内蒙古自治区商务厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        2021 ᠣᠨ ᠤ 1 — 4 ᠳ᠋ᠦᠭᠡᠷ ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠤᠨ ᠲᠤᠬᠠᠶ ᠮᠡᠳᠡᠭᠡᠯᠡᠯ
        ᠨᠡᠶᠢᠲᠡᠯᠡᠭᠰᠡᠨ ᠴᠠᠭ᠄
        2022/1/6
           ᠡᠳᠦᠭᠡ 2021 ᠣᠨ ᠤ 1 — 4 ᠳ᠋ᠦᠭᠡᠷ ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠠᠷᠠᠯᠵᠢᠶ᠎ᠠ ᠬᠤᠳᠠᠯᠳᠤᠭᠠᠨ  ᠤ ᠭᠦᠢᠯᠭᠡᠭᠡᠨ  ᠵᠦᠢᠯ    1 — 4 ᠳ᠋ᠦᠭᠡᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 19.0% ᠨᠡᠮᠡᠭᠳᠡᠪᠡ᠃ ᠡᠭᠦᠨ ᠳᠤ᠄ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 19.7% ᠬᠥᠳᠡᠭᠡ ᠲᠣᠰᠬᠤᠨ ᠤ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ    ᠠᠵᠢᠯᠯᠠᠭᠠᠨ ᠤ ᠭᠤᠤᠯ ᠣᠨᠴᠠᠯᠢᠭ ᠪᠣᠯ᠄ 1-4 ᠳ᠋ᠦᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ  ᠵᠦᠢᠯ ᠤᠨ ᠵᠠᠬ᠎ᠠ ᠳᠡᠯᠭᠡᠭᠦᠷ ᠤᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠤ ᠠᠬᠤᠶ ᠶᠢᠨ ᠢᠳᠡᠪᠬᠢᠵᠢᠯ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠭᠤᠤᠯ ᠭᠦᠶ᠋ᠴᠡᠳᠬᠡᠯ ᠲᠤᠭ᠎ᠠ ᠶᠢᠨ ᠨᠡᠯᠢᠶᠡᠳ ᠲᠦᠷᠭᠡᠨ ᠨᠡᠮᠡᠭᠳᠡᠯ ᠤᠨ ᠬᠠᠨᠳᠤᠰᠢ ᠶᠢ ᠦᠷᠭᠦᠯᠵᠢᠯᠡᠭᠦᠯᠪᠡ᠃ ᠬᠡᠷᠡᠭᠯᠡᠭᠡᠨ ᠤ ᠬᠡᠯᠪᠡᠷᠢ ᠪᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 58.1% ᠪᠠᠷ ᠨᠡᠮᠡᠭᠳᠡᠪᠡ︔ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 15.8% ᠨᠡᠮᠡᠭᠳᠡᠵᠡᠶ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠬᠡᠷᠡᠭᠯᠡᠭᠡᠨ ᠤ  ᠵᠦᠢᠯ ᠤᠨ ᠲᠥᠷᠥᠯ ᠤᠨ ᠥᠷᠲᠡᠭ ᠠᠴᠠ ᠦᠵᠡᠪᠡᠯ ᠂ ᠲᠠᠰ ᠳᠡᠪᠰᠢᠬᠦ ᠲᠥᠷᠥᠯ ᠤᠨ ᠲᠠᠸᠠᠷ ᠰᠡᠷᠭᠦᠨ ᠨᠡᠮᠡᠭᠳᠡᠵᠦ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 86.3% ᠨᠡᠮᠡᠭᠳᠡᠵᠦ᠂ ᠵᠠᠰᠠᠯ ᠴᠢᠮᠡᠭ ᠤᠨ ᠡᠳ᠋ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 48.7% ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠠᠴᠠ ᠲᠣᠰ ᠲᠣᠰ 55.9᠂ 18.3 ᠵᠠᠭᠤᠨ ᠤ ᠨᠢᠭᠡᠴᠢ ᠥᠨᠳᠥᠷ ᠪᠣᠯᠪᠠ︔ ᠪᠥᠬᠦ ᠣᠷᠣᠨ ᠤ ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠬᠥᠭᠵᠢᠶᠡᠨᠲᠡᠶ ᠪᠠᠶᠢᠵᠤ᠂ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 57.9% ᠨᠡᠮᠡᠭᠳᠡᠪᠡ︔ ᠭᠤᠤᠯ ᠪᠣᠯᠬᠤ ᠬᠡᠷ ᠤᠨ ᠡᠳ᠋ᠯᠡᠯ ᠤᠨ ᠲᠥᠷᠥᠯ ᠤᠨ ᠲᠠᠸᠠᠷ ᠤᠨ ᠪᠠᠭᠤᠷᠠᠯᠲᠠ ᠶᠢᠨ ᠬᠡᠮᠵᠢᠶ᠎ᠡ ᠨᠡᠯᠢᠶᠡᠳ ᠶᠡᠭᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 22% ᠪᠠᠭᠤᠷᠠᠪᠠ᠃    ᠠᠶᠢᠮᠠᠭ ᠬᠤᠳᠠ ᠶᠢᠨ ᠪᠠᠶᠢᠳᠠᠯ ᠠᠴᠠ ᠦᠵᠡᠪᠡᠯ᠂ ᠬᠥᠬᠡᠬᠤᠲᠠ᠂ ᠪᠤᠭᠤᠲᠤ ᠬᠤᠳᠠ᠂ ᠰᠢᠯᠢ ᠶᠢᠨ ᠭᠤᠣᠯ ᠠᠶᠢᠮᠠᠭ᠂ ᠤᠷᠳᠤᠰ ᠬᠤᠳᠠ᠂ ᠦᠬᠠᠶ ᠬᠤᠳᠠ ᠵᠡᠷᠭᠡ 5 ᠠᠶᠢᠮᠠᠭ ᠬᠤᠳᠠ ᠶᠢᠨ ᠨᠡᠮᠡᠭᠳᠡᠯ ᠤᠨ ᠬᠡᠮᠵᠢᠶ᠎ᠡ ᠨᠢ ᠪᠦᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠠᠶᠢᠵᠤ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠤᠯᠠᠭᠠᠨᠴᠠᠪ ᠬᠤᠳᠠ᠂ ᠪᠠᠶᠠᠨᠨᠠᠭᠤᠷ ᠬᠤᠳᠠ᠂ ᠠᠯᠠᠱᠠ ᠠᠶᠢᠮᠠᠭ ᠵᠡᠷᠭᠡ 7 ᠠᠶᠢᠮᠠᠭ ᠬᠤᠳᠠ ᠶᠢᠨ ᠨᠡᠮᠡᠭᠳᠡᠯ ᠤᠨ ᠬᠡᠮᠵᠢᠶ᠎ᠡ ᠨᠢ ᠪᠦᠬᠦ ᠣᠷᠣᠨ ᠤ ᠬᠢᠷᠢ ᠬᠡᠮᠵᠢᠶ᠎ᠡ ᠠᠴᠠ ᠳᠣᠣᠷ᠎ᠠ ᠪᠠᠶᠢᠨ᠎ᠠ    ᠬᠤᠶᠠᠷ᠂ ᠭᠠᠳᠠᠭᠠᠳᠤ ᠠᠷᠠᠯᠵᠢᠶ᠎ᠠ    ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 1 — 4 ᠳ᠋ᠦᠭᠡᠷ ᠰᠠᠷ᠎ᠠ ᠳᠤ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠨᠡᠶᠢᠲᠡ 381.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.1% ᠨᠡᠮᠡᠭᠳᠡᠵᠦ᠂ 2019 ᠣᠨ ᠤ 1 — 4 ᠳ᠋ᠦᠭᠡᠷ ᠰᠠᠷ᠎ᠠ ᠶᠢᠨ ᠬᠢ ᠠᠴᠠ 6.0% ᠨᠡᠮᠡᠭᠳᠡᠵᠡᠶ᠃ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠨᠡᠶᠢᠲᠡ ᠲᠤᠭ᠎ᠠ 237.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠨᠡᠮᠡᠭᠳᠡᠵᠡᠶ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 144.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.9% ᠨᠡᠮᠡᠭᠳᠡᠵᠡᠶ᠃    ᠳ᠋ᠣᠯᠯᠠᠷ ᠤᠨ ᠪᠠᠷᠢᠮᠵᠢᠶ᠎ᠠ ᠪᠠᠷ ᠪᠣᠯ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 58.8 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.7% ᠪᠠᠷ ᠨᠡᠮᠡᠭᠳᠡᠪᠡ᠂ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠨᠡᠶᠢᠲᠡ ᠲᠤᠭ᠎ᠠ ᠨᠡᠶᠢᠲᠡ 36.5 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.1% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠲᠤᠭ᠎ᠠ 22.3 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36.6% ᠨᠡᠮᠡᠭᠳᠡᠵᠡᠶ᠃    ᠠᠵᠢᠯᠯᠠᠭᠠᠨ ᠤ ᠭᠤᠣᠯ ᠣᠨᠴᠠᠯᠢᠭ ᠪᠣᠯ᠄ 4 ᠰᠠᠷ᠎ᠠ ᠶᠢᠨ ᠲᠤᠰ ᠰᠠᠷ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠪᠠ᠃ 1 — 4 ᠳ᠋ᠦᠭᠡᠷ ᠰᠠᠷ᠎ᠠ ᠳᠤ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 13.1% ᠨᠡᠮᠡᠭᠳᠡᠵᠦ᠂ 1 — 3 ᠳ᠋ᠤᠭᠠᠷ ᠰᠠᠷ᠎ᠠ ᠶᠢᠨ ᠨᠡᠮᠡᠭᠳᠡᠯ ᠤᠨ ᠬᠤᠷᠳᠤᠴᠠ ᠠᠴᠠ 2.8 ᠵᠠᠭᠤᠨ ᠤ ᠨᠢᠭᠡᠴᠢ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 15.4 ᠵᠠᠭᠤᠨ ᠤ ᠨᠢᠭᠡᠴᠢ ᠳᠣᠤᠷ᠎ᠠ ᠪᠣᠯᠤᠭᠰᠠᠨ ᠪᠠᠶᠢᠨ᠎ᠠ᠃ 4 ᠳ᠋ᠦᠭᠡᠷ ᠰᠠᠷ᠎ᠠ ᠶᠢᠨ ᠲᠣᠰ ᠰᠠᠷ᠎ᠠ ᠳᠤ᠂ ᠪᠥᠬᠦ ᠣᠷᠣᠨ ᠤ ᠪᠡᠶᠡᠯᠡᠭᠦᠯᠦᠭᠰᠡᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠤᠭ᠎ᠠ 86.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.4% ᠨᠡᠮᠡᠭᠳᠡᠨ᠂ ᠭᠠᠷᠬᠠᠨ ᠬᠠᠷᠢᠴᠠᠯ ᠢᠶᠠᠷ ᠢᠶᠠᠨ 16% ᠪᠠᠭᠤᠷᠠᠪᠠ᠂ ᠡᠭᠦᠨ ᠳᠤ᠄ ᠭᠠᠳᠠᠭᠠᠳᠤ ᠭᠠᠷᠭᠠᠯᠲᠠ ᠶᠢᠨ ᠲᠤᠭ᠎ᠠ 36.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.1% ᠨᠡᠮᠡᠭᠳᠡᠨ᠂ ᠭᠠᠷᠬᠠᠨ ᠬᠠᠷᠢᠴᠠᠯ ᠢᠶᠠᠷ ᠢᠶᠠᠨ 12.2% ᠪᠠᠭᠤᠷᠠᠪᠠ︔ ᠭᠠᠳᠠᠭᠠᠳᠤ ᠠᠴᠠ ᠣᠷᠣᠭᠤᠯᠤᠭᠰᠠᠨ ᠲᠤᠭ᠎ᠠ 50.0 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠲᠠᠢ ᠠᠳᠠᠯᠢ ᠪᠠᠶᠢᠵᠤ᠂ ᠲᠦᠷᠦᠭᠦᠤ ᠰᠠᠷ᠎ᠠ ᠶᠢᠨ ᠬᠢ ᠠᠴᠠ ᠪᠠᠨ 18.6% ᠪᠠᠷ ᠪᠠᠭᠤᠷᠠᠪᠠ᠃ ᠭᠠᠳᠠᠭᠠᠳᠤ ᠭᠠᠷᠭᠠᠯᠲᠠ ᠶᠢᠨ ᠭᠠᠳᠠᠭᠠᠳᠤ ᠠᠷᠠᠯᠵᠢᠶᠠᠨ ᠤ ᠨᠡᠮᠡᠭᠳᠡᠯ ᠢ ᠳᠠᠶᠢᠴᠢᠯᠠᠬᠤ ᠦᠢᠯᠡᠳᠦᠯ ᠢᠯᠡᠳᠲᠡ ᠪᠣᠯᠪᠠ᠃ 1 — 4 ᠳ᠋ᠦᠭᠡᠷ ᠰᠠᠷ᠎ᠠ ᠳᠤ᠂ ᠮᠠᠨ ᠤ ᠣᠷᠣᠨ ᠤ ᠭᠠᠳᠠᠭᠠᠳᠤ ᠭᠠᠷᠭᠠᠯᠲᠠ ᠶᠢᠨ ᠨᠡᠮᠡᠭᠳᠡᠯ ᠢᠯᠡᠷᠬᠡᠶ ᠪᠠᠶᠢᠵᠤ᠂ ᠨᠡᠮᠡᠭᠳᠡᠯ ᠤᠨ ᠬᠤᠷᠳᠤᠴᠠ 26.9% ᠳᠤ ᠬᠦᠷᠴᠦ᠂ ᠪᠥᠬᠦ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠠᠴᠠ 13.8 ᠵᠠᠭᠤᠨ ᠤ ᠨᠢᠭᠡᠴᠢ ᠥᠨᠳᠥᠷ ᠪᠣᠯᠪᠠ︔ ᠭᠠᠳᠠᠭᠠᠳᠤ ᠭᠠᠷᠭᠠᠯᠲᠠ ᠶᠢᠨ ᠪᠥᠬᠦ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠲᠤ ᠡᠵᠡᠯᠡᠬᠦ ᠬᠤᠪᠢ ᠶᠢᠨ ᠵᠢᠩ 38% ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4 ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠤᠯ ᠪᠣᠯᠬᠤ ᠲᠠᠸᠠᠷ ᠤᠨ ᠥᠰᠥᠯᠲᠡ ᠬᠠᠷᠢᠯᠴᠠᠨ ᠢᠯᠡᠷᠡᠵᠦ 1 — 4 ᠰᠠᠷ᠎ᠠ ᠳᠤ᠂ ᠲᠦᠷᠦᠭᠦᠤ ᠠᠷᠪᠠᠨ ᠶᠡᠭᠡ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠳᠣᠲᠣᠷ᠎ᠠ᠂ ᠨᠡᠭᠦᠷᠡᠰᠦ᠂ ᠵᠡᠰ ᠤᠨ ᠬᠦᠳᠡᠷ ᠤᠨ ᠡᠯᠡᠰᠦ᠂ ᠲᠡᠮᠦᠷ ᠤᠨ ᠬᠦᠳᠡᠷ ᠤᠨ ᠡᠯᠡᠰᠦ ᠵᠡᠷᠭᠡ ᠲᠤᠯᠤᠭᠠᠨ ᠲᠣᠮᠣ ᠲᠠᠸᠠᠷ ᠡᠶᠡᠷᠭᠦ ᠨᠡᠮᠡᠭᠳᠡᠯ ᠲᠠᠢ ᠪᠣᠯᠵᠣ᠂ ᠲᠣᠰ ᠲᠣᠰ 38.5%᠂ 70.8%᠂ 63.6% ᠪᠠᠷ ᠨᠡᠮᠡᠭᠳᠡᠨ᠂ ᠰᠦ᠋ ᠵᠢᠴᠢ ᠰᠢᠷ᠎ᠠ ᠲᠣᠰᠣ᠂ ᠪᠦᠬᠦᠯᠢ ᠮᠣᠳᠣ᠂ ᠴᠠᠶᠢᠷ ᠤᠨ ᠬᠦᠳᠡᠷ ᠤᠨ ᠡᠯᠡᠰᠦ ᠵᠡᠷᠭᠡ ᠭᠤᠷᠪᠠᠨ ᠲᠣᠮᠣ ᠲᠠᠸᠠᠷ ᠰᠥᠭᠡᠷᠭᠦ ᠨᠡᠮᠡᠭᠳᠡᠯ ᠲᠠᠢ ᠪᠣᠯᠪᠠ︔ ᠲᠦᠷᠦᠭᠦᠦ ᠠᠷᠪᠠᠨ ᠶᠡᠭᠡ ᠭᠠᠳᠠᠭᠠᠳᠤ ᠳᠤ ᠭᠠᠷᠭᠠᠬᠤ ᠲᠠᠸᠠᠷ ᠤᠨ ᠳᠣᠲᠣᠷ᠎ᠠ᠂ ᠬᠦᠴᠢᠯᠲᠥ᠋ᠷᠥᠭᠴᠢᠲᠦ ᠠᠮᠢᠨᠣ᠋ ᠪᠦᠯᠦᠭᠲᠦ ᠨᠢᠭᠡᠳᠪᠦᠷᠢ᠂ ᠪᠣᠯᠣᠳ ᠮᠠᠲ᠋ᠧᠷᠢᠶᠠᠯ᠂ ᠺᠤᠲ᠋ᠤᠨ ᠵᠢᠴᠢ ᠺᠤᠶᠢᠨᠣᠨ ᠵᠡᠷᠭᠡ ᠵᠢᠷᠭᠤᠭᠠᠨ ᠶᠡᠭᠡ ᠲᠠᠸᠠᠷ ᠡᠶᠡᠷᠭᠦ ᠨᠡᠮᠡᠭᠳᠡᠯ ᠲᠠᠢ ᠪᠣᠯᠵᠤ᠂ ᠲᠤᠰ ᠲᠤᠰ 15.5%᠂ 48.4%᠂ 24.5% ᠪᠠᠷ ᠨᠡᠮᠡᠭᠳᠡᠵᠦ᠂ ᠨᠡᠷᠡᠨ ᠬᠤᠸᠠᠷ ᠤᠨ ᠦᠷ᠎ᠡ᠂ ᠴᠠᠬᠢᠯᠭᠠᠨ ᠬᠦᠴᠦ᠂ ᠪᠠᠺᠲ᠋ᠧᠷᠢ ᠳᠠᠷᠤᠬᠤ ᠡᠳ᠋ ᠵᠡᠷᠭᠡ ᠳᠥᠷᠪᠡᠨ ᠶᠡᠭᠡ ᠲᠠᠸᠠᠷ ᠰᠥᠭᠡᠷᠭᠦ ᠨᠡᠮᠡᠭᠳᠡᠯ ᠲᠠᠢ ᠪᠣᠯᠵᠠᠶ᠃ ᠮᠠᠰᠢᠨ ᠴᠠᠬᠢᠯᠭᠠᠨ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠡᠮᠵᠢᠶ᠎ᠡ ᠡᠶᠡᠷᠭᠦ ᠨᠡᠮᠡᠭᠳᠡᠯ ᠲᠠᠢ ᠪᠤᠯᠵᠤ᠂ ᠲᠤᠰ ᠲᠤᠰ 350%᠂ 528% ᠪᠠᠷ ᠨᠡᠮᠡᠭᠳᠡᠪᠡ᠃ ᠠᠷᠠᠯᠵᠢᠶᠠᠨ ᠤ ᠵᠠᠬ᠎ᠠ ᠳᠡᠯᠭᠡᠭᠦᠷ ᠤᠨ ᠤᠯᠠᠨ ᠡᠰᠢᠵᠢᠬᠦ ᠠᠬᠢᠴᠠ ᠲᠦᠷᠭᠡᠳᠪᠡ᠃ 1 — 4 ᠳ᠋ᠦᠭᠡᠷ ᠰᠠᠷ᠎ᠠ ᠳᠤ᠂ ᠮᠠᠨ ᠤ ᠣᠷᠣᠨ ᠤ ᠲᠦᠷᠦᠭᠦᠤ ᠠᠷᠪᠠᠨ ᠶᠡᠭᠡ ᠠᠷᠠᠯᠵᠢᠶᠠᠨ ᠤ ᠬᠠᠨᠢᠲᠠᠨ ᠤ ᠳᠣᠲᠣᠷ᠎ᠠ᠂ ᠣᠷᠣᠰ ᠠᠴᠠ ᠪᠤᠰᠤᠳ ᠪᠤᠰᠤᠳ ᠠᠷᠠᠯᠵᠢᠶᠠᠨ ᠤ ᠬᠠᠨᠢᠲᠠᠨ ᠯᠤᠭ᠎ᠠ ᠶᠢᠨ ᠠᠷᠠᠯᠵᠢᠶᠠᠨ ᠤ ᠬᠡᠮᠵᠢᠶ᠎ᠡ ᠴᠥᠮ ᠨᠡᠮᠡᠭᠳᠡᠬᠦ ᠬᠠᠨᠳᠤᠰᠢ ᠲᠠᠢ ᠪᠣᠯᠪᠠ᠂ ᠡᠭᠦᠨ ᠳᠤ᠂ ᠮᠠᠨ ᠤ ᠣᠷᠣᠨ ᠬᠢᠭᠡᠳ ᠮᠣᠩᠭᠤᠯ ᠤᠯᠤᠰ᠂ ᠠᠦ᠋ᠰᠲᠷᠠᠯᠢᠶ᠎ᠠ᠂ ᠺᠣᠷᠢᠶᠠ᠂ ᠸᠢᠶᠧᠲᠨᠠᠮ᠂ ᠴᠢᠯᠢ᠂ ᠲᠠᠢ ᠤᠯᠤᠰ᠂ ᠫᠤᠷᠦ᠋ ᠶᠢᠨ ᠠᠷᠠᠯᠵᠢᠶᠠᠨ ᠤ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠨᠢ ᠴᠥᠮ 2 ᠣᠷᠣᠨᠲᠤ ᠲᠤᠭ᠎ᠠ ᠠᠴᠠ ᠳᠡᠭᠡᠭᠰᠢ ᠪᠣᠯᠪᠠ︔ ᠡᠭᠦᠨ ᠳᠤ᠂ ᠮᠠᠨ ᠤ ᠣᠷᠣᠨ ᠬᠢᠭᠡᠳ ᠮᠣᠩᠭᠤᠯ ᠤᠯᠤᠰ᠂ ᠠᠦ᠋ᠰᠲᠷᠠᠯᠢᠶ᠎ᠠ᠂ ᠺᠣᠷᠢᠶᠠ᠂ ᠸᠢᠶᠧᠲᠨᠠᠮ᠂ ᠴᠢᠯᠢ᠂ ᠲᠠᠢ ᠤᠯᠤᠰ᠂ ᠫᠤᠷᠦ᠋ ᠶᠢᠨ ᠠᠷᠠᠯᠵᠢᠶᠠᠨ ᠤ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠨᠢ ᠴᠥᠮ 2 ᠣᠷᠣᠨᠲᠤ ᠲᠤᠭ᠎ᠠ ᠠᠴᠠ ᠳᠡᠭᠡᠭᠰᠢ ᠪᠣᠯᠪᠠ︔ ᠮᠠᠨ ᠤ ᠣᠷᠣᠨ ᠤ ᠮᠣᠩᠭᠤᠯ ᠤᠯᠤᠰ ᠯᠤᠭ᠎ᠠ ᠶᠢᠨ ᠠᠷᠠᠯᠵᠢᠶᠠᠨ ᠤ ᠲᠤᠭ᠎ᠠ 94.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 56.1% ᠨᠡᠮᠡᠭᠳᠡᠪᠡ︔ ᠣᠷᠣᠰ ᠯᠤᠭ᠎ᠠ ᠶᠢᠨ ᠠᠷᠠᠯᠵᠢᠶᠠᠨ ᠤ ᠲᠤᠭ᠎ᠠ 53.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠪᠠᠭᠤᠷᠠᠪᠠ᠃ ᠠᠶᠢᠮᠠᠭ ᠬᠤᠳᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠰᠥᠯᠲᠡ ᠰᠠᠶᠢᠨ ᠪᠠᠶᠢᠨ᠎ᠠ᠃ 1 — 4 ᠳ᠋ᠦᠭᠡᠷ ᠰᠠᠷ᠎ᠠ ᠳᠤ᠂ ᠪᠥᠬᠦ ᠣᠷᠣᠨ ᠳᠤ ᠬᠥᠯᠥᠨ ᠪᠤᠶᠢᠷ ᠬᠤᠲᠠ ︵ᠮᠠᠨᠵᠤᠤᠷ ᠬᠤᠲᠠ ᠶᠢ ᠪᠠᠭᠲᠠᠭᠠᠨ᠎ᠠ︶᠂ ᠰᠢᠯᠢ ᠶᠢᠨ ᠭᠤᠤᠯ ᠠᠶᠢᠮᠠᠭ ︵ᠡᠷᠢᠶᠡᠨ ᠬᠤᠲᠠ ᠶᠢ ᠪᠠᠭᠲᠠᠭᠠᠨ᠎ᠠ︶ 2 ᠠᠶᠢᠮᠠᠭ ᠬᠤᠲᠠ ᠶᠢ ᠭᠠᠷᠭᠠᠪᠠᠯ᠂ ᠪᠤᠰᠤᠳ ᠠᠶᠢᠮᠠᠭ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠥᠷᠲᠡᠭ ᠴᠥᠮ ᠡᠶᠡᠷᠭᠦ ᠨᠡᠮᠡᠭᠳᠡᠯ ᠤᠨ ᠬᠠᠨᠳᠤᠰᠢ ᠲᠠᠢ ᠪᠣᠯᠵᠣ᠂ ᠪᠤᠭᠤᠲᠤ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ 73.1 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠨᠢᠭᠡᠳᠦᠭᠡᠷ ᠲᠤ ᠣᠷᠣᠪᠠ᠃    ᠭᠤᠷᠪᠠ᠂ ᠭᠠᠳᠠᠭᠠᠳᠤ ᠶᠢᠨ ᠪᠡᠯᠡ ᠮᠥᠩᠭᠦ ᠶᠢ ᠰᠢᠭᠤᠳ ᠠᠰᠢᠭᠯᠠᠬᠤ    1 — 4 ᠳ᠋ᠦᠭᠡᠷ ᠰᠠᠷ᠎ᠠ ᠳᠤ᠂ ᠪᠥᠬᠦ ᠣᠷᠣᠨ ᠳᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 11 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4 ᠬᠠᠰᠤᠭᠳᠠᠪᠠ︔ ᠭᠠᠳᠠᠭᠠᠳᠤ ᠪᠡᠯᠡ ᠶᠢ 5.11 ᠳ᠋ᠦᠩᠰᠢᠭᠤᠷ ᠳ᠋ᠣᠯᠯᠠᠷ ᠪᠣᠳᠠᠲᠠᠶ ᠠᠰᠢᠭᠯᠠᠵᠤ᠂ ᠠᠳᠠᠯᠢ ᠬᠤᠭᠤᠴᠠᠭᠠᠨ ᠤ ᠬᠢ ᠠᠴᠠ 21.54% ᠪᠠᠭᠤᠷᠠᠵᠠᠶ᠃ ᠤᠯᠤᠰ ᠤᠨ ᠢᠯᠭᠠᠯ ︵ᠭᠠᠵᠠᠷ ᠣᠷᠣᠨ︶ ᠠᠴᠠ ᠦᠵᠡᠪᠡᠯ᠂ ᠪᠠᠯᠠ ᠣᠷᠣᠭᠤᠯᠤᠯᠲᠠ ᠨᠢ ᠭᠤᠤᠯᠳᠠᠭᠤ ᠰᠢᠶᠠᠩᠭᠠᠩ ᠣᠷᠣᠨ ᠠᠴᠠ ᠢᠷᠡᠯᠲᠡ ᠲᠠᠢ︔ ᠪᠠᠯᠠ ᠣᠷᠣᠭᠤᠯᠤᠯᠲᠠ ᠶᠢᠨ ᠠᠵᠢᠯ ᠲᠥᠷᠥᠯ ᠠᠴᠠ ᠦᠵᠡᠪᠡᠯ᠂ ᠭᠤᠤᠯᠳᠠᠭᠤ ᠠᠭᠤᠷᠬᠠᠶ ᠮᠠᠯᠲᠠᠬᠤ  ᠦᠢᠯᠡᠰ᠂ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠦᠶ᠋ᠯᠡᠳᠬᠦ  ᠦᠢᠯᠡᠰ᠂ ᠠᠭᠤᠷᠬᠠᠶ ᠮᠠᠯᠲᠠᠬᠤ  ᠦᠢᠯᠡᠰ ᠵᠡᠷᠭᠡ ᠳᠤ ᠲᠥᠪᠯᠡᠷᠡᠵᠦ ᠪᠠᠶᠢᠨ᠎ᠠ︔ ᠪᠠᠯᠠ ᠮᠥᠩᠭᠦ ᠶᠢᠨ ᠲᠠᠷᠬᠠᠯᠲᠠ ᠶᠢᠨ ᠪᠠᠶᠢᠳᠠᠯ ᠠᠴᠠ ᠦᠵᠡᠪᠡᠯ᠂ ᠭᠤᠤᠯᠳᠠᠭᠤ ᠬᠥᠬᠡᠬᠤᠲᠠ᠂ ᠣᠷᠳᠣᠰ ᠬᠤᠲᠠ᠂ ᠪᠤᠭᠤᠲᠤ ᠬᠤᠲᠠ᠂ ᠬᠢᠩᠭᠠᠨ ᠠᠶᠢᠮᠠᠭ᠂ ᠰᠢᠯᠢ ᠶᠢᠨ ᠭᠤᠤᠯ ᠠᠶᠢᠮᠠᠭ ᠲᠤ ᠲᠥᠪᠯᠡᠷᠡᠵᠦ ᠪᠠᠶᠢᠨ᠎ᠠ᠃    1 — 4 ᠳ᠋ᠦᠭᠡᠷ ᠰᠠᠷ᠎ᠠ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠭᠰᠡᠨ ᠢᠶᠠᠷ᠂ ᠮᠠᠨ ᠤ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠵᠣᠭᠤᠰᠣᠨ ᠲᠤᠭ᠎ᠠ 15962 ᠲᠦᠮᠡᠨ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.97% ᠪᠠᠷ ᠪᠠᠭᠤᠷᠠᠪᠠ᠃    ᠳᠥᠷᠪᠡ᠂ ᠭᠠᠳᠠᠭᠠᠳᠤ ᠳᠤ ᠪᠠᠯᠠ ᠣᠷᠣᠭᠤᠯᠤᠨ ᠬᠠᠮᠲᠤᠷᠠᠯᠴᠠᠬᠤ    1 — 4 ᠳ᠋ᠦᠭᠡᠷ ᠰᠠᠷ᠎ᠠ ᠳᠤ᠂ ᠪᠥᠬᠦ ᠣᠷᠣᠨ ᠳᠤ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠲᠥᠷᠥᠯ  ᠵᠦᠢᠯ ᠢ 16 ᠰᠢᠨ᠎ᠡ ᠪᠠᠷ ᠨᠡᠮᠡᠭᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ 2 ᠨᠡᠮᠡᠭᠳᠡᠪᠡ︔ ᠳᠤᠮᠳᠠᠳᠤ ᠶᠢᠨ ᠲᠠᠯ᠎ᠠ ᠶᠢᠨ ᠬᠡᠯᠡᠯᠴᠡᠭᠡᠷ ᠢᠶᠠᠷ ᠪᠠᠯᠠ ᠣᠷᠣᠭᠤᠯᠤᠭᠰᠠᠨ ᠲᠤᠭ᠎ᠠ ︵ᠨᠡᠮᠡᠭᠳᠡᠭᠰᠡᠨ ᠪᠠᠯᠠ ᠪᠠᠭᠲᠠᠨ᠎ᠠ︶ 2.73 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 44.96% ᠪᠠᠷ ᠪᠠᠭᠤᠷᠠᠪᠠ᠃ ᠪᠡᠯᠡ ᠣᠷᠣᠭᠤᠯᠤᠭᠰᠠᠨ ᠤᠯᠤᠰ ᠤᠨ ᠢᠯᠭᠠᠯ ︵ᠭᠠᠵᠠᠷ ᠣᠷᠣᠨ︶ ᠨᠢ ᠭᠤᠣᠯᠳᠠᠭᠤ ᠮᠣᠩᠭᠤᠯ᠂ ᠣᠷᠣᠰ᠂ ᠲᠦᠷᠺ᠂ ᠠᠷᠠᠪ ᠤᠨ ᠬᠤᠯᠪᠣᠭᠠᠲᠤ ᠠᠬᠠᠮᠠᠳᠳᠤ ᠤᠯᠤᠰ ᠵᠡᠷᠭᠡ ᠪᠣᠯᠤᠨ᠎ᠠ᠃ ᠪᠡᠯᠡ ᠣᠷᠣᠭᠤᠯᠤᠯᠲᠠ ᠶᠢᠨ ᠬᠦᠷᠢᠶ᠎ᠡ ᠨᠢ ᠭᠤᠣᠯᠳᠠᠭᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠵᠠᠮ ᠲᠡᠭᠡᠭᠡᠪᠦᠷᠢ᠂ ᠲᠠᠷᠢᠶᠠᠯᠠᠩ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠵᠡᠷᠭᠡ ᠳᠤ ᠲᠥᠪᠯᠡᠷᠡᠵᠦ ᠪᠠᠶᠢᠨ᠎ᠠ᠃    ᠲᠠᠪᠤ᠂ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ    1 — 4 ᠳ᠋ᠦᠭᠡᠷ ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 200.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.4% ᠨᠡᠮᠡᠭᠳᠡᠪᠡ᠃ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1733.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.4% ᠨᠡᠮᠡᠭᠳᠡᠪᠡ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 297.