2022 ᠣᠨ ᠤ 11 ᠳ᠋ᠦ᠋ᠭᠡᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠠᠴᠠ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠤᠤᠯ | ᠳᠤᠭᠤᠶᠢᠯᠠᠩ ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠬᠠᠮᠲᠤ ᠪᠠᠷ ᠰᠤᠷᠤᠯᠴᠠᠵᠤ ᠰᠤᠳᠤᠯᠤᠨ ᠶᠠᠷᠢᠯᠴᠠᠪᠠ᠃ | ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ | ᠳᠠᠷᠤᠭ᠎ᠠ ᠱᠤᠩ ᠰᠢᠶᠤᠤ ᠶᠸᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠷᠠᠯ ᠠᠴᠠ ︽ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ ᠤᠬᠠᠭᠤᠯᠤᠨ ᠲᠤᠤᠱᠯᠠᠭᠤᠯᠬᠤ | ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠤᠯᠠᠮᠵᠢᠯᠠᠨ | ᠰᠤᠷᠤᠯᠴᠠᠵᠤ᠂ ᠲᠢᠩᠬᠢᠮ ᠤᠨ ᠳᠡᠳ᠋ ᠳᠠᠷᠤᠭ᠎ᠠ ᠯᠢ ᠪᠢᠨ ᠪᠣᠯᠤᠨ ᠭᠠᠵᠠᠷ ᠤᠨ ᠲᠠᠰ ᠤᠨ 10 ᠤᠳᠤᠷᠢᠳᠬᠤ ᠺᠠᠳ᠋ᠷ | ᠨᠠᠷ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ ᠲᠣᠣᠱᠯᠠᠭᠤᠯᠤᠨ | ᠨᠠᠶᠢᠳᠠᠪᠤᠷᠢᠵᠢᠭᠤᠯᠬᠤ ᠲᠤᠬᠠᠶ ᠲᠥᠷᠥᠭᠳᠡᠯ ᠢᠶᠠᠨ ᠶᠠᠷᠢᠪᠠ᠃ | ᠱᠤᠩ ᠰᠢᠶᠤᠤ ᠶᠸᠦ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ | ᠤᠷᠤᠭᠰᠢᠯᠠᠯᠲᠠ ᠶᠢᠨ ᠪᠦᠷᠢᠶ᠎ᠡ ᠶᠢ ᠬᠠᠩᠭᠢᠨᠠᠭᠤᠯᠤᠭᠰᠠᠨ ᠨᠢ ᠨᠠᠮ ᠪᠠ ᠤᠯᠤᠰ ᠤᠨ ᠬᠥᠭᠵᠢᠯᠲᠡ ᠶᠢᠨ ᠠᠬᠢᠴᠠ ᠳᠤ | ᠲᠦᠢᠯ ᠤᠨ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠦᠨ᠎ᠡ ᠠᠴᠠ ᠬᠢᠭᠰᠡᠨ ᠢᠯᠡᠳᠬᠡᠯ ᠨᠢ ᠮᠢᠩᠭᠠᠨ ᠣᠨ ᠤ | ᠠᠤᠭ᠎ᠠ ᠦᠢᠯᠡᠰ ᠢ ᠪᠣᠳᠣᠯᠬᠢᠯᠠᠨ᠂ ᠵᠠᠭᠤᠨ ᠵᠢᠯ ᠤᠨ ᠬᠤᠪᠢᠰᠤᠯᠲᠠ ᠳᠤ ᠰᠠᠭᠤᠷᠢᠯᠠᠵᠤ᠂ ᠨᠠᠮ ᠪᠣᠯᠤᠨ ᠤᠯᠤᠰ ᠤᠨ | ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠠᠯᠢ ᠤᠯᠠᠨ ᠴᠢᠬᠤᠯᠠ ᠦᠵᠡᠯ ᠰᠠᠨᠠᠭ᠎ᠠ᠂ | ᠴᠢᠬᠤᠯᠠ ᠦᠵᠡᠯᠲᠡ᠂ ᠴᠢᠬᠤᠯᠠ ᠶᠡᠭᠡ ᠮᠠᠭᠠᠳᠯᠠᠯᠲᠠ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠲᠦᠭᠡᠯᠴᠢ | ᠴᠢᠨᠠᠷᠲᠠᠢ ᠪᠠᠷ ᠳᠤᠷᠠᠳᠴᠠᠢ᠃ ᠪᠥᠬᠦ ᠣᠷᠣᠨ ᠤ ᠤᠰᠤᠨ ᠠᠰᠢᠭᠯᠠᠯᠲᠠ ᠶᠢᠨ ᠰᠢᠰᠲ᠋ᠧᠮ ᠤᠨ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠮᠡᠳᠡᠭᠦᠯᠦᠯᠲᠡ ᠶᠢᠨ ᠵᠣᠷᠢᠭ | ᠰᠠᠨᠠᠭᠠᠨ ᠤ ᠮᠥᠨ ᠴᠢᠨᠠᠷ ᠪᠣᠯᠤᠨ ᠪᠠᠶᠠᠯᠢᠭ ᠠᠭᠤᠯᠤᠭᠳᠠᠬᠤᠨ ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ | ᠬᠡᠷᠡᠭᠲᠡᠶ᠂ ︽ᠬᠤᠶᠠᠷ ᠢ ᠲᠣᠭᠲᠠᠭᠠᠬᠤ︾ ᠪᠣᠯ ᠨᠠᠮ ᠤᠨ ᠰᠢᠨ᠎ᠡ ᠴᠠᠭ ᠦᠶ᠎ᠡ ᠳᠤ ᠣᠯᠤᠭᠰᠠᠨ ᠴᠢᠬᠤᠯᠠ ᠶᠡᠭᠡ | ᠤᠯᠤᠰ ᠲᠦᠷᠦ ᠶᠢᠨ ᠦᠷ᠎ᠡ ᠪᠦᠲᠦᠭᠡᠯ ᠪᠣᠯᠬᠤ ᠶᠢ ᠭᠦᠨᠵᠡᠭᠡᠢ ᠣᠶᠢᠯᠠᠭᠠᠵᠤ᠂ ᠥᠩᠭᠡᠷᠡᠭᠰᠡᠨ ᠲᠠᠪᠤᠨ ᠵᠢᠯ ᠤᠨ | ᠠᠵᠢᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ | ᠬᠤᠪᠢᠰᠤᠯᠲᠠ ᠶᠢᠨ ᠴᠢᠬᠤᠯᠠ ᠶᠡᠭᠡ ᠪᠡᠯᠭᠡ ᠲᠡᠮᠳᠡᠭ ᠤᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠢ ᠭᠦᠨᠵᠡᠭᠡᠶ ᠣᠶᠢᠯᠠᠭᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠠᠬᠢᠭᠤᠯᠬᠤ ᠡᠭᠦᠷᠭᠡ ᠬᠠᠷᠢᠭᠤᠴᠠᠯᠭ᠎ᠠ ᠶᠢ ᠭᠦᠨᠵᠡᠭᠡᠶ ᠣᠶᠢᠯᠠᠭᠠᠵᠤ᠂ ᠠᠭᠤᠤ ᠶᠡᠭᠡ ᠥᠪᠡᠷ ᠤᠨ ᠬᠤᠪᠢᠰᠬᠠᠯ ᠢᠶᠠᠷ | ᠠᠭᠤᠤ ᠶᠡᠭᠡ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠴᠢᠬᠤᠯᠠ ᠱᠠᠭᠠᠷᠳᠠᠯᠭ᠎ᠠ ᠶᠢ ᠭᠦᠨᠵᠡᠭᠡᠶ | ᠣᠶᠢᠯᠠᠭᠠᠵᠤ᠂ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠦᠵᠡᠯ ᠰᠠᠨᠠᠭ᠎ᠠ | ᠪᠠ ᠦᠢᠯᠡ ᠠᠵᠢᠯᠯᠠᠭ᠎ᠠ ᠪᠠᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ᠂ | ᠤᠶᠤᠨ ᠤᠬᠠᠭᠠᠨ ᠪᠠ ᠬᠦᠴᠦᠨ ᠴᠢᠳᠠᠯ ᠢᠶᠠᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠵᠤ᠂ ᠰᠢᠨ᠎ᠡ ᠱᠠᠲᠤ | ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠥᠪᠥᠷ ᠮᠣᠩᠭᠤᠯ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ᠂ ︽ | ᠲᠠᠪᠤᠨ ᠶᠡᠭᠡ ᠡᠭᠦᠷᠭᠡ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠤᠰᠤᠨ ᠤ ᠠᠮᠤᠷ ᠲᠦᠪᠰᠢᠨ ᠤ | ᠬᠦᠴᠦᠲᠡᠶ ᠪᠠᠲᠤᠯᠠᠭ᠎ᠠ ᠬᠠᠩᠭᠠᠨ᠎ᠠ᠃ | ᠱᠤᠩ ᠰᠢᠶᠤᠤ ᠶᠸᠦ ᠴᠢᠬᠤᠯᠠᠴᠢᠯᠠᠭᠰᠠᠨ ᠨᠢ᠂ ᠪᠥᠬᠦ ᠣᠷᠣᠨ ᠤ ᠤᠰᠤᠨ ᠠᠰᠢᠭᠯᠠᠯᠲᠠ ᠶᠢᠨ | ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠣᠱᠯᠠᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ︽ᠤᠰᠤ ᠶᠢ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ | ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ | ᠰᠡᠳᠬᠢᠮᠵᠢ ᠪᠣᠯᠤᠨ ᠤᠰᠤ ᠶᠢ ᠵᠠᠰᠠᠬᠤ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ | ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ ᠨᠡᠶᠢᠭᠡᠮ | ᠵᠢᠷᠤᠮ ᠤᠨ ᠣᠳᠣᠬᠢᠴᠢᠯᠠᠭᠰᠠᠨ ᠥᠪᠥᠷ ᠮᠣᠩᠭᠤᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠤᠰᠤᠨ | ᠠᠰᠢᠭᠯᠠᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃ ᠨᠢᠭᠡ ᠳᠤ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠰᠤᠨ ᠠᠰᠢᠭᠯᠠᠯᠲᠠ ᠪᠠᠷ | ᠠᠷᠠᠳ ᠲᠦᠮᠡᠨ ᠳᠤ ᠪᠤᠶᠠᠨ ᠦᠢᠯᠡᠳᠬᠦ ᠲᠡᠦᠬᠡᠲᠦ ᠡᠭᠦᠷᠭᠡ ᠶᠢ ᠢᠮᠠᠭᠲᠠ ᠪᠠᠲᠤ ᠴᠡᠭᠡᠵᠢᠯᠡᠵᠦ᠂ ᠠᠷᠠᠳ ᠤᠯᠠᠨ ᠤ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠰᠤᠨ ᠤ ᠠᠮᠤᠷ ᠲᠦᠪᠰᠢᠨ᠂ ᠤᠰᠤᠨ ᠤ ᠡᠬᠢ ᠪᠠᠶᠠᠯᠢᠭ᠂ ᠤᠰᠤᠨ ᠤ ᠠᠮᠢ | ᠠᠬᠤᠢ᠂ ᠤᠰᠤᠨ ᠤ ᠣᠷᠴᠢᠨ ᠲᠣᠭᠤᠷᠢᠨ᠂ ᠤᠰᠤᠨ ᠤ ᠰᠣᠶᠣᠯ ᠤᠨ ᠬᠡᠷᠡᠭᠴᠡᠭᠡ ᠶᠢ ᠲᠠᠰᠤᠷᠠᠯᠳᠠ ᠦᠭᠡᠢ | ᠬᠠᠩᠭᠠᠬᠤ ᠬᠡᠷᠡᠭᠲᠡᠢ᠃ ᠬᠤᠶᠠᠷ ᠲᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ | ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ | ᠣᠳᠣᠬᠢᠴᠢᠯᠠᠭᠰᠠᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠲᠦᠷᠭᠡᠨ | ᠲᠡᠭᠦᠯᠳᠡᠷᠵᠢᠭᠦᠯᠵᠦ᠂ ᠦᠶᠡᠷ ᠭᠠᠩ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠢ᠃ ᠣᠳᠣᠬᠠᠨ ᠳᠤ᠂ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ | ᠠᠵᠢᠯ ᠢ ᠱᠠᠯᠠᠪᠳᠠᠨ ᠠᠬᠢᠭᠤᠯᠵᠤ᠂ ᠬᠠᠳᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠤᠷᠢᠳᠴᠢᠯᠠᠨ | ᠪᠠᠶᠢᠷᠢᠯᠠᠭᠤᠯᠬᠤ ᠬᠡᠷᠡᠭᠲᠡᠢ᠃ ᠭᠤᠷᠪᠠ ᠳᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ | ᠪᠣᠯᠭᠠᠬᠤ ᠶᠢ ᠪᠠᠷᠢᠮᠲᠠᠯᠠᠵᠤ᠂ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠠᠶᠢᠷᠢᠰᠢᠭᠤᠯᠤᠯᠲᠠ᠂ | ᠪᠦᠲᠦᠴᠡ᠂ ᠴᠢᠳᠠᠮᠵᠢ ᠪᠠ ᠰᠢᠰᠲ᠋ᠧᠮ ᠤᠨ ᠬᠤᠷᠠᠮᠠᠯ ᠢ ᠰᠢᠯᠢᠳᠡᠭᠵᠢᠭᠦᠯᠵᠦ᠂ ︽ᠰᠢᠰᠲ᠋ᠧᠮ ᠨᠢ ᠪᠦᠷᠢᠨ ᠲᠡᠭᠦᠯᠳᠡᠷ᠂ | ᠠᠮᠤᠷ ᠲᠦᠪᠰᠢᠨ ᠨᠠᠶᠢᠳᠠᠪᠤᠷᠢᠲᠠᠶ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠪᠣᠬᠢᠷᠲᠤᠯ ᠥᠬᠡᠶ ᠪᠥᠭᠡᠳ | ᠣᠶᠤᠨᠴᠢ᠂ ᠣᠷᠴᠢᠯ ᠨᠢ ᠰᠠᠭᠠᠳ ᠥᠬᠡᠶ᠂ ᠲᠣᠬᠢᠷᠠᠭᠤᠯᠭ᠎ᠠ ᠡᠵᠡᠮᠰᠢᠯ ᠨᠢ ᠡᠮᠬᠢ ᠵᠢᠷᠤᠮ ᠲᠠᠢ︾ ᠥᠪᠡᠷᠲᠡᠭᠡᠨ | ᠵᠠᠰᠠᠬᠤ ᠣᠷᠣᠨ ᠤ ᠤᠰᠤᠨ ᠲᠣᠤᠷ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠬᠡᠷᠡᠭᠲᠡᠶ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠥᠷᠨᠢᠭᠦᠯᠦᠭᠰᠡᠨ ︽ᠲᠠᠪᠤᠨ ᠲᠦᠢᠯᠪᠤᠷᠢᠲᠠᠢ | ᠵᠠᠰᠠᠬᠤ︾ ᠶᠢᠨ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠵᠥᠪᠰᠢᠶᠡᠷᠡᠭᠦᠯᠬᠦ ᠪᠠᠷ ᠪᠠᠶᠢᠭ᠎ᠠ | ᠲᠥᠷᠥᠯ ᠵᠦᠶ᠋ᠯ ᠪᠠ ︽ᠬᠠᠭᠠᠰ ᠳᠤᠲᠠᠭᠤ︾ ᠢᠨᠵᠧᠨᠧᠷᠢᠩ ᠤᠨ ᠲᠥᠷᠥᠯ ᠬᠤᠪᠢᠶᠠᠨ ᠰᠢᠶ᠋ᠳᠪᠦᠷᠢᠯᠡᠬᠦ ᠠᠵᠢᠯ ᠢ | ᠭᠤᠤᠯᠳᠠᠯᠭ᠎ᠠ ᠲᠠᠢ ᠠᠬᠢᠭᠤᠯᠬᠤ ᠬᠡᠷᠡᠭᠲᠡᠶ᠃ ᠲᠦᠷᠪᠡ ᠳᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ | ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠲᠡᠢ | ᠠᠰᠢᠭᠯᠠᠬᠤ ᠶᠢ ᠲᠠᠰᠤᠷᠠᠯᠳᠠ ᠦᠭᠡᠢ ᠠᠬᠢᠭᠤᠯᠵᠤ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠠᠮᠢ | ᠠᠬᠤᠢ ᠶᠢ ᠬᠠᠮᠠᠭᠠᠯᠠᠵᠤ ᠵᠠᠰᠠᠬᠤ ᠶᠢ ᠠᠬᠢᠭᠤᠯᠬᠤ ᠬᠡᠷᠡᠭᠲᠡᠢ᠃ ᠣᠳᠣᠬᠠᠨ ᠳᠤ᠂ ᠬᠤᠶᠠᠳᠤᠭᠠᠷ ᠡᠭᠡᠯᠵᠢ ᠶᠢᠨ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠨ ᠠᠬᠢᠭᠤᠯᠬᠤ ᠬᠡᠷᠡᠭᠲᠡᠢ᠃ ᠲᠠᠪᠤ ᠳᠤ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ | ᠪᠠᠷᠢᠮᠲᠠᠯᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠲᠥᠪᠯᠡᠷᠡᠭᠦᠯᠦᠨ ᠤᠰᠤᠨ ᠠᠰᠢᠭᠯᠠᠯᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠬᠢᠵᠦ᠂ ᠲᠣᠭᠠᠴᠢᠯᠠᠭᠰᠠᠨ ᠢᠬᠡᠷ᠎ᠡ ᠰᠠᠪᠠ ᠭᠠᠵᠠᠷ᠂ | ᠲᠣᠭᠠᠴᠢᠯᠠᠭᠰᠠᠨ ᠢᠬᠡᠷ᠎ᠡ ᠤᠰᠤᠨ ᠰᠦᠯᠵᠢᠶ᠎ᠡ᠂ ᠲᠣᠭᠠᠴᠢᠯᠠᠭᠰᠠᠨ ᠢᠬᠡᠷ᠎ᠡ ᠤᠰᠤᠨ ᠤ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠰᠤ ᠵᠠᠰᠠᠬᠤ ᠬᠤᠭᠤᠯᠠᠶ ᠤᠰᠤᠨ ᠤ ᠲᠣᠭᠠᠴᠢᠯᠠᠯᠲᠠ᠂ | ᠰᠦᠯᠵᠢᠶᠡᠵᠢᠯᠲᠡ᠂ ᠤᠶᠤᠨᠴᠢᠯᠠᠯᠳᠠ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠬᠦ ᠬᠡᠷᠡᠭᠲᠡᠶ᠃ ᠵᠢᠷᠭᠤᠭ᠎ᠠ ᠳᠤ᠂ | ᠪᠠᠶᠢᠭᠤᠯᠤᠮᠵᠢ ᠲᠣᠭᠲᠠᠴᠠ ᠶᠢᠨ ᠬᠠᠤᠯᠢᠵᠢᠯ ᠢ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ | ᠬᠦᠷᠢᠶᠡᠨ ᠳᠠᠬᠢ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠶᠢ ᠲᠦᠷᠭᠡᠳᠬᠡᠵᠦ᠂ ᠤᠰᠤᠨ | ᠠᠰᠢᠭᠯᠠᠯᠲᠠ ᠶᠢᠨ ᠭᠤᠣᠯᠳᠠᠯᠭ᠎ᠠ ᠲᠠᠢ ᠬᠦᠷᠢᠶᠡᠨ ᠳᠠᠬᠢ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠰᠤᠨ ᠠᠰᠢᠭᠯᠠᠯᠲᠠ ᠶᠢᠨ ᠵᠠᠰᠠᠯᠲᠠ ᠬᠠᠮᠢᠶᠠᠷᠤᠯᠲᠠ ᠶᠢᠨ ᠴᠢᠳᠠᠪᠤᠷᠢ | ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠣᠯᠤᠭ᠎ᠠ ᠳᠤ᠂ ᠡᠪᠦᠯ ᠬᠠᠪᠤᠷ ᠤᠨ | ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠤᠰᠤᠯᠠᠯᠲᠠ ᠶᠢᠨ ᠣᠷᠣᠨ ᠪᠣᠯᠤᠨ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠶᠢᠨ ᠦᠵᠦᠭᠦᠷᠯᠢᠭ ᠪᠡᠯᠡᠳᠬᠡᠮᠵᠢ ᠶᠢ ᠲᠦᠷᠭᠡᠳᠬᠡᠨ ᠠᠬᠢᠭᠤᠯᠵᠤ᠂ ᠠᠵᠢᠯᠯᠠᠭᠠᠨ ᠤ ᠬᠠᠮᠢᠶᠠᠷᠴᠤ | ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ ᠴᠢᠬᠤᠯᠠ ᠶᠡᠭᠡ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠡᠨᠡ ᠵᠢᠯ ᠤᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢᠨ | ᠬᠠᠮᠲᠤ᠂ ᠢᠷᠡᠬᠦ ᠵᠢᠯ ᠤᠨ ᠡᠯ᠎ᠡ ᠵᠦᠢᠯ ᠤᠨ ᠤᠰᠤᠨ ᠠᠰᠢᠭᠯᠠᠯᠲᠠ ᠶᠢᠨ ᠠᠵᠢᠯ ᠢ ᠤᠷᠢᠳᠴᠢᠯᠠᠨ ᠰᠠᠶᠢᠲᠤᠷ | ᠲᠥᠯᠥᠪᠯᠡᠬᠦ ᠬᠡᠷᠡᠭᠲᠡᠶ᠃ ᠨᠠᠢᠮᠠ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ | ᠪᠠᠷᠢᠮᠲᠠᠯᠠᠵᠤ᠂ ᠲᠥᠪ ᠴᠢᠩᠭ᠎ᠠ ᠦᠨᠳᠦᠰᠦᠨ ᠬᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠬᠤ ᠶᠢ ᠪᠠᠷᠢᠮᠲᠠᠯᠠᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠤᠰᠤᠨ ᠠᠰᠢᠭᠯᠠᠯᠲᠠ ᠶᠢᠨ | ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠨ ᠠᠬᠢᠭᠤᠯᠬᠤ ᠬᠡᠷᠡᠭᠲᠡᠢ᠃ | ᠱᠤᠩ ᠰᠢᠶᠤᠤ ᠶᠸᠦ ᠱᠠᠭᠠᠷᠳᠠᠭᠰᠠᠨ ᠨᠢ᠂ ᠤᠰᠤᠨ ᠠᠰᠢᠭᠯᠠᠯᠲᠠ ᠶᠢᠨ ᠰᠢᠰᠲ᠋ᠧᠮ ᠤᠨ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ | ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠬᠤ᠂ ᠤᠬᠠᠭᠤᠯᠬᠤ᠂ ᠲᠤᠤᠱᠯᠠᠭᠤᠯᠬᠤ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠰᠤᠨ ᠠᠰᠢᠭᠯᠠᠯᠲᠠ ᠶᠢᠨ ᠰᠢᠰᠲ᠋ᠧᠮ ᠳᠤ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ᠂ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠴᠡᠴᠡᠭᠯᠡᠭᠦᠯᠦᠨ ᠵᠢᠮᠢᠰᠯᠡᠭᠦᠯᠬᠦ ᠶᠢ ᠠᠬᠢᠭᠤᠯᠬᠤ | ᠬᠡᠷᠡᠭᠲᠡᠢ᠃ ᠨᠢᠭᠡ ᠳᠤ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠠᠷᠢᠨ ᠨᠢᠭᠲᠠ ᠲᠤᠬᠢᠷᠠᠭᠤᠯᠤᠨ | ᠪᠠᠶᠢᠷᠢᠯᠠᠭᠤᠯᠵᠤ᠂ ᠰᠤᠷᠤᠯᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠶᠢᠨ ᠦᠷ᠎ᠡ | ᠪᠦᠲᠦᠮᠵᠢ ᠶᠢ ᠪᠠᠲᠤᠯᠠᠬᠤ ᠬᠡᠷᠡᠭᠲᠡᠢ᠃ ᠬᠤᠶᠠᠷ ᠲᠤ ᠤᠳᠤᠷᠢᠳᠤᠯᠭ᠎ᠠ ᠲᠦᠷᠦᠭᠦᠯᠡᠨ ᠬᠢᠬᠦ ᠶᠢ ᠪᠠᠷᠢᠮᠲᠠᠯᠠᠵᠤ᠂ ᠱᠠᠳᠤ | ᠬᠤᠪᠢᠶᠠᠨ ᠰᠤᠷᠤᠯᠴᠠᠬᠤ ᠶᠢ ᠵᠣᠬᠢᠶᠠᠨ ᠪᠠᠶᠢᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠢᠱᠢᠶ᠎ᠡ | ᠦᠵᠡᠭᠦᠯᠬᠦ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ᠃ ᠭᠤᠷᠪᠠ ᠳᠤ ᠠᠷᠭ᠎ᠠ ᠬᠡᠯᠪᠡᠷᠢ ᠪᠠᠨ ᠰᠢᠨᠡᠴᠢᠯᠡᠵᠦ᠂ | ᠲᠤᠰ ᠲᠤᠰ ᠤᠨ ᠣᠨᠴᠠᠯᠢᠭ ᠲᠠᠢ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠰᠤᠷᠤᠯᠴᠠᠯᠭ᠎ᠠ ᠶᠢᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠦᠬᠦ ᠬᠥᠮᠦᠰ ᠢ ᠪᠦᠷᠬᠦᠬᠦᠯᠬᠦ᠂ | ᠬᠤᠭᠤᠰᠣᠨ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠳᠥᠷᠪᠡ ᠳᠤ ᠤᠬᠠᠭᠤᠯᠭ᠎ᠠ | ᠵᠢᠯᠣᠭᠤᠳᠣᠯᠭ᠎ᠠ ᠪᠠᠨ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠠᠰᠤᠷᠠᠯᠲᠠ ᠥᠬᠡᠶ | ᠭᠦᠨᠵᠡᠭᠡᠶᠢᠷᠡᠭᠦᠯᠬᠦ ᠬᠡᠷᠡᠭᠲᠡᠶ᠃ | |