内蒙古自治区商务厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        2021 ᠣᠨ ᠤ ᠨᠢᠭᠡᠳᠦᠭᠡᠷ ᠤᠯᠠᠷᠢᠯ ᠤᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠤᠨ ᠲᠤᠬᠠᠶ ᠮᠡᠳᠡᠭᠡᠯᠡᠯ
        ᠨᠡᠶᠢᠲᠡᠯᠡᠭᠰᠡᠨ ᠴᠠᠭ᠄
        2022/1/6
           ᠡᠳᠦᠭᠡ 2021 ᠣᠨ ᠤ ᠨᠢᠭᠡᠳᠦᠭᠡᠷ ᠤᠯᠠᠷᠢᠯ ᠤᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠠᠷᠠᠯᠵᠢᠶ᠎ᠠ ᠬᠤᠳᠠᠯᠳᠤᠭᠠᠨ   ᠤ ᠭᠦᠢᠯᠭᠡᠭᠡᠨ    ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 25.6% ᠨᠡᠮᠡᠭᠳᠡᠪᠡ᠃ ᠡᠭᠦᠨ ᠳᠤ᠄ ᠬᠤᠲᠠ ᠪᠠᠯᠭᠠᠰᠤᠨ ᠤ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 26.6% ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠬᠡᠷᠡᠭᠯᠡᠭᠡᠨ ᠤ ᠬᠡᠯᠪᠡᠷᠢ ᠪᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 67.6% ᠪᠠᠷ ᠨᠡᠮᠡᠭᠳᠡᠪᠡ︔ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 21.5% ᠨᠡᠮᠡᠭᠳᠡᠵᠡᠶ  ᠃    ᠠᠵᠢᠯᠯᠠᠭᠠᠨ ᠤ ᠭᠤᠣᠯ ᠣᠨᠴᠠᠯᠢᠭ ᠪᠣᠯ᠄ ᠨᠢᠭᠡᠳᠦᠭᠡᠷ ᠤᠯᠠᠷᠢᠯ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠬᠦ ᠪᠠᠶᠢᠳᠠᠯ ᠢᠶᠠᠨ ᠦᠷᠭᠦᠯᠵᠢᠯᠡᠭᠦᠯᠵᠦ᠂ ᠬᠤᠳᠠ ᠬᠥᠳᠡᠭᠡ ᠶᠢᠨ ᠵᠠᠬ᠎ᠠ ᠳᠡᠯᠭᠡᠭᠦᠷ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 25.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — 2 ᠳ᠋ᠤᠭᠠᠷ ᠰᠠᠷ᠎ᠠ ᠶᠢᠨ ᠬᠢ ᠠᠴᠠ 2.7 ᠵᠠᠭᠤᠨ ᠤ ᠨᠢᠭᠡᠴᠢ ᠤᠳᠠᠭᠠᠰᠢᠷᠠᠪᠠ᠃ ᠬᠥᠳᠡᠭᠡ ᠲᠣᠰᠬᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠦᠷᠭᠦᠯᠵᠢᠯᠡᠨ ᠪᠠᠳᠠᠷᠠᠵᠤ᠂ ᠬᠥᠳᠡᠭᠡ ᠲᠣᠰᠬᠤᠨ ᠤ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 19.