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36.9% ᠪᠠᠷ ᠨᠡᠮᠡᠭᠳᠡᠪᠡ᠃    ᠮᠣᠩᠭᠤᠯ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1361.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.9% ᠪᠠᠷ ᠨᠡᠮᠡᠭᠳᠡᠪᠡ᠂ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1212.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.7% ᠪᠠᠷ ᠨᠡᠮᠡᠭᠳᠡᠪᠡ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 148.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.1% ᠪᠠᠷ ᠪᠠᠭᠤᠷᠠᠪᠠ᠃ ᠣᠷᠣᠰ ᠤᠨ ᠪᠣᠭᠤᠮᠲᠠ ᠳᠠᠬᠢ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 669.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.0% ᠨᠡᠮᠡᠭᠳᠡᠪᠡ᠂ ᠡᠭᠦᠨ ᠳᠤ᠄ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 521 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.5% ᠨᠡᠮᠡᠭᠳᠡᠪᠡ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 148.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 47.8% ᠪᠠᠷ ᠨᠡᠮᠡᠭᠳᠡᠪᠡ᠃    1 — 4 ᠳ᠋ᠦᠭᠡᠷ ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 21.3 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 55.2% ᠢᠶᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠭᠤᠯᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 1 ᠪᠣᠯᠤᠨ᠎ᠠ᠃    
         
        ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
         
        2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号