内蒙古自治区水利厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠲᠤᠭᠤᠰᠢᠯᠠᠭᠤᠯᠵᠤ᠂ ᠤᠰᠤᠨ  ᠵᠦᠢ ᠶᠢᠨ ᠲᠤᠯᠭᠠᠭᠤᠷᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ
        ᠨᠡᠶᠢᠲᠡᠯᠡᠭᠰᠡᠨ ᠴᠠᠭ᠄
        2021/8/24
            ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ  ᠤ ᠤᠰᠤᠨ  ᠵᠦᠢ ᠶᠢᠨ ᠶᠡᠷᠦᠩᠬᠡᠶ ᠲᠣᠪᠴᠢᠶᠠᠨ ᠤ ᠱᠦᠵᠢ᠂ ᠲᠣᠪᠴᠢᠶᠠᠨ ᠤ ᠳᠠᠷᠤᠭ᠎ᠠ ᠸᠠᠩ ᠨᠠᠨ ᠹᠧᠩᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠤᠮᠳᠡᠳᠦ ᠤᠯᠦᠰ ᠤᠨ ᠤᠡᠴᠡᠯᠢᠬ ᠲᠠᠢ ᠨᠡᠶᠢᠢᠭᠡᠮ ᠵᠢᠷᠦᠮ ᠢ ᠥᠴᠦᠬᠡᠨ ᠴᠦ ᠭᠤᠶᠢᠪᠢᠰᠢ ᠦᠭᠡᠶ ᠪᠠᠷᠢᠮᠲᠠᠯᠠᠨ ᠬᠥᠭᠵᠢᠭᠦᠯᠵᠦ᠂ ᠵᠣᠷᠢᠭᠲᠠᠢ ᠪᠠᠷ  ᠦᠢᠯᠡᠳᠦᠯᠭᠡᠵᠢᠭᠦᠯᠵᠦ᠂ ᠴᠢᠳᠠᠮᠠᠭᠠᠢ ᠪᠠᠷ ᠰᠢᠨ᠎ᠡ ᠶᠢ ᠡᠭᠦᠳᠴᠦ᠂ ᠡᠪ ᠬᠠᠮᠲᠤ ᠨᠠᠮ  ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯ  ᠤᠨ ᠵᠢᠮ᠎ᠡ ᠶᠣᠰᠤ  ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠲᠦᠷᠦ ᠶᠢ ᠵᠠᠰᠠᠵᠤ ᠵᠠᠰᠠᠭ ᠢ ᠡᠷᠬᠢᠯᠡᠬᠦ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠪᠦᠷᠢᠯᠳᠦᠭᠦᠯᠵᠦ᠂ ᠰᠢᠨ᠎ᠡ ᠲᠡᠦᠬᠡᠨ ᠨᠥᠬᠦᠴᠡᠯ ᠳᠣᠣᠷ᠎ᠠ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠳᠤ ᠰᠢᠨᠵᠢᠯᠡᠬᠦ ᠤᠬᠠᠭᠠᠨᠴᠢ ᠤᠨᠤᠯ ᠤᠨ ᠵᠢᠯᠤᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠠᠶᠢᠨ᠎ᠠ᠃ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠠᠴᠠ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂  ᠨᠡᠭᠡᠭᠡᠯᠲᠡᠯᠢᠭ᠂ ᠬᠠᠮᠲᠤᠪᠠᠷ ᠡᠳ᠋ᠯᠡᠬᠦ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾  ᠢ ᠳᠤᠷᠠᠳᠤᠭᠰᠠᠨ ᠨᠢ ᠮᠠᠨ ᠤ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠨᠢᠭᠡ  ᠤᠳᠠᠭᠠᠳ ᠤ ᠭᠦᠨᠵᠡᠭᠡᠢ ᠬᠤᠪᠢᠰᠤᠯᠲᠠ ᠪᠣᠯᠤᠨ᠎ᠠ᠂ ᠡᠨᠡ  ᠤᠳᠠᠭᠠᠨ ᠤ ᠬᠤᠪᠢᠰᠤᠯᠲᠠ ᠨᠢ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠳᠤ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠨᠢ ᠰᠢᠨ᠎ᠡ ᠪᠠᠶᠢᠳᠠᠯ ᠳᠣᠣᠷ᠎ᠠ ᠪᠢᠳᠡ ᠶᠠᠮᠠᠷ ᠬᠥᠭᠵᠢᠯᠲᠡ ᠶᠢ ᠪᠡᠶᠡᠯᠡᠭᠦᠯᠬᠦ᠂ ᠬᠥᠭᠵᠢᠯᠲᠡ ᠶᠢ ᠬᠡᠷᠬᠢᠨ ᠪᠡᠶᠡᠯᠡᠭᠦᠯᠬᠦ ᠴᠢᠬᠤᠯᠠ ᠶᠡᠭᠡ ᠠᠰᠠᠭᠤᠳᠠᠯ ᠳᠤ ᠪᠦᠲᠦᠭᠡᠯᠴᠢ ᠪᠠᠷ ᠬᠠᠷᠢᠭᠤᠯᠲᠠ ᠥᠭᠴᠡᠢ᠂ ᠡᠨᠡ ᠪᠣᠯ ᠴᠠᠭ ᠦᠶ᠎ᠡ ᠶᠢᠨ ᠤᠷᠤᠰᠬᠠᠯ᠂ ᠬᠥᠭᠵᠢᠯᠲᠡ ᠶᠢᠨ ᠳᠠᠪᠠᠭᠤᠯᠢᠭ ᠲᠤ ᠵᠣᠬᠢᠴᠠᠭᠰᠠᠨ ᠪᠠᠶᠢᠯᠳᠤᠬᠤ ᠪᠤᠳᠤᠯᠭ᠎ᠠ ᠶᠢᠨ ᠰᠣᠩᠭᠤᠯᠲᠠ ᠮᠥᠨ᠂ ᠮᠠᠨ ᠤ ᠨᠠᠮ ᠤᠨ ᠬᠥᠭᠵᠢᠯᠲᠡ ᠶᠢᠨ ᠤᠨᠤᠯ ᠤᠨ ᠴᠢᠬᠤᠯᠠ ᠶᠡᠭᠡ ᠳᠡᠭᠡᠭᠰᠢᠯᠡᠯᠲᠡ ᠮᠥᠨ᠃ ᠪᠦᠬᠦ ᠣᠷᠣᠨ ᠤ ᠤᠰᠤᠨ ᠵᠦᠶ ᠶᠢᠨ ᠰᠢᠰᠲ᠋ᠧᠮ ᠨᠢ ᠪᠦᠬᠦ ᠣᠷᠣᠨ ᠤ ᠤᠰᠤᠨ ᠠᠰᠢᠭᠯᠠᠯᠲᠠ ᠶᠢᠨ ᠦᠢᠯᠡᠰ ᠪᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠠᠵᠢᠯ ᠲᠥᠷᠥᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠳᠤ᠂ ᠡᠷᠬᠡᠪᠰᠢ ᠲᠤᠰ ᠪᠡᠶ᠎ᠡ ᠶᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ   ᠭᠦᠢᠴᠡᠳᠭᠡᠨ᠂  ᠦᠶᠡᠷ ᠭᠠᠩ ᠤᠨ ᠭᠠᠮᠰᠢᠭ  ᠤᠨ ᠰᠡᠷᠭᠡᠶᠢᠯᠡᠯᠲᠡ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠪᠡᠶᠡᠯᠡᠭᠦᠯᠬᠦ᠂ ︽ᠨᠢᠭᠡ ᠨᠠᠭᠤᠷ ᠬᠤᠶᠠᠷ ᠲᠠᠩᠭᠢᠰ︾  ᠤᠨ ᠤᠰᠤᠨ ᠵᠦᠢ ᠶᠢᠨ ᠬᠢᠨᠠᠨ ᠬᠡᠮᠵᠢᠯᠲᠡ᠂ ᠤᠰᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠴᠢᠬᠤᠯᠠ ᠶᠡᠭᠡ ᠡᠭᠦᠷᠭᠡ  ᠳᠤ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃      ᠨᠢᠭᠡ᠂ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠢ ᠵᠥᠪ ᠢᠶᠠᠷ ᠤᠶᠢᠢᠯᠠᠭᠠᠨ ᠲᠠᠨᠢᠬᠤ ᠬᠡᠷᠡᠭᠲᠡᠶ      ︵ᠨᠢᠭᠡ︶ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠨᠢ ᠨᠠᠮ ᠤᠨ ᠦᠵᠡᠯ ᠰᠠᠨᠠᠭᠠᠨ ᠤ ᠱᠤᠭᠤᠮ ᠤᠨ ᠮᠥᠨ ᠴᠢᠨᠠᠷ ᠤᠨ ᠱᠠᠭᠠᠷᠳᠠᠯᠭ᠎ᠠ ᠶᠢ ᠢᠯᠡᠷᠡᠭᠦᠯᠵᠦ ᠪᠠᠶᠢᠳᠠᠭ᠃ ᠤᠰᠤᠨ ᠵᠦᠢ ᠶᠢᠨ ᠠᠵᠢᠯ ᠤᠨ ᠦᠢᠯᠡᠳᠦᠯᠭᠡ ᠳᠤᠮᠳᠠ ᠡᠷᠬᠡᠪᠰᠢ ᠡᠨᠡ ᠬᠦ ᠦᠵᠡᠯ ᠰᠠᠨᠠᠭᠠᠨ ᠤ ᠱᠤᠭᠤᠮ ᠢ ᠪᠠᠷᠢᠮᠲᠠᠯᠠᠵᠤ᠂ ᠤᠰᠤᠨ ᠵᠦᠢ ᠶᠢᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠰᠡᠳᠬᠢᠴᠡ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠵᠢᠯ ᠢᠶᠠᠨ ᠪᠦᠲᠦᠭᠡᠯᠴᠢ ᠪᠠᠷ ᠥᠷᠨᠢᠭᠦᠯᠦᠨ᠂ ᠰᠢᠨ᠎ᠡ ᠪᠠᠶᠢᠳᠠᠯ ᠢ ᠳᠠᠰᠤᠷᠠᠯᠳᠠ ᠦᠬᠡᠢ ᠰᠤᠳᠤᠯᠵᠤ᠂ ᠰᠢᠨ᠎ᠡ ᠲᠤᠷᠰᠢᠯᠭ᠎ᠠ ᠶᠢ ᠳ᠋ᠦᠩᠨᠡᠨ᠂ ᠰᠢᠨ᠎ᠡ ᠠᠰᠠᠭᠤᠳᠠᠯ ᠢ ᠰᠢᠶᠳᠪᠦᠷᠢᠯᠡᠵᠦ᠂ ᠤᠰᠤᠨ ᠵᠦᠢ ᠶᠢᠨ ᠦᠢᠯᠡᠳᠦᠯᠭᠡ ᠶᠢᠨ ᠳᠤᠮᠳᠠ ᠦᠵᠡᠯ ᠰᠠᠨᠠᠭ᠎ᠠ ᠪᠠᠨ ᠴᠢᠯᠥᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ ᠨᠠᠮ ᠤᠨ ᠦᠵᠡᠯ ᠰᠠᠨᠠᠭᠠᠨ ᠤ ᠱᠤᠭᠤᠮ ᠢ ᠦᠢᠯᠡᠳᠦᠯᠭᠡᠵᠢᠭᠦᠯᠬᠦ ᠬᠡᠷᠡᠭᠲᠡᠶ᠃      ︵ᠬᠤᠶᠠᠷ︶ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠨᠢ ᠨᠠᠮ ᠤᠨ ᠦᠵᠡᠯ ᠰᠠᠨᠠᠭᠠᠨ ᠤ ᠱᠤᠭᠤᠮ ᠤᠨ ᠮᠥᠨ ᠴᠢᠨᠠᠷ ᠤᠨ ᠱᠠᠭᠠᠷᠳᠠᠯᠭ᠎ᠠ ᠶᠢ ᠢᠯᠡᠷᠡᠭᠦᠯᠪᠡ᠃ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾  ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠡᠷᠬᠡᠪᠰᠢ ᠦᠵᠡᠯ ᠰᠠᠨᠠᠭ᠎ᠠ ᠪᠠᠨ ᠴᠢᠯᠥᠭᠡᠯᠡᠬᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠴᠠᠭ ᠦᠶ᠎ᠡ ᠪᠣᠯᠤᠨ ᠦᠢᠯᠡᠳᠦᠯᠭᠡ ᠶᠢᠨ ᠬᠥᠭᠵᠢᠯᠲᠡ ᠲᠠᠢ ᠵᠣᠬᠢᠴᠠᠭᠰᠠᠨ ᠰᠡᠳᠬᠢᠬᠦᠢ ᠶᠢᠨ ᠠᠷᠭ᠎ᠠ ᠬᠡᠯᠪᠡᠷᠢ ᠶᠢ ᠪᠤᠢ  ᠪᠣᠯᠭᠠᠨ᠂ ᠤᠰᠤᠨ ᠵᠦᠢ ᠶᠢᠨ ᠪᠣᠳᠠᠲᠠᠢ ᠠᠴᠠ ᠡᠭᠦᠰᠬᠦ ᠶᠢ ᠴᠢᠬᠤᠯᠠᠴᠢᠯᠠᠵᠤ᠂ ᠪᠤᠰᠤᠳᠴᠢ ᠵᠢᠮ᠎ᠡ ᠶᠣᠰᠣ ᠪᠠᠷ ᠠᠵᠢᠯᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠰᠢᠨ᠎ᠡ ᠴᠠᠭ ᠦᠶ᠎ᠡ ᠶᠢᠨ ᠤᠰᠤᠨ ᠵᠦᠢ ᠶᠢᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠬᠦᠳᠦᠯᠦᠨ ᠳᠠᠭᠠᠭᠤᠯᠬᠤ ᠬᠡᠷᠡᠭᠲᠡᠢ᠃      ︵ᠭᠤᠷᠪᠠ︶ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠳᠤ ᠢᠯᠡ ᠲᠣᠳᠣ ᠠᠰᠠᠭᠤᠳᠠᠯ ᠤᠨ ᠤᠳᠤᠷᠢᠳᠤᠮᠵᠢ ᠶᠢ  ᠨᠡᠪᠲᠡ ᠰᠢᠩᠭᠡᠭᠡᠵᠦ ᠪᠠᠶᠢᠨ᠎ᠠ᠃ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠰᠢᠷᠢᠰ ᠴᠢᠬᠤᠯᠠ ᠶᠠᠷᠢᠶ᠎ᠠ ᠲᠠᠯᠪᠢᠵᠤ᠂ ᠬᠤᠷᠴᠠ ᠴᠢᠩᠭ᠎ᠠ ᠠᠰᠠᠭᠤᠳᠠᠯ ᠤᠨ ᠤᠬᠠᠮᠰᠠᠷ᠂ ᠢᠯᠡ ᠲᠣᠳᠣ ᠠᠰᠠᠭᠤᠳᠠᠯ ᠤᠨ ᠤᠳᠤᠷᠢᠳᠤᠮᠵᠢ ᠶᠢ  ᠲᠤᠭᠤᠰᠢᠯᠠᠭᠤᠯᠤᠨ᠂ ᠡᠪ ᠬᠠᠮᠲᠤᠴᠤᠳ  ᠤᠨ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ  ᠰᠢᠨᠵᠢᠯᠡᠬᠦ ᠤᠬᠠᠭᠠᠨᠴᠢ ᠣᠪᠤᠷ  ᠢ ᠢᠯᠡᠷᠡᠭᠦᠯᠵᠡᠢ᠃ ᠰᠢᠨ᠎ᠡ ᠴᠠᠭ ᠦᠶ᠎ᠡ ᠳᠤ ᠤᠰᠤᠨ  ᠵᠦᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠤᠰᠤᠨ ᠵᠦᠢ ᠶᠢᠨ ᠦᠢᠯᠡᠴᠢᠯᠡᠭᠡᠨ ᠤ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ᠂ ᠤᠰᠤᠨ  ᠵᠦᠢ ᠶᠢᠨ ᠡᠯ᠎ᠡ ᠱᠠᠲᠤᠨ ᠤ ᠤᠳᠤᠷᠢᠳᠬᠤ ᠺᠠᠳ᠋ᠷ ᠡᠷᠬᠡᠪᠰᠢ ᠠᠰᠠᠭᠤᠳᠠᠯ ᠢ ᠢᠯᠡᠷᠡᠭᠦᠯᠬᠦ ᠬᠤᠷᠴᠠ ᠰᠡᠷᠭᠡᠭ᠂ ᠠᠰᠠᠭᠤᠳᠠᠯ ᠳᠤ ᠵᠥᠪ ᠢᠶᠠᠷ ᠬᠠᠨᠳᠤᠬᠤ ᠬᠤᠷᠴᠠ ᠤᠬᠠᠭᠠᠨ᠂ ᠠᠰᠠᠭᠤᠳᠠᠯ ᠢ ᠰᠢᠢᠳᠪᠦᠷᠢᠯᠡᠬᠦ  ᠥᠪᠡᠷ ᠤᠨ ᠤᠬᠠᠮᠰᠠᠷ ᠲᠠᠢ ᠪᠠᠶᠢᠬᠤ ᠬᠡᠷᠡᠭᠲᠡᠢ᠃ ᠣᠳᠣᠬᠠᠨ ᠳᠤ᠂ ᠤᠰᠤᠨ ᠵᠦᠶ ᠶᠢᠨ ᠬᠥᠭᠵᠢᠯᠲᠡ ᠳᠤ ᠮᠠᠰᠢ ᠣᠯᠠᠨ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠲᠤᠯᠭᠠᠷᠠᠵᠤ ᠪᠠᠶᠢᠨ᠎ᠠ᠂ ᠪᠢᠳᠡ ᠵᠠᠪᠠᠯ ︽ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠳᠤᠲᠠᠭᠤᠳᠠᠯ ᠢ ᠨᠥᠬᠦᠪᠥᠷᠢᠯᠡᠬᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ︾ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠥᠭ ᠠᠶᠠᠰ ᠢ ᠵᠢᠷᠤᠮᠯᠠᠵᠤ᠂ ᠠᠰᠠᠭᠤᠳᠠᠯ ᠢᠶᠠᠷ ᠬᠥᠲᠥᠯᠦᠮᠵᠢ ᠪᠣᠯᠭᠠᠬᠤ ᠶᠢ ᠪᠠᠷᠢᠮᠲᠠᠯᠠᠨ᠂ ᠳᠤᠲᠠᠭᠤᠳᠠᠯ ᠢ ᠨᠥᠬᠦᠪᠥᠷᠢᠯᠡᠬᠦ ᠡᠨᠡ ᠬᠦ ᠲᠣᠮᠣ  ᠵᠦᠢᠯ ᠢ ᠬᠦᠴᠦᠯᠡᠨ ᠰᠢᠶᠳᠪᠦᠷᠢᠯᠡᠵᠦ᠂ ᠬᠥᠭᠵᠢᠯᠲᠡ ᠶᠢᠨ ᠪᠡᠷᠬᠡ ᠰᠡᠳᠦᠪ ᠢ ᠰᠢᠶᠳᠪᠦᠷᠢᠯᠡᠬᠦ ᠳᠤᠮᠳᠠ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃︵ᠲᠦᠷᠪᠡ︶︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠨᠢ ᠠᠷᠠᠳ ᠲᠦᠮᠡᠨ ᠢ ᠳᠡᠭᠡᠳᠦᠯᠡᠬᠦ ᠦᠷᠳᠡᠭ ᠤᠨ ᠬᠠᠨᠳᠤᠯᠭ᠎ᠠ ᠶᠢ ᠢᠯᠡᠷᠡᠭᠦᠯᠪᠡ᠃ ᠲᠤᠮᠳᠠᠳᠤ ᠤᠯᠤᠰ ᠤᠨ ᠡᠪ ᠬᠠᠮᠳᠤ ᠨᠠᠮ ᠪᠣᠯ ᠬᠠᠮᠤᠭ ᠤᠨ ᠥᠷᠭᠡᠨ ᠤᠯᠡᠠ ᠠᠷᠠᠳ ᠲᠦᠮᠡᠨ ᠤ ᠠᠰᠢᠭ ᠲᠤᠰᠠ ᠠᠴᠠ ᠭᠠᠳᠠᠨ᠎ᠠ ᠥᠪᠡᠷ ᠤᠨ ᠣᠨᠴᠠᠭᠠᠶ ᠠᠰᠢᠭ ᠲᠤᠰᠠ ᠭᠡᠵᠦ ᠪᠠᠶᠢᠳᠠᠭ ᠤᠶᠢᠭᠡᠢ ᠶᠤᠮ᠃ ᠨᠠᠮ ᠬᠡᠵᠢᠶ᠎ᠡ ᠴᠦ ᠭᠡᠰᠡᠨ ᠤᠯᠡᠠ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠡᠠ ᠲᠦᠮᠡᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠨ᠂ ᠬᠠᠮᠤᠭ ᠤᠨ ᠨᠢᠭᠲᠠ ᠬᠠᠷᠢᠴᠠᠭ᠎ᠠ  ᠪᠠᠨ ᠪᠠᠲᠤᠯᠠᠳᠠᠭ᠃ ᠤᠰᠤᠨ ᠵᠦᠶ ᠶᠢᠨ ᠠᠵᠢᠯ ᠲᠥᠷᠥᠯ ᠪᠣᠯ ᠤᠰᠤᠨ ᠠᠰᠢᠭᠯᠠᠯᠲᠠ ᠳᠤ ᠰᠢᠭᠤᠳ ᠦᠢᠯᠡᠴᠢᠯᠡᠵᠦ᠂ ᠠᠷᠠᠳ ᠲᠦᠮᠡᠨ ᠳᠤ ᠪᠤᠶᠠᠨ ᠦᠢᠯᠡᠳᠬᠦ ᠦᠢᠯᠡᠰ ᠪᠣᠯᠤᠨ᠎ᠠ᠂ ᠤᠰᠤᠨ ᠵᠦᠢ ᠶᠢᠨ ᠠᠵᠢᠯ ᠢ ᠰᠠᠶᠢᠲᠤᠷ ᠬᠢᠬᠦ ᠨᠢ ᠠᠷᠠᠳ ᠤᠯᠠᠨ ᠤ ᠰᠠᠶᠢᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠲᠠᠢ ᠬᠤᠯᠪᠣᠭᠳᠠᠨ᠎ᠠ᠂ ᠡᠶᠢᠮᠦ ᠠᠴᠠ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾  ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠤᠰᠤᠨ ᠵᠦᠢ ᠶᠢᠨ  ᠰᠢᠰᠲ᠋ᠧᠮ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠰᠤᠨ ᠵᠦᠢ ᠶᠢᠨ ᠠᠵᠢᠯ ᠢ ᠰᠠᠶᠢᠲᠤᠷ ᠬᠢᠬᠦ ᠶᠢ ᠠᠷᠠᠳ ᠲᠦᠮᠡᠨ ᠤ ᠵᠣᠯ ᠵᠢᠷᠭᠠᠯ ᠢ ᠡᠳ᠋ᠯᠡᠬᠦ ᠦᠢᠯᠡᠰ ᠪᠣᠯᠭᠠᠵᠤ᠂ ᠠᠷᠠᠳ ᠲᠦᠮᠡᠨ ᠤ ᠦᠨᠳᠦᠷᠴᠡ ᠠᠴᠠ ᠠᠵᠢᠯ ᠢᠶᠠᠨ ᠲᠥᠯᠥᠪᠵᠢᠭᠦᠯᠵᠦ᠂ ᠠᠷᠠᠳ ᠤᠯᠠᠨ ᠳᠤ ᠨᠡᠩ ᠤᠯᠠᠨ ᠬᠦᠷᠲᠡᠭᠡᠮᠵᠢ ᠶᠢᠨ ᠲᠦᠷᠦᠭᠳᠡᠯ ᠣᠯᠭᠤᠬᠤ ᠬᠡᠷᠡᠭᠲᠡᠢ᠃      ᠬᠤᠶᠠᠷ᠂ ᠰᠢᠨ᠎ᠡ ᠬᠥᠭᠵᠢᠯᠲᠡ ᠶᠢᠨ ᠣᠨᠣᠯᠵᠢᠬᠤᠨ ᠢ  ᠲᠤᠭᠤᠰᠢᠯᠠᠭᠤᠯᠵᠤ᠂ ᠤᠰᠤᠨ ᠵᠦᠶ ᠶᠢᠨ ᠦᠶᠯᠡᠴᠢᠯᠡᠭᠡ ᠶᠢ ᠲᠦᠷᠭᠡᠳᠬᠡᠨ ᠬᠤᠪᠢᠷᠠᠭᠤᠯᠵᠤ ᠤᠰᠤᠨ ᠠᠰᠢᠭᠯᠠᠯᠲᠠ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠰᠡᠳᠬᠢᠮᠵᠢ ᠶᠢ ᠲᠦᠷᠭᠡᠳᠬᠡᠨ ᠬᠤᠪᠢᠷᠠᠭᠤᠯᠤᠨ᠎ᠠ      ᠲᠠᠪᠤᠨ ᠶᠡᠭᠡ ᠬᠥᠭᠵᠢᠯᠲᠡ ᠶᠢᠨ ᠤᠶᠢᠢᠯᠠᠭᠠᠭᠳᠠᠬᠤᠨ ᠢ ᠪᠠᠷᠢᠮᠲᠠᠯᠠᠬᠤ ᠪᠣᠯ ᠮᠠᠨ ᠤ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠨᠢᠭᠡ ᠤᠳᠠᠭ᠎ᠠ ᠶᠢᠨ ᠭᠦᠨᠵᠡᠭᠡᠢ ᠥᠭᠡᠷᠡᠴᠢᠯᠡᠯᠲᠡ ᠪᠣᠯᠤᠨ᠎ᠠ᠃ ᠤᠰᠤᠨ ᠵᠦᠢ ᠶᠢᠨ ᠠᠵᠢᠯ ᠢ ᠪᠣᠳᠠᠲᠠᠢ ᠪᠠᠷ ᠬᠢᠵᠦ᠂ ᠤᠰᠤ ᠵᠠᠰᠠᠬᠤ ᠰᠡᠳᠬᠢᠴᠡ ᠪᠠᠨ ᠬᠤᠪᠢᠷᠠᠭᠤᠯᠬᠤ ᠶᠢ ᠲᠤᠯᠭᠠᠭᠤᠷᠢᠯᠠᠵᠤ᠂ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠪᠣᠯ ᠤᠰᠤᠨ ᠵᠦᠢ ᠶᠢᠨ ᠬᠥᠮᠦᠰ ᠤᠨ ᠡᠮᠦᠨ᠎ᠡ ᠲᠠᠯᠪᠢᠭᠳᠠᠵᠤ ᠪᠠᠶᠢᠭ᠎ᠠ ᠴᠢᠬᠤᠯᠠ ᠰᠡᠳᠦᠪ ᠪᠣᠯᠤᠨ᠎ᠠ᠃ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠪᠣᠯ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠭᠰᠠᠨ ᠠᠮᠢᠨ ᠰᠦᠨᠡᠰᠦ ᠪᠠ ᠭᠤᠤᠯ ᠰᠢᠵᠢᠮ ᠮᠥᠨ᠂ ᠪᠠᠰᠠ ᠴᠤ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠃ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠢ ᠨᠠᠶᠢᠳᠠᠪᠤᠷᠢᠵᠢᠭᠤᠯᠬᠤ ᠳᠤ ᠡᠷᠬᠡᠪᠰᠢ  ᠰᠡᠳᠭᠢᠭᠦᠢ ᠶᠢ ᠤᠷᠢᠳᠠᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠳᠤᠷᠠᠳᠤᠭᠰᠠᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠤᠰᠤᠨ ᠠᠰᠢᠭᠯᠠᠯᠲᠠ ᠠᠴᠠ ᠤᠳᠤ ᠦᠶ᠎ᠡ ᠶᠢᠨ ᠤᠰᠤᠨ ᠠᠰᠢᠭᠯᠠᠯᠲᠠ ᠲᠡᠰᠢ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠶ᠃ ᠤᠰᠤᠨ ᠵᠦᠶ ᠨᠢ ᠪᠠᠰᠠ ᠡᠨᠡ ᠬᠦ ᠵᠠᠷᠴᠢᠮ ᠢ ᠵᠢᠷᠤᠮᠯᠠᠵᠤ᠂ ᠤᠯᠠᠮᠵᠢᠯᠠᠯᠲᠤ ᠤᠰᠤᠨ ᠵᠦᠶ ᠶᠢ ᠣᠳᠣ ᠦᠶ᠎ᠡ ᠶᠢᠨ ᠤᠰᠤᠨ ᠵᠦᠶ ᠪᠣᠯᠭᠠᠨ ᠬᠤᠪᠢᠷᠠᠭᠤᠯᠬᠤ  ᠶᠢ ᠲᠦᠷᠭᠡᠳᠬᠡᠬᠦ ᠬᠡᠷᠡᠭᠲᠡᠶ᠃      ᠨᠢᠭᠡ ᠳᠤ ᠰᠢᠨ᠎ᠡ ᠶᠢ ᠡᠭᠦᠳᠬᠦ ᠬᠥᠭᠵᠢᠯᠲᠡ ᠠᠴᠠ ᠦᠵᠡᠪᠡᠯ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠮᠠᠨ ᠤ ᠤᠯᠤᠰ ᠤᠨ ᠰᠢᠨ᠎ᠡ ᠬᠠᠭᠤᠴᠢᠨ ᠤᠰᠤᠨ ᠤ ᠠᠰᠠᠭᠤᠳᠠᠯ ᠬᠠᠷᠢᠯᠴᠠᠨ ᠰᠣᠯᠪᠢᠴᠠᠵᠤ᠂ ᠤᠰᠤᠨ ᠤ ᠡᠬᠢ ᠪᠠᠶᠠᠯᠢᠭ ᠪᠠ ᠤᠰᠤᠨ ᠤ ᠣᠷᠴᠢᠨ ᠠᠬᠤᠶ ᠶᠢᠨ ᠵᠠᠩᠭᠢᠷᠠᠭ᠎ᠠ ᠡᠳᠦᠷ ᠢᠷᠡᠬᠦᠶ᠎ᠡ ᠲᠤᠪᠤᠶᠢᠢᠮ᠎ᠠ ᠪᠤᠯᠵᠤ ᠪᠠᠶᠢᠨ᠎ᠠ᠃ ᠤᠰᠤ ᠵᠠᠰᠠᠬᠤ ᠰᠡᠳᠬᠢᠴᠡ ᠣᠨᠣᠯᠵᠢᠬᠤᠨ᠂ ᠠᠷᠭ᠎ᠠ ᠬᠡᠯᠪᠡᠷᠢ᠂ ᠪᠠᠶᠢᠭᠤᠯᠤᠯ ᠲᠣᠭᠲᠠᠯᠴᠠᠭ᠎ᠠ ᠶᠢᠨ ᠱᠢᠨ᠎ᠡ ᠡᠭᠦᠳᠦᠯᠲᠡ ᠶᠢ ᠪᠥᠬᠦ ᠲᠠᠯ᠎ᠠ ᠪᠠᠷ ᠲᠥᠯᠬᠢᠨ ᠠᠬᠢᠭᠤᠯᠵᠤ᠂ ᠪᠦᠳᠦᠭᠦᠯᠢᠭ ᠢᠶᠠᠷ ᠬᠡᠷᠡᠭᠯᠡᠵᠦ ᠪᠠᠶᠢᠭᠰᠠᠨ ᠠᠴᠠ  ᠠᠷᠪᠢᠯᠠᠵᠤ ᠬᠡᠷᠡᠭᠯᠡᠬᠦ ᠲᠡᠰᠢ  ᠬᠤᠪᠢᠷᠠᠭᠤᠯᠤᠨ᠂ ᠤᠰᠤ ᠬᠠᠩᠭᠠᠬᠤ ᠬᠠᠮᠢᠶᠠᠷᠤᠯᠲᠠ ᠠᠴᠠ ᠤᠰᠤ ᠬᠡᠷᠡᠭᠰᠡᠬᠦ ᠬᠠᠮᠢᠶᠠᠷᠤᠯᠲᠠ ᠲᠡᠰᠢ ᠬᠤᠪᠢᠷᠠᠭᠤᠯᠬᠤ᠂ ᠬᠡᠰᠡᠭ ᠭᠠᠵᠠᠷ ᠤᠨ ᠵᠠᠰᠠᠯᠲᠠ ᠠᠴᠠ  ᠰᠢᠰᠲ᠋ᠧᠮᠲᠦ ᠵᠠᠰᠠᠯᠲᠠ ᠲᠡᠰᠢ ᠬᠤᠪᠢᠷᠠᠭᠤᠯᠬᠤ ᠶᠢ ᠲᠦᠷᠭᠡᠳᠬᠡᠨ ᠪᠡᠶᠡᠯᠡᠭᠦᠯᠵᠦ᠂ ᠤᠰᠤ ᠳᠤᠲᠠᠭᠳᠠᠬᠤ᠂ ᠤᠰᠤᠨ  ᠤ ᠭᠠᠮᠰᠢᠭ᠂ ᠤᠰᠤᠨ  ᠤ ᠠᠮᠢ ᠠᠬᠤᠶ᠂ ᠤᠰᠤᠨ ᠤ ᠣᠷᠴᠢᠨ ᠲᠣᠭᠤᠷᠢᠨ ᠤ ᠠᠰᠠᠭᠤᠳᠠᠯ  ᠢ ᠨᠢᠭᠡᠳᠦᠯᠲᠡᠶ ᠲᠥᠯᠥᠪᠯᠡᠨ ᠰᠠᠶᠢᠲᠤᠷ ᠰᠢᠶᠳᠪᠦᠷᠢᠯᠡᠨ᠎ᠡ᠃ ᠤᠰᠤᠨ ᠵᠦᠢ ᠶᠢᠨ ᠲᠠᠯ᠎ᠠ ᠪᠠᠷ ᠬᠢᠨᠠᠨ ᠬᠡᠮᠵᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠲᠦᠷᠭᠡᠳᠬᠡᠵᠦ᠂  ᠦᠶᠡᠷ ᠭᠠᠩ ᠤᠨ ᠭᠠᠮᠰᠢᠭ  ᠰᠡᠷᠭᠡᠶᠢᠯᠡᠯᠲᠡ ᠪᠠ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠳᠤ ᠤᠯᠠᠨ ᠲᠠᠯ᠎ᠠ ᠶᠢᠨ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠬᠡᠷᠡᠭᠲᠡᠶ᠃ᠬᠤᠶᠠᠷ ᠲᠤ ᠵᠣᠬᠢᠴᠠᠩᠭᠤᠶ ᠬᠥᠭᠵᠢᠯᠲᠡ ᠠᠴᠠ ᠦᠵᠡᠪᠡᠯ᠂ ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠡᠯ᠎ᠡ ᠭᠠᠵᠠᠷ ᠤᠨ ᠤᠰᠤᠨ ᠤ ᠡᠬᠢ ᠪᠠᠶᠠᠯᠢᠭ ᠤᠨ ᠨᠥᠬᠦᠴᠡᠯ᠂ ᠬᠥᠭᠵᠢᠯᠲᠡ ᠶᠢᠨ ᠬᠢᠷᠢ ᠬᠡᠮᠵᠢᠶ᠎ᠡ ᠠᠳᠠᠯᠢ ᠦᠭᠡᠢ᠂ ᠤᠰᠤᠨ ᠠᠰᠢᠭᠯᠠᠯᠲᠠ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠮᠠᠰᠢ ᠲᠤᠪᠤᠶᠢᠢᠮ᠎ᠠ ᠪᠠᠶᠢᠨ᠎ᠠ᠃ ᠦᠪᠦᠷ ᠮᠤᠩᠭᠤᠯ  ᠤᠨ ᠤᠰᠤᠨ ᠵᠦᠢ ᠨᠢ ᠪᠥᠬᠦ ᠣᠷᠣᠨ  ᠤ ᠤᠰᠤᠨ ‍ᠤᠡᠬᠢ ᠪᠠᠶᠠᠯᠢᠭ ᠤᠨ ᠬᠦᠴᠦᠨ ᠵᠦᠢᠯ ᠬᠢᠭᠡᠳ ᠪᠤᠰᠤᠳ ᠠᠵᠤ ᠠᠬᠤᠶ ᠶᠢᠨ ᠬᠦᠴᠦᠨ ᠵᠦᠢᠯ  ᠤᠨ ᠳᠤᠬᠢᠷᠠᠬᠤ ᠴᠢᠨᠠᠷ᠂ ᠤᠰᠤᠨ ᠠᠰᠢᠭᠯᠠᠯᠲᠠ ᠶᠢᠨ ᠬᠥᠭᠵᠢᠯᠲᠡ ᠬᠢᠭᠡᠳ ᠠᠵᠤ ᠠᠬᠤᠶ ᠨᠡᠶᠢᠭᠡᠮ  ᠤᠨ ᠬᠥᠭᠵᠢᠯᠲᠡ ᠶᠢᠨ ᠵᠣᠬᠢᠴᠠᠩᠭᠤᠶ ᠴᠢᠨᠠᠷ  ᠢ ᠲᠤᠯᠭᠠᠭᠤᠷᠢᠯᠠᠬᠤ ᠵᠡᠷᠭᠡ ᠲᠠᠯ᠎ᠠ ᠪᠠᠷ ᠢᠳᠡᠪᠬᠢᠲᠡᠶ ᠪᠠᠷ ᠠᠵᠢᠯ ᠬᠢᠵᠦ᠂ ᠤᠰᠤᠨ  ᠤ ᠡᠬᠢ ᠪᠠᠶᠠᠯᠢᠭ  ᠤᠨ ᠬᠦᠴᠦᠨ ᠵᠦᠢᠯ  ᠢ ᠲᠣᠬᠢᠷᠠᠭᠤᠯᠬᠤ  ᠳᠤ ᠦᠢᠯᠡᠴᠢᠯᠡᠬᠦ ᠡᠯ᠎ᠡ ᠵᠦᠢᠯ  ᠤᠨ ᠠᠵᠢᠯ  ᠢ ᠰᠠᠶᠢᠲᠤᠷ ᠬᠢᠬᠦ ᠬᠡᠷᠡᠭᠲᠡᠶ᠃      ᠭᠤᠷᠪᠠ ᠳᠤ ᠪᠣᠬᠢᠷᠲᠤᠯ ᠦᠭᠡᠶ ᠬᠥᠭᠵᠢᠯᠲᠡ ᠠᠴᠠ ᠦᠵᠡᠪᠡᠯ᠂ ᠶᠡᠷᠦᠩᠬᠡᠶ ᠱᠦᠵᠢ ᠰᠢ ᠶᠢᠨ ᠫᠢᠩ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ  ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ ᠳᠤ᠂ ᠦᠪᠦᠷ ᠮᠤᠩᠭᠤᠯ ᠳᠤ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠠᠰᠠᠭᠤᠳᠠᠯ ᠢ ᠣᠯᠠᠨᠲᠠ ᠳᠤᠷᠠᠳᠴᠠᠢ᠂ ᠮᠠᠨ ᠤ ᠤᠰᠤᠨ ᠵᠦᠢ ᠶᠢᠨ  ᠰᠢᠰᠲ᠋ᠧᠮ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠠᠭᠠᠨ᠂︽ᠨᠢᠭᠡ ᠨᠠᠭᠤᠷ ᠬᠤᠶᠠᠷ ᠲᠠᠩᠭᠢᠰ︾ ᠤᠨ ᠤᠰᠤᠨ ᠵᠦᠢ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠳᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠪᠣᠯᠬᠤᠷ ᠡᠷᠬᠡᠪᠰᠢ ᠤᠰᠤᠨ ᠤ ᠠᠮᠢ ᠠᠬᠤᠢ᠂ ᠤᠰᠤᠨ ᠤ ᠣᠷᠴᠢᠨ ᠲᠣᠭᠤᠷᠢᠨ᠂ ᠤᠰᠤᠨ ᠤ ᠡᠬᠢ ᠪᠠᠶᠠᠯᠢᠭ ᠤᠨ ᠦᠢᠯᠡᠴᠢᠯᠡᠭᠡ ᠳᠤ ᠬᠤᠯᠪᠣᠭᠳᠠᠬᠤ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠦᠨᠡᠨᠬᠦ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠬᠥᠭᠵᠢᠯᠲᠡ ᠳᠤ ᠤᠰᠤᠨ ᠵᠦᠢ ᠶᠢᠨ ᠤᠶᠤᠨ ᠤᠬᠠᠭᠠᠨ ᠢ ᠨᠡᠮᠡᠷᠢᠯᠡᠬᠦ ᠬᠡᠷᠡᠭᠲᠡᠢ᠃      ᠲᠦᠷᠪᠡ ᠳᠤ᠂  ᠥᠭᠡᠷᠡᠴᠢᠯᠡᠯᠲᠡ ᠬᠥᠭᠵᠢᠯᠲᠡ ᠠᠴᠠ ᠦᠵᠡᠪᠡᠯ᠂ ᠤᠰᠤᠨ ᠤ ᠠᠮᠤᠷ ᠲᠦᠪᠰᠢᠨ ᠤ ᠠᠰᠠᠭᠤᠳᠠᠯ ᠨᠢᠭᠡᠨᠲᠡ ᠪᠦᠬᠦ ᠪᠥᠮᠪᠥᠷᠴᠡᠭ ᠲᠤ ᠬᠠᠮᠲᠤᠪᠠᠷ ᠲᠤᠯᠭᠠᠷᠠᠵᠤ ᠪᠠᠶᠢᠭ᠎ᠠ ᠴᠢᠬᠤᠯᠠ ᠶᠡᠭᠡ ᠥᠷᠢᠰᠥᠯᠳᠦᠭᠡᠨ ᠪᠣᠯᠵᠠᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠳᠤ ᠤᠰᠤ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠬᠠᠷᠠᠯᠲᠠ ᠶᠢ  ᠲᠣᠰ ᠲᠤᠨᠢ ᠲᠣᠭᠲᠠᠭᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠨᠡᠭᠡᠭᠡᠯᠲᠡᠲᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠬᠤᠶᠠᠷ ᠲᠠᠯ᠎ᠠ ᠶᠢᠨ ᠪᠠ ᠤᠯᠠᠨ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠠᠨ ᠤᠯᠤᠰ ᠤᠨ ᠤᠰᠤᠨ ᠳᠤ ᠬᠤᠯᠪᠣᠭᠳᠠᠬᠤ ᠬᠡᠷᠡᠭ ᠶᠠᠪᠤᠳᠠᠯ ᠳᠠᠬᠢ ᠮᠠᠨ ᠤ ᠤᠯᠤᠰ ᠤᠨ ᠪᠦᠲᠦᠭᠡᠯᠴᠢ ᠴᠢᠨᠠᠷ ᠦᠢᠯᠡᠳᠦᠯ ᠢ ᠢᠳᠡᠪᠬᠢᠲᠡᠢ ᠪᠠᠳᠠᠷᠠᠭᠤᠯᠪᠠ᠃ ᠢᠯᠠᠩᠭᠤᠶ᠎ᠠ ᠤᠯᠤᠰ ᠬᠤᠭᠤᠷᠤᠨᠳᠤᠬᠢ ᠭᠤᠣᠯ ᠮᠥᠷᠡᠨ ᠳᠤ᠂ ᠤᠯᠤᠰ ᠤᠨ ᠤᠰᠤᠨ  ᠵᠦᠢ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠳᠤ ᠰᠢᠨᠵᠢᠯᠡᠬᠦ ᠤᠬᠠᠭᠠᠨᠴᠢ ᠪᠠᠷ ᠠᠷᠭ᠎ᠠ ᠤᠬᠠᠭᠠᠨ ᠰᠦᠪᠡᠭᠴᠢᠯᠡᠵᠦ᠂ ᠤᠰᠤᠨ ᠰᠢᠨᠵᠢᠯᠡᠭᠡᠨ ᠤ ︽ᠡᠮᠦᠨ᠎ᠡ ᠬᠠᠷᠠᠭᠤᠯ︾ ᠪᠠ ︽ᠬᠤᠰᠢᠭᠤᠴᠢ ᠴᠡᠷᠢᠭ︾ ᠤᠨ ᠦᠶᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃     ᠲᠠᠪᠤ ᠳᠤ᠂ ᠬᠠᠮᠲᠤᠪᠠᠷ ᠡᠳ᠋ᠯᠡᠬᠦ ᠬᠥᠭᠵᠢᠯᠲᠡ ᠠᠴᠠ ᠦᠵᠡᠪᠡᠯ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠨᠢ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ᠂ ᠠᠮᠢᠳᠤᠷᠠᠯ ᠤᠨ ᠶᠠᠰᠤ ᠴᠢᠨᠠᠷ᠂ ᠦᠢᠯᠡᠳᠪᠦᠷᠢᠯᠡᠯ ᠤᠨ ᠬᠥᠭᠵᠢᠯᠲᠡ ᠲᠠᠢ ᠨᠢᠭᠲᠠ ᠬᠤᠯᠪᠣᠭ᠎ᠠ ᠲᠠᠢ ᠪᠠᠶᠢᠵᠤ᠂ ᠬᠠᠮᠤᠭ ᠤᠨ ᠴᠢᠬᠤᠯᠠ ᠤᠯᠠᠨ ᠨᠡᠶᠢᠲᠡ ᠶᠢᠨ ᠪᠦᠲᠦᠭᠡᠭᠳᠡᠬᠦᠨ᠂ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠣᠯᠤᠨ᠎ᠠ᠃ ᠤᠰᠤᠨ ᠵᠦᠶ ᠨᠢ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠳᠤ ᠦᠶᠯᠡᠴᠢᠯᠡᠬᠦ ᠳᠤ᠂ ᠭᠠᠭᠴᠠ ᠬᠦ ᠤᠰᠤᠨ ᠵᠦᠶ ᠶᠢᠨ ᠡᠯ᠎ᠡ ᠵᠦᠶᠯ ᠤᠨ ᠦᠶᠯᠡᠴᠢᠯᠡᠭᠡᠨ ᠤ ᠲᠤᠯᠭᠠᠭᠤᠷᠢᠯᠠᠬᠤ ᠠᠵᠢᠯ ᠢ ᠰᠠᠶᠢᠲᠤᠷ ᠬᠢᠵᠦ᠂ ᠤᠰᠤᠨ ᠠᠰᠢᠭᠯᠠᠯᠲᠠ ᠶᠢᠨ ᠦᠶᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠪᠠᠯ  ᠰᠠᠶ᠋ᠢ ᠠᠷᠠᠳ ᠣᠯᠠᠨ ᠳᠤ ᠨᠠᠩ ᠣᠯᠠᠨ  ᠬᠦᠷᠲᠡᠭᠡᠮᠵᠢ ᠶᠢᠨ ᠲᠥᠷᠥᠭᠳᠡᠯ  ᠣᠯᠭᠤᠵᠤ ᠴᠢᠳᠠᠨ᠎ᠠ᠃      ᠭᠤᠷᠪᠠ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠤᠶᠤᠨᠲᠤ ᠤᠰᠤᠨ ᠵᠦᠶ ᠶᠢᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠬᠤ ᠳᠤ᠂ ᠰᠢᠨ᠎ᠡ ᠴᠠᠭ ᠦᠶ᠎ᠡ ᠶᠢᠨ ᠰᠢᠨ᠎ᠡ ᠡᠭᠦᠷᠭᠡ ᠶᠢᠨ ᠤᠰᠤᠨ ᠵᠦᠢ ᠶᠢᠨ ᠠᠵᠢᠯ ᠳᠠᠬᠢ ᠰᠢᠨ᠎ᠡ ᠱᠠᠭᠠᠷᠳᠠᠯᠭ᠎ᠠ ᠳᠤ ᠢᠳᠡᠪᠬᠢᠲᠡᠢ ᠵᠣᠬᠢᠴᠠᠵᠤ᠂ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠬᠤ ᠲᠠᠯ᠎ᠠ ᠪᠠᠷ ᠬᠦᠴᠦ ᠲ᠊ ᠲᠠᠯᠪᠢᠨ᠂ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠬᠦ ᠲᠠᠯ᠎ᠠ ᠪᠠᠷ ᠬᠦᠴᠦ ᠲᠠᠯᠪᠢᠵᠤ᠂ ᠤᠶᠤᠨᠲᠤ ᠤᠰᠤᠨ ᠵᠦᠢ ᠶᠢ ᠪᠦᠳᠦᠭᠡᠨ ᠪᠠᠶᠢᠭᠤᠯᠬᠤ ᠲᠠᠯ᠎ᠠ ᠪᠠᠷ ᠬᠦᠴᠦ ᠲᠠᠯᠪᠢᠬᠤ ᠬᠡᠷᠡᠭᠲᠡᠢ᠃      ᠨᠢᠭᠡ ᠳᠤ᠂ ᠤᠰᠤᠨ ᠵᠦᠶ ᠶᠢᠨ ᠬᠥᠭᠵᠢᠯᠲᠡ ᠶᠢᠨ ᠰᠡᠳᠬᠢᠴᠡ ᠶᠢᠨ ᠲᠠᠯ᠎ᠠ  ᠪᠠᠷ᠂ ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠭᠤᠣᠯᠳᠠᠭᠤᠯᠵᠤ᠂ ᠤᠰᠤᠨ ᠵᠦᠢ ᠶᠢᠨ ᠠᠵᠢᠯ ᠢ ᠰᠦᠪᠡᠭᠴᠢᠯᠡᠬᠦ ᠳᠤ᠂ ᠤᠰᠤᠨ ᠵᠦᠢ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ᠂ ︽ᠨᠢᠭᠡ ᠨᠠᠭᠤᠷ ᠬᠤᠶᠠᠷ ᠲᠠᠩᠭᠢᠰ︾ ᠤᠨ ᠤᠰᠤᠨ ᠵᠦᠢ ᠶᠢᠨ ᠬᠢᠨᠠᠨ ᠬᠡᠮᠵᠢᠯᠲᠡ᠂ ᠤᠰᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠳᠤ ᠦᠢᠯᠡᠴᠢᠯᠡᠬᠦ ᠳᠤ ᠴᠦ ᠲᠡᠷᠡ᠂ ᠤᠰᠤᠨ ᠵᠦᠢ ᠶᠢᠨ ᠦᠷᠳᠡᠭᠡ ᠶᠢᠨ ᠲᠣᠣᠷ ᠵᠢᠴᠢ ᠰᠠᠭᠤᠷᠢ ᠲᠥᠬᠦᠭᠡᠷᠦᠮᠵᠢ ᠲᠣᠭᠤᠷᠢᠨ ᠤ ᠪᠠᠶᠢᠭᠤᠯᠤᠯᠲᠠ ᠳᠤ ᠴᠤ ᠲᠡᠷᠡ᠂ ᠴᠥᠮ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠲᠠᠢ ᠵᠣᠬᠢᠴᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠤᠰᠤᠨ ᠵᠦᠢ ᠶᠢᠨ ᠡᠯ᠎ᠡ ᠵᠦᠢᠯ ᠤᠨ ᠠᠵᠢᠯ ᠢ ᠵᠢᠯᠣᠭᠤᠳᠴᠤ᠂ ᠤᠰᠤᠨ ᠵᠦᠢ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃      ᠬᠤᠶᠠᠷ ᠲᠤ᠂ ᠤᠰᠤᠨ ᠵᠦᠶ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ  ᠪᠠᠷ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠥᠭ ᠠᠶᠠᠰ ᠲᠤ ᠰᠠᠭᠤᠷᠢᠯᠠᠵᠤ᠂ ᠤᠰᠤᠨ ᠠᠰᠢᠭᠯᠠᠯᠲᠠ ᠶᠢᠨ ᠠᠵᠢᠯ ᠤᠨ ᠭᠤᠣᠯᠳᠠᠯᠭ᠎ᠠ ᠴᠢᠭᠯᠡᠯ ᠢᠶᠠᠨ ᠬᠤᠪᠢᠷᠠᠭᠤᠯᠬᠤ ᠠᠵᠠ ᠲᠣᠬᠢᠶᠠᠯ ᠢ ᠠᠮᠵᠢᠵᠤ᠂ ᠬᠤᠭᠤᠰᠣᠨ ᠢ ᠪᠥᠭᠯᠡᠬᠦ᠂ ᠳᠤᠲᠠᠭᠤᠳᠠᠯ ᠢ ᠨᠥᠬᠦᠪᠥᠷᠢᠯᠡᠬᠦ᠂ ᠴᠢᠳᠠᠪᠤᠷᠢ ᠶᠢ ᠨᠡᠮᠡᠭᠳᠡᠭᠦᠯᠬᠦ᠂ ᠬᠢᠷᠢ ᠲᠦᠪᠰᠢᠨ ᠢ ᠳᠡᠭᠡᠭᠰᠢᠯᠡᠭᠦᠯᠬᠦ᠂ ᠤᠰᠤᠨ ᠵᠦᠶ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠣᠶᠢᠯᠠᠭᠠᠭᠳᠠᠬᠤᠨ ᠢ ᠤᠰᠤᠨ ᠵᠦᠶ ᠶᠢᠨ ᠮᠡᠳᠡᠭᠡ  ᠵᠠᠩᠭᠢᠴᠢᠯᠠᠯᠲᠠ᠂ ᠤᠶᠤᠨᠴᠢᠯᠠᠯᠲᠠ  ᠶᠢ ᠳᠡᠭᠡᠭᠰᠢᠯᠡᠭᠦᠯᠬᠦ ᠳᠡᠭᠡᠷ᠎ᠡ ᠬᠤᠪᠢᠷᠠᠭᠤᠯᠵᠤ᠂ ᠶᠡᠭᠡ ᠭᠤᠤᠯ ᠮᠥᠷᠡᠨ ᠤ ᠤᠰᠤᠨ ᠵᠦᠶ ᠶᠢᠨ ᠬᠢᠨᠠᠨ ᠬᠡᠮᠵᠢᠬᠦ ᠰᠢᠰᠲ᠋ᠧᠮ ᠤᠨ ᠪᠥᠲᠥᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠲᠥᠷᠥᠯ ᠵᠦᠶᠯ ᠳᠤ ᠲᠦᠰᠢᠭᠯᠡᠨ᠂ ᠰᠢᠨ᠎ᠡ ᠮᠡᠷᠭᠡᠵᠢᠯ᠂ ᠰᠢᠨ᠎ᠡ ᠬᠡᠮᠵᠢᠭᠦᠷᠯᠢᠭ᠂ ᠰᠢᠨ᠎ᠡ ᠲᠥᠬᠦᠭᠡᠷᠦᠮᠵᠢ ᠶᠢ ᠣᠷᠣᠭᠤᠯᠤᠨ ᠠᠪᠴᠢᠷᠠᠬᠤ ᠪᠠ ᠬᠡᠷᠡᠭᠯᠡᠬᠦ ᠡᠷᠴᠢᠮ ᠢ ᠴᠢᠩᠭᠠᠷᠠᠭᠤᠯᠵᠤ᠂ ᠬᠥᠪᠦᠮᠡᠯ ᠲᠡᠮᠳᠡᠭ᠂ ᠳᠡᠭᠦᠵᠢᠯᠡᠭᠦᠷ ᠬᠠᠶᠢᠷᠴᠠᠭ ᠵᠡᠷᠭᠡ ᠤᠯᠠᠮᠵᠢᠯᠠᠯᠲᠤ ᠬᠡᠮᠵᠢᠨ ᠪᠠᠶᠢᠴᠠᠭᠠᠬᠤ  ᠲᠥᠬᠦᠭᠡᠷᠦᠮᠵᠢ ᠶᠢᠨ ᠦᠶᠯᠡᠳᠦᠯ ᠢ ᠰᠤᠯᠠᠷᠠᠭᠤᠯᠤᠨ᠂ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠠᠯᠤᠰ  ᠠᠴᠠ ᠬᠢᠨᠠᠨ ᠡᠵᠡᠮᠳᠡᠬᠦ ᠵᠡᠷᠭᠡ ᠴᠢᠳᠠᠪᠤᠷᠢ ᠶᠢ ᠭᠤᠤᠯᠳᠠᠯᠭ᠎ᠠ ᠲᠠᠢ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠶ᠂ ᠤᠰᠤᠨ ᠤ ᠭᠠᠶ ᠭᠠᠮᠰᠢᠭ ᠢ ᠵᠠᠰᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃      ᠭᠤᠷᠪᠠ ᠳᠤ ᠤᠰᠤᠨ ᠵᠦᠢ ᠶᠢᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ᠰᠠᠪᠠ ᠭᠠᠵᠠᠷ ᠤᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠥᠷᠭᠡᠳᠬᠡᠨ᠂ ᠬᠢᠨᠠᠨ ᠬᠠᠮᠢᠶᠠᠷᠬᠤ  ᠰᠢᠰᠲ᠋ᠧᠮ ᠢ ᠪᠠᠶᠢᠭᠤᠯᠵᠤ᠂ ᠤᠰᠤᠨ  ᠵᠦᠢ ᠶᠢᠨ ᠥᠷᠲᠡᠭᠡ ᠶᠢᠨ ᠲᠣᠤᠷ ᠢ ᠲᠡᠭᠦᠯᠳᠡᠷᠵᠢᠭᠦᠯᠦᠨ᠂ ᠮᠡᠳᠡᠭᠡ ᠵᠠᠩᠭᠢ ᠴᠤᠭᠯᠠᠭᠤᠯᠬᠤ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠶ ᠶᠢᠨ ᠰᠢᠰᠲ᠋ᠧᠮ ᠢ ᠬᠢᠨᠠᠨ ᠬᠡᠮᠵᠢᠬᠦ ᠡᠷᠴᠢᠮ ᠢ ᠴᠢᠩᠭᠠᠷᠠᠭᠤᠯᠵᠤ᠂ ᠤᠰᠤᠨ ᠵᠦᠢ ᠶᠢᠨ ᠪᠠᠴᠢᠮ ᠪᠠᠶᠢᠳᠠᠯ ᠢ ᠠᠷᠭᠠᠴᠠᠬᠤ ᠬᠢᠨᠠᠨ ᠬᠡᠮᠵᠢᠬᠦ ᠰᠢᠰᠲ᠋ᠧᠮ ᠢ  ᠲᠡᠭᠦᠯᠳᠡᠷᠵᠢᠭᠦᠯᠦᠨ᠂ ᠤᠰᠤᠨ ᠵᠦᠢ ᠶᠢᠨ ᠰᠠᠭᠤᠷᠢ ᠰᠢᠨᠵᠢᠯᠡᠬᠦ ᠤᠬᠠᠭᠠᠨ ᠤ ᠰᠤᠳᠤᠯᠭᠠᠨ ᠢ ᠲᠦᠯᠬᠢᠨ ᠠᠬᠢᠭᠤᠯᠵᠤ᠂ ᠤᠰᠤᠨ ᠵᠦᠢ ᠶᠢᠨ ᠦᠢᠯᠡᠴᠢᠯᠡᠭᠡᠨ ᠤ ᠬᠦᠷᠢᠶ᠎ᠡ ᠶᠢ  ᠥᠷᠭᠡᠳᠬᠡᠨ᠂ ᠤᠰᠤᠨ ᠵᠦᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠪᠦᠷ ᠮᠤᠩᠭᠤᠯ ᠤᠨ ᠭᠤᠣᠯ  ᠮᠥᠷᠡᠨ ᠤᠨ ᠬᠡᠰᠡᠭ  ᠤᠨ ᠤᠰᠤᠨ ᠵᠦᠢ ᠶᠢᠨ ᠦᠨᠳᠦᠰᠦᠨ ᠵᠢᠮ᠎ᠡ  ᠶᠣᠰᠣᠨ ᠤ ᠰᠤᠳᠤᠯᠤᠯ ᠢ ᠢᠳᠡᠪᠬᠢᠲᠡᠶ ᠪᠠᠷ ᠥᠷᠨᠢᠭᠦᠯᠦᠨ᠂ ᠤᠰᠤᠨ ᠵᠦᠢ ᠶᠢᠨ ᠬᠢᠨᠠᠨ ᠬᠡᠮᠵᠢᠭᠰᠡᠨ ᠲᠤᠭ᠎ᠠ ᠪᠠᠷᠢᠮᠲᠠ ᠪᠣᠯᠤᠨ  ᠲᠡᠦᠬᠡᠨ  ᠮᠠᠲ᠋ᠧᠷᠢᠶᠠᠯ ᠢ ᠭᠦᠢᠴᠡᠳ ᠰᠠᠶᠢᠲᠤᠷ ᠬᠡᠷᠡᠭᠯᠡᠵᠦ᠂ ᠦᠶᠡᠷ  ᠤᠨ ᠤᠰᠤ᠂ ᠰᠢᠪᠠᠷ ᠰᠢᠷᠣᠶ ᠶᠢᠨ ᠲᠠᠩᠰᠠ᠂ ᠤᠷᠤᠰᠬᠠᠯ  ᠤᠨ ᠲᠠᠩᠰᠠ ᠶᠢ ᠴᠢᠷᠮᠠᠶᠢᠨ ᠲᠣᠳᠣᠷᠬᠠᠶᠢᠯᠠᠵᠤ᠂ ᠣᠷᠣᠨ ᠨᠤᠲᠤᠭ  ᠤᠨ ᠠᠵᠤ ᠠᠬᠤᠶ ᠳᠤ ᠨᠡᠩ ᠨᠠᠶᠢᠳᠠᠪᠤᠷᠢᠲᠠᠶ ᠰᠠᠭᠤᠷᠢ ᠦᠨᠳᠦᠰᠦᠯᠡᠯ ᠬᠠᠩᠭᠠᠬᠤ ᠬᠡᠷᠡᠭᠲᠡᠶ᠃ ᠤᠰᠤᠨ ᠤ ᠡᠬᠢ ᠪᠠᠶᠠᠯᠢᠭ ᠢ ᠬᠢᠨᠠᠨ ᠬᠡᠮᠵᠢᠬᠦ ᠶᠢ ᠴᠢᠩᠭᠠᠳᠬᠠᠵᠤ᠂ ᠤᠰᠤ ᠲᠠᠲᠠᠵᠤ ᠭᠠᠷᠭᠠᠬᠤ ᠠᠮᠠᠰᠠᠷ ᠢ ᠴᠠᠭ ᠲᠤᠬᠠᠶ ᠳᠤᠨᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠪᠠᠷ ᠬᠠᠷᠠᠯᠲᠠ ᠪᠣᠯᠭᠠᠨ᠂ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠤᠰᠤᠨ  ᠤ ᠣᠷᠴᠢᠨ  ᠲᠣᠭᠤᠷᠢᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠰᠠᠭᠤᠷᠢ ᠲᠥᠬᠦᠭᠡᠷᠦᠮᠵᠢ  ᠶᠢᠨ ᠪᠥᠳᠥᠭᠡᠨ ᠪᠠᠶᠢᠭᠤᠯᠤᠯᠲᠠ ᠪᠠ ᠬᠡᠮᠵᠢᠭᠦᠷᠯᠢᠭ ᠲᠥᠬᠦᠭᠡᠷᠦᠮᠵᠢ  ᠶᠢ ᠲᠣᠬᠢᠷᠠᠭᠤᠯᠤᠨ ᠰᠢᠨᠡᠳᠬᠡᠬᠦ ᠡᠷᠴᠢᠮ ᠢ ᠨᠡᠮᠡᠭᠳᠡᠭᠦᠯᠦᠨ᠂ ᠬᠢᠨᠠᠨ ᠬᠡᠮᠵᠢᠬᠦ ᠲᠥᠷᠥᠯ ᠵᠦᠢᠯ  ᠢ ᠥᠷᠭᠡᠳᠬᠡᠨ᠂ ᠲᠤᠷᠰᠢᠯᠲᠠ  ᠶᠢᠨ ᠲᠠᠰᠤᠭ  ᠤᠨ ᠬᠠᠮᠢᠶᠠᠷᠤᠯᠲᠠ  ᠶᠢᠨ ᠵᠥᠭᠡᠯᠡᠨ ᠬᠡᠷᠡᠭᠰᠡᠯ  ᠤᠨ  ᠠᠵᠢᠯᠯᠠᠭ᠎ᠠ ᠶᠢ  ᠲᠦᠷᠭᠡᠳᠬᠡᠵᠦ᠂ ᠤᠰᠤᠨ  ᠤ ᠣᠷᠴᠢᠨ ᠲᠣᠭᠤᠷᠢᠨ ᠤ ᠬᠢᠨᠠᠨ ᠪᠠᠶᠢᠴᠠᠭᠠᠯᠲᠠ ᠴᠢᠳᠠᠪᠤᠷᠢ  ᠶᠢ ᠳᠡᠭᠡᠭᠰᠢᠯᠡᠭᠦᠯᠦᠨ᠎ᠡ᠃ ᠤᠰᠤᠨ ᠤ ᠠᠮᠢ ᠠᠬᠤᠶ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠰᠠᠨᠠᠭᠠᠴᠢᠯᠠᠭ᠎ᠠ  ᠠᠴᠠ ᠪᠠᠨ ᠮᠡᠷᠭᠡᠵᠢᠯ  ᠤᠨ ᠵᠢᠯᠤᠭᠤᠳᠤᠯᠭ᠎ᠠ ᠡᠷᠢᠵᠦ᠂ ᠪᠣᠯᠪᠠᠰᠤᠷᠠᠭᠤᠯᠤᠯ ᠪᠠ ᠦᠶᠯᠡᠳᠦᠯᠭᠡ ᠶᠢᠨ ᠡᠷᠴᠢᠮ ᠢᠶᠠᠨ ᠴᠢᠩᠭᠠᠷᠠᠭᠤᠯᠤᠨ᠂ ᠰᠠᠪᠠ ᠭᠠᠵᠠᠷ ᠤᠨ ᠤᠰᠤᠨ ᠤ ᠠᠮᠢ ᠠᠬᠤᠶ ᠶᠢᠨ ᠬᠠᠮᠠᠭᠠᠯᠠᠯᠲᠠ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ᠤᠰᠤᠨ ᠵᠦᠶ ᠶᠢᠨ ᠮᠡᠳᠡᠭᠡ ᠵᠠᠩᠭᠢ ᠶᠢ ᠤᠷᠢᠳᠴᠢᠯᠠᠨ ᠮᠡᠳᠡᠭᠡᠯᠡᠬᠦ ᠵᠠᠭᠪᠤᠷ ᠤᠨ ᠰᠤᠳᠤᠯᠤᠯ ᠬᠢᠭᠡᠳ ᠤᠰᠤᠨ ᠵᠦᠶ ᠶᠢᠨ ᠮᠡᠳᠡᠭᠡ ᠵᠠᠩᠭᠢ ᠶᠢᠨ ᠦᠶᠯᠡᠴᠢᠯᠡᠭᠡᠨ ᠤ ᠦᠶᠯᠡᠳᠬᠦᠨ ᠢ ᠣᠷᠣᠭᠤᠯᠤᠨ ᠠᠪᠴᠢᠷᠠᠬᠤ ᠶᠢ ᠲᠦᠷᠭᠡᠳᠬᠡᠵᠦ᠂ ᠤᠰᠤᠨ ᠵᠦᠶ ᠶᠢᠨ ᠦᠶᠯᠡᠴᠢᠯᠡᠭᠡᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠴᠢᠩᠭ᠎ᠠ ᠬᠢᠨᠠᠨ ᠬᠠᠮᠢᠶᠠᠷᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号