11 ᠳ᠋ᠦ᠋ᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠨᠢ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠯᠦᠭᠡ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠬᠠᠮᠵᠢᠯᠴᠠᠭᠠᠨ ᠤ ᠠᠵᠢᠯ ᠤᠨ ᠲᠣᠭᠲᠠᠴᠠ ᠶᠢ ᠪᠠᠶᠢᠭᠤᠯᠬᠤ ᠲᠥᠰᠥᠪ ᠤᠨ | ᠵᠥᠪᠯᠡᠯᠴᠡᠭᠡᠷ ᠲᠣᠭᠲᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ | ᠠᠵᠢᠯᠯᠠᠭ᠎ᠠ ᠶᠢ ᠬᠡᠷᠡᠭᠵᠢᠭᠦᠯᠬᠦ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠬᠤᠶᠠᠷ ᠰᠠᠯᠠᠭ᠎ᠠ ᠮᠥᠴᠢᠷ ᠤᠨ | ᠬᠤᠭᠤᠷᠣᠨᠳᠣᠬᠢ ᠭᠦᠨᠵᠡᠭᠡᠶ ᠬᠠᠮᠲᠤᠷᠠᠯᠴᠠᠭ᠎ᠠ ᠶᠢ ᠴᠢᠩᠭᠠᠳᠬᠠᠵᠤ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠶ | ᠬᠥᠭᠵᠢᠯᠲᠡ ᠳᠤᠮᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠪᠠ | ᠲᠤᠯᠭᠠᠭᠤᠷᠢᠯᠠᠬᠤ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠤ ᠠᠮᠤᠷ | ᠲᠦᠪᠰᠢᠨ ᠢ ᠪᠠᠲᠤᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠤᠰᠤᠨ ᠠᠰᠢᠭᠯᠠᠯᠲᠠ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠦ | ᠲᠥᠰᠥᠪ ᠤᠨ ᠵᠥᠪᠯᠡᠯᠴᠡᠭᠡᠷ ᠲᠣᠭᠲᠠᠬᠤ ᠶᠣᠰᠣᠯᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠧᠩ ᠵᠢᠶᠠ ᠵᠢᠤᠢ | ᠶᠠᠷᠢᠶ᠎ᠠ ᠲᠠᠯᠪᠢᠪᠠ᠃ ᠱᠧᠩ ᠰᠢᠶᠣᠣ ᠶᠧᠦ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠠᠷᠤᠭ᠎ᠠ | ᠰᠦᠨ ᠵᠢᠶᠦ᠋ᠨ ᠴᠢᠩ ᠬᠤᠶᠠᠷ ᠲᠠᠯ᠎ᠠ ᠶᠢ ᠲᠥᠯᠥᠭᠡᠯᠡᠨ ᠵᠥᠪᠯᠡᠯᠴᠡᠭᠡᠷ ᠲᠣᠭᠲᠠᠪᠠ᠃ ᠤᠰᠤᠨ ᠠᠰᠢᠭᠯᠠᠯᠲᠠ ᠶᠢᠨ | ᠲᠢᠩᠬᠢᠮ ᠤᠨ ᠳᠡᠳ᠋ ᠳᠠᠷᠤᠭ᠎ᠠ ᠯᠢ ᠪᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦ᠋ᠶ ᠸᠧᠶ ᠶᠣᠰᠣᠯᠠᠯ ᠳᠤ ᠣᠷᠣᠯᠴᠠᠪᠠ᠃ | ᠱᠧᠩ ᠰᠢᠶᠣᠣ ᠶᠧᠦ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠬᠢᠨ ᠣᠷᠳᠣ ᠬᠤᠭᠤᠴᠠᠭᠠᠨ ᠤ ᠲᠤᠷᠰᠢ | ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠳᠤ ᠬᠦᠴᠦᠲᠡᠶ ᠳᠡᠮᠵᠢᠯᠭᠡ | ᠦᠵᠡᠭᠦᠯᠦᠭᠰᠡᠨ ᠳᠤ ᠲᠠᠯᠠᠷᠬᠠᠪᠠ᠃ ᠲᠡᠷᠡ᠂ ᠰᠢᠨ᠎ᠡ ᠱᠠᠳᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ᠂ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠤᠰᠤᠨ ᠠᠰᠢᠭᠯᠠᠯᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠱᠠᠭᠠᠷᠳᠠᠵᠤ ᠪᠠᠶᠢᠨ᠎ᠠ ᠭᠡᠵᠦ ᠵᠢᠭᠠᠨ ᠭᠠᠷᠭᠠᠪᠠ᠃ | ᠤᠰᠤᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠠᠷᠠᠯᠲᠠ ᠶᠢ | ᠲᠣᠭᠲᠠᠭᠠᠵᠤ᠂ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ | ᠲᠡᠷᠢᠭᠦᠨ ᠤ ᠬᠦᠲᠦᠯᠦᠨ ᠳᠠᠭᠠᠭᠤᠯᠬᠤ ᠬᠦᠴᠦᠨ ᠪᠠ ᠬᠦᠴᠦᠷᠬᠡᠭ ᠶᠡᠭᠡ ᠬᠥᠳᠡᠯᠭᠡᠬᠦ ᠬᠦᠴᠦᠨ ᠳᠤ ᠡᠷᠴᠢᠮ ᠨᠡᠮᠡᠷᠢᠯᠡᠬᠦ | ᠬᠡᠷᠡᠭᠲᠡᠢ᠃ ᠤᠰᠤᠨ ᠠᠰᠢᠭᠯᠠᠯᠲᠠ ᠶᠢᠨ ᠲᠢᠩᠬᠢᠮ ᠨᠢ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠠᠢ | ᠬᠠᠮᠲᠤ ᠪᠠᠷ ᠮᠠᠨ ᠤ ᠣᠷᠣᠨ ᠤ ᠪᠠᠶᠢᠳᠠᠯ ᠤᠰᠤᠨ ᠤ ᠪᠠᠶᠢᠳᠠᠯ ᠳᠤ ᠰᠠᠭᠤᠷᠢᠯᠠᠵᠤ᠂ ᠬᠡᠷᠡᠭᠴᠡᠭᠡ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠦᠢᠯᠡᠳᠦᠯ ᠢᠶᠠᠷ ᠤᠳᠤᠷᠢᠳᠤᠮᠵᠢ | ᠪᠣᠯᠭᠠᠵᠤ᠂ ᠤᠰᠤᠨ ᠠᠰᠢᠭᠯᠠᠯᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠬᠠᠮᠲᠤᠪᠠᠷ ᠰᠤᠳᠤᠯᠤᠨ ᠲᠣᠭᠲᠠᠭᠠᠬᠤ ᠶᠢᠨ ᠬᠠᠮᠲᠤ ᠨᠠᠢᠳᠠᠪᠤᠷᠢᠵᠢᠭᠤᠯᠵᠤ᠂ ᠭᠤᠤᠯᠳᠠᠯᠭ᠎ᠠ ᠲᠠᠢ | ᠰᠡᠳᠦᠪ ᠤᠨ ᠲᠣᠭᠤᠷᠢᠨ ᠳᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠠᠮᠲᠤᠷᠠᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ᠂ ᠴᠢᠬᠤᠯᠠ ᠶᠡᠭᠡ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠨᠢᠭᠡᠴᠡ ᠨᠦᠭᠦᠳ ᠤᠰᠤᠨ | ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠪᠠᠢᠭᠤᠯᠬᠤ ᠶᠢ | ᠵᠣᠷᠢᠭᠵᠢᠭᠤᠯᠤᠨ ᠲᠡᠮᠵᠢᠨ᠎ᠡ᠂ ᠣᠷᠳᠣᠰ ᠤᠨ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠰᠢᠨ᠎ᠡ ᠶᠢ ᠡᠭᠦᠳᠬᠦ | ᠵᠢᠱᠢᠶ᠎ᠡ ᠦᠵᠡᠭᠦᠯᠬᠦ ᠣᠷᠣᠨ ᠪᠠ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠤᠨ᠎ᠠ᠂ ︽ | ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠭᠤᠤᠯᠳᠠᠯᠭ᠎ᠠ ᠲᠠᠢ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠂ ᠰᠢᠨ᠎ᠡ ᠱᠠᠲᠤ ᠦᠶ᠎ᠡ ᠶᠢᠨ | ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ ᠬᠦᠴᠦᠲᠡᠶ ᠤᠰᠤᠨ ᠤ ᠠᠮᠤᠷ | ᠲᠦᠪᠰᠢᠨ ᠤ ᠪᠠᠲᠤᠯᠠᠭ᠎ᠠ ᠬᠠᠩᠭᠠᠨ᠎ᠠ᠃ | ᠹᠧᠩ ᠵᠢᠶᠠ ᠵᠢᠤᠢ᠂ ᠬᠤᠶᠠᠷ ᠰᠠᠯᠠᠭ᠎ᠠ ᠮᠥᠴᠢᠷ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ | ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠠᠮᠲᠤ ᠪᠠᠷ ᠠᠬᠢᠭᠤᠯᠬᠤ | ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ᠂ ᠤᠮᠠᠷᠠᠲᠤ ᠶᠢᠨ ᠴᠢᠬᠤᠯᠠ | ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠴᠢᠬᠤᠯᠠ ᠶᠡᠭᠡ ᠡᠭᠦᠷᠭᠡ ᠶᠢ | ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠂ ᠡᠨᠡ ᠨᠢ ᠬᠠᠮᠵᠢᠯᠴᠠᠨ ᠰᠢᠨ᠎ᠡ ᠶᠢ ᠡᠭᠦᠳᠬᠦ ᠰᠢᠨ᠎ᠡ | ᠲᠣᠭᠲᠠᠴᠠ ᠪᠣᠯᠤᠨ ᠰᠢᠨ᠎ᠡ ᠵᠠᠭᠪᠤᠷ ᠢ ᠬᠠᠮᠲᠤ ᠪᠠᠷ ᠰᠦᠪᠡᠭᠴᠢᠯᠡᠬᠦ᠂ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠷᠢᠰᠢᠭᠤᠯᠤᠯᠲᠠ ᠶᠢᠨ | ᠣᠨᠣᠪᠴᠢᠲᠠᠢ ᠠᠬᠤᠢ ᠪᠠᠢᠳᠠᠯ ᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ | ᠭᠠᠷᠭᠠᠪᠠ᠃ ᠡᠨᠡ ᠤᠳᠠᠭ᠎ᠠ ᠶᠢᠨ ᠲᠣᠭᠲᠠᠭᠰᠠᠨ ᠬᠠᠮᠵᠢᠯᠴᠠᠭᠠᠨ ᠤ ᠠᠵᠢᠯ ᠤᠨ ᠲᠣᠭᠲᠠᠴᠠ ᠪᠠᠷ ᠠᠵᠠ ᠲᠣᠬᠢᠶᠠᠯ | ᠪᠣᠯᠭᠠᠵᠤ᠂ ᠬᠠᠮᠲᠤ ᠪᠠᠷ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠬᠤᠯᠠ ᠶᠡᠭᠡ ᠡᠭᠦᠷᠭᠡ ᠶᠢᠨ ᠲᠣᠭᠤᠷᠢᠨ ᠳᠤ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠵᠠᠩᠭᠢᠯᠠᠭ᠎ᠠ ᠶᠢᠨ | ᠬᠦᠷᠢᠶᠡᠨ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠤᠰᠤᠨ ᠠᠰᠢᠭᠯᠠᠯᠲᠠ ᠶᠢᠨ ᠰᠢᠰᠲ᠋ᠧᠮ ᠳᠤ ᠳᠡᠯᠭᠡᠷᠡᠭᠦᠯᠦᠨ ᠬᠡᠷᠡᠭᠯᠡᠵᠦ᠂ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ᠃ ᠬᠤᠶᠠᠷ ᠲᠠᠯ᠎ᠠ ᠪᠠᠷ ᠢᠶᠠᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠴᠢᠨᠠᠷ ᠰᠠᠶᠢᠲᠠᠶ ᠪᠥᠲᠥᠭᠡᠨ ᠪᠠᠶᠢᠭᠤᠯᠤᠯᠲᠠ ᠶᠢ ᠬᠠᠮᠲᠤ ᠪᠠᠷ | ᠠᠬᠢᠭᠤᠯᠵᠤ᠂ ᠤᠰᠤᠨ ᠠᠰᠢᠭᠯᠠᠯᠲᠠ ᠶᠢᠨ ᠳᠠᠪᠠᠭᠤᠯᠢᠭ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ | ᠨᠢᠭᠡᠳᠦᠯᠲᠡᠶ ᠲᠥᠯᠥᠪᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠬᠥᠲᠥᠯᠥᠨ | ᠵᠢᠯᠣᠭᠤᠳᠴᠤ ᠪᠠᠶᠢᠭᠠᠳ ᠤᠰᠤᠨ ᠠᠰᠢᠭᠯᠠᠯᠲᠠ ᠶᠢᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ | ᠦᠶ᠋ᠯᠡᠴᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠦᠶ᠋ᠯᠡᠰ ᠪᠣᠯᠤᠨ ᠤᠰᠤᠨ ᠠᠰᠢᠭᠯᠠᠯᠲᠠ ᠶᠢᠨ ᠦᠶ᠋ᠯᠡᠰ ᠤᠨ ᠬᠤᠤᠰ ᠡᠯᠪᠡᠭ ᠬᠤᠷᠢᠶᠠᠯᠲᠠ ᠶᠢ ᠵᠡᠷᠭᠡ ᠪᠠᠷ ᠣᠯᠵᠤ | ᠬᠠᠮᠲᠤ ᠪᠠᠷ ᠤᠷᠤᠭᠰᠢᠯᠠᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠬᠤᠶᠠᠷ ᠰᠠᠯᠠᠭ᠎ᠠ ᠮᠥᠴᠢᠷ ᠤᠨ ᠨᠠᠩ ᠣᠯᠠᠨ ᠬᠦᠴᠦᠨ ᠴᠢᠳᠠᠯ ᠢᠶᠠᠨ ᠡᠷᠭᠦᠶ᠎ᠡ ᠭᠡᠵᠦ ᠵᠢᠭᠠᠵᠤ | ᠭᠠᠷᠭᠠᠪᠠ᠃ | ᠲᠥᠰᠥᠪ ᠤᠨ ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠰᠠᠯᠠᠭ᠎ᠠ ᠮᠥᠴᠢᠷ ᠪᠠᠶᠢᠩᠭᠤᠵᠢᠭᠰᠠᠨ ᠬᠠᠮᠵᠢᠯᠴᠠᠬᠤ | ᠠᠵᠢᠯ ᠤᠨ ᠲᠣᠭᠲᠠᠴᠠ ᠶᠢ ᠪᠠᠢᠭᠤᠯᠵᠤ᠂ ᠤᠰᠤᠨ ᠤ ᠡᠬᠢ ᠰᠤᠷᠪᠤᠯᠵᠢ ᠶᠢ ᠥᠨᠳᠥᠷ ᠪᠦᠲᠦᠮᠵᠢᠲᠡᠶ ᠪᠠᠷ ᠠᠰᠢᠭᠯᠠᠬᠤ᠂ | ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠭᠤᠤᠯ ᠮᠥᠷᠡᠨ ᠨᠠᠭᠤᠷ ᠴᠥᠭᠦᠷᠥᠮ ᠤᠨ ᠠᠮᠢ | ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ᠂ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠪᠠᠶᠢᠷᠢᠯᠠᠭᠤᠯᠤᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ᠂ ᠵᠠᠰᠠᠯᠲᠠ ᠶᠢᠨ ᠰᠢᠰᠲ᠋ᠧᠮ ᠪᠣᠯᠤᠨ | ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠢᠷᠡᠭᠦᠯᠵᠦ᠂ | ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠵᠦ ᠲᠥᠯᠥᠪᠯᠡᠭᠡ ᠶᠢ | ᠬᠠᠮᠲᠤ ᠪᠠᠷ ᠠᠬᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠴᠢᠬᠤᠯᠠ | ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ ᠲᠥᠰᠦᠪᠯᠡᠨ ᠬᠡᠷᠡᠭᠵᠢᠭᠦᠯᠵᠦ᠂ ᠴᠢᠬᠤᠯᠠ ᠶᠡᠭᠡ | ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠢ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠡᠷᠡᠭᠯᠡᠯᠲᠡ ᠪᠠ ᠳᠡᠯᠭᠡᠷᠡᠭᠦᠯᠦᠯᠲᠡ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠭᠠᠷ ᠤᠨ ᠥᠰᠥᠭ ᠵᠢᠷᠤᠬᠤ ᠶᠣᠰᠣᠯᠠᠯ ᠨᠢ ᠸᠢᠳᠢᠣ᠋ ᠬᠡᠯᠪᠡᠷᠢ ᠪᠠᠷ ᠶᠠᠪᠤᠭᠳᠠᠪᠠ᠃ ᠤᠰᠤᠨ ᠠᠰᠢᠭᠯᠠᠯᠲᠠ ᠶᠢᠨ | ᠲᠢᠩᠬᠢᠮ ᠤᠨ ᠶᠡᠷᠦᠩᠬᠡᠶ ᠢᠨᠵᠧᠨᠧᠷ ᠪᠣᠯᠤᠨ ᠬᠤᠶᠠᠷ ᠲᠢᠩᠬᠢᠮ ᠤᠨ ᠬᠤᠯᠪᠣᠭᠳᠠᠯ ᠪᠥᠬᠦᠶ ᠭᠠᠵᠠᠷ ᠲᠠᠰᠤᠭ ᠤᠨ | ᠬᠠᠷᠢᠭᠤᠴᠠᠯᠭᠠᠲᠠᠨ ᠨᠥᠬᠦᠷ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | |