内蒙古自治区水利厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠠᠲᠤᠨ ᠭᠤᠤᠯ ᠤᠨ ᠤᠰᠤᠨ ᠠᠰᠢᠬᠯᠠᠯᠳᠠ ᠶᠢᠨ ᠵᠥᠪᠯᠡᠯ ᠤᠨ ᠬᠢᠨ ᠬᠠᠲᠤᠨ ᠭᠤᠤᠯ ᠤᠨ ᠳᠡᠭᠡᠳᠦ ᠳᠤᠮᠳᠠᠳᠤ ᠤᠷᠤᠰᠬᠠᠯ ᠤᠨ ᠬᠠᠮᠢᠶᠠᠷᠤᠯᠲᠠ ᠶᠢᠨ ᠳᠤᠪᠴᠢᠶ᠎ᠠ ᠶᠢᠨ ᠤᠰᠤᠨ ᠠᠰᠢᠬᠯᠠᠯᠲᠠ ᠶᠢᠨ ᠰᠠᠭᠤᠷᠢ ᠲᠥᠬᠦᠭᠡᠷᠦᠮᠵᠢ ᠪᠠ ᠠᠵᠤ ᠠᠬᠤᠶ ᠶᠢᠨ ᠠᠵᠢᠯ ᠢ ᠪᠠᠶᠢᠴᠠᠭᠠᠨ ᠰᠤᠳᠤᠯᠤᠯᠲᠠ ᠬᠢᠪᠠ
        ᠨᠡᠶᠢᠲᠡᠯᠡᠭᠰᠡᠨ ᠴᠠᠭ᠄
        2021/6/3
             ᠲᠣᠰ ᠥᠷᠲᠡᠭᠡᠨ ᠤ ᠮᠡᠳᠡᠭᠡ 5 ᠰᠠᠷ᠎ᠠ ᠶᠢᠨ 23 ᠤ ᠡᠳᠦᠷ᠂ 26 ᠤ ᠡᠳᠦᠷ᠂ ᠬᠠᠲᠤᠨ ᠭᠤᠤᠯ ᠤᠨ ᠤᠰᠤᠨ ᠠᠰᠢᠬᠯᠠᠯᠳᠠ ᠶᠢᠨ ᠵᠥᠪᠯᠡᠯ ᠤᠨ ᠳᠡᠳ᠋ ᠡᠷᠬᠢᠯᠡᠭᠴᠢ ᠨᠢᠦ ᠢᠦᠢ ᠭᠦᠸᠧ ᠪᠦᠯᠬᠦᠮ ᠳᠠᠭᠠᠭᠤᠯᠤᠨ ᠬᠠᠲᠤᠨ ᠭᠤᠤᠯ ᠤᠨ ᠳᠡᠭᠡᠳᠦ ᠳᠤᠮᠳᠠᠳᠤ ᠤᠷᠤᠰᠬᠠᠯ ᠤᠨ ᠬᠠᠮᠢᠶᠠᠷᠤᠯᠲᠠ ᠶᠢᠨ ᠳᠤᠪᠴᠢᠶ᠎ᠠ ᠶᠢᠨ ᠤᠰᠤᠨ ᠠᠰᠢᠬᠯᠠᠯᠲᠠ ᠶᠢᠨ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠪᠠ ᠠᠵᠤ ᠠᠬᠤᠶ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠢᠢᠯᠠᠩ ᠤᠨ ᠬᠢᠨ ᠰᠢ ᠹᠧᠩ ᠢ ᠵᠠᠰᠠᠵᠤ ᠬᠢᠨᠠᠯᠲᠠ ᠲᠠᠯᠪᠢᠯᠳᠠ ᠶᠢᠨ ᠳᠤᠪᠴᠢᠶ᠎ᠠ ᠶᠢᠨ ᠡᠮᠦᠨᠡᠳᠤ ᠰᠢᠶᠤᠤ ᠾᠧ ᠭᠧᠤ ᠶᠢᠨ ᠲᠤᠷᠰᠢᠯᠲᠠ ᠶᠢᠨ ᠲᠠᠯᠠᠪᠠᠢ ᠳᠤ ᠭᠦᠨᠵᠡᠭᠡᠶᠢᠷᠡᠵᠦ᠂ ᠬᠤᠸᠠ ᠭᠦᠸᠧ ᠱᠠᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠢ ᠪᠠᠶᠢᠴᠠᠭᠠᠵᠤ᠂ ᠤᠰᠤ ᠳᠠᠮᠵᠢᠭᠤᠯᠬᠤ ᠨᠦᠬᠡ᠂ ᠪᠢᠲᠡᠭᠦᠦ ᠬᠠᠰᠢᠯᠭ᠎ᠠ᠂ ᠤᠰᠤ ᠣᠷᠣᠭᠤᠯᠬᠤ ᠰᠤᠪᠤᠷᠭ᠎ᠠ ᠶᠢᠨ ᠵᠢᠶᠠᠰᠠ ᠵᠡᠷᠭᠡ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠶᠡᠷᠦᠩᠬᠡᠢ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠣᠢᠢᠯᠠᠭᠠᠵᠤ᠂ ᠲᠤᠬᠠᠢ ᠶᠢᠨ ᠲᠠᠯᠠᠪᠠᠢ ᠳᠤ ᠪᠠᠷᠢᠯᠭ᠎ᠠ ᠶᠢᠨ ᠬᠠᠮᠢᠶᠠᠷᠤᠯᠲᠠ᠂ ᠪᠠᠷᠢᠯᠭ᠎ᠠ ᠶᠢᠨ ᠠᠵᠢᠯ᠂ ᠬᠢᠨᠠᠨ ᠬᠠᠮᠢᠶᠠᠷᠤᠯᠲᠠ᠂ ᠠᠮᠤᠷ ᠲᠦᠪᠰᠢᠨ ᠤ ᠰᠡᠷᠭᠡᠶᠢᠯᠡᠯᠲᠡ᠂ ᠶᠠᠰᠤ ᠴᠢᠨᠠᠷ ᠪᠣᠯᠤᠨ ᠠᠬᠢᠴᠠ ᠶᠢᠨ ᠡᠵᠡᠮᠳᠡᠯ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠨᠢᠦ ᠢᠦᠢ ᠭᠦᠸᠧ ᠰᠢ ᠠᠨ ᠳᠤ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠢ ᠡᠷᠬᠢᠯᠡᠨ       ᠬᠤᠷᠠᠯᠳᠤᠭᠤᠯᠵᠤ᠂ ᠲᠦᠷᠪᠡᠨ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠠᠢ᠄ ᠨᠢᠭᠡ ᠳᠤ ︽ᠭᠤᠷᠪᠠ ᠶᠢ ᠬᠠᠷᠭᠤᠭᠤᠯᠬᠤ᠂ ᠨᠢᠭᠡ ᠶᠢ ᠲᠥᠯᠥᠪᠵᠢᠭᠦᠯᠬᠦ︾ ᠲᠤᠰᠬᠠᠢ ᠠᠵᠢᠯᠯᠠᠭ᠎ᠠ ᠶᠢ ᠰᠠᠶᠢᠲᠤᠷ ᠠᠳᠬᠤᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠲᠡᠤᠬᠡᠨ ᠠᠵᠠ ᠲᠣᠬᠢᠶᠠᠯ ᠢ ᠰᠠᠶᠢᠲᠤᠷ ᠡᠵᠡᠮᠳᠡᠵᠦ᠂ ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠶᠢᠨ ᠡᠭᠦᠷᠭᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ︽ᠦᠶᠡᠷ ᠢ ᠰᠡᠷᠭᠡᠶᠢᠯᠡᠨ ᠠᠮᠤᠷ ᠲᠦᠪᠰᠢᠨ ᠢ ᠪᠠᠲᠤᠯᠠᠬᠤ᠂ ᠴᠢᠨᠠᠷ ᠰᠠᠶᠢᠲᠠᠶ ᠤᠰᠤᠨ ᠤ ᠡᠬᠢ ᠪᠠᠶᠠᠯᠢᠭ᠂ ᠡᠷᠡᠭᠦᠯ ᠮᠡᠨᠳᠤ ᠤᠰᠤᠨ ᠤ ᠠᠮᠢ ᠠᠬᠤᠶ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠤᠰᠤᠨ ᠤ ᠣᠷᠴᠢᠨ ᠲᠣᠭᠤᠷᠢᠨ᠂ ᠲᠡᠷᠢᠭᠦᠨ ᠤ ᠤᠰᠤᠨ ᠤ ᠰᠣᠶᠣᠯ︾ ᠤᠨ ᠵᠣᠯ ᠵᠢᠷᠭᠠᠯᠲᠤ ᠭᠤᠤᠯ ᠤᠨ ᠬᠠᠷᠠᠯᠲᠠ ᠶᠢ ᠪᠡᠶᠡᠯᠡᠭᠦᠯᠬᠦ ᠬᠡᠷᠡᠭᠳᠠᠢ᠃      ᠬᠤᠶᠠᠷ ᠲᠤ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠬᠡᠷᠡᠭᠲᠡᠢ᠃ ᠬᠥᠷᠥᠰᠥ ᠰᠢᠷᠣᠶ ᠶᠢ ᠬᠠᠮᠠᠭᠠᠯᠠᠬᠤ᠂ ᠨᠦᠯᠦᠮᠡᠯ ᠭᠠᠵᠠᠷ ᠤᠨ ᠬᠠᠰᠢᠯᠭ᠎ᠠ ᠶᠢᠨ ᠬᠠᠮᠢᠶᠠᠷᠤᠯᠲᠠ ᠶᠢᠨ ᠭᠤᠤᠯ ᠬᠠᠷᠢᠭᠤᠴᠠᠯᠭ᠎ᠠ ᠭᠤᠤᠯ ᠠᠵᠢᠯ ᠢ ᠴᠢᠩᠭ᠎ᠠ ᠠᠳᠬᠤᠵᠤ᠂ ᠬᠥᠷᠥᠰᠥ ᠰᠢᠷᠣᠶ ᠶᠢ ᠬᠠᠮᠠᠭᠠᠯᠠᠬᠤ ᠵᠢᠮ᠎ᠡ ᠶᠣᠰᠣᠨ ᠤ ᠰᠤᠳᠤᠯᠤᠯ ᠪᠠ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠶᠢᠨ ᠰᠤᠳᠤᠯᠤᠯ ᠢ ᠰᠠᠶᠢᠲᠤᠷ ᠬᠢᠵᠦ᠂ ᠬᠠᠲᠤᠨ ᠭᠤᠤᠯ ᠤᠨ ᠳᠡᠭᠡᠳᠦ ᠳᠤᠮᠳᠠᠳᠤ ᠤᠷᠤᠰᠬᠠᠯ ᠤᠨ ᠬᠠᠮᠢᠶᠠᠷᠤᠯᠲᠠ ᠶᠢᠨ ᠳᠤᠪᠴᠢᠶ᠎ᠠ ᠶᠢᠨ ᠬᠥᠷᠥᠰᠥ ᠰᠢᠷᠣᠶ ᠶᠢ ᠬᠠᠮᠠᠭᠠᠯᠠᠬᠤ ᠠᠵᠢᠯ ᠲᠥᠷᠥᠯ ᠳᠠᠬᠢ ᠦᠢᠯᠡᠳᠦᠯ ᠪᠠ ᠪᠠᠶᠢᠷᠢ ᠰᠠᠭᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠳᠠᠢ᠃ ᠰᠠᠪᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠨ ᠥᠷᠭᠡᠳᠬᠡᠵᠦ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠪᠠ ᠬᠢᠨᠠᠨ ᠬᠡᠮᠵᠢᠬᠦ ᠴᠢᠳᠠᠪᠤᠷᠢ ᠶᠢ ᠴᠢᠩᠭᠠᠳᠬᠠᠨ᠂ ᠰᠠᠪᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠳᠠᠢ᠃      ᠭᠤᠷᠪᠠ ᠳᠤ ᠵᠢᠷᠤᠮᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ ᠬᠥᠭᠵᠢᠯᠲᠡ ᠶᠢ ᠲᠦᠷᠭᠡᠳᠬᠡᠬᠦ ᠬᠡᠷᠡᠭᠲᠡᠶ᠃ ᠳᠣᠲᠣᠭᠠᠳᠤ ᠡᠵᠡᠮᠳᠡᠯ ᠤᠨ ᠲᠦᠷᠢᠮ ᠤᠨ ᠪᠠᠶᠢᠭᠤᠯᠤᠯᠲᠠ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ︽ᠬᠥᠷᠥᠰᠥ ᠰᠢᠷᠣᠶ ᠶᠢ ᠬᠠᠮᠠᠭᠠᠯᠠᠬᠤ᠂ ᠰᠠᠪᠠ ᠭᠠᠵᠠᠷ ᠢ ᠬᠢᠨᠠᠨ ᠬᠠᠮᠢᠶᠠᠷᠬᠤ᠂ ᠠᠵᠤ ᠠᠬᠤᠶ ᠶᠢ ᠬᠥᠭᠵᠢᠭᠦᠯᠬᠦ︾ ᠠᠵᠢᠯ ᠤᠨ ᠰᠢᠨ᠎ᠡ ᠪᠠᠶᠢᠷᠢᠰᠢᠯ ᠢ ᠲᠦᠷᠭᠡᠪᠴᠢᠯᠡᠨ ᠪᠠᠶᠢᠭᠤᠯᠬᠤ ᠬᠡᠷᠡᠭᠳᠠᠢ᠃ ︽      ᠲᠡᠮᠡᠴᠡᠬᠦ᠂ ᠤᠯᠬᠤ᠂ ᠬᠠᠪᠰᠤᠷᠬᠤ︾ ᠶᠢ ᠪᠠᠷᠢᠮᠲᠠᠯᠠᠵᠤ᠂ ᠲᠥᠪ ᠤᠨ ᠡᠳ᠋ ᠤᠨ ᠵᠠᠰᠠᠭ ᠤᠨ ᠲᠦᠷᠦᠯ ᠵᠦᠢᠯ ᠤᠨ ᠪᠡᠯᠡ ᠮᠥᠩᠭᠦ ᠶᠢ ᠢᠳᠡᠪᠬᠢᠲᠡᠶ ᠪᠠᠷ ᠲᠡᠮᠡᠴᠡᠨ ᠣᠯᠵᠤ᠂ ᠠᠵᠤ ᠠᠬᠤᠶ ᠶᠢᠨ ᠣᠷᠣᠯᠭ᠎ᠠ ᠪᠦᠲᠦᠭᠡᠬᠦ ᠠᠷᠭ᠎ᠠ ᠵᠠᠮ ᠢ ᠥᠷᠭᠡᠳᠬᠡᠨ᠂ ᠦᠨᠳᠦᠰᠦᠨ ᠱᠠᠲᠤᠨ ᠤ ᠨᠢᠭᠡᠴᠢ ᠶᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠲᠠᠯ᠎ᠠ ᠶᠢᠨ ᠠᠵᠤ ᠠᠬᠤᠶ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠪᠡᠶᠡᠯᠡᠭᠦᠯᠬᠦ ᠬᠡᠷᠡᠭᠳᠠᠢ᠃      ᠲᠦᠷᠪᠡ ᠳᠤ ᠵᠣᠬᠢᠶᠠᠨ ᠪᠠᠶᠢᠭᠤᠯᠬᠤ ᠪᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠤᠸᠠ ᠭᠦᠸᠧ ᠱᠠᠨ ᠤᠰᠤᠨ ᠴᠥᠭᠦᠷᠥᠮ ᠤᠨ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠢᠨᠵᠧᠨᠧᠷᠢᠩ ᠪᠣᠯᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠠᠵᠢᠬᠯᠡᠨ ᠰᠢᠨᠵᠢᠬᠦ ᠰᠤᠳᠤᠯᠭᠠᠨ ᠤ ᠦᠷᠳᠡᠭᠡ ᠶᠢᠨ ᠠᠵᠢᠬᠯᠡᠨ ᠰᠢᠨᠵᠢᠬᠦ ᠲᠤᠷᠰᠢᠯᠲᠠ ᠶᠢᠨ ᠲᠥᠬᠦᠭᠡᠷᠦᠮᠵᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠬᠤᠰᠢᠭᠤᠷᠠᠯ ᠮᠡᠷᠭᠡᠵᠢᠯ ᠪᠠ ᠲᠡᠷᠢᠭᠦᠨ ᠤ ᠲᠥᠬᠦᠭᠡᠷᠦᠮᠵᠢ ᠶᠢ ᠬᠡᠷᠡᠭᠯᠡᠵᠦ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ᠃ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠪᠣᠯᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠡᠰ ᠳᠠᠷᠠᠭᠠᠯᠠᠯ ᠢ ᠲᠣᠭᠲᠠᠭᠠᠯ ᠳᠤ ᠨᠡᠶᠢᠴᠡᠭᠦᠯᠬᠦ ᠬᠡᠷᠡᠭᠲᠡᠶ᠃ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠠᠮᠤᠷ ᠲᠦᠪᠰᠢᠨ ᠢ ᠳᠡᠭᠡᠳᠦᠯᠡᠬᠦ᠂ ᠢᠯᠠᠩᠭᠤᠶ᠎ᠠ ᠬᠤᠸᠠ ᠭᠦᠸᠧ ᠱᠠᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠢ ᠪᠠᠷᠢᠮᠲᠠᠯᠠᠨ᠂ ︽ᠳᠥᠷᠪᠡᠨ ᠤᠷᠢᠳᠴᠢᠯᠠᠭᠰᠠᠨ︾ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭ᠎ᠠ ᠶᠢ ᠥᠩᠭᠡᠷᠡᠭᠦᠯᠬᠦ ᠲᠥᠰᠦᠯ ᠢ ᠰᠠᠶᠢᠲᠤᠷ ᠬᠢᠵᠦ᠂ ᠦᠶᠡᠷ ᠤᠨ ᠬᠤᠭᠤᠴᠠᠭ᠎ᠠ ᠶᠢ ᠥᠩᠭᠡᠷᠡᠭᠦᠯᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠶᠠᠰᠤ ᠴᠢᠨᠠᠷ ᠢ ᠪᠠᠲᠤᠯᠠᠬᠤ᠂ ᠠᠮᠤᠷ ᠲᠦᠪᠰᠢᠨ ᠢ ᠪᠠᠲᠤᠯᠠᠬᠤ᠂ ᠪᠠᠷᠢᠯᠭ᠎ᠠ ᠶᠢᠨ ᠬᠤᠭᠤᠴᠠᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠶ᠃
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
        点击进入首页