2022 ᠣᠨ ᠤ 9 ᠰᠠᠷ᠎ᠠ ᠶᠢᠨ ᠰᠡᠭᠦᠯᠴᠢ ᠠᠴᠠ ᠨᠠᠭᠠᠰᠢ᠂ ᠬᠥᠬᠡᠬᠤᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠣᠯᠵᠠᠢ᠃ ᠬᠢᠵᠢᠭ ᠤᠨ ᠪᠠᠶᠢᠳᠠᠯ ᠪᠣᠯ | ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ | ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠰᠡᠷᠭᠡᠶᠢᠯᠡᠨ ᠡᠵᠡᠮᠳᠡᠬᠦ | ᠠᠵᠢᠯ ᠢ ᠳᠠᠷᠤᠶ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠡᠨᠡᠬᠦ ᠪᠠᠴᠢᠮ ᠴᠠᠭ ᠮᠥᠴᠡ ᠳᠤ᠂ | ᠤᠰᠤᠨ ᠠᠰᠢᠭᠯᠠᠯᠲᠠ ᠶᠢᠨ ᠲᠢᠩᠬᠢᠮ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠬᠤᠷᠢᠭᠰᠠᠨ ᠥᠬᠡᠶ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ︽ᠬᠤᠤᠰ ᠨᠡᠷ᠎ᠡ | ᠮᠡᠳᠡᠭᠦᠯᠬᠦ︾ ᠪᠠᠷ ᠠᠴᠢᠶᠠᠯᠠᠪᠤᠷᠢ ᠪᠣᠯᠭᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︽ | ᠬᠢᠵᠢᠭ︾ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ ᠥᠷᠨᠢᠭᠦᠯᠵᠦ᠂ | ᠨᠠᠮ ᠤᠨ ᠭᠡᠰᠢᠭᠦᠨ ᠺᠠᠳ᠋ᠷ ᠤᠨ ᠬᠤᠰᠢᠭᠤᠴᠢ ᠵᠢᠱᠢᠶᠡᠴᠢ ᠦᠶ᠋ᠯᠡᠳᠦᠯ ᠢ ᠭᠦᠶ᠋ᠴᠡᠳ ᠪᠠᠳᠠᠷᠠᠭᠤᠯᠤᠨ᠂ ᠪᠣᠳᠠᠲᠤ | ᠠᠵᠢᠯᠯᠠᠭ᠎ᠠ ᠪᠠᠷ ᠢᠶᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠲᠤᠯᠭᠡᠵᠢᠭᠦᠯᠪᠠ᠃ | ᠡᠮᠦᠨ᠎ᠡ ᠨᠢ ᠭᠠᠪᠰᠢᠭᠠᠶᠢᠯᠠᠵᠤ᠂ ᠬᠠᠷᠢᠭᠤᠴᠠᠯᠭ᠎ᠠ ᠡᠭᠦᠷᠭᠡᠯᠡᠬᠦ ᠮᠥᠨ ᠴᠢᠨᠠᠷ ᠢᠶᠠᠨ ᠭᠦᠢᠴᠡᠳ ᠢᠯᠡᠷᠡᠭᠦᠯᠪᠡ᠃ | ᠡᠨᠡ ᠬᠦ ᠲᠡᠷᠢ ᠶᠢᠨ ᠣᠲᠤᠭ᠎ᠠ ᠥᠬᠡᠶ ᠳᠠᠶᠢᠯᠠᠯᠳᠤᠭᠠᠨ ᠳᠤ᠂ ᠤᠰᠤᠨ ᠠᠰᠢᠭᠯᠠᠯᠲᠠ ᠶᠢᠨ ᠲᠢᠩᠬᠢᠮ ᠤᠨ ᠪᠠᠶᠢᠭᠤᠯᠭ᠎ᠠ | ᠪᠣᠯᠤᠨ ᠬᠥᠬᠡᠬᠤᠲᠠ ᠳᠤ ᠰᠠᠭᠤᠭ᠎ᠠ ᠲᠢᠩᠬᠢᠮ ᠤᠨ ᠬᠠᠷᠢᠶ᠎ᠠ ᠨᠢᠭᠡᠴᠢ ᠶᠢᠨ ᠨᠠᠮ ᠤᠨ ᠭᠡᠰᠢᠭᠦᠨ ᠺᠠᠳ᠋ᠷ ᠡᠩ | ᠲᠡᠷᠢᠭᠦᠨ ᠳᠤ ᠪᠣᠰᠴᠤ ᠵᠣᠭᠰᠣᠨ᠂ ᠡᠮᠦᠨ᠎ᠡ ᠨᠢ ᠬᠤᠰᠢᠭᠤᠷᠠᠵᠤ᠂ ᠲᠦᠷᠦᠭᠦᠯᠡᠨ ᠬᠢᠵᠢᠭ ᠲᠠᠢ ᠲᠡᠮᠡᠴᠡᠬᠦ ᠡᠮᠦᠨ᠎ᠡ | ᠹᠷᠣᠨᠲ ᠲᠤ ᠭᠦᠨᠵᠡᠭᠡᠶᠢᠷᠡᠵᠦ᠂ ᠬᠢᠵᠢᠭ ᠲᠠᠢ ᠲᠡᠮᠡᠴᠡᠵᠦ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ | ᠣᠶᠢᠯᠠᠭᠠᠵᠤ᠂ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠲᠠᠢ ᠵᠣᠯᠭᠠᠭᠤᠯᠵᠤ᠂ ᠲᠤᠬᠠᠶ ᠶᠢᠨ ᠲᠠᠯᠠᠪᠠᠶ ᠳᠤ | ᠵᠢᠭᠠᠨ ᠵᠢᠯᠣᠭᠤᠳᠴᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ | ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢ ᠲᠦᠷᠭᠡᠨ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠤᠯᠪᠠ᠃ ᠥᠷᠭᠡᠨ | ᠣᠯᠠᠨ ᠨᠠᠮ ᠤᠨ ᠭᠡᠰᠢᠭᠦᠨ ᠴᠠᠭ ᠮᠥᠴᠡ ᠲᠠᠢ ᠤᠷᠤᠯᠳᠤᠨ ᠬᠢᠵᠢᠭ ᠲᠠᠢ ᠦᠵᠡᠯᠴᠡᠵᠦ᠂ ᠳᠠᠭᠠᠭᠠᠴᠢᠯᠠᠨ ᠬᠠᠷᠢᠯᠴᠠᠬᠤ | ᠨᠡᠶᠢᠭᠡᠮ ᠲᠣᠭᠤᠷᠢᠭ ᠪᠤᠶᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠲᠤ ᠬᠢᠵᠢᠭ ᠢ ᠰᠡᠷᠭᠡᠶᠢᠯᠡᠬᠦ ᠠᠵᠢᠯᠲᠠᠨ ᠢ | ᠬᠠᠮᠵᠢᠨ ᠲᠠᠯᠠᠪᠤᠷ ᠭᠠᠵᠠᠷ ᠢ ᠠᠷᠢᠭᠤᠳᠬᠠᠬᠤ᠂ ᠰᠠᠭᠤᠭᠠᠯᠢ ᠠᠷᠠᠳ ᠤᠨ ᠪᠡᠶ᠎ᠡ ᠶᠢᠨ ᠬᠠᠯᠠᠭᠤᠨ ᠢ ᠪᠠᠶᠢᠴᠠᠭᠠᠬᠤ᠂ | ᠡᠮᠬᠢ ᠳᠢᠭᠯᠢᠮ ᠢ ᠬᠥᠲᠥᠯᠥᠨ ᠵᠢᠯᠣᠭᠤᠳᠬᠤ᠂ ᠮᠡᠳᠡᠭᠡ ᠵᠠᠩᠭᠢ ᠶᠢ ᠴᠤᠭᠯᠠᠭᠤᠯᠤᠨ ᠣᠷᠣᠭᠤᠯᠬᠤ᠂ ᠡᠳ᠋ ᠪᠣᠳᠠᠰ ᠢ | ᠪᠠᠲᠤᠯᠠᠨ ᠬᠠᠩᠭᠠᠬᠤ᠂ ᠴᠡᠭ ᠢᠶᠠᠷ ᠵᠢᠵᠢᠭᠦᠷᠯᠡᠬᠦ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ | ᠰᠡᠷᠭᠡᠶᠢᠯᠡᠨ ᠡᠵᠡᠮᠳᠡᠬᠦ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠵᠦ᠂ ᠲᠠᠳᠠ ᠡᠮᠴᠢ ᠰᠤᠪᠢᠯᠠᠭᠴᠢ᠂ ᠨᠡᠶᠢᠭᠡᠮ | ᠲᠣᠭᠤᠷᠢᠭ ᠤᠨ ᠠᠵᠢᠯᠲᠠᠨ ᠲᠠᠢ ᠬᠠᠮᠲᠤ ᠪᠠᠷ ︽ᠬᠢᠵᠢᠭ︾ ᠲᠠᠢ ᠲᠡᠮᠡᠴᠡᠬᠦ ᠬᠦᠴᠦᠷᠬᠡᠭ ᠶᠡᠭᠡ ᠬᠦᠴᠦᠨ ᠢ | ᠨᠢᠭᠲᠠᠷᠠᠭᠤᠯᠵᠤ᠂ ︽ᠬᠥᠬᠡᠬᠤᠲᠠ︾ ᠶᠢᠨ ᠠᠮᠤᠷ ᠠᠮᠤᠭᠤᠯᠠᠩ ᠡᠷᠡᠭᠦᠯ ᠮᠡᠨᠳᠦ ᠶᠢ ᠰᠠᠬᠢᠨ ᠬᠠᠮᠠᠭᠠᠯᠠᠪᠠ᠃ | ᠠᠷᠠᠳ ᠲᠦᠮᠡᠨ ᠳᠤ ᠦᠢᠯᠡᠴᠢᠯᠡᠵᠦ᠂ ᠤᠰᠤᠨ ᠠᠰᠢᠭᠯᠠᠯᠲᠠ ᠶᠢᠨ ᠬᠥᠮᠦᠨ ᠤ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠶᠢ ᠦᠢᠯᠡᠲᠤᠯᠭᠡᠵᠢᠭᠦᠯᠤᠨᠡ᠃ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠭᠡᠰᠢᠭᠦᠨ ᠺᠠᠳ᠋ᠷ | ᠢᠮᠠᠭᠲᠠ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠠᠶᠤᠯ ᠲᠦᠭᠰᠢᠭᠦᠷᠢ ᠪᠠ | ᠥᠷᠢᠰᠥᠯᠳᠦᠭᠡᠨ ᠠᠴᠠ ᠠᠶᠤᠬᠤ ᠦᠭᠡᠢ᠂ ᠰᠠᠯᠬᠢ ᠪᠣᠷᠣᠭᠠᠨ ᠪᠠ ᠰᠢᠷᠭᠠᠭᠤ ᠬᠥᠳᠡᠯᠮᠦᠷᠢ ᠠᠴᠠ ᠠᠶᠤᠬᠤ ᠦᠭᠡᠢ ᠪᠠᠷ | ᠡᠮᠦᠨ᠎ᠡ ᠨᠢ ᠭᠠᠪᠰᠢᠭᠠᠶᠢᠯᠠᠵᠤ᠂ ᠬᠠᠷᠠᠮ ᠦᠭᠡᠢ ᠵᠣᠷᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠤᠯᠠᠭᠠᠨ ︽ᠬᠠᠯᠬᠠᠪᠴᠢ ᠬᠡᠷᠡᠮ︾ ᠢ ᠴᠣᠭᠴᠠᠯᠠᠵᠤ᠂ ᠣᠷᠣᠨ ᠤ ᠲᠥᠪ ᠤᠨ ᠠᠷᠠᠳ ᠲᠦᠮᠡᠨ ᠤ ᠵᠣᠯ ᠵᠢᠷᠭᠠᠯ ᠪᠠ | ᠡᠷᠡᠭᠦᠯ ᠮᠡᠨᠳᠦ ᠶᠢ ᠬᠠᠮᠠᠭᠠᠯᠠᠪᠠ᠃ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ | ᠪᠠᠰᠠ ᠨᠡᠶᠢᠭᠡᠮ ᠲᠣᠭᠤᠷᠢᠭ ᠲᠤ ᠡᠮᠴᠢᠯᠡᠭᠡᠨ ᠤ ᠠᠮᠠᠪᠴᠢ᠂ ᠭᠤᠮ ᠪᠡᠭᠡᠯᠡᠶ᠂ ᠠᠷᠢᠭᠤᠳᠬᠠᠬᠤ ᠰᠢᠩᠭᠡᠨ᠂ ᠢᠳᠡᠭᠡᠨ᠂ | ᠳᠤᠯᠠᠭᠠᠯᠠᠬᠤ ᠬᠡᠦᠬᠡᠳ᠂ ᠬᠥᠪᠥᠩ ᠤᠨ ᠳ᠋ᠠᠴᠠᠩ᠂ ᠳᠤᠯᠠᠭᠠᠯᠠᠬᠤ ᠮᠠᠰᠢᠨ ᠵᠡᠷᠭᠡ ᠪᠠᠴᠢᠮ ᠬᠡᠷᠡᠭᠰᠡᠬᠦ ᠬᠢᠵᠢᠭ ᠢ | ᠰᠡᠷᠭᠡᠶᠢᠯᠡᠬᠦ ᠡᠳ᠋ ᠪᠣᠳᠠᠰ ᠬᠠᠨᠳᠢᠪᠯᠠᠵᠤ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠰᠠᠶᠢᠨ ᠳᠤᠷ᠎ᠠ ᠶᠢᠨ ᠦᠢᠯᠡᠴᠢᠯᠡᠭᠡ ᠳᠤ ᠬᠦᠴᠦᠲᠡᠶ ᠳᠡᠮᠵᠢᠯᠭᠡ ᠬᠠᠩᠭᠠᠪᠠ᠃ | ᠣᠳᠣᠬᠠᠨ ᠪᠣᠯᠲᠠᠯ᠎ᠠ᠂ ᠤᠰᠤᠨ ᠠᠰᠢᠭᠯᠠᠯᠲᠠ ᠶᠢᠨ ᠲᠢᠩᠬᠢᠮ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ | ᠵᠢᠴᠢ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ | ᠣᠷᠣᠯᠴᠠᠭᠰᠠᠨ ᠨᠠᠮ ᠤᠨ ᠵᠣᠬᠢᠶᠠᠨ ᠪᠠᠶᠢᠭᠤᠯᠤᠯᠲᠠ 38 ᠪᠠᠶᠢᠵᠤ᠂ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ | ᠵᠢᠴᠢ ᠨᠠᠮ ᠤᠨ ᠭᠡᠰᠢᠭᠦᠨ ᠺᠠᠳ᠋ᠷ ᠤᠨ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠲᠤ ᠨᠡᠶᠢᠲᠡ 1250 ᠭᠠᠷᠤᠶ | ᠬᠥᠮᠦᠨ ᠤᠳᠠᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡ ᠬᠢᠵᠦ᠂ 4 . 