵᠦ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠤ ᠬᠤᠯᠪᠤᠭᠳᠠᠯ ᠪᠦᠬᠦᠢ ᠪᠡᠯᠡᠳᠭᠡᠮᠵᠢ ᠶᠢ ᠲᠤᠭᠤᠷᠢᠨ ᠪᠠᠶᠢᠴᠠᠭᠠᠬᠤ ᠪᠦᠭᠡᠳ ᠲᠤᠭᠤᠷᠢᠨ ᠪᠠᠶᠢᠴᠠᠭᠠᠭᠰᠠᠨ ᠲᠡᠮᠳᠡᠭᠯᠡᠯ ᠢ ᠰᠠᠶᠢᠲᠤᠷ ᠬᠢᠬᠦ ᠬᠡᠷᠡᠭᠲᠠᠢ᠃ ᠲᠤᠭᠤᠷᠢᠨ ᠪᠠᠶᠢᠴᠠᠭᠠᠬᠤ ᠶᠠᠪᠤᠴᠠ ᠳᠤ ᠤᠤᠭᠤᠬᠤ ᠤᠰᠤᠨ ᠤ ᠰᠤᠷᠪᠤᠯᠵᠢ ᠶᠢ ᠪᠤᠬᠢᠷᠳᠤᠭᠤᠯᠵᠦ ᠮᠡᠳᠡᠬᠦ ᠦᠢᠯᠡ ᠠᠵᠢᠯᠯᠠᠭ᠎ᠠ ᠶᠢ ᠤᠯᠵᠦ ᠮᠡᠳᠡᠪᠡᠯ ᠴᠠᠭ ᠲᠤᠬᠠᠢ ᠳᠤᠨᠢ ᠬᠤᠷᠢᠬᠯᠠᠨ ᠵᠤᠬᠰᠤᠭᠠᠬᠤ ᠪᠦᠭᠡᠳ ᠰᠠᠭᠤᠭ᠎ᠠ ᠭᠠᠵᠠᠷ ᠤᠨ ᠢᠶᠠᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠲᠠᠢ᠃      ᠭᠤᠴᠢᠨ ᠲᠤᠯᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ᠂ ᠤᠰᠤᠨ ᠤ ᠵᠠᠰᠠᠭ ᠵᠠᠬᠢᠷᠭ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠢᠯᠡᠴᠢᠯᠡᠨ ᠮᠡᠳᠡᠭᠦᠯᠬᠦ ᠠᠷᠭ᠎ᠠ ᠵᠠᠮ ᠢ ᠨᠡᠶᠢᠲᠡᠯᠡᠵᠦ᠂ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠤᠯᠤᠨ ᠪᠤᠰᠤᠳ ᠵᠤᠬᠢᠶᠠᠨ ᠪᠠᠶᠢᠭᠤᠯᠤᠯᠲᠠ ᠠᠴᠠ ᠤᠤᠭᠤᠬᠤ ᠤᠰᠤᠨ ᠤ ᠰᠤᠷᠪᠤᠯᠵᠢ ᠶᠢ ᠪᠤᠬᠢᠷᠳᠤᠭᠤᠯᠤᠭᠰᠠᠨ᠂ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠪᠡᠯᠡᠳᠭᠡᠮᠵᠢ ᠶᠢ ᠡᠪᠳᠡᠯᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠶᠠᠪᠤᠳᠠᠯ ᠢ ᠰᠢᠢᠳᠪᠤᠷᠢᠯᠡᠬᠦ ᠪᠠᠷ ᠬᠦᠯᠢᠶᠡᠨ ᠠᠪᠬᠤ ᠪᠦᠭᠡᠳ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠭᠡᠬᠦ ᠬᠡᠷᠡᠭᠲᠠᠢ︔ ᠲᠤᠰ ᠰᠠᠯᠠᠭ᠎ᠠ ᠮᠦᠴᠢᠷ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠤᠯ ᠴᠠᠭ ᠲᠤᠬᠠᠢ ᠳᠤᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠰᠢᠯᠵᠢᠭᠦᠯᠦᠨ ᠦᠭᠴᠤ ᠬᠠᠤᠯᠢ ᠶᠤᠰᠤᠭᠠᠷ ᠪᠠᠶᠢᠴᠠᠭᠠᠨ ᠰᠢᠢᠳᠭᠡᠭᠦᠯᠬᠦ ᠬᠡᠷᠡᠭᠲᠠᠢ᠃     ᠲᠠᠪᠤᠳᠤᠭᠠᠷ ᠪᠦᠯᠦᠭ   ᠬᠠᠤᠯᠢ ᠴᠠᠭᠠᠵᠠ ᠶᠢᠨ ᠬᠠᠷᠢᠭᠤᠴᠠᠯᠭ᠎ᠠ      ᠭᠤᠴᠢᠨ ᠨᠠᠢᠮᠠᠳᠤᠭᠠᠷ ᠵᠦᠢᠯ ᠲᠤᠰ ᠲᠦᠷᠢᠮ ᠤᠨ ᠲᠤᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠢ ︽ᠪᠦᠭᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠤᠰᠤᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠬᠠᠤᠯᠢ︾ ᠵᠡᠷᠭᠡ ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠪᠤᠲᠠᠲᠠᠢ ᠰᠢᠢᠳᠭᠡᠵᠦ ᠲᠤᠷᠭᠠᠬᠤ ᠲᠤᠭᠲᠠᠭᠠᠯ ᠪᠠᠶᠢᠪᠠᠯ ᠲᠡᠷᠡ ᠬᠦ ᠲᠤᠭᠲᠠᠭᠠᠯ ᠢ ᠲᠠᠭᠠᠨ᠎ᠠ᠃      ᠭᠤᠴᠢ ᠶᠢᠰᠦᠳᠦᠭᠡᠷ ᠵᠦᠢᠯ ᠲᠤᠰ ᠲᠦᠷᠢᠮ ᠤᠨ ᠲᠤᠭᠲᠠᠭᠠᠯ ᠠᠴᠠ ᠵᠦᠷᠢᠴᠡᠵᠦ᠂ ᠤᠤᠭᠤᠬᠤ ᠤᠰᠤᠨ ᠤ ᠰᠤᠷᠪᠤᠯᠵᠢ ᠶᠢᠨ ᠨᠢᠭᠡᠳᠦᠭᠡᠷ ᠲᠡᠰ᠂ ᠬᠤᠶᠠᠳᠤᠭᠠᠷ ᠲᠡᠰ ᠤᠨ ᠬᠠᠮᠠᠭᠠᠯᠠᠯᠲᠠ ᠶᠢᠨ ᠤᠷᠤᠨ ᠵᠢᠴᠢ ᠲᠡᠰᠯᠡᠭᠴᠢ ᠤᠷᠤᠨ ᠳᠤ ᠲᠤᠤᠷᠠᠬᠢ ᠦᠢᠯᠡ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠵᠠᠷᠯᠢᠬᠳᠠᠵᠦ ᠪᠠᠶᠢᠭᠠᠳ ᠵᠠᠯᠠᠷᠠᠭᠤᠯᠵᠦ᠂ ᠬᠠᠤᠯᠢ ᠠᠴᠠ ᠵᠦᠷᠢᠴᠡᠭᠰᠡᠨ ᠤᠯᠵᠠ ᠶᠢ ᠨᠢ ᠬᠤᠷᠢᠶᠠᠨ ᠠᠪᠬᠤ ᠪᠦᠭᠡᠳ ᠵᠤᠭᠤᠰ ᠢᠶᠠᠷ ᠲᠤᠷᠭᠠᠨ᠎ᠠ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠤᠤᠭᠤᠬᠤ ᠤᠰᠤᠨ ᠤ ᠰᠤᠷᠪᠤᠯᠵᠢ ᠶᠢᠨ ᠤᠰᠤᠨ ᠤ ᠴᠢᠨᠠᠷ ᠪᠤᠯᠤᠨ ᠤᠰᠤᠨ ᠤ ᠬᠡᠮᠵᠢᠶ᠎ᠡ ᠶᠢ ᠰᠦᠷᠡᠬᠡᠢ ᠨᠦᠯᠦᠭᠡᠯᠡᠵᠦ ᠮᠡᠳᠡᠬᠦ ᠠᠭᠤᠷᠬᠠᠢ ᠶᠢᠨ ᠭᠠᠷᠤᠯᠲᠠ ᠬᠠᠶᠢᠨ ᠪᠠᠶᠢᠴᠠᠭᠠᠬᠤ᠂ ᠰᠤᠩᠭᠤᠨ ᠠᠪᠬᠤ ᠵᠡᠷᠭᠡ ᠠᠵᠢᠯᠯᠠᠭ᠎ᠠ ᠬᠢᠭᠰᠡᠨ ᠪᠠᠶᠢᠪᠠᠯ 10 ᠲᠦᠮᠡᠨ ᠲᠦᠭᠦᠷᠢᠭ ᠠᠴᠠ ᠲᠡᠭᠡᠭᠰᠢ 50 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔      ︵ᠬᠤᠶᠠᠷ︶ ᠠᠵᠦ ᠦᠢᠯᠡᠳᠪᠤᠷᠢ ᠶᠢᠨ ᠬᠠᠶᠠᠭᠳᠠᠮᠠᠯ ᠰᠢᠭᠠᠷᠤ᠂ ᠬᠤᠭ ᠨᠤᠪᠰᠢ ᠴᠢᠳᠬᠤᠵᠦ᠂ ᠤᠪᠤᠭᠠᠯᠠᠭᠰᠠᠨ ᠪᠠᠶᠢᠪᠠᠯ 5 ᠲᠦᠮᠡᠨ ᠲᠦᠭᠦᠷᠢᠭ ᠠᠴᠠ ᠲᠡᠭᠡᠭᠰᠢ 20 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ ᠪᠠᠭᠠᠰᠦ ᠴᠢᠳᠬᠤᠵᠦ᠂ ᠤᠪᠤᠭᠠᠯᠠᠭᠰᠠᠨ ᠪᠠᠶᠢᠪᠠᠯ 500 ᠲᠦᠭᠦᠷᠢᠭ ᠠᠴᠠ ᠲᠡᠭᠡᠭᠰᠢ 5000 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔      ︵ᠭᠤᠷᠪᠠ︶ ᠤᠰᠤᠨ ᠤ ᠰᠤᠷᠪᠤᠯᠵᠢ ᠶᠢ ᠬᠠᠮᠠᠭᠠᠯᠠᠬᠤ ᠤᠢ᠂ ᠡᠷᠬᠢ ᠶᠢ ᠬᠠᠮᠠᠭᠠᠯᠠᠬᠤ ᠤᠢ ᠵᠢᠴᠢ ᠤᠰᠤᠨ ᠤ ᠰᠤᠷᠪᠤᠯᠵᠢ ᠶᠢ ᠬᠠᠮᠠᠭᠠᠯᠠᠬᠤ ᠬᠤᠯᠪᠤᠭᠳᠠᠯ ᠪᠦᠬᠦᠢ ᠤᠷᠭᠤᠮᠠᠯ ᠤᠨ ᠪᠦᠷᠬᠦᠴᠡ ᠶᠢ ᠡᠪᠳᠡᠯᠡᠭᠰᠡᠨ ᠪᠠᠶᠢᠪᠠᠯ 1 ᠲᠦᠮᠡᠨ ᠲᠦᠭᠦᠷᠢᠭ ᠠᠴᠠ ᠲᠡᠭᠡᠭᠰᠢ 5 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔      ︵ᠲᠦᠷᠪᠡ︶ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠤ ᠭᠠᠵᠠᠷ ᠵᠦᠢ ᠶᠢᠨ ᠵᠠᠭᠠᠭ ᠲᠡᠮᠳᠡᠭ᠂ ᠰᠡᠷᠡᠮᠵᠢ ᠶᠢᠨ ᠲᠡᠮᠳᠡᠭ ᠪᠤᠯᠤᠨ ᠲᠤᠰᠠᠭᠠᠷᠯᠠᠵᠦ ᠬᠠᠮᠠᠭᠠᠯᠠᠬᠤ ᠪᠡᠯᠡᠳᠭᠡᠮᠵᠢ ᠶᠢ ᠲᠤᠷ᠎ᠠ ᠪᠠᠷ ᠢᠶᠠᠨ ᠬᠤᠪᠢᠷᠠᠭᠤᠯᠤᠭᠰᠠᠨ᠂ ᠡᠪᠳᠡᠭᠰᠡᠨ ᠪᠠᠶᠢᠪᠠᠯ 1000 ᠲᠦᠭᠦᠷᠢᠭ ᠠᠴᠠ ᠲᠡᠭᠡᠭᠰᠢ 5000 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃     ᠲᠦᠴᠢᠳᠦᠭᠡᠷ ᠵᠦᠢᠯ ᠲᠤᠰ ᠲᠦᠷᠢᠮ ᠤᠨ ᠲᠤᠭᠲᠠᠭᠠᠯ ᠠᠴᠠ ᠵᠦᠷᠢᠴᠡᠵᠦ᠂ ᠤᠤᠭᠤᠬᠤ ᠤᠰᠤᠨ ᠤ ᠰᠤᠷᠪᠤᠯᠵᠢ ᠶᠢᠨ ᠨᠢᠭᠡᠳᠦᠭᠡᠷ ᠲᠡᠰ᠂ ᠬᠤᠶᠠᠳᠤᠭᠠᠷ ᠲᠡᠰ ᠤᠨ ᠬᠠᠮᠠᠭᠠᠯᠠᠯᠲᠠ ᠶᠢᠨ ᠤᠷᠤᠨ ᠳᠤ ᠲᠤᠤᠷᠠᠬᠢ ᠦᠢᠯᠡ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠵᠠᠷᠯᠢᠬᠳᠠᠵᠦ ᠪᠠᠶᠢᠭᠠᠳ ᠵᠠᠯᠠᠷᠠᠭᠤᠯᠵᠦ᠂ ᠬᠠᠤᠯᠢ ᠠᠴᠠ ᠵᠦᠷᠢᠴᠡᠭᠰᠡᠨ ᠤᠯᠵᠠ ᠶᠢ ᠨᠢ ᠬᠤᠷᠢᠶᠠᠨ ᠠᠪᠬᠤ ᠪᠦᠭᠡᠳ ᠵᠤᠭᠤᠰ ᠢᠶᠠᠷ ᠲᠤᠷᠭᠠᠨ᠎ᠠ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠤᠰᠤᠨ ᠤ ᠰᠤᠷᠪᠤᠯᠵᠢ ᠶᠢ ᠨᠦᠬᠦᠪᠤᠷᠢᠯᠡᠬᠦ ᠶᠢ ᠨᠦᠯᠦᠭᠡᠯᠡᠬᠦ ᠠᠵᠢᠯᠯᠠᠭ᠎ᠠ ᠪᠠ ᠤᠤᠭᠤᠬᠤ ᠤᠰᠤ ᠬᠠᠩᠭᠠᠬᠤ ᠲᠠᠢ ᠡᠰᠡ ᠬᠤᠯᠪᠤᠭᠳᠠᠬᠤ ᠠᠵᠢᠯᠯᠠᠭ᠎ᠠ ᠬᠢᠭᠰᠡᠨ ᠪᠠᠶᠢᠪᠠᠯ 10 ᠲᠦᠮᠡᠨ ᠲᠦᠭᠦᠷᠢᠭ ᠠᠴᠠ ᠲᠡᠭᠡᠭᠰᠢ 50 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔      ︵ᠬᠤᠶᠠᠷ︶ ᠲᠤᠰᠤᠨ ᠤ ᠬᠦᠮᠦᠷᠭᠡ᠂ ᠲᠤᠰᠤ ᠨᠡᠮᠡᠬᠦ ᠦᠷᠲᠡᠭᠡ ᠰᠢᠨ᠎ᠡ ᠪᠠᠷ ᠪᠠᠶᠢᠭᠤᠯᠬᠤ᠂ ᠦᠷᠭᠡᠳᠭᠡᠨ ᠪᠠᠶᠢᠭᠤᠯᠬᠤ ᠪᠤᠶᠤ ᠴᠢᠨᠳᠠᠷ ᠬᠠᠶᠢᠯᠤᠭᠤᠯᠬᠤ ᠭᠠᠵᠠᠷ᠂ ᠬᠡᠭᠦᠷ ᠤᠩᠭᠤᠨ ᠪᠠᠶᠢᠭᠤᠯᠤᠭᠰᠠᠨ ᠪᠠᠶᠢᠪᠠᠯ 5 ᠲᠦᠮᠡᠨ ᠲᠦᠭᠦᠷᠢᠭ ᠠᠴᠠ ᠲᠡᠭᠡᠭᠰᠢ 20 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔      ︵ᠭᠤᠷᠪᠠ︶ ᠮᠠᠯ ᠵᠢᠭᠦᠷᠲᠡᠨ ᠤ ᠲᠡᠵᠢᠭᠡᠪᠦᠷᠢ ᠶᠢᠨ ᠲᠠᠯᠠᠪᠦᠷ᠂ ᠲᠡᠵᠢᠭᠡᠪᠦᠷᠢ ᠶᠢᠨ ᠵᠢᠵᠢᠭ ᠲᠤᠭᠤᠷᠢᠭ ᠭᠠᠷᠭᠠᠭᠰᠠᠨ ᠪᠠᠶᠢᠪᠠᠯ 10 ᠲᠦᠮᠡᠨ ᠲᠦᠭᠦᠷᠢᠭ ᠠᠴᠠ ᠲᠡᠭᠡᠭᠰᠢ 50 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔      ︵ᠲᠦᠷᠪᠡ︶ ᠴᠡᠪᠡᠷᠰᠢᠭᠦᠯᠦᠨ ᠰᠢᠢᠳᠪᠤᠷᠢᠯᠡᠵᠦ ᠪᠠᠷᠢᠮᠵᠢᠶ᠎ᠠ ᠳᠤ ᠬᠦᠷᠭᠡᠭᠰᠡᠨ ᠦᠭᠡᠢ ᠪᠤᠬᠢᠷᠳᠤᠯ ᠲᠠᠢ ᠤᠰᠤ ᠪᠠᠷ ᠲᠠᠷᠢᠶ᠎ᠠ ᠤᠰᠤᠯᠠᠭᠰᠠᠨ ᠪᠤᠶᠤ ᠲᠠᠷᠢᠶᠠᠨ ᠡᠮ᠂ ᠬᠢᠮᠢ ᠶᠢᠨ ᠪᠤᠷᠳᠤᠭᠤᠷ᠂ ᠹᠤᠰᠹᠤᠷ ᠠᠭᠤᠯᠤᠭᠰᠠᠨ ᠤᠬᠢᠶᠠᠬᠤ ᠡᠳ᠋ ᠢ ᠪᠠᠷᠢᠮᠵᠢᠶ᠎ᠠ ᠠᠴᠠ ᠬᠡᠲᠦᠷᠡᠭᠦᠯᠦᠨ ᠬᠡᠷᠡᠭᠯᠡᠭᠰᠡᠨ ᠪᠠᠶᠢᠪᠠᠯ 2 ᠲᠦᠮᠡᠨ ᠲᠦᠭᠦᠷᠢᠭ ᠠᠴᠠ ᠲᠡᠭᠡᠭᠰᠢ 10 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔      ︵ᠲᠠᠪᠤ︶ ᠠᠮᠢᠲᠠᠨ ᠤ ᠦᠬᠦᠳᠡᠯ ᠢ ᠭᠠᠵᠠᠷ ᠪᠤᠯᠠᠭᠰᠠᠨ᠂ ᠤᠷᠬᠢᠵᠦ ᠬᠠᠶᠠᠭᠰᠠᠨ ᠪᠠᠶᠢᠪᠠᠯ 1000 ᠲᠦᠭᠦᠷᠢᠭ ᠠᠴᠠ ᠲᠡᠭᠡᠭᠰᠢ 1 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔      ᠲᠦᠴᠢᠨ ᠨᠢᠭᠡᠳᠦᠭᠡᠷ ᠵᠦᠢᠯ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ ᠪᠤᠯᠤᠨ ᠪᠤᠰᠤᠳ ᠦᠢᠯᠡᠳᠪᠤᠷᠢᠯᠡᠯ ᠡᠵᠡᠩᠨᠡᠯᠲᠡ ᠬᠢᠭᠰᠡᠳ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠳᠤ ᠬᠠᠤᠯᠢ ᠠᠴᠠ ᠵᠦᠷᠢᠴᠡᠨ ᠤᠰᠤ ᠪᠤᠬᠢᠷᠳᠤᠭᠤᠯᠬᠤ ᠪᠤᠳᠠᠰ ᠭᠠᠳᠠᠭᠰᠢᠯᠠᠭᠤᠯᠵᠦ᠂ ᠵᠤᠭᠤᠰ ᠢᠶᠠᠷ ᠲᠤᠷᠭᠠᠭᠳᠠᠬᠤ ᠰᠢᠢᠳᠭᠡᠯ ᠤᠯᠵᠦ᠂ ᠵᠠᠷᠯᠢᠬᠳᠠᠭᠤᠯᠤᠨ ᠵᠠᠯᠠᠷᠠᠭᠤᠯᠬᠤ ᠪᠠᠷ ᠪᠤᠯᠤᠭᠰᠠᠨ ᠪᠠᠶᠢᠪᠠᠯ ᠬᠠᠤᠯᠢ ᠶᠤᠰᠤᠭᠠᠷ ᠰᠢᠢᠳᠭᠡᠵᠦ ᠲᠤᠷᠭᠠᠬᠤ ᠲᠤᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠲᠠᠬᠢᠨ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠵᠦ᠂ ᠦᠷᠭᠦᠯᠵᠢᠯᠡᠨ ᠬᠠᠤᠯᠢ ᠠᠴᠠ ᠵᠦᠷᠢᠴᠡᠨ ᠤᠰᠤ ᠪᠤᠬᠢᠷᠳᠤᠭᠤᠯᠬᠤ ᠪᠤᠳᠠᠰ ᠭᠠᠳᠠᠭᠰᠢᠯᠠᠭᠤᠯᠬᠤ ᠪᠤᠶᠤ ᠲᠠᠬᠢᠨ ᠪᠠᠶᠢᠴᠠᠭᠠᠬᠤ ᠶᠢ ᠲᠡᠪᠴᠢᠵᠦ᠂ ᠬᠠᠷᠰᠢᠯᠠᠭᠰᠠᠨ ᠪᠠᠶᠢᠪᠠᠯ ︽ᠪᠦᠭᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ︾ ᠶᠢᠨ ᠲᠤᠭᠲᠠᠭᠠᠯ ᠢᠶᠠᠷ ᠡᠳᠦᠷ ᠢᠶᠠᠷ ᠪᠤᠳᠤᠵᠦ ᠵᠠᠯᠭᠠᠪᠡᠷ ᠰᠢᠢᠳᠭᠡᠵᠦ ᠲᠤᠷᠭᠠᠨ᠎ᠠ᠃      ᠲᠦᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠲᠡᠭᠦᠨ ᠤ ᠠᠵᠢᠯᠲᠠᠨ ᠲᠤᠰ ᠲᠦᠷᠢᠮ ᠤᠨ ᠲᠤᠭᠲᠠᠭᠠᠯ ᠠᠴᠠ ᠵᠦᠷᠢᠴᠡᠵᠦ᠂ ᠲᠤᠤᠷᠠᠬᠢ ᠦᠢᠯᠡ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ ᠰᠢᠭᠤᠳ ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠬᠤ ᠬᠦᠮᠦᠨ ᠪᠤᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠦᠭᠭᠦᠨ᠎ᠡ︔ ᠶᠠᠯ᠎ᠠ ᠬᠢᠭᠰᠡᠨ ᠬᠡᠮᠵᠢᠶᠡᠨ ᠳᠤ ᠬᠦᠷᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠤᠤᠭᠤᠬᠤ ᠤᠰᠤᠨ ᠤ ᠰᠤᠷᠪᠤᠯᠵᠢ ᠳᠤ ᠬᠠᠤᠯᠢ ᠶᠤᠰᠤᠭᠠᠷ ᠤᠰᠤᠨ ᠤ ᠴᠢᠨᠠᠷ᠂ ᠤᠰᠤᠨ ᠤ ᠬᠡᠮᠵᠢᠶ᠎ᠡ ᠶᠢᠨ ᠬᠢᠨᠠᠨ ᠰᠢᠯᠭᠠᠯᠲᠠ ᠬᠢᠭᠰᠡᠨ ᠦᠭᠡᠢ︔      ︵ᠬᠤᠶᠠᠷ︶ ᠤᠤᠭᠤᠬᠤ ᠤᠰᠤᠨ ᠤ ᠰᠤᠷᠪᠤᠯᠵᠢ ᠶᠢ ᠪᠤᠬᠢᠷᠳᠤᠭᠤᠯᠤᠭᠰᠠᠨ᠂ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠪᠡᠯᠡᠳᠭᠡᠮᠵᠢ ᠶᠢ ᠡᠪᠳᠡᠯᠡᠭᠰᠡᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠤᠯᠵᠦ ᠮᠡᠳᠡᠭᠰᠡᠨ ᠪᠤᠶᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠢ ᠵᠠᠭᠠᠯᠳᠤᠯᠭ᠎ᠠ ᠶᠢ ᠬᠦᠯᠢᠶᠡᠨ ᠠᠪᠤᠭᠰᠠᠨ ᠤ ᠳᠠᠷᠠᠭ᠎ᠠ ᠴᠠᠭ ᠲᠤᠬᠠᠢ ᠳᠤᠨᠢ ᠪᠠᠶᠢᠴᠠᠭᠠᠨ ᠰᠢᠢᠳᠪᠤᠷᠢᠯᠡᠭᠰᠡᠨ ᠦᠭᠡᠢ︔      ︵ᠭᠤᠷᠪᠠ︶ ᠤᠤᠭᠤᠬᠤ ᠤᠰᠤᠨ ᠤ ᠰᠤᠷᠪᠤᠯᠵᠢ ᠶᠢ ᠪᠤᠬᠢᠷᠳᠤᠭᠤᠯᠤᠭᠰᠠᠨ ᠠᠳᠡᠯ ᠪᠤᠶᠤ ᠲᠡᠯᠳᠠ ᠭᠡᠮ ᠤᠨ ᠲᠤᠬᠠᠢ ᠮᠡᠳᠡᠭᠦᠯᠦᠯᠲᠡ ᠲᠤᠰᠴᠤ ᠠᠪᠤᠭᠠᠳ ᠴᠠᠭ ᠲᠤᠬᠠᠢ ᠳᠤᠨᠢ ᠠᠷᠭᠠᠴᠠᠬᠤ ᠠᠷᠭ᠎ᠠ ᠬᠡᠮᠵᠢᠶ᠎ᠡ ᠠᠪᠤᠭᠰᠠᠨ ᠦᠭᠡᠢ︔      ︵ᠲᠦᠷᠪᠡ︶ ᠬᠠᠤᠯᠢ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠭᠠᠷᠭᠠᠭᠰᠠᠨ ᠦᠭᠡᠢ ᠪᠤᠶᠤ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠭᠠᠷᠭᠠᠭᠰᠠᠨ ᠦᠭᠡᠢ︔      ︵ᠲᠠᠪᠤ︶ ᠡᠷᠬᠡ ᠲᠤᠰᠢᠶᠡᠯ ᠢᠶᠠᠨ ᠲᠤᠷ᠎ᠠ ᠪᠠᠷ ᠢᠶᠠᠨ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠤᠰᠤᠯᠳᠠᠭᠰᠠᠨ᠂ ᠬᠤᠪᠢ ᠪᠠᠨ ᠪᠤᠳᠤᠵᠦ ᠬᠠᠤᠯᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃     ᠵᠢᠷᠭᠤᠳᠤᠭᠠᠷ ᠪᠦᠯᠦᠭ   ᠲᠠᠭᠠᠯᠳᠤᠭᠤᠯᠤᠭᠰᠠᠨ ᠲᠦᠷᠢᠮ      ᠲᠦᠴᠢᠨ ᠭᠤᠷᠪᠠᠳᠤᠭᠠᠷ ᠵᠦᠢᠯ ᠲᠤᠰ ᠲᠦᠷᠢᠮ ᠢ 2018 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号