| | | 9 ᠳ᠋ᠦ᠋ᠭᠡᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ | ᠰᠠᠭᠤᠷᠢ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠫᠠᠨ ᡁᠢ ᠹᠧᠩ ᠭᠤᠣᠯ ᠰᠡᠳᠦᠪᠲᠦ ᠨᠡᠶᠢᠲᠡᠯᠡᠯ | ᠬᠢᠪᠡ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠰᠢᠶᠠ ᠷᠦᠩ ᠬᠤᠸᠠ ᠰᠣᠨᠢᠨ ᠮᠡᠳᠡᠭᠡ ᠨᠡᠶᠢᠲᠡᠯᠡᠬᠦ | ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ | ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ | ᠡᠬᠢᠯᠠᠯᠲᠡ ᠶᠢᠨ ᠦᠭᠡ | | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠫᠠᠨ ᡁᠢ ᠹᠧᠩ | ᠶᠠᠭᠤᠨ ᠤ ᠡᠮᠦᠨ᠎ᠡ᠂ ᠨᠡᠶᠢᠭᠡᠮ ᠤᠨ ᠡᠯ᠎ᠡ ᠡᠲᠡᠭᠡᠳ ᠤᠨ ᠬᠢᠨ ᠪᠠ ᠡᠯ᠎ᠡ ᠵᠠᠭᠤᠴᠢᠯᠠᠭᠤᠷ ᠤᠨ ᠰᠤᠷᠪᠤᠯᠵᠢᠯᠠᠭᠴᠢ | ᠨᠠᠷ ᠤᠨ ᠣᠷᠳᠣ ᠬᠤᠭᠤᠴᠠᠭᠠᠨ ᠤ ᠲᠤᠷᠰᠢ ᠲᠤᠭ᠎ᠠ ᠪᠦᠷᠢᠳᠬᠡᠯ ᠤᠨ ᠠᠵᠢᠯ ᠳᠤ ᠳᠡᠭᠡᠳᠦ ᠬᠡᠮᠵᠢᠶ᠎ᠡ ᠪᠠᠷ ᠠᠩᠬᠠᠷᠤᠯ | ᠲᠠᠯᠪᠢᠵᠤ ᠪᠠᠶᠢᠭ᠎ᠠ ᠪᠠ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ | ᠪᠠᠰᠠ ᠲᠣᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠢᠶᠠᠷ ᠳᠠᠮᠵᠢᠨ᠂ ᠵᠠᠭᠤᠴᠢᠯᠠᠭᠤᠷ ᠤᠨ ᠨᠠᠶᠢᠵᠠ | ᠨᠠᠷ ᠤᠨ ᠬᠦᠴᠦᠲᠡᠶ ᠤᠬᠠᠭᠤᠯᠭ᠎ᠠ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠣᠶᠢᠯᠠᠭᠠᠯᠲᠠ ᠳᠡᠮᠵᠢᠯᠭᠡ ᠪᠠᠷ | ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠠᠵᠢᠯ ᠢ ᠠᠬᠢᠭᠤᠯᠬᠤ ᠨᠠᠩ ᠶᠡᠭᠡ ᠦᠷ᠎ᠡ | ᠪᠦᠲᠦᠮᠵᠢ ᠤᠯᠬᠤ ᠶᠢ ᠬᠦᠰᠡᠵᠦ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠲᠤᠭ᠎ᠠ ᠪᠦᠷᠢᠳᠬᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠶᠡᠷᠦᠩᠬᠡᠢ ᠱᠦᠵᠢ ᠰᠢ ᠶᠢᠨ ᠫᠢᠩ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠠᠯᠢ ᠤᠯᠠᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠥᠭᠪᠡ᠃ 2015 ᠣᠨ ᠠᠴᠠ ᠣᠲᠣ ᠪᠣᠯᠲᠠᠯ᠎ᠠ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠤᠷᠢᠳ ᠬᠤᠵᠢᠳ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ | ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠶ ᠰᠠᠨᠠᠯ︾ ︽ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ | ᠴᠠᠭᠠᠵᠠ ᠠᠴᠠ ᠵᠥᠷᠢᠴᠡᠭᠰᠡᠨ ᠬᠠᠷᠢᠭᠤᠴᠠᠯᠭᠠᠲᠠᠨ ᠳᠤ ᠰᠢᠢᠳᠬᠡᠯ ᠥᠭᠴᠦ ᠰᠢᠢᠳᠪᠦᠷᠢᠯᠡᠬᠦ ᠰᠠᠨᠠᠭᠤᠯᠭ᠎ᠠ ᠶᠢᠨ ᠠᠷᠭ᠎ᠠ︾ | ︽ᠲᠤᠭ᠎ᠠ ᠪᠦᠷᠢᠳᠬᠡᠯ ᠤᠨ ᠬᠤᠳᠠᠯ ᠵᠣᠬᠢᠶᠠᠨ ᠬᠠᠭᠤᠷᠮᠠᠭ ᠦᠢᠯᠡᠳᠬᠦ ᠶᠢ ᠬᠢᠨᠠᠨ ᠪᠠᠶᠢᠴᠠᠭᠠᠬᠤ ᠠᠵᠢᠯ ᠤᠨ | ᠲᠣᠭᠲᠠᠭᠠᠯ︾ ᠵᠡᠷᠭᠡ ᠲᠤᠭ᠎ᠠ ᠪᠦᠷᠢᠳᠬᠡᠯ ᠤᠨ ᠠᠵᠢᠯ ᠤᠨ ᠲᠤᠬᠠᠶ 8 ᠴᠢᠬᠤᠯᠠ ᠪᠢᠴᠢᠭ ᠮᠠᠲ᠋ᠧᠷᠢᠶᠠᠯ ᠢ ᠨᠡᠶᠢᠲᠡᠯᠡᠪᠡ᠃ | ᠣᠶᠢᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠵᠥᠪᠯᠡᠯ ᠤᠨ ᠬᠤᠷᠢᠨ ᠨᠢᠭᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ︽ | ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠨᠠᠩ ᠪᠦᠲᠦᠮᠵᠢᠲᠡᠶ | ᠪᠠᠳᠠᠷᠠᠭᠤᠯᠬᠤ ᠲᠤᠬᠠᠶ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ ᠡᠳᠡᠭᠡᠷ ᠨᠢ ᠴᠥᠮ ᠨᠠᠮ ᠤᠨ ᠲᠥᠪ ᠬᠤᠷᠢᠶᠠᠨ ᠤ | ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭ ᠦᠢᠯᠡᠳᠬᠦ ᠶᠢ ᠰᠡᠷᠭᠡᠶᠢᠯᠡᠬᠦ | ᠪᠠ ᠵᠠᠯᠬᠠᠭᠠᠨ ᠰᠢᠢᠳᠬᠡᠬᠦ ᠢᠯᠡ ᠲᠣᠳᠣ ᠣᠪᠣᠷ ᠪᠠ ᠡᠷᠡᠰ ᠪᠠᠲᠤ ᠵᠣᠷᠢᠭ ᠢ ᠢᠯᠡᠷᠡᠭᠦᠯᠵᠦ᠂ ᠲᠤᠭ᠎ᠠ ᠪᠦᠷᠢᠳᠬᠡᠯ ᠤᠨ | ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ᠂ ᠲᠤᠭ᠎ᠠ ᠪᠦᠷᠢᠳᠬᠡᠯ ᠤᠨ ᠠᠵᠢᠯ ᠤᠨ ᠤᠯᠤᠰ ᠤᠨ | ᠬᠤᠷᠸ᠎ᠠ ᠲᠣᠬᠢᠷᠠᠭᠤᠯᠤᠯᠲᠠ ᠪᠠ ᠰᠢᠢᠳᠪᠦᠷᠢᠲᠦ ᠪᠤᠳᠤᠯᠭ᠎ᠠ ᠶᠢᠨ ᠬᠠᠮᠢᠶᠠᠷᠤᠯᠲᠠ ᠳᠤ ᠨᠡᠩ ᠰᠠᠶᠢᠲᠤᠷ ᠦᠢᠯᠡᠴᠢᠯᠡᠬᠦ ᠶᠢ | ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ᠂ ᠰᠢᠨᠵᠢᠯᠡᠬᠦ ᠤᠬᠠᠭᠠᠨᠴᠢ ᠵᠢᠷᠤᠮᠯᠠᠯ ᠬᠠᠩᠭᠠᠭᠰᠠᠨ ᠪᠠᠶᠢᠨ᠎ᠠ᠃ | ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ | ᠶᠡᠷᠦᠩᠬᠡᠶ ᠱᠦᠵᠢ ᠰᠢ ᠶᠢᠨ ᠫᠢᠩ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠳᠤᠮᠳᠠ᠂ ᠲᠤᠭ᠎ᠠ ᠪᠦᠷᠢᠳᠬᠡᠯ ᠤᠨ ᠠᠵᠢᠯ ᠢ ᠠᠳᠬᠤᠬᠤ ᠪᠠ | ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠠᠳᠬᠤᠬᠤ ᠳᠤ ᠲᠤᠭ᠎ᠠ ᠪᠦᠷᠢᠳᠬᠡᠯ ᠤᠨ | ᠦᠨᠳᠦᠰᠦᠨ ᠱᠠᠲᠤᠨ ᠤ ᠰᠠᠭᠤᠷᠢ ᠶᠢ ᠠᠳᠬᠤᠬᠤ ᠬᠡᠷᠡᠭᠲᠡᠢ ᠭᠡᠳᠡᠭ ᠦᠵᠡᠯ ᠤᠬᠠᠮᠰᠠᠷ ᠢ ᠤᠯᠠᠮ ᠨᠢᠭᠡ ᠠᠯᠬᠤᠮ ᠪᠣᠶ | ᠪᠣᠯᠭᠠᠵᠤ᠂ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ᠂ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠢ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠤᠭ᠎ᠠ ᠪᠦᠷᠢᠳᠬᠡᠯ ᠤᠨ ᠥᠭᠡᠷᠡᠴᠢᠯᠡᠯᠲᠡ | ᠬᠥᠭᠵᠢᠯᠲᠡ ᠶᠢᠨ ᠠᠵᠢᠯ ᠢ ᠰᠤᠳᠤᠯᠤᠨ ᠪᠠᠶᠢᠷᠢᠯᠠᠭᠤᠯᠵᠤ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ | ᠰᠠᠭᠤᠷᠢ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠪᠠ᠃ 2020 | ᠣᠨ ᠤ 5 ᠳ᠋ᠤᠭᠠᠷ ᠰᠠᠷ᠎ᠠ ᠶᠢᠨ 17 ᠤ ᠡᠳᠦᠷ ᠪᠠ 2021 ᠣᠨ ᠤ 7 ᠳ᠋ᠤᠭᠠᠷ ᠰᠠᠷ᠎ᠠ ᠶᠢᠨ 20 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠰᠤᠮᠤ ᠰᠢᠶᠠᠩ ᠪᠠᠯᠭᠠᠰᠤ ᠶᠢᠨ | ᠲᠤᠭ᠎ᠠ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠲᠤᠬᠠᠶ ᠰᠠᠨᠠᠯ︾ ᠪᠣᠯᠤᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ᠂ ᠰᠠᠯᠠᠭ᠎ᠠ ᠮᠥᠴᠢᠷ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠢ | ᠵᠢᠷᠤᠮᠵᠢᠭᠤᠯᠬᠤ ᠬᠠᠮᠢᠶᠠᠷᠤᠯᠲᠠ ᠶᠢᠨ ᠠᠷᠭ᠎ᠠ︾ ᠶᠢ ᠲᠤᠰ ᠲᠤᠰ ᠳᠠᠷᠤᠮᠠᠯᠯᠠᠨ ᠲᠠᠷᠬᠠᠭᠠᠵᠤ᠂ ︽ᠰᠠᠨᠠᠯ︾ ᠪᠠ ︽ | ᠬᠠᠮᠢᠶᠠᠷᠤᠯᠲᠠ ᠶᠢᠨ ᠠᠷᠭ᠎ᠠ︾ ᠨᠢ ᠪᠥᠬᠦ ᠣᠷᠣᠨ ᠤ ᠲᠠᠪᠤᠨ ᠬᠦᠷᠢᠶᠡᠨ ᠴᠠᠷᠠᠭᠠᠨ ᠤ ᠲᠤᠭ᠎ᠠ ᠪᠦᠷᠢᠳᠬᠡᠯ ᠤᠨ | ᠦᠨᠳᠦᠰᠦᠨ ᠱᠠᠲᠤᠨ ᠤ ᠰᠠᠭᠤᠷᠢ ᠵᠢᠷᠤᠮᠵᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ︽ | ᠰᠢᠵᠢᠷ ᠠᠯᠲᠠᠨ︾ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠪᠠ᠃ | ᠲᠤᠭ᠎ᠠ ᠪᠦᠷᠢᠳᠬᠡᠯ ᠤᠨ ᠡᠬᠢ ᠰᠤᠷᠪᠤᠯᠵᠢ ᠶᠢᠨ ᠲᠤᠭ᠎ᠠ ᠪᠠᠷᠢᠮᠲᠠ ᠶᠢ ᠤᠯᠠᠮ ᠨᠢᠭᠡ ᠠᠯᠬᠤᠮ ᠦᠨᠡᠨ ᠪᠣᠳᠠᠲᠠᠶ | ᠪᠥᠭᠡᠳ ᠣᠨᠣᠪᠴᠢᠲᠠᠶ ᠪᠣᠯᠭᠠᠬᠤ ᠶᠢᠨ ᠲᠤᠰᠠᠳᠠ᠂ ︽ᠰᠠᠨᠠᠯ︾ ᠪᠣᠯᠤᠨ ︽ᠬᠠᠮᠢᠶᠠᠷᠤᠯᠲᠠ ᠶᠢᠨ ᠠᠷᠭ᠎ᠠ︾ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ | 2021 ᠣᠨ ᠤ 6 ᠳ᠋ᠤᠭᠠᠷ ᠰᠠᠷ᠎ᠠ ᠶᠢᠨ 3 ᠤ ᠡᠳᠦᠷ ᠳᠠᠷᠤᠮᠠᠯᠯᠠᠨ ᠲᠠᠷᠬᠠᠭᠠᠭᠰᠠᠨ ︽ᠲᠤᠭ᠎ᠠ ᠪᠦᠷᠢᠳᠬᠡᠯ ᠤᠨ | ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ | ᠰᠠᠨᠠᠯ︾ ᠤᠨ ᠵᠣᠷᠢᠭ ᠰᠠᠨᠠᠭ᠎ᠠ ᠪᠠ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ︽ᠬᠡᠷᠡᠭᠵᠢᠭᠦᠯᠵᠦ ᠳᠡᠶᠢᠯᠬᠦ᠂ ᠪᠠᠶᠢᠴᠠᠭᠠᠵᠤ ᠳᠡᠶᠢᠯᠬᠦ︾ ᠵᠠᠷᠴᠢᠮ | ᠶᠣᠰᠣᠭᠠᠷ᠂ 9 ᠳ᠋ᠦ᠋ᠭᠡᠷ ᠰᠠᠷ᠎ᠠ ᠳᠤ ᠲᠠᠪᠤᠨ ᠬᠦᠷᠢᠶ᠎ᠡ ᠴᠠᠷᠠᠭ᠎ᠠ ᠶᠢᠨ ᠲᠤᠭ᠎ᠠ ᠪᠦᠷᠢᠳᠬᠡᠯ ᠤᠨ ᠠᠵᠢᠯ ᠤᠨ | ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ ᠢᠵᠢ ᠪᠥᠷᠢᠳᠦᠭᠦᠯᠦᠨ ᠲᠣᠭᠲᠠᠭᠠᠬᠤ ᠶᠢᠨ ᠬᠠᠮᠲᠤ | ᠲᠡᠭᠦᠯᠳᠡᠷᠵᠢᠭᠦᠯᠵᠦ᠂ ᠪᠥᠬᠦ ᠣᠷᠣᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠲᠤᠭ᠎ᠠ ᠪᠦᠷᠢᠳᠬᠡᠯ ᠤᠨ | ᠦᠨᠳᠦᠰᠦᠨ ᠱᠠᠲᠤᠨ ᠤ ᠰᠠᠭᠤᠷᠢ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠳᠤ ᠣᠯᠠᠨ | ᠵᠦᠢᠯ ᠤᠨ ᠪᠣᠳᠠᠲᠠᠶ ᠨᠠᠶᠢᠳᠠᠪᠤᠷᠢᠵᠢᠭᠤᠯᠤᠰᠢᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠨᠢᠭᠡ᠂ ︽ᠰᠠᠨᠠᠯ︾ ᠬᠢᠭᠡᠳ ᠲᠥᠬᠦᠷᠵᠢᠭᠦᠯᠬᠦ ᠪᠠᠷᠢᠮᠵᠢᠶ᠎ᠠ ᠶᠢᠨ ᠲᠤᠬᠠᠶ | ︽ᠰᠠᠨᠠᠯ︾ ᠳᠤ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠳᠤ ᠴᠢᠭᠯᠡᠭᠦᠯᠦᠨ ︽ᠨᠠᠢᠮᠠ ᠶᠢ | ᠲᠡᠭᠦᠯᠳᠡᠷᠵᠢᠭᠦᠯᠵᠦ ᠨᠠᠢᠮᠠ ᠶᠢ ᠪᠣᠯᠭᠠᠬᠤ︾ ᠠᠵᠢᠯ ᠤᠨ ᠬᠠᠷᠠᠯᠲᠠ ᠶᠢ ᠳᠤᠷᠠᠳᠪᠠ᠂ ᠲᠤᠬᠠᠶᠢᠯᠠᠪᠠᠯ ᠣᠷᠣᠨ | ᠲᠤᠭ᠎ᠠ ᠲᠠᠢ᠂ ᠠᠵᠢᠯᠳᠠᠨ ᠲᠠᠢ᠂ ᠵᠠᠷᠤᠳᠠᠯ ᠲᠠᠢ᠂ ᠲᠠᠯᠠᠪᠤᠷ ᠲᠠᠢ᠂ ᠪᠡᠯᠡᠳᠬᠡᠮᠵᠢ ᠲᠠᠢ᠂ ᠲᠣᠣᠷ ᠰᠦᠯᠵᠢᠶ᠎ᠡ ᠲᠠᠢ᠂ | ᠲᠦᠷᠢᠮ ᠲᠠᠢ᠂ ᠪᠣᠯᠪᠠᠰᠤᠷᠠᠯ ᠲᠠᠢ ᠪᠠᠶᠢᠬᠤ ᠪᠠ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠳᠦᠷᠢᠮᠵᠢᠭᠦᠯᠬᠦ᠂ ᠲᠤᠭ᠎ᠠ | ᠪᠦᠷᠢᠳᠬᠡᠯ ᠤᠨ ᠠᠵᠢᠯᠲᠠᠨ ᠢ ᠲᠤᠰᠬᠠᠶᠢᠵᠢᠭᠤᠯᠬᠤ᠂ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ | ᠪᠠᠷᠢᠮᠵᠢᠶᠠᠵᠢᠭᠤᠯᠬᠤ᠂ ᠲᠤᠭ᠎ᠠ ᠪᠦᠷᠢᠳᠬᠡᠯ ᠤᠨ ᠡᠬᠡ ᠲᠠᠩᠰᠠ ᠶᠢ ᠡᠯᠧᠺᠲᠷᠣᠨᠴᠢᠯᠠᠬᠦ᠂ ᠲᠤᠭ᠎ᠠ ᠪᠦᠷᠢᠳᠬᠡᠯ ᠤᠨ | ᠮᠠᠲ᠋ᠧᠷᠢᠶᠠᠯ ᠢ ᠲᠠᠩᠰᠠ ᠡᠪᠬᠡᠮᠡᠯᠵᠢᠭᠦᠯᠬᠦ᠂ ᠲᠤᠭ᠎ᠠ ᠪᠦᠷᠢᠳᠬᠡᠯ ᠤᠨ ᠠᠵᠢᠯ ᠢ ᠬᠠᠤᠯᠢᠵᠢᠭᠤᠯᠬᠤ᠂ ᠲᠤᠭ᠎ᠠ | ᠪᠦᠷᠢᠳᠬᠡᠯ ᠤᠨ ᠮᠡᠳᠡᠭᠡ ᠵᠠᠩᠭᠢ ᠶᠢ ᠰᠦᠯᠵᠢᠶᠡᠵᠢᠭᠦᠯᠬᠦ᠂ ᠲᠤᠭ᠎ᠠ ᠪᠦᠷᠢᠳᠬᠡᠯ ᠤᠨ ᠤᠬᠠᠭᠤᠯᠭ᠎ᠠ ᠶᠢ | ᠪᠠᠶᠢᠩᠭᠤᠵᠢᠭᠤᠯᠤᠬᠤ ᠬᠠᠷᠠᠯᠲᠠ ᠪᠣᠯᠣᠨ᠎ᠠ᠃ ᠲᠤᠭ᠎ᠠ ᠪᠦᠷᠢᠳᠬᠡᠯ ᠤᠨ ᠲᠤᠰᠢᠶᠠᠯ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ᠂ ᠲᠤᠭ᠎ᠠ ᠪᠦᠷᠢᠳᠬᠡᠯ ᠤᠨ ᠬᠦᠴᠦᠨ ᠢ ᠲᠣᠬᠢᠷᠠᠭᠤᠯᠬᠤ᠂ ᠠᠵᠢᠯ ᠤᠨ ᠨᠥᠬᠦᠴᠡᠯ ᠢ | ᠰᠠᠶᠢᠵᠢᠷᠠᠭᠤᠯᠬᠤ᠂ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠬᠤ᠂ ᠮᠡᠳᠡᠭᠡ ᠵᠠᠩᠭᠢᠵᠢᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ᠂ ᠬᠠᠤᠯᠢ ᠶᠣᠰᠣᠭᠠᠷ ᠲᠣᠭᠠᠯᠠᠨ ᠪᠦᠷᠢᠳᠬᠡᠬᠦ ᠡᠷᠴᠢᠮ ᠢ ᠴᠢᠩᠭᠠᠷᠠᠭᠤᠯᠬᠤ᠂ | ᠠᠵᠢᠯᠳᠠᠨ ᠤ ᠬᠡᠪ ᠴᠢᠨᠠᠷ ᠢ ᠳᠡᠭᠡᠭᠰᠢᠯᠡᠭᠦᠯᠬᠦ ᠵᠡᠷᠭᠡ 7 ᠲᠠᠯ᠎ᠠ ᠠᠴᠠ ᠠᠵᠢᠯ ᠤᠨ ᠠᠷᠭ᠎ᠠ ᠬᠡᠮᠵᠢᠶ᠎ᠡ ᠪᠠ ᠪᠣᠳᠠᠲᠠᠶ | ᠡᠭᠦᠷᠭᠡ ᠶᠢ ᠨᠠᠷᠢᠯᠢᠬᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ 16 ᠵᠦᠢᠯ | 34 ᠵᠤᠷᠪᠤᠰ ᠵᠢᠷᠤᠮᠵᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠢᠵᠢ ᠪᠥᠷᠢᠳᠦᠭᠦᠯᠦᠨ | ᠲᠣᠭᠲᠠᠭᠠᠪᠠ᠃ | 2018 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠰᠤᠮᠤ | ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠴᠢᠩᠭ᠎ᠠ | ᠠᠩᠬᠠᠷᠴᠤ᠂ ︽ᠡᠴᠦᠰ ᠲᠤ ᠨᠢ ᠲᠤᠯᠲᠠᠯ᠎ᠠ ᠴᠢᠩᠭᠠᠳᠬᠠᠬᠤ᠂ ᠤᠳᠠᠭᠠᠨ ᠳᠠᠭᠠᠭᠠᠮᠠᠭᠠᠢ ᠠᠳᠬᠤᠬᠤ︾ ᠶᠢ | ᠪᠠᠷᠢᠮᠲᠠᠯᠠᠵᠤ᠂ ᠣᠳᠣᠬᠠᠨ ᠳᠤ ︽ᠨᠠᠢᠮᠠ ᠶᠢ ᠲᠡᠭᠦᠯᠳᠡᠷᠵᠢᠭᠦᠯᠵᠦ ᠨᠠᠢᠮᠠ ᠶᠢ ᠪᠣᠯᠭᠠᠬᠤ︾ ᠠᠵᠢᠯ ᠢ ᠨᠢᠭᠡᠨᠲᠡ | ᠪᠠᠶᠢᠩᠭᠤᠵᠢᠭᠤᠯᠬᠤ᠂ ᠨᠠᠷᠢᠯᠢᠬᠵᠢᠭᠤᠯᠤᠨ ᠠᠬᠢᠭᠤᠯᠬᠤ ᠰᠢᠨ᠎ᠡ ᠱᠠᠲᠤᠨ ᠳᠤ ᠤᠷᠤᠭᠰᠠᠨ ᠪᠠᠶᠢᠨ᠎ᠠ᠃ ᠨᠢᠭᠡ ᠳᠤ᠂ | ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠳᠤ ᠰᠢᠨ᠎ᠡ ᠡᠭᠦᠷᠭᠡ ᠬᠠᠷᠢᠭᠤᠴᠠᠯᠭ᠎ᠠ ᠣᠯᠭᠤᠵᠤ᠂ ᠴᠢᠬᠤᠯᠠ ᠶᠡᠭᠡ | ᠤᠯᠤᠰ ᠤᠨ ᠪᠠᠶᠢᠳᠠᠯ ᠤᠯᠤᠰ ᠤᠨ ᠬᠦᠴᠦᠨ ᠤ ᠨᠡᠶᠢᠳᠡᠮ ᠪᠠᠶᠢᠴᠠᠭᠠᠯᠲᠠ᠂ ︽ᠰᠢᠶᠠᠩ ᠤᠨ ᠺᠠᠷᠲ᠂ ᠲᠣᠰᠬᠤᠨ ᠤ | ᠺᠠᠷᠲ︾ ᠤᠨ ᠲᠠᠭᠯᠠᠨ ᠮᠡᠳᠡᠭᠦᠯᠦᠯᠲᠡ ︵ᠰᠢᠶᠠᠩ ᠪᠠᠯᠭᠠᠰᠤ ᠪᠣᠯᠤᠨ ᠲᠣᠰᠬᠤᠨ ᠤ ᠨᠡᠶᠢᠭᠡᠮ ᠤᠨ ᠠᠵᠤ ᠠᠬᠤᠶ ᠶᠢᠨ | ᠦᠨᠳᠦᠰᠦᠨ ᠪᠠᠶᠢᠳᠠᠯ ᠤᠨ ᠲᠤᠭ᠎ᠠ ᠪᠦᠷᠢᠳᠬᠡᠯ ᠤᠨ | ᠬᠦᠰᠦᠨᠦᠭᠲᠦ︶᠂ ᠨᠡᠷᠡᠰ ᠤᠨ ᠬᠥᠮᠥᠷᠭᠡ ᠶᠢᠨ ᠬᠠᠮᠠᠭᠠᠯᠠᠯᠲᠠ ︵ᠮᠠᠨ ᠤ ᠤᠯᠤᠰ ᠤᠨ ᠬᠢᠯᠢ ᠳᠣᠲᠣᠷ᠎ᠠ ᠠᠵᠤ ᠠᠬᠤᠶ | ᠪᠠ ᠨᠡᠶᠢᠭᠡᠮ ᠤᠨ ᠠᠵᠢᠯᠯᠠᠭ᠎ᠠ ᠬᠢᠵᠦ ᠪᠠᠶᠢᠭ᠎ᠠ ᠪᠣᠶ ᠪᠥᠬᠦᠶ ᠬᠠᠤᠯᠢ ᠶᠢᠨ ᠡᠷᠬᠡᠲᠡᠨ ᠤ ᠨᠢᠭᠡᠴᠢ᠂ ᠠᠵᠤ ᠦᠢᠯᠡᠰ ᠤᠨ | ᠠᠵᠢᠯᠯᠠᠭᠠᠨ ᠤ ᠨᠢᠭᠡᠴᠢ ᠶᠢᠨ ᠦᠨᠳᠦᠰᠦᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ | ᠵᠢᠭᠠᠵᠤ ᠪᠣᠶ︶᠂ ᠵᠣᠨ ᠤ ᠤᠯᠠᠷᠢᠯ ᠤᠨ ᠮᠠᠯ ᠠᠵᠤ ᠠᠬᠤᠶ ᠶᠢᠨ ᠪᠠᠶᠢᠴᠠᠭᠠᠯᠲᠠ᠂ ᠲᠠᠷᠢᠶᠠᠯᠠᠩ ᠮᠠᠯ ᠠᠵᠤ | ᠠᠬᠤᠶ ᠶᠢᠨ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠲᠠᠭᠯᠠᠨ ᠮᠡᠳᠡᠭᠦᠯᠬᠦ ᠪᠠ ᠬᠡᠪᠴᠢᠶ᠎ᠡ ︵ | ᠬᠢᠵᠠᠭᠠᠷ ᠲᠤᠭ᠎ᠠ︶ ᠠᠴᠠ ᠳᠣᠷᠣᠭᠰᠢᠬᠢ ᠨᠢᠭᠡᠴᠢ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠣᠷᠣᠯᠠᠨ | ᠮᠡᠳᠡᠭᠦᠯᠬᠦ᠂ ᠱᠠᠭᠠᠷᠳᠠᠨ ᠮᠡᠳᠡᠭᠦᠯᠬᠦ᠂ ᠬᠢᠨᠠᠨ ᠬᠠᠷᠭᠤᠭᠤᠯᠬᠤ ᠵᠡᠷᠭᠡ ᠠᠵᠢᠯ ᠢ ᠰᠤᠮᠤ ᠰᠢᠶᠠᠩ ᠪᠠᠯᠭᠠᠰᠤ ᠶᠢᠨ | ᠱᠠᠲᠤᠨ ᠳᠤ ᠬᠦᠷᠲᠡᠯ᠎ᠡ ᠦᠷᠭᠦᠯᠵᠢᠯᠡᠭᠦᠯᠪᠡ᠃ ᠡᠭᠦᠨ ᠤ ᠬᠠᠮᠲᠤ᠂ ᠨᠥᠬᠦᠴᠡᠯ ᠲᠠᠢ ᠭᠠᠴᠠᠭ᠎ᠠ ᠲᠣᠰᠬᠤᠨ ᠤ ︽ | ᠲᠣᠰᠬᠤᠨ ᠤ ᠺᠠᠷᠲ︾᠂ ᠵᠣᠨ ᠤ ᠤᠯᠠᠷᠢᠯ ᠤᠨ ᠮᠠᠯ ᠠᠵᠤ ᠠᠬᠤᠶ ᠶᠢᠨ ᠪᠠᠶᠢᠴᠠᠭᠠᠯᠲᠠ ᠪᠠ ᠲᠠᠷᠢᠶᠠᠯᠠᠩ ᠮᠠᠯ ᠠᠵᠤ | ᠠᠬᠤᠶ ᠶᠢᠨ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠡᠯᠧᠺᠲᠷᠤᠨᠴᠢᠯᠠᠬᠦ ᠶᠢ ᠪᠡᠶᠡᠯᠡᠭᠦᠯᠬᠦ ᠶᠢ | ᠵᠣᠷᠢᠭᠵᠢᠭᠤᠯᠵᠤ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠪᠠ᠃ ᠬᠤᠶᠠᠷ ᠲᠤ | ᠂ ᠲᠤᠭ᠎ᠠ ᠪᠦᠷᠢᠳᠬᠡᠯ ᠤᠨ ︽ᠨᠢᠭᠡ ᠵᠢᠷᠤᠭ︾ ᠤᠨ ᠶᠡᠷᠦᠩᠬᠡᠶᠢᠯᠡᠭᠰᠡᠨ ᠬᠡᠷᠡᠭᠯᠡᠭᠡᠨ ᠤ ᠵᠠᠳᠠᠯᠤᠯᠲᠠ ᠶᠢᠨ ᠲᠠᠪᠴᠠᠩ | ᠳᠡᠭᠡᠷ᠎ᠡ ︽ᠨᠢᠭᠡ ᠰᠢᠶᠠᠩ ᠪᠠᠯᠭᠠᠰᠤ ᠨᠢᠭᠡ ᠲᠠᠩᠰᠠ ᠡᠪᠬᠡᠮᠡᠯ︾ ᠢ ᠪᠠᠶᠢᠭᠤᠯᠤᠨ ᠲᠡᠭᠦᠯᠳᠡᠷᠵᠢᠭᠦᠯᠵᠦ᠂ ᠮᠡᠳᠡᠭᠡ | ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ᠂ ᠪᠥᠬᠦ ᠣᠷᠣᠨ ᠤ ᠰᠤᠮᠤ ᠰᠢᠶᠠᠩ ᠪᠠᠯᠭᠠᠰᠤ ᠶᠢᠨ ᠲᠤᠭ᠎ᠠ | ᠪᠦᠷᠢᠳᠬᠡᠯ ᠤᠨ ︽ᠨᠠᠢᠮᠠ ᠶᠢ ᠲᠡᠭᠦᠯᠳᠡᠷᠵᠢᠭᠦᠯᠵᠦ ᠨᠠᠢᠮᠠ ᠶᠢ ᠪᠣᠯᠭᠠᠬᠤ︾ ᠶᠢ ᠠᠬᠢᠭᠤᠯᠤᠭᠰᠠᠨ ᠪᠠᠶᠢᠳᠠᠯ ᠢ ᠰᠢᠭᠤᠳ | ᠪᠥᠭᠡᠳ ᠬᠥᠳᠡᠯᠦᠩᠭᠦᠶ ᠪᠠᠷ ᠡᠵᠡᠮᠰᠢᠪᠡ︔ ᠪᠥᠬᠦ ᠣᠷᠣᠨ ᠤ 1161 ᠰᠤᠮᠤ ᠰᠢᠶᠠᠩ ᠪᠠᠯᠭᠠᠰᠤ | ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠵᠢᠴᠢ ᠲᠤᠭ᠎ᠠ ᠪᠦᠷᠢᠳᠬᠡᠯ ᠤᠨ ᠲᠠᠯ᠎ᠠ ᠪᠠᠷ ᠰᠢᠶᠠᠩ | ᠪᠠᠯᠭᠠᠰᠤᠨ ᠤ ᠱᠠᠲᠤ ᠲᠠᠢ ᠠᠳᠠᠯᠢ ᠪᠠᠷ ᠦᠵᠡᠵᠦ ᠪᠠᠶᠢᠭ᠎ᠠ ᠨᠢᠭᠡᠴᠢ ᠶᠢᠨ ᠲᠤᠭ᠎ᠠ ᠪᠦᠷᠢᠳᠬᠡᠯ ᠤᠨ ᠠᠵᠢᠯ ᠤᠨ | ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠣᠲᠣ ᠪᠣᠯᠲᠠᠯ᠎ᠠ᠂ ᠪᠥᠬᠦ ᠣᠷᠣᠨ ᠳᠤ ᠨᠡᠶᠢᠲᠡ 1930 ᠭᠠᠷᠤᠶ | ᠲᠤᠰᠬᠠᠶ ᠪᠠ ᠲᠤᠰᠢᠶᠠᠯ ᠬᠠᠪᠰᠤᠷᠭᠠᠭᠰᠠᠨ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠨ ᠲᠠᠢ᠂ | ᠳᠤᠮᠳᠠᠴᠢ ᠨᠠᠰᠤ ᠨᠢ 37 ᠪᠠᠶᠢᠵᠤ᠂ ᠺᠣᠮᠫᠢᠦ᠋ᠲ᠋ᠧᠷ᠂ ᠲᠤᠭ᠎ᠠ ᠪᠦᠷᠢᠳᠬᠡᠯ ᠤᠨ ᠲᠤᠰᠬᠠᠶ ᠰᠦᠯᠵᠢᠶ᠎ᠡ ᠵᠡᠷᠭᠡ | ᠠᠵᠢᠯᠯᠠᠬᠤ ᠨᠥᠬᠦᠴᠡᠯ ᠢ ᠨᠢ ᠦᠷᠭᠦᠯᠵᠢᠯᠡᠨ ᠰᠠᠶᠢᠵᠢᠷᠠᠭᠤᠯᠪᠠ︔ 2021 ᠣᠨ ᠤ ᠪᠥᠬᠦ ᠣᠷᠣᠨ ᠤ ᠲᠤᠭ᠎ᠠ | ᠪᠦᠷᠢᠳᠬᠡᠯ ᠤᠨ ᠠᠵᠢᠯ ᠤᠨ ᠬᠤᠷᠠᠯ ᠳᠡᠭᠡᠷ᠎ᠡ᠂ ᠲᠦᠷᠦᠭᠦᠤ ᠪᠦᠯᠦᠭ ᠤᠨ ︽ᠨᠠᠢᠮᠠ ᠶᠢ ᠲᠡᠭᠦᠯᠳᠡᠷᠵᠢᠭᠦᠯᠵᠦ ᠨᠠᠢᠮᠠ ᠶᠢ | ᠪᠣᠯᠭᠠᠬᠤ︾ ᠶᠢ ᠠᠬᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠣᠭᠰᠠᠨ 39 ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢ ᠨᠡᠶᠢᠲᠡᠯᠡᠨ ᠰᠠᠶᠢᠰᠢᠶᠠᠭᠰᠠᠨ ᠤ ᠬᠠᠮᠲᠤ᠂ ᠳᠠᠷᠠᠭᠠᠴᠢ ᠶᠢᠨ | ᠠᠯᠬᠤᠮ ᠤᠨ ᠵᠢᠷᠤᠮᠵᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠢᠯᠡᠳᠲᠡ ᠪᠠᠶᠢᠭ᠎ᠠ | ᠰᠢᠶᠠᠩ ᠪᠠᠯᠭᠠᠰᠤ ᠶᠢ ᠨᠡᠶᠢᠲᠡᠯᠡᠨ ᠰᠠᠶᠢᠰᠢᠶᠠᠬᠤ ᠶᠢ ᠪᠠᠶᠢᠩᠭᠤᠵᠢᠭᠤᠯᠤᠨ᠎ᠠ᠃ ᠭᠤᠷᠪᠠ ᠳᠤ᠂ 2020 ᠣᠨ ᠳᠤ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠵᠢᠷᠤᠮᠵᠢᠭᠤᠯᠤᠯᠲᠠ ᠶᠢᠨ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶ ᠠᠬᠢᠭᠤᠯᠬᠤ ᠠᠵᠢᠯ ᠤᠨ ᠠᠷᠭ᠎ᠠ ᠬᠢᠳᠡᠯ ᠪᠠ ᠨᠡᠶᠢᠲᠡᠯᠢᠭ ᠲᠤᠷᠰᠢᠯᠭ᠎ᠠ ᠶᠢ | ᠪᠥᠬᠦ ᠤᠯᠤᠰ ᠤᠨ ᠲᠤᠭ᠎ᠠ ᠪᠦᠷᠢᠳᠬᠡᠯ ᠤᠨ ᠰᠢᠰᠲ᠋ᠧᠮ ᠳᠤ ᠥᠷᠭᠡᠨ ᠢᠶᠠᠷ ᠰᠣᠯᠢᠯᠴᠠᠨ ᠳᠡᠯᠭᠡᠷᠡᠭᠦᠯᠦᠭᠰᠡᠨ ᠤ ᠬᠠᠮᠲᠤ | ᠤᠢᠢᠷ᠎ᠠ ᠶᠢᠨ ᠵᠢᠯ ᠠᠴᠠ ᠨᠠᠭᠠᠰᠢᠬᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠠᠷᠯᠠᠨ ᠮᠡᠳᠡᠭᠡᠯᠡᠭᠰᠡᠨ | ᠲᠤᠬᠠᠶᠢᠯᠠᠭᠰᠠᠨ ᠠᠵᠢᠯ ᠤᠨ ᠬᠢᠨᠠᠨ ᠰᠢᠯᠭᠠᠷᠠᠭᠤᠯᠤᠯᠲᠠ ᠳᠤ ᠮᠠᠨ ᠤ ᠣᠷᠣᠨ ᠤ ᠤᠯᠠᠨ ᠵᠦᠢᠯ ᠤᠨ ᠲᠤᠭ᠎ᠠ | ᠪᠦᠷᠢᠳᠬᠡᠯ ᠤᠨ ᠲᠤᠬᠠᠶᠢᠯᠠᠭᠰᠠᠨ ᠠᠵᠢᠯ ᠰᠢᠯᠢᠳᠡᠭ ᠪᠦᠲᠦᠮᠵᠢ ᠣᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠨᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠵᠢᠴᠢ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠨᠡᠶᠢᠳᠡᠮ ᠤᠨ ᠨᠣᠲᠠᠯᠠᠯᠲᠠ ᠶᠢ ᠣᠯᠪᠠ᠂ ᠡᠨᠡ ᠨᠢ ᠪᠠᠰᠠ ᠴᠦ ᠦᠨᠳᠦᠰᠦᠨ | ᠱᠠᠲᠤᠨ ᠤ ᠰᠠᠭᠤᠷᠢ ᠠᠵᠢᠯ ᠢ ᠠᠳᠬᠤᠭᠰᠠᠨ ᠬᠠᠮᠤᠭ ᠤᠨ ᠶᠡᠭᠡ ᠦᠷ᠎ᠡ ᠪᠦᠲᠦᠮᠵᠢ ᠪᠣᠯᠤᠨ᠎ᠠ᠃ | ᠬᠤᠶᠠᠷ᠂ ︽ᠬᠠᠮᠢᠶᠠᠷᠤᠯᠲᠠ ᠶᠢᠨ ᠠᠷᠭ᠎ᠠ︾ ᠵᠢᠴᠢ ᠲᠦᠬᠦᠷᠵᠢᠭᠦᠯᠬᠦ ᠪᠠᠷᠢᠮᠵᠢᠶ᠎ᠠ ᠶᠢᠨ ᠲᠤᠬᠠᠶ | ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠳᠤ ᠴᠢᠭᠯᠡᠭᠦᠯᠦᠨ ︽ᠲᠠᠪᠤ ᠶᠢ ᠵᠢᠷᠤᠮᠵᠢᠭᠤᠯᠵᠤ | ᠳᠥᠷᠪᠡ ᠶᠢ ᠳᠡᠭᠡᠭᠰᠢᠯᠡᠭᠦᠯᠬᠦ︾ ᠠᠵᠢᠯ ᠤᠨ ᠬᠠᠷᠠᠯᠲᠠ ᠶᠢ ᠳᠤᠷᠠᠳᠪᠠ᠂ ᠲᠤᠬᠠᠶᠢᠯᠠᠪᠠᠯ ᠲᠤᠭ᠎ᠠ ᠪᠦᠷᠢᠳᠬᠡᠯ ᠤᠨ | ᠠᠵᠢᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠲᠤᠭ᠎ᠠ ᠪᠠᠷᠢᠮᠲᠠ ᠭᠠᠷᠭᠠᠬᠤ ᠴᠤᠪᠤᠷᠠᠯ ᠢ ᠵᠢᠷᠤᠮᠵᠢᠭᠤᠯᠬᠤ᠂ ᠲᠤᠭ᠎ᠠ | ᠪᠦᠷᠢᠳᠬᠡᠯ ᠤᠨ ᠪᠣᠯᠪᠠᠰᠤᠷᠠᠯ ᠬᠥᠮᠦᠵᠢᠯ ᠢ ᠵᠢᠷᠤᠮᠵᠢᠭᠤᠯᠬᠤᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ | ᠨᠡᠶᠢᠲᠡᠯᠡᠬᠦ ᠶᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ | ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠬᠦ᠂ ᠲᠤᠭ᠎ᠠ | ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠲᠤᠭ᠎ᠠ | ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ | ᠮᠡᠳᠡᠭᠡ ᠵᠠᠩᠭᠢ ᠶᠢᠨ ᠮᠡᠷᠭᠡᠵᠢᠯ ᠢᠶᠠᠷ ᠲᠤᠯᠭᠠᠭᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ 9 ᠵᠦᠢᠯ 27 ᠵᠤᠷᠪᠤᠰ | ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ ᠢᠵᠢ ᠪᠥᠷᠢᠳᠦᠭᠦᠯᠦᠨ ᠲᠣᠭᠲᠠᠭᠠᠪᠠ᠃ | 2020 ᠣᠨ ᠤ 9 ᠳ᠋ᠦ᠋ᠭᠡᠷ ᠰᠠᠷ᠎ᠠ ᠳᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 12 | ᠳ᠋ᠤᠭᠠᠷ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠨ ᠤ ᠣᠷᠣᠨ ᠳᠤ ᠲᠤᠭ᠎ᠠ | ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠥᠷᠨᠢᠭᠦᠯᠪᠡ᠃ 2021 ᠣᠨ ᠤ 3 ᠳ᠋ᠤᠭᠠᠷ ᠰᠠᠷ᠎ᠠ ᠳᠤ᠂ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠲᠣᠰ ᠲᠣᠰ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠠ ᠵᠠᠰᠠᠭ ᠤᠨ ᠣᠷᠳᠣᠨ ᠵᠢᠴᠢ ᠲᠤᠭ᠎ᠠ ᠪᠦᠷᠢᠳᠬᠡᠯ ᠤᠨ ᠲᠣᠪᠴᠢᠶ᠎ᠠ ᠳᠤ ᠰᠢᠮᠳᠠᠭᠤᠯᠤᠨ ᠪᠠᠶᠢᠴᠠᠭᠠᠭᠰᠠᠨ ᠰᠠᠨᠠᠯ ᠢᠶᠠᠨ | ᠬᠠᠷᠢᠭᠤ ᠲᠤᠰᠬᠠᠭᠰᠠᠨ ᠰᠠᠨᠠᠯ ᠳᠤ ᠪᠠᠨ᠂ ᠬᠤᠰᠢᠭᠤ ᠰᠢᠶᠠᠨ ᠤ ᠲᠤᠭ᠎ᠠ ᠪᠦᠷᠢᠳᠬᠡᠯ ᠤᠨ ᠠᠵᠢᠯ ᠤᠨ ᠲᠠᠯ᠎ᠠ ᠪᠠᠷ | ᠡᠳᠦᠶ ᠲᠡᠳᠦᠶ ᠠᠰᠠᠭᠤᠳᠠᠯ ᠣᠷᠣᠰᠢᠵᠤ ᠪᠠᠶᠢᠨ᠎ᠠ ᠭᠡᠵᠦ ᠲᠣᠳᠣᠷᠬᠠᠶ ᠵᠢᠭᠠᠵᠤ ᠭᠠᠷᠭᠠᠪᠠ᠃ ᠣᠳᠣᠬᠠᠨ ᠳᠤ ᠪᠢᠳᠡ | ᠶᠠᠭ ᠬᠤᠰᠢᠭᠤ ᠰᠢᠶᠠᠨ ᠤ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠨ ᠪᠠᠶᠢᠴᠠᠭᠠᠯᠲᠠ ᠬᠢᠬᠦ ᠠᠵᠢᠯ ᠤᠨ | ᠬᠦᠴᠦᠨ ᠢ ᠭᠦᠢᠴᠡᠳ ᠳᠣᠭᠢᠷᠠᠭᠤᠯᠤᠨ ᠴᠢᠩᠭᠠᠳᠬᠠᠬᠤ᠂ ᠬᠤᠰᠢᠭᠤ ᠰᠢᠶᠠᠨ ᠤ ᠲᠤᠭ᠎ᠠ ᠪᠦᠷᠢᠳᠬᠡᠯ ᠤᠨ | ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠮᠠᠶ᠋ᠢᠭ ᠢᠶᠠᠷ | ᠠᠰᠠᠭᠤᠳᠠᠯ ᠢ ᠰᠢᠢᠳᠪᠦᠷᠢᠯᠡᠵᠦ ᠪᠠᠶᠢᠨ᠎ᠠ᠃ | ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠳᠤ ᠴᠢᠭᠯᠡᠭᠦᠯᠦᠨ ︽ᠵᠢᠷᠭᠤᠭ᠎ᠠ ᠶᠢ ᠵᠢᠷᠤᠮᠵᠢᠭᠤᠯᠵᠤ ᠲᠠᠪᠤ ᠶᠢ | ᠴᠢᠩᠭᠠᠳᠬᠠᠬᠤ︾ ᠠᠵᠢᠯ ᠤᠨ ᠬᠠᠷᠠᠯᠲᠠ ᠶᠢ ᠳᠤᠷᠠᠳᠪᠠ᠂ ᠲᠤᠬᠠᠶᠢᠯᠠᠪᠠᠯ ᠰᠠᠯᠠᠭ᠎ᠠ ᠮᠥᠴᠢᠷ ᠤᠨ ᠲᠤᠭ᠎ᠠ | ᠪᠦᠷᠢᠳᠬᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠵᠢᠷᠤᠭ | ᠲᠥᠯᠥᠪᠯᠡᠭᠡ ᠶᠢ ᠵᠢᠷᠤᠮᠵᠢᠭᠤᠯᠬᠤ᠂ ᠪᠠᠶᠢᠴᠠᠭᠠᠯᠲᠠ ᠶᠢᠨ ᠵᠦᠢᠯᠡᠰ ᠤᠨ ᠬᠢᠨᠠᠯᠲᠠ ᠵᠥᠪᠰᠢᠶᠡᠷᠡᠯ ᠢ ᠵᠢᠷᠤᠮᠵᠢᠭᠤᠯᠬᠤ᠂ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠢᠷᠤᠮᠵᠢᠭᠤᠯᠬᠤ᠂ ᠲᠤᠭ᠎ᠠ ᠪᠠᠷᠢᠮᠲᠠ ᠶᠢ ᠨᠡᠶᠢᠲᠡᠯᠡᠬᠦ ᠠᠭᠤᠯᠭ᠎ᠠ ᠶᠢ | ᠵᠢᠷᠤᠮᠵᠢᠭᠤᠯᠬᠤ᠂ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠬᠤ᠂ | ᠨᠡᠷᠡᠰ ᠤᠨ ᠵᠢᠭᠰᠠᠭᠠᠯᠲᠠ ᠶᠢᠨ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠬᠤ᠂ ᠲᠤᠭ᠎ᠠ ᠪᠦᠷᠢᠳᠬᠡᠯ ᠤᠨ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠬᠤ᠂ ᠶᠠᠰᠤ ᠴᠢᠨᠠᠷ ᠢ ᠦᠨᠡᠯᠡᠨ ᠵᠢᠱᠢᠵᠦ ᠰᠢᠯᠭᠠᠨ ᠬᠤᠷᠢᠶᠠᠵᠤ | ᠠᠪᠬᠤ ᠶᠢ ᠴᠢᠩᠭᠠᠳᠬᠠᠬᠤ᠂ ᠮᠡᠳᠡᠭᠡ ᠵᠠᠩᠭᠢ ᠶᠢᠨ ᠮᠡᠷᠭᠡᠵᠢᠯ ᠢᠶᠠᠷ ᠲᠤᠯᠭᠠᠭᠤᠷᠢᠯᠠᠬᠤ ᠶᠢ ᠴᠢᠩᠭᠠᠳᠬᠠᠬᠤ ᠶᠠᠪᠤᠳᠠᠯ | ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ 11 ᠵᠦᠢᠯ 21 ᠵᠤᠷᠪᠤᠰ | ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ ᠢᠵᠢ ᠪᠥᠷᠢᠳᠦᠭᠦᠯᠦᠨ ᠲᠣᠭᠲᠠᠭᠠᠪᠠ᠃ | ︽ᠬᠠᠮᠢᠶᠠᠷᠤᠯᠲᠠ ᠶᠢᠨ ᠠᠷᠭ᠎ᠠ︾ ᠳᠤ ᠲᠣᠳᠣᠷᠬᠠᠶ ᠲᠣᠭᠲᠠᠭᠠᠭᠰᠠᠨ ᠨᠢ᠂ ᠰᠠᠯᠠᠭ᠎ᠠ ᠮᠥᠴᠢᠷ ᠤᠳ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠵᠦ᠂ ᠲᠤᠭ᠎ᠠ ᠪᠠᠷᠢᠮᠲᠠ | ᠴᠤᠭᠯᠠᠭᠤᠯᠬᠤ᠂ ᠲᠤᠭ᠎ᠠ ᠪᠠᠷᠢᠮᠲᠠ ᠶᠢ ᠰᠢᠢᠳᠪᠦᠷᠢᠯᠡᠬᠦ ᠪᠠ ᠶᠠᠰᠤ ᠴᠢᠨᠠᠷ ᠢ ᠡᠵᠡᠮᠳᠡᠬᠦ ᠵᠡᠷᠭᠡ ᠠᠵᠢᠯ ᠤᠨ ᠴᠤᠪᠤᠷᠠᠯ ᠢ | ᠴᠢᠩᠭ᠎ᠠ ᠵᠢᠷᠤᠮᠵᠢᠭᠤᠯᠬᠤ ᠬᠡᠷᠡᠭᠲᠡᠶ︔ ᠠᠳᠠᠯᠢ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠲᠣᠭᠲᠠᠭᠠᠭᠰᠠᠨ ︽ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ | ᠮᠡᠳᠡᠭᠦᠯᠦᠯᠲᠡ ᠶᠢᠨ ᠬᠦᠰᠦᠨᠦᠭᠲᠦ ᠶᠢᠨ ᠲᠦᠷᠢᠮ︾ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠪᠠᠰᠠ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ | ᠠᠵᠢᠯ ᠤᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠬᠤ᠂ ︽ᠰᠠᠯᠠᠭ᠎ᠠ ᠮᠥᠴᠢᠷ ᠤᠨ ᠲᠤᠭ᠎ᠠ | ᠪᠦᠷᠢᠳᠬᠡᠯ ᠤᠨ ᠠᠵᠢᠯ ᠤᠨ ᠭᠠᠷ ᠠᠪᠤᠯᠭ᠎ᠠ︾ ᠶᠢ ᠳᠠᠷᠤᠮᠠᠯᠯᠠᠨ ᠲᠠᠷᠬᠠᠭᠠᠬᠤ᠂ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠷᠥᠯ ᠵᠦᠢᠯ ᠢ ᠢᠯᠭᠠᠷᠠᠭᠤᠯᠤᠨ ᠪᠠᠶᠢᠴᠠᠭᠠᠬᠤ ᠪᠠ ᠥᠪᠡᠷ ᠢ ᠪᠠᠨ ᠪᠠᠶᠢᠴᠠᠭᠠᠬᠤ᠂ ᠰᠠᠯᠠᠭ᠎ᠠ | ᠮᠥᠴᠢᠷ ᠤᠨ ᠲᠤᠭ᠎ᠠ ᠪᠦᠷᠢᠳᠬᠡᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠬᠦ ᠵᠡᠷᠭᠡ ᠠᠷᠭ᠎ᠠ | ᠮᠠᠶ᠋ᠢᠭ ᠢᠶᠠᠷ ᠰᠠᠯᠠᠭ᠎ᠠ ᠮᠥᠴᠢᠷ ᠢ ᠰᠢᠮᠳᠠᠭᠤᠯᠤᠨ ᠵᠢᠯᠣᠭᠤᠳᠴᠤ ᠪᠠᠶᠢᠭᠠᠳ ᠲᠤᠭ᠎ᠠ ᠪᠦᠷᠢᠳᠬᠡᠯ ᠤᠨ ᠠᠵᠢᠯ ᠢ | ᠵᠢᠷᠤᠮᠵᠢᠭᠤᠯᠤᠨ ᠰᠠᠶᠢᠲᠤᠷ ᠬᠢᠯᠭᠡᠪᠡ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠳᠤ ᠴᠢᠭᠯᠡᠭᠦᠯᠦᠨ ︽ᠭᠤᠷᠪᠠ ᠶᠢ | ᠵᠢᠷᠤᠮᠵᠢᠭᠤᠯᠵᠤ ᠬᠤᠶᠠᠷ ᠢ ᠳᠡᠭᠡᠭᠰᠢᠯᠡᠭᠦᠯᠬᠦ︾ ᠠᠵᠢᠯ ᠤᠨ ᠬᠠᠷᠠᠯᠲᠠ ᠶᠢ ᠳᠤᠷᠠᠳᠪᠠ᠂ ᠲᠤᠬᠠᠶᠢᠯᠠᠪᠠᠯ ᠲᠤᠭ᠎ᠠ | ᠪᠦᠷᠢᠳᠬᠡᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠡᠭᠦᠷᠭᠡ | ᠬᠠᠷᠢᠭᠤᠴᠠᠯᠭ᠎ᠠ ᠶᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠴᠤᠪᠤᠷᠠᠯ ᠢ ᠵᠢᠷᠤᠮᠵᠢᠭᠤᠯᠬᠤ᠂ | ᠬᠠᠤᠯᠢ ᠶᠣᠰᠣᠭᠠᠷ ᠲᠤᠭ᠎ᠠ ᠪᠦᠷᠢᠳᠬᠡᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠲᠤᠭ᠎ᠠ ᠪᠦᠷᠢᠳᠬᠡᠯ ᠤᠨ ᠠᠵᠢᠯ ᠤᠨ | ᠰᠢᠯᠭᠠᠨ ᠬᠢᠨᠠᠬᠤ ᠡᠷᠴᠢᠮ ᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ 5 ᠵᠦᠢᠯ 16 ᠵᠤᠷᠪᠤᠰ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠢᠵᠢ ᠪᠥᠷᠢᠳᠦᠭᠦᠯᠦᠨ ᠲᠣᠭᠲᠠᠭᠠᠪᠠ᠃ | 2021 ᠣᠨ ᠤ 6 ᠳ᠋ᠤᠭᠠᠷ ᠰᠠᠷ᠎ᠠ ᠶᠢᠨ 11 ᠤ ᠡᠳᠦᠷ ︽ᠥᠪᠥᠷ ᠮᠣᠩᠭᠤᠯ ᠤᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠳᠦᠷᠢᠮ︾ ᠨᠢ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠵᠥᠪᠰᠢᠶᠡᠷᠡᠯ ᠢ ᠣᠯᠣᠭᠰᠠᠨ ᠠᠴᠠ ᠨᠠᠭᠠᠰᠢ᠂ ᠮᠠᠨ ᠤ | ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠵᠢᠩᠬᠢᠨᠢ ᠪᠠᠷ | ᠡᠬᠢᠯᠡᠵᠦ᠂ ᠣᠳᠣᠬᠠᠨ ᠳᠤ ᠶᠠᠭ ᠭᠤᠷᠪᠠᠨ ᠠᠯᠬᠤᠮ ᠬᠤᠪᠢᠶᠠᠨ ᠪᠥᠬᠦ ᠣᠷᠣᠨ ᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠳᠣᠲᠣᠷᠠᠬᠢ 58 ᠠᠵᠤ ᠠᠬᠤᠶᠢᠯᠠᠯ ᠳᠤ ᠤᠯᠠᠷᠢᠯ ᠤᠨ ᠲᠤᠭ᠎ᠠ ᠪᠦᠷᠢᠳᠬᠡᠯ ᠤᠨ ᠬᠢᠨᠠᠨ | ᠰᠢᠨᠵᠢᠯᠡᠯᠲᠡ ᠬᠢᠵᠦ ᠪᠠᠶᠢᠨ᠎ᠠ᠃ ᠬᠠᠮᠢᠶ᠎ᠠ ᠪᠥᠬᠦᠶ ᠲᠤᠭ᠎ᠠ ᠪᠠᠷᠢᠮᠲᠠ ᠪᠠ ᠵᠠᠳᠠᠯᠤᠨ ᠲᠠᠶᠢᠯᠪᠤᠷᠢᠯᠠᠬᠤ ᠠᠵᠢᠯ ᠢ ᠴᠤ | ᠴᠠᠭ ᠲᠤᠬᠠᠢ ᠳᠤ ᠨᠢ ᠳᠣᠭᠢᠷᠠᠭᠤᠯᠤᠨ ᠨᠡᠶᠢᠲᠡᠯᠡᠵᠦ᠂ ᠪᠥᠬᠦ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠲᠤᠭ᠎ᠠ ᠪᠦᠷᠢᠳᠬᠡᠯ ᠤᠨ ᠬᠦᠴᠦᠨ ᠨᠡᠮᠡᠷᠢᠯᠡᠵᠦ ᠪᠤᠢ᠃ | ᠠᠵᠤ ᠠᠬᠤᠶᠢᠯᠠᠯ ᠤᠨ ᠲᠤᠭ᠎ᠠ ᠪᠦᠷᠢᠳᠬᠡᠯ ᠳᠤ ᠴᠢᠭᠯᠡᠭᠦᠯᠦᠨ ︽ᠭᠤᠷᠪᠠ ᠶᠢ ᠵᠢᠷᠤᠮᠵᠢᠭᠤᠯᠵᠤ ᠳᠥᠷᠪᠡ ᠶᠢ | ᠴᠢᠩᠭᠠᠷᠠᠭᠤᠯᠬᠤ︾ ᠠᠵᠢᠯ ᠤᠨ ᠬᠠᠷᠠᠯᠲᠠ ᠶᠢ ᠳᠤᠷᠠᠳᠪᠠ᠂ ᠲᠤᠬᠠᠶᠢᠯᠠᠪᠠᠯ ᠠᠵᠤ ᠠᠬᠤᠶᠢᠯᠠᠯ ᠤᠨ ᠲᠤᠭ᠎ᠠ | ᠪᠦᠷᠢᠳᠬᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠯᠠᠭ᠎ᠠ ᠶᠢ | ᠵᠢᠷᠤᠮᠵᠢᠭᠤᠯᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠪᠣᠯᠪᠠᠰᠤᠷᠠᠭᠤᠯᠤᠯ ᠢ | ᠵᠢᠷᠤᠮᠵᠢᠭᠤᠯᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠠᠤᠯᠢ ᠪᠠᠷ | ᠵᠠᠰᠠᠬᠤ ᠪᠠᠶᠢᠭᠤᠯᠤᠯᠲᠠ ᠶᠢ ᠴᠢᠩᠭᠠᠳᠬᠠᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠶᠡᠷᠦᠩᠬᠡᠶᠢᠯᠡᠭᠰᠡᠨ | ᠪᠠᠲᠤᠯᠠᠭ᠎ᠠ ᠶᠢ ᠴᠢᠩᠭᠠᠳᠬᠠᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠱᠠᠩᠨᠠᠨ ᠵᠠᠯᠬᠠᠭᠠᠬᠤ ᠳᠦᠷᠢᠮ ᠢ | ᠴᠢᠩᠭᠠᠳᠬᠠᠬᠤ ᠶᠠᠪᠤᠳᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ 7 | ᠵᠦᠢᠯ 18 ᠵᠤᠷᠪᠤᠰ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ ᠢᠵᠢ ᠪᠥᠷᠢᠳᠦᠭᠦᠯᠦᠨ | ᠲᠣᠭᠲᠠᠭᠠᠪᠠ᠃ | ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠤᠨ | ᠭᠤᠤᠯ ᠠᠭᠤᠯᠭ᠎ᠠ ᠪᠣᠯ ︽ᠤᠷᠢᠳ ᠢᠶᠠᠷ ᠡᠬᠡ ᠲᠠᠩᠰᠠ ᠭᠠᠷᠭᠠᠵᠤ ᠳᠠᠷᠠᠭ᠎ᠠ ᠨᠢ ᠮᠡᠳᠡᠭᠦᠯᠦᠯᠲᠡ ᠶᠢᠨ ᠬᠦᠰᠦᠨᠦᠭᠲᠦ | ᠵᠣᠬᠢᠶᠠᠬᠤ︾ ᠵᠠᠷᠴᠢᠮ ᠢ ᠴᠢᠩᠭ᠎ᠠ ᠵᠢᠷᠤᠮᠯᠠᠨ᠂ ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠪᠦᠷᠢᠨ | ᠪᠦᠲᠦᠨ ᠡᠬᠡ ᠲᠠᠩᠰᠠ ᠶᠢ ᠪᠠᠶᠢᠭᠤᠯᠬᠤ ᠶᠠᠪᠤᠳᠠᠯ ᠪᠣᠯᠤᠨ᠎ᠠ᠃ ᠡᠭᠦᠨ ᠠᠴᠠ ᠭᠠᠳᠠᠨ᠎ᠠ᠂ ︽ᠬᠠᠮᠢᠶᠠᠷᠤᠯᠲᠠ ᠶᠢᠨ | ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠢ ᠵᠢᠯ ᠪᠦᠷᠢ | ᠠᠳᠠᠭ ᠲᠤ ᠪᠠᠨ ᠨᠢᠭᠡ ᠤᠳᠠᠭ᠎ᠠ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ | ᠲᠤᠬᠠᠶᠢᠯᠠᠭᠰᠠᠨ ᠠᠵᠢᠯ ᠪᠠ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠯ ᠳᠤ | ᠣᠷᠣᠯᠴᠠᠭᠤᠯᠵᠤ᠂ ᠲᠤᠭ᠎ᠠ ᠪᠦᠷᠢᠳᠬᠡᠯ ᠤᠨ ᠠᠵᠢᠯᠲᠠᠨ ᠳᠤ ᠲᠣᠬᠢᠷᠠᠭᠤᠯᠤᠯᠲᠠ ᠬᠢᠵᠦ ᠬᠤᠪᠢᠷᠠᠯᠲᠠ ᠭᠠᠷᠬᠤ | ᠦᠶ᠎ᠡ ᠳᠤ ᠪᠠᠰᠠ ᠴᠠᠭ ᠲᠤᠬᠠᠶ ᠳᠤ ᠨᠢ ᠳᠡᠩᠰᠡᠯᠡᠨ ᠲᠡᠮᠳᠡᠭᠯᠡᠬᠦ ᠬᠡᠷᠡᠭᠲᠡᠶ᠃ ᠣᠲᠣ ᠪᠣᠯᠲᠠᠯ᠎ᠠ᠂ ᠪᠥᠬᠦ ᠣᠷᠣᠨ ᠤ ︽ | ᠳᠥᠷᠪᠡ ᠶᠢ ᠬᠥᠭᠵᠢᠭᠦᠯᠬᠦ︾ ᠠᠵᠤ ᠠᠬᠤᠶᠢᠯᠠᠯ ︵ᠲᠤᠭ᠎ᠠ ᠪᠦᠷᠢᠳᠬᠡᠯ ᠤᠨ ᠲᠠᠯ᠎ᠠ ᠪᠠᠷ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠢᠷᠢ ᠬᠡᠮ ᠤᠨ ᠲᠠᠰ ᠨᠢ ᠪᠠᠷᠢᠯᠭ᠎ᠠ ᠶᠢᠨ ᠦᠢᠯᠡᠰ ᠤᠨ | ᠠᠵᠤ ᠠᠬᠤᠶᠢᠯᠠᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ᠂ ᠵᠢᠵᠢᠭᠯᠡᠨ | ᠬᠤᠳᠠᠯᠳᠤᠬᠤ ᠪᠠ ᠬᠤᠭᠤᠯᠠ ᠬᠤᠨᠤᠭ ᠤᠨ ᠠᠵᠤ ᠠᠬᠤᠶᠢᠯᠠᠯ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ︶ ᠨᠢ ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢ | ᠦᠨᠳᠦᠰᠦᠨ ᠳᠤ ᠪᠠᠨ ᠵᠢᠷᠤᠮᠵᠢᠭᠤᠯᠤᠨ ᠪᠠᠶᠢᠭᠤᠯᠵᠤ᠂ ︽ᠲᠤᠭ᠎ᠠ ᠪᠦᠷᠢᠳᠬᠡᠯ ᠨᠢ ᠦᠨᠳᠦᠰᠦ ᠪᠠᠷᠢᠮᠲᠠ ᠲᠠᠢ᠂ | ᠪᠠᠶᠢᠴᠠᠭᠠᠬᠤ ᠳᠤ ᠦᠨᠳᠦᠰᠦ ᠪᠠᠷᠢᠮᠲᠠ ᠲᠠᠢ︾ ᠪᠠᠶᠢᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠡᠬᠢ | ᠡᠭᠦᠰᠦᠯ ᠤᠨ ᠲᠤᠭ᠎ᠠ ᠪᠠᠷᠢᠮᠲᠠ ᠶᠢᠨ ᠨᠡᠬᠡᠮᠵᠢᠯᠡᠬᠦ ᠴᠢᠨᠠᠷ᠂ ᠬᠠᠷᠢᠴᠠᠭᠤᠯᠬᠤ ᠴᠢᠨᠠᠷ᠂ ᠵᠣᠬᠢᠴᠠᠩᠭᠤᠢ ᠴᠢᠨᠠᠷ ᠨᠢ ᠴᠦ | ᠤᠯᠠᠮ ᠠᠴᠠ ᠤᠯᠠᠮ ᠰᠠᠶᠢᠨ ᠪᠣᠯᠵᠣ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠪᠢᠳᠡ ᠲᠥᠷᠥᠯ ᠬᠤᠪᠢᠶᠠᠨ ᠵᠢᠯᠣᠭᠤᠳᠬᠤ ᠶᠢ ᠪᠠᠷᠢᠮᠲᠠᠯᠠᠵᠤ᠂ ᠬᠠᠮᠵᠢᠯᠴᠠᠨ | ᠨᠡᠪᠲᠡᠷᠡᠯᠴᠡᠬᠦ ᠶᠢ ᠴᠢᠩᠭᠠᠳᠬᠠᠵᠤ᠂ ᠲᠠᠪᠤᠨ ᠬᠦᠷᠢᠶ᠎ᠡ ᠴᠠᠷᠠᠭᠠᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ | ᠰᠠᠭᠤᠷᠢ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠵᠡᠷᠭᠡ ᠳᠤ ᠨᠢ ᠭᠦᠨᠵᠡᠭᠡᠶ ᠠᠬᠢᠭᠤᠯᠵᠤ᠂ ᠲᠤᠭ᠎ᠠ | ᠪᠦᠷᠢᠳᠬᠡᠯ ᠤᠨ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠷᠭᠦᠯᠵᠢᠯᠡᠨ ᠪᠠᠬᠢᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠳᠤ ᠲᠤᠭ᠎ᠠ ᠪᠦᠷᠢᠳᠬᠡᠯ ᠤᠨ | ᠬᠦᠴᠦᠨ ᠴᠢᠳᠠᠯ ᠢ ᠲᠠᠰᠤᠷᠠᠯᠲᠠ ᠥᠬᠡᠶ ᠨᠡᠮᠡᠷᠢᠯᠡᠨ᠎ᠡ᠃ | | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ | ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠪᠠᠶᠢᠳᠠᠯ | | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠲᠣᠪᠴᠢᠶ᠎ᠠ ᠬᠤᠰᠢᠭᠤ ᠰᠢᠶᠠᠨ ᠤ ᠲᠤᠭ᠎ᠠ ᠪᠦᠷᠢᠳᠬᠡᠯ ᠤᠨ ᠵᠢᠷᠤᠮᠵᠢᠭᠤᠯᠤᠯᠲᠠ ᠶᠢᠨ | ᠪᠠᠶᠢᠭᠤᠯᠤᠯᠲᠠ ᠶᠢᠨ ᠠᠵᠢᠯ ᠢ ᠰᠢᠮᠳᠠᠭᠤᠯᠤᠨ ᠵᠢᠯᠣᠭᠤᠳᠬᠤ ᠳᠤ ᠪᠠᠨ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | | ᠰᠢᠶᠠ ᠷᠦᠩ ᠬᠤᠸᠠ᠄ ᠭᠤᠤᠯᠳᠠᠭᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠨ ᠬᠢᠨᠠᠯᠲᠠ ᠪᠠᠶᠢᠴᠠᠭᠠᠯᠲᠠ ᠬᠢᠬᠦ ᠳᠤ | ᠲᠦᠰᠢᠭᠯᠡᠨ ᠠᠵᠢᠯ ᠢᠶᠠᠨ ᠥᠷᠨᠢᠭᠦᠯᠪᠡ᠃ 2018 ᠣᠨ ᠳᠤ᠂ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ᠠᠴᠠ ᠨᠢᠭᠡ ᠵᠢᠯ ᠤᠨ ᠳᠣᠲᠣᠷ᠎ᠠ 12 ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠳᠤ ︽ᠪᠦᠬᠦᠨ ᠢ ᠬᠠᠮᠤᠷᠬᠤ︾ ᠬᠠᠷᠠᠯᠲᠠ | ᠡᠭᠦᠷᠭᠡ ᠶᠢ ᠪᠡᠶᠡᠯᠡᠭᠦᠯᠬᠦ ᠬᠡᠷᠡᠭᠲᠡᠶ ᠭᠡᠵᠦ ᠠᠩᠬ᠎ᠠ ᠤᠳᠠᠭ᠎ᠠ ᠳᠤᠷᠠᠳᠤᠨ ᠭᠠᠷᠭᠠᠪᠠ᠃ 3 ᠵᠢᠯ ᠤᠨ ᠲᠤᠷᠰᠢ᠂ ᠡᠨᠡ ᠬᠦ | ᠬᠠᠷᠠᠯᠲᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠬᠦ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ᠂ ᠬᠢᠨᠠᠯᠲᠠ ᠲᠠᠯᠪᠢᠵᠤ | ᠪᠠᠶᠢᠴᠠᠭᠠᠯᠲᠠ ᠬᠢᠬᠦ ᠶᠢ ᠬᠠᠮᠤᠷᠤᠭᠰᠠᠨ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠲᠤᠭ᠎ᠠ ᠪᠦᠷᠢᠳᠬᠡᠯ ᠤᠨ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠵᠠᠭᠪᠤᠷ ᠪᠠ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠢᠶᠠᠷ ᠲᠦᠷᠦᠭᠦᠯᠡᠭᠦᠯᠦᠭᠰᠡᠨ᠂ ᠲᠤᠰᠬᠠᠶ ᠮᠡᠷᠭᠡᠵᠢᠯ ᠤᠨ ᠡᠩᠨᠡᠭᠡ ᠳᠠᠭᠠᠵᠤ ᠤᠷᠤᠭᠰᠢᠯᠠᠭᠰᠠᠨ᠂ ᠦᠨᠳᠦᠰᠦᠨ | ᠱᠠᠲᠤ ᠬᠠᠷᠢᠯᠴᠠᠨ ᠬᠤᠯᠪᠣᠭᠠᠯᠠᠭᠰᠠᠨ ᠪᠥᠬᠦ ᠠᠵᠢᠯᠲᠠᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯ ᠳᠤ | ᠣᠷᠣᠯᠴᠠᠬᠤ ᠲᠣᠭᠲᠠᠴᠠ ᠶᠢ ᠪᠠᠶᠢᠭᠤᠯᠪᠠ᠃ | ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠲᠠᠢ ᠨᠢᠭᠡᠳᠬᠡᠨ᠂ ᠬᠤᠰᠢᠭᠤ ᠰᠢᠶᠠᠨ ᠤ ᠲᠤᠭ᠎ᠠ ᠪᠦᠷᠢᠳᠬᠡᠯ ᠤᠨ | ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ | 27 ᠵᠤᠷᠪᠤᠰ ᠪᠣᠳᠠᠲᠠᠶ ᠪᠠᠷᠢᠮᠵᠢᠶ᠎ᠠ ᠶᠢ ᠪᠦᠬᠦᠨ ᠢ ᠤᠳᠠᠭ᠎ᠠ ᠪᠦᠷᠢ ᠶᠢᠨ ᠥᠷᠨᠢᠭᠦᠯᠬᠦ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠪᠠᠶᠢᠴᠠᠭᠠᠯᠲᠠ ᠬᠢᠬᠦ ᠳᠤ ᠵᠠᠪᠠᠯ ᠪᠠᠶᠢᠴᠠᠭᠠᠬᠤ ᠠᠭᠤᠯᠭ᠎ᠠ ᠳᠤ ᠣᠷᠣᠭᠤᠯᠵᠠᠶ᠃ | ᠬᠤᠰᠢᠭᠤ ᠰᠢᠶᠠᠨ ᠤ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ | ᠪᠠᠶᠢᠭᠤᠯᠤᠯᠲᠠ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ᠂ ᠲᠤᠭ᠎ᠠ | ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠠᠵᠢᠯᠲᠠᠨ ᠤ ᠪᠣᠯᠪᠠᠰᠤᠷᠠᠯ ᠵᠡᠷᠭᠡ ᠪᠠᠶᠢᠳᠠᠯ ᠢ ᠭᠤᠤᠯᠳᠠᠯᠭ᠎ᠠ ᠲᠠᠢ | ᠠᠩᠬᠠᠷᠬᠤ ᠶᠢᠨ ᠬᠠᠮᠲᠤ ᠪᠠᠶᠢᠩᠭᠤᠵᠢᠭᠰᠠᠨ ᠮᠡᠳᠡᠭᠡᠯᠡᠯ ᠰᠠᠨᠠᠭᠤᠯᠤᠮᠵᠢ᠂ ᠪᠠᠶᠢᠩᠭᠤᠵᠢᠭᠰᠠᠨ ᠰᠢᠮᠳᠠᠭᠤᠯᠤᠨ | ᠪᠠᠶᠢᠴᠠᠭᠠᠯᠲᠠ ᠶᠢ ᠬᠡᠷᠡᠭᠵᠢᠭᠦᠯᠦᠪᠡ᠃ ᠵᠢᠱᠢᠶᠡᠯᠡᠪᠡᠯ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠤᠭ᠎ᠠ | ᠪᠦᠷᠢᠳᠬᠡᠯ ᠤᠨ ᠲᠣᠪᠴᠢᠶ᠎ᠠ ᠨᠢ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠬᠢᠷᠢ ᠬᠡᠮ ᠲᠠᠢ ᠠᠵᠢᠯᠲᠠᠨ ᠢ | ᠠᠳᠠᠭ ᠲᠤ ᠪᠠᠨ 2 ᠠᠴᠠ ᠳᠡᠭᠡᠭᠰᠢ ᠲᠣᠬᠢᠷᠠᠭᠤᠯᠵᠤ᠂ 1 ᠵᠢᠯ ᠤᠨ ᠳᠣᠲᠣᠷ᠎ᠠ ᠬᠤᠰᠢᠭᠤ ᠰᠢᠶᠠᠨ ︵ᠬᠤᠲᠠ᠂ | ᠲᠣᠭᠤᠷᠢᠭ︶ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠤᠭ᠎ᠠ | ᠪᠦᠷᠢᠳᠬᠡᠯ ᠤᠨ ᠠᠵᠢᠯᠲᠠᠨ ᠤ ᠪᠠᠨ ᠪᠣᠯᠪᠠᠰᠤᠷᠠᠯ ᠢ ᠪᠦᠬᠦᠨ ᠢ ᠪᠦᠷᠬᠦᠭᠦᠯᠵᠦ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠨᠢ ᠳᠡᠭᠡᠳᠦ | ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠮᠡᠳᠡᠯᠭᠡ ᠪᠠᠨ ᠰᠢᠨᠡᠳᠬᠡᠬᠦ | ᠪᠣᠯᠪᠠᠰᠤᠷᠠᠯ ᠳᠤ ᠵᠢᠯ ᠪᠦᠷᠢ ᠠᠳᠠᠭ ᠲᠤ ᠪᠠᠨ 1 ᠤᠳᠠᠭ᠎ᠠ ᠣᠷᠣᠯᠴᠠᠬᠤ ᠬᠡᠷᠡᠭᠲᠡᠢ ᠵᠡᠷᠭᠡ ᠪᠣᠯ ᠴᠥᠮ ᠴᠢᠩᠭ᠎ᠠ | ᠬᠢᠵᠠᠭᠠᠷᠯᠠᠯ ᠪᠣᠯᠤᠨ᠎ᠠ᠃ | ᠵᠥᠩ ᠾᠦᠩ ᠰᠦᠯᠵᠢᠶᠡᠨ ᠤ ᠰᠤᠷᠪᠤᠯᠵᠢᠯᠠᠭᠴᠢ᠄ ᠰᠠᠶ᠋ᠢᠬᠠᠨ ᠨᠡᠶᠢᠲᠡᠯᠡᠭᠰᠡᠨ ᠡᠬᠢᠯᠡᠯᠲᠡ ᠶᠢᠨ ᠦᠭᠡᠨ ᠳᠤ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ | ᠶᠠᠷᠢᠬᠤ ᠳᠤ ᠪᠠᠨ᠂ ᠣᠳᠣᠬᠠᠨ ᠳᠤ ᠡᠨᠡ ᠬᠦ ᠠᠵᠢᠯ ᠢ ᠶᠠᠭ ᠭᠤᠷᠪᠠᠨ ᠠᠯᠬᠤᠮ ᠬᠤᠪᠢᠶᠠᠵᠤ ᠶᠠᠪᠤᠭᠳᠠᠭᠤᠯᠵᠤ ᠪᠠᠶᠢᠨ᠎ᠠ | ᠭᠡᠵᠡᠢ᠂ ᠨᠠᠷᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠰᠢᠶᠠ ᠷᠦᠩ ᠬᠤᠸᠠ᠄ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ | ᠠᠵᠢᠯ ᠢ ᠬᠦᠴᠦᠲᠡᠶ ᠪᠥᠭᠡᠳ ᠡᠮᠬᠢ ᠳᠢᠭᠯᠢᠮ ᠲᠠᠢ ᠥᠷᠨᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠲᠣᠪᠴᠢᠶ᠎ᠠ ᠠᠴᠠ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠲᠤᠰᠬᠠᠶ | ᠠᠵᠢᠯᠲᠠᠨ ᠢᠶᠠᠷ ᠲᠣᠰ ᠠᠵᠢᠯ ᠢ ᠠᠬᠢᠭᠤᠯᠤᠨ ᠨᠠᠶᠢᠳᠠᠪᠤᠷᠢᠵᠢᠭᠤᠯᠬᠤ ᠶᠢ ᠬᠠᠷᠢᠴᠠᠭᠤᠯᠵᠤ ᠪᠤᠢ᠃ ᠡᠭᠦᠨ ᠳᠤ ᠨᠡᠶᠢᠲᠡ | ᠭᠤᠷᠪᠠᠨ ᠠᠯᠬᠤᠮ ᠬᠤᠪᠢᠶᠠᠨ᠎ᠠ᠄ ᠨᠢᠭᠡᠳᠦᠭᠡᠷ ᠠᠯᠬᠤᠮ ᠳᠤ᠂ 15 ᠬᠦᠷᠢᠶᠡᠯᠡᠩ ᠲᠣᠭᠤᠷᠢᠭ ᠤᠨ ᠳᠣᠲᠣᠷ᠎ᠠ | ᠥᠷᠨᠢᠭᠦᠯᠵᠦ᠂ 15 ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ ᠦᠨᠳᠦᠰᠦᠨ ᠪᠠᠶᠢᠳᠠᠯ ᠢ | ᠲᠣᠳᠣᠷᠬᠠᠶ ᠣᠶᠢᠯᠠᠭᠠᠭᠰᠠᠨ ᠰᠠᠭᠤᠷᠢᠨ ᠳᠡᠭᠡᠷ᠎ᠡ᠂ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠬᠦ ᠪᠠᠷ | ᠳᠡᠮᠵᠢᠨ᠂ ᠬᠤᠶᠠᠳᠤᠭᠠᠷ ᠤᠯᠠᠷᠢᠯ ᠳᠤ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ | ᠬᠦᠰᠦᠨᠦᠭᠲᠦ ᠶᠢ ᠲᠤᠷᠰᠢᠨ ᠲᠠᠭᠯᠠᠵᠤ ᠲᠤᠷᠰᠢᠨ ᠮᠡᠳᠡᠭᠦᠯᠦᠭᠰᠡᠨ ᠤ ᠦᠷ᠎ᠡ ᠳ᠋ᠦᠩ ᠨᠢ ᠵᠢᠱᠢᠭᠰᠡᠨ ᠦᠷ᠎ᠡ | ᠪᠦᠲᠦᠮᠵᠢ ᠳᠤ ᠬᠥᠷᠪᠡ᠃ ᠬᠤᠶᠠᠳᠤᠭᠠᠷ ᠠᠯᠬᠤᠮ ᠳᠤ᠂ 15 ᠬᠦᠷᠢᠶᠡᠯᠡᠩ ᠲᠣᠭᠤᠷᠢᠭ ᠤᠨ ᠲᠤᠷᠰᠢᠨ ᠲᠠᠭᠯᠠᠵᠤ | ᠲᠤᠷᠰᠢᠨ ᠮᠡᠳᠡᠭᠦᠯᠦᠭᠰᠡᠨ ᠠᠵᠢᠯ ᠤᠨ ᠲᠤᠷᠰᠢᠯᠭ᠎ᠠ ᠶᠢ ᠭᠦᠢᠴᠡᠳ ᠳ᠋ᠦᠩᠨᠡᠭᠰᠡᠨ ᠰᠠᠭᠤᠷᠢᠨ ᠳᠡᠭᠡᠷ᠎ᠡ᠂ ᠪᠠᠰᠠ ᠪᠤᠰᠤᠳ | 17 ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠨᠠᠷᠢᠨ ᠪᠠᠶᠢᠳᠠᠯ ᠢ ᠣᠶᠢᠯᠠᠭᠠᠬᠤ ᠠᠵᠢᠯ ᠢ ᠪᠡᠶᠡᠯᠡᠭᠦᠯᠪᠡ᠃ | ᠥᠨᠥᠳᠦᠷ᠂ ᠬᠤᠯᠪᠣᠭᠳᠠᠯ ᠪᠥᠬᠦᠶ ᠲᠤᠭ᠎ᠠ ᠪᠦᠷᠢᠳᠬᠡᠯ ᠤᠨ ᠠᠵᠢᠯᠲᠠᠳ ᠲᠤ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠬᠢᠵᠦ ᠪᠠᠶᠢᠨ᠎ᠠ᠃ 10 ᠳ᠋ᠤᠭᠠᠷ ᠰᠠᠷ᠎ᠠ ᠳᠤ ᠡᠨᠡ ᠬᠦ 32 ᠬᠦᠷᠢᠶᠡᠯᠡᠩ ᠲᠣᠭᠤᠷᠢᠭ ᠲᠤ ᠭᠤᠷᠪᠠᠳᠤᠭᠠᠷ | ᠤᠯᠠᠷᠢᠯ ᠤᠨ ᠲᠤᠷᠰᠢᠨ ᠲᠠᠭᠯᠠᠵᠤ ᠲᠤᠷᠰᠢᠨ ᠮᠡᠳᠡᠭᠦᠯᠬᠦ ᠠᠵᠢᠯ ᠢ ᠥᠷᠨᠢᠭᠦᠯᠬᠦ ᠪᠠᠷ ᠪᠠᠶᠢᠨ᠎ᠠ᠃ ᠭᠤᠷᠪᠠᠳᠤᠭᠠᠷ | ᠠᠯᠬᠤᠮ ᠳᠤ᠂ ᠵᠢᠯ ᠤᠨ ᠡᠴᠦᠰ ᠠᠴᠠ ᠡᠮᠦᠨ᠎ᠡ ᠪᠥᠬᠦ ᠣᠷᠣᠨ ᠤ 58 ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠲᠤ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠪᠠᠷ | ᠲᠥᠯᠥᠪᠯᠡᠵᠦ ᠪᠣᠶ᠃ | ᠶᠠᠷᠢᠶᠠᠨ ᠥᠬᠡᠶ᠂ ᠲᠤᠷᠰᠢᠨ ᠲᠠᠭᠯᠠᠵᠤ ᠲᠤᠷᠰᠢᠨ ᠮᠡᠳᠡᠭᠦᠯᠬᠦ ᠶᠠᠪᠤᠴᠠ ᠳᠤ᠂ ᠪᠢᠳᠡ ︽ᠨᠢᠭᠡ ᠰᠢᠶᠠᠩ | ᠪᠠᠯᠭᠠᠰᠤ ᠨᠢᠭᠡ ᠲᠠᠩᠰᠠ ᠡᠪᠬᠡᠮᠡᠯ︾ ᠤᠨ ᠠᠷᠭ᠎ᠠ ᠬᠢᠳᠡᠯ ᠢᠶᠠᠷ ᠲᠣᠯᠢ ᠪᠣᠯᠭᠠᠵᠤ᠂ ᠪᠠᠰᠠ ︽ᠨᠢᠭᠡ ᠬᠦᠷᠢᠶᠡᠯᠡᠩ | ᠲᠣᠭᠤᠷᠢᠭ ᠨᠢᠭᠡ ᠲᠠᠩᠰᠠ ᠡᠪᠬᠡᠮᠡᠯ︾ ᠢ ᠵᠡᠷᠭᠡ ᠳᠤ ᠨᠢ ᠪᠠᠶᠢᠭᠤᠯᠵᠤ᠂ ᠬᠦᠷᠢᠶᠡᠯᠡᠩ ᠲᠣᠭᠤᠷᠢᠭ ᠨᠢᠭᠡᠪᠦᠷᠢ ᠶᠢᠨ | ᠲᠤᠭ᠎ᠠ ᠪᠦᠷᠢᠳᠬᠡᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠪᠠᠶᠢᠳᠠᠯ ᠢ ᠬᠥᠳᠡᠯᠦᠩᠭᠦᠶ ᠪᠠᠷ ᠰᠢᠨᠡᠳᠬᠡᠨ | ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠵᠢᠷᠤᠮᠵᠢᠭᠤᠯᠤᠯᠲᠠ ᠶᠢᠨ | ᠪᠠᠶᠢᠭᠤᠯᠤᠯᠲᠠ ᠶᠢ ᠠᠳᠬᠤᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ | ᠪᠣᠳᠠᠲᠠᠶᠢᠵᠢᠭᠤᠯᠪᠠ᠃ | ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠭᠴᠢ᠄ ︽ᠬᠠᠮᠢᠶᠠᠷᠤᠯᠲᠠ ᠶᠢᠨ | ᠠᠷᠭ᠎ᠠ︾ ᠳᠤ ᠠᠵᠤ ᠠᠬᠤᠶᠢᠯᠠᠯ ᠤᠳ | ︽ᠤᠷᠢᠳ ᠢᠶᠠᠷ ᠡᠬᠡ ᠲᠠᠩᠰᠠ ᠪᠠᠶᠢᠭᠤᠯᠵᠤ ᠳᠠᠷᠠᠭ᠎ᠠ ᠨᠢ ᠮᠡᠳᠡᠭᠦᠯᠦᠯᠲᠡ ᠶᠢᠨ ᠬᠦᠰᠦᠨᠦᠭᠲᠦ ᠲᠠᠭᠯᠠᠬᠤ︾ ᠵᠠᠷᠴᠢᠮ | ᠶᠣᠰᠣᠭᠠᠷ᠂ ᠨᠢᠭᠡᠳᠦᠯᠲᠡᠶ ᠵᠢᠷᠤᠮᠵᠢᠭᠰᠠᠨ ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ | ᠭᠠᠷᠭᠠᠬᠤ ᠬᠡᠷᠡᠭᠲᠡᠶ ᠭᠡᠵᠦ ᠲᠣᠭᠲᠠᠭᠠᠪᠠ᠃ ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ | ᠲᠠᠩᠰᠠ ᠶᠢ ᠪᠠᠶᠢᠭᠤᠯᠬᠤ ᠶᠢᠨ ᠠᠴᠢ ᠬᠤᠯᠪᠣᠭᠳᠠᠯ ᠨᠢ ᠶᠠᠭᠤ ᠪᠣᠶ︖ | ᠫᠠᠨ ᡁᠢ ᠹᠧᠩ᠄ ᠨᠢᠭᠡᠳᠦᠭᠡᠷ ᠲᠤ᠂ ᠴᠢᠬᠤᠯᠠ ᠴᠢᠨᠠᠷ ᠤᠨ ᠲᠠᠯ᠎ᠠ ᠠᠴᠠ ᠠᠪᠴᠤ ᠬᠡᠯᠡᠪᠡᠯ᠂ ᠠᠵᠤ | ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠪᠣᠯ ᠠᠵᠤ ᠠᠬᠤᠶᠢᠯᠠᠯ ᠤᠨ ᠠᠩᠬᠠᠨ ᠤ | ᠲᠡᠮᠳᠡᠭᠯᠡᠯ ᠪᠠ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠬᠤᠯᠪᠣᠵᠤ ᠪᠠᠶᠢᠭ᠎ᠠ ᠬᠥᠭᠦᠷᠭᠡ ᠮᠥᠨ᠂ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠤᠨ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠨᠢᠭᠡᠳᠦᠭᠡᠷ | ᠪᠣᠭᠤᠮᠲᠠ ᠮᠥᠨ᠃ ᠡᠶᠢᠮᠦ ᠠᠴᠠ ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢ | ᠪᠠᠶᠢᠭᠤᠯᠤᠨ ᠲᠡᠭᠦᠯᠳᠡᠷᠵᠢᠭᠦᠯᠬᠦ ᠨᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠰᠠᠭᠤᠷᠢ ᠶᠢ | ᠪᠠᠬᠢᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ᠢᠮᠠᠭᠲᠠ ᠲᠤᠭ᠎ᠠ ᠪᠠᠷᠢᠮᠲᠠ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠶᠢ ᠲᠤᠭ᠎ᠠ ᠪᠦᠷᠢᠳᠬᠡᠯ ᠤᠨ ᠠᠵᠢᠯ ᠤᠨ ᠡᠭᠦᠰᠦᠯᠲᠡ ᠪᠠ ᠵᠣᠭᠰᠣᠯᠲᠠ ᠪᠣᠯᠭᠠᠵᠤ᠂ ᠡᠬᠢ | ᠡᠭᠦᠰᠦᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠵᠤ | ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢᠨ ᠠᠵᠢᠯ ᠤᠨ ᠪᠥᠬᠦ ᠶᠠᠪᠤᠴᠠ ᠳᠤ | ᠲᠤᠭᠤᠰᠢᠯᠠᠭᠤᠯᠬᠤ ᠬᠡᠷᠡᠭᠲᠡᠶ᠃ | ᠬᠤᠶᠠᠳᠤᠭᠠᠷ ᠲᠤ᠂ ᠵᠠᠪᠠᠯ ᠭᠦᠢᠴᠡᠳᠬᠡᠬᠦ ᠴᠢᠨᠠᠷ ᠤᠨ ᠲᠠᠯ᠎ᠠ ᠠᠴᠠ ᠠᠪᠴᠤ ᠬᠡᠯᠡᠪᠡᠯ᠂ ᠠᠵᠤ ᠠᠬᠤᠶᠢᠯᠠᠯ ᠤᠨ | ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢ ᠪᠠᠶᠢᠭᠤᠯᠤᠨ ᠪᠦᠷᠢᠨᠰᠢᠬᠦᠯᠬᠦ ᠪᠣᠯ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠠᠨᠳᠤᠰᠢ ᠲᠠᠢ ᠵᠣᠬᠢᠴᠠᠯᠳᠤᠭᠤᠯᠵᠤ᠂ ᠠᠵᠤ ᠠᠬᠤᠶᠢᠯᠠᠯ ᠤᠨ ᠲᠤᠭ᠎ᠠ | ᠪᠦᠷᠢᠳᠬᠡᠯ ᠤᠨ ᠠᠵᠢᠯ ᠤᠨ ᠶᠠᠪᠤᠴᠠ ᠶᠢ ᠵᠢᠷᠤᠮᠵᠢᠭᠤᠯᠬᠤ ᠴᠢᠬᠤᠯᠠ ᠠᠷᠭ᠎ᠠ ᠪᠠᠷᠢᠯ ᠮᠥᠨ᠃ ᠡᠨᠡ ᠨᠢ ᠲᠠᠷᠠᠬᠠᠶ | ᠪᠤᠲᠠᠷᠬᠠᠶ ᠠᠩᠬᠠᠨ ᠤ ᠲᠡᠮᠳᠡᠭᠯᠡᠯ ᠢ ᠮᠡᠳᠡᠭᠡ ᠵᠠᠩᠭᠢᠵᠢᠭᠤᠯᠤᠨ ᠴᠤᠭᠯᠠᠭᠤᠯᠬᠤ᠂ ᠡᠮᠬᠢᠯᠡᠨ ᠨᠡᠶᠢᠯᠡᠭᠦᠯᠵᠦ ᠪᠤᠳᠤᠬᠤ ᠪᠠ | ᠬᠠᠷᠢᠴᠠᠭᠤᠯᠤᠨ ᠵᠠᠳᠠᠯᠬᠤ ᠳᠤ ᠠᠰᠢᠭᠲᠠᠶ ᠪᠠᠶᠢᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠠᠵᠤ | ᠠᠬᠤᠶᠢᠯᠠᠯ ᠤᠨ ᠡᠵᠡᠩᠨᠡᠯᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠭ᠎ᠠ ᠪᠠᠷᠢᠮᠲᠠ ᠶᠢᠨ | ᠲᠤᠯᠭᠠᠭᠤᠷᠢᠯᠠᠯ ᠬᠠᠩᠭᠠᠬᠤ ᠶᠢᠨ ᠬᠠᠮᠲᠤ᠂ ᠲᠤᠭ᠎ᠠ ᠪᠦᠷᠢᠳᠬᠡᠯ ᠤᠨ ᠡᠬᠡ ᠲᠠᠩᠰᠠ ᠶᠢ ᠪᠠᠶᠢᠭᠤᠯᠬᠤ ᠨᠢ ᠮᠠᠲ᠋ᠧᠷᠢᠶᠠᠯ ᠢ | ᠰᠢᠰᠲ᠋ᠧᠮᠵᠢᠭᠦᠯᠬᠦ ᠪᠠ ᠡᠮᠬᠢ ᠵᠢᠷᠤᠮ ᠲᠠᠢ ᠪᠣᠯᠭᠠᠬᠤ ᠳᠤ ᠠᠰᠢᠭᠲᠠᠶ ᠪᠠᠶᠢᠳᠠᠭ᠃ ᠪᠠᠰᠠ ᠲᠤᠭ᠎ᠠ ᠪᠦᠷᠢᠳᠬᠡᠯ ᠤᠨ | ᠠᠵᠢᠯᠲᠠᠨ ᠤ ᠲᠣᠬᠢᠷᠠᠭᠤᠯᠤᠯᠲᠠ᠂ ᠠᠵᠢᠯ ᠰᠢᠯᠵᠢᠭᠰᠡᠨ ᠠᠴᠠ ᠪᠣᠯᠤᠭᠰᠠᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ | ᠴᠤᠭᠯᠠᠭᠤᠯᠤᠨ ᠬᠠᠮᠢᠶᠠᠷᠬᠤ ᠲᠠᠯ᠎ᠠ ᠶᠢᠨ ᠠᠰᠠᠭᠤᠳᠠᠯ ᠢ ᠰᠢᠢᠳᠪᠦᠷᠢᠯᠡᠵᠦ ᠪᠣᠯᠬᠤ ᠪᠥᠭᠡᠳ ᠲᠤᠭ᠎ᠠ ᠪᠦᠷᠢᠳᠬᠡᠯ ᠤᠨ | ᠲᠤᠭ᠎ᠠ ᠪᠠᠷᠢᠮᠲᠠ ᠶᠢᠨ ᠪᠥᠬᠦ ᠴᠤᠪᠤᠷᠠᠯ ᠢ ᠬᠠᠳᠠᠭᠠᠯᠠᠵᠤ ᠪᠣᠯᠬᠤ᠂ ᠳᠡᠯᠭᠡᠨ ᠦᠵᠡᠭᠦᠯᠵᠦ ᠪᠣᠯᠬᠤ ᠪᠠ ᠮᠥᠷᠳᠡᠵᠦ | ᠪᠣᠯᠬᠤ ᠶᠢ ᠪᠡᠶᠡᠯᠡᠭᠦᠯᠬᠦ ᠶᠢᠨ ᠴᠢᠬᠤᠯᠠ ᠰᠠᠭᠤᠷᠢ ᠪᠣᠯᠤᠨ᠎ᠠ᠃ | ᠭᠤᠷᠪᠠᠳᠤᠭᠠᠷ ᠲᠤ᠂ ᠪᠣᠯᠤᠮᠵᠢᠲᠤ ᠴᠢᠨᠠᠷ ᠤᠨ ᠲᠠᠯ᠎ᠠ ᠠᠴᠠ ᠠᠪᠴᠤ ᠬᠡᠯᠡᠪᠡᠯ᠂ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ 2021 ᠣᠨ ᠤ 6 ᠳ᠋ᠤᠭᠠᠷ ᠰᠠᠷ᠎ᠠ ᠶᠢᠨ 2 ᠤᠨ ᠡᠳᠦᠷ ︽ᠠᠵᠤ ᠠᠬᠤᠶᠢᠯᠠᠯ ᠤᠨ | ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ | ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ | ᠡᠬᠡ ᠲᠠᠩᠰᠠ ᠶᠢᠨ ᠠᠵᠢᠯ ᠳᠤ ᠪᠥᠬᠦ ᠲᠠᠯ᠎ᠠ ᠶᠢᠨ ᠰᠢᠰᠲ᠋ᠧᠮ ᠲᠠᠢ ᠦᠵᠦ ᠳᠠᠪᠬᠤᠷᠭ᠎ᠠ ᠶᠢᠨ ᠵᠢᠷᠤᠭ ᠲᠥᠯᠥᠪᠯᠡᠭᠡ | ᠬᠢᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠵᠤ | ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠳᠠᠩᠰᠠ ᠶᠢ ᠪᠦᠬᠦ ᠲᠠᠯ᠎ᠠ ᠪᠠᠷ ᠠᠬᠢᠭᠤᠯᠬᠤ ᠠᠵᠢᠯ ᠤᠨ | ᠰᠡᠳᠬᠢᠮᠵᠢ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠡᠳᠬᠢᠮᠵᠢ ᠲᠠᠢ ᠭᠠᠷᠤᠯ ᠨᠢᠭᠡᠲᠡᠢ ᠪᠠᠶᠢᠵᠤ᠂ | ᠤᠷᠢᠳ ᠬᠤᠵᠢᠳ ︽ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢ ᠪᠦᠷᠢᠨᠰᠢᠭᠦᠯᠬᠦ | ᠲᠤᠬᠠᠶ ᠮᠡᠳᠡᠭᠳᠡᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢᠨ ᠠᠵᠢᠯ ᠤᠨ | ᠬᠠᠮᠢᠶᠠᠷᠤᠯᠲᠠ ᠶᠢᠨ ᠠᠷᠭ᠎ᠠ︾ ︽ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢ | ᠪᠠᠶᠢᠭᠤᠯᠬᠤ ᠠᠵᠢᠯ ᠤᠨ ᠬᠢᠨᠠᠨ ᠰᠢᠯᠭᠠᠬᠤ ᠠᠷᠭ᠎ᠠ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠪᠠ᠃ | ᠡᠭᠦᠨ ᠤ ᠬᠠᠮᠲᠤ ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠪᠠᠶᠢᠭᠤᠯᠤᠭᠰᠠᠨ | ᠪᠠᠶᠢᠳᠠᠯ ᠢ ᠤᠳᠠᠭ᠎ᠠ ᠪᠦᠷᠢ ᠶᠢᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠪᠠᠶᠢᠴᠠᠭᠠᠯᠲᠠ | ᠬᠢᠬᠦ ᠳᠤ ᠵᠠᠪᠠᠯ ᠪᠠᠶᠢᠴᠠᠭᠠᠬᠤ ᠠᠭᠤᠯᠭ᠎ᠠ ᠳᠤ ᠣᠷᠣᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ | ᠬᠠᠮᠢᠶᠠᠷᠤᠨ ᠡᠵᠡᠮᠳᠡᠬᠦ ᠪᠣᠭᠤᠮᠲᠠ ᠶᠢ ᠤᠯᠠᠮ ᠨᠢᠭᠡ ᠠᠯᠬᠤᠮ ᠤᠷᠤᠭᠰᠢᠯᠠᠭᠤᠯᠵᠤ᠂ ᠡᠴᠦᠰ ᠤᠨ ᠵᠣᠷᠢᠯᠭ᠎ᠠ ᠨᠢ ᠳᠠᠷᠤᠶ | ᠲᠤᠭ᠎ᠠ ᠪᠦᠷᠢᠳᠬᠡᠯ ᠤᠨ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠶᠢᠨ | ᠲᠥᠯᠥᠭᠡ ᠶᠤᠮ᠃ |