ᠬᠠᠲᠤᠨ ᠭᠤᠤᠯ ᠤᠨ ᠤᠰᠤᠨ ᠠᠰᠢᠬᠯᠠᠯᠳᠠ ᠶᠢᠨ ᠵᠥᠪᠯᠡᠯ ᠣᠢᠢᠷ᠎ᠠ ᠳᠤ ᠪᠤᠭᠤᠲᠤ ᠬᠤᠲᠠ ᠶᠢᠨ ᠬᠤᠸᠠ ᠳ᠋ᠢᠶᠠᠨ | ᠺᠤᠮᠫᠠᠨᠢ ᠶᠢᠨ ᠲᠦᠮᠡᠳ ᠪᠠᠷᠠᠭᠤᠨ ᠬᠤᠰᠢᠭᠤᠨ ᠤ ᠴᠠᠬᠢᠯᠭᠠᠨ ᠤ ᠦᠢᠯᠡᠳᠪᠦᠷᠢ ᠶᠢᠨ ᠲᠥᠷᠥᠯ ᠵᠦᠢᠯ᠂ ᠪᠤᠭᠤᠲᠤ ᠶᠢᠨ | ᠳ᠋ᠦᠩ ᠾᠧ ᠢᠯᠴᠢ ᠶᠢᠨ ᠴᠠᠬᠢᠯᠭᠠᠨ ᠤ ᠦᠢᠯᠡᠳᠪᠦᠷᠢ ︵ᠣᠲᠣ ᠶᠢᠨ ᠪᠤᠭᠤᠲᠤ ᠶᠢᠨ ᠬᠥᠩᠭᠡᠨᠴᠠᠭᠠᠨ ᠤ | ᠥᠪᠡᠷ ᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ︶ ᠶᠢᠨ ᠲᠥᠷᠥᠯ ᠵᠦᠢᠯ᠂ ᠪᠤᠭᠤᠲᠤ ᠶᠢᠨ ᠲᠡᠯᠡᠶ ᠶᠢᠨ | ᠲᠦᠪᠰᠢᠨ ᠤ PVC ᠬᠤᠯᠪᠣᠭᠠᠯᠠᠨ ᠦᠢᠯᠡᠳᠪᠦᠷᠢᠯᠡᠬᠦ ᠲᠥᠷᠥᠯ ᠵᠦᠢᠯ᠂ ᠱᠧᠨ ᠬᠤᠸᠠ ᠱᠧᠨ ᠳ᠋ᠦᠩ ᠴᠠᠬᠢᠯᠭᠠᠨ | ᠬᠦᠴᠦᠨ ᠤ ᠲᠦᠮᠡᠳ ᠪᠠᠷᠠᠭᠤᠨ ᠬᠤᠰᠢᠭᠤᠨ ᠤ ᠴᠠᠬᠢᠯᠭᠠᠨ ᠭᠠᠷᠭᠠᠬᠤ ᠢᠨᠵᠧᠨᠧᠷᠢᠩ᠂ ᠹᠠᠨ ᠬᠠᠶ ᠡᠨᠧᠷᠭᠢ ᠶᠢᠨ | ᠪᠤᠭᠤᠲᠤ ᠶᠢᠨ ᠬᠢᠵᠠᠭᠠᠷᠲᠤ ᠺᠣᠮᠫᠠᠨᠢ ᠶᠢᠨ ᠨᠡᠭᠦᠷᠡᠰᠦ ᠪᠠᠷ ᠮᠧᠲ᠋ᠢᠯ ᠠᠯᠺᠣᠣᠯ ᠦᠢᠯᠡᠳᠬᠦ ᠬᠠᠲᠤᠨ ᠭᠤᠤᠯ ᠤᠨ | ᠤᠰᠤᠨ ᠤ ᠡᠷᠬᠡ ᠶᠢ ᠰᠢᠯᠵᠢᠭᠦᠯᠦᠨ ᠥᠭᠬᠦ 5 ᠲᠥᠷᠥᠯ ᠵᠦᠢᠯ ᠤᠨ ᠤᠰᠤ ᠠᠷᠪᠢᠯᠠᠬᠤ ᠢᠨᠵᠧᠨᠧᠷᠢᠩ ᠤᠨ ᠬᠢᠨᠠᠨ | ᠰᠢᠯᠭᠠᠯᠲᠠ ᠳᠤ ᠬᠢᠷᠢ ᠲᠡᠩᠴᠡᠬᠦ ᠶᠢ ᠵᠢᠩᠬᠢᠨᠢ ᠪᠠᠷ ᠵᠥᠪᠰᠢᠶᠡᠷᠡᠪᠡ᠃ | 5 ᠢᠨᠵᠧᠨᠧᠷᠢᠩ ᠢ 2012 ᠣᠨ ᠳᠤ ᠡᠬᠢᠯᠡᠨ ᠪᠠᠶᠢᠭᠤᠯᠵᠤ᠂ 2017 ᠣᠨ ᠳᠤ ᠪᠦᠬᠦᠨ ᠢ ᠪᠠᠶᠢᠭᠤᠯᠵᠤ | ᠳᠠᠭᠤᠰᠬᠠᠨ᠂ 2019᠂ 2020 ᠣᠨ ᠳᠤ ᠵᠠᠯᠭᠠᠭ᠎ᠠ ᠪᠠᠷ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠬᠯᠠᠯᠲᠠ ᠶᠢᠨ ᠲᠢᠩᠬᠢᠮ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠥᠩᠭᠡᠷᠡᠭᠡᠵᠦ᠂ 2021 ᠣᠨ ᠤ 3 | ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ ᠬᠠᠲᠤᠨ ᠭᠤᠤᠯ ᠤᠨ ᠤᠰᠤᠨ ᠠᠰᠢᠬᠯᠠᠯᠲᠠ ᠶᠢᠨ ᠵᠥᠪᠯᠡᠯ | ᠥᠪᠥᠷ ᠮᠣᠩᠭᠤᠯ ᠤᠨ ᠤᠰᠤᠨ ᠠᠰᠢᠬᠯᠠᠯᠲᠠ ᠶᠢᠨ ᠲᠢᠩᠬᠢᠮ ᠲᠠᠢ ᠬᠠᠮᠲᠤ ᠪᠠᠷ ᠲᠣᠰ ᠤᠰᠤ ᠠᠷᠪᠢᠯᠠᠬᠤ | ᠢᠨᠵᠧᠨᠧᠷᠢᠩ ᠳᠤ ᠲᠤᠬᠠᠶ ᠶᠢᠨ ᠲᠠᠯᠠᠪᠤᠷ ᠤᠨ ᠬᠢᠨᠠᠨ ᠪᠠᠶᠢᠴᠠᠭᠠᠯᠲᠠ ᠬᠢᠪᠠ᠃ ᠬᠠᠷᠭᠤᠭᠤᠯᠤᠨ ᠪᠠᠶᠢᠴᠠᠭᠠᠭᠰᠠᠨ | ᠰᠠᠨᠠᠯ ᠢ ᠦᠨᠳᠦᠰᠦᠯᠡᠪᠡᠯ᠂ ᠤᠰᠤ ᠠᠷᠪᠢᠯᠠᠬᠤ ᠢᠨᠵᠧᠨᠧᠷᠢᠩ ᠨᠢ ᠳ᠋ᠧᠩᠺᠧᠦ ᠶᠢᠨ ᠤᠰᠤ ᠲᠠᠲᠠᠬᠤ ᠤᠰᠤᠯᠠᠯᠲᠠ ᠶᠢᠨ | ᠣᠷᠣᠨ᠂ ᠦᠨᠳᠦᠰᠦᠲᠡᠨ ᠤ ᠪᠦᠯᠬᠦᠮᠳᠡᠯ ᠤᠰᠤᠯᠠᠯᠲᠠ ᠶᠢᠨ ᠣᠷᠣᠨ ᠤ ᠭᠤᠤᠯ ᠰᠤᠪᠠᠭ ᠢ 85.041 ᠺᠢᠯᠦᠮᠧᠲᠷ᠂ | ᠰᠠᠯᠪᠤᠷᠢ ᠰᠤᠪᠠᠭ ᠢ 222.207 ᠺᠢᠯᠦᠮᠧᠲᠷ᠂ ᠨᠠᠷᠢᠨ ᠰᠤᠪᠠᠭ ᠢ 330.59 ᠺᠢᠯᠦᠮᠧᠲᠷ᠂ ᠲᠠᠷᠢᠶᠠᠯᠠᠩ ᠤᠨ | ᠰᠤᠪᠠᠭ ᠢ 153.03 ᠺᠢᠯᠦᠮᠧᠲᠷ᠂ ᠨᠡᠶᠢᠲᠡ 790.868 ᠺᠢᠯᠦᠮᠧᠲᠷ ᠤᠨ ᠲᠠᠷᠢᠶᠠᠯᠠᠩ ᠤᠨ ᠤᠰᠤᠯᠠᠯᠲᠠ ᠶᠢᠨ | ᠰᠤᠪᠠᠭ ᠢ ᠬᠠᠮᠠᠭᠠᠯᠠᠬᠤ ᠪᠠᠷ ᠳᠡᠮᠵᠢᠨ᠂ ᠬᠠᠲᠤᠨ ᠭᠤᠤᠯ ᠤᠨ ᠤᠰᠤᠨ ᠤ ᠬᠡᠮᠵᠢᠶ᠎ᠡ ᠶᠢ 4137 ᠲᠦᠮᠡᠨ ᠪᠣᠰᠤᠭ᠎ᠠ | ᠳᠥᠷᠪᠡᠯᠵᠢᠨ ᠮᠧᠲᠷ ᠠᠷᠪᠢᠯᠠᠵᠤ᠂ ᠬᠠᠲᠤᠨ ᠭᠤᠤᠯ ᠤᠨ ᠭᠤᠤᠯ ᠤᠷᠤᠰᠬᠠᠯ ᠤᠨ ᠤᠰᠤᠨ ᠤ ᠡᠷᠬᠡ ᠶᠢᠨ | ᠭᠦᠢᠴᠡᠳᠬᠡᠯ ᠲᠤᠭ᠎ᠠ ᠶᠢ 3447 ᠲᠦᠮᠡᠨ ᠪᠣᠰᠤᠭ᠎ᠠ ᠳᠥᠷᠪᠡᠯᠵᠢᠨ ᠮᠧᠲᠷ ᠰᠢᠯᠵᠢᠭᠦᠯᠦᠨ ᠥᠭᠴᠦ ᠪᠣᠯᠤᠨ᠎ᠠ᠃ | ᠤᠰᠤᠨ ᠤ ᠡᠷᠬᠡ ᠶᠢ ᠰᠢᠯᠵᠢᠭᠦᠯᠦᠨ ᠥᠭᠬᠦ ᠳᠤ ᠠᠵᠤ ᠦᠢᠯᠡᠳᠪᠦᠷᠢ ᠶᠢᠨ ᠠᠵᠤ ᠠᠬᠤᠢᠢᠯᠠᠯ ᠢᠶᠠᠷ ᠳᠠᠮᠵᠢᠨ | ᠲᠠᠷᠢᠶᠠᠯᠠᠩ ᠤᠨ ᠤᠰᠤ ᠠᠷᠪᠢᠯᠠᠬᠤ ᠳᠤ ᠪᠡᠯᠡ ᠤᠷᠤᠭᠤᠯᠤᠨ ᠤᠰᠤ ᠠᠷᠪᠢᠯᠠᠵᠤ᠂ ᠤᠰᠤᠯᠠᠯᠲᠠ ᠶᠢᠨ ᠣᠷᠣᠨ ᠤ | ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ ᠰᠢᠨ᠎ᠡ ᠪᠠᠷ ᠨᠡᠮᠡᠭᠳᠡᠭᠦᠯᠬᠦ ᠥᠭᠡᠢ ᠪᠠᠶᠢᠳᠠᠯ ᠤᠨ ᠳᠣᠣᠷ᠎ᠠ᠂ ᠲᠠᠷᠢᠶᠠᠯᠠᠩ ᠤᠨ | ᠤᠰᠤᠯᠠᠯᠲᠠ ᠶᠢᠨ ᠠᠷᠪᠢᠯᠠᠭᠰᠠᠨ ᠤᠰᠤᠨ ᠤ ᠬᠡᠮᠵᠢᠶ᠎ᠡ ᠶᠢ ᠠᠵᠤ ᠦᠢᠯᠡᠳᠪᠦᠷᠢ ᠶᠢᠨ ᠤᠰᠤ ᠬᠡᠷᠡᠭᠯᠡᠬᠦ ᠲᠥᠷᠥᠯ | ᠵᠦᠢᠯ ᠳᠤ ᠲᠥᠯᠥᠪᠦᠷᠢ ᠲᠠᠢ ᠪᠠᠷ ᠰᠢᠯᠵᠢᠭᠦᠯᠦᠨ ᠥᠭᠬᠦ ᠪᠣᠯ ᠵᠠᠬ᠎ᠠ ᠳᠡᠯᠭᠡᠭᠦᠷ ᠤᠨ ᠠᠷᠭ᠎ᠠ ᠪᠠᠷᠢᠯ ᠢ ᠠᠰᠢᠬᠯᠠᠨ | ᠬᠠᠳᠤᠨ ᠭᠤᠣᠯ ᠤᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠰᠢᠨ᠎ᠡ ᠠᠷᠭ᠎ᠠ ᠵᠠᠮ ᠢ ᠬᠠᠶᠢᠨ | ᠰᠦᠪᠡᠭᠴᠢᠯᠡᠵᠦ᠂ ᠤᠰᠤ ᠶᠢ ᠠᠷᠪᠢᠯᠠᠵᠤ ᠬᠡᠷᠡᠭᠯᠡᠬᠦ ᠪᠠ ᠥᠨᠳᠥᠷ ᠦᠷ᠎ᠡ ᠪᠦᠲᠦᠮᠵᠢᠲᠡᠶ ᠬᠡᠷᠡᠭᠯᠡᠬᠦ ᠶᠢ ᠪᠦᠲᠦᠮᠵᠢᠲᠡᠶ | ᠠᠬᠢᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠰᠤᠨ ᠤ ᠡᠬᠢ ᠪᠠᠶᠠᠯᠢᠭ ᠤᠨ | ᠳᠡᠮᠵᠢᠯᠭᠡ ᠪᠠ ᠪᠠᠲᠤᠯᠠᠭ᠎ᠠ ᠶᠢ ᠬᠠᠩᠭᠠᠬᠤ ᠪᠣᠯᠤᠨ᠎ᠠ᠃ | ᠥᠪᠡᠷᠲᠡᠭᠡᠨ ᠵᠠᠰᠠᠬᠤ ᠣᠷᠣᠨ 2003 ᠣᠨ ᠳᠤ ᠤᠰᠤᠨ ᠤ ᠡᠷᠬᠡ ᠶᠢ ᠰᠢᠯᠵᠢᠭᠦᠯᠦᠨ ᠥᠭᠬᠦ ᠠᠵᠢᠯ ᠢ | ᠥᠷᠨᠢᠭᠦᠯᠦᠭᠰᠡᠨ ᠠᠴᠠ ᠡᠳᠦᠭᠡ ᠪᠣᠯᠲᠠᠯ᠎ᠠ᠂ ᠰᠢᠯᠵᠢᠭᠦᠯᠦᠨ ᠥᠭᠬᠦ ᠬᠠᠲᠤᠨ ᠭᠤᠤᠯ ᠤᠨ ᠤᠰᠤᠨ ᠤ ᠬᠡᠮᠵᠢᠶ᠎ᠡ ᠶᠢ | ᠨᠡᠶᠢᠲᠡ 4.43 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠴᠣᠬᠤᠯᠠᠪᠤᠷᠢᠯᠠᠵᠤ᠂ 4.07 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠰᠢᠯᠵᠢᠭᠦᠯᠦᠨ ᠥᠭᠬᠦ ᠶᠢ ᠨᠢᠭᠡᠨᠲᠡ ᠪᠡᠶᠡᠯᠡᠭᠦᠯᠵᠦ᠂ 168 ᠲᠣᠮᠣ ᠬᠡᠯᠪᠡᠷᠢ ᠶᠢᠨ ᠠᠵᠤ | ᠦᠢᠯᠡᠳᠪᠦᠷᠢ ᠶᠢᠨ ᠲᠥᠷᠥᠯ ᠵᠦᠢᠯ ᠳᠤ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠨ ᠥᠭᠴᠦ᠂ ᠪᠠᠷᠤᠭ 4000 | ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠤᠰᠤᠨ ᠤ ᠡᠬᠢ ᠪᠠᠶᠠᠯᠢᠭ ᠤᠨ | ᠲᠤᠯᠭᠠᠭᠤᠷᠢᠯᠠᠯ ᠬᠠᠩᠭᠠᠬᠤ ᠶᠢᠨ ᠬᠠᠮᠲᠤ ᠤᠰᠤᠯᠠᠯᠲᠠ ᠶᠢᠨ ᠣᠷᠣᠨ ᠳᠤ 50 ᠭᠠᠷᠤᠶ ᠳ᠋ᠦᠩᠰᠢᠭᠤᠷ ᠲᠥᠭᠦᠷᠢᠭ ᠤᠨ | ᠤᠰᠤ ᠠᠷᠪᠢᠯᠠᠬᠤ ᠥᠭᠡᠷᠡᠴᠢᠯᠡᠯᠲᠡ ᠶᠢᠨ ᠪᠠᠯᠠ ᠮᠥᠩᠭᠦ ᠴᠤᠭᠯᠠᠭᠤᠯᠤᠭᠰᠠᠨ ᠪᠠᠶᠢᠨ᠎ᠠ᠃ |