ᠡᠪᠦᠯ ᠤᠨ ᠠᠭᠤᠷ ᠣᠷᠣᠬᠤ ᠦᠶ᠎ᠡ ᠪᠠᠷ ᠤᠯᠠᠭᠠᠨᠰᠤᠬᠠᠢ ᠨᠠᠭᠤᠷ ᠲᠤ ᠢᠷᠡᠬᠦ ᠳᠤ᠂ ᠵᠤᠨ ᠤ ᠤᠯᠠᠷᠢᠯ ᠤᠨ ᠬᠢ | ᠰᠢᠭ᠋ ᠬᠥᠮᠦᠰ ᠨᠠᠭᠠᠰᠢ ᠴᠠᠭᠠᠰᠢ ᠰᠦᠯᠵᠢᠯᠳᠦᠬᠦ ᠨᠠᠷᠭᠢᠶᠠᠨ ᠲᠠᠢ ᠪᠠᠶᠢᠳᠠᠯ ᠢ ᠣᠯᠵᠤ ᠦᠵᠡᠬᠦ ᠦᠭᠡᠢ ᠪᠣᠯᠪᠠ᠃ | ᠨᠠᠭᠤᠷ ᠤᠨ ᠬᠥᠪᠡᠭᠡᠨ ᠳᠤ ᠵᠣᠭᠰᠣᠨ ᠡᠷᠬᠢᠨ ᠲᠣᠭᠤᠷᠢᠨ ᠢᠶᠠᠨ ᠪᠠᠷᠠᠯᠠᠬᠤᠶ᠎ᠠ᠂ ᠬᠥᠮᠦᠨ ᠢ ᠰᠣᠭᠲᠣᠭᠤᠷᠠᠭᠤᠯᠤᠮ᠎ᠠ | ᠬᠥᠬᠡ ᠣᠭᠲᠠᠷᠭᠤᠶ ᠪᠣᠯᠤᠨ ᠨᠣᠮᠢᠨ ᠳᠣᠯᠭᠢᠶᠠᠨ ᠳᠣᠯᠭᠢᠶᠠᠯᠠᠭᠰᠠᠨ ᠨᠠᠭᠤᠷ ᠤᠨ ᠤᠰᠤ ᠪᠦᠬᠦᠯᠢ ᠨᠢᠭᠡ ᠴᠣᠭᠴᠠ | ᠪᠤᠯᠵᠤ᠂ ᠵᠠᠭᠤᠨ ᠮᠧᠲᠷ ᠤᠨ ᠴᠠᠭᠠᠨᠠᠬᠢ ᠨᠠᠭᠤᠷ ᠤᠨ ᠭᠠᠳᠠᠷᠭᠤ ᠳᠡᠭᠡᠷ᠎ᠡ᠂ 10 ᠭᠠᠷᠤᠶ ᠬᠤᠷᠤᠭᠤᠲᠤ ᠬᠤᠨ | ᠱᠤᠩᠪᠠᠨ ᠲᠤᠭᠯᠠᠵᠤ᠂ ᠰᠦᠷᠦᠭ ᠰᠦᠷᠦᠭ ᠴᠠᠭᠠᠨ ᠰᠡᠭᠦᠯᠲᠦ ᠵᠠᠭᠠᠯᠠᠢ᠂ ᠲᠣᠮᠣ ᠴᠠᠭᠠᠨ ᠳᠡᠭᠡᠯᠡᠶ᠂ ᠬᠠᠯᠪᠠᠭᠠᠨ | ᠬᠤᠰᠢᠭᠤᠳᠤ ᠵᠠᠷᠢᠮ ᠳᠠᠭᠠᠨ ᠨᠠᠭᠤᠷ ᠤᠨ ᠨᠢᠭᠤᠷ ᠳᠡᠭᠡᠷ᠎ᠡ ᠬᠦᠪᠦᠵᠦ᠂ ᠵᠠᠷᠢᠮ ᠳᠠᠭᠠᠨ ᠬᠤᠯᠤᠰᠤᠨ ᠳᠤᠮᠳᠠ ᠨᠢᠰᠦᠨ | ᠣᠷᠣᠨ᠎ᠠ᠃ | ᠤᠯᠠᠭᠠᠨᠰᠤᠬᠠᠢ ᠪᠣᠯ ᠤᠯᠠᠭᠠᠨ ᠪᠤᠷᠭᠠᠰᠤᠨ ᠤ ᠨᠠᠭᠤᠷ ᠭᠡᠰᠡᠨ ᠤᠳᠬ᠎ᠠ ᠲᠠᠢ᠂ 1850 ᠣᠨ ᠳᠤ ᠬᠠᠳᠤᠨ | ᠭᠤᠣᠯ ᠤᠨ ᠵᠠᠮ ᠢ ᠥᠭᠡᠷᠡᠴᠢᠯᠡᠭᠰᠡᠨ ᠠᠴᠠ ᠪᠦᠷᠢᠯᠳᠦᠭᠰᠡᠨ ᠨᠠᠭᠤᠷ ᠪᠣᠯᠤᠨ᠎ᠠ᠂ ᠦᠪᠤᠷ ᠮᠤᠩᠭᠤᠯ ᠤᠨ ᠦᠪᠡᠷᠳᠡᠬᠡᠨ | ᠵᠠᠰᠠᠬᠤ ᠤᠷᠤᠨ ᠤ ᠪᠠᠶᠠᠨᠨᠠᠭᠤᠷ ᠬᠤᠳᠠ ᠶᠢᠨ ᠤᠷᠠᠳ ᠤᠨ ᠡᠮᠦᠨᠡᠲᠦ ᠬᠤᠰᠢᠭᠤᠨ ᠤ ᠬᠢᠯᠢ ᠳᠤ ᠪᠠᠶᠢᠷᠢᠯᠠᠵᠤ᠂ | ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠤᠰᠤᠯᠠᠯᠲᠠ ᠶᠢᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ | ᠪᠣᠯᠤᠨ᠎ᠠ᠃ | ᠬᠠᠲᠤᠨ ᠭᠤᠤᠯ ᠤᠨ ᠤᠰᠤ ᠨᠢ ᠪᠠᠷᠠᠭᠤᠨ ᠲᠠᠯ᠎ᠠ ᠶᠢᠨ ᠰᠠᠨ ᠱᠧᠩ ᠬᠥᠩ ᠤᠰᠤᠨ ᠠᠰᠢᠭᠯᠠᠯᠲᠠ ᠶᠢᠨ | ᠬᠦᠶᠰᠦ ᠠᠴᠠ ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠤ ᠣᠷᠣᠭᠤᠯᠤᠭᠰᠠᠨ ᠤ ᠳᠠᠷᠠᠭ᠎ᠠ᠂ ᠳᠣᠯᠣᠳᠤᠭᠠᠷ | ᠳᠡᠰ ᠤᠨ ᠤᠰᠤᠯᠠᠯᠲᠠ ᠶᠢᠨ ᠰᠢᠰᠲ᠋ᠧᠮ ᠢᠶᠠᠷ ᠳᠡᠮᠵᠢᠨ ᠲᠠᠷᠢᠶᠠᠨ ᠭᠠᠵᠠᠷ ᠲᠤ ᠴᠢᠳᠬᠤᠭᠰᠠᠨ ᠤ ᠳᠠᠷᠠᠭ᠎ᠠ᠂ ᠪᠠᠰᠠ | ᠤᠰᠤ ᠲᠠᠲᠠᠷᠠᠭᠤᠯᠬᠤ ᠰᠤᠪᠠᠭ᠂ ᠶᠡᠷᠦᠩᠬᠡᠶ ᠤᠰᠤ ᠲᠠᠲᠠᠷᠠᠭᠤᠯᠬᠤ ᠰᠤᠪᠠᠭ ᠢᠶᠠᠷ ᠳᠡᠮᠵᠢᠨ ᠤᠯᠠᠭᠠᠨᠰᠤᠬᠠᠶ ᠲᠠᠢ | ᠵᠠᠯᠭᠠᠯᠳᠤᠭᠰᠠᠨ ᠬᠤᠩ ᠭᠧ ᠪᠥᠸᠧ ᠶᠢᠨ ᠤᠰᠤ ᠲᠠᠲᠠᠷᠠᠭᠤᠯᠬᠤ ᠥᠷᠲᠡᠭᠡ ᠳᠤ ᠬᠦᠷᠴᠦ᠂ ᠤᠯᠠᠭᠠᠨᠰᠤᠬᠠᠶ ᠳᠤ | ᠴᠢᠳᠬᠤᠨ ᠣᠷᠣᠭᠤᠯᠵᠤ᠂ ᠲᠤᠨᠳᠠᠰᠤᠵᠢᠭᠤᠯᠬᠤ᠂ ᠰᠣᠷᠣᠨ ᠨᠠᠭᠠᠯᠳᠤᠭᠤᠯᠬᠤ᠂ ᠠᠮᠢᠳᠤ ᠪᠣᠳᠠᠰ ᠤᠨ ᠠᠷᠭᠠᠴᠠᠭᠠᠯᠲᠠ | ᠬᠢᠬᠦ ᠵᠡᠷᠭᠡ ᠪᠠᠷ ᠳᠡᠮᠵᠢᠨ ᠴᠡᠪᠡᠷᠰᠢᠭᠦᠯᠦᠭᠰᠡᠨ ᠤ ᠳᠠᠷᠠᠭ᠎ᠠ᠂ ᠵᠡᠭᠦᠨ ᠡᠮᠦᠨᠡᠲᠦ ᠶᠢᠨ ᠠᠷᠪᠠᠳᠤᠭᠠᠷ ᠤᠰᠤ | ᠲᠠᠳᠠᠷᠠᠭᠤᠯᠬᠤ ᠭᠤᠤᠯ ᠰᠤᠪᠠᠭ ᠤᠨ ᠤᠰᠤ ᠲᠠᠳᠠᠬᠤ ᠥᠷᠲᠡᠭᠡ ᠠᠴᠠ ᠬᠠᠲᠤᠨ ᠭᠤᠤᠯ ᠳᠤ ᠴᠢᠳᠬᠤᠨ᠎ᠠ᠃ ᠬᠠᠲᠤᠨ | ᠭᠤᠤᠯ ᠤᠨ ᠬᠠᠯᠢᠶ᠎ᠠ ᠦᠶᠡᠷ ᠤᠨ ᠬᠤᠭᠤᠴᠠᠭᠠᠨ ᠳᠤ᠂ ᠭᠤᠤᠯ ᠤᠰᠤ ᠵᠠᠯᠠᠬᠤ ᠰᠢᠰᠲ᠋ᠧᠮ ᠢᠶᠠᠷ ᠳᠡᠮᠵᠢᠨ᠂ | ᠤᠯᠠᠭᠠᠨᠰᠤᠬᠠᠶ ᠦᠶᠡᠷ ᠤᠨ ᠤᠰᠤ ᠶᠢ ᠰᠢᠩᠭᠡᠭᠡᠨ ᠠᠪᠴᠤ᠂ ᠬᠠᠲᠤᠨ ᠭᠤᠤᠯ ᠤᠨ ᠦᠶᠡᠷ ᠶᠠᠪᠤᠭᠤᠯᠬᠤ ᠳᠠᠷᠤᠯᠲᠠ ᠶᠢ | ᠬᠥᠩᠭᠡᠷᠡᠭᠦᠯᠦᠨ᠎ᠡ᠃ ᠬᠠᠲᠤᠨ ᠭᠤᠣᠯ ᠤᠨ ᠤᠰᠤ ᠰᠢᠷᠭᠢᠬᠦ ᠬᠤᠭᠤᠴᠠᠭᠠᠨ ᠳᠤ ᠬᠠᠲᠤᠨ ᠭᠤᠣᠯ ᠢ ᠭᠡᠳᠡᠷᠭᠦ | ᠨᠥᠬᠦᠪᠥᠷᠢᠯᠡᠨ᠎ᠡ᠃ ᠤᠯᠠᠭᠠᠨᠰᠤᠬᠠᠢ ᠨᠢ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠭᠠᠵᠠᠷ ᠰᠢᠷᠣᠢ ᠶᠢᠨ | ᠬᠤᠵᠢᠷᠰᠢᠯ ᠢ ᠡᠵᠡᠮᠳᠡᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠬᠠᠲᠤᠨ ᠭᠤᠣᠯ ᠤᠨ | ᠤᠰᠤᠨ ᠤ ᠴᠢᠨᠠᠷ ᠤᠨ ᠠᠮᠤᠷ ᠲᠦᠪᠰᠢᠨ ᠢ ᠬᠠᠮᠠᠭᠠᠯᠠᠬᠤ᠂ ᠬᠠᠲᠤᠨ ᠭᠤᠣᠯ ᠤᠨ ᠲᠣᠭᠲᠠᠭᠤᠨ ᠢᠶᠠᠷ ᠠᠵᠢᠯᠯᠠᠬᠤ ᠶᠢ | ᠪᠠᠲᠤᠯᠠᠬᠤ ᠳᠤ ᠣᠷᠣᠯᠠᠭᠤᠯᠵᠤ ᠪᠣᠯᠤᠰᠢ ᠦᠭᠡᠢ ᠴᠢᠬᠤᠯᠠ ᠦᠢᠯᠡᠳᠦᠯ ᠲᠠᠢ ᠭᠡᠵᠦ ᠬᠡᠯᠡᠵᠦ ᠪᠣᠯᠤᠨ᠎ᠠ᠃ | ᠲᠡᠤᠬᠡᠨ ᠳᠡᠭᠡᠷ᠎ᠡ ᠪᠤᠷᠤᠲᠤᠬᠤᠢ ᠶᠢᠨ ᠣᠷᠤᠨ ᠬᠠᠰᠢᠯᠭ᠎ᠠ ᠥᠬᠡᠶ ᠪᠠᠷ ᠬᠠᠲᠤᠨ ᠭᠤᠤᠯ ᠤᠨ ᠤᠰᠤ ᠶᠢ | ᠲᠠᠲᠠᠵᠤ ᠤᠰᠤᠯᠠᠭᠰᠠᠨ ᠠᠴᠠ ᠤᠰᠤ ᠶᠢ ᠡᠵᠡᠮᠳᠡᠬᠦ ᠳᠤ ᠪᠡᠷᠬᠡ ᠪᠣᠯᠵᠣ᠂ ᠤᠯᠠᠭᠠᠨᠰᠤᠬᠠᠢ ᠨᠠᠭᠤᠷ ᠤᠨ ᠤᠰᠤᠨ ᠤ | ᠭᠠᠳᠠᠷᠭᠤ ᠨᠢ ᠬᠠᠮᠤᠭ ᠠᠩᠬᠠᠨ ᠤ 2 ᠺᠦᠸᠠᠳ᠋ ᠺᠢᠯᠣᠮᠧᠳ᠋ᠷ ᠠᠴᠠ ᠪᠠᠨ ᠠᠭᠠᠵᠢᠮ ᠢᠶᠠᠷ ᠥᠷᠭᠡᠳᠴᠦ᠂ ᠬᠠᠮᠤᠭ | ᠶᠡᠭᠡ ᠳᠡᠭᠡᠨ 1200 ᠺᠦᠸᠠᠳ᠋ ᠺᠢᠯᠤᠮᠧᠲᠷ ᠲᠤ ᠭᠦᠷᠦᠭᠰᠡᠨ ᠪᠠᠶᠢᠨ᠎ᠠ᠃ ᠰᠢᠨ᠎ᠡ ᠪᠤᠷᠤᠲᠤᠬᠤᠢ ᠶᠢᠨ ᠣᠷᠤᠨ | ᠪᠠᠶᠢᠭᠤᠯᠤᠭᠳᠠᠭᠰᠠᠨ ᠤ ᠲᠠᠷᠠᠭ᠎ᠠ᠂ ᠤᠯᠤᠰ ᠠᠴᠠ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ | ᠲᠥᠬᠦᠭᠡᠷᠦᠮᠵᠢ ᠶᠢᠨ ᠣᠷᠣᠭᠤᠯᠤᠯᠲᠠ ᠪᠠ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠶᠢ | ᠳᠠᠭᠠᠯᠳᠤᠨ᠂ ᠤᠰᠤᠯᠠᠬᠤ ᠪᠠ ᠲᠠᠳᠠᠷᠠᠭᠤᠯᠬᠤ ᠶᠢ ᠢᠵᠢ ᠪᠦᠷᠢᠳᠦᠭᠦᠯᠦᠭᠰᠡᠨ᠂ ᠤᠰᠤᠨ ᠤ ᠬᠡᠮᠵᠢᠶ᠎ᠡ ᠶᠢ ᠡᠵᠡᠮᠳᠡᠵᠦ | ᠪᠣᠯᠬᠤ ᠠᠵᠢᠯᠯᠠᠭᠠᠨ ᠤ ᠬᠠᠮᠢᠶᠠᠷᠤᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠤᠯᠠᠭᠠᠨᠰᠤᠬᠠᠢ | ᠨᠠᠭᠤᠷ ᠤᠨ ᠤᠰᠤᠨ ᠤ ᠭᠠᠳᠠᠷᠭᠤ ᠶᠢᠨ ᠲᠠᠯᠠᠪᠠᠢ ᠶᠢ ᠦᠨᠳᠦᠰᠦᠨ ᠳᠡᠭᠡᠨ ᠬᠢᠵᠠᠭᠠᠷᠯᠠᠵᠤ᠂ 20 ᠳ᠋ᠤᠭᠠᠷ ᠵᠠᠭᠤᠨ ᠤ | ᠶᠡᠷᠡᠭᠡᠳ ᠣᠨ ᠠᠴᠠ ᠨᠠᠭᠠᠰᠢ ᠤᠳᠤ ᠶᠢᠨ ᠲᠠᠯᠠᠪᠠᠢ ᠳᠤ ᠲᠣᠭᠲᠠᠪᠤᠷᠢᠵᠢᠭᠤᠯᠤᠭᠰᠠᠭᠠᠷ ᠢᠷᠡᠵᠡᠢ᠃ | ᠭᠡᠲᠡᠯ᠎ᠡ᠂ 10 ᠵᠢᠯ ᠤᠨ ᠡᠮᠦᠨᠡᠬᠢ ᠤᠯᠠᠭᠠᠨᠰᠤᠬᠠᠢ ᠪᠣᠯ ᠬᠠᠷᠢᠨ ᠥᠭᠡᠷ᠎ᠡ ᠨᠢᠭᠡ ᠵᠦᠢᠯ ᠤᠨ ᠥᠩᠭᠡ ᠦᠵᠡᠮᠵᠢ ᠲᠠᠢ | ᠪᠠᠶᠢᠭᠰᠠᠨ ᠶᠤᠮ᠃ | ︽ᠪᠣᠬᠢᠷᠲᠤᠯ ᠬᠠᠮᠤᠭ ᠤᠨ ᠬᠦᠨᠳᠦ ᠨᠣᠴᠢᠲᠠᠶ ᠪᠠᠶᠢᠭᠰᠠᠨ ᠶᠡᠷᠡᠭᠡᠳ ᠣᠨ ᠤ ᠦᠶ᠎ᠡ ᠳᠤ᠂ ᠣᠩᠭᠤᠴᠠ | ᠨᠠᠭᠤᠷ ᠤᠨ ᠳᠤᠮᠳᠠᠭᠤᠷ ᠶᠠᠪᠤᠬᠤ ᠳᠤ ᠴᠠᠯᠭᠢᠶᠠᠳᠠᠰᠤ ᠴᠥᠮ ᠦᠮᠡᠬᠡᠶ ᠦᠨᠦᠷ ᠬᠠᠩᠬᠤᠯᠵᠤ ᠪᠠᠶᠢᠪᠠ᠃︾ ᠭᠡᠵᠦ | ᠤᠯᠠᠭᠠᠨᠰᠤᠬᠠᠢ ᠨᠠᠭᠤᠷ ᠤᠨ ᠲᠣᠭᠤᠷᠢᠭ ᠤᠨ ᠬᠠᠮᠢᠶᠠᠷᠤᠯᠲᠠ ᠶᠢᠨ ᠶᠡᠭᠡ ᠠᠩᠬᠢ ᠶᠢᠨ ᠳᠡᠳ᠋ ᠳᠠᠷᠤᠭ᠎ᠠ ᠯᠢᠦ ᠸᠤᠨ ᠪᠢᠨ | ᠬᠡᠯᠡᠪᠡ᠃ | 2008 ᠣᠨ ᠤ 5 ᠰᠠᠷ᠎ᠠ ᠳᠤ᠂ ᠤᠯᠠᠭᠠᠨᠰᠤᠬᠠᠢ ᠳᠤ 8 ᠲᠦᠮᠡ ᠭᠠᠷᠤᠢ ᠮᠦ ᠲᠠᠯᠠᠪᠠᠢ ᠲᠠᠢ᠂ 5 ᠰᠠᠷ᠎ᠠ | ᠦᠷᠭᠦᠯᠵᠢᠯᠡᠭᠰᠡᠨ ᠰᠢᠷ᠎ᠠ ᠵᠠᠮᠠᠭ ᠢᠯᠡᠷᠡᠵᠦ᠂ ᠭᠤᠣᠯ ᠪᠣᠯᠬᠤ ᠣᠷᠣᠨ ᠤ ᠤᠰᠤᠨ ᠤ ᠭᠠᠳᠠᠷᠭᠤ ᠶᠢ ᠪᠦᠷᠬᠦᠵᠦ᠂ ᠤᠰᠤᠨ | ᠴᠣᠭᠴᠠ ᠶᠢ ᠬᠦᠨᠳᠦ ᠨᠣᠴᠢᠲᠠᠢ ᠪᠣᠬᠢᠷᠲᠤᠭᠤᠯᠵᠠᠢ᠃ ᠤᠷᠢᠳ ᠤᠨ ᠦᠵᠡᠰᠬᠦᠯᠡᠩᠲᠦ ᠰᠠᠶᠢᠬᠠᠨ ᠥᠨᠢᠷ ᠪᠠᠶᠠᠯᠢᠭ᠂ | ᠪᠣᠯᠵᠣᠮᠣᠷ ᠰᠢᠪᠠᠭᠤ ᠵᠢᠷᠭᠢᠵᠦ ᠴᠡᠴᠡᠭ ᠳᠡᠯᠭᠡᠷᠡᠭᠰᠡᠨ ᠤᠯᠠᠭᠠᠨᠰᠤᠬᠠᠢ ᠨᠢ ᠠᠵᠤ ᠦᠶᠯᠡᠳᠪᠦᠷᠢ ᠶᠢᠨ ᠪᠣᠬᠢᠷ ᠤᠰᠤ ᠪᠠ | ᠠᠮᠢᠳᠤᠷᠠᠯ ᠤᠨ ᠪᠣᠬᠢᠷ ᠤᠰᠤ ᠶᠢ ᠴᠤᠭᠯᠠᠷᠠᠭᠤᠯᠤᠭᠰᠠᠨ ︽ᠪᠤᠵᠠᠷ ᠤᠰᠤᠨ ᠤ ᠲᠠᠲᠠᠭᠠᠯ︾ ᠪᠣᠯᠤᠭᠰᠠᠨ ᠪᠠᠶᠢᠨ᠎ᠠ᠂ | ᠡᠭᠦᠨ ᠢ ᠲᠡᠤᠬᠡᠨ ᠳᠤ ︽ᠤᠯᠠᠭᠠᠨᠰᠤᠬᠠᠢ ᠨᠠᠭᠤᠷ ᠤᠨ ᠪᠣᠬᠢᠷᠲᠤᠯ ᠤᠨ ᠬᠡᠷᠡᠭ︾ ᠭᠡᠳᠡᠭ᠃ | ᠤᠯᠠᠭᠠᠨᠰᠤᠬᠠᠢ ᠨᠠᠭᠤᠷ ᠤᠨ ᠪᠣᠬᠢᠷᠲᠤᠯ ᠢ ᠬᠦᠨᠳᠦ ᠨᠣᠴᠢᠲᠠᠢ ᠪᠣᠯᠭᠠᠭᠰᠠᠨ ᠰᠢᠯᠲᠠᠭᠠᠨ ᠨᠢ ᠭᠤᠣᠯᠳᠠᠭᠤ | ᠭᠤᠷᠪᠠᠨ ᠲᠠᠯ᠎ᠠ ᠪᠤᠢ᠄ ᠨᠢᠭᠡ ᠳᠤ᠂ ᠪᠣᠷᠣ ᠲᠣᠬᠤᠢ ᠶᠢᠨ ᠤᠰᠤᠯᠠᠯᠲᠠ ᠶᠢᠨ ᠣᠷᠣᠨ ᠳᠤ ᠲᠠᠷᠢᠶᠠᠨ ᠭᠠᠵᠠᠷ ᠢ ᠤᠰᠤᠯᠠᠵᠤ᠂ | ᠲᠠᠷᠢᠶᠠᠨ ᠭᠠᠵᠠᠷ ᠤᠨ ᠲᠠᠳᠠᠷᠠᠭᠤᠯᠤᠭᠰᠠᠨ ᠤᠰᠤ ᠶᠢ ᠦᠨᠳᠦᠰᠦᠨ ᠳᠡᠭᠡᠨ ᠪᠦᠷ ᠨᠠᠭᠤᠷ ᠲᠤ ᠴᠢᠳᠬᠤᠵᠤ᠂ ᠲᠠᠷᠢᠶᠠᠨ | ᠭᠠᠵᠠᠷ ᠤᠨ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠦᠯᠡᠳᠡᠭᠳᠡᠯ ᠨᠢ ᠴᠦ ᠤᠰᠤ ᠲᠠᠲᠠᠷᠠᠭᠤᠯᠬᠤ ᠶᠢ ᠳᠠᠭᠠᠯᠳᠤᠨ | ᠨᠠᠭᠤᠷ ᠲᠤ ᠣᠷᠣᠵᠠᠢ︔ ᠬᠤᠶᠠᠷ ᠲᠤ ᠲᠤᠬᠠᠶ ᠶᠢᠨ ᠭᠠᠵᠠᠷ ᠤᠨ ᠠᠵᠤ ᠦᠶᠯᠡᠳᠪᠦᠷᠢ ᠳᠤ ᠬᠡᠷᠡᠭᠯᠡᠬᠦ ᠤᠰᠤ᠂ ᠬᠤᠲᠠ | ᠬᠥᠳᠡᠭᠡ ᠶᠢᠨ ᠠᠮᠢᠳᠤᠷᠠᠯ ᠤᠨ ᠬᠠᠶᠠᠭᠳᠠᠮᠠᠯ ᠤᠰᠤ ᠶᠢ ᠰᠢᠶᠳᠪᠦᠷᠢᠯᠡᠭᠰᠡᠨ ᠥᠬᠡᠶ ᠪᠠᠷ ᠰᠢᠭᠤᠳ ᠨᠠᠭᠤᠷ ᠲᠤ | ᠭᠠᠳᠠᠭᠰᠢᠯᠠᠭᠤᠯᠤᠭᠰᠠᠨ ᠠᠴᠠ ᠪᠣᠯᠵᠠᠢ︔ ᠭᠤᠷᠪᠠ ᠳᠤ᠂ ᠪᠤᠷᠤᠲᠤᠬᠤᠢ ᠶᠢᠨ ᠣᠷᠤᠨ ᠤ ᠠᠭᠤᠷ ᠠᠮᠢᠰᠬᠤᠯ ᠭᠠᠩ | ᠬᠠᠭᠤᠷᠠᠶ᠂ ᠲᠤᠨᠳᠠᠰᠤᠨ ᠤ ᠬᠡᠮᠵᠢᠶ᠎ᠡ ᠨᠢ ᠪᠠᠭ᠎ᠠ᠂ ᠨᠠᠭᠤᠷ ᠤᠨ ᠤᠰᠤ ᠨᠢ ᠤᠰᠤᠨ ᠰᠤᠪᠠᠭ ᠢᠶᠠᠷ ᠳᠠᠮᠵᠢᠨ ᠣᠷᠣᠵᠤ | ᠭᠠᠷᠬᠤ ᠪᠠ ᠭᠠᠳᠠᠭᠰᠢᠯᠠᠵᠤ᠂ ᠣᠷᠣᠭᠤᠯᠵᠤ ᠭᠠᠷᠭᠠᠬᠤ ᠬᠡᠮᠵᠢᠶ᠎ᠡ ᠨᠢ ᠪᠠᠭ᠎ᠠ᠂ ᠤᠷᠴᠢᠯ ᠴᠢᠨᠠᠷ ᠨᠢ ᠠᠨᠠᠶ᠂ ᠪᠣᠬᠢᠷᠲᠤᠯ | ᠪᠣᠳᠠᠰ ᠨᠢ ᠨᠠᠭᠤᠷ ᠤᠨ ᠳᠣᠲᠣᠷ᠎ᠠ ᠬᠤᠷᠠᠮᠳᠤᠵᠤ᠂ ᠪᠣᠬᠢᠷᠲᠤᠯ ᠢ ᠠᠭᠠᠵᠢᠮ ᠢᠶᠠᠷ ᠬᠦᠨᠳᠦᠷᠡᠭᠦᠯᠦᠭᠰᠡᠨ ᠠᠴᠠ ᠪᠣᠯᠵᠠᠢ᠃ | ᠲᠤᠭ᠎ᠠ ᠪᠠᠷᠢᠮᠲᠠ ᠠᠴᠠ ᠦᠵᠡᠪᠡᠯ᠂ 2008 ᠣᠨ ᠳᠤ ᠲᠤᠰ ᠣᠷᠣᠨ ᠪᠦᠰᠡ ᠶᠢᠨ ᠠᠵᠤ | ᠦᠢᠯᠡᠳᠪᠦᠷᠢ ᠶᠢᠨ ᠬᠠᠶᠠᠭᠳᠠᠯ ᠤᠰᠤ 2331.2 ᠲᠦᠮᠡᠨ ᠲᠣᠨ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ | ᠤᠰᠤ 2256.4 ᠲᠦᠮᠡᠨ ᠲᠣᠨ᠂ ᠲᠠᠷᠢᠶᠠᠨ ᠭᠠᠵᠠᠷ ᠤᠨ ᠤᠰᠤ ᠭᠠᠳᠠᠭᠰᠢᠯᠠᠭᠤᠯᠬᠤ ᠬᠡᠮᠵᠢᠶ᠎ᠡ 26700 ᠲᠦᠮᠡᠨ | ᠲᠣᠨ᠂ ᠲᠡᠵᠢᠭᠡᠨ ᠦᠷᠡᠵᠢᠭᠦᠯᠬᠦ ᠬᠠᠶᠠᠭᠳᠠᠮᠠᠯ ᠤᠰᠤ 2670.1 ᠲᠦᠮᠡᠨ ᠲᠣᠨ ᠭᠠᠳᠠᠭᠰᠢᠯᠠᠭᠤᠯᠪᠠ᠃ ᠣᠷᠣᠨ | ᠪᠦᠰᠡ ᠶᠢᠨ ᠳᠣᠲᠣᠷᠠᠬᠢ COD ︵ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ︶ ᠶᠢᠨ | ᠭᠠᠳᠠᠭᠰᠢᠯᠠᠭᠤᠯᠤᠯᠲᠠ ᠪᠠᠷ ᠬᠠᠮᠤᠭ ᠤᠨ ᠥᠨᠳᠥᠷ ᠪᠣᠬᠢᠷᠲᠤᠯ ᠤᠨ ᠡᠬᠢ ᠰᠤᠷᠪᠤᠯᠵᠢ ᠪᠣᠯ ᠠᠵᠤ ᠦᠢᠯᠡᠳᠪᠦᠷᠢ ᠶᠢᠨ | ᠬᠠᠶᠠᠭᠳᠠᠯ ᠤᠰᠤ ᠪᠠᠶᠢᠵᠤ᠂ ᠶᠡᠷᠦᠩᠬᠡᠶ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢᠨ 34.5% ᠶᠢ ᠡᠵᠡᠯᠡᠨ᠎ᠡ︔ | ᠤᠰᠤᠲᠦ᠋ᠷᠦᠭᠴᠢ ᠠᠮᠮᠤᠨᠢ ᠭᠠᠳᠠᠭᠰᠢᠯᠠᠭᠤᠯᠬᠤ ᠬᠡᠮᠵᠢᠶ᠎ᠡ ᠪᠠᠷ ᠬᠠᠮᠤᠭ ᠤᠨ ᠥᠨᠳᠥᠷ ᠪᠣᠬᠢᠷᠲᠤᠯ ᠤᠨ ᠡᠬᠢ ᠰᠤᠷᠪᠤᠯᠵᠢ | ᠪᠣᠯ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠪᠠᠶᠢᠵᠤ᠂ ᠶᠡᠷᠦᠩᠬᠡᠶ ᠭᠠᠳᠠᠭᠰᠢᠯᠠᠭᠤᠯᠬᠤ ᠬᠡᠮᠵᠢᠶ᠎ᠡ ᠶᠢᠨ | 57.4% ᠶᠢ ᠡᠵᠡᠯᠡᠨ᠎ᠡ︔ ᠳᠠᠷᠠᠭᠠᠯᠠᠪᠠᠯ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠪᠠ ᠮᠠᠯ ᠵᠢᠭᠦᠷᠲᠡᠨ ᠢ | ᠲᠡᠵᠢᠭᠡᠨ ᠦᠷᠡᠵᠢᠭᠦᠯᠬᠦ ᠳᠤ ᠭᠠᠳᠠᠭᠰᠢᠯᠠᠭᠤᠯᠤᠭᠰᠠᠨ ᠬᠠᠶᠠᠭᠳᠠᠮᠠᠯ ᠤᠰᠤ ᠪᠣᠯᠤᠨ᠎ᠠ᠃ ᠬᠡᠯᠡᠯᠭᠡᠨ ᠥᠬᠡᠶ᠂ ᠣᠷᠣᠨ | ᠪᠦᠰᠡ ᠶᠢᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠨᠢ ᠤᠯᠠᠭᠠᠨᠰᠤᠬᠠᠢ ᠨᠠᠭᠤᠷ ᠤᠨ ᠤᠰᠤᠨ ᠤ | ᠣᠷᠴᠢᠨ ᠲᠣᠭᠤᠷᠢᠨ ᠤ ᠳᠠᠭᠠᠭᠠᠴᠠ ᠠᠴᠠ ᠬᠤᠯᠠ ᠳᠠᠪᠠᠭᠰᠠᠨ ᠪᠠᠶᠢᠨ᠎ᠠ᠃ | ᠣᠷᠴᠢᠨ ᠲᠣᠭᠤᠷᠢᠨ ᠤ ᠪᠣᠬᠢᠷᠲᠤᠯ ᠤᠨ ᠪᠠᠶᠢᠳᠠᠯ ᠤᠨ ᠳᠣᠣᠷ᠎ᠠ᠂ ᠠᠮᠢ ᠠᠬᠤᠶ ᠶᠢᠨ ᠴᠢᠳᠠᠪᠬᠢ ᠮᠠᠭᠤᠳᠠᠵᠤ᠂ | ᠠᠮᠢᠳᠤ ᠪᠣᠳᠠᠰ᠂ ᠤᠷᠭᠤᠮᠠᠯ ᠤᠨ ᠲᠦᠷᠦᠯ ᠵᠦᠢᠯ ᠶᠡᠭᠡ ᠬᠡᠮᠵᠢᠶ᠎ᠡ ᠪᠠᠷ ᠪᠠᠭᠠᠰᠴᠤ᠂ ᠴᠡᠩᠭᠡᠭ ᠤᠰᠤᠨ ᠤ ᠵᠢᠭᠠᠰᠤᠨ | ᠠᠵᠤ ᠠᠬᠤᠶ ᠶᠢᠨ ᠰᠠᠭᠤᠷᠢᠨ ᠭᠠᠵᠠᠷ ᠤᠨ ᠴᠢᠳᠠᠪᠬᠢ ᠠᠭᠠᠵᠢᠮ ᠢᠶᠠᠷ ᠠᠯᠳᠠᠭᠳᠠᠵᠤ᠂ ᠲᠤᠬᠠᠶ ᠶᠢᠨ ᠭᠠᠵᠠᠷ ᠤᠨ ᠤᠯᠠᠨ | ᠲᠦᠮᠡᠨ ᠪᠠ ᠬᠠᠳᠤᠨ ᠭᠤᠣᠯ ᠤᠨ ᠳᠤᠤᠷᠠᠳᠤ ᠤᠷᠤᠰᠬᠠᠯ ᠤᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠳᠤ | ᠬᠤᠣᠷ ᠬᠥᠨᠥᠭᠡᠯ ᠪᠠ ᠮᠠᠭᠤ ᠨᠥᠯᠥᠭᠡ ᠤᠴᠠᠷᠠᠭᠤᠯᠤᠭᠰᠠᠨ ᠪᠣᠳᠠᠲᠤ ᠪᠠᠶᠢᠳᠠᠯ ᠤᠨ ᠡᠮᠦᠨ᠎ᠡ ᠶᠠᠭᠠᠬᠢᠪᠠᠯ ᠵᠣᠬᠢᠬᠤ ᠪᠤᠢ︖ | | ᠡᠪᠡᠳᠬᠦ ᠨᠢ ᠵᠤᠬᠰᠤᠪᠠᠴᠦ ᠡᠪᠡᠷᠡᠰᠢᠶᠡᠯ ᠢᠶᠠᠨ ᠰᠠᠨᠠᠭᠠᠯᠵᠠᠬᠤ ᠭᠡᠵᠦ᠂ ᠣᠶᠢᠷ᠎ᠠ ᠶᠢᠨ 10 ᠵᠢᠯ ᠤᠨ ᠲᠤᠷᠰᠢ᠂ | ᠪᠠᠶᠠᠨᠨᠠᠭᠤᠷ ᠬᠤᠲᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠶ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ︽ᠠᠮᠢ | ᠠᠬᠤᠶ ᠪᠠᠷ ᠤᠰᠤ ᠨᠥᠬᠦᠪᠥᠷᠢᠯᠡᠬᠦ᠂ ᠡᠬᠢ ᠰᠤᠷᠪᠤᠯᠵᠢ ᠶᠢ ᠬᠢᠵᠠᠭᠠᠷᠯᠠᠨ ᠪᠣᠬᠢᠷᠲᠤᠯ ᠢ ᠪᠠᠭᠠᠰᠬᠠᠬᠤ᠂ ᠰᠡᠷᠭᠦᠭᠡᠨ | ᠵᠠᠰᠠᠬᠤ᠂ ᠡᠬᠢ ᠪᠠᠶᠠᠯᠢᠭ ᠢ ᠠᠰᠢᠭᠯᠠᠬᠤ᠂ ᠦᠷᠬᠦᠯᠵᠢᠯᠡᠬᠦᠶᠢᠢᠴᠡ ᠬᠦᠭᠵᠢᠯᠲᠡ︾ ᠶᠢᠨ ᠰᠡᠳᠬᠢᠴᠡ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ︽ᠤᠯᠠᠭᠠᠨᠰᠤᠬᠠᠢ ᠶᠢᠨ ᠶᠡᠷᠦᠩᠬᠡᠶᠢᠯᠡᠨ ᠵᠠᠰᠠᠬᠤ ᠲᠥᠯᠥᠪᠵᠢᠭᠦᠯᠭᠡ︾ ᠶᠢ ᠲᠣᠭᠲᠠᠭᠠᠵᠤ᠂ | ᠲᠣᠣᠷᠯᠢᠭ ᠤᠰᠤᠨ ᠵᠠᠮ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠪᠣᠬᠢᠷ ᠤᠰᠤ ᠶᠢ ᠰᠢᠶᠳᠪᠦᠷᠢᠯᠡᠬᠦ | ᠦᠢᠯᠡᠳᠪᠦᠷᠢ᠂ ᠠᠮᠢ ᠠᠬᠤᠶ ᠶᠢᠨ ᠰᠢᠯᠵᠢᠯᠳᠡ ᠶᠢᠨ ᠪᠦᠰᠡ ᠶᠢᠨ ᠲᠠᠷᠢᠮᠠᠯ ᠴᠢᠭᠢᠭᠯᠢᠭ ᠭᠠᠵᠠᠷ ᠵᠢᠴᠢ ᠤᠯᠠᠨ ᠡᠬᠢᠳᠤ | ᠪᠣᠬᠢᠷᠲᠤᠯ ᠢ ᠬᠢᠵᠠᠭᠠᠷᠯᠠᠬᠤ ᠲᠦᠷᠦᠯ ᠵᠦᠢᠯ ᠵᠡᠷᠭᠡ ᠵᠠᠰᠠᠬᠤ ᠢᠨᠵᠧᠨᠧᠷᠢᠩ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠨᠡᠶᠢᠢᠳᠡ 37 ᠲᠦᠷᠦᠯ ᠵᠦᠢᠯ ᠢ ᠬᠡᠷᠡᠭᠵᠢᠭᠦᠯᠵᠦ᠂ 32.7 ᠲᠥᠭᠦᠷᠢᠭ ᠳ᠋ᠦᠩᠰᠢᠭᠤᠷ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ᠵᠣᠬᠢᠬᠤ ᠦᠷ᠎ᠡ ᠪᠦᠲᠦᠮᠵᠢ ᠤᠯᠪᠠ᠃ ᠡᠭᠦᠨ ᠤ ᠬᠠᠮᠲᠤ᠂ 2003 ᠣᠨ ᠠᠴᠠ | 2018 ᠣᠨ ᠪᠣᠯᠲᠠᠯ᠎ᠠ᠂ ᠤᠯᠠᠭᠠᠨᠰᠤᠬᠠᠢ ᠨᠠᠭᠤᠷ ᠤᠨ ᠠᠮᠢ ᠠᠬᠤᠶ ᠳᠤ ᠨᠡᠶᠢᠲᠡ 22.95 ᠳ᠋ᠦᠩᠰᠢᠭᠤᠷ ᠺᠦᠪ | ᠮᠧᠲᠷ ᠤᠰᠤ ᠨᠥᠬᠦᠪᠥᠷᠢᠯᠡᠪᠡ᠃ 2015 ᠣᠨ ᠳᠤ ᠤᠯᠠᠭᠠᠨᠰᠤᠬᠠᠢ ᠨᠠᠭᠤᠷ ᠤᠨ ᠤᠰᠤᠨ ᠤ ᠴᠢᠨᠠᠷ ᠮᠠᠭᠤ 5 | ᠲᠦᠷᠦᠯ ᠪᠠᠶᠢᠭᠰᠠᠨ ᠠᠴᠠ ᠶᠡᠷᠦᠩᠬᠡᠢ ᠳᠡᠭᠡᠨ 5 ᠲᠦᠷᠦᠯ ᠪᠤᠯᠵᠤ ᠬᠤᠪᠢᠷᠠᠪᠠ᠃ | ᠤᠯᠠᠭᠠᠨᠰᠤᠬᠠᠢ ᠨᠠᠭᠤᠷ ᠤᠨ ᠪᠣᠬᠢᠷᠲᠤᠯ ᠤᠨ ᠠᠰᠠᠭᠤᠳᠠᠯ ᠢ ᠦᠷᠭᠦᠯᠵᠢᠯᠡᠨ ᠰᠢᠨᠵᠢᠯᠡᠬᠦ ᠤᠬᠠᠭᠠᠨᠴᠢ ᠪᠠᠷ | ᠵᠠᠰᠠᠬᠤ ᠶᠢᠨ ᠲᠥᠯᠥᠭᠡ᠂ ᠤᠶᠢᠢᠷ᠎ᠠ ᠶᠢᠨ ᠵᠢᠯ ᠳᠤ᠂ ᠪᠠᠶᠠᠨᠨᠠᠭᠤᠷ ᠬᠤᠳᠠ ᠶᠢᠨ ᠬᠢᠨ ᠪᠠᠰᠠ ᠳᠤᠮᠳᠠᠳᠤ ᠤᠯᠤᠰ ᠤᠨ | ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠬᠦᠷᠢᠶᠡᠯᠡᠩ ᠳᠤ ᠨᠠᠶᠢᠳᠠᠵᠤ ᠶᠡᠷᠦᠩᠬᠡᠶᠢᠯᠡᠨ ᠵᠠᠰᠠᠬᠤ | ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠵᠤ ᠲᠡᠭᠦᠯᠳᠡᠷᠵᠢᠭᠦᠯᠪᠡ᠃ ᠡᠳᠦᠭᠡ ᠪᠣᠯᠲᠠᠯ᠎ᠠ᠂ | ᠲᠥᠯᠥᠪᠵᠢᠭᠦᠯᠦᠭᠰᠡᠨ 34 ᠲᠥᠷᠥᠯ ᠵᠦᠶᠯ ᠤᠨ 31 ᠶᠢ ᠪᠠᠶᠢᠭᠤᠯᠵᠤ᠂ ᠦᠯᠡᠳᠡᠭᠰᠡᠨ 3 ᠲᠥᠷᠥᠯ ᠵᠦᠶᠯ ᠢ ᠨᠢ | ᠵᠢᠯ ᠤᠨ ᠳᠣᠲᠣᠷ᠎ᠠ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ | ᠡᠨᠡ ᠵᠢᠯ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠳᠡᠮᠵᠢᠯᠭᠡ ᠳᠣᠤᠷ᠎ᠠ᠂ ᠪᠠᠶᠠᠨᠨᠠᠭᠤᠷ ᠬᠤᠲᠠ ᠪᠠᠰᠠ | 50.86 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ | ᠠᠭᠤᠯᠠ ᠤᠰᠤ᠂ ᠣᠶ ᠰᠢᠭᠤᠶ᠂ ᠲᠠᠷᠢᠶᠠᠨ ᠭᠠᠵᠠᠷ᠂ ᠨᠠᠭᠤᠷ ᠪᠦᠷᠢᠳᠦ᠂ ᠡᠪᠡᠰᠦ ᠪᠡᠯᠴᠢᠭᠡᠷ ᠤᠨ ᠠᠮᠢ ᠠᠬᠤᠶ ᠶᠢ | ᠬᠠᠮᠠᠭᠠᠯᠠᠬᠤ ᠪᠠ ᠵᠠᠰᠠᠨ ᠰᠡᠷᠭᠦᠭᠡᠬᠦ ᠲᠤᠷᠰᠢᠯᠲᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠪᠡ᠃ | ᠣᠳᠣᠬᠠᠨ ᠳᠤ ᠨᠢᠭᠡᠨᠲᠡ 10 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠶ᠃ | ᠡᠭᠦᠨ ᠤ ᠬᠠᠮᠲᠤ ᠠᠮᠢ ᠠᠬᠤᠶ ᠶᠢᠨ ᠤᠰᠤ ᠨᠥᠬᠦᠪᠥᠷᠢᠯᠡᠬᠦ ᠬᠦᠴᠦᠯᠡᠴᠡ ᠪᠠᠨ ᠴᠢᠩᠭᠠᠷᠠᠭᠤᠯᠪᠠ᠃ ᠬᠠᠲᠤᠨ | ᠭᠤᠤᠯ ᠤᠨ ᠬᠠᠯᠢᠶ᠎ᠠ ᠦᠶᠡᠷ ᠤᠨ ᠬᠤᠭᠤᠴᠠᠭ᠎ᠠ ᠪᠠ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤᠯᠠᠯᠲᠠ ᠶᠢᠨ | ᠵᠠᠪᠰᠠᠷ ᠤᠨ ᠬᠤᠭᠤᠴᠠᠭ᠎ᠠ ᠶᠢ ᠭᠦᠶᠴᠡᠳ ᠠᠰᠢᠭᠯᠠᠨ᠂ ᠤᠯᠠᠭᠠᠨᠰᠤᠬᠠᠶ ᠶᠢᠨ ᠠᠮᠢ ᠠᠬᠤᠶ ᠶᠢᠨ ᠤᠰᠤ ᠨᠥᠬᠦᠪᠥᠷᠢᠯᠡᠬᠦ | ᠬᠦᠴᠦᠯᠡᠴᠡ ᠪᠠᠨ ᠴᠢᠩᠭᠠᠷᠠᠭᠤᠯᠪᠠ᠃ 2019 ᠣᠨ ᠳᠤ 5.65 ᠳ᠋ᠦᠩᠰᠢᠭᠤᠷ ᠺᠦᠪ ᠮᠧᠲᠷᠤᠰᠤ | ᠨᠥᠬᠦᠪᠥᠷᠢᠯᠡᠬᠦ ᠪᠠᠷ ᠲᠥᠯᠥᠪᠯᠡᠵᠦ᠂ ᠬᠠᠪᠤᠷ ᠤᠨ ᠤᠯᠠᠷᠢᠯ ᠳᠤ ᠬᠠᠯᠢᠶ᠎ᠠ ᠦᠶᠡᠷ ᠤᠨ ᠤᠰᠤ ᠶᠢ ᠠᠰᠢᠭᠯᠠᠨ | ᠤᠯᠠᠭᠠᠨᠰᠤᠬᠠᠢ ᠳᠤ 1.81 ᠳ᠋ᠦᠩᠰᠢᠭᠤᠷ ᠺᠦᠪ ᠮᠧᠲᠷ ᠤᠰᠤ ᠨᠥᠬᠦᠪᠥᠷᠢᠯᠡᠵᠦ᠂ ᠤᠰᠤᠯᠠᠯᠲᠠ ᠶᠢᠨ ᠵᠠᠪᠰᠠᠷ ᠤᠨ | ᠬᠤᠭᠤᠴᠠᠭ᠎ᠠ ᠶᠢ ᠠᠰᠢᠭᠯᠠᠨ 3.21 ᠳ᠋ᠦᠩᠰᠢᠭᠤᠷ ᠺᠦᠪ ᠮᠧᠳ᠋ᠷ ᠤᠰᠤ ᠨᠥᠬᠦᠪᠥᠷᠢᠯᠡᠬᠦ ᠪᠠᠷ ᠲᠥᠯᠥᠪᠯᠡᠵᠦ᠂ ᠣᠲᠣ | ᠪᠣᠯᠲᠠᠯ᠎ᠠ᠂ ᠠᠮᠢ ᠠᠬᠤᠶ ᠶᠢᠨ ᠤᠰᠤ ᠨᠥᠬᠦᠪᠥᠷᠢᠯᠡᠬᠦ ᠶᠢ ᠨᠡᠶᠢᠲᠡ 5.02 ᠳ᠋ᠦᠩᠰᠢᠭᠤᠷ ᠺᠦᠪ ᠮᠧᠲᠷ | ᠪᠡᠶᠡᠯᠡᠭᠦᠯᠦᠨ᠎ᠡ᠃ | ᠪᠤᠵᠠᠷᠲᠠᠯ ᠤᠨ ᠣᠷᠣᠨ ᠠᠴᠠ ᠢᠷᠡᠯᠲᠡ ᠲᠠᠢ ᠪᠣᠬᠢᠷᠲᠤᠯ ᠢ ᠵᠠᠰᠠᠬᠤ ᠲᠠᠯ᠎ᠠ ᠪᠠᠷ᠂ ᠡᠭᠦᠰᠦᠮᠡᠯ ᠤᠰᠤ ᠶᠢ | ᠡᠭᠡᠭᠦᠯᠦᠨ ᠬᠡᠷᠡᠭᠯᠡᠬᠦ ᠠᠵᠢᠯ ᠢ ᠠᠬᠢᠭᠤᠯᠪᠠ᠃ 2018 ᠣᠨ ᠠᠴᠠ 2019 ᠣᠨ ᠤ 9 ᠰᠠᠷ᠎ᠠ ᠪᠣᠯᠲᠠᠯ᠎ᠠ ᠪᠦᠬᠦ | ᠬᠤᠳᠠ ᠳᠤ 4 ᠰᠠᠭᠤᠷᠢ ᠪᠣᠬᠢᠷ ᠤᠰᠤᠨ ᠤ ᠦᠢᠯᠡᠳᠪᠦᠷᠢ ᠪᠣᠯᠭᠠᠨ ᠥᠷᠭᠡᠳᠬᠡᠨ ᠪᠠᠶᠢᠭᠤᠯᠵᠤ᠂ ᠤᠳᠤ ᠶᠠᠭ 2 | ᠰᠠᠭᠤᠷᠢ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠵᠤ ᠪᠤᠢ︔ ᠰᠢᠨ᠎ᠡ ᠪᠠᠷ 3 ᠡᠭᠦᠰᠦᠮᠡᠯ | ᠤᠰᠤᠨ ᠤ ᠦᠶᠯᠡᠳᠪᠦᠷᠢ ᠶᠢ ᠪᠠᠶᠢᠭᠤᠯᠵᠤ᠂ ᠣᠲᠣ ᠶᠠᠭ 1 ᠡᠭᠦᠰᠦᠮᠡᠯ ᠤᠰᠤᠨ ᠤ ᠦᠶᠯᠡᠳᠪᠦᠷᠢ ︵ᠬᠠᠩᠭᠢᠨ | ᠬᠤᠰᠢᠭᠤ︶ ᠶᠢ ᠪᠠᠶᠢᠭᠤᠯᠵᠤ ᠪᠣᠶ︔ ᠡᠭᠦᠰᠦᠮᠡᠯ ᠤᠰᠤ ᠶᠢ ᠡᠭᠡᠭᠦᠯᠦᠨ ᠬᠡᠷᠡᠭᠯᠡᠬᠦ ᠬᠤᠭᠤᠯᠠᠶ ᠶᠢᠨ ᠲᠣᠣᠷ ᠢ ᠨᠡᠶᠢᠲᠡ | 229.5 ᠺᠢᠯᠣᠮᠧᠲᠷ ᠲᠡᠪᠢᠰᠪᠡ᠃ 2019 ᠣᠨ ᠤ 1 ᠰᠠᠷ᠎ᠠ ᠠᠴᠠ 10 ᠰᠠᠷ᠎ᠠ ᠶᠢᠨ 23 ᠤ ᠡᠳᠦᠷ ᠪᠣᠯᠲᠠᠯ᠎ᠠ᠂ | ᠪᠥᠬᠦ ᠬᠤᠲᠠ ᠶᠢᠨ ᠡᠭᠦᠰᠦᠮᠡᠯ ᠤᠰᠤᠨ ᠤ ᠡᠭᠡᠭᠦᠯᠦᠨ ᠬᠡᠷᠡᠭᠯᠡᠬᠦ ᠬᠡᠮᠵᠢᠶ᠎ᠡ 3030.37 ᠲᠦᠮᠡᠨ ᠲᠣᠨ ᠳᠤ | ᠬᠦᠷᠴᠦ᠂ ᠳᠠᠬᠢᠯᠲᠠ ᠤᠰᠤᠨ ᠤ ᠡᠭᠡᠭᠦᠯᠦᠨ ᠬᠡᠷᠡᠭᠯᠡᠬᠦ ᠨᠣᠷᠮ᠎ᠠ 46.43% ᠳᠤ ᠬᠦᠷᠴᠡᠶ᠃ | ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠲᠦᠯᠬᠢᠨ ᠠᠬᠢᠭᠤᠯᠬᠤ ᠲᠠᠯ᠎ᠠ ᠪᠠᠷ᠂ ᠪᠤᠷᠳᠤᠭᠤᠷ ᠣᠷᠣᠭᠤᠯᠬᠤ | ᠪᠦᠲᠦᠴᠡ ᠶᠢ ᠶᠡᠭᠡ ᠪᠠᠷ ᠲᠣᠬᠢᠷᠠᠭᠤᠯᠵᠤ᠂ ᠪᠤᠷᠳᠤᠭᠤᠷ ᠣᠷᠣᠭᠤᠯᠬᠤ ᠠᠷᠭ᠎ᠠ ᠮᠠᠶ᠋ᠢᠭ᠂ ᠣᠷᠭᠠᠨᠢᠭ ᠪᠤᠷᠳᠤᠭᠤᠷ ᠢᠶᠠᠷ | ᠬᠢᠮᠢ ᠶᠢᠨ ᠪᠤᠷᠳᠤᠭᠤᠷ ᠢ ᠣᠷᠣᠯᠠᠭᠤᠯᠬᠤ ᠵᠡᠷᠭᠡ ᠠᠷᠭ᠎ᠠ ᠬᠡᠮᠵᠢᠶ᠎ᠡ ᠶᠢ ᠰᠠᠶᠢᠵᠢᠷᠠᠭᠤᠯᠵᠤ᠂ 7100 ᠲᠣᠨ | ᠪᠤᠷᠳᠤᠭᠤᠷ ᠢ ᠬᠢᠵᠠᠭᠠᠷᠯᠠᠵᠤ᠂ 65 ᠲᠣᠨ ᠲᠠᠷᠢᠶᠠᠨ ᠡᠮ ᠢ ᠬᠢᠵᠠᠭᠠᠷᠯᠠᠪᠠ᠃ ᠬᠠᠶᠠᠭᠳᠠᠮᠠᠯ ᠬᠠᠭᠤᠴᠢᠨ ᠰᠦᠯᠢᠶᠣᠣ | ᠪᠦᠷᠬᠦᠪᠴᠢ᠂ ᠰᠦᠯᠢᠶᠣᠣ ᠪᠦᠷᠬᠦᠪᠴᠢ ᠶᠢᠨ ᠦᠯᠡᠳᠡᠭᠳᠡᠯ ᠢ ᠬᠤᠷᠢᠶᠠᠨ ᠠᠪᠬᠤ ᠶᠢ ᠬᠢᠨᠠᠨ ᠬᠡᠮᠵᠢᠬᠦ ᠵᠡᠷᠭᠡ ᠠᠷᠭ᠎ᠠ | ᠬᠡᠮᠵᠢᠶ᠎ᠡ ᠠᠪᠴᠤ᠂ 498 ᠲᠦᠮᠡᠨ ᠮᠦ ᠲᠠᠷᠢᠶᠠᠨ ᠭᠠᠵᠠᠷ ᠤᠨ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠶᠢ | ᠪᠡᠶᠡᠯᠡᠭᠦᠯᠪᠡ᠃ ᠤᠰᠤ ᠪᠤᠷᠳᠤᠭᠤᠷ ᠶᠡᠬᠡᠲᠡᠶ ᠲᠠᠷᠢᠮᠠᠯ ᠤᠨ ᠲᠠᠷᠢᠬᠤ ᠲᠠᠯᠠᠪᠠᠢ ᠶᠢ ᠲᠣᠬᠢᠷᠠᠭᠤᠯᠤᠨ ᠪᠠᠭᠠᠰᠬᠠᠬᠤ᠂ ᠤᠰᠤ | ᠪᠤᠷᠳᠤᠭᠤᠷ ᠢ ᠨᠢᠭᠡ ᠴᠤᠭᠴᠠᠵᠢᠭᠤᠯᠬᠤ᠂ ᠬᠥᠷᠥᠰᠥ ᠰᠢᠷᠣᠶ ᠶᠢᠨ ᠤᠰᠤ ᠬᠠᠳᠠᠭᠠᠯᠠᠬᠤ ᠴᠢᠳᠠᠮᠵᠢ ᠶᠢ ᠨᠡᠮᠡᠭᠳᠡᠭᠦᠯᠬᠦ᠂ | ᠤᠰᠤ ᠲᠣᠬᠢᠷᠠᠭᠤᠯᠬᠤ ᠶᠢ ᠣᠶᠤᠨᠴᠢ ᠪᠠᠷ ᠬᠢᠨᠠᠨ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠠᠪᠴᠤ᠂ 1.1 ᠳ᠋ᠦᠩᠰᠢᠭᠤᠷ | ᠺᠦᠪ ᠮᠧᠲᠷ ᠤᠰᠤ ᠠᠷᠪᠢᠯᠠᠬᠤ ᠶᠢ ᠪᠡᠶᠡᠯᠡᠬᠦᠯᠵᠡᠢ᠃ ︽ᠲᠠᠷᠢᠶᠠᠯᠠᠩ ᠮᠠᠯ ᠠᠵᠤ ᠠᠬᠤᠶ ᠶᠢ ᠤᠷᠴᠢᠯᠳᠤᠭᠤᠯᠬᠤ︾ | ᠵᠠᠷᠴᠢᠮ ᠶᠣᠰᠣᠭᠠᠷ᠂ ᠪᠥᠬᠦ ᠬᠤᠲᠠ ᠶᠢᠨ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ | ᠠᠰᠢᠭᠯᠠᠬᠤ ᠨᠣᠷᠮ᠎ᠠ ᠨᠢᠭᠡᠨᠲᠡ 83.16% ᠳᠤ ᠬᠦᠷᠴᠦ᠂ ᠬᠡᠪᠴᠢᠶᠡᠵᠢᠭᠰᠡᠨ ᠮᠠᠯ ᠵᠢᠭᠦᠷᠲᠡᠨ ᠲᠡᠵᠢᠭᠡᠨ | ᠦᠷᠡᠵᠢᠭᠦᠯᠬᠦ ᠲᠠᠯᠠᠪᠠᠶ ᠶᠢᠨ ᠢᠯᠭᠠᠳᠠᠰᠤ ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠲᠣᠨᠤᠭ | ᠲᠥᠬᠦᠭᠡᠷᠦᠮᠵᠢ ᠶᠢᠨ ᠢᠵᠢ ᠪᠥᠷᠢᠳᠦᠭᠰᠡᠨ ᠨᠣᠷᠮ᠎ᠠ 98.83% ᠳᠤ ᠬᠥᠷᠪᠡ᠃ | ᠳᠣᠲᠣᠭᠠᠳᠤ ᠢᠷᠡᠯᠳᠡ ᠶᠢᠨ ᠪᠣᠬᠢᠷᠲᠤᠯ ᠢ ᠵᠠᠰᠠᠬᠤ ᠠᠵᠢᠯ ᠢ ᠲᠦᠯᠬᠢᠨ ᠠᠬᠢᠭᠤᠯᠬᠤ ᠲᠠᠯ᠎ᠠ ᠪᠠᠷ᠂ | ᠢᠷᠣᠭᠠᠷ ᠤᠨ ᠰᠢᠪᠠᠷ ᠤᠨ ᠤᠭ ᠪᠠᠶᠢᠷᠢ ᠶᠢ ᠵᠠᠰᠠᠨ ᠰᠡᠷᠭᠦᠭᠡᠬᠦ ᠲᠤᠷᠰᠢᠯᠲᠠ ᠶᠢ ᠥᠷᠨᠢᠭᠦᠯᠦᠭᠡᠳ ᠮᠠᠰᠢ ᠰᠠᠶᠢᠢᠨ | ᠦᠷ᠎ᠡ ᠪᠦᠲᠦᠮᠵᠢ ᠤᠯᠪᠠ᠃ ᠡᠭᠦᠨ ᠤ ᠬᠠᠮᠲᠤ᠂ ᠡᠨᠡ ᠵᠢᠯ ᠤᠨ ᠳᠣᠲᠣᠷ᠎ᠠ ᠤᠰᠤᠨ ᠤ ᠤᠷᠭᠤᠮᠠᠯ ᠢ ᠡᠬᠢ | ᠪᠠᠶᠠᠯᠢᠭᠵᠢᠭᠤᠯᠤᠨ ᠶᠡᠷᠦᠩᠬᠡᠶᠢᠯᠡᠨ ᠰᠢᠶᠳᠪᠦᠷᠢᠯᠡᠬᠦ ᠢᠨᠵᠧᠨᠧᠷᠢᠩ᠂ ᠢᠷᠤᠭᠠᠷ ᠤᠨ ᠰᠢᠪᠠᠷ ᠢ ᠰᠢᠶᠳᠪᠦᠷᠢᠯᠡᠬᠦ | ᠲᠤᠷᠰᠢᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ᠂ ᠨᠤᠭᠤ ᠭᠠᠵᠠᠷ ᠢ ᠵᠠᠰᠠᠬᠤ ᠪᠠ ᠤᠷᠤᠰᠬᠠᠯ ᠵᠰᠢᠯᠤᠭᠤᠳᠬᠠᠬᠤ | ᠢᠨᠵᠧᠨᠧᠷᠢᠩ ᠢ ᠡᠬᠢᠯᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ᠂ ᠪᠠᠶᠠᠨᠨᠠᠭᠤᠷ ᠬᠤᠲᠠ ᠨᠠᠮ ᠵᠠᠰᠠᠭ ᠤᠨ | ᠤᠳᠤᠷᠢᠳᠤᠯᠭ᠎ᠠ ᠪᠠᠷ ᠭᠤᠤᠯ ᠴᠣᠭᠴᠠ ᠪᠣᠯᠭᠠᠭᠰᠠᠨ ᠬᠤᠲᠠ᠂ ᠬᠤᠰᠢᠭᠤ᠂ ᠰᠢᠶᠠᠩ ᠪᠠᠯᠭᠠᠰᠤ᠂ ᠲᠣᠰᠬᠤᠨ | ᠳᠥᠷᠪᠡᠨ ᠱᠠᠲᠤᠨ ᠤ ᠭᠤᠤᠯ ᠨᠠᠭᠤᠷ ᠤᠨ ᠳᠠᠷᠤᠭ᠎ᠠ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ | ᠪᠠᠶᠢᠭᠤᠯᠪᠠ᠃ ᠪᠥᠬᠦ ᠬᠤᠲᠠ ᠳᠤ ᠨᠡᠶᠢᠲᠡ 937 ᠭᠤᠤᠯ ᠤᠨ ᠳᠠᠷᠤᠭ᠎ᠠ ᠭᠠᠷᠭᠠᠵᠤ᠂ 57 ᠨᠠᠭᠤᠷ ᠤᠨ ᠳᠠᠷᠤᠭ᠎ᠠ | ᠭᠠᠷᠭᠠᠵᠠᠶ᠃ ᠡᠭᠦᠨ ᠤ ᠬᠠᠮᠲᠤ ᠭᠤᠣᠯ ᠤᠨ ᠳᠠᠷᠤᠭ᠎ᠠ ᠶᠢᠨ ᠲᠥᠷᠢᠮ ᠤᠨ ᠲᠠᠪᠴᠠᠩ ᠤᠨ ᠳᠠᠪᠠᠭᠤᠯᠢᠭ ᠲᠤ | ᠲᠦᠰᠢᠭᠯᠡᠨ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ 770 ᠵᠤᠷᠪᠤᠰ ᠠᠴᠠ ᠳᠡᠭᠡᠭᠰᠢᠬᠢ ᠰᠤᠪᠠᠭ ᠂ | ᠠᠭᠤᠯᠠ ᠳᠠᠭᠠᠤ ᠶᠢᠨ 177 ᠵᠤᠷᠪᠤᠰ ᠠᠭᠤᠯᠠᠨ ᠦᠶᠡᠷ ᠤᠨ ᠰᠤᠪᠠᠭ᠂ 82 ᠨᠠᠭᠤᠷ ᠲᠣᠭᠤᠷᠢᠮ ᠢ ᠪᠥᠬᠦᠨ ᠢ | ᠭᠤᠣᠯ ᠤᠨ ᠳᠠᠷᠤᠭ᠎ᠠ ᠶᠢᠨ ᠲᠥᠷᠢᠮ ᠢ ᠬᠡᠷᠡᠭᠵᠢᠭᠦᠯᠬᠦ ᠬᠡᠪᠴᠢᠶ᠎ᠡ ᠪᠣᠯᠤᠨ ᠬᠠᠮᠢᠶᠠᠷᠤᠯᠲᠠ ᠶᠢᠨ ᠲᠣᠭᠲᠠᠯᠴᠠᠭ᠎ᠠ ᠳᠤ | ᠣᠷᠣᠭᠤᠯᠵᠤ᠂ ᠭᠤᠣᠯ ᠮᠥᠷᠡᠨ ᠨᠢᠭᠡᠪᠦᠷᠢ᠂ ᠨᠠᠭᠤᠷ ᠪᠦᠷᠢᠳᠦ᠂ ᠰᠤᠪᠠᠭ ᠭᠤᠤ ᠵᠠᠮ ᠨᠢᠭᠡᠪᠦᠷᠢ ᠳᠤ ᠴᠥᠮ ᠪᠣᠳᠠᠲᠠᠶ | ᠬᠠᠷᠢᠭᠤᠴᠠᠯᠭᠠᠲᠠᠨ ᠲᠠᠢ᠂ ᠠᠵᠢᠯ ᠤᠨ ᠬᠠᠷᠢᠭᠤᠴᠠᠯᠭ᠎ᠠ ᠲᠠᠢ᠂ ᠬᠢᠨᠠᠨ ᠰᠢᠯᠭᠠᠬᠤ ᠪᠠᠷᠢᠮᠵᠢᠶ᠎ᠠ ᠪᠠᠶᠢᠬᠤ ᠶᠢ ᠦᠨᠡᠨ ᠬᠦ | ᠪᠠᠳᠤᠯᠠᠵᠠᠢ᠃ | ᠰᠢᠰᠲ᠋ᠧᠮ ᠲᠠᠢ ᠪᠠᠷ ᠵᠠᠰᠠᠬᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠦᠷᠭᠦᠯᠵᠢᠯᠡᠨ | ᠬᠦᠴᠦᠯᠡᠬᠦ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠯᠠᠭᠠᠨᠰᠤᠬᠠᠢ ᠨᠠᠭᠤᠷ ᠤᠨ ᠣᠷᠣᠨ ᠤ | ᠪᠣᠬᠢᠷᠲᠤᠯ ᠤᠨ ᠬᠡᠮᠵᠢᠶ᠎ᠡ ᠪᠠᠭᠠᠰᠴᠤ᠂ ᠤᠰᠤᠨ ᠤ ᠴᠢᠨᠠᠷ ᠰᠠᠶᠢᠵᠢᠷᠠᠯᠲᠠ ᠲᠠᠢ ᠪᠣᠯᠤᠭᠰᠠᠨ ᠢ ᠪᠢᠳᠡ ᠮᠠᠰᠢ ᠪᠠᠶᠠᠰᠤᠯ | ᠲᠠᠢ ᠪᠠᠷ ᠣᠯᠵᠤ ᠬᠠᠷᠠᠵᠠᠶ᠃ ᠤᠰᠤᠨ ᠤ ᠴᠢᠨᠠᠷ ᠤᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ | ᠣᠳᠣᠬᠠᠨ ᠤ ᠶᠡᠷᠦᠩᠬᠡᠶ ᠤᠰᠤᠨ ᠤ ᠴᠢᠨᠠᠷ ᠨᠢ ᠲᠠᠪᠤᠨ ᠲᠥᠷᠥᠯ ᠪᠠᠶᠢᠵᠤ᠂ ᠰᠢᠪᠠᠭᠤᠨ ᠤ ᠲᠥᠷᠥᠯ ᠤᠨ ᠲᠤᠭ᠎ᠠ | ᠬᠡᠮᠵᠢᠶ᠎ᠡ ᠡᠳᠦᠶ ᠲᠣᠲᠤᠮ ᠨᠡᠮᠡᠭᠳᠡᠨ᠂ ᠨᠠᠭᠤᠷ ᠤᠨ ᠠᠮᠢ ᠠᠬᠤᠶ ᠶᠢᠨ ᠴᠢᠳᠠᠮᠵᠢ ᠠᠯᠬᠤᠮ ᠠᠯᠬᠤᠮ ᠢᠶᠠᠷ ᠰᠡᠷᠭᠦᠵᠦ | ᠪᠠᠶᠢᠨ᠎ᠠ᠃ | 2019 ᠣᠨ ᠤ 9 ᠰᠠᠷ᠎ᠠ ᠶᠢᠨ 18 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠬᠠᠲᠤᠨ ᠭᠤᠣᠯ ᠤᠨ | ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ | ᠳᠡᠭᠡᠷ᠎ᠡ᠄ ︽ᠣᠳᠣᠬᠠᠨ ᠳᠤ ᠬᠠᠲᠤᠨ ᠭᠤᠣᠯ ᠤᠨ ᠰᠠᠪᠠ ᠭᠠᠵᠠᠷ ᠲᠤ ᠮᠥᠨ ᠬᠦ ᠡᠳᠦᠶ ᠲᠡᠳᠦᠶ ᠲᠣᠪᠤᠶᠢᠮ᠎ᠠ | ᠠᠰᠠᠭᠤᠳᠠᠯ ᠣᠷᠣᠰᠢᠵᠤ ᠪᠠᠶᠢᠨ᠎ᠠ᠂ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠬᠡᠪᠡᠷᠡᠭ᠂ | ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠪᠠᠶᠢᠳᠠᠯ ᠬᠦᠨᠳᠦ ᠬᠡᠴᠡᠭᠦᠤ ᠪᠠᠶᠢᠵᠤ᠂ ᠬᠥᠭᠵᠢᠯᠲᠡ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠂ ᠡᠲᠡᠭᠡᠷ ᠠᠰᠠᠭᠤᠳᠠᠯ ᠤᠨ ᠦᠵᠡᠭᠳᠡᠯ ᠨᠢ ᠬᠠᠲᠤᠨ ᠭᠤᠤᠯ ᠳᠤ | ᠪᠠᠶᠢᠵᠤ᠂ ᠦᠨᠳᠦᠰᠦ ᠨᠢ ᠰᠠᠪᠠ ᠭᠠᠵᠠᠷ ᠲᠤ ᠪᠠᠶᠢᠨ᠎ᠠ︾ ᠭᠡᠵᠦ ᠴᠢᠬᠤᠯᠠᠴᠢᠯᠠᠪᠠ᠃ | ᠤᠯᠠᠭᠠᠨᠰᠤᠬᠠᠢ ᠪᠣᠯ ᠬᠠᠲᠤᠨ ᠭᠤᠣᠯ ᠤᠨ ᠳᠡᠭᠡᠳᠦ ᠤᠷᠤᠰᠬᠠᠯ ᠤᠨ ᠰᠠᠪᠠ ᠭᠠᠵᠠᠷ ᠤᠨ ᠥᠨᠳᠦᠷᠯᠢᠭ ᠤᠨ | ᠨᠠᠭᠤᠷ ᠴᠥᠭᠦᠷᠥᠮ ᠪᠣᠯᠤᠨ᠎ᠠ᠂ ᠤᠯᠠᠭᠠᠨᠰᠤᠬᠠᠢ ᠳᠠᠬᠢ ᠪᠣᠬᠢᠷᠲᠤᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠨᠢ | ᠬᠠᠲᠤᠨ ᠭᠤᠣᠯ ᠢ ᠬᠠᠮᠠᠭᠠᠯᠠᠬᠤ᠂ ᠬᠠᠲᠤᠨ ᠭᠤᠣᠯ ᠤᠨ ᠠᠮᠢ ᠠᠬᠤᠢ ᠶᠢ ᠰᠡᠷᠭᠦᠭᠡᠬᠦ᠂ ᠬᠠᠲᠤᠨ ᠭᠤᠣᠯ ᠤᠨ ᠳᠤᠤᠷᠠᠳᠤ | ᠤᠷᠤᠰᠬᠠᠯ ᠤᠨ ᠡᠷᠭᠢ ᠳᠠᠭᠠᠤ ᠶᠢᠨ ᠠᠷᠠᠳ ᠲᠦᠮᠡᠨ ᠳᠤ ᠪᠤᠶᠠᠨ ᠦᠢᠯᠡᠳᠬᠦ ᠳᠤ ᠮᠠᠰᠢ ᠴᠢᠬᠤᠯᠠ ᠦᠢᠯᠡᠳᠦᠯ ᠲᠠᠢ | ᠶᠤᠮ᠃ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠳᠠᠭᠠᠭᠤᠯᠭ᠎ᠠ ᠳᠣᠣᠷ᠎ᠠ᠂ | ᠤᠯᠠᠭᠠᠨᠰᠤᠬᠠᠢ ᠶᠢ ᠦᠨᠳᠦᠰᠦᠨ ᠠᠴᠠ ᠨᠢ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠡᠶ᠎ᠡ ᠶᠢ ᠨᠠᠶᠢᠳᠠᠪᠤᠷᠢᠵᠢᠭᠤᠯᠬᠤ ᠶᠢ | ᠲᠠᠭᠠᠯᠳᠤᠨ᠂ ᠮᠠᠨ ᠤ ᠤᠯᠤᠰ ᠤᠨ ᠪᠠᠷᠠᠭᠤᠨ ᠬᠤᠶᠢᠲᠤ ᠣᠷᠣᠨ ᠤ ᠡᠨᠡᠬᠦ ᠴᠠᠶᠢᠵᠠ ᠶᠢᠨ ᠳᠡᠭᠡᠷᠡᠬᠢ ᠭᠡᠷᠡᠯᠲᠦ ᠰᠤᠪᠤᠳ | ᠨᠡᠩ ᠭᠡᠷᠡᠯ ᠰᠠᠴᠤᠷᠠᠩᠭᠤᠢ ᠪᠣᠯᠬᠤ ᠶᠢ ᠪᠢᠳᠡ ᠪᠠᠲᠤ ᠢᠲᠡᠭᠡᠵᠦ ᠪᠠᠶᠢᠨ᠎ᠠ︕ | ᠬᠤᠨ ᠭᠠᠯᠠᠭᠤ ᠡᠮᠦᠨᠡᠰᠢ ᠨᠢᠰᠦᠨ᠎ᠡ᠂ ᠬᠤᠯᠤᠰᠤ ᠵᠡᠭᠡᠰᠦ ᠪᠠᠷ ᠦᠡᠭᠭᠡᠷᠡᠨ᠎ᠡ᠂ ᠬᠦᠬᠡ ᠲᠡᠭᠷᠢ ᠠᠭᠤᠳᠠᠮ ᠲᠡᠨᠢᠭᠡᠷ᠂ | ᠬᠤᠨ ᠭᠠᠯᠠᠭᠤ ᠬᠠᠮᠢᠭᠠᠰᠢ ᠤᠳᠬᠤ ᠪᠤᠢ᠂ ᠰᠡᠳᠬᠢᠯ ᠵᠢᠷᠦᠬᠡᠨ ᠳᠡᠭᠡᠨ ᠤᠮᠠᠷᠠᠲᠤ ᠶᠢᠨ ᠨᠤᠲᠤᠭ ᠪᠤᠢ᠃ | ᠢᠷᠡᠬᠦ ᠵᠢᠯ ᠤᠨ ᠬᠠᠪᠤᠷ ᠤᠨ ᠰᠡᠭᠦᠯᠴᠢ ᠪᠠᠷ᠂ ᠬᠤᠨ ᠭᠠᠯᠠᠭᠤ ᠨᠤᠲᠤᠭ ᠲᠠᠭᠠᠨ ᠬᠠᠷᠢᠬᠤ ᠦᠶ᠎ᠡ ᠳᠤ᠂ | ᠤᠯᠠᠭᠠᠨᠰᠤᠬᠠᠢ ᠪᠠᠰᠠ ᠨᠢᠭᠡ ᠵᠦᠢᠯ ᠤᠨ ᠣᠨᠳᠣᠣ ᠦᠵᠡᠮᠵᠢ ᠲᠠᠢ ᠪᠣᠯᠬᠤ ᠶᠢ ᠢᠲᠡᠭᠡᠵᠦ ᠪᠠᠶᠢᠨ᠎ᠠ︕ |