9 ᠲᠦᠮᠡ ᠭᠠᠷᠤᠶ ᠲᠥᠭᠦᠷᠢᠭ ᠤᠨ | ᠬᠢᠵᠢᠭ ᠢ ᠰᠡᠷᠭᠡᠶᠢᠯᠡᠬᠦ ᠡᠳ᠋ ᠪᠣᠳᠠᠰ ᠬᠠᠨᠳᠢᠪᠯᠠᠪᠠ᠃ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠭᠡᠰᠢᠭᠦᠨ | ᠺᠠᠳ᠋ᠷᠴᠤᠳ ᠤᠨ ᠬᠠᠷᠠᠮ ᠦᠭᠡᠶ ᠵᠣᠷᠢᠭᠤᠯᠬᠤ ᠵᠣᠷᠢᠭ ᠰᠠᠨᠠᠭ᠎ᠠ᠂ ᠨᠠᠷᠢᠨ ᠨᠢᠮᠪᠠᠶ ᠪᠥᠭᠡᠳ ᠬᠦᠯᠢᠴᠡᠩᠭᠦᠶ | ᠦᠢᠯᠡᠴᠢᠯᠡᠭᠡ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠨᠢᠭᠡᠳᠦᠯᠲᠡᠶ ᠵᠥᠪᠰᠢᠶᠡᠷᠡᠯ ᠪᠠ ᠰᠢᠭᠤᠳ | ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶᠠᠨ ᠤ ᠨᠤᠲᠠᠯᠠᠯᠲᠠ ᠶᠢ ᠣᠯᠤᠭᠰᠠᠨ ᠪᠠᠶᠢᠨ᠎ᠠ᠃ | ᠬᠢᠵᠢᠭ ᠤᠨ ᠪᠠᠶᠢᠳᠠᠯ ᠵᠣᠭᠰᠣᠬᠤ ᠦᠭᠡᠢ᠂ ᠳᠠᠶᠢᠯᠠᠯᠳᠤᠭᠠᠨ ᠵᠣᠭᠰᠣᠬᠤ ᠦᠭᠡᠢ᠂ ᠬᠤᠪᠢ ᠨᠡᠮᠡᠷᠢ ᠴᠦ | ᠵᠣᠭᠰᠣᠬᠤ ᠦᠭᠡᠢ᠃ ᠲᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠲᠠ ᠶᠢᠨ ᠲᠢᠩᠬᠢᠮ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠶᠢ | ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ | ᠦᠢᠯᠡᠴᠢᠯᠡᠭᠡ ᠳᠤ ᠣᠷᠣᠯᠴᠠᠬᠤ ᠶᠢ ᠵᠣᠷᠢᠭᠵᠢᠭᠤᠯᠵᠤ᠂ ᠺᠠᠳ᠋ᠷ ᠠᠵᠢᠯᠲᠠᠨ ᠠᠵᠢᠯᠴᠢᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠰᠠᠬᠢᠯᠭ᠎ᠠ ᠪᠠᠲᠤ ᠶᠢ ᠲᠦᠷᠦᠭᠦᠯᠡᠨ ᠬᠡᠷᠡᠭᠵᠢᠭᠦᠯᠬᠦ ᠶᠢ ᠬᠥᠲᠥᠯᠥᠨ ᠵᠢᠯᠣᠭᠤᠳᠴᠤ᠂ ᠬᠠᠷᠢᠶ᠎ᠠ | ᠭᠠᠵᠠᠷ ᠤᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠳᠤ ᠦᠷᠭᠦᠯᠵᠢᠯᠡᠨ ᠤᠰᠤᠨ | ᠠᠰᠢᠭᠯᠠᠯᠲᠠ ᠶᠢᠨ ᠬᠦᠴᠦᠨ ᠴᠢᠳᠠᠯ ᠢᠶᠠᠨ ᠡᠷᠭᠦᠬᠦ ᠳᠤ ᠬᠦᠴᠦᠨ ᠨᠡᠮᠡᠷᠢᠯᠡᠬᠦ ᠪᠣᠯᠤᠨ᠎ᠠ᠃ | |