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — 2 ᠳ᠋ᠤᠭᠠᠷ ᠰᠠᠷ᠎ᠠ ᠶᠢᠨ ᠬᠢ ᠠᠴᠠ 5.9 ᠵᠠᠭᠤᠨ ᠤ ᠨᠢᠭᠡᠴᠢ ᠲᠦᠷᠭᠡᠳᠪᠡ᠃ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠤᠨ ᠢᠳᠡᠪᠬᠢᠴᠡ ᠳᠡᠭᠡᠭᠰᠢᠯᠡᠵᠦ᠂ ᠪᠥᠬᠦ ᠣᠷᠣᠨ ᠤ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 67.6% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — 2 ᠳ᠋ᠤᠭᠠᠷ ᠰᠠᠷ᠎ᠠ ᠶᠢᠨ ᠬᠢ ᠠᠴᠠ 16.8 ᠵᠠᠭᠤᠨ ᠤ ᠨᠢᠭᠡᠴᠢ ᠲᠦᠷᠭᠡᠨ ᠪᠣᠯᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠬᠡᠷᠡᠭᠯᠡᠭᠡᠨ ᠤ ᠵᠦᠢᠯ ᠤᠨ ᠲᠥᠷᠥᠯ ᠤᠨ ᠥᠷᠲᠡᠭ ᠠᠴᠠ ᠦᠵᠡᠪᠡᠯ᠂ ᠬᠡᠷᠡᠭᠯᠡᠭᠡᠨ ᠤ ᠲᠠᠰ ᠳᠡᠪᠰᠢᠬᠦ ᠲᠥᠷᠥᠯ ᠤᠨ ᠲᠠᠸᠠᠷ ᠤᠨ ᠬᠡᠷᠡᠭᠯᠡᠭᠡ ᠦᠷᠭᠦᠯᠵᠢᠯᠡᠨ ᠥᠷᠭᠡᠳᠴᠦ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠠᠳᠠᠯᠢ ᠬᠤᠭᠤᠴᠠᠭᠠᠨ ᠤ ᠬᠢ ᠠᠴᠠ 112.8% ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠠᠴᠠ 73.3 ᠵᠠᠭᠤᠨ ᠤ ᠨᠢᠭᠡᠴᠢ ᠥᠨᠳᠥᠷ ᠪᠣᠯᠪᠠ︔ ᠵᠠᠰᠠᠯ ᠴᠢᠮᠡᠭᠯᠡᠯ ᠤᠨ ᠡᠳ᠋ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 63.0% ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠣᠭᠠᠨ ᠤ ᠨᠡᠮᠡᠭᠳᠡᠯ ᠤᠨ ᠬᠤᠷᠳᠤᠴᠠ ᠠᠴᠠ 23.5 ᠵᠠᠭᠤᠨ ᠤ ᠨᠢᠭᠡᠴᠢ ᠥᠨᠳᠥᠷ ᠪᠣᠯᠵᠠᠶ᠃ ᠨᠢᠭᠡᠳᠦᠭᠡᠷ ᠤᠯᠠᠷᠢᠯ ᠳᠤ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 82.8% ᠪᠠᠷ ᠨᠡᠮᠡᠭᠳᠡᠵᠦ᠂ ᠤᠯᠤᠰ ᠤᠨ ᠳᠣᠲᠣᠭᠠᠳᠤ ᠶᠢᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠦᠨ᠎ᠡ ᠵᠠᠯᠭᠠᠭᠠᠪᠡᠷ ᠥᠰᠦᠭᠰᠡᠨ ᠵᠡᠷᠭᠡ ᠬᠦᠴᠦᠨ  ᠵᠦᠢᠯ ᠤᠨ ᠨᠥᠯᠥᠭᠡ ᠠᠴᠠ ᠪᠣᠯᠵᠣ᠂ ᠴᠢᠯᠠᠭᠤᠨ ᠲᠣᠰᠣ ᠵᠢᠴᠢ  ᠦᠢᠯᠡᠳᠬᠦᠨ ᠤ ᠲᠥᠷᠥᠯ ᠤᠨ ᠲᠠᠸᠠᠷ ᠤᠨ ᠬᠡᠷᠡᠭᠯᠡᠭᠡ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠵᠡᠶ᠃    ᠠᠶᠢᠮᠠᠭ ᠬᠤᠳᠠ ᠶᠢᠨ ᠪᠠᠶᠢᠳᠠᠯ ᠠᠴᠠ ᠦᠵᠡᠪᠡᠯ᠂ ᠪᠦᠬᠦ ᠣᠷᠣᠨ ᠤ 