ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ | ᠥᠷᠢᠰᠦᠯᠳᠦᠭᠡᠨ ᠤ ᠴᠢᠨᠠᠷᠲᠠᠢ ᠵᠥᠪᠳᠡᠯᠴᠡᠬᠦ ᠠᠷᠭ᠎ᠠ ᠮᠠᠶ᠋ᠢᠭ ᠢᠶᠠᠷ ᠡᠳ᠋ ᠤᠨ ᠶᠠᠪᠤᠳᠠᠯ ᠤᠨ ᠬᠠᠮᠢᠶ᠎ᠠ ᠪᠦᠬᠦᠢ | ᠦᠢᠯᠡᠴᠢᠯᠡᠭᠡ ᠶᠢ ᠬᠤᠳᠠᠯᠳᠤᠨ ᠠᠪᠬᠤ ᠪᠠᠷ ᠪᠠᠶᠢᠨ᠎ᠡ᠂ ᠬᠢᠷᠢ ᠬᠡᠮ ᠤᠨ ᠨᠥᠬᠦᠴᠡᠯ ᠳᠤ ᠨᠡᠶᠢᠴᠡᠬᠦ ᠬᠠᠩᠭᠠᠯᠭ᠎ᠠ ᠶᠢᠨ | ᠬᠤᠳᠠᠯᠳᠣᠭᠠᠴᠢᠳ ᠨᠡᠷ᠎ᠡ ᠮᠡᠳᠡᠬᠦᠯᠦᠨ ᠣᠷᠣᠯᠴᠠᠬᠤ ᠪᠣᠯᠪᠠᠣ᠃ | ᠨᠢᠭᠡ᠂ ᠲᠥᠷᠥᠯ ᠵᠦᠢᠯ ᠤᠨ ᠲᠣᠶᠢᠮᠣᠴᠢᠯᠠᠯ | ᠨᠢᠭᠡ ᠬᠡᠷᠡᠭᠴᠡᠭᠡ᠄ | ᠭᠤᠷᠪᠠᠳᠠᠭᠢ ᠡᠲᠡᠭᠡᠳ ᠲᠤ ᠨᠠᠶᠢᠳᠠᠵᠤ ᠲᠤᠬᠠᠢ ᠶᠢᠨ ᠲᠠᠯᠠᠪᠤᠷ ᠲᠤ ᠰᠠᠭᠤᠯᠭᠠᠵᠤ ᠡᠳ᠋ ᠤᠨ ᠶᠠᠪᠤᠳᠠᠯ ᠤᠨ | ᠬᠠᠮᠢᠶ᠎ᠠ ᠪᠦᠬᠦᠢ ᠠᠵᠢᠯ ᠢ ᠦᠷᠨᠢᠬᠦᠯᠦᠨ᠎ᠡ᠃ | ᠬᠤᠶᠠᠷ᠂ ᠴᠠᠭ᠄ ᠭᠡᠷ᠎ᠡ ᠲᠣᠭᠲᠠᠭᠰᠠᠨ ᠠᠴᠠ ᠡᠬᠢᠯᠡᠨ ᠨᠡᠶᠢᠲᠡ 12 ᠰᠠᠷ᠎ᠠ᠃ | ᠭᠤᠷᠪᠠ᠂ ᠲᠠᠯᠠᠪᠤᠷ ᠲᠤ ᠰᠠᠭᠤᠭ᠎ᠠ ᠬᠥᠮᠥᠰ ᠳᠣᠣᠷᠠᠬᠢ ᠨᠥᠬᠦᠴᠡᠯ ᠤᠳ ᠢ ᠬᠠᠩᠭᠠᠬᠤ ᠬᠡᠷᠡᠭᠲᠡᠢ᠄ | 1. ᠡᠳ᠋ ᠤᠨ ᠵᠠᠰᠠᠭ ᠠᠵᠤ ᠠᠬᠤᠢ ᠶᠢᠨ ᠬᠠᠤᠯᠢ ᠳᠦᠷᠢᠮ ᠢ ᠣᠶᠢᠯᠠᠭᠠᠵᠤ ᠡᠳ᠋ ᠤᠨ ᠵᠠᠰᠠᠭ ᠠᠵᠤ | ᠠᠬᠤᠢ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ︔ | 2. ᠦᠨᠡᠨᠴᠢ ᠢᠲᠡᠭᠡᠮᠵᠢᠲᠡᠢ ᠪᠠᠶᠢᠵᠤ ᠵᠠᠷᠴᠢᠮ ᠢ ᠪᠠᠷᠢᠮᠲᠠᠯᠠᠬᠤ︔ | 3. ᠠᠩᠬ᠎ᠠ ᠵᠡᠷᠭᠡ ᠠᠴᠠ ᠳᠡᠭᠡᠭᠰᠢᠬᠢ ᠨᠢᠭᠲᠠᠯᠠᠨ ᠪᠤᠳᠤᠭᠴᠢ ᠶᠢᠨ ᠮᠡᠷᠭᠡᠵᠢᠯ ᠤᠨ ᠴᠣᠯᠠ ᠲᠠᠢ ᠪᠠᠶᠢᠬᠤ︔ | 4. ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠤᠨ ᠶᠠᠪᠤᠳᠠᠯ ᠢ ᠵᠣᠬᠢᠬᠤ ᠬᠡᠮᠵᠢᠶ᠎ᠡ ᠪᠠᠷ | ᠣᠶᠢᠯᠠᠭᠠᠵᠤ᠂ ᠪᠣᠭᠤᠮᠲᠠ ᠶᠢᠨ ᠠᠵᠢᠯ ᠪᠤᠶᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠤᠨ | ᠶᠠᠪᠤᠳᠠᠯ ᠤᠨ ᠬᠢᠨᠠᠨ ᠪᠤᠳᠤᠬᠤ ᠠᠵᠢᠯ ᠳᠤ ᠣᠷᠣᠯᠴᠠᠵᠤ ᠥᠩᠭᠡᠷᠡᠭᠰᠡᠨ ᠪᠠᠶᠢᠬᠤ︔ | 5. ᠵᠢᠩᠬᠢᠨᠢ ᠠᠩᠭᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ᠂ ᠡᠳ᠋ ᠤᠨ ᠶᠠᠪᠤᠳᠠᠯ ᠪᠤᠶᠤ ᠬᠠᠮᠢᠶ᠎ᠠ | ᠪᠦᠬᠦᠢ ᠲᠤᠰᠬᠠᠢ ᠮᠡᠷᠭᠡᠵᠢᠯ ᠲᠠᠢ︔ | 6. ᠪᠠᠷᠢᠮᠲᠠ ᠲᠠᠭᠯᠠᠨ ᠪᠢᠴᠢᠬᠦ᠂ ᠳᠠᠩᠰᠠ ᠲᠡᠮᠳᠡᠭᠯᠡᠬᠦ᠂ ᠡᠳ᠋ ᠤᠨ ᠶᠠᠪᠤᠳᠠᠯ ᠤᠨ ᠵᠥᠭᠡᠯᠡᠨ ᠲᠣᠨᠤᠭ ᠤᠨ | ᠠᠵᠢᠯᠯᠠᠭ᠎ᠠ ᠶᠢ ᠪᠣᠯᠪᠠᠰᠤᠷᠠᠩᠭᠤᠢ ᠡᠵᠡᠮᠰᠢᠭᠰᠡᠨ ᠪᠠᠶᠢᠬᠤ︔ | 7. ᠡᠳᠦᠷ ᠲᠤᠲᠤᠮ ᠤᠨ ᠪᠠᠩᠬᠢ ᠶᠢᠨ ᠬᠠᠷᠢᠯᠴᠠᠭᠠᠨ ᠤ ᠳᠠᠩᠰᠠ ᠬᠠᠷ᠎ᠠ ᠶᠢᠨ ᠰᠢᠢᠳᠪᠦᠷᠢᠯᠡᠯᠲᠡ ᠶᠢ ᠵᠥᠪ | ᠢᠶᠠᠷ ᠭᠦᠢᠴᠡᠳᠬᠡᠵᠦ ᠴᠢᠳᠠᠬᠤ︔ | ᠲᠥᠰᠦᠪ ᠤᠨ ᠵᠣᠭᠤᠰᠣᠨ ᠤ ᠲᠤᠭ᠎ᠠ᠄ 6.6 ᠲᠦᠮᠡ | ᠬᠤᠶᠠᠷ᠂ ᠵᠥᠪᠳᠡᠯᠴᠡᠬᠦ ᠵᠠᠷᠴᠢᠮ | ᠥᠷᠢᠰᠦᠯᠳᠦᠭᠡᠨ ᠤ ᠴᠢᠨᠠᠷᠲᠠᠢ ᠪᠠᠷ ᠵᠥᠪᠳᠡᠯᠴᠡᠬᠦ ᠳᠤ ᠡᠷᠬᠡ ᠲᠡᠭᠰᠢ᠂ ᠲᠥᠪ ᠭᠤᠣᠯᠴᠢ᠂ ᠰᠢᠨᠵᠢᠯᠡᠬᠦ | ᠤᠬᠠᠭᠠᠨᠴᠢ ᠪᠠ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠨ᠎ᠠ᠃ ᠨᠡᠷ᠎ᠡ ᠮᠡᠳᠡᠭᠦᠯᠬᠦ ᠦᠶ᠎ᠡ ᠳᠤ᠂ ᠬᠤᠳᠠᠯ | ᠬᠠᠭᠤᠷᠮᠠᠭ ᠮᠠᠲ᠋ᠧᠷᠢᠶᠠᠯ ᠬᠠᠩᠭᠠᠭᠰᠠᠳ ᠢ ᠣᠯᠵᠤ ᠮᠡᠳᠡᠮᠡᠭᠴᠡ ᠬᠢᠷᠢ ᠬᠡᠮ ᠢ ᠨᠢ ᠬᠠᠰᠤᠬᠤ ᠪᠥᠭᠡᠳ ᠮᠠᠨ ᠤ | ᠤᠯᠤᠰ ᠤᠨ ᠪᠤᠰᠤᠳ ᠶᠠᠮᠠᠷᠪᠠ ᠬᠤᠳᠠᠯᠳᠤᠨ ᠠᠪᠬᠤ ᠠᠵᠢᠯᠯᠠᠭ᠎ᠠ ᠶᠢ ᠬᠢᠬᠦ ᠳᠤ ᠣᠷᠣᠯᠴᠠᠵᠤ ᠪᠣᠯᠬᠤ ᠦᠭᠡᠢ᠃ | ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠮᠡᠳᠡᠭᠦᠯᠦᠨ ᠰᠢᠢᠳᠪᠦᠷᠢᠯᠡᠭᠦᠯᠦᠨ᠎ᠡ᠃ | ᠭᠤᠷᠪᠠ᠂ ᠵᠥᠪᠳᠡᠯᠴᠡᠬᠦ ᠠᠷᠭ᠎ᠠ | ᠮᠠᠨ ᠤ ᠨᠢᠭᠡᠴᠡ ᠬᠤᠳᠠᠯᠳᠤᠨ ᠠᠪᠬᠤ ᠳᠤᠭᠤᠶᠢᠯᠠᠩ ᠪᠠᠶᠢᠭᠤᠯᠵᠤ ᠲᠣᠰ ᠤᠳᠠᠭᠠᠨ ᠤ ᠬᠤᠳᠠᠯᠳᠤᠨ ᠠᠪᠬᠤ | ᠠᠵᠢᠯ ᠢ ᠬᠠᠷᠢᠭᠤᠴᠠᠭᠤᠯᠵᠤ᠂ ᠬᠠᠩᠭᠠᠯᠭ᠎ᠠ ᠶᠢᠨ ᠬᠤᠳᠠᠯᠳᠤᠭᠠᠴᠢᠨ ᠤ ᠵᠥᠪᠳᠡᠯᠴᠡᠬᠦ ︵ᠳᠠᠭᠠᠬᠤ︶ ᠪᠢᠴᠢᠭ | ᠮᠠᠲ᠋ᠧᠷᠢᠶᠠᠯ ᠢ ᠮᠠᠨ ᠤ ᠡᠷᠭᠢᠯᠡᠭᠰᠡᠨ ᠥᠷᠢᠰᠦᠯᠳᠦᠭᠡᠨ ᠤ ᠴᠢᠨᠠᠷᠲᠠᠢ ᠵᠥᠪᠳᠡᠯᠴᠡᠨ ᠦᠨᠡᠯᠡᠬᠦ ᠨᠠᠷᠢᠨ ᠳᠦᠷᠢᠮ ᠤᠨ | ᠶᠣᠰᠣᠭᠠᠷ ᠶᠡᠷᠦᠩᠬᠡᠶᠢᠯᠡᠨ ᠦᠨᠡᠯᠡᠨ ᠲᠣᠭᠲᠠᠭᠠᠵᠤ᠂ ᠬᠠᠮᠤᠭ ᠡᠴᠦᠰ ᠲᠤ ᠨᠢᠭᠡ ᠬᠠᠩᠭᠠᠯᠭ᠎ᠠ ᠶᠢᠨ | ᠬᠤᠳᠠᠯᠳᠤᠭᠠᠴᠢᠨ ᠢ ᠰᠣᠩᠭᠤᠨ ᠲᠣᠭᠲᠠᠭᠠᠨ᠎ᠠ᠃ | ᠳᠥᠷᠪᠡ᠂ ᠵᠥᠪᠳᠡᠯᠴᠡᠬᠦ ︵ᠳᠠᠭᠠᠬᠤ︶ ᠪᠢᠴᠢᠭ ᠮᠠᠲ᠋ᠧᠷᠢᠶᠠᠯ ᠢᠶᠠᠨ ᠲᠤᠰᠢᠶᠠᠬᠤ ᠡᠴᠦᠰ ᠤᠨ ᠴᠠᠭ | 2022 ᠣᠨ ᠤ 3 ᠰᠠᠷ᠎ᠠ ᠶᠢᠨ 14 ᠤ ᠡᠳᠦᠷ ᠠᠴᠠ 2022 ᠣᠨ ᠤ 3 ᠰᠠᠷ᠎ᠠ ᠶᠢᠨ 18 ᠤ ᠡᠳᠦᠷ | ᠪᠣᠯᠲᠠᠯ᠎ᠠ᠂ ᠠᠵᠢᠯᠯᠠᠬᠤ ᠡᠳᠦᠷ ᠪᠦᠷᠢ ᠶᠢᠨ ᠦᠳᠡ ᠶᠢᠨ ᠡᠮᠦᠨᠡᠬᠢ 9᠄ 30 ︱ 11᠄ 30᠂ ᠦᠳᠡ ᠶᠢᠨ | ᠬᠤᠶᠢᠨᠠᠬᠢ 2᠄ 30 ︱ 4᠄ 30 ᠲᠤ ᠮᠠᠨ ᠤ ᠨᠢᠭᠡᠴᠡ ᠶᠢᠨ 429 ᠠᠯᠪᠠᠨ ᠭᠡᠷ ᠲᠤ ᠬᠦᠷᠴᠦ ᠨᠡᠷ᠎ᠡ ᠮᠡᠳᠡᠭᠦᠯᠬᠦ | ᠮᠠᠲ᠋ᠧᠷᠢᠶᠠᠯ ᠪᠠ ᠵᠥᠪᠳᠡᠯᠴᠡᠬᠦ ︵ᠳᠠᠭᠠᠬᠤ︶ ᠪᠢᠴᠢᠭ ᠮᠠᠲ᠋ᠧᠷᠢᠶᠠᠯ ᠢᠶᠠᠨ ᠲᠤᠰᠢᠶᠠᠨ᠎ᠠ᠃ ᠵᠥᠪᠬᠡᠨ ᠬᠠᠮᠢᠶ᠎ᠠ ᠪᠦᠬᠦᠢ | ᠬᠢᠷᠢ ᠬᠡᠮ ᠲᠠᠢ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠶᠢ ᠭᠥᠯᠢᠶᠡᠨ ᠠᠪᠬᠤ ᠠᠴᠠ ᠪᠢᠰᠢ᠂ ᠬᠤᠪᠢ ᠬᠥᠮᠥᠨ ᠤ | ᠨᠡᠷ᠎ᠡ ᠮᠡᠳᠡᠭᠦᠯᠬᠦ ᠶᠢ ᠭᠥᠯᠢᠶᠡᠨ ᠠᠪᠬᠤ ᠦᠭᠡᠢ᠃ | ᠵᠥᠪᠳᠡᠯᠴᠡᠬᠦ ︵ᠳᠠᠭᠠᠬᠤ︶ ᠪᠢᠴᠢᠭ ᠮᠠᠲ᠋ᠧᠷᠢᠶᠠᠯ ᠢ ᠲᠤᠰᠢᠶᠠᠬᠤ ᠡᠴᠦᠰ ᠤᠨ ᠴᠠᠭ᠄ 2022 ᠣᠨ ᠤ 3 | ᠰᠠᠷ᠎ᠠ ᠶᠢᠨ 18 ᠤ ᠡᠳᠦᠷ ᠤᠨ 17᠄ 00᠃ | ᠲᠠᠪᠤ᠂ ᠨᠡᠷ᠎ᠡ ᠮᠡᠳᠡᠭᠦᠯᠬᠦ ᠳᠤ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄ | 1. ᠨᠡᠷ᠎ᠡ ᠮᠡᠳᠡᠭᠦᠯᠦᠭᠴᠢ ᠶᠢᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠵᠢᠴᠢ ᠬᠠᠭᠤᠯᠪᠤᠷᠢ ᠮᠠᠲ᠋ᠧᠷᠢᠶᠠᠯ︔ | 2. ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠭᠠᠷ ᠤᠨ ᠦᠰᠦᠭ ᠵᠢᠷᠤᠵᠤ᠂ ᠠᠵᠤ ᠠᠬᠤᠶᠢᠯᠠᠯ ᠲᠠᠮᠠᠭ᠎ᠠ | ᠳᠠᠷᠤᠭᠰᠠᠨ ︽ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ︾︔ | 3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ | ᠪᠥᠭᠡᠳ ᠬᠦᠴᠦᠨ ᠲᠠᠢ ᠪᠥᠭᠡᠳ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ | ︔ | 4. ᠲᠦᠷᠦᠯ ᠵᠦᠢᠯ ᠤᠨ ᠠᠭᠤᠯᠭ᠎ᠠ ᠵᠢᠴᠢ ᠱᠠᠭᠠᠷᠳᠠᠯᠭ᠎ᠠ ᠶᠢ ᠦᠨᠳᠦᠰᠦᠯᠡᠨ ᠨᠠᠶᠢᠷᠠᠭᠤᠯᠤᠨ ᠵᠣᠬᠢᠶᠠᠭᠰᠠᠨ | ᠵᠥᠪᠳᠡᠯᠴᠡᠬᠦ ︵ᠴᠤᠤᠷᠢᠶᠠᠲᠤᠨ ᠳᠠᠭᠠᠬᠤ︶ ᠪᠢᠴᠢᠭ ᠮᠠᠲ᠋ᠧᠷᠢᠶᠠᠯ᠃ | ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ | ᠬᠤᠳᠠᠯᠳᠤᠨ ᠠᠪᠬᠤ ᠨᠢᠭᠡᠴᠡ ᠶᠢᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠣᠭᠤᠮᠲᠠ ᠶᠢᠨ ᠬᠠᠮᠢᠶᠠᠷᠣᠯᠳᠠ ᠶᠢᠨ ᠠᠯᠪᠠᠨ ᠭᠡᠷ | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ | 63 ᠳ᠋ᠤᠭᠠᠷ ᠨᠣᠮᠧᠷᠲᠤ 5 ᠳ᠋ᠤᠭᠠᠷ ᠠᠰᠠᠷ ᠤᠨ 4 ᠳ᠋ᠣᠭᠡᠷ ᠲᠠᠪᠬᠤᠷᠭ᠎ᠠ | ᠬᠠᠷᠢᠯᠴᠠᠬᠤ ᠬᠥᠮᠥᠨ᠄ ᠰᠦᠨ ᠢ ᠷᠦ᠋ 15124738269 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠭᠤᠮᠳᠠ ᠶᠢᠨ ᠬᠠᠮᠢᠶᠠᠷᠣᠯᠳᠠ ᠶᠢᠨ ᠠᠯᠪᠠᠨ | ᠭᠡᠷ | 2022 ᠣᠨ ᠤ 3 ᠰᠠᠷ᠎ᠠ ᠶᠢᠨ 14 ᠡᠳᠦᠷ |