ᠲᠤᠰ ᠥᠷᠲᠡᠭᠡᠨ ᠤ ᠮᠡᠳᠡᠭᠡ ᠬᠠᠲᠤᠨ ᠭᠤᠣᠯ ᠤᠨ ᠳᠡᠭᠡᠳᠦ ᠳᠤᠮᠳᠠᠳᠤ ᠤᠷᠤᠰᠬᠠᠯ ᠤᠨ ᠬᠠᠮᠢᠶᠠᠷᠤᠯᠲᠠ ᠶᠢᠨ | ᠲᠤᠪᠴᠢᠶ᠎ᠡ 2021 ᠣᠨ ᠤ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢᠨ | ᠭᠠᠷᠠᠭ ᠤᠨ ︽ᠵᠠᠭᠤᠨ ᠵᠢᠯ ᠤᠨ ᠡᠷᠭᠢᠴᠡᠭᠦᠯᠦᠯ᠄ ᠳᠤᠮᠳᠠᠳᠤ ᠤᠯᠤᠰ ᠤᠨ ᠡᠪ ᠬᠠᠮᠲᠤ ᠨᠠᠮ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠥᠭᠵᠢᠯᠲᠡ ᠶᠢ ᠤᠳᠤᠷᠢᠳᠤᠨ᠎ᠠ︾ ᠭᠡᠬᠦ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ | ᠬᠠᠲᠤᠨ ᠭᠤᠣᠯ ᠤᠨ ᠲᠤᠰᠬᠠᠶ ᠮᠡᠷᠭᠡᠵᠢᠯ ᠤᠨ ᠵᠥᠪᠯᠡᠯ᠂ ᠰᠢᠷ᠎ᠠ ᠬᠥᠷᠥᠰᠥᠲᠦ ᠥᠨᠳᠦᠷᠯᠢᠭ ᠤᠨ ᠬᠥᠷᠥᠰᠥ ᠰᠢᠷᠣᠶ ᠶᠢ | ᠬᠠᠮᠠᠭᠠᠯᠠᠬᠤ ᠬᠡᠭᠡᠷ᠎ᠡ ᠶᠢᠨ ᠰᠢᠨᠵᠢᠯᠡᠬᠦ ᠤᠬᠠᠭᠠᠨ ᠤ ᠠᠵᠢᠬᠯᠠᠨ ᠰᠢᠨᠵᠢᠬᠦ ᠰᠤᠳᠤᠯᠭᠠᠨ ᠤ ᠥᠷᠲᠡᠭᠡ ᠲᠠᠢ ᠬᠠᠮᠵᠢᠯᠴᠠᠨ᠂ | ᠬᠥᠷᠥᠰᠥ ᠰᠢᠷᠣᠶ ᠶᠢ ᠬᠠᠮᠠᠭᠠᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢ ᠲᠦᠭᠡᠮᠡᠯᠵᠢᠭᠦᠯᠬᠦ ᠰᠠᠭᠤᠷᠢᠨ᠂ ᠬᠥᠳᠡᠯᠮᠦᠷᠢ ᠶᠢᠨ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ | ᠤᠬᠠᠭᠤᠯᠤᠨ ᠲᠠᠶᠢᠯᠪᠤᠷᠢᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠦᠨ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ ᠵᠡᠷᠭᠡ ᠡᠯᠪᠡᠭ ᠪᠠᠶᠠᠯᠢᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ | ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠤᠷᠠᠬᠢ ᠬᠥᠷᠥᠰᠥ | ᠰᠢᠷᠣᠶ ᠶᠢ ᠬᠠᠮᠠᠭᠠᠯᠠᠬᠤ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠭᠦᠢᠴᠡᠳ ᠳᠡᠯᠭᠡᠨ ᠦᠵᠡᠭᠦᠯᠵᠦ᠂ | ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃ | — ᠤᠬᠠᠭᠤᠯᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠭᠤᠷ ᠠᠮᠢᠰᠬᠤᠯ ᠢ | ᠪᠤᠢ ᠪᠣᠯᠭᠠᠪᠠ᠃ ︽ᠬᠠᠲᠤᠨ ᠭᠤᠤᠯ ᠰᠣᠨᠢᠨ︾ ᠳᠤ ︽ᠲᠠᠨ ᠤ ᠣᠢᠢᠯᠠᠭᠠᠬᠤ ᠥᠬᠡᠶ ᠰᠢᠷ᠎ᠠ ᠬᠥᠷᠥᠰᠥᠲᠦ | ᠥᠨᠳᠦᠷᠯᠢᠭ ᠤᠨ ᠬᠥᠷᠥᠰᠥ ᠰᠢᠷᠣᠶ ᠶᠢ ᠬᠠᠮᠠᠭᠠᠯᠠᠬᠤ ᠬᠡᠭᠡᠷ᠎ᠡ ᠶᠢᠨ ᠰᠢᠨᠵᠢᠯᠡᠬᠦ ᠤᠬᠠᠭᠠᠨ ᠤ ᠠᠵᠢᠬᠯᠠᠨ ᠰᠢᠨᠵᠢᠬᠦ | ᠰᠤᠳᠤᠯᠭᠠᠨ ᠤ ᠥᠷᠲᠡᠭᠡ︾ ᠶᠢ ᠨᠡᠶᠢᠲᠡᠯᠡᠵᠦ᠂ ᠰᠢᠷ᠎ᠠ ᠬᠥᠷᠥᠰᠥᠲᠦ ᠥᠨᠳᠦᠷᠯᠢᠭ ᠤᠨ ᠬᠥᠷᠥᠰᠥ ᠰᠢᠷᠣᠶ ᠶᠢ | ᠬᠠᠮᠠᠭᠠᠯᠠᠬᠤ ᠰᠢᠨᠵᠢᠯᠡᠬᠦ ᠤᠬᠠᠭᠠᠨ ᠤ ᠲᠤᠷᠰᠢᠯᠲᠠ ᠶᠢᠨ ᠥᠯᠢᠭᠡᠷ ᠢ ᠰᠠᠶᠢᠲᠤᠷ ᠶᠠᠷᠢᠪᠠ︔ ᠰᠦᠯᠵᠢᠶ᠎ᠡ ᠳᠡᠭᠡᠷ᠎ᠡ ᠪᠥᠬᠦ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ ᠤᠬᠠᠭᠤᠯᠭ᠎ᠠ ᠶᠢᠨ ᠲᠤᠰᠬᠠᠶ | ᠪᠤᠯᠤᠩ ᠭᠠᠷᠭᠠᠵᠤ᠂ ᠣᠢᠢᠷ᠎ᠠ ᠶᠢᠨ ᠠᠷᠪᠠᠨ ᠵᠢᠯ ᠤᠨ ᠬᠥᠷᠥᠰᠥ ᠰᠢᠷᠣᠶ ᠶᠢ ᠬᠠᠮᠠᠭᠠᠯᠠᠬᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠬᠦᠷᠳᠡᠭᠰᠡᠨ ᠲᠦᠷᠦᠯ ᠵᠦᠢᠯ ᠢ ᠳᠡᠯᠭᠡᠨ ᠦᠵᠡᠭᠦᠯᠪᠡ︔ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ ᠬᠢᠨᠠᠨ ᠲᠣᠭᠲᠠᠭᠠᠬᠤ ᠶᠢ ᠵᠣᠬᠢᠶᠠᠨ | ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠠᠮᠢᠵᠢᠷᠠᠯ ᠤᠨ ᠬᠦᠴᠦᠨ ᠢ | ᠢᠯᠡᠷᠡᠭᠦᠯᠦᠨ᠎ᠡ︔ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠠᠪᠰᠢᠯᠳᠠ ᠠᠴᠠ ᠪᠤᠯᠤᠭᠰᠠᠨ ᠨᠠᠷᠢᠯᠢᠭ ᠣᠨᠣᠴᠠᠲᠠᠶ ᠪᠠᠷ ᠬᠢᠨᠠᠨ ᠬᠡᠮᠵᠢᠬᠦ᠂ ᠥᠨᠳᠥᠷ ᠪᠦᠲᠦᠮᠵᠢᠲᠡᠶ ᠪᠠᠷ ᠬᠢᠨᠠᠨ | ᠬᠡᠮᠵᠢᠬᠦ ᠳᠤ ᠦᠵᠡᠭᠦᠯᠬᠦ ᠲᠤᠯᠭᠠᠭᠤᠷᠢᠯᠠᠯ ᠢ ᠰᠠᠶᠢᠳᠤᠷ ᠶᠠᠷᠢᠯᠴᠠᠵᠤ᠂ ᠳᠡᠭᠡᠳᠦ ᠰᠢᠨ᠎ᠡ ᠮᠡᠷᠭᠡᠵᠢᠯ ᠢ ᠠᠰᠢᠬᠯᠠᠨ | ᠨᠡᠶᠢᠭᠡᠮ ᠳᠤ ᠦᠢᠯᠡᠴᠢᠯᠡᠬᠦ᠂ ᠠᠵᠤ ᠠᠬᠤᠶ ᠳᠤ ᠦᠢᠯᠡᠴᠢᠯᠡᠬᠦ ᠰᠢᠨ᠎ᠡ ᠠᠷᠭ᠎ᠠ ᠬᠡᠮᠵᠢᠶ᠎ᠡ ᠵᠡᠷᠭᠡ ᠶᠢ ᠬᠠᠮᠲᠤ ᠪᠠᠷ | ᠵᠥᠪᠳᠡᠯᠴᠡᠪᠡ᠃ ᠰᠢᠷ᠎ᠠ ᠬᠥᠷᠥᠰᠥᠲᠦ ᠥᠨᠳᠦᠷᠯᠢᠭ ᠤᠨ ᠬᠥᠷᠥᠰᠥ ᠰᠢᠷᠣᠶ ᠶᠢ ᠬᠠᠮᠠᠭᠠᠯᠠᠬᠤ ᠬᠡᠭᠡᠷ᠎ᠡ ᠶᠢᠨ ᠰᠢᠨᠵᠢᠯᠡᠬᠦ | ᠤᠬᠠᠭᠠᠨ ᠤ ᠠᠵᠢᠬᠯᠠᠨ ᠰᠢᠨᠵᠢᠬᠦ ᠰᠤᠳᠤᠯᠭᠠᠨ ᠤ ᠥᠷᠲᠡᠭᠡ ᠨᠢ ᠲᠣᠰ ᠵᠢᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ ᠭᠤᠤᠯ ᠲᠡᠶᠢᠯᠠᠯᠳᠤᠭᠠᠨ ᠤ ᠲᠠᠯᠠᠪᠤᠷ ᠪᠣᠯᠤᠭᠰᠠᠨ ᠤ ᠬᠤᠪᠢ ᠳᠤ᠂ | ᠲᠡᠮᠳᠡᠭ ᠫᠠᠶᠢᠰᠠ ᠪᠤᠰᠬᠠᠵᠤ᠂ ᠤᠷᠢᠶ᠎ᠠ ᠯᠣᠽᠦ᠋ᠩ ᠨᠠᠭᠠᠵᠤ᠂ ᠬᠥᠨᠳᠡᠯᠡᠨ ᠪᠢᠴᠢᠭᠡᠰᠦ ᠡᠯᠭᠦᠨ᠂ ᠪᠥᠲᠥᠭᠡᠨ | ᠪᠠᠶᠢᠭᠤᠯᠬᠤ ᠨᠢᠭᠡᠴᠢ ᠲᠠᠢ ᠵᠥᠪᠳᠡᠯᠴᠡᠨ᠂ ᠰᠤᠷᠭᠠᠭᠤᠯᠢ ᠲᠠᠢ ᠢᠳᠡᠪᠬᠢᠲᠡᠶ ᠬᠤᠯᠪᠣᠭᠠᠯᠠᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠬᠥᠳᠡᠯᠮᠦᠷᠢ ᠶᠢᠨ ᠵᠢᠱᠢᠶᠡᠴᠢ ᠶᠢ ᠤᠷᠢᠨ᠂ | ᠰᠠᠨᠠᠭᠠᠴᠢᠯᠠᠭ᠎ᠠ ᠠᠴᠠ ᠪᠠᠨ ᠵᠢᠭᠤᠯᠴᠢᠯᠠᠭᠴᠢᠳ ᠢ ᠳᠠᠶᠢᠴᠢᠯᠠᠨ᠂ ᠵᠢᠱᠢᠶ᠎ᠡ ᠦᠵᠡᠭᠦᠯᠬᠦ ᠬᠦᠷᠢᠶᠡᠯᠡᠩ᠂ ᠬᠡᠭᠡᠷ᠎ᠡ ᠶᠢᠨ | ᠰᠢᠨᠵᠢᠯᠡᠬᠦ ᠤᠬᠠᠭᠠᠨ ᠤ ᠠᠵᠢᠬᠯᠠᠨ ᠰᠢᠨᠵᠢᠬᠦ ᠰᠤᠳᠤᠯᠭᠠᠨ ᠤ ᠥᠷᠲᠡᠭᠡ᠂ ᠬᠥᠷᠥᠰᠥ ᠰᠢᠷᠣᠶ ᠶᠢ ᠬᠠᠮᠠᠭᠠᠯᠠᠬᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠵᠡᠭᠦᠯᠦᠯᠭᠡ ᠶᠢᠨ ᠲᠠᠰᠤᠭ ᠢ ᠪᠥᠬᠦ ᠲᠠᠯ᠎ᠠ ᠪᠠᠷ ᠨᠡᠭᠡᠭᠡᠵᠡᠢ᠃ | — ᠲᠤᠰᠬᠠᠶ ᠰᠡᠳᠦᠪ ᠢ ᠲᠤᠪᠤᠶᠢᠯᠭᠠᠨ᠂ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠭᠦᠨᠵᠡᠭᠡᠶ | ᠤᠬᠠᠭᠤᠯᠪᠠ᠃ ᠡᠮᠦᠨᠡᠲᠦ ᠰᠢᠶᠤᠤ ᠾᠧ ᠭᠧᠦ᠂ ᠰᠢᠨ ᠳ᠋ᠢᠶᠠᠨ ᠭᠸᠤ ᠶᠢᠨ ᠬᠥᠷᠥᠰᠥ ᠰᠢᠷᠣᠢ ᠶᠢ ᠬᠠᠮᠠᠭᠠᠯᠠᠬᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢ᠊ ᠡᠶ᠎ᠡ ᠦᠵᠡᠭᠦᠯᠬᠦ ᠬᠦᠷᠢᠶᠡᠯᠡᠩ᠂ ᠯᠦᠸᠧ ᠢᠦᠢ ᠭᠸᠤ ᠶᠢᠨ | ᠲᠤᠷᠰᠢᠯᠲᠠ ᠶᠢᠨ ᠲᠠᠯᠠᠪᠠᠢ ᠪᠣᠯᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠠᠵᠢᠬᠯᠠᠯᠲᠠ ᠶᠢᠨ ᠰᠤᠳᠤᠯᠭᠠᠨ ᠤ | ᠦᠷᠳᠡᠭᠡ ᠪᠠᠷ ᠠᠴᠢᠶᠠᠯᠠᠪᠤᠷᠢ ᠪᠣᠯᠭᠠᠵᠤ᠂ ᠰᠢᠷ᠎ᠠ ᠬᠥᠷᠥᠰᠥᠲᠦ ᠥᠨᠳᠦᠷᠯᠢᠭ ᠤᠨ ᠬᠥᠷᠥᠰᠥ ᠰᠢᠷᠣᠢ ᠶᠢ ᠬᠠᠮᠠᠭᠠᠯᠠᠬᠤ | ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ | ᠬᠥᠭᠵᠢᠯᠲᠡ ᠶᠢᠨ ᠴᠢᠬᠤᠯᠠ ᠶᠡᠭᠡ ᠤᠯᠤᠰ ᠤᠨ ᠪᠠᠶᠢᠯᠳᠤᠬᠤ ᠪᠤᠳᠤᠯᠭ᠎ᠠ ᠶᠢ ᠶᠡᠭᠡ ᠪᠠᠷ ᠤᠬᠠᠭᠤᠯᠪᠡ᠃ ᠰᠤᠷᠤᠭᠴᠢᠳ | ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠪᠠᠭ᠋ᠠᠲᠠᠶ ᠬᠥᠮᠦᠰ ᠢ ᠵᠣᠬᠢᠶᠠᠨ ᠪᠠᠶᠢᠭᠤᠯᠵᠤ ᠪᠣᠷᠣᠭᠠᠨ ᠤ | ᠬᠡᠮᠵᠢᠶ᠎ᠡ ᠶᠢᠨ ᠤᠢᠷᠳᠡᠭᠡ᠂ ᠤᠷᠤᠰᠬᠠᠯ ᠤᠨ ᠤᠢᠷᠳᠡᠭᠡ᠂ ᠤᠷᠤᠰᠬᠠᠯ ᠤᠨ ᠲᠡᠯᠡᠪᠡᠢ᠂ ᠴᠠᠭ ᠠᠭᠤᠷ ᠤᠨ ᠬᠦᠷᠢᠶᠡᠯᠡᠩ | ᠵᠡᠷᠭᠡ ᠶᠢ ᠠᠵᠢᠬᠯᠠᠨ ᠬᠡᠮᠵᠢᠬᠦ ᠰᠢᠨ᠎ᠡ ᠬᠡᠮᠵᠢᠭᠦᠷᠯᠢᠭ᠂ ᠰᠢᠨ᠎ᠡ ᠲᠥᠬᠦᠭᠡᠷᠦᠮᠵᠢ ᠶᠢᠨ ᠠᠵᠢᠯᠯᠠᠬᠤ ᠵᠢᠷᠤᠮ᠂ ᠠᠵᠢᠬᠯᠡᠨ | ᠬᠡᠮᠵᠢᠬᠦ ᠠᠷᠭ᠎ᠠ ᠵᠡᠷᠭᠡ ᠪᠠᠷ ᠳᠠᠮᠵᠢᠨ᠂ ᠰᠢᠷ᠎ᠠ ᠬᠥᠷᠥᠰᠥᠲᠦ ᠥᠨᠳᠦᠷᠯᠢᠭ ᠤᠨ ᠠᠮᠢ ᠠᠬᠤᠶ ᠣᠷᠴᠢᠨ ᠲᠣᠭᠤᠷᠢᠨ ᠤ | ᠠᠰᠠᠭᠤᠳᠠᠯ ᠢ ᠲᠠᠨᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠠᠷᠢᠴᠠᠭ᠎ᠠ ᠶᠢ ᠲᠠᠨᠢᠵᠤ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠷᠢ ᠰᠠᠭᠤᠷᠢ ᠶᠢ ᠲᠠᠨᠢᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠯᠤᠲᠤ ᠶᠡᠭᠡ ᠦᠢᠯᠡᠳᠦᠯ ᠢ ᠲᠠᠨᠢᠵᠤ᠂ | ᠤᠯᠤᠰ ᠤᠨ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠶᠠᠪᠤᠴᠠ ᠳᠠᠬᠢ | ᠬᠡᠭᠡᠷ᠎ᠡ ᠶᠢᠨ ᠰᠢᠨᠵᠢᠯᠡᠬᠦ ᠤᠬᠠᠭᠠᠨ ᠤ ᠠᠵᠢᠬᠯᠠᠯᠲᠠ ᠶᠢᠨ ᠰᠤᠳᠤᠯᠭᠠᠨ ᠤ ᠴᠢᠬᠤᠯᠠ ᠠᠴᠢ ᠬᠤᠯᠪᠣᠭᠳᠠᠯ ᠢ | ᠲᠠᠨᠢᠵᠤ᠂ ︽ᠨᠢᠳᠦ ᠪᠠᠷ ᠢᠶᠠᠨ ᠦᠵᠡᠨ ᠪᠣᠳᠠᠲᠠᠶ ᠪᠠᠷ ᠬᠢᠬᠦ︾ ᠠᠷᠭ᠎ᠠ ᠬᠡᠯᠪᠡᠷᠢ ᠪᠠᠷ ᠵᠠᠯᠠᠭᠤᠴᠤᠳ ᠪᠠᠭᠠᠴᠤᠳ ᠤᠨ | ᠰᠢᠨᠵᠢᠯᠡᠬᠦ ᠤᠬᠠᠭᠠᠨ ᠳᠤ ᠳᠤᠷᠠᠲᠠᠶ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ | ᠤᠷᠮ᠎ᠠ ᠪᠠᠬ᠎ᠠ ᠶᠢ ᠬᠥᠭᠵᠢᠭᠡᠵᠠᠢ᠃ | — ᠤᠯᠠᠨ ᠵᠦᠢᠯ ᠤᠨ ᠬᠡᠯᠪᠡᠷᠢ ᠪᠠᠷ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠪᠠ᠃ ᠬᠠᠲᠤᠨ ᠭᠤᠤᠯ ᠤᠨ ᠤᠰᠤᠨ ᠠᠰᠢᠬᠯᠠᠯᠳᠠ ᠶᠢᠨ ᠵᠥᠪᠯᠡᠯ ᠤᠨ ᠬᠥᠳᠡᠯᠮᠦᠷᠢ ᠶᠢᠨ ᠵᠢᠱᠢᠶᠡᠴᠢ ᠶᠢᠨ | ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ | ᠬᠥᠷᠥᠰᠥ ᠰᠢᠷᠣᠶ ᠶᠢ ᠬᠠᠮᠠᠭᠠᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ ᠬᠡᠬᠦᠳᠡᠭ | ᠴᠡᠭᠡᠵᠢᠨ ᠳᠡᠭᠡᠨ ᠡᠬᠡ ᠤᠯᠤᠰ ᠢᠶᠠᠨ ᠪᠤᠳᠤᠵᠤ᠂ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ ᠨᠡᠷ᠎ᠡ ᠠᠰᠢᠭ ᠢ | ᠥᠯᠥ ᠬᠥᠭᠡᠭᠡᠴᠡᠯᠳᠦᠨ᠂ ᠥᠨᠳᠥᠷ ᠣᠷᠭᠢᠯ ᠳᠤ ᠵᠣᠷᠢᠭᠲᠠᠶ ᠪᠠᠷ ᠠᠪᠠᠷᠢᠭᠰᠠᠨ ᠰᠢᠨ᠎ᠡ ᠶᠢ ᠡᠭᠦᠳᠦᠭᠰᠡᠨ ᠥᠯᠢᠭᠡᠷ ᠢ | ᠶᠠᠷᠢᠪᠠ︔ ︽ᠳᠤᠮᠳᠠᠳᠤ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠥᠭᠵᠢᠯᠲᠡ ᠶᠢᠨ ᠶᠠᠪᠤᠴᠠ ᠵᠢᠴᠢ | ᠢᠷᠡᠭᠡᠳᠦᠢ ᠶᠢᠨ ᠲᠤᠬᠠᠶ ᠪᠠᠷᠠᠯᠠᠯ︾ ᠭᠡᠬᠦ ᠲᠤᠰᠬᠠᠶ ᠰᠡᠳᠦᠪᠲᠦ ᠲᠠᠶᠢᠯᠤᠮᠵᠢ ᠶᠢ ᠡᠷᠭᠢᠯᠡᠵᠦ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠥᠲᠥᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠢᠲᠡᠭᠡᠯ ᠵᠣᠷᠢᠭ ᠢ ᠪᠠᠲᠤᠳᠬᠠᠪᠠ︔ ᠬᠥᠷᠥᠰᠥ ᠰᠢᠷᠣᠶ ᠶᠢ | ᠬᠠᠮᠠᠭᠠᠯᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ | ᠠᠵᠢᠯᠯᠠᠭ᠎ᠠ ᠶᠢ ᠡᠷᠭᠢᠯᠡᠵᠦ᠂ ᠬᠡᠤᠬᠡᠳ ᠢ ᠬᠥᠲᠥᠯᠦᠨ ᠵᠢᠯᠣᠭᠤᠳᠴᠤ ᠪᠠᠶᠢᠭᠠᠳ ᠳᠡᠷᠭᠡᠳᠡᠬᠢ ᠪᠠᠭ᠎ᠠ ᠶᠠᠪᠤᠳᠠᠯ ᠠᠴᠠ | ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ︽ᠠᠮᠢ ᠠᠬᠤᠶ ᠣᠷᠴᠢᠨ ᠲᠣᠭᠤᠷᠢᠨ ᠤ ᠪᠢᠴᠢᠬᠠᠨ | ᠬᠠᠮᠠᠭᠠᠯᠠᠭᠴᠢ︾ ᠪᠣᠯᠬᠤ ᠪᠠᠷ ᠴᠢᠷᠮᠠᠶᠢᠵᠤ᠂ ︽ᠨᠢᠭᠡ ᠬᠡᠤᠬᠡᠳ ᠢ ᠬᠥᠮᠦᠵᠢᠭᠦᠯᠬᠦ᠂ ᠨᠢᠭᠡ ᠬᠡᠷ ᠪᠦᠯᠢ ᠶᠢ | ᠳᠠᠶᠢᠴᠢᠯᠠᠬᠤ᠂ ᠨᠢᠭᠡ ᠨᠡᠶᠢᠭᠡᠮ ᠢ ᠨᠥᠯᠥᠭᠡᠯᠡᠬᠦ︾ ᠬᠠᠷᠠᠯᠲᠠ ᠳᠤ ᠬᠦᠷᠦᠭᠰᠡᠨ ᠪᠠᠶᠢᠨ᠎ᠠ᠃ |