7 ᠠᠶᠢᠮᠠᠭ ᠬᠤᠳᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠲᠦᠪᠰᠢᠨ ᠳᠤ ᠬᠦᠷᠦᠭᠰᠡᠨ ᠪᠤᠶᠤ ᠲᠡᠭᠦᠨ ᠠᠴᠠ ᠳᠠᠪᠠᠵᠤ᠂ ᠬᠢᠩᠭᠠᠨ ᠠᠶᠢᠮᠠᠭ᠂ ᠤᠯᠠᠭᠠᠨᠬᠠᠳᠠ ᠬᠤᠳᠠ᠂ ᠤᠯᠠᠭᠠᠨᠴᠠᠪ ᠬᠤᠳᠠ᠂ ᠪᠠᠶᠠᠨᠨᠠᠭᠤᠷ ᠬᠤᠳᠠ᠂ ᠠᠯᠠᠱᠠ ᠠᠶᠢᠮᠠᠭ ᠵᠡᠷᠭᠡ 5 ᠠᠶᠢᠮᠠᠭ ᠬᠤᠳᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠲᠦᠪᠰᠢᠨ ᠠᠴᠠ ᠳᠣᠣᠷ᠎ᠠ ᠪᠣᠯᠪᠠ᠃    ᠬᠤᠶᠠᠷ᠂ ᠭᠠᠳᠠᠭᠠᠳᠤ ᠠᠷᠠᠯᠵᠢᠶ᠎ᠠ    ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠨᠡᠶᠢᠲᠡ 295.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.9% ᠪᠠᠷ ᠨᠡᠮᠡᠭᠳᠡᠨ᠂ 2019 ᠣᠨ ᠤ ᠨᠢᠭᠡᠳᠦᠭᠡᠷ ᠤᠯᠠᠷᠢᠯ ᠤᠨ ᠬᠢ ᠠᠴᠠ 12.76% ᠪᠠᠷ ᠨᠡᠮᠡᠭᠳᠡᠵᠡᠶ᠃ ᠡᠭᠦᠨ ᠳᠤ᠄ ᠭᠠᠳᠠᠭᠠᠳᠤ ᠣᠷᠣᠭᠤᠯᠤᠯᠲᠠ ᠶᠢᠨ ᠨᠡᠶᠢᠲᠡ ᠲᠤᠭ᠎ᠠ 187.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5 ᠵᠠᠭᠤᠨ ᠤ ᠨᠢᠭᠡᠴᠢ ᠥᠨᠳᠥᠷ ᠪᠣᠯᠪᠠ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 108.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 45.0 ᠵᠠᠭᠤᠨ ᠤ ᠨᠢᠭᠡᠴᠢ ᠥᠨᠳᠥᠷ ᠪᠣᠯᠵᠠᠶ᠃    ᠳ᠋ᠣᠯᠯᠠᠷ ᠤᠨ ᠪᠠᠷᠢᠮᠵᠢᠶ᠎ᠠ ᠪᠠᠷ ᠪᠣᠯ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 45.5 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.4% ᠨᠡᠮᠡᠭᠳᠡᠪᠡ᠂ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠨᠡᠶᠢᠲᠡ ᠲᠤᠭ᠎ᠠ 28.8 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.6% ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 16.7 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.0% ᠨᠡᠮᠡᠭᠳᠡᠵᠡᠶ᠃    ᠠᠵᠢᠯᠯᠠᠭᠠᠨ ᠤ ᠭᠤᠣᠯ ᠣᠨᠴᠠᠯᠢᠭ ᠪᠣᠯ᠄ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠡᠮᠵᠢᠶ᠎ᠡ ᠶᠢᠨ ᠨᠡᠮᠡᠭᠳᠡᠬᠦ ᠬᠠᠨᠳᠤᠰᠢ ᠰᠠᠶᠢᠨ ᠪᠠᠶᠢᠨ᠎ᠠ᠃ ᠨᠢᠭᠡᠳᠦᠭᠡᠷ ᠤᠯᠠᠷᠢᠯ ᠳᠤ᠂ ᠠᠳᠠᠯᠢ ᠬᠤᠭᠤᠴᠠᠭᠠᠨ ᠤ ᠬᠢ ᠠᠴᠠ ᠦᠵᠡᠪᠡᠯ᠂ ᠮᠠᠨ ᠤ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ᠂ ᠭᠠᠳᠠᠭᠠᠳᠤ ᠭᠠᠷᠭᠠᠯᠲᠠ᠂ ᠭᠠᠳᠠᠭᠠᠳᠤ ᠣᠷᠣᠭᠤᠯᠤᠯᠲᠠ ᠲᠣᠰ ᠲᠣᠰ 15.9%᠂ 33.2% ᠪᠠ 7.7% ᠨᠡᠮᠡᠭᠳᠡᠵᠦ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 19.9 ᠵᠠᠭᠤᠨ ᠤ ᠨᠢᠭᠡᠴᠢ ᠥᠨᠳᠥᠷ ᠪᠣᠯᠵᠣ᠂ 2019 ᠣᠨ ᠤ ᠨᠢᠭᠡᠳᠦᠭᠡᠷ ᠤᠯᠠᠷᠢᠯ ᠤᠨ 4.7 ᠵᠠᠭᠤᠨ ᠤ ᠨᠢᠭᠡᠴᠢ ᠥᠨᠳᠥᠷ ᠪᠣᠯᠵᠠᠶ᠃ ᠡᠭᠦᠨ ᠳᠤ᠄ ᠪᠥᠬᠦ ᠣᠷᠣᠨ ᠤ ᠭᠠᠳᠠᠭᠠᠳᠤ ᠭᠠᠷᠭᠠᠯᠲᠠ ᠠᠳᠠᠯᠢ ᠬᠤᠭᠤᠴᠠᠭᠠᠨ ᠤ ᠬᠢ ᠠᠴᠠ ᠨᠡᠶᠢᠲᠡ 33.2% ᠨᠡᠮᠡᠭᠳᠡᠵᠦ᠂ ᠭᠠᠳᠠᠭᠠᠳᠤ ᠭᠠᠷᠭᠠᠯᠲᠠ ᠶᠢᠨ ᠭᠠᠳᠠᠭᠠᠳᠤ ᠠᠷᠠᠯᠵᠢᠶ᠎ᠠ ᠶᠢᠨ ᠨᠡᠮᠡᠭᠳᠡᠯ ᠳᠤ ᠦᠵᠡᠭᠦᠯᠬᠦ ᠳᠠᠶᠢᠴᠢᠯᠠᠬᠤ ᠦᠶ᠋ᠯᠡᠳᠦᠯ ᠢᠯᠡᠳᠲᠡ ᠪᠣᠯᠪᠠ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠠᠮᠢᠵᠢᠷᠠᠯ ᠤᠨ ᠪᠥᠬᠦ ᠣᠷᠣᠨ ᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠨᠡᠶᠢᠲᠡ 194.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.3% ᠨᠡᠮᠡᠭᠳᠡᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠨᠢᠭᠡᠳᠦᠭᠡᠷ ᠲᠣᠮᠣ ᠡᠵᠡᠩᠨᠡᠯᠲᠡ ᠶᠢᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠦᠷᠭᠦᠯᠵᠢᠯᠡᠨ ᠪᠠᠲᠤᠯᠠᠵᠤ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠥᠷᠲᠡᠭ ᠲᠤ ᠡᠵᠡᠯᠡᠬᠦ ᠬᠤᠪᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠬᠡᠮᠵᠢᠶ᠎ᠡ 84.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.2% ᠨᠡᠮᠡᠭᠳᠡᠪᠡ᠃ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠬᠡᠮᠵᠢᠶ᠎ᠡ 16.