内蒙古自治区商务厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠤᠨ ᠲᠤᠬᠠᠶ ᠮᠡᠳᠡᠭᠳᠡᠯ
        ᠨᠡᠶᠢᠲᠡᠯᠡᠭᠰᠡᠨ ᠴᠠᠭ᠄
        2022/1/6
           ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠤᠨ ᠲᠤᠬᠠᠶ ᠮᠡᠳᠡᠭᠳᠡᠯ    ᠥᠪᠥᠷ ᠱᠠᠩ ᠶᠦᠨ ᠦᠰᠦᠭ ﹇2021﹈ 133 ᠳ᠋ᠤᠭᠠᠷ ᠲᠣᠭᠠᠲᠤ    ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄    ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 715 ᠳ᠋ᠤᠭᠠᠷ ᠲᠣᠭᠠᠲᠤ︶ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶᠂ ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠳᠦᠷᠢᠮ︾ ︵ᠬᠤᠳᠠᠯᠳᠤᠭᠠᠨ ᠤ ᠶᠠᠪᠤᠳᠠᠯ ᠤᠨ ᠶᠠᠮᠤᠨ ᠤ ᠵᠠᠷᠯᠢᠭ 2020 ᠣᠨ ᠤ 2 ᠳ᠋ᠤᠭᠠᠷ ᠲᠣᠭᠠᠲᠤ︶ ︵ᠳᠣᠷᠣᠭᠰᠢ ︽ᠬᠡᠷᠡᠭᠵᠢᠭᠦᠯᠬᠦ ᠨᠠᠷᠢᠨ ᠳᠦᠷᠢᠮ︾ ᠭᠡᠵᠦ ᠲᠣᠪᠴᠢᠯᠠᠨ᠎ᠠ︶ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠵᠢᠴᠢ ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠢᠯ ᠲᠥᠷᠥᠯ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠬᠤᠳᠠᠯᠳᠤᠭᠠᠨ ᠤ ᠠᠯᠪᠠᠨ ᠬᠡᠷ ᠤᠨ ᠬᠡᠷᠡᠭᠯᠡᠭᠡᠨ ᠤ ᠵᠠᠬᠢᠳᠠᠯ ︹ ︹ 2020 ︺ 289 ᠳ᠋ᠦᠭᠡᠷ ᠲᠣᠭᠠᠲᠤ︶᠂ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ︵ᠳᠣᠷᠣᠭᠰᠢ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ᠭᠡᠵᠦ ᠲᠣᠪᠴᠢᠯᠠᠨ᠎ᠠ︶ ᠤᠨ ᠬᠢᠷᠢ ᠴᠢᠳᠠᠮᠵᠢ ᠶᠢ ᠦᠨᠡᠮᠰᠢᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠵᠤ᠂ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠢᠯ ᠲᠥᠷᠥᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠂ ᠡᠳᠦᠭᠡ ᠬᠤᠯᠪᠣᠭᠳᠠᠯ ᠪᠥᠬᠦᠶ ᠠᠵᠢᠯ ᠢ ᠳᠣᠤᠷᠠᠬᠢ ᠮᠡᠲᠦ ᠮᠡᠳᠡᠭᠳᠡᠶ᠎ᠡ᠄   ᠨᠢᠭᠡ᠂ ᠬᠢᠷᠢ ᠴᠢᠳᠠᠮᠵᠢ ᠪᠠᠷ ᠦᠨᠡᠮᠰᠢᠬᠦ ᠠᠵᠢᠯ ᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠶ    ᠤᠯᠤᠰ ᠠᠴᠠ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ︵ᠳᠣᠷᠣᠭᠰᠢ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ᠭᠡᠵᠦ ᠲᠣᠪᠴᠢᠯᠠᠨ᠎ᠠ ︶ ᠲᠤ ᠬᠢᠷᠢ ᠴᠢᠳᠠᠮᠵᠢ ᠶᠢ ᠦᠨᠡᠮᠰᠢᠬᠦ ᠲᠦᠷᠢᠮ ᠢ ᠬᠡᠷᠡᠭᠵᠢᠭᠦᠯᠵᠦ᠂ ᠡᠯ᠎ᠡ ᠱᠠᠲᠤᠨ ᠤ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠢᠷᠢ ᠴᠢᠳᠠᠮᠵᠢ ᠶᠢ ᠦᠨᠡᠮᠰᠢᠬᠦ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃    1.ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ  ᠤᠨ ᠲᠢᠩᠬᠢᠮ ᠪᠥᠬᠦ ᠣᠷᠣᠨ ᠤ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ  ᠤᠨ ᠬᠠᠮᠢᠶᠠᠷᠤᠯᠲᠠ  ᠶᠢᠨ ᠠᠵᠢᠯ  ᠢ ᠬᠠᠷᠢᠭᠤᠴᠠᠨ᠎ᠠ    2.ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ   ᠤᠨ ᠬᠢᠷᠢ ᠴᠢᠳᠠᠮᠵᠢ  ᠢᠶᠠᠷ ᠦᠨᠡᠮᠰᠢᠬᠦ  ᠢᠶᠠᠷ ᠬᠠᠷᠢᠭᠤᠴᠠᠨ ᠬᠡᠷᠡᠭᠵᠢᠭᠦᠯᠵᠦ᠂ ᠦᠨᠡᠮᠰᠢᠬᠦ ᠲᠤ ᠬᠢᠷᠢ ᠲᠡᠩᠴᠡᠭᠰᠡᠨ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ᠲᠤ ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ  ᠢᠶᠠᠷ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ  ᠤᠨ ᠬᠢᠷᠢ ᠴᠢᠳᠠᠮᠵᠢ  ᠢᠶᠠᠷ ᠦᠨᠡᠮᠰᠢᠬᠦ ᠦᠨᠡᠮᠯᠡᠯ︾ ︵ᠳᠣᠷᠣᠭᠰᠢ ︽ᠬᠢᠷᠢ ᠴᠢᠳᠠᠮᠵᠢ  ᠢᠶᠠᠷ ᠦᠨᠡᠮᠰᠢᠬᠦ ᠦᠨᠡᠮᠯᠡᠯ︾ ᠭᠡᠵᠦ ᠲᠣᠪᠴᠢᠯᠠᠨ᠎ᠠ︶ ᠬᠢᠨᠠᠨ ᠣᠯᠭᠤᠨ᠎ᠠ᠃ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠵᠠᠳᠠᠯᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠡᠳ᠋ ᠤᠨ ᠶᠠᠪᠤᠳᠠᠯ ᠵᠡᠷᠭᠡ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ ᠢᠶᠠᠷ ᠪᠦᠷᠢᠯᠳᠦᠭᠰᠡᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠬᠤ ᠶᠢᠨ ᠬᠠᠮᠲᠤ ᠬᠥᠳᠡᠯᠦᠩᠭᠦᠶ ᠲᠣᠬᠢᠷᠠᠭᠤᠯᠤᠯᠲᠠ ᠬᠢᠬᠦ ᠵᠡᠷᠭᠡ ᠠᠵᠢᠯ ᠢ ᠬᠡᠷᠡᠭᠵᠢᠭᠦᠯᠦᠨ᠎ᠡ᠃    ︵ᠬᠤᠶᠠᠷ︶ ᠠᠶᠢᠮᠠᠭ ᠬᠤᠳᠠ ᠶᠢᠨ ᠬᠤᠳᠠᠯᠳᠤᠭᠠᠨ ᠤ ᠶᠠᠪᠤᠳᠠᠯ  ᠤᠨ ᠲᠣᠪᠴᠢᠶ᠎ᠠ ᠲᠤᠰ ᠵᠠᠰᠠᠭ ᠵᠠᠬᠢᠷᠭᠠᠨ ᠤ ᠣᠷᠣᠨ  ᠤ ᠪᠠᠨ ᠳᠣᠲᠣᠷᠠᠬᠢ ᠡᠭᠡᠭᠦᠯᠦᠨ ᠬᠤᠷᠢᠶᠠᠵᠤ ᠵᠠᠳᠠᠯᠬᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ    ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠬᠢᠷᠢ ᠴᠢᠳᠠᠮᠵᠢ ᠶᠢ ᠮᠠᠭᠠᠳᠯᠠᠨ ᠲᠣᠭᠲᠠᠭᠠᠬᠤ ᠠᠩᠬᠠᠨ ᠤ ᠬᠢᠨᠠᠯᠲᠠ ᠶᠢᠨ ᠠᠵᠢᠯ ᠢ ᠬᠠᠷᠢᠭᠤᠴᠠᠵᠤ᠂ ᠮᠠᠲ᠋ᠧᠷᠢᠶᠠᠯ ᠨᠢ ᠪᠦᠷᠢᠨ ᠭᠦᠶ᠋ᠴᠡᠳ ᠪᠠᠶᠢᠬᠤ ᠡᠰᠡᠬᠦ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠬᠡᠷᠡᠭᠲᠡᠶ︔ ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠭᠰᠠᠨ ᠭᠡᠷᠡᠴᠢ︾ ︵ᠨᠡᠶᠢᠳᠡ ᠵᠢᠷᠭᠤᠭᠠᠨ ᠬᠤᠯᠪᠣᠭ᠎ᠠ︶ ᠶᠢ ᠳᠠᠷᠤᠮᠠᠯᠯᠠᠬᠤ᠂ ᠲᠠᠮᠠᠭ᠎ᠠ ᠳᠠᠷᠤᠬᠤ ᠪᠠ ᠣᠯᠭᠤᠬᠤ ᠠᠵᠢᠯ ᠢ ᠬᠠᠷᠢᠭᠤᠴᠠᠨ᠎ᠠ︔ ᠠᠵᠤ ᠠᠬᠤᠶᠢᠯᠠᠯ ᠤᠨ ᠲᠠᠩᠰᠠ ᠡᠪᠬᠡᠮᠡᠯ ᠢ ᠬᠤᠷᠢᠶᠠᠨ ᠠᠪᠴᠤ ᠵᠠᠳᠠᠯᠬᠤ᠂ ᠮᠡᠳᠡᠭᠡ ᠵᠠᠩᠭᠢ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠵᠡᠷᠭᠡ ᠠᠵᠢᠯ ᠢ ᠬᠠᠷᠢᠭᠤᠴᠠᠨ᠎ᠠ᠃    ︵ᠭᠤᠷᠪᠠ︶ ᠬᠤᠰᠢᠭᠤ ᠰᠢᠶᠠᠨ  ᠤ ᠱᠠᠲᠤᠨ ᠠᠴᠠ ᠳᠡᠭᠡᠭᠰᠢᠬᠢ ᠣᠷᠣᠨ ᠨᠤᠲᠤᠭ  ᠤᠨ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠡᠭᠡᠭᠦᠯᠦᠨ ᠬᠤᠷᠢᠶᠠᠵᠤ ᠵᠠᠳᠠᠯᠬᠤ ᠠᠵᠢᠯᠯᠠᠭ᠎ᠠ  ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠶᠢ ᠬᠠᠷᠢᠭᠤᠴᠠᠨ᠎ᠠ    ᠡᠯ᠎ᠡ ᠭᠠᠵᠠᠷ ᠤᠨ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠶ᠋ᠯᠡᠳᠪᠦᠷᠢ ᠮᠡᠳᠡᠭᠡ ᠵᠠᠩᠭᠢᠵᠢᠯᠲᠠ᠂ ᠳᠣᠲᠣᠭᠠᠳᠤ ᠶᠢ ᠬᠠᠮᠠᠭᠠᠯᠠᠬᠤ᠂ ᠠᠮᠢ ᠠᠬᠤᠶ ᠶᠢᠨ ᠣᠷᠴᠢᠨ ᠲᠣᠭᠤᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠠᠷᠢᠶ᠎ᠠ ᠣᠷᠣᠨᠴᠢᠯᠠᠨ ᠬᠠᠮᠢᠶᠠᠷᠬᠤ ᠪᠠᠷ ᠵᠠᠷᠴᠢᠮ ᠪᠣᠯᠭᠠᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠵᠡᠷᠭᠡ ᠠᠷᠭ᠎ᠠ ᠮᠠᠶ᠋ᠢᠭ ᠢ ᠠᠪᠴᠤ᠂ ᠬᠠᠷᠢᠶ᠎ᠠ ᠣᠷᠣᠨ ᠤ ᠳᠣᠲᠣᠷᠠᠬᠢ ᠡᠭᠡᠭᠦᠯᠦᠨ ᠬᠤᠷᠢᠶᠠᠵᠤ ᠵᠠᠳᠠᠯᠬᠤ ᠠᠵᠢᠯᠯᠠᠭ᠎ᠠ ᠳᠤ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠶᠢ ᠬᠡᠷᠡᠭᠵᠢᠭᠦᠯᠦᠨ᠎ᠡ᠃    ᠬᠤᠶᠠᠷ᠂ ᠬᠢᠷᠢ ᠴᠢᠳᠠᠮᠵᠢ ᠶᠢ ᠮᠠᠭᠠᠳᠯᠠᠨ ᠲᠣᠭᠲᠠᠭᠠᠬᠤ ᠳᠤ ᠪᠦᠷᠢᠯᠳᠦᠭᠦᠯᠪᠡᠰᠦ ᠵᠣᠬᠢᠬᠤ ᠨᠥᠬᠦᠴᠡᠯ ᠪᠠ ᠮᠠᠲ᠋ᠧᠷᠢᠶᠠᠯ ᠤᠨ ᠱᠠᠭᠠᠷᠳᠠᠯᠭ᠎ᠠ    ︵ᠨᠢᠭᠡ︶ ᠡᠭᠡᠭᠦᠯᠦᠨ ᠬᠤᠷᠢᠶᠠᠵᠤ ᠵᠠᠳᠠᠯᠬᠤ ᠬᠢᠷᠢ ᠴᠢᠳᠠᠮᠵᠢ  ᠢᠶᠠᠷ ᠦᠨᠡᠮᠰᠢᠬᠦ  ᠶᠢ ᠤᠯᠬᠤ  ᠲᠤ᠂ ᠳᠣᠣᠷ᠎ᠠ ᠵᠢᠭᠰᠠᠭᠠᠭᠰᠠᠨ ᠨᠥᠬᠦᠴᠡᠯ  ᠢ  ᠪᠦᠷᠢᠳᠦᠭᠦᠯᠦᠭᠰᠡᠨ ᠪᠠᠶᠢᠬᠤ ᠬᠡᠷᠡᠭᠲᠡᠶ    1.ᠠᠵᠤ ᠠᠬᠤᠶᠢᠯᠠᠯ ᠤᠨ ᠬᠠᠤᠯᠢ ᠶᠢᠨ ᠬᠥᠮᠦᠨ ᠤ ᠬᠢᠷᠢ ᠬᠡᠮ ᠲᠠᠢ ᠪᠠᠶᠢᠬᠤ︔    2. ᠵᠠᠳᠠᠯᠤᠨ ᠰᠠᠯᠭᠠᠵᠤ ᠡᠵᠡᠩᠨᠡᠬᠦ ᠲᠠᠯᠠᠪᠤᠷ ᠭᠠᠵᠠᠷ ᠨᠢ ᠪᠠᠶᠢᠭ᠎ᠠ ᠭᠠᠵᠠᠷ ᠤᠨ ᠬᠤᠲᠠ ᠶᠢᠨ ᠶᠡᠷᠦᠩᠬᠡᠶ ᠲᠥᠯᠥᠪᠵᠢᠭᠦᠯᠭᠡ ᠪᠤᠶᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠢᠴᠢ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ ᠲᠣᠭᠤᠷᠢᠭ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠵᠢᠴᠢ ᠪᠤᠰᠤᠳ ᠣᠷᠴᠢᠨ ᠲᠣᠭᠤᠷᠢᠨ ᠤ ᠰᠡᠷᠭᠡᠭ ᠣᠷᠣᠨ ᠳᠤ ᠪᠠᠶᠢᠭᠤᠯᠵᠤ ᠪᠣᠯᠬᠤ ᠥᠬᠡᠶ︔    3.ᠤᠯᠤᠰ ᠤᠨ ᠪᠠᠷᠢᠮᠵᠢᠶ᠎ᠠ ᠶᠢᠨ ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠮᠡᠷᠭᠡᠵᠢᠯ ᠤᠨ ᠵᠢᠷᠤᠮᠵᠢᠯ︾ ︵GB22128︶ ᠤᠨ ᠲᠠᠯᠠᠪᠤᠷ ᠭᠠᠵᠠᠷ᠂ ᠪᠡᠯᠡᠳᠬᠡᠮᠵᠢ ᠲᠥᠬᠦᠭᠡᠷᠦᠮᠵᠢ᠂ ᠬᠠᠳᠠᠭᠠᠯᠠᠬᠤ᠂ ᠵᠠᠳᠠᠯᠬᠤ ᠮᠡᠷᠭᠡᠵᠢᠯ ᠤᠨ ᠵᠢᠷᠤᠮᠵᠢᠯ ᠵᠢᠴᠢ ᠵᠣᠬᠢᠴᠠᠩᠭᠤᠶ ᠲᠤᠰᠬᠠᠶ ᠮᠡᠷᠭᠡᠵᠢᠯ ᠤᠨ ᠠᠵᠢᠯᠳᠠᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔    4. ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢᠨ ︽ᠬᠠᠶᠠᠭᠳᠠᠮᠠᠯ ᠮᠠᠰᠢᠨᠲᠤ ᠲᠡᠷᠭᠡ ᠶᠢ ᠵᠠᠳᠠᠯᠬᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠤᠨ ᠵᠢᠷᠤᠮᠵᠢᠯ︾ ︵HJ348︶ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔    5.ᠤᠯᠤᠰ ᠤᠨ ᠲᠣᠭᠲᠠᠭᠠᠯ ᠳᠤ ᠨᠡᠶᠢᠴᠡᠭᠰᠡᠨ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠲᠦᠷᠢᠮ ᠲᠠᠢ ᠪᠠᠶᠢᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠵᠣᠬᠢᠴᠠᠩᠭᠤᠶ ᠠᠷᠭ᠎ᠠ ᠬᠡᠮᠵᠢᠶ᠎ᠡ ᠶᠢ ᠪᠦᠷᠢᠳᠦᠭᠦᠯᠵᠦ᠂ ᠵᠠᠳᠠᠯᠤᠭᠠᠳ ᠭᠠᠷᠭᠠᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠣᠬᠢᠲᠠᠶ ᠰᠢᠶ᠋ᠳᠪᠦᠷᠢᠯᠡᠬᠦ ᠲᠥᠰᠦᠯ ᠲᠠᠢ ᠪᠠᠶᠢᠵᠤ᠂ ᠰᠢᠶ᠋ᠳᠪᠦᠷᠢᠯᠡᠬᠦ ᠳᠡᠭᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠠᠬᠤᠶ ᠶᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃    ︵ᠬᠤᠶᠠᠷ︶ ᠬᠢᠷᠢ ᠴᠢᠳᠠᠮᠵᠢ  ᠢᠶᠠᠷ ᠦᠨᠡᠮᠰᠢᠭᠦᠯᠬᠦ ᠪᠠᠷ ᠭᠤᠶᠤᠴᠢᠯᠠᠬᠤ ᠲᠤ ᠲᠤᠰᠢᠶᠠᠪᠠᠰᠤ ᠵᠣᠬᠢᠬᠤ  ᠮᠠᠲ᠋ᠧᠷᠢᠶᠠᠯ    ᠬᠢᠷᠢ ᠴᠢᠳᠠᠮᠵᠢ ᠶᠢ ᠦᠨᠡᠮᠰᠢᠭᠦᠯᠬᠦ ᠪᠠᠷ ᠭᠤᠶᠤᠴᠢᠯᠠᠬᠤ ᠠᠵᠤ ᠠᠬᠤᠶᠢᠯᠠᠯ ᠨᠢ ᠵᠠᠳᠠᠯᠤᠨ ᠰᠠᠯᠭᠠᠬᠤ ᠡᠵᠡᠩᠨᠡᠯᠲᠡ ᠶᠢᠨ ᠲᠠᠯᠠᠪᠤᠷ ᠭᠠᠵᠠᠷ ᠤᠨ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠳᠠᠯᠳᠤᠭᠠᠨ ᠤ ᠶᠠᠪᠤᠳᠠᠯ ᠤᠨ ᠶᠠᠮᠤᠨ ᠤ ︽ᠪᠥᠬᠦ ᠤᠯᠤᠰ ᠤᠨ ᠮᠠᠰᠢᠨ ᠲᠡᠷᠭᠡᠨ ᠤ ᠭᠦᠶ᠋ᠯᠭᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠦᠶ᠋ᠯᠡᠴᠢᠯᠡᠭᠡ︾ ᠶᠢᠨ ᠰᠢᠰᠲ᠋ᠧᠮ ᠢᠶᠠᠷ ᠳᠠᠮᠵᠢᠭᠤᠯᠤᠨ ᠪᠢᠴᠢᠭ ᠢᠶᠠᠷ ᠭᠤᠶᠤᠴᠢᠯᠠᠬᠤ ᠶᠢᠨ ᠬᠠᠮᠲᠤ ᠳᠣᠤᠷᠠᠬᠢ ᠮᠡᠲᠦ ᠪᠢᠴᠢᠭ ᠤᠨ ᠮᠠᠲ᠋ᠧᠷᠢᠶᠠᠯ ᠢ ᠲᠤᠰᠢᠶᠠᠬᠤ ᠬᠡᠷᠡᠭᠲᠡᠶ᠄    1.