内蒙古自治区水利厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠠᠵᠤ ᠠᠬᠤᠢ ᠶᠢᠨ ᠯᠠᠪᠯᠠᠯᠲᠠ ᠶᠢᠨ ᠰᠣᠨᠢᠨ᠄ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠡᠶᠢᠭᠡᠮᠯᠢᠭ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠨᠢ ᠤᠯᠠᠨ ᠵᠤᠶᠢᠢᠯ ᠤᠨ ᠠᠷᠭ᠎ᠠ ᠬᠡᠮᠵᠢᠶ᠎ᠠ ᠠᠪᠤᠪᠠ
        ᠨᠡᠶᠢᠲᠡᠯᠡᠭᠰᠡᠨ ᠴᠠᠭ᠄
        2021/7/15
            ᠰᠤᠷᠪᠤᠯᠵᠢᠯᠠᠭᠴᠢ ᠲᠦᠷᠦᠭᠦᠬᠡᠨ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠡᠶᠢᠭᠡᠮᠯᠢᠭ ᠠᠴᠠ ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠢᠨᠵᠧᠨᠧᠷᠢᠩ  ᠤᠨ ᠨᠡᠶᠢᠭᠡᠮᠯᠢᠭ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠵᠢᠯᠯᠠᠭ᠎ᠠ ᠶᠢ ᠵᠢᠷᠤᠮᠵᠢᠭᠤᠯᠬᠤ᠂ ᠠᠵᠢᠯ ᠡᠷᠭᠢᠯᠡᠭᠰᠡᠳ ᠤᠨ ᠬᠡᠪ ᠴᠢᠨᠠᠷ ᠢ ᠳᠡᠭᠡᠭᠰᠢᠯᠡᠭᠦᠯᠬᠦ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠵᠢᠯ ᠢᠶᠠᠷ ᠳᠠᠮᠵᠢᠭᠤᠯᠤᠨ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠵᠠᠢ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠳᠥᠯᠭᠢᠨ ᠠᠬᠢᠭᠤᠯᠬᠤ       ᠲᠠᠯ᠎ᠠ ᠪᠠᠷ᠂ 5 ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ 3324 ᠰᠢᠯᠭᠠᠷᠠᠭᠤᠯᠤᠯᠲᠠ ᠳᠤ ᠣᠷᠣᠯᠴᠠᠭᠰᠠᠨ ᠨᠢᠭᠡᠴᠢ ᠶᠢᠨ 12.6 ᠲᠦᠮᠡᠨ ᠵᠦᠶᠯ ᠤᠨ ᠭᠦᠶᠴᠡᠳᠬᠡᠯ ᠲᠤᠭ᠎ᠠ ᠶᠢᠨ ᠬᠢᠨᠠᠨ ᠬᠠᠷᠭᠤᠭᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠪᠦᠷᠢᠨᠰᠢᠬᠦᠯᠦᠨ ᠲᠡᠭᠦᠯᠳᠡᠷᠵᠢᠭᠦᠯᠬᠦ ᠲᠠᠯ᠎ᠠ ᠪᠠᠷ᠂ ᠰᠠᠶᠢᠢᠨ ᠰᠠᠶᠢᠬᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠮᠡᠳᠡᠭᠡ ᠵᠠᠩᠭᠢ ᠶᠢ 7.2 ᠲᠦᠮᠡ ᠭᠠᠷᠤᠶ ᠵᠤᠷᠪᠤᠰ᠂ ᠮᠠᠭᠤ ᠦᠢᠯᠡ ᠠᠵᠢᠯᠯᠠᠭ᠎ᠠ ᠶᠢ ᠰᠢᠶᠳᠪᠦᠷᠢᠯᠡᠬᠦ ᠲᠣᠭᠲᠠᠭᠠᠯ ᠢ 287 ᠵᠤᠷᠪᠤᠰ ᠨᠡᠶᠢᠲᠡᠯᠡᠪᠡ᠃      ᠤᠰᠤᠨ ᠠᠰᠢᠭᠯᠠᠯᠲᠠ ᠶᠢᠨ ᠠᠵᠢᠯ ᠲᠥᠷᠥᠯ ᠪᠣᠯ ᠠᠵᠤ ᠠᠬᠤᠶ ᠨᠡᠶᠢᠭᠡᠮ ᠤᠨ ᠰᠠᠭᠤᠷᠢ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠲᠥᠷᠥᠯ ᠪᠣᠯᠤᠨ᠎ᠠ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠨᠢ ᠲᠦᠢᠯ ᠤᠨ ᠴᠢᠬᠤᠯᠠ ᠶᠤᠮ᠃ ᠭᠡᠪᠡᠴᠦ ᠣᠳᠣᠬᠠᠨ ᠳᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠲᠤ ᠭᠡᠷ᠎ᠡ ᠪᠠᠷ ᠮᠡᠬᠡᠯᠡᠨ ᠬᠢᠬᠠᠬᠤ᠂ ᠳᠠᠭᠠᠭᠠᠴᠢᠯᠠᠯᠲᠠ ᠶᠢ ᠬᠦᠷᠢᠶᠡᠯᠡᠨ ᠳᠠᠭᠠᠭᠠᠴᠢᠯᠠᠯᠲᠠ ᠲᠠᠢ ᠰᠦᠯᠪᠡᠭᠡᠯᠡᠬᠦ ᠵᠡᠷᠭᠡ ᠢᠲᠡᠭᠡᠯ ᠢᠶᠠᠨ ᠠᠯᠳᠠᠭᠰᠠᠨ ᠦᠶᠯᠡ ᠠᠵᠢᠯᠯᠠᠭ᠎ᠠ ᠪᠠᠶᠢᠨ ᠳᠠᠬᠢᠨ ᠡᠭᠦᠰᠴᠦ᠂ ᠪᠥᠬᠦ ᠠᠵᠢᠯ ᠲᠥᠷᠥᠯ ᠢ ᠬᠠᠮᠤᠷᠤᠭᠰᠠᠨ ᠢᠲᠡᠭᠡᠯ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠯ ᠢᠶᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠬᠠᠷᠠᠬᠠᠨ ᠲᠡᠭᠦᠯᠳᠡᠷᠵᠢᠭᠡᠳᠦᠶ ᠪᠠᠶᠢᠨ᠎ᠠ᠃      ᠤᠰᠤᠨ ᠠᠰᠢᠭᠯᠠᠯᠳᠠ ᠶᠢᠨ ᠶᠠᠮᠤᠨ ᠤ ᠵᠢᠯᠣᠭᠤᠳᠣᠯᠭ᠎ᠠ ᠳᠣᠤᠷ᠎ᠠ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠡᠶᠢᠭᠡᠮᠯᠢᠭ ︵ᠳᠣᠷᠣᠭᠰᠢ ︽ᠨᠡᠶᠢᠭᠡᠮᠯᠢᠭ︾ ᠭᠡᠵᠦ ᠲᠣᠪᠴᠢᠯᠠᠨ᠎ᠠ︶ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠴᠢᠬᠤᠯᠠ ᠬᠦᠴᠦᠨ ᠪᠣᠯᠤᠭᠰᠠᠨ ᠪᠠᠶᠢᠨ᠎ᠠ᠃      2020 ᠣᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠡᠨᠡᠳᠲᠡ ᠡᠭᠦᠰᠴᠦ᠂ ᠤᠰᠤᠨ ᠠᠰᠢᠭᠯᠠᠯᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠲᠠᠰ ᠤᠨ ᠦᠨᠡᠯᠡᠯᠲᠡ ᠵᠡᠷᠭᠡ ᠠᠵᠢᠯ ᠴᠤ ᠨᠢᠭᠡ ᠦᠶ᠎ᠡ ᠨᠥᠯᠥᠭᠡᠯᠡᠭᠳᠡᠵᠡᠶ᠃ ᠳᠣᠣᠷ᠎ᠠ ᠬᠠᠭᠠᠰ ᠵᠢᠯ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠠᠬᠢ ᠶᠠᠯᠢᠮ ᠦᠭᠡᠢ ᠴᠠᠭ ᠳᠣᠬᠢᠶᠠᠯ ᠢ ᠠᠳᠬᠤᠵᠤ᠂ ᠨᠡᠶᠢᠭᠡᠮᠯᠢᠭ ᠠᠴᠠ 100 ᠭᠠᠷᠤᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠪᠠᠷᠢᠯᠭ᠎ᠠ ᠶᠢᠨ ᠠᠵᠢᠯ᠂ ᠬᠢᠨᠠᠨ ᠬᠠᠮᠢᠶᠠᠷᠤᠯᠲᠠ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠦᠨᠡᠯᠡᠵᠦ ᠬᠤᠪᠢ ᠣᠯᠭᠤᠬᠤ ᠠᠵᠢᠯ ᠢ ᠡᠬᠢᠯᠡᠭᠦᠯᠵᠡᠢ᠃ ᠬᠤᠤᠰ ᠪᠠᠯᠠᠢ ᠪᠠᠷ ᠦᠨᠡᠯᠡᠬᠦ᠂ ︽ᠨᠢᠭᠤᠷᠳᠡᠯ ᠦᠭᠡᠢ  ᠪᠠᠷ︾ ᠬᠤᠪᠢ ᠥᠭᠬᠦ᠂ ᠳᠤᠭᠤᠶᠢᠯᠠᠩ ᠤᠨ ᠳᠠᠷᠤᠭ᠎ᠠ ᠰᠤᠳᠤᠯᠤᠨ ᠮᠠᠭᠠᠳᠯᠠᠬᠤ᠂ ᠳᠤᠭᠤᠶᠢᠯᠠᠩ ᠠᠴᠠ ᠳᠠᠬᠢᠨ ᠬᠢᠨᠠᠬᠤ ᠁ ᠴᠠᠭ ᠪᠠᠴᠢᠮ᠂ ᠡᠭᠦᠷᠭᠡ ᠬᠦᠨᠳᠦ᠂ ᠡᠯ᠎ᠡ ᠲᠤᠰᠬᠠᠶ ᠮᠡᠷᠭᠡᠵᠢᠯᠲᠡᠳ ᠬᠤᠶᠠᠷ ᠰᠠᠷ᠎ᠠ ᠳᠠᠷᠠᠭᠠᠯᠠᠨ ᠴᠢᠷᠮᠠᠶᠢᠨ ᠠᠵᠢᠯᠯᠠᠵᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠮᠢᠶᠠᠷᠬᠤ᠂ ᠶᠠᠰᠤ ᠴᠢᠨᠠᠷ ᠢ ᠰᠢᠯᠭᠠᠨ ᠪᠠᠶᠢᠴᠠᠭᠠᠬᠤ᠂ ᠳᠠᠭᠠᠭᠠᠴᠢᠯᠠᠯᠲᠠ ᠵᠠᠷᠯᠠᠨ ᠣᠷᠤᠯᠠᠬᠤ᠂ ᠣᠷᠤᠯᠠᠨ ᠭᠦᠢᠴᠡᠳᠭᠡᠬᠦ ᠪᠠ ᠪᠠᠷᠠᠭ᠎ᠠ ᠬᠠᠩᠭᠠᠬᠤ ᠵᠡᠷᠭᠡ 5 ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ 3324 ᠰᠢᠯᠭᠠᠷᠠᠭᠤᠯᠤᠯᠲᠠ ᠳᠤ ᠣᠷᠣᠯᠴᠠᠭᠰᠠᠨ ᠨᠢᠭᠡᠴᠢ ᠶᠢᠨ 12.6 ᠲᠦᠮᠡᠨ ᠵᠦᠶᠯ ᠤᠨ ᠭᠦᠶᠴᠡᠳᠬᠡᠯ ᠲᠤᠭ᠎ᠠ ᠶᠢᠨ ᠬᠢᠨᠠᠨ ᠬᠠᠷᠭᠤᠭᠤᠯᠤᠯᠲᠠ ᠶᠢ ᠪᠡᠶᠡᠯᠡᠭᠦᠯᠵᠡᠶ᠃      ᠢᠲᠡᠭᠡᠮᠵᠢ ᠶᠢᠨ ᠲᠠᠰ ᠪᠣᠯ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ︽ᠲᠠᠯᠳᠠ ᠬᠦᠷᠦᠩᠭᠡ︾ ᠮᠥᠨ᠂ ᠲᠡᠷᠡ ᠪᠣᠯ ᠠᠵᠤ ᠠᠬᠤᠶᠢᠯᠠᠯ ᠤᠨ ᠡᠵᠡᠩᠨᠡᠯᠲᠡ ᠠᠵᠢᠯᠯᠠᠭ᠎ᠠ ᠶᠢᠨ ᠴᠢᠬᠤᠯᠠ ︽ᠬᠤᠪᠢ ᠨᠡᠮᠡᠬᠦ ᠵᠦᠶᠯ︾ ᠮᠥᠨ᠃ ᠦᠨᠡᠯᠡᠯᠲᠡ ᠶᠢᠨ ᠦᠷ᠎ᠡ ᠳ᠋ᠦᠩ ᠤᠨ ᠰᠢᠨᠵᠢᠯᠡᠬᠦ ᠤᠬᠠᠭᠠᠨᠴᠢ᠂ ᠵᠥᠪ ᠣᠨᠣᠪᠴᠢᠲᠠᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠨᠡᠶᠢᠭᠡᠮᠯᠢᠭ ᠠᠴᠠ 1500 ᠭᠠᠷᠤᠶ ᠨᠢᠭᠡᠴᠢ ᠶᠢᠨ ᠠᠩᠬᠠᠨ ᠤ ᠦᠨᠡᠯᠡᠯᠲᠡ ᠶᠢᠨ ᠦᠷ᠎ᠡ ᠳ᠋ᠦᠩ  ᠳᠤ ᠳᠠᠬᠢᠨ ᠬᠢᠨᠠᠯᠲᠠ ᠬᠢᠵᠠᠢ᠃ ᠲᠤᠰᠬᠠᠶ ᠮᠡᠷᠭᠡᠵᠢᠯᠲᠡᠨ ᠤ ᠬᠤᠷᠠᠯ ᠤᠨ ᠬᠢᠨᠠᠨ ᠪᠠᠶᠢᠴᠠᠭᠠᠬᠤ᠂ ᠨᠡᠶᠢᠭᠡᠮᠯᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠬᠢᠨᠠᠨ ᠶᠠᠷᠢᠯᠴᠠᠬᠤ ᠵᠡᠷᠭᠡ ᠣᠯᠠᠨ ᠡᠭᠡᠯᠵᠢ ᠶᠢᠨ ᠳᠠᠷᠠᠭᠠᠯᠠᠯ ᠢᠶᠠᠷ ᠳᠡᠮᠵᠢᠨ᠂ ᠡᠴᠦᠰ ᠲᠡᠭᠡᠨ 2680 ᠨᠢᠭᠡᠴᠢ ᠶᠢᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠲᠣᠭᠲᠠᠭᠠᠭᠰᠠᠨ ᠪᠠᠶᠢᠨ᠎ᠠ᠃ ᠢᠲᠡᠭᠡᠮᠵᠢ ᠶᠢᠨ ᠦᠨᠡᠯᠡᠯᠲᠡ ᠶᠢᠨ ᠠᠵᠢᠯ ᠳᠤ ᠬᠢᠨᠠᠯᠲᠠ ᠲᠠᠯᠪᠢᠬᠤ ᠨᠢᠭᠡᠴᠢ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠨ ᠲᠤᠮᠤ ᠬᠠᠰᠢᠯᠭ᠎ᠠ ᠶᠢᠨ ᠢᠨᠵᠧᠨᠧᠷᠢᠩ ᠤᠨ ᠰᠢᠨᠵᠢᠯᠡᠭᠡᠨ ᠤ ᠨᠡᠶᠢᠭᠡᠮᠯᠢᠭ ᠠᠴᠠ ᠨᠡᠶᠢᠭᠡᠮᠯᠢᠭ ᠤᠨ 2020 ᠣᠨ ᠤ ᠦᠨᠡᠯᠡᠯᠲᠡ ᠶᠢᠨ ᠦᠷ᠎ᠡ ᠳ᠋ᠦᠩ ᠢ ᠥᠯᠢᠭᠡᠷ ᠠᠪᠴᠤ ᠬᠠᠷᠭᠤᠭᠤᠯᠤᠨ ᠪᠠᠶᠢᠴᠠᠭᠠᠵᠤ᠂ ᠮᠠᠭᠠᠳᠯᠠᠨ ᠲᠣᠭᠲᠠᠭᠠᠭᠰᠠᠨ ᠣᠨᠣᠪᠴᠢ ᠶᠢᠨ ᠨᠣᠷᠮ᠎ᠠ ᠨᠢ 95% ᠶᠢ ᠳᠠᠪᠠᠵᠠᠢ᠃      ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠦᠭᠰᠡᠨ ᠨᠢ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠣᠳᠣᠬᠠᠨ ᠳᠤ᠂ ᠬᠠᠲᠤᠨ ᠭᠤᠤᠯ ᠤᠨ ᠤᠰᠤᠨ ᠠᠰᠢᠭᠯᠠᠯᠳᠠ ᠶᠢᠨ ᠵᠥᠪᠯᠡᠯ᠂ ᠵᠢᠶᠠᠩᠰᠢ᠂ ᠬᠤᠨᠠᠨ᠂ ᠭᠤᠸᠠᠩᠳᠦ᠋ᠩ ᠵᠡᠷᠭᠡ 25 ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢᠭᠡᠨᠲᠡ ᠢᠲᠡᠭᠡᠮᠵᠢ ᠶᠢᠨ ᠲᠠᠰ ᠤᠨ ᠦᠷ᠎ᠡ ᠳ᠋ᠦᠩ ᠢ ᠬᠡᠷᠡᠭᠯᠡᠭᠰᠡᠨ ᠪᠠᠶᠢᠨ᠎ᠠ᠃      ᠪᠥᠬᠦ ᠤᠯᠤᠰ ᠤᠨ ᠨᠢᠭᠡᠳᠦᠯᠲᠡᠶ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ᠂ ᠪᠠᠷᠢᠯᠭ᠎ᠠ ᠶᠢᠨ ᠠᠵᠢᠯ ᠤᠨ ᠠᠮᠵᠢᠯᠲᠠ ᠶᠢᠨ ᠮᠡᠳᠡᠭᠡ ᠵᠠᠩᠭᠢ᠂ ᠠᠵᠢᠯ ᠡᠷᠭᠢᠯᠡᠭᠰᠡᠳ ᠤᠨ ᠢᠲᠡᠭᠡᠮᠵᠢ ᠶᠢᠨ ᠮᠡᠳᠡᠭᠡ ᠵᠠᠩᠭᠢ ᠵᠡᠷᠭᠡ ᠶᠢ ᠴᠠᠭ ᠲᠤᠬᠠᠶ ᠳᠤ ᠨᠢ ᠰᠢᠨᠡᠳᠬᠡᠬᠦ ᠪᠠ ᠨᠡᠶᠢᠲᠡᠯᠡᠬᠦ ᠶᠢ ᠪᠡᠶᠡᠯᠡᠭᠦᠯᠬᠦ ᠪᠣᠯ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠠᠭᠤᠷ ᠠᠮᠢᠰᠬᠤᠯ ᠢ ᠪᠣᠶ ᠪᠣᠯᠭᠠᠬᠤ ᠶᠢᠨ ᠬᠦᠴᠦᠲᠡᠶ ᠲᠤᠯᠭᠠᠭᠤᠷᠢᠯᠠᠯ ᠪᠣᠯᠤᠨ᠎ᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠨᠡᠶᠢᠭᠡᠮᠯᠢᠭ ᠠᠴᠠ ︽ᠪᠥᠬᠦ ᠤᠯᠤᠰ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ︾ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠦᠷᠬᠦᠯᠵᠢᠯᠡᠨ ᠪᠦᠷᠢᠨᠰᠢᠬᠦᠯᠦᠨ ᠲᠡᠬᠦᠯᠳᠡᠷᠵᠢᠬᠦᠯᠪᠡ᠃ ᠣᠳᠣᠬᠠᠨ ᠳᠤ᠂ ᠲᠠᠪᠴᠠᠩ ᠨᠢ ᠨᠢᠭᠡᠨᠲᠡ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠭᠠᠷᠳᠠᠨ ᠬᠢᠬᠦ᠂ ᠬᠢᠨᠠᠨ ᠬᠠᠮᠢᠶᠠᠷᠬᠤ ᠵᠡᠷᠭᠡ 10 ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ᠂ 20 ᠭᠠᠷᠤᠶ ᠲᠥᠷᠥᠯ ᠤᠨ ᠠᠵᠢᠯ ᠡᠷᠭᠢᠯᠡᠭᠰᠡᠳ ᠤᠨ ᠢᠲᠡᠭᠡᠮᠵᠢ ᠶᠢᠨ ᠮᠡᠳᠡᠭᠡ ᠵᠠᠩᠭᠢ ᠵᠡᠷᠭᠡ ᠶᠢ ᠨᠡᠶᠢᠢᠳᠡ 127 ᠲᠦᠮᠡ ᠭᠠᠷᠤᠶ ᠵᠤᠷᠪᠤᠰ ᠴᠤᠭᠯᠠᠭᠤᠯᠵᠤ᠂ ᠠᠵᠢᠯ ᠡᠷᠭᠢᠯᠡᠬᠦ ᠨᠢᠭᠡᠴᠢ ᠶᠢ 2 ᠲᠦᠮᠡ ᠭᠠᠷᠤᠶ ᠨᠡᠶᠢᠲᠡᠯᠡᠵᠦ᠂ ᠠᠵᠢᠯ ᠡᠷᠭᠢᠯᠡᠭᠰᠡᠳ ᠢ 89 ᠲᠦᠮᠡ ᠭᠠᠷᠤᠶ ᠨᠡᠶᠢᠲᠡᠯᠡᠪᠡ︔ ᠢᠨᠵᠧᠨᠧᠷᠢᠩ ᠤᠨ ᠠᠵᠢᠯ ᠤᠨ ᠠᠮᠵᠢᠯᠲᠠ ᠪᠦᠲᠦᠮᠵᠢ ᠶᠢᠨ ᠮᠡᠳᠡᠭᠡ ᠵᠠᠩᠭᠢ ᠶᠢ 27 ᠲᠦᠮᠡ ᠭᠠᠷᠤᠶ ᠨᠡᠶᠢᠲᠡᠯᠡᠵᠦ᠂ ᠰᠠᠶᠢᠨ ᠰᠠᠶᠢᠬᠠᠨ ᠦᠶᠯᠡ ᠠᠵᠢᠯᠯᠠᠭ᠎ᠠ ᠶᠢᠨ ᠲᠡᠮᠳᠡᠭᠯᠡᠯ ᠤᠨ ᠮᠡᠳᠡᠭᠡ ᠵᠠᠩᠭᠢ ᠶᠢ 7.4 ᠲᠦᠮᠡ ᠭᠠᠷᠤᠶ ᠨᠡᠶᠢᠲᠡᠯᠡᠪᠡ︔ ᠮᠠᠭᠤ ᠦᠶᠯᠡ ᠠᠵᠢᠯᠯᠠᠭ᠎ᠠ ᠶᠢ ᠰᠢᠶᠳᠪᠦᠷᠢᠯᠡᠭᠰᠡᠨ 347 ᠵᠤᠷᠪᠤᠰ ᠲᠣᠭᠲᠠᠭᠠᠯ ᠢ ᠨᠡᠶᠢᠲᠡᠯᠡᠵᠦ᠂ 662 ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠬᠤᠯᠪᠣᠭᠳᠠᠵᠠᠶ︔ ᠦᠨᠡᠨᠴᠢ ᠢᠲᠡᠭᠡᠮᠵᠢ ᠶᠢᠨ ᠤᠯᠠᠭᠠᠨ ᠨᠡᠷᠡᠰ ᠤᠨ ᠠᠵᠤ ᠠᠬᠤᠶᠢᠯᠠᠯ ᠢ 846 ᠵᠢᠭᠰᠠᠭᠠᠨ ᠨᠡᠶᠢᠲᠡᠯᠡᠪᠡ᠃      ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ᠂ ᠨᠡᠶᠢᠭᠡᠮᠯᠢᠭ ᠤᠨ ᠬᠢᠨ ᠤᠰᠤᠨ ᠠᠰᠢᠭᠯᠠᠯᠳᠠ ᠶᠢᠨ ᠶᠠᠮᠤᠨ ᠤ ᠵᠢᠯᠤᠭᠤᠳᠤᠯᠭ᠎ᠠ ᠳᠣᠣᠷ᠎ᠠ᠂ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠦᠷᠭᠦᠯᠵᠢᠯᠡᠨ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠨᠡᠶᠢᠭᠡᠮᠯᠢᠭ ᠤᠨ ᠭᠡᠰᠢᠭᠦᠳ ᠤᠨ ᠦᠨᠡᠨᠴᠢ ᠢᠲᠡᠭᠡᠮᠵᠢᠲᠡᠢ ᠪᠠᠷ ᠪᠡᠶ᠎ᠡ ᠪᠠᠨ ᠱᠠᠭᠠᠷᠳᠠᠬᠤ ᠶᠢ ᠬᠦᠳᠦᠯᠦᠨ ᠵᠢᠯᠣᠭᠤᠳᠴᠤ᠂ ᠠᠵᠢᠯ ᠲᠦᠷᠦᠯ ᠤᠨ ᠡᠮᠬᠢ ᠳᠢᠭᠯᠢᠮ ᠢ ᠬᠠᠮᠠᠭᠠᠯᠠᠵᠤ᠂ ᠰᠤᠷᠲᠠᠯ ᠴᠢᠬᠡᠴᠢ ᠣᠪᠣᠷ ᠲᠥᠪ ᠤᠰᠤᠨ ᠠᠰᠢᠭᠯᠠᠯᠲᠠ ᠶᠢᠨ ᠦᠨᠡᠨᠴᠢ ᠢᠲᠡᠭᠡᠮᠵᠢ ᠶᠢᠨ ᠠᠭᠤᠷ ᠠᠮᠢᠰᠬᠤᠯ ᠢ ᠪᠤᠢ ᠪᠣᠯᠭᠠᠨ᠎ᠠ ᠭᠡᠵᠦ ᠢᠯᠡᠳᠬᠡᠪᠡ᠃
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号