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠪᠠᠭᠤᠷᠠᠪᠠ᠃ ᠪᠣᠯᠪᠠᠰᠤᠷᠠᠭᠤᠯᠬᠤ ᠠᠷᠠᠯᠵᠢᠶ᠎ᠠ ᠲᠦᠷᠭᠡᠨ ᠢᠶᠠᠷ ᠨᠡᠮᠡᠭᠳᠡᠪᠡ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 9.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 178.8% ᠨᠡᠮᠡᠭᠳᠡᠪᠡ︔ ᠡᠩ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 199.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠨᠡᠮᠡᠭᠳᠡᠪᠡ︔ ᠬᠢᠯᠢ ᠶᠢᠨ ᠪᠠᠭ᠎ᠠ ᠲᠣᠭᠠᠨ ᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 56.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.5% ᠪᠠᠷ ᠨᠡᠮᠡᠭᠳᠡᠪᠡ᠃ ᠲᠠᠸᠠᠷ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠨᠢᠭᠡᠳᠦᠭᠡᠷ ᠤᠯᠠᠷᠢᠯ ᠳᠤ᠂ ᠮᠠᠰᠢᠨ ᠴᠠᠬᠢᠯᠭᠠᠨ ᠤ ᠦᠶ᠋ᠯᠡᠳᠬᠦᠨ᠂ ᠳᠡᠭᠡᠳᠦ ᠰᠢᠨ᠎ᠡ ᠮᠡᠷᠭᠡᠵᠢᠯ ᠤᠨ ᠦᠶ᠋ᠯᠡᠳᠬᠦᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠠᠳᠠᠯᠢ ᠬᠤᠭᠤᠴᠠᠭᠠᠨ ᠤ ᠬᠢ ᠠᠴᠠ 46.2% ᠨᠡᠮᠡᠭᠳᠡᠵᠦ᠂ ᠪᠥᠬᠦ ᠣᠷᠣᠨ ᠤ ᠨᠡᠮᠡᠭᠳᠡᠯ ᠤᠨ ᠬᠤᠷᠳᠤᠴᠠ ᠠᠴᠠ 30.3 ᠵᠠᠭᠤᠨ ᠤ ᠨᠢᠭᠡᠴᠢ ᠥᠨᠳᠥᠷ ᠪᠣᠯᠪᠠ︔ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠥᠷᠲᠡᠭ ᠲᠤ ᠡᠵᠡᠯᠡᠬᠦ ᠬᠤᠪᠢ ᠶᠢᠨ ᠵᠢᠩ ᠡᠭᠦᠨ ᠳᠤ᠄ ᠪᠥᠬᠦ ᠣᠷᠣᠨ ᠤ ᠭᠠᠳᠠᠭᠠᠳᠤ ᠭᠠᠷᠭᠠᠯᠲᠠ ᠶᠢᠨ ᠶᠡᠷᠦᠩᠬᠡᠶ ᠥᠷᠲᠡᠭ ᠲᠤ ᠡᠵᠡᠯᠡᠬᠦ ᠭᠠᠳᠠᠭᠠᠳᠤ ᠭᠠᠷᠭᠠᠯᠲᠠ ᠶᠢᠨ ᠬᠤᠪᠢ ᠶᠢᠨ ᠵᠢᠩ 25.6% ᠪᠠᠶᠢᠵᠤ᠂ ᠨᠢᠳᠤᠨᠤᠨ ᠤ ᠨᠢᠭᠡᠳᠦᠭᠡᠷ ᠤᠯᠠᠷᠢᠯ ᠤᠨ ᠬᠢ ᠠᠴᠠ 5.3 ᠵᠠᠭᠤᠨ ᠤ ᠨᠢᠭᠡᠴᠢ ᠳᠡᠭᠡᠭᠰᠢᠯᠡᠪᠡ᠃ ᠠᠷᠠᠯᠵᠢᠶᠠᠨ ᠤ ᠵᠠᠬ᠎ᠠ ᠳᠡᠯᠭᠡᠭᠦᠷ ᠨᠡᠩ ᠤᠯᠠᠨ ᠡᠰᠢᠵᠢᠪᠡ᠃ ᠨᠢᠭᠡᠳᠦᠭᠡᠷ ᠤᠯᠠᠷᠢᠯ ᠳᠤ᠂ ᠭᠤᠣᠯ ᠪᠣᠯᠬᠤ ᠠᠷᠠᠯᠵᠢᠶᠠᠨ ᠤ ᠬᠠᠨᠢᠲᠠᠨ ᠠᠴᠠ ᠠᠪᠴᠤ ᠦᠵᠡᠪᠡᠯ᠂ ᠮᠣᠩᠭᠤᠯ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ 81.