ᠪᠠᠶᠢᠭᠤᠯᠬᠤ ᠭᠤᠶᠤᠴᠢᠯᠠᠯ ᠤᠨ ᠮᠡᠳᠡᠭᠦᠯᠦᠯᠲᠡ ︵ᠭᠤᠶᠤᠴᠢᠯᠠᠭᠰᠠᠨ ᠠᠵᠤ ᠠᠬᠤᠶᠢᠯᠠᠯ ᠤᠨ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠳᠠᠩᠰᠠᠯᠠᠭᠤᠯᠤᠭᠰᠠᠨ ᠬᠦᠷᠦᠩᠭᠡ᠂ ᠣᠷᠣᠨ ᠰᠠᠭᠤᠴᠠ᠂ ᠵᠠᠳᠠᠯᠵᠤ ᠰᠠᠯᠭᠠᠬᠤ ᠲᠠᠯᠠᠪᠤᠷ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠵᠡᠷᠭᠡ ᠠᠭᠤᠯᠭ᠎ᠠ ᠶᠢ ᠲᠣᠳᠣᠷᠬᠠᠶ ᠲᠡᠮᠳᠡᠭᠯᠡᠬᠦ ᠬᠡᠷᠡᠭᠲᠡᠶ︶︔    2. ᠠᠵᠤ ᠠᠬᠤᠶᠢᠯᠠᠯ ᠤᠨ ︽ᠡᠵᠡᠩᠨᠡᠯᠲᠡ ᠶᠢᠨ ᠦᠨᠡᠮᠯᠡᠯ︾ ᠢ ᠭᠤᠶᠤᠴᠢᠯᠠᠬᠤ︔    3.ᠠᠵᠤ ᠠᠬᠤᠶᠢᠯᠠᠯ ᠤᠨ ᠲᠦᠷᠢᠮ ᠢ ᠭᠤᠶᠤᠴᠢᠯᠠᠬᠤ︔    4. ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠪᠤᠶᠤ ᠪᠤᠰᠤᠳ ᠬᠦᠴᠦᠨ ᠪᠥᠬᠦᠶ ᠪᠡᠶ᠎ᠡ ᠶᠢᠨ ᠦᠨᠡᠮᠯᠡᠯ ᠢ ᠭᠤᠶᠤᠴᠢᠯᠠᠨ᠎ᠠ︔    5. ᠡᠵᠡᠩᠨᠡᠯᠲᠡ ᠶᠢᠨ ᠲᠠᠯᠠᠪᠤᠷ ᠭᠠᠵᠠᠷ ᠤᠨ ᠭᠠᠵᠠᠷ ᠰᠢᠷᠣᠶ ᠶᠢ ᠬᠡᠷᠡᠭᠯᠡᠬᠦ ᠡᠷᠬᠡ᠂ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠡᠷᠡᠴᠢ ᠪᠤᠶᠤ ᠲᠦᠷᠢᠶᠡᠰᠦᠯᠡᠬᠦ ᠬᠤᠭᠤᠴᠠᠭ᠎ᠠ ᠨᠢ 10 ᠵᠢᠯ ᠠᠴᠠ ᠳᠡᠭᠡᠭᠰᠢ ᠪᠠᠶᠢᠬᠤ ᠭᠠᠵᠠᠷ ᠰᠢᠷᠣᠶ ᠶᠢ ᠲᠦᠷᠢᠶᠡᠰᠦᠯᠡᠬᠦ ᠭᠡᠷ᠎ᠡ ᠪᠤᠶᠤ ᠭᠠᠵᠠᠷ ᠰᠢᠷᠣᠶ ᠶᠢ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ ᠭᠡᠷ᠎ᠡ ᠵᠢᠴᠢ ᠭᠡᠷ ᠪᠠᠶᠢᠰᠢᠩ ᠢ ᠲᠦᠷᠢᠶᠡᠰᠦᠯᠡᠭᠦᠯᠬᠦ ᠶᠢ ᠭᠡᠷᠡᠴᠢᠯᠡᠬᠦ ᠮᠠᠲ᠋ᠧᠷᠢᠶᠠᠯ ᠢ ᠵᠠᠳᠠᠯᠬᠤ︔    6. ᠠᠵᠤ ᠠᠬᠤᠶᠢᠯᠠᠯ ᠬᠤᠳᠠᠯᠳᠤᠨ ᠠᠪᠬᠤ ᠪᠠᠷ ᠭᠤᠶᠤᠴᠢᠯᠠᠭᠰᠠᠨ ᠪᠤᠶᠤ ᠪᠡᠯᠡ ᠲᠤᠬᠢᠷᠠᠭᠤᠯᠭ᠎ᠠ ᠶᠢᠨ ᠲᠦᠷᠢᠶᠡᠰᠦᠯᠡᠯ ᠤᠨ ᠠᠷᠭ᠎ᠠ ᠮᠠᠶ᠋ᠢᠭ ᠢᠶᠠᠷ ᠣᠯᠤᠭᠰᠠᠨ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠵᠠᠳᠠᠯᠬᠤ ᠪᠠ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠡᠷᠡᠭᠯᠡᠬᠦ ᠲᠥᠬᠦᠭᠡᠷᠦᠮᠵᠢ᠂ ᠲᠥᠬᠦᠭᠡᠷᠦᠮᠵᠢ ᠶᠢᠨ ᠲᠣᠳᠣᠷᠬᠠᠶ ᠬᠠᠭᠤᠳᠠᠰᠤ ᠵᠢᠴᠢ ᠪᠠᠷᠢᠮᠲᠠ ᠪᠤᠶᠤ ᠪᠡᠯᠡ ᠲᠤᠬᠢᠷᠠᠭᠤᠯᠭ᠎ᠠ ᠶᠢᠨ ᠲᠦᠷᠢᠶᠡᠰᠦᠯᠡᠯ ᠤᠨ ᠭᠡᠷ᠎ᠡ ᠵᠡᠷᠭᠡ ᠥᠮᠴᠢᠯᠡᠯ ᠤᠨ ᠡᠷᠬᠡ ᠶᠢ ᠭᠡᠷᠡᠴᠢᠯᠡᠬᠦ ᠪᠢᠴᠢᠭ ᠮᠠᠲ᠋ᠧᠷᠢᠶᠠᠯ︔    7. ᠠᠮᠢ ᠠᠬᠤᠶ ᠶᠢᠨ ᠣᠷᠴᠢᠨ ᠲᠣᠭᠤᠷᠢᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠠᠷᠭᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ︔    8. ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠪᠠ ᠲᠤᠰᠬᠠᠶ ᠮᠡᠷᠭᠡᠵᠢᠯ ᠤᠨ ᠠᠵᠢᠯᠳᠠᠨ ᠤ ᠨᠡᠷᠡᠰ ᠢ ᠭᠤᠶᠤᠴᠢᠯᠠᠬᠤ︔    9. ᠠᠵᠤ ᠠᠬᠤᠶᠢᠯᠠᠯ ᠤᠨ ᠵᠠᠳᠠᠯᠤᠯᠲᠠ ᠶᠢᠨ ᠠᠵᠢᠯᠯᠠᠭᠠᠨ ᠤ ᠵᠢᠷᠤᠮᠵᠢᠯ᠂ ᠠᠶᠤᠯᠭᠦᠶ ᠶᠢᠨ ᠲᠦᠷᠢᠮ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠨ ᠰᠢᠶ᠋ᠳᠪᠦᠷᠢᠯᠡᠬᠦ ᠲᠥᠰᠦᠯ ᠢ ᠭᠤᠶᠤᠴᠢᠯᠠᠬᠤ᠃    ᠳᠡᠭᠡᠷ᠎ᠡ ᠳᠤᠷᠠᠳᠤᠭᠰᠠᠨ ᠮᠠᠲ᠋ᠧᠷᠢᠶᠠᠯ ᠢ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠭᠤᠯᠤᠨ ᠣᠯᠵᠤ ᠪᠣᠯᠬᠤ ᠳᠤ ᠬᠦᠷᠪᠡᠯ᠂ ᠬᠢᠨᠠᠨ ᠬᠠᠷᠭᠤᠭᠤᠯᠬᠤ ᠪᠠᠶᠢᠭᠤᠯᠭ᠎ᠠ ᠠᠴᠠ ᠠᠵᠤ ᠠᠬᠤᠶᠢᠯᠠᠯ ᠢᠶᠠᠷ ᠬᠠᠩᠭᠠᠯᠭᠠᠬᠤ ᠪᠠᠷ ᠭᠤᠶᠤᠴᠢᠯᠠᠬᠤ ᠦᠭᠡᠢ ᠪᠠᠶᠢᠵᠤ ᠪᠣᠯᠤᠨ᠎ᠠ᠃       ᠭᠤᠷᠪᠠ᠂ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠬᠢᠷᠢ ᠴᠢᠳᠠᠮᠵᠢ ᠶᠢ ᠮᠠᠭᠠᠳᠯᠠᠨ ᠲᠣᠭᠲᠠᠭᠠᠬᠤ ᠶᠢ ᠭᠦᠶ᠋ᠴᠡᠳᠬᠡᠬᠦ ᠴᠤᠪᠤᠷᠠᠯ    ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ    1. ᠭᠤᠶᠤᠴᠢᠯᠠᠭᠰᠠᠨ ᠠᠵᠤ ᠠᠬᠤᠶᠢᠯᠠᠯ ᠨᠢ ︽ᠬᠡᠷᠡᠭᠴᠡᠭᠡ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠠᠷᠭ᠎ᠠ︾᠂ ︽ᠬᠡᠷᠡᠭᠵᠢᠭᠦᠯᠬᠦ ᠨᠠᠷᠢᠨ ᠲᠦᠷᠢᠮ︾᠂ ︽ᠬᠡᠷᠡᠭᠴᠡᠭᠡ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠮᠡᠷᠭᠡᠵᠢᠯ ᠤᠨ ᠵᠢᠷᠤᠮᠵᠢᠯ ︾ ᠪᠣᠯᠤᠨ ᠲᠣᠰ ᠮᠡᠳᠡᠭᠳᠡᠯ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠵᠠᠳᠠᠯᠵᠤ ᠰᠠᠯᠭᠠᠬᠤ ᠡᠵᠡᠩᠨᠡᠯᠲᠡ ᠶᠢᠨ ᠲᠠᠯᠠᠪᠤᠷ ᠤᠨ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠭᠤᠶᠤᠴᠢᠯᠠᠬᠤ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠶ︔    2. ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠭᠤᠶᠤᠴᠢᠯᠠᠭᠰᠠᠨ ᠮᠠᠲ᠋ᠧᠷᠢᠶᠠᠯ ᠨᠢ ᠪᠦᠷᠢᠨ ᠭᠦᠶ᠋ᠴᠡᠳ ᠪᠠᠶᠢᠬᠤ ᠡᠰᠡᠬᠦ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠬᠡᠷᠡᠭᠲᠡᠶ᠃ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠥᠬᠡᠶ ᠭᠡᠵᠦ ᠦᠵᠡᠪᠡᠯ᠂ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ ᠪᠥᠬᠦ ᠠᠭᠤᠯᠭ᠎ᠠ ᠶᠢ 5 ᠠᠵᠢᠯᠯᠠᠬᠤ ᠡᠳᠦᠷ ᠤᠨ ᠳᠣᠲᠣᠷ᠎ᠠ ᠨᠢᠭᠡ ᠯᠡ ᠤᠳᠠᠭ᠎ᠠ ᠳᠤ ᠮᠡᠳᠡᠭᠳᠡᠨ᠎ᠡ︔ ᠭᠤᠶᠤᠴᠢᠯᠠᠭᠰᠠᠨ ᠮᠠᠲ᠋ᠧᠷᠢᠶᠠᠯ ᠨᠢ ᠪᠦᠷᠢᠨ ᠭᠦᠢᠴᠡᠳ ᠂ ᠬᠠᠤᠯᠢ ᠪᠠᠷ ᠲᠣᠭᠲᠠᠭᠠᠭᠰᠠᠨ ᠬᠡᠯᠪᠡᠷᠢ ᠮᠠᠶ᠋ᠢᠭ ᠲᠤ ᠨᠡᠶᠢᠴᠡᠬᠦ᠂ ᠡᠰᠡᠬᠦᠯ᠎ᠡ ᠠᠵᠤ ᠠᠬᠤᠶᠢᠯᠠᠯ ᠤᠨ ᠱᠠᠭᠠᠷᠳᠠᠯᠭ᠎ᠠ ᠶᠣᠰᠣᠭᠠᠷ ᠨᠥᠬᠦᠵᠦ ᠵᠠᠯᠠᠷᠠᠭᠤᠯᠬᠤ ᠪᠥᠬᠦ ᠮᠠᠲ᠋ᠧᠷᠢᠶᠠᠯ ᠢᠢᠡᠨ ᠲᠤᠰᠢᠶᠠᠭᠰᠠᠨ ᠪᠠᠶᠢᠪᠠᠯ᠂ ᠠᠶᠢᠮᠠᠭ ᠬᠤᠳᠠ ᠶᠢᠨ ᠬᠤᠳᠠᠯᠳᠤᠭᠠᠨ ᠤ ᠶᠠᠪᠤᠳᠠᠯ  ᠤᠨ ᠲᠣᠪᠴᠢᠶ᠎ᠠ ᠠᠴᠠ ᠬᠢᠨᠠᠭᠰᠠᠨ ᠰᠠᠨᠠᠯ ᠪᠣᠯᠤᠨ ᠠᠵᠤ ᠠᠬᠤᠶᠢᠯᠠᠯ  ᠤᠨ ᠲᠤᠰᠢᠶᠠᠭᠰᠠᠨ ᠭᠤᠶᠤᠴᠢᠯᠠᠭᠰᠠᠨ ᠮᠠᠲ᠋ᠧᠷᠢᠶᠠᠯ ᠢᠶᠠᠨ ᠬᠠᠮᠲᠤ ᠲᠤ ᠨᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠤ ᠮᠡᠳᠡᠭᠦᠯᠬᠦ ᠬᠡᠷᠡᠭᠲᠡᠶ᠃ ᠬᠢᠨᠠᠨ ᠬᠠᠷᠭᠤᠭᠤᠯᠤᠭᠰᠠᠨ ᠰᠠᠨᠠᠯ ᠳᠤ ︽ᠵᠠᠳᠠᠯᠤᠨ ᠰᠠᠯᠭᠠᠬᠤ ᠡᠵᠡᠩᠨᠡᠯᠲᠡ ᠶᠢᠨ ᠲᠠᠯᠠᠪᠤᠷ ᠭᠠᠵᠠᠷ ᠨᠢ ᠪᠠᠶᠢᠭ᠎ᠠ ᠬᠤᠲᠠ ᠶᠢᠨ ᠶᠡᠷᠦᠩᠬᠡᠶ ᠲᠥᠯᠥᠪᠵᠢᠭᠦᠯᠭᠡ ᠪᠤᠶᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠢᠴᠢ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠵᠦ᠂ ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ ᠲᠣᠭᠤᠷᠢᠭ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠵᠢᠴᠢ ᠪᠤᠰᠤᠳ ᠣᠷᠴᠢᠨ ᠠᠬᠤᠶ ᠶᠢᠨ ᠰᠡᠷᠭᠡᠭ ᠣᠷᠣᠨ ᠳᠤ ᠪᠠᠶᠢᠭᠤᠯᠤᠭᠰᠠᠨ ᠥᠬᠡᠶ︾ ᠭᠡᠵᠦ ᠲᠣᠳᠣᠷᠬᠠᠶᠢᠯᠠᠬᠤ ᠬᠡᠷᠡᠭᠲᠡᠶ᠃    ︵ᠬᠤᠶᠠᠷ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ  ᠤᠨ ᠲᠢᠩᠬᠢᠮ ᠰᠢᠯᠭᠠᠨ ᠬᠤᠷᠢᠶᠠᠵᠤ ᠦᠨᠡᠮᠰᠢᠬᠦ    1. ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠭᠤᠶᠤᠴᠢᠯᠠᠭᠰᠠᠨ ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠳᠤ ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ ᠪᠠᠶᠢᠪᠠᠯ ᠬᠦᠯᠢᠶᠡᠨ ᠠᠪᠴᠤ ᠰᠢᠶ᠋ᠳᠪᠦᠷᠢᠯᠡᠨ᠎ᠡ᠃ ᠬᠢᠷᠢ ᠴᠢᠳᠠᠮᠵᠢ ᠶᠢ ᠦᠨᠡᠮᠰᠢᠭᠦᠯᠬᠦ ᠭᠤᠶᠤᠴᠢᠯᠠᠯ ᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠬᠤ ᠠᠵᠢᠯ ᠢ ᠳᠠᠭᠤᠰᠬᠠᠬᠤ ᠶᠢᠨ ᠬᠠᠮᠲᠤ ᠬᠠᠮᠢᠶ᠎ᠠ ᠪᠥᠬᠦᠶ ᠲᠣᠭᠲᠠᠭᠠᠯ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠳᠠᠬᠢᠨ 10 ᠠᠵᠢᠯᠯᠠᠬᠤ ᠡᠳᠦᠷ ᠤᠷᠲᠤᠳᠬᠠᠵᠤ ᠪᠣᠯᠤᠨ᠎ᠠ ︵ᠲᠤᠬᠠᠶ ᠶᠢᠨ ᠲᠠᠯᠠᠪᠤᠷ ᠲᠤ ᠰᠢᠯᠭᠠᠨ ᠠᠪᠴᠤ ᠬᠢᠨᠠᠨ ᠲᠣᠭᠲᠠᠭᠠᠬᠤ᠂ ᠭᠡᠷᠡᠴᠢᠯᠡᠭᠡ ᠰᠣᠨᠣᠰᠬᠤ᠂ ᠳᠠᠬᠢᠨ ᠦᠨᠡᠯᠡᠵᠦ ᠳᠠᠬᠢᠨ ᠬᠢᠨᠠᠬᠤ᠂ ᠢᠯᠡ ᠨᠡᠶᠢᠲᠡᠯᠡᠬᠦ ᠵᠡᠷᠭᠡ ᠳᠤ ᠬᠡᠷᠡᠭᠰᠡᠬᠦ ᠴᠠᠭ ᠢ ᠲᠣᠭᠲᠠᠭᠰᠠᠨ ᠬᠤᠭᠤᠴᠠᠭᠠᠨ ᠳᠤ ᠪᠤᠳᠤᠵᠤ ᠣᠷᠣᠭᠤᠯᠬᠤ ᠥᠬᠡᠶ︶︔    2. ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠢᠷᠢ ᠴᠢᠳᠠᠮᠵᠢ ᠶᠢ ᠦᠨᠡᠮᠰᠢᠭᠦᠯᠬᠦ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠪᠠᠶᠢᠭᠤᠯᠵᠤ ᠭᠤᠶᠤᠴᠢᠯᠠᠭᠰᠠᠨ ᠠᠵᠤ ᠠᠬᠤᠶᠢᠯᠠᠯ ᠳᠤ ᠲᠤᠬᠠᠶ ᠶᠢᠨ ᠲᠠᠯᠠᠪᠤᠷ ᠲᠤᠨᠢ ᠰᠢᠯᠭᠠᠨ ᠠᠪᠴᠤ ᠬᠢᠨᠠᠨ ᠲᠣᠭᠲᠠᠭᠠᠬᠤ ᠶᠢᠨ ᠬᠠᠮᠲᠤ ︽ᠲᠤᠬᠠᠶ ᠶᠢᠨ ᠲᠠᠯᠠᠪᠤᠷ ᠲᠤᠨᠢ ᠰᠢᠯᠭᠠᠨ ᠠᠪᠴᠤ ᠬᠢᠨᠠᠨ ᠲᠣᠭᠲᠠᠭᠠᠬᠤ ᠰᠠᠨᠠᠯ ᠤᠨ ᠬᠦᠰᠦᠨᠦᠭᠲᠦ︾ ᠶᠢ ᠭᠠᠷᠭᠠᠵᠤ ᠥᠭᠭᠦᠨ᠎ᠡ᠃ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠡᠭᠡᠭᠦᠯᠦᠨ ᠬᠤᠷᠢᠶᠠᠵᠤ ᠵᠠᠳᠠᠯᠬᠤ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠬᠡᠷᠡᠭᠴᠡᠭᠡ ᠠᠴᠠ ᠭᠠᠷᠭᠠᠭᠰᠠᠨ ᠮᠠᠰᠢᠨᠲᠤ ᠲᠡᠷᠭᠡ ᠶᠢ ᠵᠠᠳᠠᠯᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠡᠳ᠋ ᠤᠨ ᠶᠠᠪᠤᠳᠠᠯ ᠪᠠ ᠠᠵᠢᠯ ᠲᠥᠷᠥᠯ ᠤᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠢ ᠪᠠᠭᠲᠠᠭᠠᠭᠰᠠᠨ 5 ᠠᠴᠠ ᠳᠡᠭᠡᠭᠰᠢ ᠲᠤᠰᠬᠠᠶ ᠮᠡᠷᠭᠡᠵᠢᠯᠲᠡᠨ ᠢ ᠲᠣᠬᠢᠶᠠᠯᠳᠤᠯ ᠢᠶᠠᠷ ᠰᠣᠩᠭᠤᠨ ᠭᠠᠷᠭᠠᠵᠤ᠂ 1:1:1:2 ᠤᠨ ᠬᠠᠷᠢᠴᠠᠯ ᠢᠶᠠᠷ ᠪᠦᠷᠢᠯᠳᠦᠭᠦᠯᠦᠨ᠎ᠡ᠃    3. ᠮᠠᠲ᠋ᠧᠷᠢᠶᠠᠯ ᠢ ᠬᠢᠨᠠᠨ ᠪᠠᠶᠢᠴᠠᠭᠠᠬᠤ ᠪᠠ ᠲᠤᠰᠬᠠᠶ ᠮᠡᠷᠭᠡᠵᠢᠯᠲᠡᠨ ᠤ ᠰᠢᠯᠭᠠᠨ ᠠᠪᠴᠤ ᠬᠢᠨᠠᠨ ᠲᠣᠭᠲᠠᠭᠠᠭᠰᠠᠨ ᠰᠠᠨᠠᠯ ᠢ ᠦᠨᠳᠦᠰᠦᠯᠡᠨ᠂ ᠬᠢᠷᠢ ᠴᠢᠳᠠᠮᠵᠢ ᠶᠢ ᠦᠨᠡᠮᠰᠢᠬᠦ ᠨᠥᠬᠦᠴᠡᠯ ᠳᠤ ᠨᠡᠶᠢᠴᠡᠪᠡᠯ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠫᠤᠷᠲ᠋ᠤᠯ ᠰᠦᠯᠵᠢᠶ᠎ᠡ ᠪᠠ ︽ᠪᠥᠬᠦ ᠤᠯᠤᠰ ᠤᠨ ᠮᠠᠰᠢᠨ ᠲᠡᠷᠭᠡᠨ ᠤ ᠭᠦᠶ᠋ᠯᠭᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠦᠶ᠋ᠯᠡᠴᠢᠯᠡᠭᠡ︾ ᠶᠢᠨ ᠰᠢᠰᠲ᠋ᠧᠮ ᠳᠤ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠠᠴᠠ ᠳᠤᠲᠠᠭᠤ ᠪᠠᠶᠢᠵᠤ ᠪᠣᠯᠬᠤ ᠥᠬᠡᠶ︔    4.  ᠵᠠᠷᠯᠠᠨ ᠨᠡᠶᠢᠲᠡᠯᠡᠬᠦ ᠳᠤ ᠣᠨᠳᠣᠣ ᠰᠠᠨᠠᠯ ᠲᠠᠢ ᠪᠠᠶᠢᠪᠠᠯ᠂ ᠬᠡᠷᠡᠭᠴᠡᠭᠡ ᠪᠠᠨ ᠦᠨᠳᠦᠰᠦᠯᠡᠨ ᠭᠡᠷᠡᠴᠢᠯᠡᠭᠡ ᠰᠣᠨᠣᠰᠬᠤ ᠬᠤᠷᠠᠯ ᠢ ᠵᠣᠬᠢᠶᠠᠨ ᠪᠠᠶᠢᠭᠤᠯᠬᠤ᠂ ᠲᠤᠰᠬᠠᠶ ᠮᠡᠷᠭᠡᠵᠢᠯᠲᠡᠨ ᠤ ᠲᠠᠬᠢᠨ ᠦᠨᠡᠯᠡᠵᠦ ᠲᠠᠬᠢᠨ ᠬᠢᠨᠠᠬᠤ ᠵᠡᠷᠭᠡ ᠪᠠᠷ ᠳᠠᠮᠵᠢᠭᠤᠯᠤᠨ ᠣᠨᠳᠣᠣ ᠰᠠᠨᠠᠯ ᠢ ᠬᠢᠨᠠᠨ ᠬᠠᠷᠭᠤᠭᠤᠯᠤᠨ᠎ᠠ᠃ ᠬᠢᠷᠢ ᠬᠡᠮ ᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠬᠦ ᠥᠬᠡᠶ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠬᠢᠷᠢ ᠬᠡᠮ ᠢ ᠮᠠᠭᠠᠳᠯᠠᠨ ᠲᠣᠭᠲᠠᠭᠠᠬᠤ ᠥᠬᠡᠶ ᠲᠣᠭᠲᠠᠭᠠᠯ ᠭᠠᠷᠭᠠᠬᠤ ᠶᠢᠨ ᠬᠠᠮᠲᠤ ᠰᠢᠯᠲᠠᠭᠠᠨ ᠢᠶᠠᠨ ᠪᠢᠴᠢᠭ ᠢᠶᠠᠷ ᠲᠣᠳᠣᠷᠬᠠᠶᠢᠯᠠᠨ᠎ᠠ︔ ᠢᠯᠡ ᠨᠡᠶᠢᠲᠡᠯᠡᠬᠦ ᠳᠤ ᠣᠨᠳᠣᠤ ᠰᠠᠨᠠᠯ ᠥᠬᠡᠶ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ︽ᠪᠥᠬᠦ ᠤᠯᠤᠰ ᠤᠨ ᠮᠠᠰᠢᠨ ᠲᠡᠷᠭᠡᠨ ᠤ ᠭᠦᠶ᠋ᠯᠭᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠦᠶ᠋ᠯᠡᠴᠢᠯᠡᠭᠡ︾ ᠶᠢᠨ ᠰᠢᠰᠲ᠋ᠧᠮ ᠳᠤ ᠭᠤᠶᠤᠴᠢᠯᠠᠯ ᠢ ᠪᠠᠲᠤᠯᠠᠭᠤᠯᠵᠤ᠂ ᠠᠵᠤ ᠠᠬᠤᠶᠢᠯᠠᠯ ᠤᠨ ᠲᠠᠩᠰᠠᠨ ᠡᠷᠦᠬᠡ ᠶᠢ ᠡᠭᠦᠳᠦᠨ ᠪᠠᠶᠢᠭᠤᠯᠬᠤ ᠶᠢᠨ ᠬᠠᠮᠲᠤ ︽ᠬᠢᠷᠢ ᠬᠡᠮ ᠢ ᠦᠨᠡᠮᠰᠢᠬᠦ ᠪᠢᠴᠢᠭ︾ ᠣᠯᠭᠤᠨ᠎ᠠ᠃   ᠲᠦᠷᠪᠡ᠂ ᠰᠠᠯᠪᠤᠷᠢ ᠪᠠᠶᠢᠭᠤᠯᠤᠮᠵᠢ ᠶᠢ ᠪᠠᠶᠢᠭᠤᠯᠬᠤ ᠪᠠ ᠠᠵᠤ ᠠᠬᠤᠶᠢᠯᠠᠯ ᠤᠨ ᠬᠠᠮᠢᠶᠠᠷᠤᠯᠲᠠ ᠶᠢ ᠬᠤᠪᠢᠷᠠᠭᠤᠯᠬᠤ    ︵ᠨᠢᠭᠡ︶ ᠰᠠᠯᠪᠤᠷᠢ ᠪᠠᠶᠢᠭᠤᠯᠤᠮᠵᠢ ᠪᠠᠶᠢᠭᠤᠯᠬᠤ    ᠨᠢᠭᠡᠨᠲᠡ ᠬᠢᠷᠢ ᠬᠡᠮ ᠣᠯᠤᠭᠰᠠᠨ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠨᠢ ᠰᠠᠯᠪᠤᠷᠢ ᠪᠠᠶᠢᠭᠤᠯᠤᠮᠵᠢ ᠪᠠᠶᠢᠭᠤᠯᠤᠭᠰᠠᠨ ᠪᠠᠶᠢᠪᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠤ ᠳᠠᠷᠠᠭ᠎ᠠ 30 ᠡᠳᠦᠷ ᠤᠨ ᠳᠣᠲᠣᠷ᠎ᠠ ︽ᠪᠥᠬᠦ ᠤᠯᠤᠰ ᠤᠨ ᠮᠠᠰᠢᠨ ᠲᠡᠷᠭᠡᠨ ᠤ ᠭᠦᠶ᠋ᠯᠭᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠦᠶ᠋ᠯᠡᠴᠢᠯᠡᠭᠡ︾ ᠶᠢᠨ ᠰᠢᠰᠲ᠋ᠧᠮ ᠢᠶᠠᠷ ᠳᠠᠮᠵᠢᠭᠤᠯᠤᠨ ᠰᠠᠯᠪᠤᠷᠢ ᠪᠠᠶᠢᠭᠤᠯᠤᠮᠵᠢ ᠶᠢᠨ ᠳᠠᠩᠰᠠᠯᠠᠭᠤᠯᠤᠨ ᠪᠦᠷᠢᠳᠬᠡᠭᠦᠯᠦᠭᠰᠡᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠬᠤ ᠶᠢᠨ ᠬᠠᠮᠲᠤ ᠳᠣᠤᠷᠠᠬᠢ ᠮᠠᠲ᠋ᠧᠷᠢᠶᠠᠯ ᠤᠨ ᠡᠯᠧᠺᠲᠷᠣᠨ ᠪᠢᠴᠢᠭ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠬᠡᠷᠡᠭᠲᠡᠶ᠄    1. ᠰᠠᠯᠪᠤᠷᠢ ᠪᠠᠶᠢᠭᠤᠯᠤᠮᠵᠢ ᠶᠢᠨ ︽ᠡᠵᠡᠩᠨᠡᠯᠲᠡ ᠶᠢᠨ ᠦᠨᠡᠮᠯᠡᠯ︾︔    2. ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ ᠶᠢᠨ ᠳᠠᠩᠰᠠᠯᠠᠭᠤᠯᠤᠭᠰᠠᠨ ᠮᠡᠳᠡᠭᠡ ᠵᠠᠩᠭᠢ ᠶᠢᠨ ᠬᠦᠰᠦᠨᠦᠭᠲᠦ︾᠃    ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ ᠨᠢ ᠬᠡᠷᠡᠭᠴᠡᠭᠡ ᠠᠴᠠ ᠭᠠᠷᠭᠠᠭᠰᠠᠨ ᠮᠠᠰᠢᠨᠲᠤ ᠲᠡᠷᠭᠡ ᠶᠢ ᠵᠠᠳᠠᠯᠵᠤ ᠪᠣᠯᠬᠤ ᠦᠬᠡᠢ᠂ ᠳᠠᠩᠰᠠᠯᠠᠭᠤᠯᠤᠭᠰᠠᠨ ᠦᠬᠡᠢ ᠰᠠᠯᠪᠤᠷᠢ ᠪᠠᠶᠢᠭᠤᠯᠤᠮᠵᠢ ᠨᠢ ᠬᠡᠷᠡᠭᠴᠡᠭᠡ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠪᠣᠯᠬᠤ ᠦᠬᠡᠢ᠃ ᠬᠠᠷᠢᠶᠠᠲᠤ ᠣᠷᠣᠨ ᠤ ᠳᠣᠲᠣᠷᠠᠬᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠡᠪ ᠤᠨ ᠡᠵᠡᠩᠨᠡᠯᠲᠡ ᠶᠢᠨ ᠡᠮᠬᠢ ᠳᠢᠭᠯᠢᠮ ᠢ ᠦᠨᠡᠨᠬᠦ ᠰᠠᠶᠢᠲᠤᠷ ᠬᠠᠮᠠᠭᠠᠯᠠᠵᠤ᠂ ᠬᠡᠲᠦ ᠥᠷᠢᠰᠥᠯᠳᠦᠬᠦ ᠠᠴᠠ ᠵᠠᠶᠢᠯᠠᠰᠬᠢᠵᠦ᠂ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃    ︵ᠬᠤᠶᠠᠷ︶ ᠬᠢᠷᠢ ᠴᠢᠳᠠᠯ ᠤᠨ ᠦᠨᠡᠮᠯᠡᠯ ᠤᠨ ᠮᠡᠳᠡᠭᠡ ᠵᠠᠩᠭᠢ ᠶᠢ ᠬᠤᠪᠢᠷᠠᠭᠤᠯᠬᠤ    ᠬᠤᠷᠢᠶᠠᠨ ᠠᠪᠴᠤ ᠵᠠᠳᠠᠯᠤᠭᠰᠠᠨ ᠠᠵᠤ ᠠᠬᠤᠶᠢᠯᠠᠯ ᠤᠨ ᠨᠡᠷᠡᠶᠢᠳᠦᠯ᠂ ᠰᠠᠭᠤᠭ᠎ᠠ ᠭᠠᠵᠠᠷ ᠪᠤᠶᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠳᠤ ᠬᠤᠪᠢᠷᠠᠯᠲᠠ ᠭᠠᠷᠪᠠᠯ᠂ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠨᠢ ᠮᠡᠳᠡᠭᠡ ᠵᠠᠩᠭᠢ ᠪᠠᠨ ᠬᠤᠪᠢᠷᠠᠭᠤᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ︽ᠪᠥᠬᠦ ᠤᠯᠤᠰ ᠤᠨ ᠮᠠᠰᠢᠨ ᠲᠡᠷᠭᠡᠨ ᠤ ᠭᠦᠶ᠋ᠯᠭᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠦᠶ᠋ᠯᠡᠴᠢᠯᠡᠭᠡ︾ ᠶᠢᠨ ᠰᠢᠰᠲ᠋ᠧᠮ ᠢᠶᠠᠷ ᠳᠠᠮᠵᠢᠭᠤᠯᠤᠨ ᠬᠤᠪᠢᠷᠠᠭᠤᠯᠬᠤ ᠲᠣᠳᠣᠷᠬᠠᠶᠢᠯᠠᠯᠲᠠ ᠵᠢᠴᠢ ᠬᠤᠪᠢᠷᠠᠭᠤᠯᠤᠭᠰᠠᠨ ᠤ ᠳᠠᠷᠠᠭᠠᠬᠢ ︽ᠡᠵᠡᠩᠨᠡᠯᠲᠡ ᠶᠢᠨ ᠦᠨᠡᠮᠯᠡᠯ︾ ᠢ ᠳᠡᠭᠡᠭᠰᠢ ᠳᠠᠮᠵᠢᠭᠤᠯᠵᠤ᠂ ᠵᠠᠳᠠᠯᠵᠤ ᠰᠠᠯᠭᠠᠬᠤ ᠡᠵᠡᠩᠨᠡᠯᠲᠡ ᠶᠢᠨ ᠲᠠᠯᠠᠪᠤᠷ ᠭᠠᠵᠠᠷ ᠤᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ︽ᠬᠢᠷᠢ ᠬᠡᠮ ᠢ ᠮᠠᠭᠠᠳᠯᠠᠨ ᠲᠣᠭᠲᠠᠭᠠᠭᠰᠠᠨ ᠪᠢᠴᠢᠭ︾ ᠢ ᠰᠣᠯᠢᠵᠤ ᠣᠯᠭᠤᠬᠤ ᠬᠡᠷᠡᠭᠲᠡᠶ᠃    ︵ᠭᠤᠷᠪᠠ︶ ᠨᠡᠭᠦᠯᠭᠡᠨ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ    ᠨᠢᠭᠡᠨᠲᠡ ᠬᠢᠷᠢ ᠴᠢᠳᠠᠮᠵᠢ ᠣᠯᠤᠭᠰᠠᠨ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ᠤᠨ ᠵᠠᠳᠠᠯᠤᠨ ᠰᠠᠯᠭᠠᠬᠤ ᠡᠵᠡᠩᠨᠡᠯᠲᠡ ᠶᠢᠨ ᠲᠠᠯᠠᠪᠤᠷ ᠭᠠᠵᠠᠷ ᠢ ᠨᠡᠭᠦᠯᠭᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠭᠦᠷᠪᠡᠯ᠂ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠢᠷᠢ ᠴᠢᠳᠠᠮᠵᠢ ᠶᠢ ᠦᠨᠡᠮᠰᠢᠭᠦᠯᠬᠦ ᠪᠠᠷ ᠳᠠᠭᠢᠵᠤ ᠭᠤᠶᠤᠴᠢᠯᠠᠬᠤ ᠬᠡᠷᠡᠭᠲᠡᠶ᠃ ᠭᠤᠶᠤᠴᠢᠯᠠᠯ ᠨᠢ ᠬᠢᠷᠢ ᠬᠡᠮ ᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ︽ᠬᠢᠷᠢ ᠬᠡᠮ ᠢ ᠮᠠᠭᠠᠳᠯᠠᠨ ᠲᠣᠭᠲᠠᠭᠠᠬᠤ ᠪᠢᠴᠢᠭ︾ ᠢ ᠰᠣᠯᠢᠵᠤ ᠣᠯᠭᠤᠨ᠎ᠠ︔ ᠬᠢᠷᠢ ᠴᠢᠳᠠᠮᠵᠢ ᠶᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠬᠦ ᠥᠬᠡᠶ ᠪᠠᠶᠢᠪᠠᠯ᠂ ᠤᠤᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ᠲᠡᠭᠦᠨ ᠤ ︽ᠬᠢᠷᠢ ᠴᠢᠳᠠᠮᠵᠢ ᠶᠢ ᠮᠠᠭᠠᠳᠯᠠᠨ ᠲᠣᠭᠲᠠᠭᠠᠭᠰᠠᠨ ᠪᠢᠴᠢᠭ︾ ᠢ ᠬᠦᠴᠦᠨ ᠥᠬᠡᠶ ᠪᠣᠯᠭᠠᠨ᠎ᠠ᠃    ︵ᠲᠥᠷᠪᠡ︶ ᠬᠢᠷᠢ ᠴᠢᠳᠠᠮᠵᠢ ᠲᠠᠢ ᠪᠣᠯᠤᠭᠰᠠᠨ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠟ ᠢ ᠲᠡᠰ ᠳᠡᠪᠰᠢᠭᠦᠯᠦᠨ ᠥᠭᠡᠷᠡᠴᠢᠯᠡᠬᠦ    ︽ᠬᠡᠷᠡᠭᠵᠢᠭᠦᠯᠬᠦ ᠨᠠᠷᠢᠨ ᠲᠦᠷᠢᠮ︾ ᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠬᠤ ᠬᠢᠷᠢ ᠬᠡᠮ ᠢ ᠣᠯᠤᠭᠰᠠᠨ ᠠᠵᠤ ᠠᠬᠤᠶᠢᠯᠠᠯ ᠨᠢ᠂ ᠨᠠᠷᠢᠨ ᠲᠦᠷᠢᠮ ᠢ ᠬᠡᠷᠡᠭᠵᠢᠭᠦᠯᠦᠭᠰᠡᠨ ᠤ ᠳᠠᠷᠠᠭᠠᠬᠢ ᠬᠤᠶᠠᠷ ᠵᠢᠯ ᠤᠨ ᠳᠣᠲᠣᠷ᠎ᠠ ︵2022 ᠣᠨ ᠤ 9 ᠳ᠋ᠦᠭᠡᠷ ᠰᠠᠷ᠎ᠠ ᠶᠢᠨ 1 ᠤ ᠡᠳᠦᠷ ᠠᠴᠠ ᠡᠮᠦᠨ᠎ᠡ︶ ᠰᠢᠨ᠎ᠡ ᠪᠠᠷ ᠨᠡᠮᠡᠭᠳᠡᠭᠰᠡᠨ ᠡᠭᠡᠭᠦᠯᠦᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ᠤᠨ ᠮᠡᠳᠡᠭᠦᠯᠬᠦ ᠴᠤᠪᠤᠷᠠᠯ ᠪᠠ ᠨᠥᠬᠦᠴᠡᠯ ᠪᠠᠷᠢᠮᠵᠢᠶ᠎ᠠ ᠶᠢᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠬᠢᠷᠢ ᠬᠡᠮ ᠢ ᠳᠠᠬᠢᠨ ᠦᠨᠡᠮᠰᠢᠭᠦᠯᠬᠦ ᠪᠠᠷ ᠭᠤᠶᠤᠴᠢᠯᠠᠬᠤ ᠬᠡᠷᠡᠭᠲᠡᠶ᠃ ᠬᠢᠷᠢ ᠬᠡᠮ ᠢ ᠮᠠᠭᠠᠳᠯᠠᠨ ᠲᠣᠭᠲᠠᠭᠠᠬᠤ ᠪᠠᠷ ᠳᠠᠮᠵᠢᠭᠰᠠᠨ ᠪᠠᠶᠢᠪᠠᠯ᠂ ︽ᠬᠢᠷᠢ ᠬᠡᠮ ᠢ ᠮᠠᠭᠠᠳᠯᠠᠨ ᠲᠣᠭᠲᠠᠭᠠᠭᠰᠠᠨ ᠪᠢᠴᠢᠭ︾ ᠢ ᠰᠣᠯᠢᠵᠤ ᠣᠯᠭᠤᠨ᠎ᠠ︔ ᠬᠤᠶᠠᠷ ᠵᠢᠯ ᠬᠡᠲᠦᠷᠡᠲᠡᠯ᠎ᠡ ᠬᠢᠷᠢ ᠬᠡᠮ ᠤᠨ ᠮᠠᠭᠠᠳᠯᠠᠨ ᠲᠣᠭᠲᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠲᠡᠭᠦᠨ ᠤ ︽ᠬᠢᠷᠢ ᠬᠡᠮ ᠤᠨ ᠮᠠᠭᠠᠳᠯᠠᠨ ᠲᠣᠭᠲᠠᠭᠠᠯᠲᠠ ᠶᠢᠨ ᠪᠢᠴᠢᠭ︾ ᠢ ᠬᠦᠴᠦᠨ ᠦᠭᠡᠢ ᠪᠣᠯᠭᠠᠨ᠎ᠠ᠃ ᠠᠶᠢᠮᠠᠭ ᠬᠤᠲᠠ᠂ ᠬᠤᠰᠢᠭᠤ ᠰᠢᠶᠠᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠳᠣᠲᠣᠷᠠᠬᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ︽ᠮᠡᠷᠭᠡᠵᠢᠯ ᠤᠨ ᠵᠢᠷᠤᠮᠵᠢᠯ︾ ᠪᠠ ︽ᠬᠡᠷᠡᠭᠵᠢᠭᠦᠯᠬᠦ ᠨᠠᠷᠢᠨ ᠲᠦᠷᠢᠮ︾ ᠤᠨ ᠶᠣᠰᠣᠭᠠᠷ ᠲᠠᠰ ᠳᠡᠪᠰᠢᠭᠦᠯᠦᠨ ᠥᠭᠡᠷᠡᠴᠢᠯᠡᠬᠦ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠰᠢᠮᠳᠠᠭᠤᠯᠤᠨ ᠵᠢᠯᠣᠭᠤᠳᠤᠨ᠎ᠠ᠃    ᠲᠠᠪᠤ᠂ ᠡᠭᠡᠭᠦᠯᠦᠨ ᠬᠤᠷᠢᠶᠠᠵᠤ ᠵᠠᠳᠠᠯᠬᠤ ᠠᠵᠢᠯ ᠲᠥᠷᠥᠯ  ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ    ︵ᠨᠢᠭᠡ︶ ᠬᠠᠮᠲᠤᠷᠠᠭᠰᠠᠨ ᠬᠤᠷᠠᠯᠳᠤᠭᠠᠨ ᠤ ᠲᠦᠷᠢᠮ ᠢ ᠪᠠᠶᠢᠭᠤᠯᠤᠨ᠎ᠠ    ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ  ᠶᠢ ᠡᠭᠡᠭᠦᠯᠦᠨ ᠬᠤᠷᠢᠶᠠᠵᠤ ᠵᠠᠳᠠᠯᠬᠤ ᠬᠠᠮᠢᠶᠠᠷᠤᠯᠲᠠ  ᠶᠢᠨ ᠠᠯᠪᠠᠨ ᠠᠵᠢᠯ  ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠡᠯᠡᠳᠬᠡᠨ ᠪᠠᠶᠢᠭᠤᠯᠵᠤ᠂ ᠪᠦᠷᠢᠯᠳᠦᠬᠦᠨ ᠨᠢᠭᠡᠴᠡ ᠲᠤ ᠬᠤᠳᠠᠯᠳᠤᠭᠠᠨ  ᠤ ᠶᠠᠪᠤᠳᠠᠯ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢ᠂ ᠳᠣᠲᠣᠭᠠᠳᠤ  ᠶᠢ ᠬᠠᠮᠠᠭᠠᠯᠠᠬᠤ᠂ ᠠᠮᠢ ᠠᠬᠤᠶ  ᠶᠢᠨ ᠣᠷᠴᠢᠨ ᠲᠣᠭᠤᠷᠢᠨ᠂ ᠵᠠᠮ ᠬᠠᠷᠢᠯᠴᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢ ᠪᠠᠭᠲᠠᠭᠠᠵᠤ᠂ ᠠᠯᠪᠠᠨ ᠭᠡᠷ  ᠢ ᠠᠶᠢᠮᠠᠭ ᠬᠤᠳᠠ ᠶᠢᠨ ᠬᠤᠳᠠᠯᠳᠤᠭᠠᠨ  ᠤ ᠶᠠᠪᠤᠳᠠᠯ ᠤᠨ ᠲᠣᠪᠴᠢᠶ᠎ᠠ ᠲᠤ ᠪᠠᠶᠢᠭᠤᠯᠵᠤ᠂ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ  ᠢᠶᠠᠷ ᠡᠭᠡᠭᠦᠯᠦᠨ ᠬᠤᠷᠢᠶᠠᠵᠤ ᠵᠠᠳᠠᠯᠬᠤ ᠬᠠᠮᠢᠶᠠᠷᠤᠯᠲᠠ  ᠶᠢᠨ ᠬᠤᠯᠪᠣᠭᠳᠠᠯ ᠪᠦᠬᠦᠢ ᠵᠦᠢᠯᠡᠰ ᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠴᠢᠬᠤᠯᠠ ᠶᠡᠭᠡ ᠵᠦᠢᠯᠡᠰ  ᠢ ᠠᠶᠢᠮᠠᠭ ᠬᠤᠳᠠ  ᠶᠢᠨ ᠵᠠᠰᠠᠭ  ᠤᠨ ᠣᠷᠳᠣᠨ ᠲᠤ ᠮᠡᠳᠡᠭᠦᠯᠵᠦ ᠬᠢᠨᠠᠨ ᠲᠣᠭᠲᠠᠭᠠᠯᠭᠠᠬᠤ ᠬᠡᠷᠡᠭᠲᠡᠶ᠃    ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠬᠦ ᠬᠡᠷᠡᠭᠲᠡᠶ    ᠬᠠᠮᠲᠤᠷᠠᠭᠰᠠᠨ ᠬᠤᠷᠠᠯ ᠤᠨ ᠠᠯᠪᠠᠨ ᠬᠡᠷ ᠨᠢ ᠡᠯ᠎ᠡ ᠪᠦᠷᠢᠯᠳᠦᠬᠦᠨ ᠨᠢᠭᠡᠴᠡ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠭᠦᠶ᠋ᠴᠡᠳ ᠪᠠᠳᠠᠷᠠᠭᠤᠯᠤᠨ ᠂ ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠠᠷᠭ᠎ᠠ︾ ᠪᠣᠯᠤᠨ ︽ᠬᠡᠷᠡᠭᠵᠢᠭᠦᠯᠬᠦ ᠨᠠᠷᠢᠨ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠶ᠋ᠴᠡᠳᠬᠡᠬᠦ ᠬᠡᠷᠡᠭᠲᠡᠶ᠃ ᠬᠠᠮᠢᠶᠠᠷᠤᠯᠲᠠ ᠶᠢᠨ ᠲᠦᠷᠢᠮ᠂ ᠮᠡᠳᠡᠭᠡ ᠵᠠᠩᠭᠢ ᠶᠢᠨ ᠲᠠᠩᠰᠠ ᠡᠪᠬᠡᠮᠡᠯ ᠪᠠᠶᠢᠭᠤᠯᠬᠤ᠂ ᠠᠯᠪᠠᠨ ᠵᠠᠷ ᠨᠡᠶᠢᠲᠡᠯᠡᠬᠦ᠂ ᠬᠠᠤᠯᠢ ᠠᠴᠠ ᠵᠥᠷᠢᠴᠡᠭᠰᠡᠨ ᠡᠵᠡᠩᠨᠡᠯᠲᠡ ᠶᠢᠨ ᠢᠯᠡᠴᠢᠯᠡᠨ ᠮᠡᠳᠡᠭᠦᠯᠬᠦ ᠳ᠋ᠢᠶᠠᠩᠬᠤᠸᠠ ᠳᠣᠭᠢᠷᠠᠭᠤᠯᠬᠤ ᠵᠡᠷᠭᠡ ᠣᠯᠠᠨ ᠵᠦᠶ᠋ᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯ ᠤᠨ ᠪᠦᠲᠦᠮᠵᠢᠲᠡᠶ ᠥᠷᠨᠢᠬᠦ ᠶᠢ ᠳᠥᠯᠭᠢᠨ ᠠᠬᠢᠭᠤᠯᠵᠤ᠂ ᠠᠵᠢᠯ ᠲᠥᠷᠥᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃    ᠡᠭᠡᠭᠦᠯᠦᠨ ᠬᠤᠷᠢᠶᠠᠵᠤ ᠵᠠᠳᠠᠯᠬᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ    ᠡᠯ᠎ᠡ ᠭᠠᠵᠠᠷ ᠤᠨ ︽ᠬᠡᠷᠡᠭᠵᠢᠭᠦᠯᠬᠦ ᠨᠠᠷᠢᠨ ᠲᠥᠷᠢᠮ︾  ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠡᠭᠦᠯᠦᠨ ᠬᠤᠷᠢᠶᠠᠵᠤ ᠵᠠᠳᠠᠯᠬᠤ ᠠᠵᠢᠯ ᠲᠥᠷᠥᠯ  ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ᠂ ᠲᠤᠰᠬᠠᠶ ᠵᠦᠢᠯ  ᠢᠶᠠᠷ ᠴᠡᠭᠴᠡᠯᠡᠨ ᠵᠠᠰᠠᠬᠤ ᠵᠡᠷᠭᠡ ᠠᠷᠭ᠎ᠠ ᠬᠡᠮᠵᠢᠶ᠎ᠡ ᠠᠪᠴᠤ᠂ ᠥᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠬᠤ᠂ ᠬᠠᠤᠯᠢ ᠲᠣᠭᠲᠠᠭᠠᠯ ᠶᠣᠰᠣᠭᠠᠷ ᠵᠠᠷᠴᠢᠮ ᠪᠣᠯᠭᠠᠬᠤ ᠶᠢ ᠪᠠᠷᠢᠮᠲᠠᠯᠠᠨ᠂ ᠬᠠᠤᠯᠢ ᠪᠤᠰᠤ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠥᠢᠯᠡ ᠠᠵᠢᠯᠯᠠᠭ᠎ᠠ ᠲᠤ ᠴᠢᠩᠭ᠎ᠠ ᠴᠣᠬᠢᠯᠲᠠ ᠥᠭᠴᠦ᠂ ᠬᠢᠷᠢ ᠴᠢᠳᠠᠮᠵᠢ ᠲᠠᠢ ᠠᠵᠤ ᠠᠬᠤᠶᠢᠯᠠᠯ  ᠤᠨ ᠦᠢᠯᠡᠳᠪᠦᠷᠢᠯᠡᠯ ᠡᠵᠡᠩᠨᠡᠯᠲᠡ ᠶᠢ ᠵᠢᠷᠤᠮᠵᠢᠭᠤᠯᠤᠨ᠂ ᠡᠭᠡᠭᠦᠯᠦᠨ ᠬᠤᠷᠢᠶᠠᠵᠤ ᠵᠠᠳᠠᠯᠬᠤ ᠬᠡᠪ  ᠤᠨ ᠡᠵᠡᠩᠨᠡᠯᠲᠡ ᠶᠢᠨ ᠡᠮᠬᠢ ᠳᠢᠭᠯᠢᠮ ᠢ ᠬᠠᠮᠠᠭᠠᠯᠠᠵᠤ᠂ ᠵᠠᠬ᠎ᠠ ᠳᠡᠯᠭᠡᠭᠦᠷ  ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃    1. ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠢᠷᠢ ᠬᠡᠮ ᠲᠠᠢ ᠠᠵᠤ ᠠᠬᠤᠶᠢᠯᠠᠯ ᠳᠤ᠂ ᠲᠡᠭᠦᠨ ᠤ ᠬᠤᠳᠠᠯᠳᠤᠭᠰᠠᠨ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢᠨ ︽ᠲᠠᠪᠤᠨ ᠶᠡᠭᠡ ᠶᠡᠷᠦᠩᠬᠡᠶ ᠪᠦᠲᠦᠴᠡ︾ ᠵᠢᠴᠢ ᠪᠤᠰᠤᠳ ᠰᠡᠯᠪᠢᠭ ᠲᠣᠨᠤᠭ ᠨᠢ ᠬᠠᠮᠢᠶ᠎ᠠ ᠪᠥᠬᠦᠶ ᠱᠠᠭᠠᠷᠳᠠᠯᠭ᠎ᠠ ᠳᠤ ᠨᠡᠶᠢᠴᠡᠬᠦ ᠥᠬᠡᠶ ᠦᠶ᠋ᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ᠎ᠠ︔ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠬᠤᠷᠢᠶᠠᠨ ᠠᠪᠴᠤ ᠵᠠᠳᠠᠯᠬᠤ ᠵᠢᠷᠤᠮ ᠤᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ︔ ᠬᠢᠷᠢ ᠴᠢᠳᠠᠯ ᠤᠨ ᠦᠨᠡᠮᠯᠡᠯ ᠢ ᠪᠠᠯᠠᠯᠤᠨ ᠵᠠᠰᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠪᠤᠶᠤ ᠪᠤᠰᠤᠳ ᠬᠡᠯᠪᠡᠷᠢ ᠪᠠᠷ ᠬᠠᠤᠯᠢ ᠪᠤᠰᠤ ᠪᠠᠷ ᠰᠢᠯᠵᠢᠭᠦᠯᠦᠨ ᠥᠭᠭᠦᠭᠰᠡᠨ ᠠᠵᠢᠯᠯᠠᠭ᠎ᠠ︔ ᠬᠤᠳᠠᠯᠳᠤᠭᠰᠠᠨ ︽ᠲᠠᠪᠤᠨ ᠶᠡᠭᠡ ᠶᠡᠷᠦᠩᠬᠡᠶ ᠪᠦᠷᠢᠯᠳᠦᠬᠦᠨ︾ ᠠᠴᠠ ᠭᠠᠳᠠᠨᠠᠬᠢ ᠰᠡᠯᠪᠢᠭ ᠲᠤᠨᠤᠭ ᠲᠤ ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢᠨ ᠡᠭᠡᠭᠦᠯᠦᠨ ᠬᠤᠷᠢᠶᠠᠭᠰᠠᠨ ᠲᠤᠨᠤᠭ︾ ᠭᠡᠵᠦ ᠲᠣᠳᠣᠷᠬᠠᠶᠢᠯᠠᠭᠰᠠᠨ ᠦᠭᠡᠢ ᠦᠢᠯᠡ ᠠᠵᠢᠯᠯᠠᠭ᠎ᠠ︔ ︽ᠲᠠᠪᠤᠨ ᠶᠡᠭᠡ ᠶᠡᠷᠦᠩᠬᠡᠶ ᠪᠦᠷᠢᠯᠳᠦᠬᠦᠨ︾ ᠤ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠡᠮᠳᠡᠭᠯᠡᠭᠰᠡᠨ ᠥᠭᠡᠢ ᠪᠥᠭᠡᠳ ᠮᠡᠳᠡᠭᠡ ᠵᠠᠩᠭᠢ ᠶᠢᠨ ᠰᠢᠰᠲ᠋ᠧᠮ ᠳᠤ ᠳᠠᠮᠵᠢᠭᠤᠯᠤᠭᠰᠠᠨ ᠥᠢᠯᠡ ᠠᠵᠢᠯᠯᠠᠭ᠎ᠠ ᠵᠢᠴᠢ ︽ᠬᠠᠮᠢᠶᠠᠷᠤᠯᠲᠠ ᠶᠢᠨ ᠠᠷᠭ᠎ᠠ︾ ᠪᠠ ︽ᠬᠡᠷᠡᠭᠵᠢᠭᠦᠯᠬᠦ ᠨᠠᠷᠢᠨ ᠲᠥᠷᠢᠮ︾ ᠢ ᠵᠥᠷᠢᠴᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠡᠵᠡᠩᠨᠡᠯᠲᠡ ᠶᠢᠨ ᠥᠢᠯᠡ ᠠᠵᠢᠯᠯᠠᠭ᠎ᠠ᠃    2. ᠠᠶᠤᠯ ᠥᠭᠡᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠠᠵᠤ ᠠᠬᠤᠶᠢᠯᠠᠯ ᠤᠨ ᠠᠶᠤᠯ ᠥᠬᠡᠶ ᠦᠶ᠋ᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ᠎ᠠ︔ ᠠᠮᠤᠷ ᠲᠦᠪᠰᠢᠨ ᠤ ᠣᠷᠣᠭᠤᠯᠤᠯᠲᠠ᠂ ᠬᠡᠮ ᠰᠣᠭᠤᠭ ᠢ ᠵᠠᠰᠠᠭᠰᠠᠨ ᠪᠠᠶᠢᠳᠠᠯ᠂ ᠲᠦᠷᠢᠮ ᠤᠨ ᠪᠠᠶᠢᠭᠤᠯᠤᠯᠲᠠ ᠶᠢᠨ ᠪᠠᠶᠢᠳᠠᠯ︔ ᠡᠭᠡᠭᠦᠯᠦᠨ ᠬᠤᠷᠢᠶᠠᠵᠤ ᠵᠠᠳᠠᠯᠬᠤ ᠶᠠᠪᠤᠴᠠ ᠳᠠᠬᠢ ᠠᠶᠤᠯᠲᠠᠶ ᠠᠵᠢᠯ ᠤᠨ ᠳᠠᠷᠠᠭᠠᠯᠠᠯ᠂ ᠠᠶᠤᠯᠲᠠᠶ ᠠᠵᠢᠯ᠂ ᠭᠤᠤᠯᠳᠠᠯᠭ᠎ᠠ ᠲᠠᠢ ᠣᠷᠣᠨ ᠪᠠᠶᠢᠷᠢ ᠵᠡᠷᠭᠡ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠨ ᠡᠵᠡᠮᠳᠡᠭᠰᠡᠨ ᠪᠠᠶᠢᠳᠠᠯ︔ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠠᠮᠤᠷ ᠲᠦᠪᠰᠢᠨ ᠤ ᠰᠠᠭᠤᠷᠢ ᠠᠵᠢᠯ ᠵᠢᠴᠢ ᠬᠥᠮᠦᠵᠢᠯ ᠪᠣᠯᠪᠠᠰᠤᠷᠠᠭᠤᠯᠤᠯ ᠤᠨ ᠪᠠᠶᠢᠳᠠᠯ᠂ ᠠᠵᠤ ᠠᠬᠤᠶᠢᠯᠠᠯ ᠤᠨ ᠠᠶᠤᠯ ᠥᠬᠡᠶ ᠦᠶ᠋ᠯᠡᠳᠪᠦᠷᠢᠯᠡᠯ ᠤᠨ ᠭᠤᠤᠯ ᠴᠣᠭᠴᠠ ᠶᠢ ᠵᠠᠳᠠᠯᠬᠤ ᠬᠠᠷᠢᠭᠤᠴᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠦᠨ᠎ᠡ᠃    3. ᠬᠠᠤᠯᠢ ᠪᠤᠰᠤ ᠪᠠᠷ ᠵᠠᠳᠠᠯᠬᠤ ᠳᠤ ᠴᠢᠩᠭ᠎ᠠ ᠴᠣᠬᠢᠯᠲᠠ ᠥᠭᠭᠦᠨ᠎ᠡ᠃ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢᠨ ᠡᠭᠡᠭᠦᠯᠦᠨ ᠬᠤᠷᠢᠶᠠᠵᠤ ᠵᠠᠳᠠᠯᠬᠤ ᠬᠢᠷᠢ ᠬᠡᠮ ᠤᠨ ᠦᠨᠡᠮᠰᠢᠯ ᠢ ᠣᠯᠤᠭᠰᠠᠨ ᠥᠬᠡᠶ ᠪᠠᠷ ᠳᠤᠷ᠎ᠠ ᠪᠠᠷ ᠢᠶᠠᠨ ᠡᠭᠡᠭᠦᠯᠦᠨ ᠬᠤᠷᠢᠶᠠᠵᠤ ᠵᠠᠳᠠᠯᠬᠤ ᠠᠵᠢᠯᠯᠠᠭ᠎ᠠ ᠬᠢᠭᠰᠡᠨ ᠥᠢᠯᠡ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠭᠦᠨ᠎ᠡ︔ ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠬᠤᠷᠢᠶᠠᠨ ᠠᠪᠤᠭᠰᠠᠨ ᠭᠡᠷᠡᠴᠢ︾ ︵2020 ᠣᠨ ᠤ 9 ᠰᠠᠷ᠎ᠠ ᠶᠢᠨ 1 ᠤ ᠡᠳᠦᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠰᠢᠨ᠎ᠡ ᠬᠡᠪᠯᠡᠯ ᠤᠨ ︽ᠬᠤᠷᠢᠶᠠᠨ ᠠᠪᠤᠭᠰᠠᠨ ᠭᠡᠷᠡᠴᠢ︾ ᠶᠢ ᠵᠢᠩᠬᠢᠨᠢ ᠪᠠᠷ ᠡᠬᠢᠯᠡᠨ ᠬᠡᠷᠡᠭᠯᠡᠵᠦ᠂ ᠬᠠᠭᠤᠴᠢᠨ ᠬᠡᠪᠯᠡᠯ ᠢ ᠬᠦᠴᠦᠨ ᠥᠬᠡᠶ ᠪᠣᠯᠭᠠᠪᠠ︶ ᠶᠢ ᠬᠤᠳᠠᠯᠳᠤᠭᠠᠯᠠᠬᠤ ᠪᠤᠶᠤ ᠬᠠᠭᠤᠷᠮᠠᠭᠯᠠᠨ ᠵᠣᠬᠢᠶᠠᠬᠤ᠂ ᠥᠭᠡᠷᠡᠲᠦᠭᠦᠯᠦᠨ ᠵᠣᠬᠢᠶᠠᠬᠤ ᠦᠶ᠋ᠯᠡ ᠠᠵᠢᠯᠯᠠᠭ᠎ᠠ︔ ᠬᠡᠷᠡᠭᠴᠡᠭᠡ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠬᠤ ᠲᠣᠣᠷ ᠴᠢᠬ ᠟ ᠢ ᠬᠠᠤᠯᠢ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠥᠢᠯᠡ ᠠᠵᠢᠯᠯᠠᠭ᠎ᠠ ᠵᠢᠴᠢ ︽ᠬᠠᠮᠢᠶᠠᠷᠤᠯᠲᠠ ᠶᠢᠨ ᠠᠷᠭ᠎ᠠ︾ ᠪᠣᠯᠤᠨ ︽ᠬᠡᠷᠡᠭᠵᠢᠭᠦᠯᠬᠦ ᠨᠠᠷᠢᠨ ᠲᠥᠷᠢᠮ︾ ᠵᠡᠷᠭᠡ ᠬᠤᠯᠪᠣᠭᠳᠠᠯ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠥᠢᠯᠡ ᠠᠵᠢᠯᠯᠠᠭ᠎ᠠ᠃   ᠵᠢᠷᠭᠤᠭ᠎ᠠ᠂ ᠠᠵᠢᠯ ᠤᠨ ᠱᠠᠭᠠᠷᠳᠠᠯᠭ᠎ᠠ    ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠠᠵᠤ ᠠᠬᠤᠶᠢᠯᠠᠯ ᠤᠨ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠶᠢᠨ ᠴᠢᠬᠤᠯᠠ ᠴᠢᠨᠠᠷ ᠪᠠ ᠴᠢᠬᠤᠯᠠ ᠴᠢᠨᠠᠷ ᠢ ᠭᠦᠶ᠋ᠴᠡᠳ ᠲᠠᠨᠢᠵᠤ᠂ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠶ᠋ᠴᠡᠳᠬᠡᠬᠦ ᠪᠠ ᠦᠶ᠋ᠯᠡᠴᠢᠯᠡᠭᠡᠨ ᠤ ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠰᠢᠶ᠋ᠳᠪᠦᠷᠢᠯᠡᠨ᠂ ᠪᠠᠶᠢᠴᠠᠭᠠᠬᠤ ᠪᠠ ᠵᠢᠯᠣᠭᠤᠳᠬᠤ ᠶᠢ ᠴᠢᠬᠤᠯᠠᠴᠢᠯᠠᠵᠤ᠂ ᠵᠠᠯᠬᠠᠭᠠᠨ ᠰᠢᠳᠬᠡᠬᠦ ᠪᠠ ᠰᠤᠷᠭᠠᠨ ᠬᠥᠮᠦᠵᠢᠭᠦᠯᠬᠦ᠂ ᠬᠢᠨᠠᠨ ᠬᠠᠮᠢᠶᠠᠷᠬᠤ ᠪᠠ ᠦᠶ᠋ᠯᠡᠴᠢᠯᠡᠬᠦ ᠶᠢ ᠬᠠᠷᠢᠯᠴᠠᠨ ᠤᠶᠠᠯᠳᠤᠭᠤᠯᠵᠤ᠂ ᠡᠭᠡᠭᠦᠯᠦᠨ ᠬᠤᠷᠢᠶᠠᠭᠰᠠᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠤᠨ᠂ ᠬᠢᠨᠠᠯᠲᠠ ᠬᠠᠮᠢᠶᠠᠷᠤᠯᠲᠠ ᠶᠢ ᠣᠷᠣᠨ ᠪᠠᠶᠢᠷᠢ ᠳᠤᠨᠢ ᠳᠤᠲᠠᠭᠤᠯᠬᠤ ᠥᠬᠡᠶ᠂ ᠣᠷᠣᠨ ᠪᠠᠶᠢᠷᠢ ᠳᠤᠨᠢ ᠵᠦᠭᠡᠷ ᠪᠠᠶᠢᠯᠭᠠᠬᠤ᠂ ᠣᠷᠣᠨ ᠪᠠᠶᠢᠷᠢ ᠠᠴᠠ ᠨᠢ ᠳᠠᠪᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    ︵ᠬᠤᠶᠠᠷ︶ ᠠᠵᠢᠯ ᠲᠥᠷᠥᠯ ᠤᠨ ᠦᠶ᠋ᠯᠡᠴᠢᠯᠡᠭᠡ ᠶᠢ ᠴᠢᠩᠭᠠᠷᠠᠭᠤᠯᠤᠨ᠎ᠠ᠃ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠤᠯᠤᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠭᠦᠨᠵᠡᠭᠡᠶ ᠰᠤᠷᠤᠯᠴᠠᠨ ᠰᠤᠳᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠬᠤ᠂ ᠬᠠᠷᠢᠭᠤᠯᠬᠤ ᠪᠠ ᠵᠢᠯᠣᠭᠤᠳᠬᠤ ᠶᠢ ᠬᠢᠨᠠᠮᠠᠭᠠᠶ ᠰᠠᠶᠢᠲᠤᠷ ᠬᠢᠵᠦ᠂ ᠨᠡᠶᠢᠭᠡᠮ ᠤᠨ ᠠᠩᠬᠠᠷᠤᠯ ᠳᠤ ᠬᠠᠷᠢᠭᠤ ᠥᠭᠴᠦ᠂ ᠦᠶ᠋ᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠬᠤᠷᠢᠶᠠᠨ ᠠᠪᠴᠤ ᠵᠠᠳᠠᠯᠤᠨ ᠰᠠᠯᠭᠠᠵᠤ᠂ ᠴᠢᠨᠠᠷ ᠰᠠᠶᠢᠲᠠᠶ ᠬᠥᠷᠥᠩᠭᠡ ᠶᠢ ᠠᠵᠢᠯ ᠲᠥᠷᠥᠯ ᠳᠤ ᠲᠡᠳᠡᠨ ᠣᠷᠣᠭᠤᠯᠵᠤ᠂ ᠠᠵᠢᠯ ᠲᠥᠷᠥᠯ ᠤᠨ ᠪᠦᠬᠦᠯᠢ ᠴᠣᠭᠴᠠ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠬᠤᠷᠢᠶᠠᠨ ᠠᠪᠬᠤ ᠠᠵᠢᠯ ᠲᠥᠷᠥᠯ ᠤᠨ ᠵᠠᠬ᠎ᠠ ᠳᠡᠯᠭᠡᠭᠦᠷᠴᠢᠯᠡᠬᠦ᠂ ᠲᠤᠰᠬᠠᠶᠢᠵᠢᠬᠤ᠂ ᠡᠷᠴᠢᠮᠵᠢᠭᠦᠯᠬᠦ ᠬᠥᠭᠵᠢᠯᠲᠡ ᠶᠢ ᠭᠦᠨᠵᠡᠭᠡᠶ ᠠᠬᠢᠭᠤᠯᠤᠨ᠎ᠠ᠃ ᠣᠳᠣ ᠶᠢᠨ ᠪᠠᠶᠢᠭ᠎ᠠ ᠬᠠᠶᠠᠭᠳᠠᠮᠠᠯ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠲᠠᠰ ᠳᠡᠪᠰᠢᠭᠦᠯᠦᠨ ᠥᠭᠡᠷᠡᠴᠢᠯᠡᠬᠦ ᠠᠵᠢᠯ ᠢ ᠰᠠᠶᠢᠲᠤᠷ ᠬᠢᠬᠦ ᠶᠢ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃    ︵ᠭᠤᠷᠪᠠ︶ ᠠᠵᠢᠯ ᠲᠥᠷᠥᠯ ᠤᠨ ᠡᠮᠬᠢ ᠵᠢᠷᠤᠮ ᠲᠠᠢ ᠪᠠᠷ ᠬᠥᠭᠵᠢᠬᠦ ᠶᠢ ᠵᠢᠯᠣᠭᠤᠳᠤᠨ᠎ᠠ᠃ ᠡᠯ᠎ᠡ ᠱᠠᠲᠤᠨ ᠤ ᠬᠤᠳᠠᠯᠳᠤᠭᠠᠨ ᠤ ᠶᠠᠪᠤᠳᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠬᠠᠶᠠᠭᠳᠠᠮᠠᠯ ᠮᠠᠰᠢᠨ ᠲᠡᠷᠭᠡ ᠶᠢ ᠬᠤᠷᠢᠶᠠᠨ ᠠᠪᠴᠤ ᠵᠠᠳᠠᠯᠬᠤ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠲᠤᠬᠠᠶ ᠶᠢᠨ ᠭᠠᠵᠠᠷ ᠤᠨ ᠮᠠᠰᠢᠨ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ᠂ ᠵᠠᠳᠠᠯᠤᠯᠲᠠ ᠶᠢᠨ ᠬᠡᠮᠵᠢᠶ᠎ᠡ ᠵᠢᠴᠢ ᠬᠥᠭᠵᠢᠯᠲᠡ ᠶᠢᠨ ᠬᠠᠨᠳᠤᠰᠢ ᠶᠢ ᠨᠠᠷᠢᠨ ᠬᠢᠨᠠᠮᠠᠭᠠᠶ ᠰᠤᠳᠤᠯᠵᠤ᠂ ᠠᠵᠤ ᠠᠬᠤᠶᠢᠯᠠᠯ ᠢ ᠵᠢᠯᠣᠭᠤᠳᠤᠨ ᠣᠷᠣᠨ ᠪᠦᠰᠡ ᠶᠢᠨ ᠣᠷᠣᠨ ᠪᠠᠶᠢᠷᠢ᠂ ᠮᠠᠰᠢᠨ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠡᠵᠡᠩᠨᠡᠯᠲᠡ ᠶᠢᠨ ᠦᠷ᠎ᠡ ᠠᠰᠢᠭ᠂ ᠠᠵᠢᠯ ᠲᠥᠷᠥᠯ ᠤᠨ ᠬᠥᠭᠵᠢᠯᠲᠡ ᠶᠢᠨ ᠬᠡᠲᠦ ᠶᠢᠨ ᠲᠥᠯᠥᠪ ᠵᠡᠷᠭᠡ ᠬᠦᠴᠦᠨ ᠵᠦᠶ᠋ᠯ ᠢ ᠵᠦᠶ ᠵᠣᠬᠢᠰᠲᠠᠶ ᠲᠥᠰᠦᠭᠡᠯᠡᠨ ᠪᠤᠳᠤᠵᠤ᠂ ᠠᠵᠢᠯ ᠲᠥᠷᠥᠯ ᠤᠨ ᠨᠤᠲᠠᠯᠠᠯᠲᠠ ᠪᠠ ᠲᠦᠭᠰᠢᠭᠦᠷᠢ ᠶᠢᠨ ᠦᠨᠡᠯᠡᠨ ᠵᠢᠱᠢᠯᠲᠡ ᠶᠢ ᠦᠨᠡᠨᠬᠦ ᠰᠠᠶᠢᠲᠤᠷ ᠬᠢᠵᠦ᠂ ᠰᠣᠬᠤᠷ ᠪᠠᠯᠠᠶ ᠪᠠᠷ ᠡᠬᠢᠯᠡᠭᠦᠯᠬᠦ᠂ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠵᠦ᠂ ᠳᠠᠪᠬᠤᠷᠳᠠᠭᠤᠯᠤᠨ ᠪᠥᠲᠥᠭᠡᠨ ᠪᠠᠶᠢᠭᠤᠯᠬᠤ ᠪᠠ ᠵᠦᠶ ᠪᠤᠰᠤ ᠥᠷᠢᠰᠥᠯᠳᠦᠭᠡᠨ ᠠᠴᠠ ᠬᠠᠮᠤᠭ ᠤᠨ ᠶᠡᠭᠡ ᠬᠡᠮᠵᠢᠶ᠎ᠡ ᠪᠠᠷ ᠵᠠᠶᠢᠯᠠᠰᠬᠢᠵᠦ᠂ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠢᠯ ᠲᠥᠷᠥᠯ ᠤᠨ ᠵᠢᠷᠤᠮᠵᠢᠯ ᠲᠠᠢ ᠡᠮᠬᠢ ᠵᠢᠷᠤᠮ ᠲᠠᠢ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃    ᠳᠡᠭᠡᠷᠡᠬᠢ ᠰᠢᠶ᠋ᠳᠪᠦᠷᠢᠯᠡᠵᠦ ᠳᠠᠭᠤᠰᠤᠭᠠᠳᠤᠶ ᠵᠦᠶ᠋ᠯᠡᠰ ᠢ ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 715 ᠳ᠋ᠤᠭᠠᠷ ᠲᠣᠭᠠᠲᠤ︶᠂ ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠠᠷᠭ᠎ᠠ ᠶᠢᠨ ᠬᠡᠷᠡᠭᠵᠢᠭᠦᠯᠬᠦ ᠨᠠᠷᠢᠨ ᠲᠦᠷᠢᠮ︾ ︵ᠬᠤᠳᠠᠯᠳᠤᠭᠠᠨ ᠤ ᠶᠠᠪᠤᠳᠠᠯ ᠤᠨ ᠶᠠᠮᠤᠨ ᠤ ᠵᠠᠷᠯᠢᠭ 2020 ᠣᠨ ᠤ 2 ᠳ᠋ᠤᠭᠠᠷ ᠲᠣᠭᠠᠲᠤ︶ ᠪᠠ ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠮᠡᠷᠭᠡᠵᠢᠯ ᠤᠨ ᠵᠢᠷᠤᠮᠵᠢᠯ︾ ︵GB22128 — 2019︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠭᠦᠶ᠋ᠴᠡᠳᠬᠡᠨ᠎ᠡ᠃
         
        ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
         
        2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号