ᠰᠤᠷᠪᠤᠯᠵᠢᠯᠠᠭᠰᠠᠨ ᠴᠠᠭ᠄ | 2021 — 02 — 09 | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠳᠡᠳ᠋ ᠡᠷᠬᠢᠯᠡᠭᠴᠢ ᠯᠸᠢ ᠵᠢᠶ ᠫᠧᠩ | ᠰᠤᠷᠪᠤᠯᠵᠢᠯᠠᠭ᠎ᠠ ᠶᠢᠨ ᠲᠣᠪᠴᠢ᠄ | ᠵᠢᠯ ᠪᠦᠷᠢ ᠶᠢᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠨᠢ ᠪᠥᠬᠦ ᠣᠷᠣᠨ ᠤ | ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠩᠬᠠᠷᠤᠯ ᠢ ᠥᠷᠭᠡᠨ ᠢᠶᠠᠷ ᠲᠠᠲᠠᠵᠤ᠂ ᠢᠯᠠᠩᠭᠤᠶ᠎ᠠ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠨᠢ ᠨᠠᠩ ᠴᠤ ᠣᠯᠠᠨ ᠤ ᠠᠩᠬᠠᠷᠬᠤ ᠲᠥᠪᠯᠡᠷᠡᠯ ᠴᠡᠭ ᠪᠣᠯᠵᠣ ᠪᠠᠶᠢᠨ᠎ᠠ᠃ ︽ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠢ ᠲᠠ ᠪᠦᠬᠦᠨ ᠳᠤ ᠨᠡᠩ ᠪᠦᠬᠦ ᠲᠠᠯ᠎ᠠ ᠪᠠᠷ᠂ ᠨᠡᠩ | ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠰᠤᠳᠤᠯᠬᠤ | ᠲᠠᠰᠤᠭ ᠤᠨ ᠯᠸᠢ ᠵᠢᠢ ᠫᠧᠩ ᠳᠡᠳ᠋ ᠡᠷᠬᠢᠯᠡᠭᠴᠢ ᠶᠢ ᠤᠷᠢᠵᠤ᠂ ᠲᠡᠭᠦᠨ ᠢᠶᠠᠷ 2021 ᠣᠨ ᠤ ᠥᠪᠡᠷᠲᠡᠭᠡᠨ | ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠠᠮᠢᠶ᠎ᠠ ᠪᠦᠬᠦᠢ ᠠᠭᠤᠯᠭ᠎ᠠ ᠶᠢᠨ | ᠲᠤᠬᠠᠢ ᠤᠯᠠᠨ ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠭᠤᠯᠬᠤ ᠪᠣᠯᠤᠨ᠎ᠠ᠃ | ᠰᠤᠷᠪᠤᠯᠵᠢᠯᠠᠭᠰᠠᠨ ᠲᠡᠮᠳᠡᠭᠯᠡᠯ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ | ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠵᠢᠯ | ᠪᠦᠷᠢ ᠶᠢᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠨᠢ ᠪᠥᠬᠦ ᠣᠷᠣᠨ ᠤ | ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠩᠬᠠᠷᠤᠯ ᠢ ᠥᠷᠭᠡᠨ ᠢᠶᠠᠷ ᠲᠠᠲᠠᠵᠤ᠂ ᠢᠯᠠᠩᠭᠤᠶ᠎ᠠ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠨᠢ ᠨᠠᠩ ᠴᠤ ᠣᠯᠠᠨ ᠤ ᠠᠩᠬᠠᠷᠬᠤ ᠲᠥᠪᠯᠡᠷᠡᠯ ᠴᠡᠭ ᠪᠣᠯᠵᠣ ᠪᠠᠶᠢᠨ᠎ᠠ᠃ ︽ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠢ ᠲᠠ ᠪᠦᠬᠦᠨ ᠳᠤ ᠨᠡᠩ ᠪᠦᠬᠦ ᠲᠠᠯ᠎ᠠ ᠪᠠᠷ᠂ ᠨᠡᠩ | ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠰᠤᠳᠤᠯᠬᠤ | ᠲᠠᠰᠤᠭ ᠤᠨ ᠯᠸᠢ ᠵᠢᠢ ᠫᠧᠩ ᠳᠡᠳ᠋ ᠡᠷᠬᠢᠯᠡᠭᠴᠢ ᠶᠢ ᠤᠷᠢᠵᠤ᠂ ᠲᠡᠭᠦᠨ ᠢᠶᠠᠷ 2021 ᠣᠨ ᠤ ᠥᠪᠡᠷᠲᠡᠭᠡᠨ ᠵᠠᠰᠠᠬᠤ | ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ | ᠤᠯᠠᠨ ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠭᠤᠯᠬᠤ ᠪᠣᠯᠤᠨ᠎ᠠ᠃ ᠯᠧᠢ ᠡᠷᠬᠢᠯᠡᠭᠴᠢ᠂ ᠲᠠᠨ ᠢ ᠪᠠᠶᠠᠷᠯᠠᠨ | ᠤᠭᠲᠤᠵᠤ ᠪᠠᠶᠢᠨ᠎ᠠ︕ | ᠯᠸᠢ ᠵᠢᠶ ᠫᠧᠩ᠄ | ᠬᠥᠲᠥᠯᠥᠭᠴᠢ ᠰᠠᠶᠢᠨ ᠦᠦ᠂ ᠰᠦᠯᠵᠢᠶᠡᠨ ᠤ ᠠᠨᠳᠠ ᠨᠠᠷ ᠰᠠᠶᠢᠨ ᠦᠦ︕ | ᠬᠥᠲᠥᠯᠥᠭᠴᠢ᠄ | ᠣᠯᠠᠨ ᠤ ᠮᠡᠳᠡᠭᠡᠵᠢ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠠᠶᠢᠲᠤᠷ ᠲᠤᠭᠤᠷᠪᠢᠬᠤ ᠨᠢ ᠡᠯ᠎ᠡ | ᠲᠠᠯ᠎ᠠ ᠶᠢᠨ ᠬᠠᠮᠲᠤ ᠶᠢᠨ ᠲᠠᠨᠢᠯᠲᠠ ᠪᠠ ᠬᠦᠴᠦᠨ ᠴᠢᠳᠠᠯ ᠢ ᠨᠢᠭᠲᠠᠷᠠᠭᠤᠯᠬᠤ ᠳᠤ ᠴᠢᠬᠤᠯᠠ ᠦᠢᠯᠡᠳᠦᠯ ᠲᠠᠢ ᠶᠤᠮ᠃ | ᠲᠠ ᠪᠢᠳᠡᠨ ᠳᠤ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠭᠰᠠᠨ ᠶᠠᠪᠤᠴᠠ ᠵᠢᠴᠢ | ᠢᠯᠡᠳᠬᠡᠯ ᠤᠨ ᠪᠣᠷᠣ ᠲᠥᠰᠥᠪ ᠢ ᠲᠠᠨᠢᠯᠴᠠᠭᠤᠯᠤᠭᠠᠳ ᠥᠭᠭᠦᠨ᠎ᠡ ᠦᠦ︖ ᠭᠤᠣᠯ ᠠᠭᠤᠯᠭ᠎ᠠ ᠨᠢ ᠶᠠᠮᠠᠷ | ᠣᠨᠴᠠᠯᠢᠭ ᠲᠠᠢ ᠪᠤᠶ︖ | ᠯᠸᠢ ᠵᠢᠶ ᠫᠧᠩ᠄ | ᠰᠠᠶ᠋ᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠴᠠᠪᠦ᠋ ᠰᠢᠶᠤᠤ ᠯᠢᠨ ᠤ ᠬᠢᠭᠰᠡᠨ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠵᠦ ᠪᠠᠲᠤᠯᠠᠪᠠ᠃ ᠡᠨᠡ ᠬᠦ ᠢᠯᠡᠳᠬᠡᠯ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ | ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ | ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠩᠭᠡᠷᠡᠭᠰᠡᠨ ᠨᠢᠭᠡ ᠵᠢᠯ ᠤᠨ ᠵᠠᠰᠠᠭ ᠤᠨ ᠣᠷᠳᠣᠨ ᠤ ᠠᠵᠢᠯ ᠢ ᠪᠥᠬᠦ ᠲᠠᠯ᠎ᠠ ᠪᠠᠷ ᠡᠮᠬᠢᠯᠡᠨ | ᠳᠢᠭᠯᠡᠭᠰᠡᠨ ᠢᠶᠠᠷ ᠪᠠᠷᠠᠬᠤ ᠥᠬᠡᠶ᠂ ︽13 · 5︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠶᠢ ᠰᠢᠰᠲ᠋ᠧᠮ ᠲᠠᠢ | ᠳ᠋ᠦᠩᠨᠡᠭᠰᠡᠨ ᠤ ᠬᠠᠮᠲᠤ ︽14 · 5︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠤᠯ ᠬᠠᠷᠠᠯᠲᠠ | ᠡᠭᠦᠷᠭᠡ ᠪᠠ 2021 ᠣᠨ ᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠡᠨᠡ ᠨᠢ ᠡᠨᠡ ᠵᠢᠯ | ᠴᠢᠨᠠᠭᠰᠢᠯᠠᠪᠠᠯ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ | ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠠᠴᠠ 2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠬᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦ᠋ ᠰᠢᠶᠤᠤ ᠯᠢᠨ ᠲᠡᠷᠢᠭᠦᠯᠡᠭᠴᠢ ᠶᠢᠨ ᠱᠠᠭᠠᠷᠳᠠᠯᠭ᠎ᠠ ᠶᠣᠰᠣᠭᠠᠷ᠂ | ᠨᠢᠳᠤᠨᠤᠨ ᠤ 10 ᠰᠠᠷ᠎ᠠ ᠶᠢᠨ ᠳᠤᠮᠳᠠᠴᠢ ᠪᠠᠷ᠂ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠢᠶᠠᠷ | ᠳᠤᠭᠤᠶᠢᠯᠠᠩ ᠤᠨ ᠳᠠᠷᠤᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ | ᠂ ᠰᠤᠳᠤᠯᠭᠠᠨ ᠤ ᠲᠠᠰᠤᠭ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠬᠠᠷᠢᠭᠤᠴᠠᠯᠭᠠᠲᠠᠨ ᠢᠶᠠᠷ ᠭᠡᠰᠢᠭᠦᠨ | ᠪᠣᠯᠭᠠᠭᠰᠠᠨ ᠢᠯᠡᠳᠬᠡᠯ ᠲᠤᠭᠤᠷᠪᠢᠬᠤ ᠳᠤᠭᠤᠶᠢᠯᠠᠩ ᠢ ᠪᠠᠶᠢᠭᠤᠯᠵᠤ᠂ ᠲᠤᠭᠤᠷᠪᠢᠬᠤ ᠠᠵᠢᠯ ᠤᠨ ᠨᠠᠷᠢᠨ ᠲᠥᠰᠦᠯ ᠢ | ᠲᠣᠭᠲᠠᠭᠠᠭᠰᠠᠨ ᠪᠠᠶᠢᠨ᠎ᠠ᠃ ᠲᠤᠭᠤᠷᠪᠢᠨ ᠪᠢᠴᠢᠬᠦ ᠶᠠᠪᠤᠴᠠ ᠳᠤ᠂ ᠪᠦ᠋ ᠰᠢᠶᠤᠤ ᠯᠢᠨ ᠲᠡᠷᠢᠭᠦᠯᠡᠭᠴᠢ ᠥᠪᠡᠷ ᠤᠨ | ᠪᠡᠶ᠎ᠡ ᠪᠠᠷ ᠢᠶᠠᠨ ᠪᠠᠶᠢᠷᠢᠯᠠᠭᠤᠯᠵᠤ᠂ ᠢᠯᠡᠳᠬᠡᠯ ᠢ ᠲᠤᠭᠤᠷᠪᠢᠨ ᠪᠢᠴᠢᠬᠦ ᠠᠵᠢᠯ ᠳᠤ ᠮᠠᠰᠢ ᠤᠯᠠᠨ ᠪᠣᠳᠠᠲᠠᠢ | ᠱᠠᠭᠠᠷᠳᠠᠯᠭ᠎ᠠ ᠳᠤᠷᠠᠳᠴᠤ᠂ ᠬᠠᠮᠤᠭ ᠤᠨ ᠡᠴᠦᠰ ᠲᠤ ᠥᠪᠡᠷ ᠢᠶᠠᠨ ᠢᠯᠡᠳᠭᠡᠯ ᠢ ᠬᠢᠨᠠᠨ ᠲᠣᠭᠲᠠᠭᠠᠪᠠ᠃ | ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠤᠯᠠᠨ ᠤᠳᠠᠭ᠎ᠠ ᠲᠤᠭᠤᠷᠪᠢᠨ ᠪᠢᠴᠢᠬᠦ ᠳᠤᠭᠤᠶᠢᠯᠠᠩ ᠪᠣᠯᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠨᠥᠬᠦᠳ ᠢ ᠵᠣᠬᠢᠶᠠᠨ ᠪᠠᠶᠢᠭᠤᠯᠤᠨ ᠢᠯᠡᠳᠬᠡᠯ ᠢ ᠨᠠᠷᠢᠨ | ᠬᠢᠨᠠᠮᠠᠭᠠᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠳᠡᠳ᠋ ᠲᠡᠷᠢᠭᠦᠯᠡᠭᠴᠢ ᠴᠥᠮ ᠬᠤᠪᠢᠳᠠᠨ | ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠲᠠᠢ ᠪᠠᠨ ᠤᠶᠠᠯᠳᠤᠭᠤᠯᠤᠨ ᠲᠤᠰᠬᠠᠢ ᠰᠡᠳᠦᠪᠲᠦ ᠮᠠᠲ᠋ᠧᠷᠢᠶᠠᠯ ᠬᠠᠩᠭᠠᠪᠠ᠃ | ᠢᠯᠡᠳᠬᠡᠯ ᠢ ᠲᠤᠭᠤᠷᠪᠢᠬᠤ ᠨᠢ ᠳᠥᠭᠦᠮᠬᠡᠨ ᠡᠬᠡ ᠪᠢᠴᠢᠭ ᠢ ᠲᠤᠭᠤᠷᠪᠢᠬᠤ ᠪᠠ ᠲᠠᠬᠢᠨ ᠳᠠᠪᠲᠠᠨ ᠲᠤᠩᠭᠠᠨ | ᠪᠣᠳᠣᠯᠬᠢᠯᠠᠬᠤ ᠶᠠᠪᠤᠴᠠ ᠲᠡᠳᠦᠢ ᠪᠢᠰᠢ᠂ ᠬᠠᠷᠢᠨ ᠠᠷᠠᠳ ᠤᠨ ᠰᠡᠳᠬᠢᠯ ᠳᠤ ᠣᠶᠢᠷᠠᠲᠤᠭᠰᠠᠨ᠂ ᠠᠷᠠᠳ ᠤᠨ | ᠰᠠᠨᠠᠭ᠎ᠠ ᠶᠢ ᠨᠢᠭᠲᠠᠷᠠᠭᠤᠯᠤᠭᠰᠠᠨ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠨᠢᠭᠡᠳᠬᠡᠭᠰᠡᠨ᠂ ᠪᠦᠬᠦ | ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠶᠢᠨ ᠬᠦᠰᠡᠯ ᠰᠠᠨᠠᠭ᠎ᠠ ᠶᠢ ᠢᠯᠡᠷᠡᠭᠦᠯᠦᠭᠰᠡᠨ | ᠴᠢᠬᠤᠯᠠ ᠠᠵᠢᠯ ᠪᠣᠯᠤᠨ᠎ᠠ᠂ ᠲᠡᠷᠡ ᠨᠢ ᠦᠨᠡᠨ ᠳᠤ ᠪᠠᠨ ᠵᠠᠰᠠᠭ ᠤᠨ ᠣᠷᠳᠣᠨ ᠤ ᠠᠵᠢᠯ ᠤᠨ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ | ᠲᠣᠭᠲᠠᠭᠠᠬᠤ ᠶᠢᠨ ᠲᠥᠪᠯᠡᠷᠡᠩᠭᠦᠢ ᠢᠯᠡᠷᠡᠯ ᠪᠣᠯᠤᠨ᠎ᠠ᠃ ᠢᠯᠡᠳᠬᠡᠯ ᠢ ᠲᠤᠭᠤᠷᠪᠢᠨ ᠪᠢᠴᠢᠬᠦ ᠶᠠᠪᠤᠴᠠ ᠳᠤ᠂ ᠪᠢᠳᠡ | ᠤᠷᠢᠳ ᠬᠤᠵᠢᠳ 9 ᠠᠶᠢᠮᠠᠭ ᠬᠤᠳᠠ᠂ 20 ᠰᠠᠯᠠᠭ᠎ᠠ ᠮᠥᠴᠢᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ | ᠠᠳᠠᠯᠢ ᠪᠤᠰᠤ ᠲᠡᠰ ᠳᠠᠪᠬᠤᠷᠭ᠎ᠠ ᠶᠢᠨ ᠶᠠᠷᠢᠯᠴᠠᠬᠤ ᠬᠤᠷᠠᠯ ᠢ 40 ᠰᠢᠬᠠᠮ ᠤᠳᠠᠭ᠎ᠠ ᠬᠤᠷᠠᠯᠳᠤᠭᠤᠯᠵᠤ᠂ ᠡᠯ᠎ᠡ | ᠭᠠᠵᠠᠷ ᠣᠷᠣᠨ᠂ ᠡᠯ᠎ᠡ ᠹᠷᠣᠨᠲ ᠤᠨ ᠨᠥᠬᠦᠳ ᠲᠠᠢ ᠰᠠᠨᠠᠯ ᠢᠶᠠᠨ ᠭᠦᠢᠴᠡᠳ ᠰᠣᠯᠢᠯᠴᠠᠵᠤ᠂ ᠵᠠᠰᠠᠭ ᠤᠨ ᠣᠷᠳᠣᠨ ᠤ | ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠴᠤ᠂ ᠬᠠᠮᠤᠭ ᠤᠨ ᠠᠩᠬᠠᠨ ᠤ ᠪᠠᠶᠢᠳᠠᠯ ᠢ ᠭᠦᠢᠴᠡᠳ | ᠡᠵᠡᠮᠰᠢᠵᠦ᠂ ᠦᠨᠳᠦᠰᠦᠨ ᠱᠠᠳᠤ ᠪᠠ ᠤᠯᠠᠨ ᠲᠦᠮᠡᠨ ᠤ ᠬᠦᠰᠡᠯ ᠰᠠᠨᠠᠭ᠎ᠠ ᠶᠢ ᠢᠯᠡᠳᠬᠡᠯ ᠳᠤ ᠦᠨᠡᠨ ᠪᠣᠳᠠᠲᠠᠢ | ᠢᠯᠡᠷᠡᠭᠦᠯᠬᠦ ᠪᠠᠷ ᠴᠢᠷᠮᠠᠶᠢᠪᠠ᠃ ᠢᠯᠡᠳᠬᠡᠯ ᠤᠨ ᠡᠭᠡ ᠨᠤᠤᠷᠠᠭ ᠪᠦᠷᠢᠯᠳᠦᠭᠰᠡᠨ ᠤ ᠲᠠᠷᠠᠭ᠎ᠠ᠂ ᠪᠢᠳᠡ ᠤᠷᠢᠳ | ᠬᠤᠵᠢᠳ ᠡᠯ᠎ᠡ ᠠᠶᠢᠮᠠᠭ ᠬᠤᠳᠠ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ | ᠵᠠᠰᠠᠭ ᠤᠨ ᠣᠷᠳᠣᠨ ᠤ ᠤᠳᠤᠷᠢᠳᠤᠯᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠵᠢᠴᠢ ᠵᠠᠰᠠᠭ ᠤᠨ ᠣᠷᠳᠣᠨ ᠤ ᠵᠥᠪᠯᠡᠭᠴᠢ᠂ ᠰᠣᠶᠣᠯ ᠲᠡᠦᠬᠡ ᠶᠢᠨ | ᠣᠷᠳᠣᠨ ᠤ ᠠᠵᠢᠯᠳᠠᠨ ᠤ ᠰᠠᠨᠠᠯ ᠢ ᠬᠤᠷᠢᠶᠠᠵᠤ᠂ ᠨᠡᠶᠢᠳᠡ 449 ᠵᠤᠷᠪᠤᠰ ᠰᠠᠨᠠᠯ ᠰᠠᠨᠠᠭᠤᠯᠭ᠎ᠠ ᠶᠢ ᠲᠣᠰᠴᠤ᠂ | ᠲᠤᠭᠤᠷᠪᠢᠨ ᠪᠢᠴᠢᠬᠦ ᠳᠤᠭᠤᠶᠢᠯᠠᠩ ᠤᠨ ᠬᠢᠨ ᠭᠦᠢᠴᠡᠳ ᠰᠢᠩᠭᠡᠭᠡᠨ ᠠᠪᠤᠪᠠ᠃ ᠲᠥᠪ ᠤᠨ ᠠᠵᠤ ᠠᠬᠤᠶ ᠶᠢᠨ | ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ | ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ | ᠬᠤᠷᠠᠯᠳᠤᠭᠰᠠᠨ ᠤ ᠳᠠᠷᠠᠭ᠎ᠠ᠂ ᠪᠢᠳᠡ ᠪᠠᠰᠠ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ ᠢᠯᠡᠳᠬᠡᠯ ᠳᠤ | ᠵᠠᠰᠠᠪᠤᠷᠢ ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠤᠷᠢᠳ ᠬᠤᠵᠢᠳ ᠬᠤᠷᠠᠯ ᠬᠤᠷᠠᠯᠳᠤᠭᠤᠯᠵᠤ᠂ ᠢᠯᠡᠳᠬᠡᠯ ᠢ ᠰᠤᠳᠤᠯᠤᠨ ᠶᠠᠷᠢᠯᠴᠠᠪᠠ | ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠬᠤᠭᠤᠴᠠᠭᠠᠨ ᠳᠤ᠂ ᠪᠢᠳᠡ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠢᠨᠠᠨ ᠵᠥᠪᠯᠡᠭᠰᠡᠨ ᠰᠠᠨᠠᠯ ᠪᠠ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠤᠨ ᠶᠠᠷᠢᠯᠴᠠᠭᠰᠠᠨ ᠰᠠᠨᠠᠯ ᠢ ᠥᠷᠭᠡᠨ ᠢᠶᠠᠷ ᠰᠣᠨᠣᠰᠴᠤ᠂ ᠢᠯᠡᠳᠬᠡᠯ ᠳᠤ | ᠬᠠᠮᠤᠭ ᠤᠨ ᠡᠴᠦᠰ ᠤᠨ ᠵᠠᠰᠠᠪᠤᠷᠢ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢᠶᠠᠷ ᠰᠤᠳᠤᠯᠤᠯᠲᠠ ᠬᠢᠯᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠳᠡᠪᠰᠢᠭᠦᠯᠵᠦ ᠪᠠᠲᠤᠯᠠᠭᠤᠯᠤᠭᠰᠠᠨ ᠤ ᠳᠠᠷᠠᠭ᠎ᠠ᠂ ᠣᠲᠣ ᠶᠢᠨ ᠢᠯᠡᠳᠬᠡᠯ ᠤᠨ ᠨᠣᠤᠷᠠᠭ ᠢ ᠪᠦᠷᠢᠯᠳᠦᠭᠦᠯᠦᠭᠰᠡᠨ | ᠪᠥᠭᠡᠳ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠪᠡ᠃ ᠭᠤᠣᠯ ᠠᠭᠤᠯᠭ᠎ᠠ ᠠᠴᠠ ᠨᠢ ᠠᠪᠴᠤ | ᠦᠵᠡᠪᠡᠯ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠭᠤᠣᠯᠳᠠᠭᠤ ᠲᠦᠷᠪᠡᠨ ᠬᠡᠰᠡᠭ ᠲᠤ | ᠬᠤᠪᠢᠶᠠᠨ᠎ᠠ᠃ ᠨᠢᠭᠡᠳᠦᠭᠡᠷ ᠬᠡᠰᠡᠭ᠄ 2020 ᠣᠨ ᠵᠢᠴᠢ ᠠᠷᠪᠠᠨ ᠭᠤᠷᠪᠠᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ᠃ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ᠂ ᠨᠡᠮᠡᠭᠳᠡᠯ ᠢ | ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠪᠠᠲᠤᠯᠠᠬᠤ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ᠂ ᠥᠭᠡᠷᠡᠴᠢᠯᠡᠯᠲᠡ ᠨᠡᠭᠡᠭᠡᠯᠳᠡ ᠬᠢᠬᠦ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠨᠠᠢᠮᠠᠨ ᠲᠠᠯ᠎ᠠ ᠠᠴᠠ ᠥᠩᠭᠡᠷᠡᠭᠰᠡᠨ ᠨᠢᠭᠡ ᠵᠢᠯ ᠤᠨ | ᠠᠵᠢᠯ ᠢ ᠡᠮᠬᠢᠯᠡᠪᠡ᠃ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠲᠣᠭᠲᠠᠭᠤᠨ ᠢᠶᠠᠷ | ᠳᠡᠭᠡᠭᠰᠢᠯᠡᠭᠦᠯᠦᠭᠰᠡᠨ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠯᠲᠠ ᠳᠤ ᠲᠡᠤᠬᠡᠲᠦ ᠴᠢᠨᠠᠷᠲᠠᠶ | ᠠᠮᠵᠢᠯᠲᠠ ᠪᠦᠲᠦᠮᠵᠢ ᠣᠯᠣᠭᠰᠠᠨ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠥᠲᠥᠭᠡᠨ | ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠪᠣᠯᠣᠭᠰᠠᠨ᠂ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ | ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠤᠭᠰᠠᠨ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠦᠭᠰᠡᠨ ᠵᠡᠷᠭᠡ ᠲᠠᠪᠤᠨ ᠲᠠᠯ᠎ᠠ ᠠᠴᠠ ᠥᠩᠭᠡᠷᠡᠭᠰᠡᠨ ᠲᠠᠪᠤᠨ ᠵᠢᠯ ᠤᠨ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠲᠣᠪᠤᠶᠢᠮ᠎ᠠ ᠠᠮᠵᠢᠯᠲᠠ | ᠪᠦᠲᠦᠮᠵᠢ ᠶᠢ ᠰᠢᠰᠲ᠋ᠧᠮ ᠲᠠᠢ ᠳ᠋ᠦᠩᠨᠡᠭᠰᠡᠨ ᠪᠠᠶᠢᠨ᠎ᠠ᠃ ᠡᠭᠦᠨ ᠤ ᠵᠡᠷᠭᠡᠴᠡᠭᠡ ᠪᠠᠷ ᠠᠵᠤ ᠠᠬᠤᠶ ᠨᠡᠶᠢᠭᠡᠮ ᠤᠨ | ᠬᠥᠭᠵᠢᠯᠲᠡ ᠵᠢᠴᠢ ᠵᠠᠰᠠᠭ ᠤᠨ ᠣᠷᠳᠣᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ | ᠦᠭᠡᠢ ᠲᠠᠯ᠎ᠠ ᠶᠢ ᠵᠠᠳᠠᠯᠤᠨ ᠵᠢᠭᠠᠵᠤ ᠭᠠᠷᠭᠠᠵᠠᠶ᠃ ᠬᠤᠶᠠᠳᠤᠭᠠᠷ ᠬᠡᠰᠡᠭ᠄ ︽14·5︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ | ᠡᠭᠦᠷᠭᠡ᠃ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ | 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ | ᠬᠤᠶᠢᠰᠢᠳᠠ ᠶᠢᠨ ᠲᠠᠪᠤᠨ ᠵᠢᠯ ᠤᠨ ᠭᠤᠣᠯ ᠬᠠᠷᠠᠯᠲᠠ ᠡᠭᠦᠷᠭᠡ ᠶᠢ ᠳᠤᠷᠠᠳᠤᠨ ᠭᠠᠷᠭᠠᠪᠠ᠃ ᠭᠤᠷᠪᠠᠳᠤᠭᠠᠷ ᠬᠡᠰᠡᠭ᠄ | 2021 ᠣᠨ ᠤ ᠠᠵᠢᠯ ᠤᠨ ᠲᠣᠬᠢᠷᠠᠭᠤᠯᠤᠯᠲᠠ᠃ ᠨᠢᠭᠡ ᠳᠤ᠂ 2021 ᠣᠨ ᠤ ᠵᠠᠰᠠᠭ ᠤᠨ ᠣᠷᠳᠣᠨ ᠤ | ᠠᠵᠢᠯ ᠤᠨ ᠶᠡᠷᠦᠩᠬᠡᠶ ᠱᠠᠭᠠᠷᠳᠠᠯᠭ᠎ᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ | ᠬᠠᠷᠠᠯᠲᠠ ᠶᠢ ᠳᠤᠷᠠᠳᠤᠨ ᠭᠠᠷᠭᠠᠪᠠ᠃ ᠬᠤᠶᠠᠷ ᠲᠤ᠂ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ | ᠪᠠᠶᠢᠷᠢᠯᠠᠭᠤᠯᠵᠤ᠂ ᠡᠭᠦᠨ ᠳᠤ ᠭᠤᠣᠯᠳᠠᠭᠤ᠄ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠦᠬᠦ ᠬᠦᠴᠦᠨ ᠢᠶᠠᠷ | ᠠᠬᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ | ᠭᠦᠨᠵᠡᠭᠡᠶ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠥᠷᠲᠡᠭ ᠤᠨ ᠬᠡᠯᠬᠢᠶ᠎ᠡ ᠶᠢᠨ ᠬᠢᠷᠢ ᠲᠦᠪᠰᠢᠨ ᠢ | ᠬᠦᠴᠦᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ | ᠠᠬᠢᠭᠤᠯᠤᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ | ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠨᠠᠩ ᠶᠡᠭᠡ ᠡᠷᠴᠢᠮ ᠲᠠᠢ ᠪᠠᠷ | ᠠᠬᠢᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ | ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠂ ᠠᠷᠠᠳ ᠤᠨ ᠦᠨᠳᠦᠰᠦᠨ | ᠠᠮᠢᠳᠤᠷᠠᠯ ᠤᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠳᠥᠷᠪᠡᠳᠦᠭᠡᠷ ᠬᠡᠰᠡᠭ᠄ ᠵᠠᠰᠠᠭ ᠤᠨ | ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠨᠡ ᠵᠢᠯ ᠤᠨ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠤ ᠦᠷᠭᠦᠯᠵᠢᠯᠡᠨ ᠡᠨᠡ ᠲᠠᠯ᠎ᠠ ᠶᠢᠨ ᠠᠭᠤᠯᠭ᠎ᠠ ᠶᠢ ᠠᠰ ᠲᠤ ᠨᠢ ᠨᠢᠭᠡ ᠬᠡᠰᠡᠭ ᠪᠣᠯᠭᠠᠨ | ᠲᠣᠭᠠᠴᠢᠨ ᠥᠭᠦᠯᠡᠵᠦ᠂ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠢ ᠪᠠᠶᠢᠭᠤᠯᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠬᠤ᠂ ᠬᠡᠯᠪᠡᠷᠢᠴᠢ | ᠦᠵᠡᠯ᠂ ᠨᠣᠶᠠᠨᠴᠢ ᠰᠤᠷᠲᠠᠯ ᠢ ᠴᠥᠬᠦᠷᠡᠰᠢ ᠦᠭᠡᠢ ᠡᠰᠡᠷᠭᠦᠴᠡᠨ ᠲᠡᠪᠴᠢᠬᠦ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ᠂ ᠭᠠᠮᠨᠠᠵᠤ ᠠᠮᠢᠳᠤᠷᠠᠬᠤ ᠶᠢ ᠪᠠᠷᠢᠮᠲᠠᠯᠠᠬᠤ ᠵᠡᠷᠭᠡ ᠲᠠᠯ᠎ᠠ ᠠᠴᠠ | ᠰᠢᠨ᠎ᠡ ᠨᠢᠭᠡ ᠵᠢᠯ ᠳᠤ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ | ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ | ᠪᠠᠶᠢᠭᠤᠯᠬᠤ ᠵᠡᠷᠭᠡ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠬᠥᠲᠥᠯᠥᠭᠴᠢ᠄ | ᠥᠩᠭᠡᠷᠡᠭᠰᠡᠨ ᠨᠢᠭᠡ ᠵᠢᠯ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠳᠤ ᠶᠠᠮᠠᠷ | ᠶᠠᠮᠠᠷ ᠭᠤᠤᠯ ᠠᠮᠵᠢᠯᠲᠠ ᠣᠯᠤᠭᠰᠠᠨ ᠢ ᠰᠦᠯᠵᠢᠶᠡᠨ ᠤ ᠠᠨᠳᠠ ᠨᠠᠷ ᠲᠠᠢ ᠬᠤᠪᠢᠶᠠᠯᠴᠠᠨ᠎ᠠ ᠦᠦ︖ ᠡᠭᠦᠨ ᠤ | ᠬᠠᠮᠲᠤ 2020 ᠣᠨ ᠪᠣᠯ ︽13 · 5︾ ᠤᠨ ᠲᠥᠯᠥᠪᠵᠢᠭᠦᠯᠭᠡ ᠶᠢᠨ ᠰᠢᠪᠲᠤᠷᠠᠭᠠᠨ ᠤ ᠵᠢᠯ ᠪᠣᠯᠤᠨ᠎ᠠ᠂ ᠮᠠᠨ ᠤ | ᠣᠷᠣᠨ ᠤ ᠥᠩᠭᠡᠷᠡᠭᠰᠡᠨ ᠲᠠᠪᠤᠨ ᠵᠢᠯ ᠤᠨ ᠬᠥᠭᠵᠢᠯᠲᠡ ᠶᠢᠨ ᠳᠤᠮᠳᠠᠬᠢ ᠬᠢᠯᠠᠰ ᠴᠡᠭ ᠢ ᠲᠠᠨᠢᠯᠴᠠᠭᠤᠯᠤᠨ᠎ᠠ ᠦᠦ︖ | ᠯᠸᠢ ᠵᠢᠶ ᠫᠧᠩ᠄ | 2020 ᠣᠨ ᠳᠤ᠂ ᠲᠦᠢᠯ ᠤᠨ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠤᠯᠤᠰ ᠤᠨ | ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠡᠮᠦᠨ᠎ᠡ᠂ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ ᠲᠠᠢ ᠨᠢᠭᠲᠠ | ᠤᠶᠠᠯᠳᠤᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ | ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠪᠥᠬᠦ ᠣᠷᠣᠨ ᠤ ᠠᠵᠤ | ᠠᠬᠤᠶ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠳᠤ ᠣᠷᠣᠵᠤ᠂ ᠨᠡᠶᠢᠭᠡᠮ ᠤᠨ ᠶᠡᠭᠡ ᠲᠠᠯ᠎ᠠ ᠶᠢ ᠡᠶ᠎ᠡ | ᠵᠣᠬᠢᠴᠠᠯ ᠲᠠᠢ ᠪᠥᠭᠡᠳ ᠠᠮᠤᠷ ᠲᠣᠭᠲᠠᠭᠤᠨ ᠪᠠᠶᠢᠯᠭᠠᠵᠤ᠂ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ | ᠬᠠᠭᠤᠳᠠᠰᠤ ᠲᠤᠰᠢᠶᠠᠭᠰᠠᠨ ᠪᠠᠶᠢᠨ᠎ᠠ᠃ 2020 ᠣᠨ ᠤ ᠠᠮᠵᠢᠯᠲᠠ ᠪᠦᠲᠦᠮᠵᠢ ᠨᠢ ᠭᠤᠤᠯᠳᠠᠭᠤ ᠨᠠᠢᠮᠠᠨ ᠲᠠᠯ᠎ᠠ ᠪᠠᠷ | ᠢᠯᠡᠷᠡᠵᠦ ᠪᠣᠶ᠄ ᠨᠢᠭᠡ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ | ᠲᠠᠯ᠎ᠠ ᠪᠠᠷ ᠴᠢᠬᠤᠯᠠ ᠶᠡᠭᠡ ᠦᠷ᠎ᠡ ᠪᠦᠲᠦᠭᠡᠯ ᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠠᠴᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠭᠡᠨᠡᠳᠲᠡ ᠶᠢᠨ ᠬᠡᠷᠡᠭ ᠤᠨ ᠨᠢᠭᠡᠳᠦᠭᠡᠷ ᠳᠡᠰ ᠤᠨ | ᠤᠷᠢᠶᠠᠯᠠᠭ᠎ᠠ ᠶᠢ ᠴᠠᠭ ᠲᠤᠬᠠᠢ ᠳᠤ ᠨᠢ ᠡᠬᠢᠯᠡᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ | ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠦᠳᠲᠡᠷ | ᠲᠦᠷᠭᠡᠨ ᠪᠠᠶᠢᠭᠤᠯᠵᠤ᠂ 55 ᠡᠳᠦᠷ ᠤᠨ ᠴᠠᠭ ᠵᠠᠷᠤᠴᠠᠭᠤᠯᠵᠤ ᠪᠠᠶᠢᠭᠠᠳ ᠲᠤᠬᠠᠢ ᠶᠢᠨ ᠭᠠᠵᠠᠷ ᠤᠨ ᠣᠨᠣᠰᠢᠯᠠᠭᠰᠠᠨ | ᠡᠪᠡᠳᠴᠢᠨ ᠤ ᠵᠢᠱᠢᠶ᠎ᠡ ᠶᠢ ᠠᠩᠬ᠎ᠠ ᠤᠳᠠᠭ᠎ᠠ ᠲᠡᠭ ᠪᠣᠯᠭᠠᠬᠤ ᠶᠢ ᠪᠡᠶᠡᠯᠡᠭᠦᠯᠵᠦ᠂ ᠪᠦᠬᠦ ᠤᠯᠤᠰ ᠤᠨ | ᠬᠡᠪᠴᠢᠶ᠎ᠡ ᠠᠴᠠ ᠠᠪᠴᠤ ᠦᠵᠡᠪᠡᠯ ᠬᠡᠷᠡᠭᠯᠡᠭᠰᠡᠨ ᠴᠠᠭ ᠨᠢ ᠨᠡᠯᠢᠶᠡᠳ ᠣᠬᠤᠷ ᠶᠤᠮ᠃ ᠡᠭᠦᠨ ᠤ ᠬᠠᠮᠲᠤ᠂ | ᠨᠡᠶᠢᠰᠯᠡᠯ ᠤᠨ ᠨᠢᠰᠬᠡᠯ ᠤᠨ ᠪᠠᠭᠤᠳᠠᠯ ᠠᠴᠠ ᠬᠤᠪᠢᠶᠠᠷᠢᠯᠠᠨ ᠶᠠᠪᠤᠭᠤᠯᠤᠭᠰᠠᠨ ᠣᠯᠠᠨ ᠤᠯᠤᠰ ᠤᠨ ᠡᠭᠡᠯᠵᠢ ᠶᠢᠨ | ᠨᠢᠰᠬᠡᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠭᠤᠷᠠᠶ ᠵᠠᠮ ᠤᠨ | ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠨ | ᠂ ᠬᠢᠯᠢ ᠶᠢᠨ ᠭᠠᠳᠠᠨ᠎ᠠ ᠠᠴᠠ ᠥᠷᠥᠵᠤ ᠢᠷᠡᠭᠰᠡᠨ ᠡᠪᠡᠳᠴᠢᠨ ᠤ ᠵᠢᠱᠢᠶ᠎ᠡ ᠶᠢᠨ ︽ᠡᠪᠡᠳᠴᠢᠨ ᠢᠶᠠᠷ ᠨᠠᠰᠤ ᠪᠠᠷᠠᠭᠰᠠᠨ | ᠬᠥᠮᠦᠨ ᠥᠬᠡᠶ︾ ︽ᠲᠠᠷᠬᠠᠭᠠᠭᠰᠠᠨ ᠬᠥᠮᠦᠨ ᠥᠬᠡᠶ︾ ︽ᠭᠠᠳᠠᠭᠰᠢ ᠭᠠᠷᠭᠠᠭᠰᠠᠨ ᠬᠥᠮᠦᠨ ᠥᠬᠡᠶ︾ | ᠪᠠᠶᠢᠬᠤ ᠶᠢ ᠪᠡᠶᠡᠯᠡᠭᠦᠯᠵᠠᠢ᠃ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ 11 ᠳ᠋ᠦ᠋ᠭᠡᠷ ᠰᠠᠷ᠎ᠠ ᠳᠤ ᠮᠠᠨᠵᠤᠤᠷ ᠬᠤᠲᠠ ᠳᠠᠬᠢ | ᠭᠠᠳᠠᠨ᠎ᠠ ᠠᠴᠠ ᠣᠷᠣᠵᠤ ᠢᠷᠡᠭᠰᠡᠨ ᠬᠢᠵᠢᠭ ᠤᠨ ᠪᠠᠶᠢᠳᠠᠯ ᠢ ᠣᠨᠣᠪᠴᠢᠲᠠᠶ ᠪᠥᠭᠡᠳ ᠪᠦᠲᠦᠮᠵᠢᠲᠡᠶ ᠪᠠᠷ | ᠰᠢᠢᠳᠪᠦᠷᠢᠯᠡᠪᠡ᠃ ᠣᠳᠣᠬᠠᠨ ᠳᠤ᠂ ᠡᠷᠬᠢᠨ ᠲᠣᠭᠤᠷᠢᠨ ᠤ ᠬᠡᠰᠡᠭ ᠮᠤᠵᠢ ᠣᠷᠣᠨ ᠤ ᠬᠢᠵᠢᠭ ᠤᠨ ᠪᠠᠶᠢᠳᠠᠯ | ᠲᠠᠰᠤᠷᠠᠯᠲᠠ ᠥᠬᠡᠶ ᠨᠡᠮᠡᠭᠳᠡᠵᠦ ᠪᠠᠶᠢᠭ᠎ᠠ ᠪᠠᠶᠢᠳᠠᠯ ᠳᠣᠤᠷ᠎ᠠ᠂ ᠮᠠᠨ ᠤ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠰᠠᠶᠢᠨ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ ᠪᠠᠶᠢᠨ᠎ᠠ᠂ ᠡᠨᠡ ᠪᠣᠯ ᠮᠠᠰᠢ ᠬᠢᠯᠪᠠᠷ ᠪᠤᠰᠤ ᠶᠠᠪᠤᠳᠠᠯ | ᠶᠤᠮ᠃ ᠬᠤᠶᠠᠷ ᠲᠤ᠂ ᠨᠡᠮᠡᠭᠳᠡᠯ ᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠠᠵᠢᠯ ᠢᠳᠡᠪᠬᠢᠲᠡᠶ | ᠦᠷ᠎ᠡ ᠪᠦᠲᠦᠮᠵᠢ ᠤᠯᠪᠠ᠃ ᠬᠢᠵᠢᠭ ᠤᠨ ᠪᠠᠶᠢᠳᠠᠯ ᠢ ᠡᠵᠡᠮᠳᠡᠭᠰᠡᠨ ᠤ ᠳᠠᠷᠠᠭ᠎ᠠ᠂ ᠮᠠᠨ ᠤ ᠣᠷᠣᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠬᠦᠴᠦᠨ ᠢᠶᠠᠷ ᠠᠬᠢᠭᠤᠯᠵᠤ᠂ ᠭᠤᠣᠯᠳᠠᠯᠭ᠎ᠠ ᠲᠠᠢ ᠪᠠᠷ ᠵᠠᠬ᠎ᠠ | ᠳᠡᠯᠭᠡᠭᠦᠷ ᠤᠨ ᠭᠤᠤᠯ ᠴᠣᠭᠴᠠ ᠶᠢ ᠪᠠᠲᠤᠯᠠᠨ᠂ ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠢ | ᠲᠣᠭᠲᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠤᠯᠤᠰ ᠤᠨ ᠡᠯ᠎ᠡ | ᠵᠦᠢᠯ ᠤᠨ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠤ ᠬᠠᠮᠲᠤ᠂ ᠠᠯᠢ ᠣᠯᠠᠨ ᠢᠵᠢ ᠪᠦᠷᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ | ᠂ ᠠᠵᠤ ᠠᠬᠤᠶᠢᠯᠠᠯ ᠤᠨ ᠬᠦᠴᠢᠷᠳᠡᠯ ᠢ ᠪᠦᠲᠦᠮᠵᠢᠲᠡᠶ ᠨᠠᠮᠳᠠᠭᠤᠯᠤᠭᠰᠠᠨ ᠠᠴᠠ᠂ ᠪᠥᠬᠦ ᠵᠢᠯ ᠤᠨ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠲᠤᠭ᠎ᠠ ᠬᠡᠮᠵᠢᠶ᠎ᠡ 7.2% ᠢᠶᠠᠷ ᠨᠡᠮᠡᠭᠳᠡᠪᠡ᠃ ᠭᠤᠣᠯᠳᠠᠯᠭ᠎ᠠ ᠲᠠᠢ ᠠᠵᠢᠯ | ᠲᠦᠷᠦᠯ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ | ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠠᠬᠢᠭᠤᠯᠤᠨ᠂ | ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠵᠦ᠂ ᠪᠦᠬᠦ ᠵᠢᠯ ᠤᠨ ᠬᠤᠳᠠ ᠪᠠᠯᠭᠠᠰᠤᠨ ᠤ ᠠᠵᠢᠯ ᠣᠯᠭᠤᠯᠲᠠ ᠳᠤ | 23.2 ᠲᠦᠮᠡᠨ ᠬᠥᠮᠦᠨ ᠰᠢᠨ᠎ᠡ ᠪᠠᠷ ᠨᠡᠮᠡᠭᠳᠡᠭᠦᠯᠵᠦ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ | ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠡᠯ᠎ᠡ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠨ᠂ ᠪᠥᠬᠦ ᠣᠷᠣᠨ ᠤ ᠭᠤᠤᠯ | ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠤᠯᠠᠷᠢᠯ ᠳᠠᠷᠠᠭᠠᠯᠠᠨ ᠳᠡᠭᠡᠭᠰᠢᠯᠡᠵᠦ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠰᠥᠭᠡᠷᠭᠦ ᠪᠠᠶᠢᠭᠰᠠᠨ ᠠᠴᠠ ᠪᠠᠨ ᠡᠶᠡᠷᠭᠦ ᠪᠣᠯᠵᠤ᠂ ᠠᠵᠤ ᠠᠬᠤᠶ ᠶᠢᠨ | ᠰᠡᠷᠭᠦᠯᠲᠡ ᠶᠢᠨ ᠪᠠᠶᠢᠳᠠᠯ ᠦᠷᠭᠦᠯᠵᠢᠯᠡᠨ ᠪᠠᠬᠢᠵᠢᠪᠡ᠃ ᠭᠤᠷᠪᠠ ᠳᠤ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ ᠠᠵᠢᠯ ᠰᠢᠨ᠎ᠡ ᠠᠯᠬᠤᠮ ᠢ ᠠᠯᠬᠤᠪᠠ᠃ ᠥᠩᠭᠡᠷᠡᠭᠰᠡᠨ ᠨᠢᠭᠡ ᠵᠢᠯ ᠳᠤ᠂ ᠪᠢᠳᠡ | ᠨᠡᠮᠡᠭᠳᠡᠯ ᠢ ᠲᠣᠭᠲᠠᠪᠤᠷᠢᠵᠢᠭᠤᠯᠬᠤ ᠶᠢᠨ ᠬᠠᠮᠲᠤ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠴᠢᠷᠮᠠᠶᠢᠨ | ᠠᠬᠢᠭᠤᠯᠵᠤ᠂ ᠠᠵᠤ ᠠᠬᠤᠢ ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ᠂ ᠰᠢᠨ᠎ᠡ ᠬᠥᠳᠡᠯᠭᠡᠬᠦ ᠬᠦᠴᠦᠨ | ᠲᠦᠷᠭᠡᠨ ᠢᠶᠠᠷ ᠪᠤᠶᠢᠵᠢᠪᠠ᠃ ᠪᠥᠬᠦ ᠣᠷᠣᠨ ᠤ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠥᠷᠲᠡᠭ ᠤᠨ | ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠳᠠᠬᠢ ᠡᠵᠡᠯᠡᠬᠦ ᠬᠤᠪᠢ ᠶᠢᠨ ᠵᠢᠩ ᠢ 63.6% ᠳᠤ | ᠬᠦᠷᠦᠭᠦᠯᠵᠦ᠂ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠢ ᠲᠤᠬᠠᠶ ᠶᠢᠨ ᠭᠠᠵᠠᠷ ᠲᠤ ᠨᠢ ᠪᠣᠯᠪᠠᠰᠤᠷᠠᠭᠤᠯᠬᠤ | ᠨᠣᠷᠮ᠎ᠠ 70% ᠳᠤ ᠬᠦᠷᠪᠡ᠃ ᠡᠭᠦᠰᠦᠮᠡᠯ ᠡᠨᠧᠷᠭᠢ ᠶᠢᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠨᠢ ᠪᠥᠬᠦ | ᠣᠷᠣᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ 36% ᠶᠢ ᠡᠵᠡᠯᠡᠵᠦ᠂ ᠰᠢᠨ᠎ᠡ ᠡᠨᠧᠷᠭᠢ ᠶᠢᠨ ᠬᠡᠷᠡᠭᠯᠡᠭᠡᠨ ᠤ | ᠬᠠᠷᠢᠴᠠᠯ ᠨᠢ 17% ᠳᠤ ᠬᠥᠷᠪᠡ᠃ ᠳ᠋ᠠᠶᠢᠲ᠋ᠠ ᠶᠢᠨ ᠲᠥᠪ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ 120 | ᠲᠦᠮᠡᠨ ᠮᠠᠰᠢᠨ ᠢ ᠳᠠᠪᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 1 ᠮᠢᠩᠭ᠎ᠠ ᠶᠢ ᠳᠠᠪᠠᠪᠠ᠃ | ᠳᠥᠷᠪᠡ ᠳᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠳᠤ ᠰᠢᠢᠳᠪᠦᠷᠢᠯᠡᠬᠦ ᠴᠢᠨᠠᠷᠲᠠᠶ ᠦᠷ᠎ᠡ | ᠪᠦᠲᠦᠮᠵᠢ ᠤᠯᠪᠠ᠃ ᠣᠨᠣᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠲᠠᠯ᠎ᠠ ᠪᠠᠷ᠂ ᠡᠯ᠎ᠡ ᠵᠦᠢᠯ ᠤᠨ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠦᠬᠦ ᠵᠢᠯ ᠳᠤ 112.3 ᠳ᠋ᠦᠩᠰᠢᠭᠤᠷ | ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠣᠷᠣᠭᠤᠯᠵᠤ᠂ 6751 ᠶᠠᠳᠠᠭᠤ ᠶᠢ ᠲᠡᠳᠬᠦᠬᠦ ᠲᠥᠷᠥᠯ | ᠵᠦᠢᠯ ᠢ ᠬᠡᠷᠡᠭᠵᠢᠭᠦᠯᠵᠦ᠂ ᠦᠯᠡᠳᠡᠭᠰᠡᠨ 1.6 ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠪᠦᠬᠦᠨ ᠢ | ᠶᠠᠳᠠᠭᠤ ᠠᠴᠠ ᠠᠩᠭᠢᠵᠢᠷᠠᠭᠤᠯᠪᠠ᠃ ᠬᠦᠨᠳᠦ ᠶᠡᠭᠡ ᠲᠦᠭᠰᠢᠭᠦᠷᠢ ᠶᠢ ᠨᠠᠮᠳᠠᠭᠠᠨ ᠰᠢᠢᠳᠪᠦᠷᠢᠯᠡᠬᠦ ᠲᠠᠯ᠎ᠠ ᠪᠠᠷ᠂ | ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠨᠠᠮᠳᠠᠭᠠᠬᠤ ᠣᠨ ᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ | ᠳᠤᠮᠳᠠ ᠵᠢᠵᠢᠭ ᠪᠠᠩᠬᠢ ᠶᠢᠨ ᠬᠥᠷᠥᠩᠭᠡ ᠶᠢᠨ ᠨᠥᠬᠦᠪᠥᠷᠢ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 85 | ᠳ᠋ᠦᠩᠰᠢᠭᠤᠷ ᠲᠥᠭᠦᠷᠢᠭ ᠲᠠᠷᠬᠠᠭᠠᠵᠤ᠂ ᠪᠥᠬᠦ ᠣᠷᠣᠨ ᠤ ᠡᠷᠡᠭᠦᠯ ᠪᠤᠰᠤ ᠵᠢᠭᠡᠯᠡᠯᠭᠡ ᠶᠢᠨ ᠦᠯᠡᠳᠡᠪᠦᠷᠢ ᠪᠠ ᠡᠷᠡᠭᠦᠯ | ᠪᠤᠰᠤ ᠨᠣᠷᠮ᠎ᠠ ᠶᠢ ᠵᠡᠷᠭᠡᠪᠡᠷ ᠪᠠᠭᠤᠷᠠᠭᠤᠯᠬᠤ ᠶᠢ ᠪᠡᠶᠡᠯᠡᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ︽ | ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠬᠤ | ᠠᠵᠢᠯ ᠢ ᠦᠨᠳᠦᠰᠦᠨ ᠳᠤ ᠪᠠᠨ ᠪᠡᠶᠡᠯᠡᠭᠦᠯᠵᠦ᠂ ᠪᠥᠬᠦ ᠣᠷᠣᠨ ᠤ ᠠᠭᠠᠷ ᠤᠨ ᠪᠠᠶᠢᠳᠠᠯ ᠰᠠᠶᠢᠨ ᠡᠳᠦᠷ ᠤᠨ | ᠲᠤᠭ᠎ᠠ ᠶᠢᠨ ᠬᠠᠷᠢᠴᠠᠯ 90.8% ᠳᠤ ᠬᠦᠷᠴᠦ᠂ ᠤᠯᠤᠰ ᠤᠨ ᠰᠢᠯᠭᠠᠨ ᠬᠢᠨᠠᠬᠤ ᠬᠠᠷᠠᠯᠲᠠ ᠶᠢᠨ 1.7 ᠵᠠᠭᠤᠨ ᠤ | ᠴᠡᠭ ᠠᠴᠠ ᠳᠠᠪᠠᠭᠤᠯᠢᠭ ᠪᠣᠯᠪᠠ᠃ ᠭᠠᠵᠠᠷ ᠳᠡᠭᠡᠷᠡᠬᠢ ᠤᠰᠤᠨ ᠤ ᠰᠢᠯᠢᠳᠡᠭ ᠤᠰᠤᠨ ᠴᠣᠭᠴᠠ ᠶᠢᠨ ᠬᠠᠷᠢᠴᠠᠯ 69. | 2% ᠲᠤ ᠬᠦᠷᠴᠦ᠂ ᠤᠯᠤᠰ ᠤᠨ ᠬᠢᠨᠠᠨ ᠰᠢᠯᠭᠠᠬᠤ ᠬᠠᠷᠠᠯᠲᠠ ᠶᠢᠨ 9.6 ᠵᠠᠭᠤᠨ ᠤ ᠴᠡᠭ ᠠᠴᠠ ᠳᠠᠪᠠᠭᠤᠯᠢᠭ | ᠪᠣᠯᠪᠠ᠃ ︽ᠬᠦᠯᠦᠨ ᠨᠠᠭᠤᠷ ᠤᠯᠠᠭᠠᠨᠰᠤᠬᠠᠢ ᠨᠠᠭᠤᠷ ᠲᠠᠶᠢᠭ᠎ᠠ ᠨᠠᠭᠤᠷ︾ ᠤᠨ ᠤᠰᠤᠨ ᠤ ᠴᠢᠨᠠᠷ ᠪᠠ ᠰᠠᠪᠠ | ᠭᠠᠵᠠᠷ ᠤᠨ ᠠᠮᠢ ᠠᠬᠤᠶ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠲᠠᠪᠤ ᠳᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠪᠠ᠃ 356 | ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 12.2 ᠲᠦᠮᠡᠨ ᠮᠥ | ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠪᠠ᠃ ᠪᠦᠬᠦ ᠣᠷᠣᠨ ᠤ ᠠᠮᠤ ᠪᠤᠳᠠᠭᠠᠨ ᠤ ᠤᠨᠠᠯᠲᠠ 732.8 | ᠳ᠋ᠦᠩᠰᠢᠭᠤᠷ ᠵᠢᠩ ᠳᠤ ᠬᠦᠷᠴᠦ᠂ ︽ᠠᠷᠪᠠᠨ ᠳᠣᠯᠣᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ | ᠪᠡᠶᠡᠯᠡᠭᠦᠯᠪᠡ᠃᠃ ᠮᠢᠬᠠᠨ ᠤ ᠲᠥᠷᠥᠯ ᠤᠨ ᠭᠠᠷᠤᠯᠲᠠ 260.7 ᠲᠦᠮᠡᠨ ᠲᠣᠨ ᠳᠤ ᠬᠦᠷᠴᠦ᠂ ︽ᠠᠷᠪᠠᠨ | ᠵᠢᠷᠭᠤᠭ᠎ᠠ ᠵᠢᠯ ᠳᠠᠷᠠᠭᠠᠯᠠᠨ ᠲᠣᠭᠲᠠᠭᠤᠨ ᠪᠠᠶᠢᠬᠤ︾ ᠶᠢ ᠪᠡᠶᠡᠯᠡᠭᠦᠯᠪᠡ᠃ ᠲᠠᠷᠢᠶᠠᠯᠠᠩ ᠮᠠᠯ ᠠᠵᠤ ᠠᠬᠤᠶ ᠶᠢᠨ | ᠴᠢᠨᠠᠷᠯᠢᠭ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠠᠯ᠎ᠠ ᠨᠤᠲᠤᠭ ᠤᠨ ᠢᠳᠡᠰᠢᠨ ᠤ ᠬᠤᠨᠢ ᠪᠠ ᠨᠡᠷᠡᠨ | ᠬᠤᠸᠠᠷ ᠤᠯᠤᠰ ᠤᠨ ᠲᠠᠰ ᠤᠨ ᠳᠠᠪᠠᠭᠤᠯᠢᠭ ᠤᠨᠴᠠᠯᠢᠭᠳᠤ ᠬᠤᠶᠠᠷ ᠠᠵᠤ ᠦᠢᠯᠡᠰ ᠤᠨ ᠰᠦᠷᠦᠭᠵᠢᠯ ᠢ ᠰᠢᠨ᠎ᠡ ᠪᠠᠷ | ᠡᠭᠦᠳᠦᠨ ᠪᠠᠶᠢᠭᠤᠯᠵᠤ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠦᠷ᠎ᠡ ᠶᠢᠨ ᠦᠢᠯᠡᠰ ᠢ | ᠬᠥᠭᠵᠢᠭᠦᠯᠬᠦ ᠵᠡᠷᠭᠡ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠂ ︽ᠲᠡᠭᠷᠢ ᠶᠢᠨ ᠬᠡᠰᠢᠭᠲᠦ ᠪᠣᠷᠣᠲᠣᠬᠤᠶ︾ | ᠨᠢ ᠳᠤᠮᠳᠠᠳᠤ ᠤᠯᠤᠰ ᠤᠨ ᠣᠷᠣᠨ ᠪᠦᠰᠡ ᠶᠢᠨ ᠲᠠᠷᠢᠶᠠᠯᠠᠩ ᠤᠨ ᠳᠦᠷᠢ ᠲᠥᠷᠬᠦ ᠶᠢᠨ ᠨᠠᠷᠠᠲᠤ ᠲᠥᠷᠥᠯ | ᠲᠡᠮᠳᠡᠭᠲᠦ ᠶᠢᠨ ᠲᠡᠷᠢᠭᠦᠨ ᠪᠠᠶᠢᠷᠢ ᠳᠤ ᠣᠷᠣᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ | ᠴᠡᠭ ᠢᠳᠡᠪᠬᠢᠲᠡᠶ ᠠᠬᠢᠴᠠ ᠲᠠᠢ ᠪᠣᠯᠪᠠ᠃ ᠡᠭᠦᠨ ᠤ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ᠂ | ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠵᠡᠷᠭᠡ ᠲᠠᠯ᠎ᠠ ᠪᠠᠷ ᠴᠤ ᠢᠳᠡᠪᠬᠢᠲᠡᠶ ᠦᠷ᠎ᠡ ᠪᠦᠲᠦᠮᠵᠢ ᠤᠯᠪᠠ᠃ ᠵᠢᠠᠷᠭᠤᠭᠠ ᠳᠤ᠂ ᠠᠮᠢ ᠠᠬᠤᠶ ᠶᠢᠨ ᠣᠷᠴᠢᠨ | ᠲᠣᠭᠤᠷᠢᠨ ᠦᠷᠭᠦᠯᠵᠢᠯᠡᠨ ᠰᠠᠶᠢᠵᠢᠷᠠᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ︽ᠭᠤᠷᠪᠠᠨ ᠱᠤᠭᠤᠮ ᠨᠢᠭᠡ ᠬᠠᠭᠤᠳᠠᠰᠤ | ︾ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ ᠣᠷᠣᠨ ᠤ 50% ᠠᠴᠠ | ᠳᠡᠭᠡᠭᠰᠢᠬᠢ ᠤᠯᠤᠰ ᠤᠨ ᠭᠠᠵᠠᠷ ᠰᠢᠷᠣᠶ ᠶᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠠᠩᠬ᠎ᠠ | ᠠᠯᠬᠤᠮ ᠬᠤᠪᠢᠶᠠᠷᠢᠯᠠᠨ ᠣᠷᠣᠭᠤᠯᠪᠠ᠃ ᠪᠥᠬᠦ ᠵᠢᠯ ᠤᠨ ᠣᠶᠢᠵᠢᠭᠤᠯᠤᠯᠲᠠ ᠬᠢᠬᠦ᠂ ᠡᠪᠡᠰᠦ ᠳᠠᠷᠢᠬᠤ᠂ ᠬᠥᠷᠥᠰᠥ | ᠰᠢᠷᠣᠶ ᠶᠢᠨ ᠤᠷᠤᠰᠬᠠᠭᠳᠠᠯ ᠢ ᠶᠡᠷᠦᠩᠬᠡᠶᠢᠯᠡᠨ ᠵᠠᠰᠠᠬᠤ ᠣᠨ ᠤ ᠡᠭᠦᠷᠭᠡ ᠶᠢ ᠲᠣᠰ ᠲᠣᠰ 101.6%᠂ 112. | 5% ᠪᠠ 106.8% ᠪᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ 5 ᠨᠤᠭᠤ ᠭᠠᠵᠠᠷ ᠤᠨ ᠴᠡᠴᠡᠷᠯᠢᠭ | ᠪᠠ 5 ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠬᠢᠵᠠᠭᠠᠷᠯᠠᠬᠤ ᠬᠠᠮᠠᠭᠠᠯᠠᠯᠲᠠ ᠶᠢᠨ ᠣᠷᠣᠨ ᠢ | ᠰᠢᠨ᠎ᠡ ᠪᠠᠷ ᠪᠠᠶᠢᠭᠤᠯᠪᠠ᠃ ᠬᠠᠲᠤᠨ ᠭᠤᠣᠯ ᠤᠨ ᠰᠠᠪᠠ ᠭᠠᠵᠠᠷ ᠤᠨ ᠬᠥᠷᠥᠰᠥ ᠰᠢᠷᠣᠶ ᠶᠢᠨ ᠤᠷᠤᠰᠬᠠᠭᠳᠠᠯ ᠢ | ᠶᠡᠷᠦᠩᠬᠡᠶᠢᠯᠡᠨ ᠵᠠᠰᠠᠬᠤ᠂ ᠨᠤᠭᠤ ᠭᠠᠵᠠᠷ ᠤᠨ ᠠᠮᠢ ᠠᠬᠤᠶ ᠶᠢ ᠰᠡᠷᠭᠦᠭᠡᠬᠦ ᠪᠠ ᠤᠰᠤᠨ ᠤ ᠰᠤᠷᠪᠤᠯᠵᠢ ᠶᠢ | ᠬᠠᠳᠠᠭᠠᠯᠠᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ ᠳᠣᠯᠤᠭ᠎ᠠ ᠳᠤ᠂ ᠥᠭᠡᠷᠡᠴᠢᠯᠡᠯᠲᠡ ᠨᠡᠭᠡᠭᠡᠯᠳᠡ ᠶᠢ | ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠨᠢᠳᠤᠨᠤᠨ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠠᠴᠠ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ | ᠭᠤᠤᠯᠳᠠᠯᠭ᠎ᠠ ᠪᠣᠯᠭᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ | ᠠᠵᠤ ᠠᠬᠤᠶᠢᠯᠠᠯ ᠤᠨ ᠪᠠᠶᠢᠭᠤᠯᠤᠨ ᠡᠷᠭᠢᠯᠡᠬᠦ ᠴᠠᠭ ᠢ 3 ᠠᠵᠢᠯᠯᠠᠬᠤ ᠡᠳᠦᠷ ᠤᠨ ᠳᠣᠲᠣᠷ᠎ᠠ ᠪᠣᠯᠭᠠᠨ | ᠪᠣᠭᠤᠨᠢᠰᠬᠠᠵᠤ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠤᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 75 ᠠᠵᠢᠯᠯᠠᠬᠤ ᠡᠳᠦᠷ ᠤᠨ | ᠳᠣᠲᠣᠷ᠎ᠠ ᠪᠣᠯᠭᠠᠨ ᠪᠣᠭᠤᠨᠢᠰᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠭᠡᠷᠡᠴᠢᠯᠡᠯᠲᠡ | ᠬᠥᠭᠵᠢᠯᠲᠡ ᠶᠢ ᠳᠡᠮᠵᠢᠬᠦ 24 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠠᠷᠠᠳ ᠠᠴᠠ | ᠡᠵᠡᠩᠨᠡᠭᠰᠡᠨ ᠠᠵᠤ ᠠᠬᠤᠶ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠯᠡᠬᠦ ᠬᠠᠷᠢᠴᠠᠯ ᠢ 97.4% ᠳᠤ | ᠬᠦᠷᠦᠭᠦᠯᠪᠡ᠃ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠪᠣᠭᠤᠮᠲᠠ ᠪᠠᠷ ᠥᠩᠭᠡᠷᠡᠬᠦ ᠴᠠᠭ ᠢ ᠪᠠᠭᠠᠰᠬᠠᠨ᠂ ᠪᠣᠭᠤᠮᠲᠠ ᠪᠠᠷ ᠥᠩᠭᠡᠷᠡᠬᠦ ᠥᠪᠡᠷ ᠤᠨ | ᠥᠷᠲᠡᠭ ᠢ ᠪᠠᠭᠤᠷᠠᠭᠤᠯᠪᠠ᠃ ᠮᠠᠨ ᠤ ᠣᠷᠣᠨ ᠠᠴᠠ ᠡᠬᠢᠯᠡᠨ ᠮᠣᠷᠳᠠᠵᠤ ᠳᠤᠮᠳᠠᠳᠤ ᠧᠦ᠋ᠷᠣᠫᠠ ᠬᠦᠷᠬᠦ ᠵᠢᠰᠢᠶᠠᠨ ᠤ | ᠭᠠᠯᠲᠤ ᠲᠡᠷᠭᠡ 15.4% ᠪᠠᠷ ᠨᠡᠮᠡᠭᠳᠡᠵᠦ᠂ ᠪᠤᠴᠠᠬᠤ ᠡᠭᠡᠯᠵᠢ ᠶᠢᠨ ᠪᠠᠷᠠᠭᠠᠨ ᠤ ᠲᠥᠷᠥᠯ ᠵᠦᠢᠯ ᠲᠠᠰᠤᠷᠠᠯᠲᠠ | ᠥᠬᠡᠶ ᠨᠡᠮᠡᠭᠳᠡᠪᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ | ᠲᠣᠭᠤᠷᠢᠭ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠵᠡᠷᠭᠡ ᠨᠢᠭᠡ ᠪᠦᠯᠦᠭ ᠨᠡᠭᠡᠭᠡᠯᠲᠡᠲᠦ | ᠲᠠᠪᠴᠠᠩ ᠤᠨ ᠠᠴᠢᠶᠠᠯᠠᠪᠤᠷᠢ ᠶᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠪᠠ᠃ ᠨᠠᠢᠮᠠ ᠳᠤ᠂ ᠠᠷᠠᠳ ᠤᠨ | ᠠᠮᠢᠳᠤᠷᠠᠯ ᠬᠦᠴᠦᠨ ᠪᠦᠬᠦᠢ ᠪᠠᠲᠤᠯᠠᠭ᠎ᠠ ᠲᠠᠢ ᠪᠣᠯᠪᠠ᠃ ᠤᠯᠡᠠ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ | ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠠᠳᠬᠤᠵᠤ᠂ ᠤᠴᠢᠷ | ᠶᠠᠪᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠵᠢᠯ ᠳᠠᠷᠠᠭᠠᠯᠠᠨ ᠬᠢᠪᠡ᠃ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠥᠪᠡᠷᠲᠡᠭᠡᠨ | ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠵᠦ᠂ ᠠᠵᠢᠯ ᠠᠴᠠ ᠪᠠᠨ ᠠᠮᠠᠷᠠᠭᠰᠠᠳ ᠤᠨ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠣᠯᠭᠤᠮᠵᠢ ᠶᠢ ᠬᠥᠮᠦᠨ ᠳᠤᠮᠳᠠᠴᠢ ᠪᠠᠷ 147.3 ᠲᠥᠭᠦᠷᠢᠭ | ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠮᠥᠩᠭᠦ ᠶᠢ 3.9% ᠪᠠᠷ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡ ᠶᠢᠨ ᠡᠳ᠋ ᠤᠨ ᠵᠠᠰᠠᠭ ᠤᠨ ᠨᠥᠬᠦᠪᠦᠷᠢ ᠶᠢ ᠬᠥᠮᠥᠨ ᠳᠤᠮᠳᠠᠴᠢ ᠪᠠᠷ 30 ᠲᠥᠭᠦᠷᠢᠭ ᠨᠡᠮᠡᠭᠳᠡᠭᠦᠯᠪᠡ᠃ | ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 85.5% ᠳᠤ | ᠬᠦᠷᠭᠡᠵᠦ᠂ ᠬᠡᠤᠬᠡᠳ ᠤᠨ ᠴᠡᠴᠡᠷᠯᠢᠭ ᠲᠤ ᠣᠷᠣᠬᠤ ᠳᠤ ᠬᠦᠴᠢᠷᠲᠡᠶ ᠠᠰᠠᠭᠤᠳᠠᠯ ᠢ ᠠᠩᠬ᠎ᠠ ᠠᠯᠬᠤᠮ ᠨᠠᠮᠳᠠᠭᠤᠯᠪᠠ | ᠃ ᠡᠮᠴᠢᠯᠡᠭᠡ ᠡᠷᠡᠭᠦᠯ ᠬᠠᠮᠠᠭᠠᠯᠠᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠯᠤᠰ ᠵᠠᠶ ᠶᠢᠨ | ᠡᠮᠴᠢᠯᠡᠭᠡ ᠶᠢᠨ ᠰᠢᠰᠲ᠋ᠧᠮ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ ᠭᠡᠷ ᠪᠠᠶᠢᠰᠢᠩ ᠭᠠᠵᠠᠷ | ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ 2776 ᠲᠥᠷᠥᠯ ᠵᠦᠢᠯ᠂ 133.4 ᠲᠦᠮᠡᠨ ᠭᠡᠷ | ᠪᠠᠶᠢᠰᠢᠩ ᠤᠨ ᠠᠰᠠᠭᠤᠳᠠᠯ ᠢ ᠰᠢᠢᠳᠪᠦᠷᠢᠯᠡᠪᠡ᠃ ᠠᠷᠠᠳ ᠤᠨ ᠠᠮᠢᠳᠤᠷᠠᠯ ᠤᠨ ᠡᠲᠡᠭᠡᠷ ᠠᠷᠭ᠎ᠠ ᠬᠡᠮᠵᠢᠶ᠎ᠡ ᠨᠢ ᠣᠯᠠᠨ | ᠲᠦᠮᠡᠨ ᠳᠤ ᠬᠤᠪᠢᠷᠠᠯᠲᠠ ᠶᠢ ᠮᠡᠳᠡᠭᠦᠯᠵᠦ᠂ ᠪᠣᠳᠠᠲᠤ ᠠᠰᠢᠭ ᠲᠤᠰᠠ ᠬᠦᠷᠲᠡᠭᠡᠭᠰᠡᠨ ᠪᠠᠶᠢᠨ᠎ᠠ᠃ 2020 ᠣᠨ | ᠪᠣᠯ ︽13·5︾ ᠤᠨ ᠲᠥᠯᠥᠪᠵᠢᠭᠦᠯᠭᠡ ᠶᠢᠨ ᠰᠢᠪᠲᠤᠷᠠᠭᠠᠨ ᠤ ᠵᠢᠯ ᠪᠣᠯᠤᠨ᠎ᠠ᠃ ᠪᠦᠬᠦ ᠣᠷᠣᠨ ᠳᠠᠶᠠᠭᠠᠷ ᠤᠨ | ᠬᠠᠮᠲᠤ ᠶᠢᠨ ᠴᠢᠷᠮᠠᠶᠢᠯᠭ᠎ᠠ ᠪᠠᠷ᠂ ︽13·5︾ ᠤᠨ ᠲᠥᠯᠥᠪᠵᠢᠭᠦᠯᠭᠡ ᠳᠤ ᠲᠣᠭᠲᠠᠭᠠᠭᠰᠠᠨ ᠡᠯ᠎ᠡ ᠵᠦᠢᠯ ᠤᠨ | ᠬᠠᠷᠠᠯᠲᠠ ᠡᠭᠦᠷᠭᠡ ᠶᠢ ᠦᠨᠳᠦᠰᠦᠨ ᠳᠤ ᠪᠠᠨ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠰᠢᠢᠳᠪᠦᠷᠢᠲᠦ ᠢᠯᠠᠯᠲᠠ ᠶᠢ ᠤᠯᠬᠤ ᠳᠤ ᠰᠢᠢᠳᠪᠦᠷᠢᠯᠡᠬᠦ ᠴᠢᠨᠠᠷᠲᠠᠢ ᠠᠮᠵᠢᠯᠲᠠ ᠪᠦᠲᠦᠮᠵᠢ ᠤᠯᠪᠠ᠃ ᠡᠨᠡ ᠨᠢ | ᠭᠤᠣᠯᠳᠠᠭᠤ ᠲᠠᠪᠤᠨ ᠲᠠᠯ᠎ᠠ ᠪᠠᠷ ᠢᠯᠡᠷᠡᠵᠦ ᠪᠠᠶᠢᠨ᠎ᠠ᠄ ᠨᠢᠭᠡ ᠳᠤ᠂ ᠠᠵᠤ ᠠᠬᠤᠶ ᠶᠢᠨ ᠬᠥᠭᠵᠢᠯᠲᠡ ᠶᠢᠨ ᠶᠠᠰᠤ | ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠬᠥᠮᠦᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ 1 | ᠲᠦᠮᠡᠨ ᠳ᠋ᠣᠯᠯᠠᠷ ᠢ ᠳᠠᠪᠠᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠨᠢ | 64.1% ᠳᠤ ᠬᠦᠷᠪᠡ᠃ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠮᠡᠳᠡᠭᠳᠡᠬᠦ᠋ᠢᠴᠡ ᠳᠡᠭᠡᠭᠰᠢᠯᠡᠵᠦ᠂ | ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠨᠢ ᠪᠦᠬᠦ ᠤᠯᠤᠰ ᠤᠨ ᠡᠮᠦᠨ᠎ᠡ ᠡᠩᠨᠡᠭᠡᠨ ᠳᠤ | ᠵᠢᠭᠰᠠᠭᠠᠭᠳᠠᠪᠠ᠃ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠨᠡᠭᠦᠷᠡᠰᠦ᠂ ᠪᠤᠯᠤᠳ | ᠲᠡᠮᠦᠷ ᠤᠨ ᠦᠢᠯᠡᠳᠪᠦᠷᠢᠯᠡᠬᠦ ᠴᠢᠳᠠᠮᠵᠢ ᠶᠢ ᠦᠭᠡᠶᠢᠰᠬᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠤᠳᠤ | ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶ᠂ ᠲᠣᠭᠠᠴᠢᠯᠠᠭᠰᠠᠨ ᠠᠵᠤ ᠠᠬᠤᠶ᠂ ᠬᠤᠷᠠᠯ | ᠦᠵᠡᠰᠬᠦᠯᠡᠩ ᠤᠨ ᠠᠵᠤ ᠠᠬᠤᠶ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠤᠳᠤ ᠦᠶ᠎ᠡ ᠶᠢᠨ | ᠮᠥᠩᠭᠦᠨ ᠭᠦᠢᠯᠭᠡᠭᠡ ᠵᠡᠷᠭᠡ ᠲᠦᠷᠭᠡᠪᠴᠢᠯᠡᠨ ᠬᠥᠭᠵᠢᠪᠡ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠵᠤ | ᠪᠣᠭᠤᠮᠲᠠ ᠰᠢᠪᠲᠤᠯᠬᠤ ᠠᠵᠢᠯ ᠲᠡᠦᠬᠡᠲᠦ ᠴᠢᠨᠠᠷᠲᠠᠶ ᠠᠮᠵᠢᠯᠲᠠ ᠤᠯᠪᠠ᠃ ᠲᠠᠪᠤᠨ ᠵᠢᠯ ᠤᠨ ᠲᠤᠷᠰᠢ᠂ ᠨᠡᠶᠢᠳᠡ | 80.2 ᠲᠦᠮᠡᠨ ᠬᠥᠮᠦᠨ ᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠳᠠᠩᠰᠠ ᠺᠠᠷᠲ ᠲᠠᠢ | ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 57 ᠶᠠᠳᠠᠭᠤ | ᠬᠦᠴᠢᠷᠳᠡᠯᠲᠡᠢ ᠬᠤᠰᠢᠭᠤ ᠰᠢᠶᠠᠨ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠬᠦᠨ ᠢ | ᠶᠠᠳᠠᠭᠤ ᠠᠴᠠ ᠠᠩᠭᠢᠵᠢᠷᠠᠭᠤᠯᠵᠤ᠂ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠪᠠᠷ ᠢᠶᠠᠨ ᠶᠠᠳᠠᠭᠤ | ᠬᠦᠴᠢᠷᠳᠡᠯᠲᠡᠢ ᠪᠠᠶᠢᠭᠰᠠᠨ ᠠᠰᠠᠭᠤᠳᠠᠯ ᠲᠡᠦᠬᠡᠲᠦ ᠴᠢᠨᠠᠷᠲᠠᠢ ᠰᠢᠢᠳᠪᠦᠷᠢᠯᠡᠯᠲᠡ ᠣᠯᠪᠠ᠃ ᠭᠤᠷᠪᠠ ᠳᠤ᠂ ᠠᠮᠢ | ᠠᠬᠤᠶ ᠶᠢᠨ ᠣᠷᠴᠢ᠊ ᠲᠣᠭᠤᠷᠢᠨ ᠤ ᠬᠠᠮᠠᠭᠠᠯᠠᠯᠲᠠ ᠪᠠ ᠪᠦᠳᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ | ᠤᠯᠪᠠ᠃ ᠣᠶ ᠰᠢᠭᠤᠶ ᠶᠢᠨ ᠪᠥᠲᠥᠭᠡᠨ ᠪᠠᠶᠢᠭᠤᠯᠤᠯᠲᠠ᠂ ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠪᠠ | ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠭᠰᠠᠨ ᠲᠠᠯᠠᠪᠠᠶ ᠨᠢ ᠴᠥᠮ ᠪᠥᠬᠦ ᠤᠯᠤᠰ ᠤᠨ ᠲᠡᠷᠢᠭᠦᠨ ᠳᠤ ᠣᠷᠣᠵᠤ᠂ | ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠨᠢ ︽ᠬᠤᠤᠰ | ᠳᠡᠭᠡᠭᠰᠢᠯᠡᠯᠲᠡ︾ ᠶᠢ ᠪᠡᠶᠡᠯᠡᠭᠦᠯᠵᠦ᠂ ᠴᠦᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ︽ | ᠬᠤᠤᠰ ᠬᠠᠰᠤᠭᠳᠠᠯ︾ ᠢ ᠪᠡᠶᠡᠯᠡᠭᠦᠯᠪᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠬᠠᠷᠭᠤᠭᠤᠯᠤᠨ ᠪᠣᠳᠣᠭᠰᠠᠨ ᠢᠶᠠᠷ᠂ 2019 ᠣᠨ ᠤ ᠪᠥᠬᠦ ᠣᠷᠣᠨ ᠤ ᠠᠮᠢ ᠠᠬᠤᠶ ᠶᠢᠨ ᠪᠦᠲᠦᠭᠡᠭᠳᠡᠬᠦᠨ ᠤ | ᠥᠷᠲᠡᠭ ︵GEP︶ 4.48 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | GDP ᠶᠢᠨ 2.6 ᠳᠠᠬᠢᠨ ᠪᠠᠶᠢᠵᠤ᠂ 2015 ᠣᠨ ᠤ ᠬᠢ ᠠᠴᠠ 13.75% ᠪᠠᠷ ᠨᠡᠮᠡᠭᠳᠡᠵᠡᠶ᠂ ᠡᠨᠡ ᠨᠢ | ᠮᠠᠨ ᠤ ᠣᠷᠣᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠣᠭᠰᠠᠨ ᠢ | ᠬᠠᠷᠠᠭᠤᠯᠵᠤ ᠪᠠᠶᠢᠨ᠎ᠠ᠃ ᠲᠦᠷᠪᠡ ᠳᠤ᠂ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ | ᠠᠯᠬᠤᠮ ᠴᠢᠩᠭᠠᠷᠠᠪᠠ᠃ 404 ᠺᠢᠯᠣᠮᠧᠲᠷ ᠳᠡᠭᠡᠳᠦ ᠬᠤᠷᠳᠤ ᠶᠢᠨ ᠲᠡᠮᠦᠷ ᠵᠠᠮ ᠢ ᠪᠠᠶᠢᠭᠤᠯᠤᠨ ᠳᠠᠭᠤᠰᠬᠠᠵᠤ᠂ ᠪᠦᠬᠦ | ᠤᠯᠤᠰ ᠤᠨ ᠳᠡᠭᠡᠳᠦ ᠬᠤᠷᠳᠤ ᠶᠢᠨ ᠲᠡᠮᠦᠷ ᠵᠠᠮ ᠤᠨ ᠲᠣᠣᠷ ᠲᠤ ᠵᠠᠯᠭᠠᠨ ᠣᠷᠣᠭᠤᠯᠪᠠ᠃ ᠪᠥᠬᠦ ᠣᠷᠣᠨ ᠤ ᠪᠣᠶ | ᠪᠥᠬᠦᠶ ᠬᠤᠰᠢᠭᠤ ᠰᠢᠶᠠᠨ ︵ᠬᠤᠲᠠ ᠲᠣᠭᠤᠷᠢᠭ︶ ᠳᠤ ᠳᠡᠭᠡᠳᠦ ᠵᠡᠷᠭᠡᠯᠡᠯ ᠤᠨ ᠵᠠᠰᠠᠮᠠᠯ ᠵᠠᠮ ᠢ ᠨᠡᠪᠲᠡᠷᠡᠭᠦᠯᠵᠦ᠂ ᠪᠣᠶ | ᠪᠥᠬᠦᠶ ᠰᠤᠮᠤ ᠰᠢᠶᠠᠩ ᠪᠠᠯᠭᠠᠰᠤ ᠪᠣᠯᠤᠨ ᠨᠥᠬᠦᠴᠡᠯ ᠲᠠᠢ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ | ᠬᠠᠲᠠᠭᠤᠷᠠᠭᠤᠯᠤᠭᠰᠠᠨ ᠵᠠᠮ ᠨᠡᠪᠲᠡᠷᠡᠭᠦᠯᠪᠡ᠃ 40 ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠲᠠᠢ ᠪᠣᠯᠵᠤ | ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠲᠡᠭᠡᠭᠡᠪᠦᠷᠢ ᠶᠢᠨ ᠲᠣᠣᠷ ᠰᠦᠯᠵᠢᠶ᠎ᠡ ᠦᠨᠳᠦᠰᠦᠨ ᠳᠤ ᠪᠠᠨ | ᠪᠦᠷᠢᠯᠳᠦᠪᠡ᠃ ᠬᠠᠲᠤᠨ ᠭᠤᠣᠯ ᠤᠨ ᠬᠤᠶᠠᠳᠤᠭᠠᠷ ᠬᠤᠭᠤᠴᠠᠭᠠᠨ ᠤ ᠦᠶᠡᠷ ᠢ ᠰᠡᠷᠭᠡᠶᠢᠯᠡᠬᠦ ᠢᠨᠵᠧᠨᠧᠷᠢᠩ᠂ | ᠯᠢᠶᠣᠤᠾᠧ ᠭᠤᠣᠯ᠂ ᠨᠤᠨ ᠮᠥᠷᠡᠨ ᠤ ᠭᠤᠣᠯ ᠤᠷᠤᠰᠬᠠᠯ ᠢ ᠵᠠᠰᠠᠬᠤ ᠢᠨᠵᠧᠨᠧᠷᠢᠩ ᠵᠡᠷᠭᠡ ᠤᠰᠤᠨ | ᠠᠰᠢᠭᠯᠠᠯᠲᠠ ᠶᠢᠨ ᠴᠢᠬᠤᠯᠠ ᠶᠡᠭᠡ ᠲᠥᠷᠥᠯ ᠵᠦᠢᠯ ᠢ ᠵᠠᠯᠭᠠᠭ᠎ᠠ ᠪᠠᠷ ᠪᠠᠶᠢᠭᠤᠯᠵᠤ ᠳᠠᠭᠤᠰᠬᠠᠭᠰᠠᠨ ᠪᠥᠭᠡᠳ ᠦᠷ᠎ᠡ | ᠠᠰᠢᠭ ᠢ ᠨᠢ ᠪᠠᠳᠠᠷᠠᠭᠤᠯᠪᠠ᠃ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠴᠦᠨ ᠢ ᠭᠠᠳᠠᠭᠰᠢ ᠳᠠᠮᠵᠢᠭᠤᠯᠬᠤ 5 | ᠨᠡᠪᠲᠡᠷᠡᠬᠦ ᠵᠠᠮ ᠢ ᠰᠢᠨ᠎ᠡ ᠪᠠᠷ ᠪᠠᠶᠢᠭᠤᠯᠵᠤ᠂ ᠴᠠᠬᠢᠯᠭᠠᠨ ᠭᠠᠷᠭᠠᠬᠤ ᠬᠡᠮᠵᠢᠶ᠎ᠡ ᠪᠠ ᠴᠠᠬᠢᠯᠭᠠᠨ ᠢ ᠭᠠᠳᠠᠭᠰᠢ | ᠳᠠᠮᠵᠢᠭᠤᠯᠬᠤ ᠬᠡᠮᠵᠢᠶ᠎ᠡ ᠴᠥᠮ ᠪᠦᠬᠦ ᠤᠯᠤᠰ ᠤᠨ ᠲᠡᠷᠢᠭᠦᠨ ᠳᠤ ᠣᠷᠣᠪᠠ᠃ ᠲᠠᠪᠤ ᠳᠤ᠂ ᠠᠷᠠᠳ ᠤᠨ | ᠠᠮᠢᠳᠤᠷᠠᠯ ᠤᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠠᠷᠠᠳ ᠤᠨ ᠠᠮᠢᠳᠤᠷᠠᠯ ᠤᠨ ᠪᠡᠯᠡ | ᠣᠷᠣᠭᠤᠯᠤᠯᠲᠠ ᠦᠷᠭᠦᠯᠵᠢᠯᠡᠨ ᠨᠡᠮᠡᠭᠳᠡᠨ᠂ ᠬᠤᠳᠠ ᠪᠠᠯᠭᠠᠰᠤᠨ ᠤ ᠠᠵᠢᠯ ᠣᠯᠭᠤᠯᠲᠠ ᠲᠣᠭᠲᠠᠭᠤᠨ ᠢᠶᠠᠷ | ᠨᠡᠮᠡᠭᠳᠡᠵᠦ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠠᠯᠬᠤᠮ | ᠠᠯᠬᠤᠮ ᠢᠶᠠᠷ ᠳᠡᠭᠡᠭᠰᠢᠯᠡᠨ᠂ ᠬᠤᠳᠠ ᠬᠥᠳᠡᠭᠡ ᠶᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ | ᠦᠨᠳᠦᠰᠦᠨ ᠳᠤ ᠪᠠᠨ ᠪᠦᠷᠢᠯᠳᠦᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠲᠠᠰᠤᠷᠠᠯᠳᠠ ᠦᠭᠡᠢ | ᠲᠡᠭᠦᠯᠳᠡᠷᠵᠢᠨ᠂ ᠰᠤᠷᠭᠠᠨ ᠬᠥᠮᠦᠵᠢᠯ᠂ ᠡᠮᠴᠢᠯᠡᠭᠡ᠂ ᠰᠣᠶᠣᠯ᠂ ᠪᠡᠶ᠎ᠡ ᠶᠢᠨ ᠲᠠᠮᠢᠷ ᠵᠡᠷᠭᠡ ᠦᠢᠯᠡᠰ ᠰᠢᠨ᠎ᠡ | ᠲᠠᠪᠰᠢᠯᠳᠠ ᠲᠠᠢ ᠪᠣᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ | ᠶᠡᠭᠡ ᠬᠡᠮᠵᠢᠶ᠎ᠡ ᠪᠠᠷ ᠰᠠᠶᠢᠵᠢᠷᠠᠵᠤ᠂ ᠠᠷᠠᠳ ᠤᠯᠠᠨ ᠤ ᠬᠦᠷᠲᠡᠭᠡᠮᠵᠢᠲᠦ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ | ᠠᠮᠤᠷ ᠲᠦᠪᠰᠢᠨ ᠲᠦᠷᠦᠭᠳᠡᠯ ᠤᠯᠠᠮ ᠨᠢᠭᠡ ᠠᠯᠬᠤᠮ ᠨᠡᠮᠡᠭᠳᠡᠪᠡ᠃ | ᠬᠥᠲᠥᠯᠥᠭᠴᠢ᠄ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠨᠡ ᠵᠢᠯ ᠤᠨ ᠠᠵᠢᠯ ᠢ ᠪᠠᠶᠢᠷᠢᠯᠠᠭᠤᠯᠬᠤ ᠳᠤ ᠶᠠᠮᠠᠷ ᠶᠠᠮᠠᠷ | ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠶ︖ ᠪᠢᠳᠡᠨ ᠳᠤ ︽ᠭᠤᠤᠯᠳᠠᠯᠭ᠎ᠠ︾ ᠶᠢ ᠨᠢ ᠶᠠᠷᠢᠭᠠᠳ ᠥᠭᠭᠦᠨ᠎ᠡ ᠦᠦ︖ | | ᠯᠸᠢ ᠵᠢᠶ ᠫᠧᠩ᠄ | 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ | ᠮᠥᠨ᠂ ᠪᠠᠰᠠ ᠴᠤ ︽14·5︾ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ | ᠵᠢᠯ ᠮᠥᠨ᠂ ᠰᠠᠶᠢᠲᠤᠷ ᠡᠬᠢᠯᠡᠭᠦᠯᠵᠦ᠂ ᠲᠦᠷᠦᠭᠦᠴᠢ ᠶᠢᠨ ᠠᠯᠬᠤᠮ ᠢᠶᠠᠨ ᠰᠠᠶᠢᠨ ᠠᠯᠬᠤᠬᠤ ᠨᠢ ᠲᠦᠢᠯ ᠤᠨ | ᠴᠢᠬᠤᠯᠠ ᠶᠤᠮ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠨᠡ ᠵᠢᠯ ᠤᠨ ᠠᠵᠤ ᠠᠬᠤᠶ ᠶᠢᠨ | ᠨᠡᠮᠡᠭᠳᠡᠯ ᠤᠨ ᠵᠢᠱᠢᠭᠰᠡᠨ ᠬᠠᠷᠠᠯᠲᠠ ᠶᠢ 6% ᠣᠷᠴᠢᠮ ᠢᠶᠠᠷ ᠲᠣᠭᠲᠠᠭᠠᠨ᠂ ᠬᠤᠳᠠ ᠪᠠᠯᠭᠠᠰᠤᠨ ᠤ ᠪᠠᠶᠢᠴᠠᠭᠠᠯᠲᠠ | ᠬᠢᠭᠰᠡᠨ ᠠᠵᠢᠯ ᠠᠯᠳᠠᠯᠲᠠ ᠶᠢᠨ ᠨᠤᠷᠮ᠎ᠠ ᠶᠢ 6% ᠣᠷᠴᠢᠮ ᠢᠶᠠᠷ ᠲᠣᠭᠲᠠᠭᠠᠵᠤ᠂ ᠰᠠᠭᠤᠭᠠᠯᠢ ᠠᠷᠠᠳ ᠤᠨ | ᠬᠡᠷᠡᠭᠯᠡᠭᠡᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠶᠢ 3% ᠣᠷᠴᠢᠮ ᠢᠶᠠᠷ ᠨᠡᠮᠡᠭᠳᠡᠭᠦᠯᠵᠦ᠂ ᠰᠠᠭᠤᠭᠠᠯᠢ | ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠦᠷᠳᠡᠭ ᠤᠨ ᠡᠨᠧᠷᠭᠢ ᠶᠢᠨ ᠬᠤᠷᠣᠭᠳᠠᠯ ᠢ 3% ᠪᠠᠷ ᠪᠠᠭᠤᠷᠠᠭᠤᠯᠵᠤ᠂ ᠭᠤᠣᠯ ᠪᠣᠯᠬᠤ ᠪᠣᠬᠢᠷᠲᠤᠯ | ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠵᠤ᠂ ᠠᠮᠤ ᠪᠤᠳᠠᠭᠠᠨ ᠤ ᠤᠨᠠᠯᠲᠠ ᠶᠢ 700 | ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠂ ᠵᠠᠰᠠᠭ ᠤᠨ ᠣᠷᠳᠣᠨ ᠠᠴᠠ ᠡᠲᠡᠭᠡᠷ ᠬᠠᠷᠠᠯᠲᠠ ᠶᠢ ᠲᠣᠭᠲᠠᠭᠠᠬᠤ ᠳᠤ ᠪᠠᠨ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠭᠦᠢᠴᠡᠳ ᠲᠤᠭᠤᠰᠢᠯᠠᠭᠤᠯᠵᠤ᠂ ᠴᠢᠨᠠᠷᠯᠢᠭ ᠬᠥᠭᠵᠢᠯᠲᠡ ᠶᠢᠨ ᠱᠠᠭᠠᠷᠳᠠᠯᠭ᠎ᠠ ᠶᠢ ᠢᠯᠡᠷᠡᠭᠦᠯᠦᠭᠰᠡᠨ ᠤ | ᠬᠠᠮᠲᠤ ︽14·5︾ ᠤᠨ ᠲᠥᠯᠥᠪᠵᠢᠭᠦᠯᠭᠡ ᠲᠠᠢ ᠵᠣᠯᠭᠠᠭᠤᠯᠵᠤ᠂ ᠬᠡᠷᠡᠭᠴᠡᠭᠡ ᠪᠠ ᠪᠣᠯᠤᠯᠴᠠᠭ᠎ᠠ ᠶᠢ ᠬᠠᠮᠲᠤ ᠳᠤ | ᠨᠢ ᠬᠠᠷᠠᠭᠠᠯᠵᠠᠵᠤ᠂ ᠢᠳᠡᠪᠬᠢᠲᠡᠶ ᠪᠥᠭᠡᠳ ᠯᠠᠪᠳᠠᠭᠤᠨ ᠪᠠᠲᠤᠲᠠᠶ ᠪᠠᠶᠢᠳᠠᠭ᠃ 6% ᠣᠷᠴᠢᠮ ᠤᠨ ᠠᠵᠤ | ᠠᠬᠤᠶ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ ᠲᠣᠭᠲᠠᠭᠠᠬᠤ ᠳᠤ ᠭᠤᠣᠯᠳᠠᠭᠤ ᠨᠢᠳᠤᠨᠤᠨ ᠤ ᠰᠠᠭᠤᠷᠢ ᠲᠤᠭ᠎ᠠ | ᠨᠡᠯᠢᠶᠡᠳ ᠳᠣᠣᠷ᠎ᠠ ᠪᠠᠶᠢᠬᠤ ᠶᠢ ᠪᠣᠳᠣᠯᠬᠢᠯᠠᠵᠤ᠂ ᠡᠨᠡ ᠵᠢᠯ ᠪᠢᠳᠡ ᠠᠵᠤ ᠠᠬᠤᠶ ᠶᠢᠨ ᠰᠡᠷᠭᠦᠯᠲᠡ ᠶᠢᠨ ᠴᠢᠨᠠᠷᠲᠠᠶ | ᠨᠡᠮᠡᠭᠳᠡᠯ ᠤᠨ ᠬᠠᠨᠳᠤᠰᠢ ᠶᠢ ᠦᠷᠭᠦᠯᠵᠢᠯᠡᠨ ᠪᠠᠬᠢᠵᠢᠭᠦᠯᠵᠦ᠂ 6% ᠶᠢᠨ ᠨᠡᠮᠡᠭᠳᠡᠯ ᠤᠨ ᠬᠤᠷᠳᠤᠴᠠ ᠳᠤ ᠨᠡᠯᠢᠶᠡᠳ | ᠰᠠᠶᠢᠨ ᠲᠤᠯᠭᠠᠭᠤᠷᠢᠯᠠᠬᠤ ᠨᠥᠬᠦᠴᠡᠯ ᠲᠠᠢ ᠪᠣᠯᠭᠠᠨ᠎ᠠ᠃ 2021 ᠣᠨ ᠤ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ᠭᠤᠣᠯᠳᠠᠭᠤ ᠶᠢᠰᠦᠨ ᠵᠦᠢᠯ ᠤᠨ ᠠᠵᠢᠯ ᠢ ᠪᠠᠶᠢᠷᠢᠯᠠᠭᠤᠯᠵᠠᠶ᠄ ᠨᠢᠭᠡᠳᠦᠭᠡᠷ ᠭᠤᠣᠯᠳᠠᠯᠭ᠎ᠠ ᠲᠠᠢ ᠠᠵᠢᠯ | ᠪᠣᠯ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠦᠬᠦ ᠬᠦᠴᠦᠨ ᠢᠶᠠᠷ ᠠᠬᠢᠭᠤᠯᠬᠤ ᠶᠠᠪᠤᠳᠠᠯ ᠪᠣᠯᠤᠨ᠎ᠠ᠃ | ᠣᠳᠣᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ | ᠪᠠᠶᠢᠵᠤ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠨᠠᠵᠠᠭᠠᠶ ᠨᠥᠯᠥᠭᠡ ᠮᠥᠨ ᠴᠦ ᠪᠦᠷᠢᠮᠦᠰᠦᠨ ᠠᠷᠢᠯᠭᠠᠭᠠᠳᠤᠶ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠡᠯ᠎ᠡ ᠵᠦᠢᠯ ᠤᠨ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠪᠣᠳᠠᠲᠤ ᠴᠣᠭᠴᠠᠲᠤ ᠠᠵᠤ | ᠠᠬᠤᠶ ᠶᠢᠨ ᠬᠥᠭᠵᠢᠯᠲᠡ ᠶᠢ ᠳᠡᠮᠵᠢᠵᠦ᠂ ᠬᠡᠷᠡᠭᠯᠡᠭᠡ ᠪᠠ ᠪᠦᠲᠦᠮᠵᠢᠲᠡᠶ ᠪᠠᠯᠠ ᠲᠣᠬᠢᠷᠠᠭᠤᠯᠤᠯᠲᠠ ᠶᠢ ᠢᠳᠡᠪᠬᠢᠲᠡᠶ | ᠥᠷᠭᠡᠳᠬᠡᠨ᠂ ᠣᠯᠠᠨ ᠳᠠᠪᠬᠤᠷ ᠳᠠᠶᠢᠴᠢᠯᠠᠯᠲᠠ ᠶᠢ ᠪᠣᠶ ᠪᠣᠯᠭᠠᠨ᠎ᠠ᠃ ᠵᠢᠱᠢᠶᠡᠯᠡᠪᠡᠯ᠂ ᠬᠡᠷᠡᠭᠯᠡᠭᠡ ᠶᠢ ᠥᠷᠭᠡᠳᠬᠡᠬᠦ ᠶᠢ | ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠲᠠᠢ ᠤᠶᠠᠯᠳᠤᠭᠤᠯᠵᠤ᠂ ᠪᠣᠳᠠᠲᠤ ᠴᠣᠭᠴᠠᠲᠤ | ᠬᠤᠳᠠᠯᠳᠤᠭᠠᠨ ᠤ ᠦᠢᠯᠡᠰ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠮᠡᠳᠡᠭᠡ | ᠵᠠᠩᠭᠢ ᠶᠢᠨ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ ᠶᠢ ᠪᠤᠶᠢᠵᠢᠭᠤᠯᠵᠤ᠂ ᠤᠯᠠᠨ ᠨᠡᠶᠢᠲᠡ ᠶᠢᠨ ᠬᠡᠷᠡᠭᠯᠡᠭᠡ ᠶᠢ ᠵᠦᠢ | ᠵᠣᠬᠢᠰᠲᠠᠶ ᠪᠠᠷ ᠨᠡᠮᠡᠭᠳᠡᠭᠦᠯᠦᠨ᠎ᠡ᠃ ᠡᠭᠦᠨ ᠤ ᠬᠠᠮᠲᠤ᠂ ᠵᠠᠮ ᠬᠠᠷᠢᠯᠴᠠᠭ᠎ᠠ ᠤᠰᠤᠨ ᠠᠰᠢᠭᠯᠠᠯᠲᠠ᠂ ᠬᠤᠲᠠ ᠶᠢᠨ | ᠶᠠᠪᠤᠳᠠᠯ ᠤᠨ ᠢᠨᠵᠧᠨᠧᠷᠢᠩ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠨᠢᠭᠡ ᠪᠦᠯᠦᠭ ᠴᠢᠬᠤᠯᠠ | ᠶᠡᠭᠡ ᠲᠥᠷᠥᠯ ᠵᠦᠢᠯ ᠢ ᠬᠡᠷᠡᠭᠵᠢᠭᠦᠯᠵᠦ᠂ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠭᠲᠠᠯᠴᠠᠭ᠎ᠠ ᠶᠢᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ 5G ᠰᠠᠭᠤᠷᠢ ᠥᠷᠲᠡᠭᠡ᠂ ᠴᠠᠬᠢᠯᠭᠠᠨ ᠴᠡᠨᠡᠭᠯᠡᠬᠦ ᠪᠠᠭᠠᠨ᠎ᠠ᠂ | ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠰᠢᠨ᠎ᠡ ᠪᠠᠷ ᠪᠣᠶ ᠪᠣᠯᠤᠭᠰᠠᠨ ᠰᠠᠭᠤᠷᠢ ᠲᠥᠬᠦᠭᠡᠷᠦᠮᠵᠢ ᠶᠢ ᠰᠢᠰᠲ᠋ᠧᠮ ᠲᠠᠢ | ᠪᠠᠶᠢᠷᠢᠰᠢᠭᠤᠯᠵᠤ᠂ ᠬᠤᠲᠠ ᠶᠢ ᠰᠢᠨᠡᠳᠬᠡᠬᠦ ᠠᠵᠢᠯᠯᠠᠭ᠎ᠠ ᠵᠡᠷᠭᠡ ᠶᠢ ᠬᠡᠷᠡᠭᠵᠢᠭᠦᠯᠦᠨ᠎ᠡ᠃ ᠬᠤᠶᠠᠳᠤᠭᠠᠷ | ᠭᠤᠤᠯᠳᠠᠯᠭ᠎ᠠ ᠲᠠᠢ ᠠᠵᠢᠯ ᠪᠣᠯ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠰᠢ ᠶᠢᠨ ᠫᠢᠩ ᠶᠡᠷᠦᠩᠬᠡᠶ ᠱᠦᠵᠢ ᠴᠢᠬᠤᠯᠠᠴᠢᠯᠠᠬᠤ ᠳᠤ ᠪᠠᠨ᠂ | ᠬᠡᠳᠦᠢ ᠬᠥᠭᠵᠢᠯᠲᠡ ᠪᠠᠷ ᠠᠨᠠᠶ ᠭᠠᠵᠠᠷ ᠣᠷᠣᠨ ᠨᠢ ᠲᠡᠳᠦᠢ ᠢᠯᠡᠭᠦᠦ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ | ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠨᠢ ᠴᠢᠬᠤᠯᠠᠲᠠᠢ ᠶᠤᠮ ᠭᠡᠵᠡᠶ᠃ ᠰᠢᠨᠵᠢᠯᠡᠬᠦ | ᠤᠬᠠᠭᠠᠨ ᠮᠡᠷᠭᠡᠵᠢᠯ ᠤᠨ ᠰᠠᠭᠤᠷᠢ ᠨᠢᠮᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ | ᠬᠦᠷᠦᠯᠴᠡᠬᠦ ᠥᠬᠡᠶ ᠪᠠᠶᠢᠭ᠎ᠠ ᠣᠳᠣᠬᠢ ᠪᠠᠶᠢᠳᠠᠯ ᠳᠤ ᠴᠢᠭᠯᠡᠭᠦᠯᠦᠨ᠂ ᠪᠢᠳᠡ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠪᠠᠶᠢᠯᠳᠤᠬᠤ ᠪᠣᠳᠣᠯᠭ᠎ᠠ ᠶᠢᠨ | ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ | ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠢᠯᠡᠳᠬᠡᠯ ᠳᠤ᠂ ᠰᠢᠨᠵᠢᠯᠡᠬᠦ ᠤᠬᠠᠭᠠᠨ | ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ | ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠶᠡᠭᠡ ᠬᠡᠪᠴᠢᠶᠡᠨ ᠤ | ᠡᠨᠧᠷᠭᠢ ᠬᠠᠳᠠᠭᠠᠯᠠᠭᠳᠠᠴᠠ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠤᠯᠤᠰ ᠤᠨ | ᠲᠡᠰ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠢᠨᠵᠧᠨᠧᠷᠢᠩ ᠤᠨ ᠰᠤᠳᠤᠯᠭᠠᠨ ᠤ ᠲᠥᠪ᠂ ᠭᠤᠣᠯᠳᠠᠯᠭ᠎ᠠ ᠲᠠᠢ | ᠲᠤᠷᠰᠢᠯᠲᠠ ᠶᠢᠨ ᠲᠠᠰᠤᠭ᠂ ᠠᠵᠤ ᠠᠬᠤᠶᠢᠯᠠᠯ ᠤᠨ ᠮᠡᠷᠭᠡᠵᠢᠯ ᠤᠨ ᠲᠥᠪ ᠪᠠ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠢ ᠡᠭᠦᠳᠦᠨ ᠪᠠᠶᠢᠭᠤᠯᠤᠨ᠎ᠠ ᠭᠡᠵᠦ ᠳᠤᠷᠠᠳᠴᠠᠢ᠃ ᠠᠵᠤ ᠠᠬᠤᠶᠢᠯᠠᠯ ᠪᠣᠯ ᠰᠢᠨ᠎ᠡ ᠶᠢ ᠡᠭᠦᠳᠬᠦ | ᠣᠷᠣᠭᠤᠯᠤᠯᠲᠠ ᠪᠠ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠭᠤᠣᠯ ᠬᠦᠴᠦᠨ ᠮᠥᠨ᠃ ᠪᠢᠳᠡ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠡᠯ᠎ᠡ | ᠲᠦᠷᠦᠯ ᠤᠨ ᠴᠢᠬᠤᠯᠠ ᠬᠦᠴᠦᠨ ᠵᠦᠢᠯ ᠢ ᠠᠵᠤ ᠠᠬᠤᠶᠢᠯᠠᠯ ᠵᠦᠭ ᠲᠥᠪᠯᠡᠷᠡᠭᠦᠯᠬᠦ ᠶᠢ ᠠᠬᠢᠭᠤᠯᠵᠤ᠂ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠮᠳᠠ | ᠳᠤᠤᠷᠠᠳᠤ ᠬᠡᠰᠡᠭ᠂ ᠲᠤᠮᠤ ᠳᠤᠮᠳᠠ ᠵᠢᠵᠢᠭ ᠠᠵᠤ ᠠᠬᠤᠶᠢᠯᠠᠯ ᠤᠨ ᠠᠭᠤᠰᠤᠯᠴᠠᠨ ᠰᠢᠨ᠎ᠡ ᠶᠢ ᠡᠭᠦᠳᠬᠦ ᠶᠢ | ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ | ᠲᠦᠷᠭᠡᠳᠬᠡᠨ᠎ᠡ᠃ ᠭᠤᠷᠪᠠᠳᠤᠭᠠᠷ ᠭᠤᠣᠯᠳᠠᠯᠭ᠎ᠠ ᠲᠠᠢ ᠠᠵᠢᠯ ᠪᠣᠯ ᠠᠵᠤ ᠦᠢᠯᠡᠰ ᠤᠨ ᠬᠡᠯᠬᠢᠶ᠎ᠡ ᠪᠠ ᠦᠷᠳᠡᠭ ᠤᠨ | ᠬᠡᠯᠬᠢᠶ᠎ᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠶᠡᠷᠦᠩᠬᠡᠢ ᠱᠦᠵᠢ ᠰᠢ ᠶᠢᠨ ᠫᠢᠩ ᠥᠪᠥᠷ | ᠮᠣᠩᠭᠤᠯ ᠳᠤ ᠠᠵᠢᠯ ᠤᠨ ᠪᠠᠶᠢᠴᠠᠭᠠᠯᠲᠠ ᠬᠢᠬᠦ ᠳᠤ ᠪᠠᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ | ᠦᠢᠯᠡᠰ ᠤᠨ ᠬᠡᠯᠬᠢᠶ᠎ᠡ ᠶᠢᠨ ᠳᠤᠤᠷᠠᠳᠤ ᠤᠷᠤᠰᠬᠠᠯ ᠲᠡᠶᠢᠰᠢ ᠪᠠᠨ ᠲᠡᠯᠡᠵᠦ᠂ ᠦᠷᠳᠡᠭ ᠤᠨ ᠬᠡᠯᠬᠢᠶ᠎ᠡ ᠶᠢᠨ ᠳᠤᠮᠳᠠ | ᠳᠡᠭᠡᠳᠦ ᠲᠦᠪᠰᠢᠨ ᠲᠡᠶᠢᠰᠢ ᠪᠠᠨ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠵᠢᠯ᠂ | ᠪᠢᠳᠡ ᠤᠯᠠᠮᠵᠢᠯᠠᠯᠲᠤ ᠠᠵᠤ ᠦᠢᠯᠡᠰ ᠢ ᠳᠡᠭᠡᠳᠦ ᠲᠠᠰ᠂ ᠤᠶᠤᠨᠴᠢᠯᠠᠯᠲᠠ᠂ ᠪᠣᠬᠢᠷᠲᠤᠯ ᠥᠬᠡᠶ ᠪᠣᠯᠭᠠᠨ | ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠵᠦ᠂ ᠨᠠᠷᠢᠯᠢᠭ ᠭᠦᠨᠵᠡᠭᠡᠶ ᠡᠳ᠋ᠰᠢᠭᠦᠯᠬᠦ ᠶᠢ ᠶᠡᠭᠡ ᠪᠠᠷ | ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ | ᠵᠢᠱᠢᠶᠡᠯᠡᠪᠡᠯ᠂ ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶ ᠶᠢᠨ ᠲᠠᠯ᠎ᠠ ᠪᠠᠷ᠂ ᠨᠡᠭᠦᠷᠡᠰᠦ ᠶᠢ | ᠠᠶᠤᠯᠭᠦᠶ ᠪᠥᠭᠡᠳ ᠥᠨᠳᠥᠷ ᠪᠦᠲᠦᠮᠵᠢᠲᠡᠶ ᠪᠠᠷ ᠨᠡᠭᠡᠭᠡᠨ ᠮᠠᠯᠲᠠᠬᠤ ᠪᠠ ᠠᠷᠢᠭᠤᠨ ᠴᠡᠪᠡᠷ ᠪᠥᠭᠡᠳ ᠥᠨᠳᠥᠷ | ᠪᠦᠲᠦᠮᠵᠢᠲᠡᠶ ᠪᠠᠷ ᠠᠰᠢᠭᠯᠠᠬᠤ ᠶᠢ ᠬᠦᠴᠦᠯᠡᠨ ᠠᠬᠢᠭᠤᠯᠵᠤ᠂ ︽ᠴᠠᠬᠢᠯᠭᠠᠨ ᠴᠤᠷᠪᠤᠯᠵᠢ᠂ ᠴᠠᠬᠢᠯᠭᠠᠨ ᠲᠣᠣᠷ᠂ | ᠴᠠᠬᠢᠯᠭᠠᠨ ᠳᠠᠭᠠᠭᠠᠴᠠ᠂ ᠴᠠᠬᠢᠯᠭᠠᠨ ᠬᠠᠳᠠᠭᠠᠭᠯᠠᠭᠳᠠᠴᠠ︾᠂ ︽ᠭᠠᠯ ᠰᠠᠯᠬᠢ ᠭᠡᠷᠡᠯ ᠢ ᠨᠥᠭᠡᠴᠡᠯᠡᠬᠦ︾ ᠶᠢ ᠨᠢᠭᠡ | ᠴᠤᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠰᠤᠲᠥ᠋ᠷᠥᠭᠴᠢ ᠡᠨᠧᠷᠭᠢ ᠶᠢᠨ | ᠠᠵᠤ ᠠᠬᠤᠶ ᠶᠢ ᠬᠥᠭᠵᠢᠭᠦᠯᠦᠨ᠎ᠡ᠃ ᠲᠣᠭᠠᠴᠢᠯᠠᠭᠰᠠᠨ ᠠᠵᠤ ᠠᠬᠤᠢ ᠶᠢᠨ ᠲᠠᠯ᠎ᠠ ᠪᠠᠷ᠂ ᠪᠢᠳᠠ ᠲᠣᠭᠠᠴᠢᠯᠠᠭᠰᠠᠨ | ᠠᠵᠤ ᠠᠬᠤᠢ ᠪᠣᠯᠤᠨ ᠪᠣᠳᠠᠲᠤ ᠴᠣᠭᠴᠠᠲᠤ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠮᠠᠨ ᠤ | ᠣᠷᠣᠨ ᠤ ᠳ᠋ᠠᠶᠢᠲ᠋ᠠ ᠶᠢᠨ ᠲᠥᠪ ᠤᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠦᠬᠦ ᠤᠯᠤᠰ ᠲᠤ ᠲᠡᠷᠢᠭᠦᠯᠡᠵᠦ | ᠪᠠᠶᠢᠭ᠎ᠠ ᠪᠣᠯᠪᠠᠴᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠬᠠᠷᠢᠴᠠᠩᠭᠤᠢ ᠪᠠᠷ ᠬᠤᠴᠣᠷᠤᠩᠭᠤᠢ ᠪᠠᠶᠢᠬᠤ | ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠡᠭᠦᠨ ᠤ ᠵᠡᠷᠭᠡᠴᠡᠭᠡ ᠪᠠᠷ᠂ ᠪᠢᠳᠠ ᠪᠦᠬᠦ ᠠᠵᠤ ᠦᠢᠯᠡᠰ ᠤᠨ | ᠬᠡᠯᠬᠢᠶ᠎ᠡ ᠪᠠᠷ ᠬᠤᠪᠣᠷ ᠰᠢᠷᠣᠢ ᠶᠢᠨ ᠠᠵᠤ ᠦᠢᠯᠡᠰ ᠢ ᠳᠡᠮᠵᠢᠨ ᠪᠣᠰᠬᠠᠵᠤ᠂ ᠳᠡᠭᠡᠳᠦ ᠵᠡᠷᠭᠡᠯᠡᠯ ᠤᠨ ᠲᠡᠮᠦᠷᠯᠢᠭ᠂ ᠪᠠᠯ | ᠴᠢᠯᠠᠭᠤᠨ ᠠᠯᠺᠧᠨ᠂ ᠳᠡᠭᠡᠳᠦ ᠴᠢᠳᠠᠪᠬᠢᠳᠦ ᠰᠢᠷᠬᠡᠭᠯᠢᠭ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠢ | ᠬᠥᠭᠵᠢᠭᠦᠯᠵᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ | ᠰᠢᠯᠭᠠᠨ ᠪᠠᠶᠢᠴᠠᠭᠠᠵᠤ ᠭᠡᠷᠡᠴᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠵᠡᠷᠭᠡ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠳᠥᠷᠪᠡᠳᠦᠭᠡᠷ ᠭᠤᠣᠯᠳᠠᠯᠭ᠎ᠠ ᠲᠠᠢ ᠠᠵᠢᠯ ᠪᠣᠯ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠠᠪᠤᠳᠠᠯ ᠪᠣᠯᠤᠨ᠎ᠠ᠃ ᠮᠠᠨ ᠤ | ᠣᠷᠣᠨ ᠪᠣᠯ ᠪᠥᠬᠦ ᠤᠯᠤᠰ ᠤᠨ ᠠᠮᠤ ᠪᠤᠳᠠᠭᠠᠨ ᠤ ᠭᠤᠤᠯ ᠭᠠᠷᠤᠯᠲᠠ ᠶᠢᠨ 13 ᠮᠤᠵᠢ ᠣᠷᠣᠨ ᠪᠠ ᠠᠮᠤ | ᠪᠤᠳᠠᠭ᠎ᠠ ᠶᠢ ᠭᠠᠳᠠᠭᠰᠢ ᠭᠠᠷᠭᠠᠬᠤ 6 ᠮᠤᠵᠢ ᠣᠷᠣᠨ ᠤ ᠨᠢᠭᠡ ᠪᠣᠯᠤᠨ᠎ᠠ᠃ 2018 ᠣᠨ ᠠᠴᠠ ᠡᠬᠢᠯᠡᠨ᠂ ᠠᠮᠤ | ᠪᠤᠳᠠᠭᠠᠨ ᠤ ᠵᠢᠯ ᠤᠨ ᠤᠨᠠᠯᠲᠠ 700 ᠳ᠋ᠦᠩᠰᠢᠭᠤᠷ ᠵᠢᠩ ᠢ ᠳᠠᠪᠠᠵᠤ᠂ ᠵᠢᠯ ᠪᠦᠷᠢ ᠪᠠᠷᠤᠭ 450 ᠳ᠋ᠦᠩᠰᠢᠭᠤᠷ | ᠵᠢᠩ ᠠᠮᠤ ᠪᠤᠳᠠᠭ᠎ᠠ ᠵᠢᠴᠢ ᠪᠦᠲᠦᠭᠡᠭᠳᠡᠬᠦᠨ ᠢ ᠣᠷᠣᠨ ᠤ ᠭᠠᠳᠠᠨ᠎ᠠ ᠭᠠᠷᠭᠠᠵᠤ᠂ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠦᠢᠯᠡᠳᠦᠯ ᠦᠵᠡᠭᠦᠯᠪᠡ᠃ ᠡᠨᠡ ᠵᠢᠯ ᠮᠠᠨ ᠤ ᠣᠷᠣᠨ 459 | ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠦᠷᠭᠦᠯᠵᠢᠯᠡᠨ ᠰᠢᠨ᠎ᠡ ᠪᠠᠷ ᠪᠠᠶᠢᠭᠤᠯᠵᠤ᠂ | ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠪᠠ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠶ | ᠲᠠᠷᠢᠶᠠᠯᠠᠭ᠎ᠠ ᠶᠢ ᠥᠷᠨᠢᠭᠦᠯᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ︾ ᠪᠣᠯᠭᠠᠬᠤ ᠶᠢ ᠡᠷᠡᠰ | ᠬᠤᠷᠢᠭᠯᠠᠵᠤ᠂ ︽ᠠᠮᠤ ᠪᠤᠳᠠᠭᠠᠨ ᠤ ᠪᠤᠰᠤ︾ ᠪᠣᠯᠭᠠᠬᠤ ᠶᠢ ᠰᠡᠷᠭᠡᠶᠢᠯᠡᠨ᠎ᠡ᠃ ᠰᠦ ᠰᠠᠭᠠᠯᠢ ᠶᠢᠨ ᠦᠢᠯᠡᠰ ᠪᠣᠯ | ᠥᠪᠥᠷ ᠮᠣᠩᠭᠤᠯ ᠤᠨ ᠳᠠᠪᠠᠭᠤᠯᠢᠭ ᠠᠵᠤ ᠦᠢᠯᠡᠰ ᠮᠥᠨ᠂ ᠰᠠᠭᠠᠯᠢ ᠶᠢᠨ ᠦᠨᠢᠶ᠎ᠡ ᠶᠢᠨ ᠲᠤᠭ᠎ᠠ ᠬᠡᠮᠵᠢᠶ᠎ᠡ᠂ | ᠲᠦᠭᠦᠬᠡᠶ ᠰᠦ ᠶᠢᠨ ᠭᠠᠷᠤᠯᠲᠠ ᠪᠠ ᠴᠠᠭᠠᠨ ᠢᠳᠡᠭᠡᠨ ᠤ ᠭᠠᠷᠤᠯᠲᠠ ᠨᠢ ᠴᠥᠮ ᠪᠥᠬᠦ ᠤᠯᠤᠰ ᠲᠤ ᠲᠡᠷᠢᠭᠦᠯᠡᠵᠦ | ᠪᠠᠶᠢᠨ᠎ᠠ᠃ ᠮᠠᠨ ᠤ ᠣᠷᠣᠨ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶ ᠠᠬᠢᠭᠤᠯᠵᠤ | ᠂ ᠬᠤᠯᠢᠮᠠᠭ ᠥᠮᠴᠢᠯᠡᠯ ᠤᠨ ᠲᠦᠷᠢᠮ ᠤᠨ ᠬᠡᠯᠪᠡᠷᠢ ᠪᠠᠷ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠ ᠮᠠᠯᠵᠢᠯ ᠤᠨ | ᠲᠠᠯᠠᠪᠠᠶ ᠪᠠᠶᠢᠭᠤᠯᠬᠤ ᠶᠢ ᠵᠣᠷᠢᠭᠵᠢᠭᠤᠯᠤᠨ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠶᠢᠯᠡᠰᠵᠢᠭᠰᠡᠨ᠂ ᠨᠠᠷᠠᠲᠤ | ᠲᠥᠷᠥᠯ ᠲᠡᠮᠳᠡᠭᠵᠢᠭᠰᠡᠨ ᠬᠥᠭᠵᠢᠯᠲᠡ ᠶᠢ ᠳᠡᠮᠵᠢᠨ᠎ᠡ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ | ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢ ᠠᠬᠢᠭᠤᠯᠤᠨ᠂ | ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠡᠭᠦᠯᠳᠡᠷ ᠪᠤᠶᠢᠵᠢᠭᠤᠯᠬᠤ ᠶᠢᠨ ᠰᠢᠨ᠎ᠡ | ᠡᠭᠦᠳᠦᠯᠲᠡ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠥᠪ ᠤᠨ | ᠪᠠᠶᠢᠷᠢᠯᠠᠭᠤᠯᠤᠯᠲᠠ ᠶᠣᠰᠣᠭᠠᠷ᠂ ᠪᠢᠳᠡ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ | ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠬᠡᠷᠡᠭᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯᠯᠠᠭ᠎ᠠ ᠯᠤᠭ᠎ᠠ ᠪᠦᠲᠦᠮᠵᠢᠲᠡᠶ ᠵᠣᠯᠭᠠᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠴᠡᠭ ᠢ ᠦᠷᠭᠦᠯᠵᠢᠯᠡᠨ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠰᠠᠭᠤᠬᠤ ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠤ ᠪᠠᠶᠠᠵᠢᠨ ᠴᠢᠨᠡᠭᠡᠯᠢᠭᠵᠢᠬᠦ ᠶᠢ ᠠᠬᠢᠭᠤᠯᠤᠨ᠎ᠠ᠃ | ᠲᠠᠪᠤᠳᠤᠭᠠᠷ ᠭᠤᠣᠯᠳᠠᠯᠭ᠎ᠠ ᠲᠠᠢ ᠠᠵᠢᠯ ᠪᠣᠯ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠶᠠᠪᠤᠳᠠᠯ ᠪᠣᠯᠤᠨ᠎ᠠ᠃ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠪᠣᠯ | ᠶᠡᠷᠦᠩᠬᠡᠢ ᠱᠦᠵᠢ ᠰᠢ ᠶᠢᠨ ᠫᠢᠩ ᠥᠪᠡᠷ ᠢᠶᠠᠨ ᠲᠥᠯᠥᠪᠵᠢᠭᠦᠯᠵᠦ ᠥᠪᠡᠷ ᠢᠶᠠᠨ ᠪᠠᠶᠢᠷᠢᠯᠠᠭᠤᠯᠤᠭᠰᠠᠨ ᠤᠯᠤᠰ ᠤᠨ | ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠣᠯᠤᠨ᠎ᠠ᠃ ᠮᠠᠨ ᠤ ᠥᠪᠡᠷᠲᠡᠭᠡᠨ ᠵᠠᠰᠠᠬᠤ ᠣᠷᠣᠨ ᠳᠤ ᠠᠪᠴᠤ ᠬᠡᠯᠡᠪᠡᠯ᠂ | ᠪᠥᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠡᠷᠬᠡᠪᠰᠢ ᠰᠠᠶᠢᠲᠤᠷ ᠡᠭᠦᠷᠭᠡᠯᠡᠬᠦ ᠬᠡᠷᠡᠭᠲᠡᠶ ᠤᠯᠤᠰ | ᠲᠥᠷᠥ ᠶᠢᠨ ᠬᠠᠷᠢᠭᠤᠴᠠᠯᠭ᠎ᠠ ᠪᠣᠯᠬᠤ ᠪᠠᠷ ᠪᠠᠷᠠᠬᠤ ᠥᠬᠡᠶ᠂ ᠴᠢᠨᠠᠷᠯᠢᠭ ᠬᠥᠭᠵᠢᠯᠲᠡ ᠶᠢ ᠳᠥᠯᠭᠢᠨ ᠠᠬᠢᠭᠤᠯᠬᠤ | ᠴᠢᠬᠤᠯᠠ ᠶᠡᠭᠡ ᠠᠵᠠ ᠲᠣᠬᠢᠶᠠᠯ ᠮᠥᠨ᠃ ᠡᠶᠢᠮᠦ ᠠᠴᠠ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ᠡᠨᠡ ᠲᠠᠯ᠎ᠠ ᠶᠢᠨ ᠠᠭᠤᠯᠭ᠎ᠠ ᠶᠢ ᠠᠰ ᠲᠤ ᠨᠢ ᠨᠢᠭᠡ ᠬᠡᠰᠡᠭ ᠲᠤ ᠵᠢᠭᠰᠠᠭᠠᠵᠤ ᠪᠠᠶᠢᠷᠢᠯᠠᠭᠤᠯᠪᠠ᠃ | ᠮᠠᠨ ᠤ ᠣᠷᠣᠨ ᠬᠠᠲᠤᠨ ᠭᠤᠤᠯ ᠤᠨ ᠳᠡᠭᠡᠳᠦ ᠳᠣᠤᠷᠠᠳᠤ ᠤᠷᠤᠰᠬᠠᠯ᠂ ᠭᠤᠤᠯ ᠰᠠᠯᠪᠤᠷᠢ ᠤᠷᠤᠰᠬᠠᠯ᠂ ᠵᠡᠭᠦᠨ | ᠪᠠᠷᠠᠭᠤᠨ ᠡᠷᠭᠢ ᠶᠢ ᠵᠣᠬᠢᠴᠠᠭᠤᠯᠤᠨ ᠵᠠᠰᠠᠬᠤ ᠶᠢ ᠴᠢᠩᠭᠠᠳᠬᠠᠵᠤ᠂ ᠭᠤᠤᠯ ᠤᠨ ᠵᠠᠮ ᠪᠠ ᠡᠷᠭᠢ ᠶᠢᠨ ᠱᠤᠭᠤᠮ ᠢ ︽ | ᠳᠤᠷ᠎ᠠ ᠪᠠᠷ ᠡᠵᠡᠯᠡᠬᠦ︾ ︽ᠳᠤᠷ᠎ᠠ ᠪᠠᠷ ᠪᠠᠶᠢᠭᠤᠯᠬᠤ︾ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ | ᠭᠤᠤᠯᠳᠠᠯᠭ᠎ᠠ ᠲᠠᠢ ᠣᠷᠣᠨ ᠪᠦᠰᠡ ᠶᠢᠨ ᠬᠥᠷᠥᠰᠥ ᠰᠢᠷᠣᠶ ᠶᠢᠨ ᠤᠷᠤᠰᠬᠠᠭᠳᠠᠯ ᠢ ᠶᠡᠷᠦᠩᠬᠡᠶᠢᠯᠡᠨ ᠵᠠᠰᠠᠬᠤ ᠡᠷᠴᠢᠮ ᠢ | ᠴᠢᠩᠭᠠᠷᠠᠭᠤᠯᠤᠨ᠂ ᠬᠠᠲᠤᠨ ᠭᠤᠤᠯ ᠳᠠᠭᠠᠤ ᠭᠠᠵᠠᠷ ᠣᠷᠣᠨ ᠤ ᠣᠷᠴᠢᠨ ᠲᠣᠭᠤᠷᠢᠨ ᠤ ᠪᠣᠬᠢᠷᠲᠤᠯ ᠢ | ᠰᠢᠰᠲ᠋ᠧᠮ ᠲᠠᠢ ᠵᠠᠰᠠᠬᠤ ᠪᠠ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠶᠢ ᠴᠢᠩᠭᠠᠷᠠᠭᠤᠯᠤᠨ᠎ᠠ᠃ ᠮᠠᠨ ᠤ ᠣᠷᠣᠨ ᠤ ᠬᠠᠲᠤᠨ ᠭᠤᠤᠯ ᠳᠠᠭᠠᠤ ᠭᠠᠵᠠᠷ ᠣᠷᠣᠨ ᠤ ᠤᠰᠤᠨ ᠤ ᠡᠬᠢ | ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠲᠣᠪᠤᠶᠢᠮ᠎ᠠ ᠪᠠᠶᠢᠵᠤ᠂ ᠠᠵᠤ ᠠᠬᠤᠶ ᠶᠢ ᠬᠥᠭᠵᠢᠭᠦᠯᠬᠦ ᠳᠤ | ᠡᠷᠬᠡᠪᠰᠢ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠡᠨᠡ ᠬᠦ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ | ᠤᠰᠤ ᠶᠢ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠰᠤ ᠬᠡᠷᠡᠭᠯᠡᠬᠦ | ᠠᠷᠭ᠎ᠠ ᠮᠠᠶ᠋ᠢᠭ ᠢ ᠪᠦᠳᠦᠭᠦᠯᠢᠭ ᠪᠥᠭᠡᠳ ᠦᠷ᠎ᠡ ᠠᠰᠢᠭ ᠢᠶᠠᠷ ᠳᠣᠤᠷ᠎ᠠ ᠪᠠᠶᠢᠭᠰᠠᠨ ᠠᠴᠠ ᠠᠷᠪᠢᠯᠠᠨ ᠡᠷᠴᠢᠮᠵᠢᠭᠦᠯᠬᠦ | ᠲᠡᠶᠢᠰᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠰᠢᠨ᠎ᠡ ᠬᠠᠭᠤᠴᠢᠨ ᠬᠥᠳᠡᠯᠭᠡᠭᠴᠢ | ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠨᠡᠭᠦᠷᠡᠰᠦᠨ ᠤ ᠪᠤᠰᠤ ᠠᠵᠤ ᠦᠢᠯᠡᠰ᠂ ᠡᠬᠢ ᠪᠠᠶᠠᠯᠢᠭ ᠤᠨ ᠪᠤᠰᠤ | ᠬᠡᠯᠪᠡᠷᠢ ᠶᠢᠨ ᠠᠵᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠬᠦᠴᠦᠯᠡᠨ ᠪᠤᠶᠢᠵᠢᠭᠤᠯᠵᠤ᠂ | ᠬᠠᠲᠤᠨ ᠭᠤᠣᠯ ᠳᠠᠭᠠᠤ ᠭᠠᠵᠠᠷ ᠣᠷᠣᠨ ᠤ ᠭᠤᠣᠯᠯᠠᠬᠤ ᠬᠤᠳᠠ ᠪᠠ ᠬᠤᠳᠠ ᠶᠢᠨ ᠰᠥᠷᠥᠭᠵᠢᠯ ᠤᠨ ᠴᠢᠨᠠᠷᠯᠢᠭ | ᠬᠥᠭᠵᠢᠯᠲᠡ ᠶᠢ ᠠᠬᠢᠭᠤᠯᠤᠨ᠎ᠠ᠃ ᠡᠭᠦᠨ ᠤ ᠬᠠᠮᠲᠤ᠂ ᠬᠠᠲᠤᠨ ᠭᠤᠤᠯ ᠤᠨ ᠰᠣᠶᠣᠯ ᠢ ᠬᠠᠮᠠᠭᠠᠯᠠᠬᠤ᠂ ᠤᠯᠠᠮᠵᠢᠯᠠᠬᠤ | ᠪᠠ ᠪᠠᠳᠠᠷᠠᠭᠤᠯᠬᠤ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠬᠠᠲᠤᠨ ᠭᠤᠤᠯ ᠤᠨ | ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ︽ᠬᠠᠲᠤᠨ ᠭᠤᠤᠯ ᠤᠨ ᠥᠯᠢᠭᠡᠷ︾ | ᠢ ᠰᠠᠶᠢᠲᠤᠷ ᠶᠠᠷᠢᠵᠤ᠂ ᠰᠣᠶᠣᠯ ᠤᠨ ᠡᠬᠢ ᠪᠠᠶᠠᠯᠢᠭ ᠪᠠ ᠪᠠᠶᠢᠭᠠᠯᠢ ᠶᠢᠨ ᠡᠬᠢ ᠪᠠᠶᠠᠯᠢᠭ ᠤᠨ ᠣᠷᠭᠠᠨᠢᠭ | ᠠᠭᠤᠰᠤᠯᠴᠠᠯ ᠢ ᠠᠬᠢᠭᠤᠯᠤᠨ᠂ ᠣᠯᠠᠨ ᠤᠯᠤᠰ ᠲᠤ ᠨᠥᠯᠥᠭᠡᠯᠡᠬᠦ ᠬᠦᠴᠦᠨ ᠪᠥᠬᠦᠶ ᠬᠠᠲᠤᠨ ᠭᠤᠤᠯ ᠤᠨ ︽几︾ | ᠥᠰᠥᠭ ᠤᠨ ᠮᠣᠷᠣᠶᠢᠯᠲᠠ ᠶᠢᠨ ᠰᠣᠶᠣᠯ ᠤᠨ ᠵᠢᠭᠤᠯᠴᠢᠯᠠᠯ ᠤᠨ ᠪᠦᠰᠡ ᠶᠢ ᠪᠣᠶ ᠪᠣᠯᠭᠠᠨ᠎ᠠ᠃ ᠵᠢᠷᠭᠤᠳᠤᠭᠠᠷ | ᠭᠤᠣᠯᠳᠠᠯᠭ᠎ᠠ ᠲᠠᠢ ᠠᠵᠢᠯ ᠪᠣᠯ ᠥᠭᠡᠷᠡᠴᠢᠯᠡᠯᠲᠡ ᠨᠡᠭᠡᠭᠡᠯᠳᠡ ᠶᠢ ᠨᠡᠩ ᠶᠡᠭᠡ ᠡᠷᠴᠢᠮ ᠲᠠᠢ ᠪᠠᠷ ᠠᠬᠢᠭᠤᠯᠬᠤ | ᠶᠠᠪᠤᠳᠠᠯ ᠪᠣᠯᠤᠨ᠎ᠠ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠦᠷᠭᠦᠯᠵᠢᠯᠡᠨ | ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ | ᠥᠷᠭᠡᠳᠬᠡᠬᠦ ᠡᠷᠴᠢᠮ ᠢᠶᠠᠨ ᠴᠢᠩᠭᠠᠷᠠᠭᠤᠯᠤᠨ᠎ᠠ᠃ ᠥᠭᠡᠷᠡᠴᠢᠯᠡᠯᠲᠡ ᠬᠢᠬᠦ ᠲᠠᠯ᠎ᠠ ᠪᠠᠷ᠂ ᠭᠤᠣᠯᠳᠠᠭᠤ ᠵᠠᠬ᠎ᠠ | ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠬᠦᠴᠦᠯᠡᠨ ᠪᠤᠶ ᠪᠣᠯᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ | ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ | ᠯᠠᠪᠳᠠᠭᠤᠨ ᠢᠶᠠᠷ ᠠᠬᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ | ᠠᠬᠤᠶᠢᠯᠠᠯ ᠤᠨ ᠲᠠᠩᠰᠠᠨ ᠵᠣᠭᠤᠰ ᠢ ᠥᠷᠢᠲᠦᠵᠦ ᠤᠳᠠᠭᠠᠰᠢᠷᠠᠭᠤᠯᠬᠤ ᠠᠴᠠ ᠰᠡᠷᠭᠡᠶᠢᠯᠡᠬᠦ ᠤᠷᠳᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠᠲᠤ ᠠᠵᠤ ᠠᠬᠤᠶ ᠶᠢ | ᠪᠦᠲᠦᠮᠵᠢᠲᠡᠶ ᠳᠡᠮᠵᠢᠬᠦ ᠪᠠᠶᠢᠭᠤᠯᠤᠯ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠰᠢᠰᠲ᠋ᠧᠮᠲᠦᠨ ᠴᠢᠨᠠᠷᠲᠠᠶ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠨᠡᠭᠡᠭᠡᠯᠳᠡ ᠬᠢᠬᠦ | ᠲᠠᠯ᠎ᠠ ᠪᠠᠷ᠂ ᠪᠦᠬᠦ ᠲᠠᠯ᠎ᠠ ᠶᠢᠨ ᠪᠣᠭᠤᠮᠲᠠ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠨᠡᠪᠲᠡᠷᠡᠬᠦ ᠵᠠᠮ ᠤᠨ | ᠠᠵᠤ ᠠᠬᠤᠢ ᠶᠢ ᠪᠣᠳᠠᠲᠠᠶᠢᠵᠢᠭᠰᠠᠨ ᠠᠵᠤ ᠠᠬᠤᠢ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠮᠠᠨᠵᠤᠤᠷ ᠵᠡᠷᠭᠡ | ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠰᠢᠨ᠎ᠡ ᠶᠢ | ᠡᠭᠦᠳᠦᠨ ᠬᠥᠭᠵᠢᠬᠦ ᠶᠢ ᠬᠦᠴᠦᠯᠡᠨ ᠠᠬᠢᠭᠤᠯᠵᠤ᠂ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ | ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠳᠣᠯᠣᠳᠤᠭᠠᠷ ᠭᠤᠣᠯᠳᠠᠯᠭ᠎ᠠ ᠲᠠᠢ ᠠᠵᠢᠯ ᠪᠣᠯ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠬᠤ ᠶᠠᠪᠤᠳᠠᠯ ᠪᠣᠯᠤᠨ᠎ᠠ᠃ ︽13 · 5︾ ᠤᠨ ᠲᠥᠯᠥᠪᠵᠢᠭᠦᠯᠭᠡ ᠶᠢ | ᠬᠡᠷᠡᠭᠵᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ | ᠲᠣᠭᠲᠠᠭᠤᠨ ᠢᠶᠠᠷ ᠰᠠᠶᠢᠵᠢᠷᠠᠬᠤ ᠶᠢ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ | ᠪᠠᠶᠢᠭᠤᠯᠤᠯᠲᠠ ᠳᠤ ᠰᠢᠨ᠎ᠡ ᠪᠠᠶᠢᠳᠠᠯ ᠢᠯᠡᠷᠡᠪᠡ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠠᠴᠠ ᠠᠯᠢ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ | ᠡᠷᠴᠢᠮ ᠢ ᠴᠢᠩᠭᠠᠷᠠᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡ ᠬᠦ ᠦᠵᠡᠰᠬᠦᠯᠡᠩᠲᠦ ᠰᠠᠶᠢᠬᠠᠨ | ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ ᠪᠠᠷ ᠪᠣᠢ᠃ ᠡᠭᠦᠨ ᠳᠤ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠬᠦ᠂ ︽ᠭᠤᠷᠪᠠᠨ ᠱᠤᠭᠤᠮ ᠨᠢᠭᠡ ᠬᠠᠭᠤᠳᠠᠰᠤ︾ | ᠶᠢᠨ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ᠂ ᠤᠢ ᠰᠢᠭᠤᠢ ᠶᠢᠨ ᠳᠠᠷᠤᠭ᠎ᠠ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠬᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ ᠴᠢᠬᠤᠯᠠ ᠶᠡᠭᠡ | ᠢᠨᠵᠧᠨᠧᠷᠢᠩ ᠢ ᠠᠬᠢᠭᠤᠯᠬᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠬᠤ ᠵᠡᠷᠭᠡ ᠪᠠᠭᠲᠠᠨ᠎ᠠ᠃ ᠪᠠᠰᠠ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ | ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠨᠠᠷᠢᠯᠢᠭᠵᠢᠭᠤᠯᠤᠭᠰᠠᠨ | ᠵᠥᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠬᠦᠬᠡ ᠣᠭᠲᠠᠷᠭᠤᠢ᠂ ᠨᠣᠮᠢᠨ ᠤᠰᠤ᠂ ᠠᠷᠢᠭᠤᠨ | ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠠᠴᠠ ᠳᠣᠷᠣᠭᠰᠢᠯᠠᠭᠤᠯᠬᠤ ᠬᠠᠷᠠᠯᠲᠠ ᠪᠣᠯᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠥᠯᠥ ᠭᠠᠳᠠᠭᠰᠢᠯᠠᠭᠤᠯᠬᠤ ᠬᠦᠰᠡᠯ ᠪᠣᠳᠣᠯ ᠪᠣᠯ ᠮᠠᠨ ᠤ ᠤᠯᠤᠰ ᠤᠨ | ᠳᠡᠯᠡᠬᠡᠢ ᠨᠡᠶᠢᠭᠡᠮ ᠳᠤ ᠬᠢᠭᠰᠡᠨ ᠲᠥᠪ ᠴᠢᠩᠭ᠎ᠠ ᠠᠮᠠᠯᠠᠯᠲᠠ ᠪᠣᠯᠤᠨ᠎ᠠ᠃ ᠮᠠᠨ ᠤ ᠣᠷᠣᠨ ᠤ ᠡᠨᠧᠷᠭᠢ ᠶᠢᠨ | ᠬᠤᠷᠣᠭᠳᠠᠯ ᠤᠨ ᠬᠤᠣᠰ ᠡᠵᠡᠮᠳᠡᠯ ᠤᠨ ᠡᠭᠦᠷᠭᠡ ᠬᠠᠲᠠᠭᠤ ᠪᠡᠷᠬᠡ ᠪᠠᠶᠢᠨ᠎ᠠ᠂ ᠡᠨᠡ ᠵᠢᠯ ᠡᠨᠧᠷᠭᠢ ᠶᠢ ᠠᠷᠪᠢᠯᠠᠨ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭᠠᠰᠬᠠᠬᠤ ᠶᠢ ᠵᠣᠬᠢᠴᠠᠭᠤᠯᠤᠨ | ᠠᠬᠢᠭᠤᠯᠵᠤ᠂ ᠨᠢᠭᠡᠨᠲᠡ ᠪᠠᠶᠢᠭ᠎ᠠ ᠪᠠ ᠰᠢᠨ᠎ᠡ ᠪᠠᠷ ᠪᠠᠶᠢᠭᠤᠯᠤᠭᠰᠠᠨ ᠲᠦᠷᠦᠯ ᠵᠦᠢᠯ ᠢ ᠤᠯᠤᠰ ᠤᠨ ᠡᠨᠧᠷᠭᠢ ᠶᠢᠨ | ᠬᠤᠷᠣᠭᠳᠠᠭᠤᠯᠭ᠎ᠠ ᠶᠢᠨ ᠲᠡᠷᠢᠭᠦᠨ ᠤ ᠪᠠᠷᠢᠮᠵᠢᠶ᠎ᠠ ᠳᠤ ᠬᠦᠷᠭᠡᠬᠦ ᠶᠢ ᠠᠬᠢᠭᠤᠯᠵᠤ᠂ ᠠᠵᠤ ᠦᠢᠯᠡᠰ ᠤᠨ ᠪᠣᠬᠢᠷᠲᠤᠯ | ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠬᠦᠳᠦᠯᠥᠨ ᠳᠠᠭᠠᠭᠤᠯᠬᠤ ᠬᠡᠷᠡᠭᠲᠡᠢ᠃ ᠨᠠᠢᠮᠠᠳᠤᠭᠠᠷ | ᠭᠤᠣᠯᠳᠠᠯᠭ᠎ᠠ ᠲᠠᠢ ᠠᠵᠢᠯ ᠪᠣᠯ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ | ᠶᠠᠪᠤᠳᠠᠯ ᠪᠣᠯᠤᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠵᠤ᠂ | ᠡᠭᠡ ᠣᠷᠣᠨᠴᠢ ᠦᠵᠡᠯ ᠤᠨ ᠬᠥᠮᠦᠵᠢᠯ ᠪᠠ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ ᠭᠦᠨᠵᠡᠭᠡᠶ | ᠥᠷᠨᠢᠭᠦᠯᠦᠨ᠎ᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠦᠷᠭᠦᠯᠵᠢᠯᠡᠨ ᠤᠯᠠᠮᠵᠢᠯᠠᠨ ᠪᠠᠳᠠᠷᠠᠭᠤᠯᠵᠤ᠂ | ᠬᠤᠪᠢᠰᠬᠠᠯᠲᠤ ᠰᠣᠶᠣᠯ ᠢ ᠵᠠᠯᠭᠠᠮᠵᠢᠯᠠᠨ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ | ᠦᠨᠳᠦᠰᠦᠲᠡᠨ ᠨᠦᠭᠦᠳ ᠤᠨ ᠬᠠᠮᠲᠤ ᠪᠠᠷ ᠬᠦᠷᠲᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ | ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠵᠤ ᠲᠤᠪᠤᠶᠢᠯᠭᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢᠨ ᠪᠠᠶᠠᠷ ᠪᠡᠯᠭᠡᠯᠡᠬᠦ ᠴᠢᠬᠤᠯᠠ ᠶᠡᠭᠡ ᠴᠠᠭ ᠵᠠᠩᠭᠢᠶᠠᠰᠤ ᠶᠢᠨ | ᠲᠣᠭᠤᠷᠢᠨ ᠳᠤ ᠭᠤᠣᠯᠳᠠᠯᠭ᠎ᠠ ᠲᠠᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠥᠷᠨᠢᠭᠦᠯᠵᠦ᠂ ᠤᠳᠤ | ᠦᠶ᠎ᠡ ᠶᠢᠨ ᠰᠣᠶᠣᠯ ᠤᠨ ᠠᠵᠤ ᠦᠢᠯᠡᠰ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠪᠠ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠶᠢᠰᠦᠳᠦᠭᠡᠷ ᠭᠤᠣᠯᠳᠠᠯᠭ᠎ᠠ ᠲᠠᠢ ᠠᠵᠢᠯ ᠪᠣᠯ | ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠠᠷᠠᠳ ᠤᠨ | ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠭᠦᠯᠬᠦ ᠪᠣᠯ ᠬᠥᠭᠵᠢᠯᠲᠡ ᠶᠢᠨ ᠦᠨᠳᠦᠰᠦᠨ ᠵᠣᠷᠢᠯᠭ᠎ᠠ ᠮᠥᠨ᠃ ᠡᠨᠡ ᠵᠢᠯ | ᠮᠠᠨ ᠤ ᠣᠷᠣᠨ ᠤ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠡᠮᠴᠢᠯᠡᠭᠡ᠂ ᠰᠤᠷᠭᠠᠨ ᠬᠥᠮᠦᠵᠢᠯ᠂ | ᠨᠡᠶᠢᠭᠡᠮ ᠤᠨ ᠵᠠᠰᠠᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠠᠴᠠ | ᠡᠭᠦᠰᠦᠨ᠂ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠯᠠᠨ ᠲᠠᠰ ᠳᠠᠪᠬᠤᠷᠭ᠎ᠠ᠂ ᠣᠯᠠᠨ | ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠠᠷᠠᠳ ᠣᠯᠠᠨ ᠤ ᠬᠦᠷᠲᠡᠭᠡᠮᠵᠢᠲᠦ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠨᠠᠩ ᠲᠡᠭᠦᠯᠳᠡᠷ᠂ ᠨᠠᠩ | ᠪᠠᠲᠤᠯᠠᠭ᠎ᠠ ᠲᠠᠢ᠂ ᠨᠠᠩ ᠦᠷᠭᠦᠯᠵᠢᠯᠡᠬᠦ᠋ᠢᠴᠡ ᠪᠣᠯᠭᠠᠨ᠎ᠠ᠃ ᠤᠢᠢᠷ᠎ᠠ ᠶᠢᠨ ᠬᠤᠭᠤᠴᠠᠭᠠᠨ ᠳᠤ ᠤᠯᠤᠰ ᠤᠨ | ᠳᠣᠲᠣᠭᠠᠳᠤ ᠶᠢᠨ ᠤᠯᠠᠨ ᠭᠠᠵᠠᠷ ᠲᠤ ᠵᠠᠯᠭᠠᠭ᠎ᠠ ᠪᠠᠷ ᠲᠥᠪᠯᠡᠷᠡᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠴᠦ᠂ | ᠶᠡᠷᠦᠩᠬᠡᠢ ᠳᠤ ᠨᠢ ᠠᠪᠴᠤ ᠦᠵᠡᠪᠡᠯ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠴᠦ ᠬᠦᠨᠳᠦ ᠬᠡᠴᠡᠭᠦᠦ ᠪᠠᠶᠢᠨ᠎ᠠ᠃ | 2021 ᠣᠨ ᠳᠤ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠪᠠᠶᠢᠩᠭᠤ ᠶᠢᠨ ᠠᠷᠭ᠎ᠠ | ᠬᠡᠮᠵᠢᠶ᠎ᠡ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ | ᠵᠡᠷᠭᠡ ᠪᠠᠷ ᠰᠡᠷᠭᠡᠶᠢᠯᠡᠬᠦ ᠶᠢ ᠪᠠᠷᠢᠮᠲᠠᠯᠠᠵᠤ᠂ ︽ᠭᠠᠳᠠᠭᠠᠳᠤ ᠠᠴᠠ ᠣᠷᠣᠵᠤ ᠢᠷᠡᠬᠦ ᠶᠢ ᠰᠡᠷᠭᠡᠶᠢᠯᠡᠬᠦ᠂ | ᠳᠣᠲᠣᠭᠠᠳᠤ ᠳᠤ ᠲᠠᠬᠢᠨ ᠰᠡᠷᠭᠦᠬᠦ ᠶᠢ ᠰᠡᠷᠭᠡᠶᠢᠯᠡᠬᠦ︾ ᠶᠢ ᠰᠠᠶᠢᠲᠤᠷ ᠠᠳᠬᠤᠬᠤ ᠬᠡᠷᠡᠭᠲᠡᠢ᠃ ᠨᠡᠶᠢᠰᠯᠡᠯ ᠤᠨ | ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠤᠪᠢᠶᠠᠷᠢᠯᠠᠨ ᠰᠢᠢᠳᠪᠦᠷᠢᠯᠡᠬᠦ᠂ ᠬᠢᠯᠢ ᠶᠢᠨ | ᠪᠣᠭᠤᠮᠲᠠ ᠶᠢ ᠰᠡᠷᠭᠡᠶᠢᠯᠡᠨ ᠡᠵᠡᠮᠳᠡᠬᠦ᠂ ᠨᠡᠶᠢᠭᠡᠮ ᠲᠣᠭᠤᠷᠢᠭ ᠢ ᠲᠣᠤᠷᠵᠢᠭᠤᠯᠤᠨ ᠬᠠᠮᠢᠶᠠᠷᠬᠤ ᠪᠠ ᠸᠠᠺᠼᠢᠨ ᠤ | ᠲᠠᠷᠢᠯᠭ᠎ᠠ ᠳᠠᠷᠢᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠢᠯᠠᠩᠭᠤᠶ᠎ᠠ ᠮᠠᠯᠵᠢᠬᠤ ᠲᠠᠷᠢᠶᠠᠯᠠᠬᠤ | ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ | ᠪᠣᠯᠭᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ | ᠬᠦ ᠪᠠᠲᠤᠯᠠᠬᠤ ᠬᠡᠷᠡᠭᠲᠡᠶ᠃ | ᠬᠥᠲᠥᠯᠥᠭᠴᠢ᠄ | 2021 ᠣᠨ ᠪᠣᠯ ︽14·5︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠡᠨᠡ ᠵᠢᠯ | ᠥᠪᠡᠷᠲᠡᠭᠡᠨ ᠵᠠᠰᠠᠬᠤ ᠣᠷᠣᠨ ᠠᠷᠠᠳ ᠤᠨ ᠠᠮᠢᠳᠤᠷᠠᠯ ᠤᠨ ᠶᠠᠮᠠᠷ ᠶᠠᠮᠠᠷ ᠪᠣᠳᠠᠲᠠᠢ ᠠᠵᠢᠯ ᠢ ᠭᠤᠣᠯᠳᠠᠯᠭ᠎ᠠ ᠲᠠᠢ | ᠰᠠᠶᠢᠲᠤᠷ ᠬᠢᠬᠦ ᠪᠠᠷ ᠪᠡᠯᠡᠳᠬᠡᠵᠦ ᠪᠠᠶᠢᠬᠤ ᠪᠤᠢ︖ | ᠯᠸᠢ ᠵᠢᠶ ᠫᠧᠩ᠄ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠠᠷᠠᠳ ᠤᠨ ᠠᠮᠢᠳᠤᠷᠠᠯ ᠲᠠᠢ | ᠬᠤᠯᠪᠣᠭᠳᠠᠬᠤ ᠠᠭᠤᠯᠭ᠎ᠠ ᠨᠢ ᠮᠥᠨ ᠯᠡ ᠬᠠᠮᠤᠭ ᠤᠨ ᠶᠡᠭᠡ ᠬᠠᠭᠤᠳᠠᠰᠤ ᠬᠡᠮᠵᠢᠶ᠎ᠡ ᠶᠢ ᠡᠵᠡᠯᠡᠭᠰᠡᠨ ᠶᠤᠮ᠂ ᠡᠨᠡ ᠨᠢ | ᠵᠠᠰᠠᠭ ᠤᠨ ᠣᠷᠳᠣᠨ ᠠᠴᠠ ᠠᠷᠠᠳ ᠤᠨ ᠠᠮᠢᠳᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ | ᠤᠯᠠᠨ ᠤ ᠬᠦᠰᠡᠯ ᠡᠷᠡᠮᠡᠯᠵᠡᠯ ᠪᠠ ᠬᠦᠰᠡᠯ ᠱᠠᠭᠠᠷᠳᠠᠯᠭ᠎ᠠ ᠳᠤ ᠨᠡᠩ ᠢᠯᠡᠭᠦᠦ ᠠᠩᠬᠠᠷᠤᠯ ᠢᠶᠠᠨ ᠬᠠᠨᠳᠤᠭᠤᠯᠵᠤ ᠪᠠ | ᠬᠠᠷᠢᠭᠤᠯᠲᠠ ᠥᠭᠭᠦᠭᠰᠡᠨ ᠢ ᠭᠦᠢᠴᠡᠳ ᠬᠠᠷᠠᠭᠤᠯᠵᠤ ᠪᠠᠶᠢᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ | ᠪᠠᠷᠢᠮᠲᠠᠯᠠᠬᠤ ᠬᠥᠭᠵᠢᠯᠲᠡ ᠶᠢᠨ ᠦᠵᠡᠯ ᠰᠠᠨᠠᠭ᠎ᠠ ᠨᠢ ᠴᠤ ᠮᠠᠨ ᠤ ᠣᠷᠣᠨ ᠤ ︽14·5︾ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠳᠠᠬᠤ | ᠪᠣᠯᠤᠨ᠎ᠠ᠃ ᠡᠩ ᠲᠡᠷᠢᠭᠦᠨ ᠳᠤ ᠠᠵᠢᠯ ᠣᠯᠭᠤᠯᠲᠠ ᠶᠢᠨ ᠲᠤᠬᠠᠶ ᠶᠠᠷᠢᠶ᠎ᠠ᠃ ᠠᠵᠢᠯ ᠣᠯᠭᠤᠯᠲᠠ ᠪᠣᠯ ᠬᠠᠮᠤᠭ ᠤᠨ | ᠶᠡᠭᠡ ᠠᠷᠠᠳ ᠤᠨ ᠠᠮᠢᠳᠤᠷᠠᠯ ᠮᠥᠨ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ | ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ | ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ | ᠣᠯᠭᠤᠯᠲᠠ ᠶᠢ ᠦᠷᠭᠦᠯᠵᠢᠯᠡᠨ ᠰᠠᠶᠢᠲᠤᠷ ᠠᠳᠬᠤᠨ᠎ᠠ᠂ ᠡᠲᠡᠭᠡᠷ ᠬᠦᠮᠦᠰ ᠤᠨ ᠠᠵᠢᠯ ᠣᠯᠭᠤᠯᠲᠠ ᠶᠢᠨ | ᠠᠰᠠᠭᠤᠳᠠᠯ ᠢ ᠰᠢᠢᠳᠪᠦᠷᠢᠯᠡᠴᠢᠬᠡᠪᠡᠯ᠂ ᠪᠥᠬᠦ ᠣᠷᠣᠨ ᠤ ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠴᠤ | ᠬᠠᠷᠢᠴᠠᠩᠭᠤᠶ ᠪᠠᠷ ᠲᠣᠭᠲᠠᠭᠤᠨ ᠪᠣᠯᠤᠨ᠎ᠠ᠃ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠠᠵᠢᠯᠯᠠᠭ᠎ᠠ ᠪᠠ ᠲᠤᠬᠠᠶᠢᠯᠠᠭᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠳᠠᠶᠢᠴᠢᠯᠠᠬᠤ ᠪᠠ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠨ᠎ᠡ᠂ | ᠡᠨᠡ ᠪᠣᠯ ᠬᠢᠵᠢᠭ ᠤᠨ ᠪᠠᠶᠢᠳᠠᠯ ᠤᠨ ᠲᠠᠭᠠᠷᠢᠯᠲᠠ ᠶᠢᠨ ᠨᠥᠯᠥᠭᠡ ᠶᠢ ᠠᠷᠢᠯᠭᠠᠬᠤ᠂ ᠠᠵᠤ ᠠᠬᠤᠶᠢᠯᠠᠯ ᠤᠨ | ᠳᠠᠷᠤᠭᠠᠰᠤ ᠶᠢ ᠬᠥᠩᠭᠡᠷᠡᠭᠦᠯᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ᠶᠢᠨ ᠴᠢᠬᠤᠯᠠ | ᠠᠷᠭ᠎ᠠ ᠬᠡᠮᠵᠢᠶ᠎ᠡ ᠮᠥᠨ᠃ ᠪᠠᠰᠠ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢ ᠪᠦᠷᠢᠨᠰᠢᠬᠦᠯᠵᠤ᠂ ᠰᠦᠯᠵᠢᠶᠡᠨ ᠤ ᠭᠠᠳᠠᠨᠠᠬᠢ ᠪᠠ ᠰᠦᠯᠵᠢᠶᠡᠨ ᠳᠡᠭᠡᠷᠡᠬᠢ ᠦᠢᠯᠡᠴᠢᠯᠡᠭᠡ ᠶᠢ | ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠶᠢ ᠠᠬᠢᠭᠤᠯᠵᠤ᠂ ᠨᠡᠶᠢᠭᠡᠮ ᠤᠨ ᠠᠵᠢᠯ ᠡᠷᠢᠬᠦ᠂ ᠠᠵᠢᠯᠲᠠᠨ | ᠤᠷᠢᠬᠤ᠂ ᠦᠢᠯᠡᠰ ᠪᠤᠰᠬᠠᠬᠤ ᠵᠡᠷᠭᠡ ᠤᠯᠠᠨ ᠲᠠᠯ᠎ᠠ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ᠃ ᠡᠷᠡᠭᠦᠯ ᠡᠩᠬᠡ | ᠥᠪᠥᠷ ᠮᠣᠩᠭᠤᠯ ᠢ ᠪᠥᠲᠥᠭᠡᠨ ᠪᠠᠶᠢᠭᠤᠯᠬᠤ ᠲᠠᠯ᠎ᠠ ᠪᠠᠷ᠃ ᠡᠨᠡ ᠵᠢᠯ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠳᠤ ᠢᠯᠡᠷᠡᠭᠰᠡᠨ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ | ᠰᠢᠢᠳᠪᠦᠷᠢᠯᠡᠬᠦ ᠠᠴᠠ ᠭᠠᠷᠳᠠᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠭᠲᠠᠯᠴᠠᠭᠠᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ | ᠠᠷᠭᠠᠴᠠᠭᠠᠬᠤ ᠲᠣᠭᠲᠠᠯᠴᠠᠭ᠎ᠠ ᠶᠢ ᠪᠦᠷᠢᠨᠰᠢᠬᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠢ ᠠᠷᠭᠠᠴᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠣᠲᠣ | ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ᠂ | ᠨᠡᠶᠢᠭᠡᠮ ᠤᠨ ᠬᠦᠴᠦᠨ ᠠᠴᠠ ᠡᠮᠨᠡᠯᠭᠡ ᠶᠢᠨ ᠬᠤᠷᠢᠶ᠎ᠠ ᠡᠷᠭᠢᠯᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠬᠢᠲᠠᠳ ᠡᠮ ᠡᠮᠨᠡᠯᠭᠡ᠂ ᠮᠣᠩᠭᠤᠯ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ | ᠠᠬᠢᠭᠤᠯᠤᠨ᠂ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ᠂ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ | ᠥᠬᠡᠶ ᠳᠡᠭᠡᠭᠰᠢᠯᠡᠭᠦᠯᠦᠨ᠎ᠡ᠃ ᠵᠠᠯᠠᠭᠤᠴᠤᠳ ᠪᠠᠭᠠᠴᠤᠳ ᠤᠨ ᠨᠢᠳᠦᠨ ᠬᠠᠷᠠᠭᠠᠶ ᠶᠢᠨ ᠡᠷᠡᠭᠦᠯ ᠮᠡᠨᠳᠦ ᠳᠠᠬᠢ | ᠠᠩᠬᠠᠷᠤᠯ ᠢᠶᠠᠨ ᠴᠢᠩᠭᠠᠷᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠠ ᠪᠥᠬᠦ ᠠᠷᠠᠳ ᠤᠨ ᠡᠷᠡᠭᠦᠯ | ᠮᠡᠨᠳᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠶᠡᠭᠡ ᠪᠠᠷ ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ | ᠲᠠᠯ᠎ᠠ ᠪᠠᠷ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠨᠠᠰᠤᠵᠢᠯ ᠤᠨ | ᠠᠰᠠᠷᠠᠮᠵᠢ ᠶᠢᠨ ᠰᠠᠭᠤᠷᠢ ᠮᠥᠩᠭᠦ ᠪᠠ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠪᠠᠲᠤᠯᠠᠭ᠎ᠠ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ᠂ ᠠᠵᠢᠯ ᠠᠯᠳᠠᠭᠰᠠᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ | ᠱᠠᠲᠤᠨ ᠠᠴᠠ ᠨᠢᠭᠡᠳᠦᠯᠲᠡᠶ ᠲᠥᠯᠥᠪᠯᠡᠬᠦ ᠶᠢ ᠠᠬᠢᠭᠤᠯᠵᠤ᠂ ᠰᠢᠨ᠎ᠡ ᠴᠠᠭ ᠤᠨ ᠪᠠᠶᠢᠳᠠᠯ ᠳᠣᠤᠷᠠᠬᠢ ᠠᠮᠢᠳᠤᠯᠢᠭ ᠢᠶᠠᠷ | ᠠᠵᠢᠯ ᠣᠯᠤᠭᠰᠠᠳ᠂ ᠰᠢᠨ᠎ᠡ ᠡᠵᠡᠩᠨᠡᠯᠲᠡ ᠶᠢᠨ ᠪᠠᠶᠢᠳᠠᠯ ᠤᠨ ᠠᠵᠢᠯ ᠬᠢᠭᠰᠡᠳ᠂ ᠡᠷᠦᠬᠡ ᠠᠴᠠ ᠪᠠᠨ ᠰᠠᠯᠵᠤ | ᠭᠠᠳᠠᠨ᠎ᠠ ᠬᠦᠴᠦ ᠶᠠᠪᠤᠭᠰᠠᠳ ᠵᠡᠷᠭᠡ ᠬᠦᠮᠦᠰ ᠤᠨ ᠳᠠᠭᠠᠳᠬᠠᠯ ᠳᠤ ᠣᠷᠣᠯᠴᠠᠬᠤ ᠠᠰᠠᠭᠤᠳᠠᠯ ᠢ ᠭᠤᠤᠯᠳᠠᠯᠭ᠎ᠠ ᠲᠠᠢ | ᠰᠠᠶᠢᠲᠤᠷ ᠰᠢᠢᠳᠪᠦᠷᠢᠯᠡᠨ᠎ᠡ᠃ ᠬᠦᠨᠳᠦ ᠡᠪᠡᠳᠴᠢᠨ᠂ ᠣᠨᠴᠠ ᠶᠡᠭᠡ ᠡᠪᠡᠳᠴᠢᠨ ᠡᠮᠭᠡᠭ ᠤᠨ ᠡᠮᠴᠢᠯᠡᠭᠡ ᠶᠢᠨ | ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠪᠦᠷᠢᠨᠰᠢᠬᠦᠯᠵᠤ᠂ ᠣᠨᠳᠣᠣ ᠭᠠᠵᠠᠷ ᠲᠤ ᠡᠮᠨᠡᠭᠦᠯᠦᠭᠰᠡᠨ | ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠳᠤ ᠨᠡᠩ ᠤᠯᠠᠨ ᠪᠣᠳᠠᠲᠤ | ᠠᠰᠢᠭ ᠪᠠ ᠲᠦᠬᠦᠮ ᠦᠵᠡᠭᠦᠯᠦᠨ᠎ᠡ᠃ ᠠᠮᠢᠳᠤᠷᠠᠯ ᠨᠢ ᠬᠦᠴᠢᠷᠳᠡᠯᠲᠡᠶ ᠠᠵᠢᠯ ᠠᠯᠳᠠᠭᠰᠠᠳ ᠵᠢᠴᠢ ᠬᠡᠷ ᠪᠦᠯᠢ ᠶᠢᠨ | ᠬᠢᠨ ᠴᠠᠭ ᠲᠤᠬᠠᠶ ᠳᠤ ᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠲᠦᠷ ᠴᠠᠭ ᠤᠨ ᠠᠪᠤᠷᠠᠨ | ᠲᠤᠰᠠᠯᠠᠯᠲᠠ ᠵᠡᠷᠭᠡ ᠶᠢᠨ ᠬᠡᠪᠴᠢᠶᠡᠨ ᠳᠤ ᠣᠷᠣᠭᠤᠯᠵᠤ᠂ ᠣᠯᠠᠨ ᠲᠦᠮᠡᠨ ᠤ ᠭᠡᠨᠡᠳᠲᠡ ᠶᠢᠨ ᠴᠢᠨᠠᠷᠲᠠᠶ᠂ ᠲᠤᠯᠭᠠᠮ | ᠴᠢᠨᠠᠷᠲᠠᠶ᠂ ᠲᠦᠷ ᠴᠠᠭ ᠤᠨ ᠴᠢᠨᠠᠷᠲᠠᠶ ᠠᠮᠢᠳᠤᠷᠠᠯ ᠤᠨ ᠬᠦᠴᠢᠷᠳᠡᠯ ᠢ ᠰᠠᠶᠢᠲᠤᠷ ᠰᠢᠢᠳᠪᠦᠷᠢᠯᠡᠨ᠎ᠡ᠃ ᠨᠠᠰᠤᠵᠢᠯ ᠤᠨ | ᠠᠰᠠᠷᠠᠮᠵᠢ᠂ ᠬᠡᠤᠬᠡᠳ ᠰᠠᠭᠠᠲᠠᠭᠤᠯᠤᠨ ᠬᠦᠮᠦᠵᠢᠭᠦᠯᠬᠦ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ | ︽ᠨᠢᠭᠡ ᠨᠠᠰᠤᠲᠠᠨ ᠨᠢᠭᠡ ᠨᠢᠯᠬ᠎ᠠ︾ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠰᠤᠷᠭᠠᠨ ᠬᠥᠮᠦᠵᠢᠯ ᠤᠨ | ᠲᠠᠯ᠎ᠠ ᠪᠠᠷ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠢ ᠦᠷᠭᠦᠯᠵᠢᠯᠡᠨ ᠶᠡᠭᠡ ᠪᠠᠷ | ᠬᠥᠭᠵᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ | ᠴᠢᠨᠠᠷ ᠪᠠ ᠲᠦᠭᠡᠮᠡᠯ ᠬᠠᠷᠠᠭᠠᠯᠵᠠᠯ ᠤᠨ ᠴᠢᠨᠠᠷ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠠᠷ ᠲᠡᠩᠴᠡᠭᠦᠷᠢᠰᠢᠭᠦᠯᠬᠦ ᠪᠠ ᠬᠤᠲᠠ ᠬᠥᠳᠡᠭᠡ ᠶᠢ ᠨᠢᠭᠡ | ᠴᠤᠭᠴᠠᠵᠢᠭᠤᠯᠬᠤ ᠶᠢ ᠠᠬᠢᠭᠤᠯᠵᠤ᠂ ︽ᠢᠯᠡ ᠪᠠᠷ ᠰᠣᠷᠣᠭᠴᠢ ᠡᠯᠰᠡᠵᠦ᠂ ᠢᠯᠡ ᠪᠠᠷ ᠠᠩᠭᠢ ᠬᠤᠪᠢᠶᠠᠬᠤ︾ | ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠳᠡᠮᠵᠢᠬᠦ ᠠᠷᠭ᠎ᠠ ᠬᠡᠮᠵᠢᠶ᠎ᠡ ᠶᠢ ᠲᠦᠷᠭᠡᠳᠬᠡᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ︽ᠶᠠᠮᠤᠨ | ᠣᠷᠣᠨ ᠬᠠᠮᠲᠤᠷᠠᠨ ᠪᠠᠶᠢᠭᠤᠯᠬᠤ︾ ᠬᠡᠯᠡᠯᠴᠡᠭᠡᠷ ᠢ ᠨᠠᠶᠢᠳᠠᠪᠤᠷᠢᠵᠢᠭᠤᠯᠤᠨ᠂ ᠥᠪᠥᠷ ᠮᠣᠩᠭᠤᠯ ᠤᠨ ᠶᠡᠭᠡ | ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ︽ᠬᠤᠤᠰ ᠲᠡᠷᠢᠭᠦᠨ︾ ᠤ ᠪᠥᠲᠥᠭᠡᠨ ᠪᠠᠶᠢᠭᠤᠯᠤᠯᠲᠠ ᠶᠢ | ᠶᠡᠭᠡ ᠪᠠᠷ ᠠᠬᠢᠭᠤᠯᠵᠤ᠂ ᠶᠡᠭᠡ ᠬᠦᠴᠦ ᠣᠷᠣᠭᠤᠯᠵᠤ ᠪᠠᠶᠢᠭᠠᠳ ᠥᠪᠡᠷ ᠤᠨ ᠴᠢᠳᠠᠪᠤᠷᠢᠲᠠᠨ ᠢᠶᠠᠨ ᠰᠠᠶᠢᠲᠤᠷ | ᠬᠥᠮᠦᠵᠢᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠠ | ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠨ᠎ᠠ᠃ ᠣᠷᠣᠨ ᠰᠠᠭᠤᠴᠠ ᠶᠢᠨ ᠪᠠᠲᠤᠯᠠᠭ᠎ᠠ ᠶᠢᠨ ᠲᠠᠯ᠎ᠠ ᠪᠠᠷ᠃ ᠦᠷᠭᠦᠯᠵᠢᠯᠡᠨ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠵᠠᠰᠠᠬᠤ ᠪᠠᠷ ᠭᠠᠷᠳᠠᠴᠠ ᠪᠣᠯᠭᠠᠨ ᠬᠤᠳᠠ ᠶᠢᠨ | ᠰᠢᠨᠡᠴᠢᠯᠡᠯᠲᠡ ᠶᠢ ᠠᠬᠢᠭᠤᠯᠤᠨ ᠥᠷᠨᠢᠭᠦᠯᠵᠦ᠂ ᠬᠤᠳᠠ ᠶᠢᠨ ᠠᠷᠠᠳ ᠤᠨ ᠣᠷᠣᠰᠢᠨ ᠰᠠᠭᠤᠬᠤ ᠣᠷᠴᠢᠨ | ᠲᠣᠭᠤᠷᠢᠨ ᠤ ᠶᠠᠰᠤ ᠴᠢᠨᠠᠷ ᠢ ᠳᠠᠰᠤᠷᠠᠯᠳᠠ ᠦᠬᠡᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠰᠡᠶᠢᠮᠡᠬᠡᠢ ᠬᠤᠲᠠ᠂ ᠤᠶᠤᠨᠲᠤ ᠬᠤᠲᠠ ᠶᠢ ᠪᠥᠲᠥᠭᠡᠨ | ᠪᠠᠶᠢᠭᠤᠯᠤᠨ᠎ᠠ᠃ ᠬᠦᠴᠢᠷᠳᠡᠯᠲᠡᠶ ᠤᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ | ᠬᠢᠵᠦ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠦᠳᠦᠭᠡᠨ | ᠪᠠᠶᠢᠭᠤᠯᠤᠯᠲᠠ ᠶᠢ ᠵᠣᠷᠢᠭᠵᠢᠭᠤᠯᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠩᠭᠠᠯᠭ᠎ᠠ ᠶᠢ | ᠥᠷᠭᠡᠳᠬᠡᠨ᠎ᠡ᠃ | ᠬᠥᠲᠥᠯᠥᠭᠴᠢ᠄ | ᠣᠳᠣᠬᠠᠨ ᠳᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠶᠠᠮᠠᠷ ᠪᠠᠶᠢᠳᠠᠯ | ᠲᠤᠯᠭᠠᠷᠠᠵᠤ ᠪᠠᠶᠢᠬᠤ ᠪᠣᠶ︖ ᠶᠠᠮᠠᠷ ᠶᠠᠮᠠᠷ ᠬᠦᠴᠢᠷᠳᠡᠯ ᠪᠠ ᠠᠰᠠᠭᠤᠳᠠᠯ ᠳᠤ ᠲᠤᠯᠭᠠᠷᠠᠭᠰᠠᠨ ᠪᠤᠢ︖ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠤ ᠶᠠᠮᠠᠷ ᠶᠠᠮᠠᠷ ᠮᠠᠭᠠᠳᠯᠠᠯᠲᠠ ᠭᠠᠷᠭᠠᠭᠰᠠᠨ ᠪᠣᠶ︖ | ᠯᠸᠢ ᠵᠢᠶ ᠫᠧᠩ᠄ | ᠡᠨᠡ ᠵᠢᠯ ᠤᠨ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ ᠮᠥᠨ ᠯᠡ ᠨᠠᠷᠢᠨ ᠪᠤᠳᠤᠯᠢᠶᠠᠨᠲᠠᠶ ᠪᠥᠭᠡᠳ | ᠬᠦᠨᠳᠦ ᠬᠡᠴᠡᠭᠦᠦ ᠪᠠᠶᠢᠨ᠎ᠠ᠃ ᠳᠡᠯᠡᠬᠡᠢ ᠳ᠋ᠠᠬᠢᠨ ᠶᠠᠭ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢ | ᠥᠩᠭᠡᠷᠡᠭᠡᠵᠦ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠰᠡᠷᠭᠦᠯᠲᠡ | ᠲᠣᠭᠲᠠᠭᠤᠨ ᠪᠤᠰᠤ ᠪᠥᠭᠡᠳ ᠲᠡᠩᠴᠡᠭᠦᠷᠢ ᠦᠭᠡᠢ ᠪᠠᠶᠢᠵᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠪᠣᠯᠤᠨ | ᠭᠠᠳᠠᠭᠠᠳᠤ ᠣᠷᠴᠢᠨ ᠲᠣᠭᠤᠷᠢᠨ ᠳᠤ ᠮᠠᠰᠢ ᠤᠯᠠᠨ ᠲᠣᠭᠲᠠᠪᠤᠷᠢ ᠦᠭᠡᠢ ᠰᠢᠨᠵᠢ ᠴᠢᠨᠠᠷ ᠣᠷᠣᠰᠢᠵᠤ ᠪᠠᠶᠢᠨ᠎ᠠ᠃ | ᠮᠠᠨ ᠤ ᠤᠯᠤᠰ ᠤᠨ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠣᠯᠣᠭᠠᠳᠤᠢ᠂ | ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠮᠥᠨ ᠯᠡ ᠲᠤᠪᠤᠶᠢᠮ᠎ᠠ ᠪᠠᠶᠢᠵᠤ᠂ ᠬᠢᠵᠢᠭ ᠤᠨ | ᠪᠠᠶᠢᠳᠠᠯ ᠤᠨ ᠨᠥᠯᠥᠭᠡ ᠮᠥᠨ ᠯᠡ ᠦᠷᠭᠦᠯᠵᠢᠯᠡᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠰᠣᠯᠪᠢᠴᠠᠨ | ᠳᠠᠪᠬᠤᠴᠠᠵᠤ ᠪᠠᠶᠢᠨ᠎ᠠ᠃ ᠮᠠᠨ ᠤ ᠣᠷᠣᠨ ᠤ ᠠᠵᠤ ᠠᠬᠤᠶ ᠶᠢᠨ ᠰᠡᠷᠭᠦᠯᠲᠡ ᠶᠢᠨ ᠬᠥᠳᠡᠯᠭᠡᠬᠦ ᠬᠦᠴᠦᠨ ᠨᠡᠯᠢᠶᠡᠳ | ᠪᠠᠭᠤᠷᠠᠶ ᠪᠠᠶᠢᠵᠤ᠂ ᠰᠡᠷᠭᠦᠯᠲᠡ ᠶᠢᠨ ᠬᠤᠷᠳᠤᠴᠠ ᠬᠠᠷᠢᠴᠠᠩᠭᠤᠶ ᠪᠠᠷ ᠤᠳᠠᠭᠠᠨ ᠪᠠᠶᠢᠨ᠎ᠠ᠃ ᠵᠠᠷᠢᠮ ᠤᠷᠳᠤ | ᠬᠤᠭᠤᠴᠠᠭ᠎ᠠ ᠪᠠᠷ ᠣᠷᠣᠰᠢᠭᠰᠠᠭᠠᠷ ᠢᠷᠡᠭᠰᠡᠨ ᠭᠦᠨ ᠲᠡᠰ ᠳᠠᠪᠬᠤᠷᠭ᠎ᠠ ᠶᠢᠨ ᠪᠦᠲᠦᠴᠡ ᠶᠢᠨ ᠴᠢᠨᠠᠷᠲᠠᠢ ᠠᠰᠠᠭᠤᠳᠠᠯ | ᠪᠣᠯᠤᠨ ᠪᠠᠶᠢᠭᠤᠯᠤᠮᠵᠢ ᠶᠢᠨ ᠴᠢᠨᠠᠷᠲᠠᠢ ᠵᠥᠷᠢᠴᠡᠯ ᠢ ᠬᠠᠷᠠᠬᠠᠨ ᠰᠢᠢᠳᠪᠦᠷᠢᠯᠡᠭᠡᠳᠦᠢ ᠪᠠᠶᠢᠵᠤ᠂ ᠢᠯᠠᠩᠭᠤᠶ᠎ᠠ | ᠤᠯᠠᠮᠵᠢᠯᠠᠯᠲᠤ ᠬᠥᠭᠵᠢᠯᠲᠡ ᠶᠢᠨ ᠠᠷᠭ᠎ᠠ ᠵᠠᠮ ᠳᠠᠬᠢ ᠲᠦᠰᠢᠭᠯᠡᠯ᠂ ᠠᠵᠤ ᠦᠢᠯᠡᠰ ᠤᠨ ᠪᠦᠲᠦᠴᠡ ᠳᠠᠬᠢ ᠲᠦᠰᠢᠭᠯᠡᠯ | ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ᠂ ᠡᠬᠢ ᠪᠠᠶᠠᠯᠢᠭ ᠣᠷᠴᠢᠨ ᠲᠣᠭᠤᠷᠢᠨ ᠤ | ᠬᠢᠵᠠᠭᠠᠷᠯᠠᠯ ᠵᠡᠷᠭᠡ ᠨᠢ ᠲᠥᠪᠯᠡᠷᠡᠨ ᠮᠦᠷᠭᠦᠯᠳᠦᠵᠦ᠂ ᠮᠠᠨ ᠤ ᠣᠷᠣᠨ ᠤ ᠠᠵᠤ ᠠᠬᠤᠢ ᠶᠢᠨ ᠦᠷᠭᠦᠯᠵᠢᠯᠡᠨ ᠰᠡᠷᠭᠦᠬᠦ | ᠪᠠ ᠴᠢᠨᠠᠷᠯᠢᠭ ᠢᠶᠠᠷ ᠬᠥᠭᠵᠢᠬᠦ ᠶᠢ ᠬᠢᠵᠠᠭᠠᠷᠯᠠᠨ ᠨᠥᠯᠥᠭᠡᠯᠡᠵᠦ ᠪᠠᠶᠢᠨ᠎ᠠ᠃ ᠣᠳᠣᠬᠠᠨ ᠳᠤ᠂ ᠮᠠᠨ ᠤ ᠣᠷᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠳᠤ ᠮᠠᠰᠢ ᠤᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ᠂ ᠪᠦ᠋ ᠰᠢᠶᠤᠤ ᠯᠢᠨ | ᠲᠡᠷᠢᠭᠦᠯᠡᠭᠴᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠠᠨ ᠳ᠋ᠦᠩᠨᠡᠯᠲᠡ ᠬᠢᠵᠡᠢ᠃ ᠡᠭᠦᠨ ᠳᠤ | ᠭᠤᠣᠯᠳᠠᠭᠤ᠄ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠡᠭᠦᠷᠭᠡ ᠬᠠᠲᠠᠭᠤ ᠪᠡᠷᠬᠡ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠭᠤᠷᠠᠶ᠂ ᠴᠢᠳᠠᠪᠤᠷᠢᠲᠠᠨ ᠳᠤᠲᠠᠭᠳᠠᠬᠤ ᠠᠰᠠᠭᠤᠳᠠᠯ | ᠲᠤᠪᠤᠶᠢᠮ᠎ᠠ ᠪᠠᠶᠢᠨ᠎ᠠ︔ ᠡᠨᠧᠷᠭᠢ ᠶᠢᠨ ᠬᠤᠷᠣᠭᠳᠠᠭᠤᠯᠤᠯ ᠤᠨ ᠶᠡᠷᠦᠩᠬᠡᠶ ᠬᠡᠮᠵᠢᠶ᠎ᠡ ᠪᠠ ᠡᠨᠧᠷᠭᠢ ᠶᠢᠨ | ᠬᠤᠷᠣᠭᠳᠠᠭᠤᠯᠤᠯ ᠤᠨ ᠬᠦᠴᠦᠯᠡᠴᠡ ᠨᠢ ᠬᠢᠵᠠᠭᠠᠷᠯᠠᠬᠤ ᠬᠠᠷᠠᠯᠲᠠ ᠪᠠᠨ ᠪᠡᠶᠡᠯᠡᠭᠦᠯᠵᠦ ᠴᠢᠳᠠᠭ᠎ᠠ ᠦᠭᠡᠢ᠂ ᠡᠨᠧᠷᠭᠢ | ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠠᠷᠤᠯᠲᠠ ᠨᠡᠯᠢᠶᠡᠳ ᠶᠡᠭᠡ ᠪᠠᠶᠢᠨ᠎ᠠ︔ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠳᠤ ᠴᠥᠭᠡᠨ ᠪᠤᠰᠤ ᠠᠰᠠᠭᠤᠳᠠᠯ ᠣᠷᠣᠰᠢᠵᠤ᠂ ᠵᠠᠷᠢᠮ ᠠᠵᠤ | ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠪᠠᠶᠢᠨ᠎ᠠ︔ | ᠬᠡᠰᠡᠭ ᠭᠠᠵᠠᠷ ᠣᠷᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ | ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠤ ᠳᠤᠲᠠᠭᠤᠳᠠᠯ ᠣᠷᠣᠰᠢᠵᠤ ᠪᠠᠶᠢᠨ᠎ᠠ︔ ᠵᠠᠰᠠᠭ ᠤᠨ ᠣᠷᠳᠣᠨ ᠤ | ᠰᠠᠯᠠᠭ᠎ᠠ ᠮᠥᠴᠢᠷ ᠲᠤ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠮᠥᠨ ᠠᠳᠠᠯᠢ ᠪᠤᠰᠤ | ᠬᠡᠮᠵᠢᠶ᠎ᠡ ᠪᠠᠷ ᠣᠷᠣᠰᠢᠵᠤ ᠪᠠᠶᠢᠬᠤ ᠵᠡᠷᠭᠡ ᠪᠣᠯᠤᠨ᠎ᠠ᠃ ᠡᠭᠦᠨ ᠤ ᠬᠠᠮᠲᠤ᠂ ᠣᠳᠣᠬᠠᠨ ᠳᠤ ᠮᠠᠨ ᠤ ᠤᠯᠤᠰ ᠤᠨ | ᠬᠥᠭᠵᠢᠯᠲᠡ ᠮᠥᠨ ᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ᠂ | ᠠᠵᠤ ᠠᠬᠤᠢ ᠲᠣᠭᠲᠠᠭᠤᠨ ᠤ ᠳᠤᠮᠳᠠ ᠰᠠᠶᠢᠵᠢᠷᠠᠬᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ | ᠪᠠᠶᠢᠳᠠᠯ ᠬᠤᠪᠢᠷᠠᠭ᠎ᠠ ᠦᠭᠡᠢ᠂ 2020 ᠣᠨ ᠳᠤ ᠮᠠᠨ ᠤ ᠤᠯᠤᠰ ᠪᠣᠯ ᠪᠦᠬᠦ ᠪᠥᠮᠪᠥᠷᠴᠡᠭ ᠤᠨ ᠴᠤᠷ ᠤᠨ ᠭᠠᠭᠴᠠ | ᠠᠵᠤ ᠠᠬᠤᠢ ᠶᠢᠨ ᠡᠶᠡᠷᠭᠦ ᠨᠡᠮᠡᠭᠳᠡᠯ ᠢ ᠪᠡᠶᠡᠯᠡᠭᠦᠯᠦᠭᠰᠡᠨ ᠭᠤᠣᠯ ᠠᠵᠤ ᠠᠬᠤᠢ ᠶᠢᠨ ᠴᠣᠭᠴᠠ ᠪᠠᠶᠢᠵᠤ᠂ ᠴᠠᠭ ᠪᠠ | ᠪᠠᠶᠢᠳᠠᠯ ᠮᠠᠨ ᠤ ᠲᠠᠯ᠎ᠠ ᠳᠤ ᠪᠠᠶᠢᠨ᠎ᠠ᠂ ᠡᠨᠡ ᠪᠣᠯ ᠮᠠᠨ ᠤ ᠲᠣᠭᠲᠠᠯ ᠬᠦᠴᠦᠨ ᠪᠠ ᠢᠳᠡ ᠬᠦᠴᠦᠨ ᠮᠥᠨ᠂ ᠪᠠᠰᠠ | ᠴᠤ ᠮᠠᠨ ᠤ ᠡᠷᠡᠰ ᠵᠣᠷᠢᠭ ᠪᠠ ᠢᠲᠡᠭᠡᠯ ᠵᠣᠷᠢᠭ ᠮᠥᠨ ᠭᠡᠳᠡᠭ ᠢ ᠪᠢᠳᠡ ᠪᠠᠰᠠ ᠲᠠᠨᠢᠵᠤ ᠮᠡᠳᠡᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠥᠭᠵᠢᠯᠲᠡ ᠶᠢᠨ ᠵᠢᠮ᠎ᠡ ᠶᠣᠰᠣ ᠶᠢ | ᠭᠦᠨᠵᠡᠭᠡᠶ ᠲᠠᠨᠢᠨ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠡᠷᠬᠡᠪᠰᠢ | ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠡᠵᠡᠮᠳᠡᠨ᠂ ᠥᠷᠢᠰᠥᠯᠳᠦᠭᠡᠨ ᠢ ᠠᠷᠭᠠᠴᠠᠭᠠᠵᠤ᠂ | ᠠᠰᠠᠭᠤᠳᠠᠯ ᠳᠤ ᠵᠥᠪ ᠢᠶᠠᠷ ᠬᠠᠨᠳᠤᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠥᠬᠦ ᠬᠦᠴᠦᠨ ᠢᠶᠠᠷ ᠢᠶᠠᠨ | ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ | ᠬᠥᠲᠥᠯᠥᠭᠴᠢ᠄ | ᠲᠤᠭᠤᠷᠪᠢᠨ ᠪᠢᠴᠢᠬᠦ ᠳᠤᠭᠤᠶᠢᠯᠠᠩ ᠤᠨ ᠭᠤᠣᠯ ᠭᠡᠰᠢᠭᠦᠨ ᠪᠣᠯᠤᠭᠰᠠᠨ ᠤ ᠬᠤᠪᠢ ᠳᠤ᠂ ᠲᠠᠨ ᠤ ᠦᠵᠡᠬᠦ ᠪᠠᠷ | ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠣᠶᠢᠯᠠᠭᠠᠵᠤ᠂ 2021 ᠣᠨ ᠤ ᠠᠵᠢᠯ ᠢ | ᠰᠠᠶᠢᠲᠤᠷ ᠬᠢᠬᠦ ᠳᠤ ᠡᠵᠡᠮᠳᠡᠬᠦ ᠴᠢᠬᠤᠯᠠᠲᠠᠢ ᠴᠢᠭᠯᠡᠯ ᠪᠣᠯᠤᠨ ᠭᠤᠣᠯᠳᠠᠯᠭ᠎ᠠ ᠨᠢ ᠶᠠᠭᠤ ᠪᠤᠢ︖ | ᠯᠸᠢ ᠵᠢᠶ ᠫᠧᠩ᠄ | ᠡᠨᠡ ᠵᠢᠯ ᠪᠣᠯ ︽14·5︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠮᠥᠨ ᠴᠤ | ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠰᠢᠨ᠎ᠡ ᠠᠶᠠᠨ ᠢᠶᠠᠨ ᠡᠬᠢᠯᠡᠭᠦᠯᠦᠭᠰᠡᠨ ᠠᠩᠬᠠᠨ ᠤ ᠵᠢᠯ ᠪᠣᠯᠬᠤ ᠪᠠᠷ ᠪᠠᠷᠠᠬᠤ ᠦᠭᠡᠢ᠂ ᠪᠠᠰᠠ ᠳᠤᠮᠳᠠᠳᠤ ᠤᠯᠤᠰ ᠤᠨ | ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠬᠤ ᠪᠣᠯᠤᠨ᠎ᠠ ᠭᠡᠵᠦ ᠪᠢ ᠳᠡᠭᠡᠷ᠎ᠡ | ᠳᠤᠷᠠᠳᠴᠤ ᠥᠩᠭᠡᠷᠡᠭᠰᠡᠨ ᠪᠢᠯᠡ᠃ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠂ ᠡᠭᠦᠨ ᠳᠤ ᠭᠤᠣᠯᠳᠠᠭᠤ ᠳᠣᠣᠷᠠᠬᠢ ᠲᠠᠪᠤᠨ ᠲᠠᠯ᠎ᠠ ᠶᠢ ᠰᠠᠶᠢᠲᠤᠷ ᠡᠵᠡᠮᠳᠡᠬᠦ ᠬᠡᠷᠡᠭᠲᠡᠶ᠄ | ᠨᠢᠭᠡ ᠳᠤ᠂ ᠰᠢᠨ᠎ᠡ ᠬᠥᠭᠵᠢᠯᠲᠡ ᠶᠢᠨ ᠱᠠᠳᠤ ᠦᠶ᠎ᠡ ᠶᠢ ᠣᠨᠣᠪᠴᠢᠲᠠᠶ ᠡᠵᠡᠮᠳᠡᠨ᠎ᠡ᠃ ᠬᠤᠪᠢᠰᠤᠩᠭᠤᠢ | ᠰᠡᠳᠬᠢᠬᠦᠢ ᠪᠠᠷ ᠰᠢᠨ᠎ᠡ ᠬᠥᠭᠵᠢᠯᠲᠡ ᠶᠢᠨ ᠱᠠᠲᠤᠨ ᠳᠠᠬᠢ ᠰᠢᠨ᠎ᠡ ᠠᠵᠠ ᠲᠣᠬᠢᠶᠠᠯ ᠰᠢᠨ᠎ᠡ ᠥᠷᠢᠰᠥᠯᠳᠦᠭᠡᠨ ᠳᠤ | ᠬᠠᠨᠳᠤᠵᠤ᠂ ᠠᠵᠠ ᠲᠣᠬᠢᠶᠠᠯ ᠤᠨ ᠤᠬᠠᠮᠰᠠᠷ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ | ᠬᠤᠪᠢᠷᠠᠯᠲᠠ ᠶᠢ ᠣᠨᠣᠪᠴᠢᠲᠠᠢ ᠲᠠᠨᠢᠬᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠬᠤ ᠪᠠ | ᠰᠠᠨᠠᠭᠠᠴᠢᠯᠠᠭ᠎ᠠ ᠠᠴᠠ ᠪᠠᠨ ᠰᠢᠨᠡᠴᠢᠯᠡᠯᠲᠡ ᠬᠢᠵᠦ᠂ ᠬᠢᠮᠤᠷᠠᠯ ᠤᠨ ᠳᠤᠮᠳᠠ ᠠᠵᠠ ᠲᠣᠬᠢᠶᠠᠯ ᠢ ᠲᠠᠨᠢᠨ ᠮᠡᠳᠡᠵᠦ᠂ | ᠬᠤᠪᠢᠷᠠᠯᠲᠠ ᠶᠢᠨ ᠳᠤᠮᠳᠠ ᠴᠢᠳᠠᠮᠠᠭᠠᠢ ᠪᠠᠷ ᠰᠢᠨ᠎ᠡ ᠪᠠᠶᠢᠳᠠᠯ ᠢ ᠨᠡᠭᠡᠭᠡᠬᠦ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠪᠦᠬᠦᠯᠢ ᠴᠣᠭᠴᠠ ᠪᠠ ᠭᠤᠤᠯᠳᠠᠯᠭ᠎ᠠ ᠶᠢ | ᠨᠢᠭᠡᠳᠦᠯᠲᠡᠶ ᠲᠥᠯᠥᠪᠯᠡᠨ᠂ ᠣᠳᠣᠬᠠᠨ ᠤ ᠪᠠᠶᠢᠳᠠᠯ ᠪᠠ ᠠᠯᠤᠰ ᠬᠡᠲᠦ ᠶᠢᠨ ᠲᠥᠯᠥᠪᠯᠡᠭᠡ ᠶᠢ ᠬᠠᠮᠲᠤ ᠳᠤ ᠨᠢ | ᠬᠠᠷᠠᠭᠠᠯᠵᠠᠵᠤ᠂ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠰᠠᠶᠢᠲᠤᠷ ᠠᠳᠬᠤᠵᠤ᠂ ᠪᠥᠬᠦ ᠣᠷᠣᠨ ᠤ ᠠᠵᠤ | ᠠᠬᠤᠶ ᠶᠢᠨ ᠲᠣᠭᠲᠠᠭᠤᠨ ᠨᠡᠮᠡᠭᠳᠡᠯ ᠢ ᠬᠦᠴᠦᠯᠡᠨ ᠠᠬᠢᠭᠤᠯᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ | ᠠᠰᠢᠭ ᠢ ᠲᠣᠭᠲᠠᠭᠤᠨ ᠢᠶᠠᠷ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ︽14·5︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠴᠢᠨᠠᠷᠯᠢᠭ ᠬᠥᠭᠵᠢᠯᠲᠡ ᠶᠢ ᠠᠬᠢᠭᠤᠯᠵᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠬᠤ ᠶᠢ | ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ | ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ᠎ᠠ᠃ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠣᠶᠢᠯᠠᠭᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠬᠥᠭᠵᠢᠯᠲᠡ ᠶᠢᠨ | ᠣᠨᠣᠯᠵᠢᠬᠤᠨ᠂ ᠬᠥᠭᠵᠢᠯᠲᠡ ᠶᠢᠨ ᠠᠷᠭ᠎ᠠ ᠵᠠᠮ᠂ ᠬᠥᠭᠵᠢᠯᠲᠡ ᠶᠢᠨ ᠠᠷᠭ᠎ᠠ ᠬᠡᠯᠪᠡᠷᠢ᠂ ᠬᠥᠭᠵᠢᠯᠲᠡ ᠶᠢᠨ | ᠬᠠᠷᠠᠯᠲᠠ ᠠᠴᠠ ᠶᠡᠷᠦᠩᠬᠡᠢ ᠱᠦᠵᠢ ᠶᠢᠨ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠬᠠᠷᠭᠤᠭᠤᠯᠤᠯᠲᠠ ᠬᠠᠷᠢᠴᠠᠭᠤᠯᠤᠯ | ᠬᠢᠵᠦ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢᠨ ᠪᠦᠳᠦᠭᠡᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ | ᠨᠡᠶᠢᠴᠡᠭᠰᠡᠨ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ | ᠭᠤᠶᠢᠪᠢᠰᠢ ᠦᠭᠡᠢ ᠵᠠᠮᠨᠠᠨ᠎ᠠ᠃ ᠭᠤᠷᠪᠠ ᠳᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ | ᠠᠭᠤᠰᠤᠯᠴᠠᠨ ᠠᠵᠢᠯ ᠢᠶᠠᠨ ᠥᠷᠨᠢᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠢ ᠪᠠᠷᠢᠮᠲᠠᠯᠠᠵᠤ᠂ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠶᠢᠨ ᠬᠠᠮᠢᠶᠠᠷᠤᠯᠲᠠ ᠶᠢ ᠴᠢᠬᠤᠯᠠᠴᠢᠯᠠᠨ | ᠴᠢᠩᠭᠠᠳᠬᠠᠵᠤ᠂ ᠲᠦᠭᠵᠢᠷᠡᠯ ᠢ ᠨᠡᠪᠲᠡᠷᠡᠭᠦᠯᠦᠨ᠂ ᠳᠤᠲᠠᠭᠤᠳᠠᠯ ᠢ ᠨᠥᠬᠦᠪᠥᠷᠢᠯᠡᠵᠦ᠂ ᠦᠢᠯᠡᠳᠪᠦᠷᠢᠯᠡᠯ᠂ | ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡᠨ ᠵᠡᠷᠭᠡ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠴᠢᠨᠠᠷ ᠰᠠᠶᠢᠲᠠᠢ | ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠬᠦ᠂ ᠤᠳᠤ ᠦᠶ᠎ᠡ ᠶᠢᠨ ᠭᠦᠢᠯᠭᠡᠭᠡᠨ ᠤ ᠲᠣᠭᠲᠠᠯᠴᠠᠭ᠎ᠠ ᠶᠢ ᠪᠠᠶᠢᠭᠤᠯᠬᠤ᠂ | ᠪᠡᠯᠡ ᠣᠷᠣᠭᠤᠯᠤᠯᠲᠠ ᠪᠠ ᠬᠡᠷᠡᠭᠯᠡᠭᠡ ᠶᠢᠨ ᠣᠷᠣᠨ ᠵᠠᠢ ᠶᠢ ᠥᠷᠭᠡᠳᠬᠡᠬᠦ ᠵᠡᠷᠭᠡ ᠵᠠᠩᠭᠢᠯᠠᠭ᠎ᠠ ᠶᠢᠨ ᠴᠡᠭ ᠳᠡᠭᠡᠷ᠎ᠡ | ᠬᠦᠴᠦᠯᠡᠵᠦ᠂ ᠬᠡᠷᠡᠭᠴᠡᠭᠡ ᠪᠠᠷ ᠬᠠᠩᠭᠠᠯᠭ᠎ᠠ ᠶᠢ ᠳᠠᠶᠢᠴᠢᠯᠠᠬᠤ᠂ ᠬᠠᠩᠭᠠᠯᠭ᠎ᠠ ᠪᠠᠷ ᠬᠡᠷᠡᠭᠴᠡᠭᠡ ᠶᠢ ᠡᠭᠦᠳᠬᠦ ᠥᠨᠳᠥᠷ | ᠬᠢᠷᠢ ᠲᠦᠪᠰᠢᠨ ᠤ ᠬᠥᠳᠡᠯᠦᠩᠭᠦᠢ ᠲᠡᠩᠴᠡᠭᠦᠷᠢ ᠶᠢ ᠪᠦᠷᠢᠯᠳᠦᠭᠦᠯᠵᠦ᠂ ᠤᠯᠤᠰ ᠤᠨ ᠳᠣᠲᠣᠭᠠᠳᠤ ᠶᠢᠨ ᠲᠤᠮᠤ ᠵᠠᠬ᠎ᠠ | ᠳᠡᠯᠭᠡᠭᠦᠷ ᠪᠠ ᠤᠯᠤᠰ ᠤᠨ ᠳᠣᠲᠣᠭᠠᠳᠤ᠂ ᠤᠯᠠᠨ ᠤᠯᠤᠰ ᠤᠨ ᠬᠤᠣᠰ ᠣᠷᠴᠢᠯ ᠳᠤ ᠨᠡᠩ ᠰᠠᠶᠢᠨ ᠠᠭᠤᠰᠤᠯᠴᠠᠨ᠎ᠠ᠃ | ᠲᠦᠷᠪᠡ ᠳᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ | ᠠᠷᠠᠳ ᠲᠦᠮᠡᠨ ᠤ ᠪᠤᠶᠠᠨ ᠬᠡᠰᠢᠭ ᠢ ᠨᠡᠮᠡᠭᠳᠡᠭᠦᠯᠬᠦ ᠪᠠ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ | ᠠᠬᠢᠭᠤᠯᠬᠤ ᠪᠠᠷ ᠠᠯᠢᠪᠠ ᠠᠵᠢᠯ ᠤᠨ ᠢᠶᠠᠨ ᠡᠭᠦᠰᠭᠡᠯ ᠲᠡᠭᠦᠰᠬᠡᠯ ᠪᠣᠯᠭᠠᠵᠤ᠂ ᠠᠷᠠᠳ ᠤᠨ ᠠᠮᠢᠳᠤᠷᠠᠯ ᠢ | ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ | ᠢᠯᠠᠩᠭᠤᠶ᠎ᠠ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠠᠵᠢᠯ ᠣᠯᠭᠤᠯᠲᠠ᠂ ᠰᠤᠷᠭᠠᠨ ᠬᠥᠮᠦᠵᠢᠯ᠂ | ᠨᠠᠰᠤᠵᠢᠯ ᠤᠨ ᠠᠰᠠᠷᠠᠮᠵᠢ᠂ ᠡᠮᠴᠢᠯᠡᠭᠡ᠂ ᠨᠡᠶᠢᠭᠡᠮ ᠤᠨ ᠪᠠᠲᠤᠯᠠᠭ᠎ᠠ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ | ᠂ ᠠᠷᠠᠳ ᠤᠯᠠᠨ ᠢ ᠦᠨᠡᠨ ᠪᠣᠳᠠᠲᠤ ᠬᠦᠷᠲᠡᠭᠡᠮᠵᠢᠲᠦ ᠲᠦᠷᠦᠭᠳᠡᠯ ᠲᠠᠢ ᠪᠣᠯᠭᠠᠨ᠎ᠠ᠃ ᠲᠠᠪᠤ ᠳᠤ᠂ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠎ᠡ᠃ ᠠᠮᠤᠷ ᠲᠦᠪᠰᠢᠨ ᠬᠥᠭᠵᠢᠯᠲᠡ ᠶᠢ ᠬᠥᠭᠵᠢᠯᠲᠡ ᠶᠢᠨ ᠡᠯ᠎ᠡ | ᠬᠦᠷᠢᠶᠡᠨ ᠤ ᠪᠦᠬᠦ ᠶᠠᠪᠤᠴᠠ ᠳᠤ ᠲᠤᠭᠤᠰᠢᠯᠠᠭᠤᠯᠵᠤ᠂ ᠵᠣᠪᠠᠨᠢᠬᠤᠢ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ | ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠡᠯ᠎ᠡ ᠲᠦᠷᠦᠯ ᠤᠨ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ | ᠭᠡᠮ ᠢ ᠢᠷᠡᠯᠲᠡ ᠠᠴᠠ ᠨᠢ ᠰᠡᠷᠭᠡᠶᠢᠯᠡᠨ ᠨᠠᠮᠳᠠᠭᠠᠵᠤ᠂ ᠠᠰᠠᠭᠤᠳᠠᠯ ᠢ ᠰᠣᠶᠣᠭᠠᠯᠠᠯ ᠤᠨ ᠦᠶ᠎ᠡ᠂ ᠭᠠᠮᠰᠢᠭ ᠪᠣᠯᠣᠨ | ᠪᠦᠷᠢᠯᠳᠦᠬᠦ ᠠᠴᠠ ᠡᠮᠦᠨ᠎ᠡ ᠦᠨᠡᠨ ᠬᠦ ᠰᠢᠢᠳᠪᠦᠷᠢᠯᠡᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ | ᠡᠷᠡᠰ ᠰᠠᠬᠢᠬᠤ ᠬᠡᠷᠡᠭᠲᠡᠢ᠃ | ᠬᠥᠲᠥᠯᠥᠭᠴᠢ᠄ | ᠯᠸᠢ ᠡᠷᠬᠢᠯᠡᠭᠴᠢ ᠶᠢᠨ ᠨᠠᠷᠢᠯᠢᠭ ᠲᠠᠶᠢᠯᠪᠤᠷᠢᠯᠠᠭᠰᠠᠨ ᠳᠤ ᠪᠠᠶᠠᠷᠯᠠᠯ᠎ᠠ᠂ 2021 ᠣᠨ ᠤ ᠥᠪᠡᠷᠲᠡᠭᠡᠨ ᠵᠠᠰᠠᠬᠤ | ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠶ ᠬᠠᠮᠢᠶ᠎ᠠ ᠪᠥᠬᠦᠶ ᠶᠠᠷᠢᠶᠠᠨ ᠤ ᠰᠡᠳᠦᠪ | ᠮᠥᠨ ᠬᠦ ᠮᠠᠰᠢ ᠣᠯᠠᠨ ᠪᠠᠶᠢᠨ᠎ᠠ᠂ ᠭᠡᠪᠡᠴᠦ ᠴᠠᠭ ᠤᠨ ᠬᠠᠷᠠᠭ᠎ᠠ ᠠᠴᠠ ᠪᠣᠯᠵᠣ᠂ ᠥᠨᠥᠳᠦᠷ ᠤᠨ ᠰᠤᠷᠪᠤᠯᠵᠢᠯᠠᠭ᠎ᠠ | ᠠᠳᠡ ᠬᠥᠷᠥᠭᠡᠳ ᠥᠨᠳᠥᠷᠯᠡᠯ᠎ᠡ᠃ ᠳᠠᠷᠠᠭ᠎ᠠ ᠤᠳᠠᠭ᠎ᠠ ᠪᠠᠰᠠ ᠰᠦᠯᠵᠢᠶᠡᠨ ᠤ ᠠᠨᠳᠠ ᠨᠠᠷ ᠲᠠᠢ ᠪᠠᠨ ᠶᠠᠷᠢᠯᠴᠠᠬᠤ | ᠵᠠᠪᠰᠢᠶᠠᠨ ᠲᠠᠢ ᠪᠣᠯᠬᠤ ᠶᠢ ᠬᠦᠰᠡᠵᠦ ᠪᠠᠶᠢᠨ᠎ᠠ᠃ ᠥᠷᠭᠡᠨ ᠤᠯᠠᠨ ᠰᠦᠯᠵᠢᠶᠡᠨ ᠠᠨᠳᠠ ᠨᠠᠷ ᠤᠨ ᠲᠤᠰ ᠤᠳᠠᠭᠠᠨ ᠤ | ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ︕ ᠪᠠᠶᠠᠷᠲᠠᠢ︕ | ᠯᠸᠢ ᠵᠢᠶ ᠫᠧᠩ᠄ | ᠪᠠᠶᠠᠷᠲᠠᠶ︕ | | |