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 83.4% ᠨᠡᠮᠡᠭᠳᠡᠵᠦ᠂ ᠪᠦᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠦᠷᠳᠡᠭ ︵ᠳᠣᠷᠣᠭᠰᠢ ᠠᠳᠠᠯᠢ︶ ᠤᠨ 27.5% ᠢ ᠡᠵᠡᠯᠡᠪᠡ︔ ᠣᠷᠣᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 40.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.2% ᠢᠶᠠᠷ ᠨᠡᠮᠡᠭᠳᠡᠨ᠂ 13.6% ᠶᠢ ᠡᠵᠡᠯᠡᠪᠡ ᠃ ᠡᠨᠡ ᠬᠤᠶᠠᠷ ᠢ ᠨᠡᠶᠢᠯᠡᠭᠦᠯᠵᠦ ᠪᠤᠳᠤᠪᠠᠯ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 121.4 ᠳ᠋ᠦᠩᠰᠢᠭᠤᠷ ᠲᠥᠭᠦᠷᠢᠭ ᠲᠤ ᠬᠦᠷᠴᠦ᠂ 41.1% ᠶᠢ ᠡᠵᠡᠯᠡᠵᠡᠶ᠃ ᠲᠦᠷᠦᠭᠦᠦ ᠠᠷᠪᠠᠨ ᠶᠡᠭᠡ ᠠᠷᠠᠯᠵᠢᠶᠠᠨ ᠤ ᠤᠯᠤᠰ ᠤᠨ ᠳᠣᠲᠣᠷ᠎ᠠ᠂ ᠰᠢᠨ᠎ᠡ ᠽᠢᠯᠠᠨᠳ᠋ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ ᠪᠠᠭᠤᠷᠠᠭᠰᠠᠨ ᠠᠴᠠ ᠭᠠᠳᠠᠨ᠎ᠠ᠂ ᠪᠤᠰᠤᠳ ᠨᠢ ᠴᠥᠮ ᠨᠡᠮᠡᠭᠳᠡᠭᠰᠡᠨ ᠪᠠᠶᠢᠨ᠎ᠠ᠃ ᠣᠯᠠᠩᠬᠢ ᠠᠶᠢᠮᠠᠭ ᠬᠤᠳᠠ ᠶᠢᠨ ᠬᠢᠨ ᠡᠶᠡᠷᠭᠦ ᠨᠡᠮᠡᠭᠳᠡᠯ ᠢ ᠪᠡᠶᠡᠯᠡᠭᠦᠯᠪᠡ᠃ 12 ᠠᠶᠢᠮᠠᠭ ᠬᠤᠲᠠ ᠶᠢᠨ ᠳᠣᠲᠣᠷᠠᠬᠢ 10 ᠠᠶᠢᠮᠠᠭ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠠᠭ ᠨᠡᠮᠡᠭᠳᠡᠵᠦ᠂ ᠡᠭᠦᠨ ᠳᠤ ᠬᠥᠯᠥᠨ ᠪᠤᠶᠢᠷ ᠬᠤᠲᠠ ︵ᠮᠠᠨᠵᠤᠤᠷ ᠬᠤᠲᠠ ᠪᠠᠭᠲᠠᠨ᠎ᠠ︶᠂ ᠰᠢᠯᠢ ᠶᠢᠨ ᠭᠤᠤᠯ ᠠᠶᠢᠮᠠᠭ ︵ᠡᠷᠢᠶᠡᠨ ᠬᠤᠲᠠ ᠪᠠᠭᠲᠠᠨ᠎ᠠ︶᠂ ᠣᠷᠳᠣᠰ ᠬᠤᠲᠠ ᠶᠢᠨ ᠭᠠᠳᠠᠭᠠᠳᠤ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ ᠪᠠᠶᠢᠨ᠎ᠠ︔ ᠡᠭᠦᠨ ᠳᠤ ᠬᠥᠯᠥᠨ ᠪᠤᠶᠢᠷ ᠬᠤᠲᠠ ︵ᠮᠠᠨᠵᠤᠤᠷ ᠬᠤᠲᠠ ᠪᠠᠭᠲᠠᠨ᠎ᠠ︶᠂ ᠰᠢᠯᠢ ᠶᠢᠨ ᠭᠤᠤᠯ ᠠᠶᠢᠮᠠᠭ ︵ᠡᠷᠢᠶᠡᠨ ᠬᠤᠲᠠ ᠪᠠᠭᠲᠠᠨ᠎ᠠ︶᠂ ᠣᠷᠳᠣᠰ ᠬᠤᠲᠠ ᠶᠢᠨ ᠭᠠᠳᠠᠭᠠᠳᠤ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ ᠪᠠᠶᠢᠨ᠎ᠠ︔ ᠲᠦᠩᠯᠢᠶᠣᠤ ᠬᠤᠲᠠ᠂ ᠠᠯᠠᠱᠠ ᠠᠶᠢᠮᠠᠭ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ ᠶᠢᠨ ᠭᠠᠳᠠᠭᠠᠳᠤ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ ᠪᠠᠶᠢᠨ᠎ᠠ᠃    ᠭᠤᠷᠪᠠ᠂ ᠭᠠᠳᠠᠭᠠᠳᠤ ᠶᠢᠨ ᠪᠡᠯᠡ ᠮᠥᠩᠭᠦ ᠶᠢ ᠰᠢᠭᠤᠳ ᠠᠰᠢᠭᠯᠠᠬᠤ    ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 6 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4 ᠬᠠᠰᠤᠭᠳᠠᠵᠠᠢ︔ ᠭᠠᠳᠠᠭᠠᠳᠤ ᠪᠡᠯᠡ ᠶᠢ 3.98 ᠳ᠋ᠦᠩᠰᠢᠭᠤᠷ ᠳ᠋ᠣᠯᠯᠠᠷ ᠪᠣᠳᠠᠲᠠᠶ ᠠᠰᠢᠭᠯᠠᠵᠤ᠂ ᠠᠳᠠᠯᠢ ᠬᠤᠭᠤᠴᠠᠭᠠᠨ ᠤ ᠬᠢ ᠠᠴᠠ 36.91% ᠪᠠᠷ ᠪᠠᠭᠤᠷᠠᠪᠠ᠃ ᠤᠯᠤᠰ ᠤᠨ ᠢᠯᠭᠠᠯ ︵ᠭᠠᠵᠠᠷ ᠣᠷᠣᠨ︶ ᠠᠴᠠ ᠦᠵᠡᠪᠡᠯ᠂ ᠪᠠᠯᠠ ᠣᠷᠣᠭᠤᠯᠤᠯᠲᠠ ᠨᠢ ᠭᠤᠤᠯᠳᠠᠭᠤ ᠰᠢᠶᠠᠩᠭᠠᠩ ᠣᠷᠣᠨ ᠠᠴᠠ ᠢᠷᠡᠯᠲᠡ ᠲᠠᠢ︔ ᠪᠡᠯᠡ ᠣᠷᠣᠭᠤᠯᠤᠯᠲᠠ ᠶᠢᠨ ᠠᠵᠢᠯ ᠲᠦᠷᠦᠯ ᠠᠴᠠ ᠦᠵᠡᠪᠡᠯ᠂ ᠭᠤᠣᠯᠳᠠᠭᠤ ᠲᠠᠷᠢᠶᠠᠯᠠᠩ᠂ ᠤᠢ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ ᠂ ᠦᠢᠯᠡᠳᠬᠦ ᠦᠢᠯᠡᠰ᠂ ᠠᠭᠤᠷᠬᠠᠶ ᠮᠠᠯᠲᠠᠬᠤ ᠦᠢᠯᠡᠰ᠂ ᠮᠥᠩᠭᠦᠨ ᠭᠦᠢᠯᠭᠡᠭᠡᠨ ᠤ ᠦᠢᠯᠡᠰ ᠵᠡᠷᠭᠡ ᠳᠤ ᠲᠥᠪᠯᠡᠷᠡᠵᠦ ᠪᠠᠶᠢᠨ᠎ᠠ︔ ᠪᠠᠯᠠ ᠮᠥᠩᠭᠦ ᠶᠢᠨ ᠲᠠᠷᠬᠠᠯᠲᠠ ᠶᠢᠨ ᠪᠠᠶᠢᠳᠠᠯ ᠠᠴᠠ ᠦᠵᠡᠪᠡᠯ᠂ ᠭᠤᠤᠯᠳᠠᠭᠤ ᠬᠥᠬᠡᠬᠤᠲᠠ᠂ ᠣᠷᠳᠣᠰ ᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ ᠳᠤ ᠲᠥᠪᠯᠡᠷᠡᠵᠦ ᠪᠠᠶᠢᠨ᠎ᠠ᠃    ᠨᠢᠭᠡᠳᠦᠭᠡᠷ ᠤᠯᠠᠷᠢᠯ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠭᠰᠡᠨ ᠢᠶᠠᠷ᠂ ᠮᠠᠨ ᠤ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠵᠣᠭᠤᠰᠣᠨ ᠲᠤᠭ᠎ᠠ 14327 ᠲᠦᠮᠡᠨ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.43% ᠪᠠᠷ ᠪᠠᠭᠤᠷᠠᠪᠠ᠃    ᠳᠥᠷᠪᠡ᠂ ᠭᠠᠳᠠᠭᠠᠳᠤ ᠳᠤ ᠪᠠᠯᠠ ᠣᠷᠣᠭᠤᠯᠤᠨ ᠬᠠᠮᠲᠤᠷᠠᠯᠴᠠᠬᠤ    ᠨᠢᠭᠡᠳᠦᠭᠡᠷ ᠤᠯᠠᠷᠢᠯ ᠳᠤ᠂ ᠪᠥᠬᠦ ᠣᠷᠣᠨ ᠳᠤ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠲᠥᠷᠥᠯ ᠵᠦᠶ᠋ᠯ 14 ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 3 ᠨᠡᠮᠡᠭᠳᠡᠵᠡᠶ︔ ᠳᠤᠮᠳᠠᠳᠤ ᠶᠢᠨ ᠲᠠᠯ᠎ᠠ ᠶᠢᠨ ᠬᠡᠯᠡᠯᠴᠡᠭᠡᠷ ᠢᠶᠠᠷ ᠪᠠᠯᠠ ᠣᠷᠣᠭᠤᠯᠤᠭᠰᠠᠨ ᠲᠤᠭ᠎ᠠ ︵ᠨᠡᠮᠡᠭᠳᠡᠭᠰᠡᠨ ᠪᠠᠯᠠ ᠪᠠᠭᠲᠠᠨ᠎ᠠ︶ 1.63 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 66.6% ᠪᠠᠷ ᠪᠠᠭᠤᠷᠠᠪᠠ᠃ ᠪᠡᠯᠡ ᠣᠷᠣᠭᠤᠯᠤᠭᠰᠠᠨ ᠤᠯᠤᠰ ᠤᠨ ᠢᠯᠭᠠᠯ ︵ᠭᠠᠵᠠᠷ ᠣᠷᠣᠨ︶ ᠨᠢ ᠭᠤᠣᠯᠳᠠᠭᠤ ᠮᠣᠩᠭᠤᠯ᠂ ᠣᠷᠣᠰ᠂ ᠠᠷᠠᠪ ᠤᠨ ᠬᠤᠯᠪᠣᠭᠠᠲᠤ ᠠᠬᠠᠮᠠᠳᠳᠤ ᠤᠯᠤᠰ ᠵᠡᠷᠭᠡ ᠪᠣᠯᠤᠨ᠎ᠠ᠃ ᠪᠡᠯᠡ ᠣᠷᠣᠭᠤᠯᠤᠯᠲᠠ ᠶᠢᠨ ᠬᠦᠷᠢᠶ᠎ᠡ ᠨᠢ ᠭᠤᠣᠯᠳᠠᠭᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠵᠠᠮ ᠲᠡᠭᠡᠭᠡᠪᠦᠷᠢ᠂ ᠲᠠᠷᠢᠶᠠᠯᠠᠩ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠵᠡᠷᠭᠡ ᠳᠤ ᠲᠥᠪᠯᠡᠷᠡᠵᠦ ᠪᠠᠶᠢᠨ᠎ᠠ᠃    ᠲᠠᠪᠤ᠂ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ    ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1521.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.4% ᠨᠡᠮᠡᠭᠳᠡᠪᠡ᠃ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1357.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.1% ᠪᠠᠷ ᠨᠡᠮᠡᠭᠳᠡᠪᠡ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 164.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠪᠡ᠃    ᠮᠣᠩᠭᠤᠯ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1024.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 44.2% ᠢᠶᠠᠷ ᠨᠡᠮᠡᠭᠳᠡᠪᠡ᠂ ᠡᠭᠦᠨ ᠳᠤ᠄ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 969.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 54.1% ᠪᠠᠷ ᠨᠡᠮᠡᠭᠳᠡᠪᠡ︔  
         
        ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
         
        2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号